ᠯᠢᠶᠠᠩᠴᠧᠩ  ᠰᠢᠶᠠᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠯᠢᠶᠠᠩᠴᠧᠩ  ᠤᠨ ᠤᠷᠤᠯᠳᠤᠭᠠᠨ ᠤ ᠲᠣᠭᠤᠷᠢᠭ ᠤᠨ ᠴᠠᠰᠤᠨ ᠳᠡᠭᠡᠷᠡᠬᠢ ᠡᠮ ᠡᠮᠨᠡᠯᠭᠡ ᠶᠢᠨ ᠠᠪᠤᠷᠠᠨ ᠲᠤᠰᠠᠯᠠᠬᠤ ᠪᠣᠯᠪᠠᠰᠤᠷᠠᠯ ᠤᠨ ᠴᠤᠭᠯᠠᠭᠠᠨ ᠡᠷᠬᠢᠯᠡᠪᠡ
ᠨᠡᠶᠢᠲᠡᠯᠡᠭᠰᠡᠨ ᠴᠠᠭ᠄
2023/12/19
  ︽ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ‍ᠤᠨ‌‍ᠴᠤᠭᠯᠠᠭᠠᠨ  ︾ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠲᠤᠯᠠᠭ᠎ᠠ ᠶᠢᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ 12 ᠰᠠᠷ᠎ᠠ ᠶᠢᠨ 18 ᠤ ᠡᠳᠦᠷ᠂ ᠮᠠᠨ ᠤ ᠰᠢᠶᠠᠨ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠯᠢᠶᠠᠩᠴᠧᠩ ᠰᠢᠶᠠᠨ ᠤ ᠤᠷᠤᠯᠳᠤᠭᠠᠨ ᠤ ᠲᠣᠭᠤᠷᠢᠭ ᠤᠨ ᠴᠠᠰᠤᠨ ᠳᠡᠭᠡᠷᠡᠬᠢ ᠡᠮ ᠡᠮᠨᠡᠯᠭᠡ ᠶᠢᠨ ᠠᠪᠤᠷᠠᠨ ᠲᠤᠰᠠᠯᠠᠬᠤ ᠬᠥᠬᠡᠬᠤᠲᠠ᠂ ᠵᠠᠯᠠᠨ ᠠᠶᠢᠯ ᠬᠤᠲᠠ᠂ ᠤᠯᠠᠭᠠᠨᠴᠠᠪ ᠬᠤᠲᠠ ᠶᠢᠨ ᠡᠮᠴᠢᠯᠡᠭᠡᠨ ᠤ ᠪᠠᠶᠢᠭᠤᠯᠤᠮᠵᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ᠂ ᠡᠮᠴᠢᠯᠡᠭᠡᠨ ᠤ ᠪᠠᠲᠤᠯᠠᠭ᠎ᠠ ᠳᠤ ᠣᠷᠣᠯᠴᠠᠭᠰᠠᠨ ᠡᠮᠨᠡᠯᠭᠡ ᠶᠢᠨ ᠠᠵᠢᠯᠲᠠᠨ ᠪᠠ ᠰᠠᠶᠢᠨ ᠳᠤᠷ᠎ᠠ ᠶᠢᠨ ᠠᠵᠢᠯᠯᠠᠭᠴᠢ ᠨᠡᠶᠢᠲᠡ 200 ᠭᠠᠷᠤᠶ ᠬᠥᠮᠦᠨ ᠪᠣᠯᠪᠠᠰᠤᠷᠠᠯ ᠳᠤ ᠣᠷᠣᠯᠴᠠᠵᠠᠶ᠃ ᠰᠢᠶᠠᠨ ᠤ ᠤᠳᠤᠷᠢᠳᠤᠯᠭ᠎ᠠ ᠵᠧᠩ ᠶᠠᠨ ᠹᠠᠩ ᠣᠷᠣᠯᠴᠠᠪᠠ᠃
        ᠲᠣᠰ ᠤᠳᠠᠭᠠᠨ ᠤ ᠪᠣᠯᠪᠠᠰᠤᠷᠠᠭᠤᠯᠤᠯ ᠳᠤ ᠪᠡᠭᠡᠵᠢᠩ ᠬᠤᠲᠠ ᠶᠢᠨ ᠲᠦᠷᠭᠡᠨ ᠠᠪᠤᠷᠠᠯᠳᠠ ᠶᠢᠨ ᠲᠥᠪ ᠤᠨ ᠣᠯᠠᠨ ᠲᠤᠰᠬᠠᠶ ᠮᠡᠷᠭᠡᠵᠢᠯᠲᠡᠨ ᠢ ᠤᠷᠢᠵᠤ᠂ ᠤᠷᠤᠯᠳᠤᠭᠠᠨ ᠤ ᠲᠠᠯᠠᠪᠤᠷ ᠤᠨ ᠠᠪᠤᠷᠠᠨ ᠵᠠᠰᠠᠬᠤ ᠮᠡᠷᠭᠡᠵᠢᠯ ᠴᠢᠳᠠᠪᠤᠷᠢ᠂ ᠴᠢᠨᠠᠷ ᠰᠠᠶᠢᠲᠠᠶ ᠵᠢᠷᠦᠬᠡ ᠠᠭᠤᠰᠬᠢ ᠶᠢ ᠰᠡᠷᠭᠦᠭᠡᠬᠦ ᠪᠠ AED ᠶᠢ ᠵᠥᠪ ᠬᠡᠷᠡᠭᠯᠡᠬᠦ᠂ ᠭᠡᠨᠡᠳᠲᠡ ᠶᠢᠨ ᠬᠡᠷᠡᠭ ᠢ  ᠰᠢᠢᠳᠪᠤᠷᠢᠯᠡᠬᠦ ᠵᠢᠴᠢ ᠲᠣᠮᠣ ᠬᠡᠯᠪᠡᠷᠢ ᠶᠢᠨ ᠠᠵᠢᠯᠯᠠᠭ᠎ᠠ ᠶᠢᠨ ᠪᠠᠲᠤᠯᠠᠭ᠎ᠠ ᠶᠢᠨ ᠲᠤᠷᠰᠢᠯᠭ᠎ᠠ ᠶᠢᠨ ᠰᠣᠯᠢᠯᠴᠠᠭᠠᠨ ᠤ ᠮᠡᠳᠡᠭᠡ ᠵᠠᠩᠭᠢ ᠶᠢᠨ ᠮᠡᠳᠡᠭᠦᠯᠦᠯᠲᠡ᠂ ᠴᠠᠰᠤᠨ ᠳᠡᠭᠡᠷᠡᠬᠢ ᠠᠪᠤᠷᠠᠨ ᠲᠤᠰᠠᠯᠠᠯᠲᠠ᠂ ᠬᠦᠨᠳᠦ ᠲᠦᠭᠰᠢᠭᠦᠷᠢᠲᠡᠶ ᠡᠪᠡᠳᠴᠢᠨ ᠢ ᠠᠪᠤᠷᠠᠨ ᠵᠠᠰᠠᠬᠤ ᠪᠠ ᠳᠠᠮᠵᠢᠭᠤᠯᠤᠨ ᠵᠥᠭᠡᠭᠡᠪᠦᠷᠢᠯᠡᠬᠦ ︵ᠴᠠᠰᠤᠨ ᠪᠠᠭᠠᠵᠢ ᠶᠢ ᠵᠠᠶᠢᠯᠠᠭᠤᠯᠬᠤ︶ ᠵᠡᠷᠭᠡ ᠶᠢᠨ ᠲᠣᠭᠤᠷᠢᠨ ᠳᠤ ᠲᠤᠰᠬᠠᠶ ᠰᠡᠳᠦᠪᠲᠦ ᠪᠣᠯᠪᠠᠰᠤᠷᠠᠭᠤᠯᠤᠯ ᠬᠢᠯᠭᠡᠪᠡ︔ ᠪᠣᠯᠪᠠᠰᠤᠷᠠᠯ ᠨᠢ ᠪᠠᠰᠠ ᠲᠠᠮᠢᠷᠴᠢᠳ ᠤᠨ ᠤᠷᠤᠯᠳᠤᠭᠠᠨ ᠤ ᠦᠶ᠎ᠡ ᠳᠤ ᠶᠠᠰᠤ ᠬᠤᠭᠤᠷᠠᠵᠤ ᠰᠢᠷᠬᠠᠲᠤᠭᠰᠠᠨ ᠤ ᠳᠠᠷᠠᠭᠠᠬᠢ ᠡᠮᠴᠢᠯᠡᠭᠡᠨ ᠤ ᠠᠪᠤᠷᠠᠨ ᠲᠤᠰᠠᠯᠠᠯᠲᠠ ᠬᠢᠬᠦ ᠪᠦᠬᠦ ᠶᠠᠪᠤᠴᠠ ᠶᠢ ᠳᠠᠭᠤᠷᠢᠶᠠᠵᠤ᠂ ᠪᠦᠬᠦ ᠡᠯᠧᠮᠧᠨ᠋ᠲ ᠤᠨ ᠡᠮᠴᠢᠯᠡᠭᠡᠨ ᠤ ᠪᠠᠲᠤᠯᠠᠪᠤᠷᠢ ᠶᠢᠨ ᠰᠣᠷᠢᠯᠲᠠ ᠶᠢ ᠬᠢᠭᠰᠡᠨ ᠪᠠᠶᠢᠨ᠎ᠠ᠃    ᠪᠣᠯᠪᠠᠰᠤᠷᠠᠯ ᠨᠢ ᠪᠠᠰᠠ ᠯᠢᠶᠠᠩᠴᠧᠩ  ᠤᠨ ᠴᠠᠰᠤᠨ ᠳᠤ ᠭᠤᠯᠭᠤᠬᠤ ᠲᠠᠯᠠᠪᠠᠶ ᠶᠢᠨ ᠲᠤᠬᠠᠶ ᠶᠢᠨ ᠲᠠᠯᠠᠪᠤᠷ ᠤᠨ ᠳᠠᠭᠤᠷᠢᠶᠠᠮᠠᠯ ᠪᠣᠯᠪᠠᠰᠤᠷᠠᠭᠤᠯᠤᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠤᠷᠤᠯᠳᠤᠭᠠᠨ ᠤ ᠴᠠᠰᠤᠨ ᠳᠡᠭᠡᠷᠡᠬᠢ ᠡᠮᠴᠢᠯᠡᠭᠡᠨ ᠤ ᠠᠪᠤᠷᠠᠨ ᠲᠤᠰᠠᠯᠠᠬᠤ ᠴᠢᠳᠠᠪᠤᠷᠢ᠂ ᠡᠮᠴᠢᠯᠡᠭᠡᠨ ᠤ ᠪᠠᠴᠢᠮ ᠪᠠᠶᠢᠳᠠᠯ ᠢ  ᠠᠷᠭᠠᠴᠠᠭᠠᠬᠤ ᠴᠢᠳᠠᠪᠤᠷᠢ ᠪᠠ ᠶᠡᠷᠦᠩᠬᠡᠶᠢᠯᠡᠭᠰᠡᠨ ᠪᠠᠲᠤᠯᠠᠭ᠎ᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ︽ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ‍ᠤᠨ‌‍ᠴᠤᠭᠯᠠᠭᠠᠨ︾ ᠤᠨ ᠴᠠᠰᠤᠨ ᠳᠡᠭᠡᠷᠡᠬᠢ ᠤᠷᠤᠯᠳᠤᠭᠠᠨ ᠤ ᠵᠤᠶᠢᠯᠡᠰ ᠤᠨ ᠤᠷᠤᠯᠳᠤᠭᠠᠨ ᠢ ᠪᠥᠬᠦ ᠲᠠᠯ᠎ᠠ ᠪᠠᠷ ᠬᠠᠮᠠᠭᠠᠯᠠᠵᠤ ᠪᠠᠶᠢᠨ᠎ᠠ᠃                                                ᠨᠠᠶᠢᠷᠠᠭᠤᠯᠤᠭᠴᠢ᠄   ᠶᠠᠩ  ᠿᠦᠢ ᠵᠧᠨ                                                ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2