2024 ᠣᠨ ᠤ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠰᠠᠨᠠᠭᠤᠯᠭ᠎ᠠ ᠶᠢᠨ  ᠵᠤᠶᠢᠯᠡᠰ ᠢ ᠴᠤᠭᠯᠠᠭᠤᠯᠬᠤ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2023/12/19
    ᠤᠢᠢᠷ᠎ᠠ ᠶᠢᠨ ᠵᠢᠯ ᠠᠴᠠ᠂ ᠰᠢᠶᠠᠨ ᠤ ᠵᠠᠰᠠᠭ ᠤᠨ ᠣᠷᠳᠣᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠵᠢᠯ ᠪᠦᠷᠢ ᠨᠡᠶᠢᠭᠡᠮ ᠨᠡᠶᠢᠲᠡ ᠠᠴᠠ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠢᠯᠡ ᠪᠠᠷ ᠴᠤᠭᠯᠠᠭᠤᠯᠵᠤ᠂ ᠬᠦᠴᠦᠨ ᠢᠶᠠᠨ ᠲᠥᠪᠯᠡᠷᠡᠭᠦᠯᠦᠨ ᠨᠢᠭᠡ ᠪᠦᠯᠦᠭ ᠤᠯᠠᠨ ᠲᠦᠮᠡᠨ ᠤ ︽ᠪᠠᠴᠢᠮᠳᠠᠬᠤ ᠳᠤ ᠬᠦᠴᠢᠷᠳᠡᠬᠦ ᠳᠤ ᠵᠣᠪᠠᠨᠢᠬᠤ︾ ᠠᠰᠠᠭᠤᠳᠠᠯ ᠢ ᠰᠢᠢᠳᠪᠦᠷᠢᠯᠡᠵᠦ᠂ ᠨᠡᠶᠢᠭᠡᠮ ᠤᠨ ᠡᠯ᠎ᠡ ᠡᠲᠡᠭᠡᠳ ᠤᠨ ᠥᠷᠭᠡᠨ ᠳᠡᠯᠭᠡᠷ ᠴᠤᠤᠷᠢᠶᠠᠲᠤᠯ ᠪᠠ ᠭᠦᠢᠴᠡᠳ ᠳᠡᠮᠵᠢᠯᠭᠡ ᠶᠢ ᠤᠯᠪᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠬᠦ ᠶᠢᠨ ᠲᠥᠯᠥᠭᠡ᠂ ︽ᠠᠷᠠᠳ ᠤᠨ ᠰᠠᠨᠠᠭ᠎ᠠ ᠶᠢ ᠬᠦᠨᠳᠦᠳᠬᠡᠬᠦ᠂ ᠬᠡᠷᠡᠭᠴᠡᠭᠡ ᠶᠢ ᠠᠷᠠᠳ ᠠᠴᠠ ᠠᠰᠠᠭᠤᠬᠤ᠂ ᠴᠢᠳᠠᠯ ᠤᠨ ᠬᠢᠷᠢ ᠪᠠᠷ ᠢᠶᠠᠨ ᠴᠢᠷᠮᠠᠶᠢᠬᠤ᠂ ᠴᠢᠳᠠᠯ ᠤᠨ ᠢᠶᠠᠨ ᠬᠢᠷᠢ ᠪᠠᠷ ᠬᠢᠬᠦ︾ ᠵᠠᠷᠴᠢᠮ ᠶᠣᠰᠣᠭᠠᠷ᠂ ᠰᠢᠶᠠᠨ ᠤ ᠵᠠᠰᠠᠭ ᠤᠨ ᠣᠷᠳᠣᠨ ᠠᠴᠠ ᠪᠥᠬᠦ ᠰᠢᠶᠠᠨ ᠤ ᠬᠡᠪᠴᠢᠶᠡᠨ ᠳᠤ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ  ᠵᠤᠶᠢᠯ ᠤᠨ ᠰᠠᠨᠠᠭᠤᠯᠭ᠎ᠠ ᠶᠢ ᠢᠯᠡ ᠪᠠᠷ ᠴᠤᠭᠯᠠᠭᠤᠯᠬᠤ ᠪᠠᠷ ᠲᠣᠭᠲᠠᠪᠠ᠂ ᠡᠳᠦᠭᠡ ᠬᠤᠯᠪᠣᠭᠳᠠᠯ ᠪᠥᠬᠦᠶ  ᠵᠤᠶᠢᠯᠡᠰ ᠤᠨ ᠲᠤᠬᠠᠶ ᠳᠣᠤᠷᠠᠬᠢ ᠮᠡᠲᠦ ᠵᠠᠷᠯᠠᠶ᠎ᠠ᠄    ᠨᠢᠭᠡ᠂ ᠡᠯᠰᠡᠬᠦ ᠡᠲᠡᠭᠡᠳ    ᠰᠠᠨᠠᠭᠤᠯᠬᠤ ᠵᠦᠢᠯ ᠨᠢ ︽ᠬᠤᠶᠠᠷ ᠲᠥᠯᠥᠭᠡᠯᠡᠭᠴᠢ ᠨᠢᠭᠡ ᠭᠡᠰᠢᠭᠦᠨ︾᠂ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠡᠯ᠎ᠡ ᠨᠢᠭᠡᠴᠡ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠢᠨ ᠪᠣᠯᠤᠨ᠎ᠠ᠃    ᠬᠤᠶᠠᠷ᠂ ᠡᠯᠰᠡᠬᠦ ᠠᠭᠤᠯᠭ᠎ᠠ    ᠮᠠᠨ ᠤ ᠰᠢᠶᠠᠨ ᠤ ᠬᠥᠭᠵᠢᠯᠲᠡ ᠶᠢᠨ ᠪᠣᠳᠠᠲᠤ ᠪᠠᠶᠢᠳᠠᠯ ᠳᠤ ᠰᠠᠭᠤᠷᠢᠯᠠᠵᠤ᠂ ᠨᠡᠶᠢᠭᠡᠮ ᠤᠨ ᠪᠠᠲᠤᠯᠠᠭ᠎ᠠ᠂ ᠠᠵᠢᠯ ᠣᠯᠭᠤᠯᠲᠠ ᠦᠢᠯᠡᠰ ᠪᠤᠰᠬᠠᠬᠤ᠂ ᠰᠤᠷᠭᠠᠨ ᠬᠥᠮᠦᠵᠢᠯ ᠡᠮ ᠡᠮᠨᠡᠯᠭᠡ᠂ ᠰᠣᠶᠣᠯ ᠪᠡᠶ᠎ᠡ ᠶᠢᠨ ᠲᠠᠮᠢᠷ᠂ ᠬᠤᠳᠠ ᠶᠢᠨ ᠬᠠᠮᠢᠶᠠᠷᠤᠯᠲᠠ᠂ ᠣᠷᠣᠨ ᠰᠠᠭᠤᠴᠠ ᠶᠢᠨ ᠪᠠᠲᠤᠯᠠᠭ᠎ᠠ᠂ ᠬᠡᠦᠬᠡᠳ ᠬᠥᠮᠦᠵᠢᠭᠦᠯᠬᠦ ᠨᠠᠰᠤᠵᠢᠯ ᠤᠨ ᠠᠰᠠᠷᠠᠮᠵᠢ᠂ ᠠᠮᠢ ᠠᠬᠤᠢ ᠶᠢᠨ ᠣᠷᠴᠢᠨ ᠲᠣᠭᠤᠷᠢᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠵᠠᠮ ᠬᠠᠷᠢᠯᠴᠠᠭ᠎ᠠ ᠶᠠᠪᠤᠵᠤ ᠰᠠᠭᠤᠬᠤ᠂ ᠨᠡᠶᠢᠭᠡᠮ ᠤᠨ ᠵᠠᠰᠠᠯᠲᠠ᠂ ᠤᠯᠠᠨ ᠨᠡᠶᠢᠲᠡ ᠶᠢᠨ ᠠᠮᠤᠷ ᠲᠦᠪᠰᠢᠨ ᠵᠢᠴᠢ ᠠᠷᠠᠳ ᠤᠯᠠᠨ ᠤ ᠦᠢᠯᠡᠳᠪᠦᠷᠢᠯᠡᠯ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠪᠤᠰᠤᠳ ᠵᠦᠢᠯᠡᠰ ᠢ ᠪᠠᠭᠲᠠᠭᠠᠭᠰᠠᠨ ᠤᠯᠠᠨ ᠲᠦᠮᠡᠨ ᠤ ᠬᠠᠯᠠᠮᠵᠢᠯᠠᠨ ᠠᠩᠬᠠᠷᠴᠤ ᠪᠠᠶᠢᠭ᠎ᠠ ᠭᠤᠣᠯᠳᠠᠯᠭ᠎ᠠ ᠲᠠᠢ  ᠬᠦᠷᠢᠶ᠎ᠡ ᠬᠡᠪᠴᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ᠎ᠡ᠃    ᠭᠤᠷᠪᠠ᠂ ᠡᠯᠰᠡᠬᠦ ᠱᠠᠭᠠᠷᠳᠠᠯᠭ᠎ᠠ    ︵ᠨᠢᠭᠡ︶ ᠰᠠᠨᠠᠭᠤᠯᠬᠤ ᠲᠥᠷᠥᠯ  ᠵᠤᠶᠢᠯ ᠤᠨ ᠬᠡᠷᠡᠭᠵᠢᠭᠦᠯᠬᠦ ᠨᠥᠬᠦᠴᠡᠯ ᠨᠡᠯᠢᠶᠡᠳ ᠪᠣᠯᠪᠠᠰᠤᠷᠠᠩᠭᠤᠶ᠂ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠪᠠᠶᠢᠵᠤ᠂ ᠲᠥᠷᠥᠯ ᠵᠤᠶᠢᠯ ᠤᠨ ᠨᠡᠷᠡᠶᠢᠳᠦᠯ᠂ ᠲᠥᠷᠥᠯ  ᠵᠤᠶᠢᠯ ᠤᠨ ᠠᠬᠤᠶ ᠪᠠᠶᠢᠳᠠᠯ᠂ ᠲᠥᠷᠥᠯ  ᠵᠤᠶᠢᠯ ᠤᠨ ᠠᠭᠤᠯᠭ᠎ᠠ᠂ ᠬᠡᠷᠡᠭᠵᠢᠭᠦᠯᠬᠦ ᠭᠤᠤᠯ ᠴᠣᠭᠴᠠ᠂ ᠪᠠᠯᠠ ᠮᠥᠩᠭᠦ ᠶᠢᠨ ᠲᠣᠬᠢᠷᠠᠭᠤᠯᠤᠯᠲᠠ ᠶᠢ ᠲᠣᠳᠣᠷᠬᠠᠶᠢᠯᠠᠬᠤ ᠶᠢᠨ ᠬᠠᠮᠲᠤ᠂ ᠲᠥᠷᠥᠯ  ᠵᠤᠶᠢᠯ ᠤᠨ ᠪᠣᠯᠤᠮᠵᠢᠲᠤ ᠵᠠᠳᠠᠯᠤᠯᠲᠠ ᠶᠢᠨ ᠮᠠᠲ᠋ᠧᠷᠢᠶᠠᠯ ᠵᠢᠴᠢ ᠪᠤᠰᠤᠳ ᠬᠠᠩᠭᠠᠬᠤ ᠴᠢᠬᠤᠯᠠᠲᠠᠶ ᠠᠭᠤᠯᠭ᠎ᠠ ᠶᠢ ᠭᠠᠷᠭᠠᠵᠤ ᠥᠭᠬᠦ ᠬᠡᠷᠡᠭᠲᠡᠶ᠃    ︵ᠬᠤᠶᠠᠷ︶ ᠲᠥᠷᠥᠯ  ᠵᠤᠶᠢᠯ ᠤᠨ ᠪᠠᠶᠢᠷᠢᠰᠢᠭᠤᠯᠤᠯᠲᠠ ᠶᠢᠨ ᠲᠠᠯ᠎ᠠ ᠪᠠᠷ᠂ ᠲᠥᠯᠥᠭᠡᠯᠡᠬᠦ ᠴᠢᠨᠠᠷ᠂ ᠪᠥᠬᠦ ᠲᠠᠯ᠎ᠠ ᠶᠢᠨ ᠴᠢᠨᠠᠷ ᠲᠠᠢ᠂ ᠠᠰᠢᠭ ᠭᠥᠷᠳᠡᠬᠦ ᠬᠡᠪᠴᠢᠶ᠎ᠡ ᠪᠠᠷ ᠥᠷᠭᠡᠨ᠂ ᠠᠰᠢᠭ ᠭᠥᠷᠳᠡᠬᠦ ᠬᠡᠪᠴᠢᠶ᠎ᠡ ᠪᠠᠷ ᠶᠡᠭᠡ᠂ ᠨᠡᠶᠢᠭᠡᠮ ᠤᠨ ᠦᠷ᠎ᠡ ᠠᠰᠢᠭ ᠢᠶᠠᠷ ᠢᠯᠡᠷᠬᠡᠶ ᠵᠡᠷᠭᠡ ᠣᠨᠴᠠᠯᠢᠭ ᠲᠠᠢ ᠪᠠᠶᠢᠬᠤ ᠬᠡᠷᠡᠭᠲᠡᠶ᠃    ︵ᠭᠤᠷᠪᠠ︶ ᠪᠠᠯᠠ ᠮᠥᠩᠭᠦ ᠶᠢᠨ ᠲᠣᠬᠢᠷᠠᠭᠤᠯᠤᠯᠲᠠ ᠶᠢᠨ ᠲᠠᠯ᠎ᠠ ᠪᠠᠷ᠂ ᠪᠣᠯᠤᠮᠵᠢᠲᠤ ᠴᠢᠨᠠᠷ ᠲᠠᠢ ᠪᠠᠶᠢᠵᠤ᠂ ᠰᠢᠶᠠᠨ ᠤ ᠬᠡᠪᠴᠢᠶᠡᠨ ᠤ ᠪᠣᠳᠠᠲᠤ ᠪᠠᠶᠢᠳᠠᠯ ᠢ ᠭᠦᠶ᠋ᠴᠡᠳ ᠪᠣᠳᠣᠯᠬᠢᠯᠠᠨ᠂ ᠴᠢᠳᠠᠯ ᠤᠨ ᠢᠶᠠᠨ ᠬᠢᠷᠢ ᠪᠠᠷ ᠬᠢᠵᠦ᠂ ᠬᠢᠵᠠᠭᠠᠷ ᠲᠠᠢ ᠡᠳ᠋ ᠤᠨ ᠬᠦᠴᠦᠨ ᠪᠠ ᠡᠬᠢ ᠪᠠᠶᠠᠯᠢᠭ ᠢᠶᠠᠷ ᠠᠷᠠᠳ ᠤᠨ ᠠᠮᠢᠳᠤᠷᠠᠯ ᠤᠨ ᠠᠵᠤ ᠠᠬᠤᠶ ᠶᠢᠨ ᠬᠥᠭᠵᠢᠯᠲᠡ ᠶᠢ ᠠᠯᠢ ᠴᠢᠳᠠᠬᠤ ᠪᠠᠷ ᠤᠷᠢᠳᠠᠪᠠᠷ ᠳᠡᠮᠵᠢᠬᠦ ᠬᠡᠷᠡᠭᠲᠡᠶ᠃    ︵ᠳᠥᠷᠪᠡ︶ ᠪᠥᠲᠥᠭᠡᠨ ᠪᠠᠶᠢᠭᠤᠯᠤᠯᠲᠠ ᠶᠢᠨ ᠦᠶᠡᠯᠡᠯ ᠤᠨ ᠬᠤᠭᠤᠴᠠᠭᠠᠨ ᠤ ᠲᠠᠯ᠎ᠠ ᠪᠠᠷ᠂ ᠡᠵᠡᠮᠳᠡᠵᠦ ᠪᠣᠯᠬᠤ ᠴᠢᠨᠠᠷ ᠲᠠᠢ ᠪᠠᠶᠢᠵᠤ᠂ ᠡᠩ ᠤᠨ ᠪᠠᠶᠢᠳᠠᠯ ᠳᠤ ᠲᠣᠰ ᠣᠨ ᠳᠤ ᠪᠡᠶᠡᠯᠡᠭᠦᠯᠬᠦ ᠪᠤᠶᠤ ᠱᠠᠲᠤ ᠦᠶ᠎ᠡ ᠶᠢᠨ ᠴᠢᠨᠠᠷᠲᠠᠶ ᠠᠬᠢᠴᠠ ᠳᠤ ᠢᠯᠡᠷᠬᠡᠶ ᠬᠤᠪᠢᠷᠠᠯᠲᠠ ᠲᠠᠢ ᠪᠠᠶᠢᠬᠤ ᠬᠡᠷᠡᠭᠲᠡᠶ᠃    ᠳᠥᠷᠪᠡ᠂ ᠡᠯᠰᠡᠬᠦ ᠴᠠᠭ ᠤᠨ ᠬᠢᠵᠠᠭᠠᠷ ᠵᠢᠴᠢ ᠠᠷᠭ᠎ᠠ ᠮᠠᠶ᠋ᠢᠭ    ︵ᠨᠢᠭᠡ︶ ᠡᠯᠰᠡᠬᠦ ᠴᠠᠭ    2023 ᠣᠨ ᠤ 12 ᠰᠠᠷ᠎ᠠ ᠶᠢᠨ 8 ᠤ ᠡᠳᠦᠷ ᠠᠴᠠ 2023 ᠣᠨ ᠤ 12 ᠰᠠᠷ᠎ᠠ ᠶᠢᠨ 24 ᠤ ᠡᠳᠦᠷ ᠪᠣᠯᠲᠠᠯ᠎ᠠ ︵15 ᠠᠵᠢᠯᠯᠠᠬᠤ ᠡᠳᠦᠷ ᠤᠨ ᠳᠣᠲᠣᠷ᠎ᠠ︶    ︵ᠬᠤᠶᠠᠷ︶ ᠡᠯᠰᠡᠬᠦ ᠠᠷᠭ᠎ᠠ  ᠮᠠᠶ᠋ᠢᠭ    1. ᠥᠷᠭᠡᠨ ᠣᠯᠠᠨ ᠠᠷᠠᠳ ᠲᠦᠮᠡᠨ ᠯᠢᠶᠠᠩᠴᠧᠩ ᠰᠢᠶᠠᠨ ᠤ ᠵᠠᠰᠠᠭ ᠤᠨ ᠣᠷᠳᠣᠨ ᠤ ᠫᠤᠷᠲ᠋ᠤᠯ ᠰᠦᠯᠵᠢᠶ᠎ᠡ ᠪᠠᠷ ᠳᠠᠮᠵᠢᠭᠤᠯᠤᠨ ︽2024 ᠣᠨ ᠤ ᠯᠢᠶᠠᠩᠴᠧᠩ ᠰᠢᠶᠠᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠰᠠᠨᠠᠭᠤᠯᠭ᠎ᠠ ᠶᠢᠨ ᠲᠥᠷᠥᠯ  ᠵᠤᠶᠢᠯ ᠢ ᠴᠤᠭᠯᠠᠭᠤᠯᠬᠤ ᠬᠦᠰᠦᠨᠦᠭᠲᠦ︾ ︵ᠰᠦᠯᠵᠢᠶᠡᠨ ᠤ ᠬᠠᠶ᠋ᠢᠭ᠄ http://www.liangcheng.gov.cn/︶ ᠶᠢ ᠥᠪᠡᠰᠦᠪᠡᠨ ᠪᠠᠭᠤᠯᠭᠠᠵᠤ ᠪᠣᠯᠤᠨ᠎ᠠ᠃    2.ᠪᠢᠴᠢᠭ᠂ ᠵᠠᠬᠢᠳᠠᠯ᠂ ᠡᠯᠧᠺᠲᠷᠣᠨ ᠰᠢᠦᠳᠠᠨ ᠤ ᠵᠦᠢᠯ ᠵᠡᠷᠭᠡ ᠬᠡᠯᠪᠡᠷᠢ ᠪᠠᠷ ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠣᠷᠳᠣᠨ ᠳᠤ ᠰᠠᠨᠠᠯ ᠪᠠ ᠰᠠᠨᠠᠭᠤᠯᠭ᠎ᠠ ᠳᠤᠷᠠᠳᠪᠠᠯ᠂ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠤᠨ 325 ᠲᠠᠰᠤᠭ ᠲᠤ ᠬᠦᠷᠭᠡᠨ᠎ᠡ︔ ᠬᠠᠷᠢᠯᠴᠠᠬᠤ ᠬᠥᠮᠦᠨ᠄ ᠵᠤᠤ ᠰᠢᠩ ᠢᠦᠢ︔ ᠠᠰᠠᠭᠤᠨ ᠯᠠᠪᠯᠠᠬᠤ ᠤᠲᠠᠰᠤ᠄ 0474 — 4205688︔ ᠹᠠᠺᠰ᠄ 0474 — 4208104︔ ᠢᠮᠧᠯ᠄ 1171499116@qq᠃ com᠃    ᠪᠦᠬᠦ ᠰᠢᠶᠠᠨ ᠤ ᠥᠷᠭᠡᠨ ᠤᠯᠠᠨ ᠠᠷᠠᠳ ᠲᠦᠮᠡᠨ᠂ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠤᠨ ᠢᠳᠡᠪᠬᠢᠲᠡᠶ ᠪᠠᠷ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃ ᠪᠢᠳᠡ ᠴᠤᠭᠯᠠᠭᠤᠯᠤᠭᠰᠠᠨ ᠰᠠᠨᠠᠭᠤᠯᠭ᠎ᠠ ᠶᠢ ᠬᠤᠷᠢᠶᠠᠩᠭᠤᠶᠢᠯᠠᠨ ᠡᠮᠬᠢᠳᠬᠡᠵᠦ᠂ ᠵᠢᠱᠢᠭᠳᠡᠭᠰᠡᠨ ᠲᠦᠷᠦᠯ ᠵᠦᠢᠯ ᠢ ᠨᠢᠭᠡᠳᠦᠯᠲᠡᠢ ᠲᠥᠯᠥᠪᠵᠢᠭᠦᠯᠦᠨ ᠡᠮᠬᠢᠯᠡᠵᠦ ᠰᠤᠳᠤᠯᠤᠨ᠂ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠣᠳᠠᠲᠠᠢ ᠰᠠᠶᠢᠲᠤᠷ ᠬᠢᠵᠦ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠨᠡᠩ ᠰᠠᠶᠢᠲᠤᠷ ᠠᠬᠢᠭᠤᠯᠤᠨ᠎ᠠ᠃    ᠡᠭᠦᠨ ᠤ ᠲᠤᠯᠠ ᠣᠨᠴᠠᠭᠠᠶᠢᠯᠠᠨ ᠵᠠᠷᠯᠠᠪᠠ᠃                         ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠣᠷᠳᠣᠨ                             2023 ᠣᠨ ᠤ 12 ᠰᠠᠷ᠎ᠠ ᠶᠢᠨ 8 ᠤ ᠡᠳᠦᠷ                                                            ᠨᠠᠶᠢᠷᠠᠭᠤᠯᠤᠭᠴᠢ᠄   ᠶᠠᠩ  ᠿᠦᠢ ᠵᠧᠨ                                  ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2