ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ︽ᠰᠤᠷᠤᠯᠴᠠᠯᠭ᠎ᠠ  ᠶᠢᠨ ᠬᠦᠴᠦᠷᠬᠡᠭ ᠤᠯᠤᠰ︾ ᠬᠡᠷᠡᠭᠯᠡᠭᠡᠨ ᠤ ᠲᠠᠪᠴᠠᠩ ᠢ ᠤᠬᠠᠭᠤᠯᠤᠨ ᠳᠡᠯᠭᠡᠷᠡᠭᠦᠯᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/12/19
  ᠪᠦᠬᠦ ᠠᠷᠠᠳ ᠢᠶᠠᠷ ᠢᠶᠠᠨ ᠰᠤᠷᠤᠯᠴᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠥᠷᠭᠡᠨ ᠤᠯᠠᠨ ᠺᠠᠳ᠋ᠷ ᠤᠯᠠᠨ ᠲᠦᠮᠡᠨ ᠤ ᠰᠤᠷᠤᠯᠴᠠᠬᠤ ᠤᠷᠮ᠎ᠠ ᠵᠣᠷᠢᠭ ᠢ ᠬᠥᠭᠵᠢᠭᠡᠵᠦ᠂ ︽ᠰᠤᠷᠤᠯᠴᠠᠯᠭ᠎ᠠ  ᠶᠢᠨ ᠬᠦᠴᠦᠷᠬᠡᠭ ᠤᠯᠤᠰ  ︾ ᠰᠤᠷᠤᠯᠴᠠᠯᠭ᠎ᠠ ᠶᠢᠨ ᠲᠠᠪᠴᠠᠩ ᠢ ᠤᠬᠠᠭᠤᠯᠤᠨ ᠳᠡᠯᠭᠡᠷᠡᠭᠦᠯᠬᠦ ᠡᠷᠴᠢᠮ ᠢ ᠴᠢᠨᠠᠭᠰᠢᠳᠠ ᠴᠢᠩᠭᠠᠷᠠᠭᠤᠯᠬᠤ ᠶᠢᠨ ᠲᠥᠯᠥᠭᠡ᠂ ᠤᠢᠢᠷ᠎ᠠ ᠳᠤ᠂ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ︽ᠰᠤᠷᠤᠯᠴᠠᠯᠭ᠎ᠠ  ᠶᠢᠨ ᠬᠦᠴᠦᠷᠬᠡᠭ ᠤᠯᠤᠰ  ︾ ᠪᠠᠷ ᠭᠤᠣᠯ ᠰᠡᠳᠦᠪ ᠪᠣᠯᠭᠠᠭᠰᠠᠨ ︽ᠰᠤᠷᠤᠯᠴᠠᠯᠭ᠎ᠠ  ᠶᠢᠨ ᠬᠦᠴᠦᠷᠬᠡᠭ ᠤᠯᠤᠰ  ︾ ᠬᠡᠷᠡᠭᠯᠡᠭᠡᠨ ᠤ ᠲᠠᠪᠴᠠᠩ ᠢ ᠤᠬᠠᠭᠤᠯᠤᠨ ᠳᠡᠯᠭᠡᠷᠡᠭᠦᠯᠬᠦ ᠠᠵᠢᠯᠯᠠᠭ᠎ᠠ ᠶᠢ ᠥᠷᠨᠢᠭᠦᠯᠵᠡᠢ᠃
   ᠠᠵᠢᠯᠯᠠᠭ᠎ᠠ ᠶᠢᠨ ᠳᠤᠮᠳᠠ᠂ ᠠᠵᠢᠯᠲᠠᠳ ᠮᠦᠸᠧ ᠯᠢ ᠾᠧ ᠨᠡᠶᠢᠭᠡᠮ ᠲᠣᠭᠤᠷᠢᠭ ᠲᠤ ᠭᠦᠨᠵᠡᠭᠡᠶᠢᠷᠡᠵᠦ᠂ ᠨᠢᠭᠤᠷᠳᠠᠨ ᠳᠡᠯᠭᠡᠷᠡᠭᠦᠯᠬᠦ᠂ ᠪᠡᠶ᠎ᠡ ᠪᠠᠷ ᠢᠶᠠᠨ ᠵᠢᠭᠠᠨ ᠰᠤᠷᠭᠠᠬᠤ᠂ ᠺᠠᠳ᠋ᠷ ᠤᠯᠠᠨ ᠲᠦᠮᠡᠨ ᠢ ᠵᠣᠬᠢᠶᠠᠨ ᠪᠠᠶᠢᠭᠤᠯᠵᠤ ︽ᠰᠤᠷᠤᠯᠴᠠᠯᠭ᠎ᠠ  ᠶᠢᠨ ᠬᠦᠴᠦᠷᠬᠡᠭ ᠤᠯᠤᠰ  ︾ ᠤᠬᠠᠭᠤᠯᠭ᠎ᠠ ᠳᠡᠯᠭᠡᠷᠡᠭᠦᠯᠦᠯᠲᠡ ᠶᠢᠨ ᠸᠢᠳᠢᠣ᠋ ᠶᠢ ᠦᠵᠡᠭᠦᠯᠬᠦ ᠵᠡᠷᠭᠡ ᠠᠷᠭ᠎ᠠ ᠬᠡᠯᠪᠡᠷᠢ ᠪᠠᠷ ᠤᠬᠠᠭᠤᠯᠤᠨ ᠳᠡᠯᠭᠡᠷᠡᠭᠦᠯᠬᠦ ᠠᠵᠢᠯ ᠢ ᠢᠳᠡᠪᠬᠢᠲᠡᠢ ᠰᠠᠶᠢᠲᠤᠷ ᠬᠢᠵᠡᠢ᠃ ᠡᠭᠦᠨ ᠤ ᠬᠠᠮᠲᠤ ᠠᠵᠢᠯ ᠶᠠᠪᠤᠳᠠᠯ ᠬᠢᠬᠦ ᠪᠠᠷ ᠢᠷᠡᠭᠰᠡᠨ ᠰᠠᠭᠤᠭᠠᠯᠢ ᠠᠷᠠᠳ ᠲᠤ ᠰᠤᠷᠤᠯᠴᠠᠬᠤ ᠬᠦᠴᠦᠷᠬᠡᠭ ᠤᠯᠤᠰ ᠤᠨ ᠤᠬᠠᠭᠤᠯᠭ᠎ᠠ ᠶᠢᠨ ᠳᠡᠪᠲᠡᠷ ᠲᠠᠷᠬᠠᠭᠠᠨ ᠥᠭᠴᠦ᠂ ᠲᠤᠬᠠᠶ ᠶᠢᠨ ᠲᠠᠯᠠᠪᠤᠷ ᠲᠤ ᠣᠯᠠᠨ ᠲᠦᠮᠡᠨ ᠢ ᠵᠢᠯᠣᠭᠤᠳᠤᠨ ︽ᠰᠤᠷᠤᠯᠴᠠᠬᠤ ᠬᠦᠴᠦᠷᠬᠡᠭ ᠤᠯᠤᠰ︾ ᠤᠨ APP ᠶᠢ ᠪᠠᠭᠤᠯᠭᠠᠵᠤ᠂ ᠲᠡᠳᠡᠨ ᠤ APP ᠶᠢ ᠬᠡᠷᠡᠭᠯᠡᠬᠦ ᠶᠠᠪᠤᠴᠠ ᠳᠠᠬᠢ ᠮᠠᠳᠠᠭ ᠲᠠᠢ ᠠᠰᠠᠭᠤᠳᠠᠯ ᠢ ᠬᠦᠯᠢᠴᠡᠩᠭᠦᠶ ᠪᠠᠷ ᠬᠠᠷᠢᠭᠤᠯᠵᠤ᠂ ᠰᠠᠭᠤᠭᠠᠯᠢ ᠠᠷᠠᠳ ᠲᠤ ︽ᠰᠤᠷᠤᠯᠴᠠᠯᠭ᠎ᠠ  ᠶᠢᠨ ᠬᠦᠴᠦᠷᠬᠡᠭ ᠤᠯᠤᠰ︾ ᠤᠨ ᠲᠠᠪᠴᠠᠩ ᠤᠨ ᠷᠢᠳᠢ ᠰᠢᠳᠢ ᠶᠢ ᠦᠨᠡᠨ ᠬᠦ ᠮᠡᠳᠡᠷᠡᠭᠦᠯᠵᠦ᠂ ᠰᠤᠷᠤᠯᠴᠠᠬᠤ ᠲᠠᠪᠴᠠᠩ ᠤᠨ ᠲᠤᠬᠠᠶ ᠲᠠᠨᠢᠯᠲᠠ ᠶᠢ ᠨᠢ ᠭᠦᠨᠵᠡᠭᠡᠶᠢᠷᠡᠭᠦᠯᠦᠨ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠣᠨᠣᠯ ᠤᠨ ᠬᠡᠪ ᠪᠣᠯᠪᠠᠰᠤᠷᠠᠯ ᠢ ᠨᠢ ᠳᠡᠭᠡᠭᠰᠢᠯᠡᠭᠦᠯᠪᠡ᠃
 
   ᠲᠣᠰ ᠤᠳᠠᠭ᠎ᠠ ᠶᠢᠨ ︽ᠰᠤᠷᠤᠯᠴᠠᠯᠭ᠎ᠠ  ᠶᠢᠨ ᠬᠦᠴᠦᠷᠬᠡᠭ ᠤᠯᠤᠰ  ︾ ᠲᠠᠪᠴᠠᠩ ᠤᠨ ᠤᠬᠠᠭᠤᠯᠤᠨ ᠳᠡᠯᠭᠡᠷᠡᠭᠦᠯᠬᠦ ᠠᠵᠢᠯᠯᠠᠭ᠎ᠠ ᠨᠢ ︽ᠰᠤᠷᠤᠯᠴᠠᠯᠭ᠎ᠠ  ᠶᠢᠨ ᠬᠦᠴᠦᠷᠬᠡᠭ ᠤᠯᠤᠰ  ︾ ᠰᠤᠷᠤᠯᠴᠠᠯᠭ᠎ᠠ ᠶᠢᠨ ᠲᠠᠪᠴᠠᠩ ᠤᠨ ᠣᠯᠠᠨ ᠲᠦᠮᠡᠨ ᠤ ᠳᠤᠮᠳᠠᠬᠢ ᠣᠶᠢᠯᠠᠭᠠᠬᠤ ᠬᠡᠮᠵᠢᠶ᠎ᠡ ᠶᠢ ᠥᠷᠭᠡᠳᠬᠡᠵᠦ᠂ ᠣᠯᠠᠨ ᠲᠦᠮᠡᠨ ᠤ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠦᠨ᠂ ᠺᠠᠳ᠋ᠷ ᠣᠯᠠᠨ ᠲᠦᠮᠡᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ︽ᠰᠤᠷᠤᠯᠴᠠᠯᠭ᠎ᠠ ᠪᠠᠷ ᠤᠯᠤᠰ ᠢᠶᠠᠨ ᠬᠦᠴᠦᠷᠬᠡᠭᠵᠢᠭᠦᠯᠬᠦ︾ ᠰᠤᠷᠤᠯᠴᠠᠯᠭ᠎ᠠ ᠶᠢᠨ ᠬᠠᠯᠠᠭᠤᠨ ᠥᠷᠨᠢᠯᠲᠡ ᠶᠢ ᠪᠣᠶ ᠪᠣᠯᠭᠠᠵᠤ᠂ ︽ᠰᠤᠷᠤᠯᠴᠠᠯᠭ᠎ᠠ ᠪᠠᠷ ᠤᠯᠤᠰ ᠢᠶᠠᠨ ᠬᠦᠴᠦᠷᠬᠡᠭᠵᠢᠭᠦᠯᠬᠦ︾ ᠲᠠᠪᠴᠠᠩ ᠢ ᠣᠯᠠᠨ ᠤ ᠮᠡᠳᠡᠯᠭᠡ ᠰᠤᠷᠤᠯᠴᠠᠬᠤ ︽ᠰᠢᠯᠵᠢᠮᠡᠯ ᠲᠣᠰᠣ ᠨᠡᠮᠡᠬᠦ ᠥᠷᠲᠡᠭᠡ︾ ᠪᠣᠯᠭᠠᠭᠰᠠᠨ ᠪᠠᠶᠢᠨ᠎ᠠ᠃                                        ᠨᠠᠶᠢᠷᠠᠭᠤᠯᠤᠭᠴᠢ᠄  ᠯᠢ ᠬᠤᠩ ᠢᠦᠢ                                           ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2