ᠦᠰᠦᠭ ᠪᠢᠴᠢᠭ ᠢᠶᠡᠷ ᠦᠭᠦᠯᠡᠬᠦᠢ᠄ ᠣᠷᠴᠢᠨ ᠠᠬᠤᠶ ᠶᠢ ᠬᠠᠮᠠᠭᠠᠯᠠᠬᠤ ●ᠡᠳᠡᠭᠡᠷ ᠣᠷᠴᠢᠨ ᠠᠬᠤᠶ ᠶᠢ ᠬᠠᠮᠠᠭᠠᠯᠠᠬᠤ ᠮᠡᠳᠡᠯᠭᠡ ᠶᠢ  ᠲᠠ ᠪᠦᠷ ᠮᠡᠳᠡᠨ᠎ᠡ ᠤᠤ︖
ᠨᠡᠶᠢᠲᠡᠯᠡᠭᠰᠡᠨ ᠴᠠᠭ᠄
2023/12/21
ᠤᠳᠤ ᠤᠯᠠᠨ ᠢᠶᠠᠷ ᠢᠶᠠᠨ ᠴᠥᠮ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠢ ᠡᠷᠬᠢᠮᠯᠡᠵᠦ ᠪᠠᠶᠢᠨ᠎ᠠ ᠂ ᠲᠡᠭᠡᠪᠡᠯ ᠶᠠᠭᠠᠬᠢᠪᠠᠯ ᠰᠠᠶ᠋ᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠤᠨ ᠠᠷᠭ᠎ᠠ ᠮᠠᠶ᠋ᠢᠭ ᠲᠤ ᠲᠣᠭᠠᠴᠠᠭᠳᠠᠬᠤ ᠪᠤᠢ︖ ᠬᠠᠮᠲᠤ ᠪᠠᠷ ᠡᠳᠦᠷ ᠲᠤᠲᠤᠮ ᠤᠨ ᠨᠡᠭᠦᠷᠡᠰᠦᠲᠥ᠋ᠷᠥᠭᠴᠢ ᠪᠠᠭ᠎ᠠ ᠣᠷᠴᠢᠨ ᠲᠣᠭᠤᠷᠢᠨ ᠢ ᠬᠠᠮᠠᠭᠠᠯᠠᠬᠤ ᠶᠡᠷᠦ ᠶᠢᠨ ᠮᠡᠳᠡᠯᠭᠡ ᠶᠢ ᠦᠵᠡᠶ᠎ᠡ᠃ ︵ᠨᠢᠭᠡ︶ 10 ᠵᠦᠢᠯ ᠤᠨ ᠠᠷᠪᠢᠯᠠᠨ ᠭᠠᠮᠨᠠᠬᠤ ᠰᠠᠶᠢᠨ ᠳᠠᠳᠬᠠᠯ   1 .  ᠴᠠᠬᠢᠯᠭᠠᠨ ᠴᠡᠨᠡᠭᠯᠡᠭᠰᠡᠨ ᠤ ᠲᠡᠷᠠᠭ᠎ᠠ ᠴᠠᠬᠢᠯᠭᠠᠨ ᠴᠡᠨᠡᠭᠯᠡᠭᠦᠷ ᠢ ᠴᠠᠭ ᠲᠤᠬᠠᠶ ᠳᠤᠨᠢ ᠠᠪᠴᠤ ᠬᠠᠶᠠᠵᠤ᠂ ᠴᠠᠬᠢᠯᠭᠠᠨ ᠪᠦᠷᠢᠯᠭᠡᠬᠦ ᠶᠢ ᠪᠠᠭᠠᠰᠬᠠᠨ᠎ᠠ᠃    2.ᠡᠨᠧᠷᠭᠢ ᠠᠷᠪᠢᠯᠠᠬᠤ ᠳ᠋ᠧᠩ ᠢ ᠬᠡᠷᠡᠭᠯᠡᠵᠦ᠂ ᠵᠤᠨ ᠤ ᠤᠯᠠᠷᠢᠯ ᠳᠤ ᠠᠭᠠᠷ ᠲᠣᠬᠢᠷᠠᠭᠤᠯᠤᠭᠴᠢ ᠶᠢ 26 ᠼᠧᠯᠰ ᠤᠨ ᠭᠷᠠᠳᠦ᠋ᠰ ᠲᠤ ᠲᠣᠬᠢᠷᠠᠭᠤᠯᠤᠨ᠎ᠠ᠂ ᠢᠩᠭᠢᠪᠡᠯ ᠡᠨᠧᠷᠭᠢ ᠶᠢᠨ ᠰᠤᠷᠪᠤᠯᠵᠢ ᠶᠢ ᠶᠡᠭᠡ ᠪᠠᠷ ᠠᠷᠪᠢᠯᠠᠨ᠎ᠠ᠃   3. ᠠᠪᠴᠤ ᠶᠠᠪᠤᠬᠤ ᠳᠤ ᠳᠥᠭᠦᠮ ᠣᠷᠴᠢᠨ ᠲᠣᠭᠤᠷᠢᠨ ᠢ ᠬᠠᠮᠠᠭᠠᠯᠠᠬᠤ ᠬᠤᠭᠤᠯᠠᠨ ᠤ ᠰᠠᠪᠠ ᠬᠡᠷᠡᠭᠰᠡᠯ ᠢᠶᠠᠷ ᠦᠳᠡ ᠶᠢᠨ ᠬᠤᠭᠤᠯᠠ ᠪᠠᠨ ᠥᠪᠡᠷ ᠢᠶᠠᠨ ᠠᠪᠴᠤ ᠶᠠᠪᠤᠨ᠎ᠠ᠂ ᠨᠢᠭᠡ ᠯᠡ ᠤᠳᠠᠭ᠎ᠠ ᠬᠡᠷᠡᠭᠯᠡᠬᠦ ᠬᠤᠭᠤᠯᠠᠨ ᠤ ᠰᠠᠪᠠ ᠬᠡᠷᠡᠭᠰᠡᠯ ᠬᠡᠷᠡᠭᠯᠡᠬᠦ ᠦᠭᠡᠶ᠃    4. ᠰᠢᠳᠦ ᠪᠠᠨ ᠤᠬᠢᠶᠠᠬᠤ ᠦᠶ᠎ᠡ ᠳᠤ ᠭᠤᠭᠤᠵᠢᠭᠤᠷ ᠢᠶᠠᠨ ᠬᠠᠭᠠᠨ᠎ᠠ  ᠂   ᠬᠡᠷᠪᠡ ᠭᠤᠭᠤᠵᠢᠭᠰᠠᠨ ᠴᠤ 10 ᠡᠳᠦᠷ ᠲᠤ ᠨᠢᠭᠡ ᠲᠣᠨ ᠤᠰᠤ ᠭᠤᠭᠤᠵᠢᠴᠢᠬᠠᠨ᠎ᠠ᠃    5. ᠥᠪᠡᠷᠲᠡᠭᠡᠨ ᠪᠡᠯᠡᠳᠬᠡᠭᠰᠡᠨ ᠨᠣᠭᠤᠭ᠎ᠠ ᠶᠢᠨ ᠰᠠᠭᠰᠤ ᠪᠤᠶᠤ ᠪᠥᠰ ᠤᠭᠤᠲᠠ ᠪᠠᠷ ᠢᠶᠠᠨ ᠨᠣᠭᠤᠭ᠎ᠠ ᠬᠤᠳᠠᠯᠳᠤᠨ ᠠᠪᠬᠤ ᠳᠤ᠂ ᠨᠢᠭᠡ ᠯᠡ ᠤᠳᠠᠭ᠎ᠠ ᠬᠡᠷᠡᠭᠯᠡᠬᠦ ᠰᠦᠯᠢᠶᠣᠣ ᠤᠭᠤᠲᠠ 600 ᠵᠢᠯ ᠤᠨ ᠳᠠᠷᠠᠭ᠎ᠠ ᠰᠠᠶ᠋ᠢ ᠢᠯᠵᠢᠷᠡᠳᠡᠭ᠃    6. ᠥᠪᠡᠷᠲᠡᠭᠡᠨ ᠬᠢᠭᠰᠡᠨ ᠵᠢᠮᠢᠰ ᠤᠨ ᠰᠢᠭᠦᠰᠦ ᠨᠢ ᠡᠷᠡᠭᠦᠯ ᠪᠠᠶᠢᠬᠤ ᠪᠠᠷ ᠪᠠᠷᠠᠬᠤ ᠥᠬᠡᠶ ᠪᠠᠰᠠ ᠠᠵᠤ  ᠤᠶᠢᠯᠡᠳᠪᠤᠷᠢ ᠳᠤ ᠬᠡᠷᠡᠭᠯᠡᠬᠦ ᠤᠰᠤ ᠪᠠ ᠴᠠᠬᠢᠯᠭᠠᠨ ᠬᠡᠷᠡᠭᠯᠡᠬᠦ ᠶᠢ ᠪᠠᠭᠠᠰᠬᠠᠵᠤ ᠴᠢᠳᠠᠨ᠎ᠠ᠃    7. ᠪᠢᠴᠢᠯ ᠳᠣᠯᠭᠢᠶᠠᠨ ᠤ ᠵᠤᠤᠬ᠎ᠠ ᠪᠠᠷ ᠬᠠᠯᠠᠭᠤᠯᠬᠤ ᠪᠠ ᠬᠤᠭᠤᠯᠠ ᠪᠠᠵᠠᠭᠠᠪᠠᠯ᠂ ᠴᠠᠬᠢᠯᠭᠠᠨ ᠬᠡᠷᠡᠭᠯᠡᠬᠦ ᠨᠢ ᠨᠡᠭᠦᠷᠡᠰᠦᠨ ᠬᠡᠶ ᠶᠢᠨ ᠪᠣᠬᠢᠷᠲᠤᠯ ᠠᠴᠠ ᠪᠠᠭ᠎ᠠ ᠮᠥᠷᠲᠡᠭᠡᠨ ᠨᠠᠩ ᠢᠯᠡᠭᠦᠤ ᠵᠣᠭᠤᠰ ᠠᠷᠪᠢᠯᠠᠵᠤ᠂ ᠡᠷᠡᠭᠦᠯ ᠮᠡᠨᠳᠦ ᠪᠠ ᠣᠷᠴᠢᠨ ᠠᠬᠤᠶ ᠶᠢᠨ ᠬᠠᠮᠠᠭᠠᠯᠠᠯᠲᠠ ᠳᠤ ᠪᠦᠷ ᠰᠠᠶᠢᠨ ᠪᠠᠶᠢᠳᠠᠭ᠃    8. ᠴᠠᠭᠠᠰᠤᠨ ᠤ ᠬᠤᠶᠠᠷ ᠲᠠᠯ᠎ᠠ ᠶᠢ ᠬᠡᠷᠡᠭᠯᠡᠵᠦ ᠪᠠᠷᠠᠭᠰᠠᠨ ᠤ ᠳᠠᠷᠠᠭ᠎ᠠ ᠭᠠᠷ ᠠᠯᠴᠢᠭᠤᠷ ᠢᠶᠠᠷ ᠴᠠᠭᠠᠰᠤᠨ ᠠᠯᠴᠢᠭᠤᠷ ᠢ ᠣᠷᠣᠯᠠᠭᠤᠯᠵᠤ᠂ ᠮᠣᠳᠣ ᠶᠢ ᠴᠥᠭᠡᠨ ᠴᠠᠪᠴᠢᠵᠤ᠂ ᠦᠷ᠎ᠡ ᠬᠤᠶᠢᠴᠢᠰ ᠲᠠᠭᠠᠨ ᠪᠤᠶᠠᠨ  ᠤᠶᠢᠯᠡᠳᠤᠨ᠎ᠡ᠃    9. ᠵᠠᠳᠠᠷᠠᠵᠤ ᠪᠣᠯᠬᠤ᠂ ᠬᠡᠷᠡᠭᠯᠡᠬᠦ ᠬᠡᠮᠵᠢᠶ᠎ᠡ ᠪᠠᠷ ᠪᠠᠭ᠎ᠠ ᠤᠬᠢᠶᠠᠯᠭ᠎ᠠ ᠶᠢᠨ ᠡᠳ᠋ ᠢ ᠬᠡᠷᠡᠭᠯᠡᠵᠦ᠂ ᠭᠤᠤᠯ ᠮᠥᠷᠡᠨ ᠪᠠ ᠲᠡᠯᠡᠶ ᠲᠠᠩᠭᠢᠰ ᠤᠨ ᠪᠣᠬᠢᠷᠲᠤᠯ ᠢ ᠪᠠᠭᠠᠰᠬᠠᠨ᠎ᠠ᠃    10. ᠭᠠᠳᠠᠭᠰᠢ ᠭᠠᠷᠴᠤ ᠠᠵᠢᠯᠯᠠᠭᠰᠠᠨ ᠴᠤ ᠥᠪᠡᠷ ᠤᠨ ᠴᠣᠮᠣ ᠪᠠᠨ ᠠᠪᠴᠤ ᠶᠠᠪᠤᠬᠤ ᠳᠤ ᠳᠥᠭᠦᠮ ᠮᠥᠷᠲᠡᠭᠡᠨ ᠠᠷᠢᠭᠤᠨ ᠴᠡᠪᠡᠷ ᠪᠠᠶᠢᠬᠤ ᠬᠡᠷᠡᠭᠲᠡᠶ᠃    ︵ᠬᠤᠶᠠᠷ︶ ᠴᠠᠭᠠᠰᠤ ᠨᠢᠭᠡᠪᠦᠷᠢ ᠶᠢ ᠠᠷᠪᠢᠯᠠᠵᠤ᠂ ᠤᠢ ᠰᠢᠭᠤᠶ ᠶᠢᠨ ᠡᠬᠢ ᠪᠠᠶᠠᠯᠢᠭ ᠢ ᠬᠠᠮᠠᠭᠠᠯᠠᠨ᠎ᠠ᠃    ᠣᠶ ᠰᠢᠭᠤᠶ ᠪᠣᠯ ᠳᠡᠯᠡᠬᠡᠶ ᠶᠢᠨ ᠪᠥᠮᠪᠥᠷᠴᠡᠭ ᠤᠨ ᠬᠠᠮᠤᠭ ᠤᠨ ᠡᠷᠬᠢᠮ ᠨᠠᠨᠳᠢᠨ ᠡᠳ᠋ ᠪᠠᠶᠠᠯᠢᠭ ᠮᠥᠨ᠂ ᠮᠠᠨ ᠤ ᠰᠤᠷᠤᠭᠴᠢᠳ ᠤᠨ ᠴᠠᠭᠠᠰᠤ ᠬᠡᠷᠡᠭᠯᠡᠬᠦ ᠪᠦᠷᠢᠯᠭᠡᠬᠦ ᠦᠵᠡᠭᠳᠡᠯ ᠮᠠᠰᠢ ᠬᠦᠨᠳᠦ ᠨᠣᠴᠢᠲᠠᠶ ᠪᠠᠶᠢᠵᠤ᠂ ᠴᠠᠭᠠᠰᠤ ᠬᠢᠬᠦ ᠲᠦᠭᠦᠬᠡᠶ ᠮᠠᠲ᠋ᠧᠷᠢᠶᠠᠯ ᠤᠨ ᠣᠯᠠᠩᠬᠢ ᠨᠢ ᠪᠦᠷ ᠣᠶ ᠰᠢᠭᠤᠶ ᠠᠴᠠ ᠢᠷᠡᠯᠲᠡᠶ ᠪᠠᠶᠢᠵᠤ᠂ ᠠᠮᠢ ᠠᠬᠤᠶ ᠶᠢᠨ ᠲᠡᠩᠴᠡᠭᠦᠷᠢ ᠶᠢ ᠡᠪᠳᠡᠬᠦ ᠳᠤ ᠬᠦᠷᠦᠭᠦᠯᠳᠡᠭ᠃ ᠵᠠᠷᠢᠮ ᠠᠮᠢᠳᠤᠷᠠᠯ ᠤᠨ ᠳᠤᠮᠳᠠᠬᠢ ᠮᠣᠳᠣ ᠪᠠᠷ ᠬᠢᠭᠰᠡᠨ ᠠᠮᠠᠷᠬᠠᠨ ᠡᠯᠡᠭᠳᠡᠬᠦ ᠡᠳ᠋ ᠢ ᠴᠦ ᠵᠣᠬᠢᠰᠲᠠᠶ ᠬᠡᠷᠡᠭᠯᠡᠬᠦ ᠶᠢ ᠠᠩᠬᠠᠷᠬᠤ ᠬᠡᠷᠡᠭᠲᠡᠶ᠃      ᠪᠢᠳᠡᠨ ᠤ ᠦᠵᠡᠬᠦ ᠪᠠᠷ ᠬᠠᠯᠠᠨ ᠰᠠᠶᠢᠵᠢᠷᠠᠭᠤᠯᠵᠤ ᠪᠣᠯᠬᠤ ᠠᠷᠭ᠎ᠠ ᠨᠤᠭᠤᠳ ᠭᠡᠪᠡᠯ᠄     1. ᠬᠠᠭᠤᠴᠢᠨ ᠪᠣᠯᠪᠠᠰᠤᠷᠠᠯ ᠤᠨ ᠳᠡᠪᠲᠡᠷ ᠲᠤ ᠬᠡᠷᠡᠭᠯᠡᠵᠦ ᠳᠠᠭᠤᠰᠤᠭ᠎ᠠ ᠦᠭᠡᠢ ᠴᠠᠭᠠᠰᠤ ᠶᠢ ᠳᠡᠪᠲᠡᠷᠯᠡᠵᠦ ᠡᠬᠡ ᠨᠤᠤᠷᠠᠭ ᠤᠨ ᠳᠡᠪᠲᠡᠷ ᠪᠣᠯᠭᠠᠨ᠂ ᠦᠰᠦᠭ ᠪᠣᠯᠪᠠᠰᠤᠷᠠᠬᠤ ᠪᠤᠶᠤ ᠵᠢᠷᠤᠭ ᠵᠢᠷᠤᠬᠤ ᠳᠤ ᠬᠡᠷᠡᠭᠯᠡᠨ᠎ᠡ᠃    2. ᠬᠡᠷᠡᠭᠯᠡᠵᠦ ᠥᠩᠭᠡᠷᠡᠭᠰᠡᠨ ᠡᠬᠡ ᠪᠢᠴᠢᠭ ᠤᠨ ᠴᠠᠭᠠᠰᠤ ᠪᠠ ᠬᠠᠭᠤᠴᠢᠨ ᠳᠠᠰᠬᠠᠯ ᠤᠨ ᠳᠡᠪᠲᠡᠷ ᠵᠢᠴᠢ ᠰᠢᠯᠭᠠᠯᠲᠠ ᠶᠢᠨ ᠬᠠᠭᠤᠳᠠᠰᠤ ᠶᠢ ᠴᠤᠭᠯᠠᠭᠤᠯᠵᠤ᠂ ᠲᠣᠬᠢᠷᠠᠮᠵᠢᠲᠠᠶ ᠠᠷᠭ᠎ᠠ ᠵᠠᠮ ᠢ ᠡᠷᠢᠵᠦ ᠣᠯᠤᠭᠠᠳ᠂ ᠴᠠᠭᠠᠰᠤ ᠬᠢᠬᠦ ᠦᠢᠯᠡᠳᠪᠦᠷᠢ ᠳᠤ ᠬᠦᠷᠭᠡᠵᠦ ᠬᠡᠷᠡᠭᠯᠡᠵᠦ ᠪᠣᠯᠬᠤ ᠴᠠᠭᠠᠰᠤ ᠪᠣᠯᠭᠠᠨ ᠳᠠᠬᠢᠨ ᠪᠣᠯᠪᠠᠰᠤᠷᠠᠭᠤᠯᠤᠨ᠎ᠠ᠃    3.  ᠴᠠᠭᠠᠰᠤ ᠶᠢ ᠭᠠᠮᠨᠠᠨ ᠬᠡᠷᠡᠭᠯᠡᠵᠦ᠂ ᠡᠬᠡ ᠨᠤᠤᠷᠠᠭ ᠤᠨ ᠴᠠᠭᠠᠰᠤ ᠶᠢ ᠳᠦᠭᠦᠷᠲᠡᠯ᠎ᠡ ᠪᠢᠴᠢᠬᠦ ᠬᠡᠷᠡᠭᠲᠡᠶ᠂ ᠬᠡᠳᠦᠬᠡᠨ ᠲᠤᠭ᠎ᠠ ᠶᠢ ᠪᠢᠴᠢᠭᠡᠳ ᠬᠠᠶᠠᠴᠢᠵᠤ ᠪᠣᠯᠬᠤ ᠦᠭᠡᠢ᠃    4. ᠴᠠᠭᠠᠰᠤ ᠬᠡᠷᠡᠭᠯᠡᠬᠦ ᠶᠢ ᠠᠯᠢ ᠴᠢᠳᠠᠬᠤ ᠪᠠᠷ ᠠᠷᠪᠢᠯᠠᠵᠤ᠂ ᠭᠠᠷ ᠴᠠᠭᠠᠰᠤ ᠴᠤ ᠭᠡᠰᠡᠨ᠂ ᠬᠤᠭᠤᠯᠠᠨ ᠤ ᠴᠠᠭᠠᠰᠤ ᠴᠤ ᠭᠡᠰᠡᠨ᠂ ᠭᠠᠷ ᠠᠯᠴᠢᠭᠤᠷ ᠢᠶᠠᠷ ᠣᠷᠣᠯᠠᠭᠤᠯᠵᠤ ᠪᠣᠯᠬᠤ ᠶᠢ ᠨᠢ ᠭᠠᠷ ᠠᠯᠴᠢᠭᠤᠷ ᠢᠶᠠᠷ ᠣᠷᠣᠯᠠᠭᠤᠯᠤᠨ᠎ᠠ    5.  ᠬᠡᠷᠡᠭ ᠦᠭᠡᠢ ᠰᠣᠨᠢᠨ ᠳᠡᠭᠡᠷ᠎ᠡ ᠦᠰᠦᠨ ᠪᠢᠷ ᠤᠨ ᠦᠰᠦᠭ ᠪᠠ ᠬᠢᠲᠠᠳ ᠵᠢᠷᠤᠭ ᠵᠢᠷᠤᠬᠤ ᠶᠢ ᠪᠣᠯᠪᠠᠰᠤᠷᠠᠨ᠎ᠠ᠃    6.  ᠵᠠᠷᠢᠮ ᠪᠣᠭᠤᠳᠠᠯ ᠤᠨ ᠴᠠᠭᠠᠰᠤ ᠪᠠᠷ ᠭᠠᠷ ᠤᠷᠠᠯᠠᠯ ᠤᠨ ᠡᠳ᠋ ᠬᠢᠵᠦ ᠠᠮᠢᠳᠤᠷᠠᠯ ᠢᠶᠠᠨ ᠭᠤᠶᠣᠯᠠᠵᠤ ᠪᠣᠯᠳᠠᠭ    7. ᠠᠶᠠᠭ᠎ᠠ ᠰᠠᠪᠬ᠎ᠠ ᠶᠢ ᠠᠯᠢ ᠴᠢᠳᠠᠬᠤ ᠪᠠᠷ ᠨᠢᠭᠡ ᠯᠡ ᠤᠳᠠᠭ᠎ᠠ ᠬᠡᠷᠡᠭᠯᠡᠬᠦ ᠥᠬᠡᠶ᠃    8. ᠲᠥᠬᠦᠮ ᠰᠠᠪᠬ᠎ᠠ ᠪᠤᠶᠤ ᠬᠤᠯᠤᠰᠤᠨ ᠱᠣᠰᠢᠭ᠎ᠠ ᠶᠢ ᠬᠡᠷᠡᠭᠯᠡᠭᠰᠡᠨ ᠤ ᠳᠠᠷᠠᠭ᠎ᠠ ᠬᠤᠷᠢᠶᠠᠨ ᠠᠪᠴᠤ ᠠᠰᠢᠭᠯᠠᠭᠠᠳ ᠭᠠᠷ ᠤᠷᠠᠯᠠᠯ ᠤᠨ ᠪᠦᠲᠦᠭᠡᠭᠳᠡᠬᠦᠨ ᠪᠣᠯᠭᠠᠵᠤ ᠪᠣᠯᠤᠨ᠎ᠠ᠃︵ᠭᠤᠷᠪᠠ︶᠂ ᠬᠡᠷ ᠪᠦᠯᠢ ᠶᠢᠨ ᠠᠮᠢᠳᠤᠷᠠᠯ ᠤᠨ ᠡᠨᠧᠷᠭᠢ ᠠᠷᠪᠢᠯᠠᠬᠤ ᠵᠠᠷᠢᠮ ᠶᠡᠷᠦ ᠶᠢᠨ ᠮᠡᠳᠡᠯᠭᠡ         ᠠᠭᠠᠷ ᠲᠣᠬᠢᠷᠠᠭᠤᠯᠤᠭᠴᠢ᠄ ᠠᠭᠠᠷ ᠲᠣᠬᠢᠷᠠᠭᠤᠯᠤᠭᠴᠢ ᠶᠢ ᠲᠣᠬᠢᠷᠠᠭᠤᠯᠬᠤ ᠳᠠᠭᠠᠨ ᠳᠤᠯᠠᠭᠠᠨ ᠤ ᠬᠡᠮᠵᠢᠶ᠎ᠡ ᠶᠢ ᠬᠡᠲᠦ ᠳᠣᠤᠷ᠎ᠠ ᠪᠠᠶᠢᠯᠭᠠᠵᠤ ᠪᠣᠯᠬᠤ ᠥᠬᠡᠶ᠂ ᠬᠡᠲᠦ ᠳᠣᠤᠷ᠎ᠠ ᠪᠣᠯ ᠠᠭᠠᠷ ᠲᠣᠬᠢᠷᠠᠭᠤᠯᠤᠭᠴᠢ ᠶᠢᠨ ᠴᠠᠬᠢᠯᠭᠠᠨ ᠵᠠᠷᠤᠴᠠᠭᠤᠯᠬᠤ ᠬᠡᠮᠵᠢᠶ᠎ᠡ ᠶᠢ ᠨᠡᠮᠡᠭᠳᠡᠭᠦᠯᠦᠨ᠎ᠡ᠃ ᠵᠤᠨ ᠤ ᠤᠯᠠᠷᠢᠯ ᠢ 26℃ — 28℃᠎ ᠢᠶᠠᠷ ᠲᠣᠬᠢᠷᠠᠭᠤᠯᠵᠤ᠂ ᠡᠪᠦᠯ ᠤᠨ ᠤᠯᠠᠷᠢᠯ ᠢ 16℃ — 18℃᠎ ᠢᠶᠠᠷ ᠲᠣᠬᠢᠷᠠᠭᠤᠯᠤᠨ᠎ᠠ᠃    ᠬᠥᠷᠥᠭᠡᠭᠦᠷ᠄ ᠬᠠᠶᠢᠷᠴᠠᠭ ᠲᠤ ᠬᠠᠳᠠᠭᠠᠯᠠᠬᠤ ᠢᠳᠡᠭᠡᠨ ᠤ ᠬᠡᠮᠵᠢᠶ᠎ᠡ ᠳᠡᠩᠳᠡᠭᠦᠦ ᠪᠠᠭ᠎ᠠ ᠪᠣᠯᠬᠤ ᠦᠶ᠎ᠡ ᠳᠤ᠂ ᠢᠯᠴᠢ ᠶᠢᠨ ᠪᠠᠭᠲᠠᠭᠠᠮᠵᠢ ᠨᠢ ᠪᠠᠭᠠᠰᠴᠤ᠂ ᠠᠪᠴᠢᠭᠤᠯᠬᠤ ᠮᠠᠰᠢᠨ ᠤ ᠨᠡᠭᠡᠭᠡᠵᠦ ᠵᠣᠭᠰᠣᠬᠤ ᠴᠠᠭ ᠨᠢ ᠪᠣᠭᠤᠨᠢᠰᠴᠤ᠂ ᠬᠥᠷᠥᠭᠡᠭᠦᠷ ᠤᠨ ᠴᠠᠬᠢᠯᠭᠠᠨ ᠵᠠᠷᠤᠴᠠᠭᠤᠯᠬᠤ ᠬᠡᠮᠵᠢᠶ᠎ᠡ ᠶᠢ ᠨᠡᠮᠡᠭᠳᠡᠭᠦᠯᠦᠨ᠎ᠡ᠃ ᠡᠶᠢᠮᠦ ᠠᠴᠠ ᠢᠳᠡᠭᠡᠨ ᠬᠡᠲᠦᠷᠬᠡᠶ ᠪᠠᠭ᠎ᠠ ᠪᠣᠯᠪᠠᠯ ᠬᠡᠳᠦᠨ ᠰᠦᠯᠢᠶᠣᠣ ᠬᠠᠶᠢᠷᠴᠠᠭ ᠲᠤ ᠤᠰᠤ ᠠᠶᠠᠭᠠᠯᠠᠵᠤ ᠬᠥᠯᠳᠡᠭᠡᠬᠦ ᠥᠷᠥᠭᠡᠨ ᠳᠤ ᠬᠢᠵᠦ ᠪᠣᠯᠤᠨ᠎ᠠ᠂ ᠡᠶᠢᠮᠦ ᠠᠴᠠ ᠢᠳᠡᠭᠡᠨ ᠬᠡᠲᠦᠷᠬᠡᠶ ᠪᠠᠭ᠎ᠠ ᠪᠣᠯᠪᠠᠯ᠂ ᠬᠡᠳᠦᠨ ᠰᠦᠯᠢᠶᠣᠣ ᠬᠠᠶᠢᠷᠴᠠᠭ ᠲᠤ ᠤᠰᠤ ᠬᠢᠵᠦ ᠬᠥᠯᠳᠡᠭᠡᠬᠦ ᠥᠷᠥᠭᠡᠨ ᠳᠤ ᠬᠢᠵᠦ ᠪᠣᠯᠤᠨ᠎ᠠ᠃    ᠲᠧᠯᠸᠢᠰ᠄ ᠲᠧᠯᠸᠢᠰ ᠢ ᠦᠵᠡᠬᠦ ᠤᠢᠭᠡᠢ ᠪᠣᠯ ᠴᠠᠬᠢᠯᠭᠠᠨ ᠡᠭᠦᠰᠭᠡᠭᠴᠢ ᠶᠢᠨ ᠵᠠᠯᠭᠠᠭᠤᠷ ᠢ ᠠᠪᠴᠤ ᠬᠠᠶᠠᠬᠤ ᠬᠡᠷᠡᠭᠲᠡᠶ᠃ ᠵᠠᠷᠢᠮ ᠲᠧᠯᠸᠢᠰ ᠢ ᠬᠠᠭᠠᠭᠰᠠᠨ ᠤ ᠳᠠᠷᠠᠭ᠎ᠠ᠂ ᠳᠦᠷᠰᠦᠨ ᠬᠤᠭᠤᠯᠠᠶ ᠨᠢ ᠮᠥᠨ ᠯᠡ ᠳ᠋ᠧᠩ ᠤᠨ ᠤᠯᠠᠶᠢᠳᠠᠰᠤ ᠶᠢ ᠤᠷᠢᠳᠴᠢᠯᠠᠨ ᠬᠠᠯᠠᠭᠠᠵᠤ᠂ ᠪᠦᠬᠦ᠋ᠢᠯᠡ ᠮᠠᠰᠢᠨ ᠨᠢ ᠬᠡᠷᠡᠭᠯᠡᠬᠦ ᠪᠠᠷ ᠪᠠᠶᠢᠭ᠎ᠠ ᠪᠠᠶᠢᠳᠠᠯ ᠳᠤ ᠴᠠᠬᠢᠯᠭᠠᠨ ᠵᠠᠷᠤᠴᠠᠭᠤᠯᠤᠭᠰᠠᠭᠠᠷ ᠪᠠᠶᠢᠨ᠎ᠠ᠃    ᠴᠠᠬᠢᠯᠭᠠᠨ ᠲᠣᠭᠤᠭ᠎ᠠ᠄ ᠪᠤᠳᠠᠭ᠎ᠠ ᠴᠢᠨᠠᠬᠤ ᠠᠴᠠ ᠪᠠᠨ ᠡᠮᠦᠨ᠎ᠡ 30 ᠮᠢᠨᠦ᠋ᠲ ᠳᠡᠪᠲᠦᠭᠡᠭᠰᠡᠨ ᠤ ᠳᠠᠷᠠᠭ᠎ᠠ ᠳᠠᠬᠢᠨ ᠬᠠᠯᠠᠭᠤᠨ ᠤᠰᠤ ᠪᠠᠷ ᠴᠢᠨᠠᠪᠠᠯ 30%᠎ ᠶᠢᠨ ᠴᠠᠬᠢᠯᠭᠠᠨ ᠢ ᠠᠷᠪᠢᠯᠠᠨ᠎ᠠ᠃    ᠬᠤᠪᠴᠠᠰᠤ ᠤᠬᠢᠶᠠᠬᠤ ᠮᠠᠰᠢᠨ᠄ ᠡᠩ ᠤᠨ ᠬᠤᠪᠴᠠᠰᠤ ᠤᠬᠢᠶᠠᠬᠤ ᠮᠠᠰᠢᠨ ᠳᠤ ᠴᠥᠮ ᠴᠢᠩᠭ᠎ᠠ ᠤᠬᠢᠶᠠᠯᠭ᠎ᠠ ᠪᠠ ᠰᠤᠯᠠ ᠤᠬᠢᠶᠠᠯᠭ᠎ᠠ ᠶᠢᠨ ᠴᠢᠳᠠᠪᠤᠷᠢ ᠭᠡᠵᠦ ᠬᠤᠪᠢᠶᠠᠳᠠᠭ᠂ ᠮᠠᠰᠢ ᠣᠯᠠᠨ ᠬᠥᠮᠦᠨ ︽ᠴᠠᠬᠢᠯᠭᠠᠨ ᠠᠷᠪᠢᠯᠠᠬᠤ︾᠎ ᠶᠢᠨ ᠲᠥᠯᠥᠭᠡ ᠦᠷᠭᠦᠯᠵᠢ ︽ᠰᠤᠯᠠ ᠤᠬᠢᠶᠠᠯᠭ᠎ᠠ︾᠎ ᠶᠢᠨ ᠴᠢᠳᠠᠪᠤᠷᠢ ᠶᠢ ᠰᠣᠩᠭᠤᠳᠠᠭ᠂ ᠡᠨᠡ ᠪᠣᠯ ᠨᠢᠭᠡ ᠵᠦᠶ᠋ᠯ ᠤᠨ ᠲᠠᠨᠢᠯᠲᠠ ᠶᠢᠨ ᠲᠠᠯ᠎ᠠ ᠪᠠᠷ ᠬᠢ ᠠᠳᠡᠭᠦᠷᠡᠯ ᠶᠤᠮ᠃ ᠰᠤᠯᠠ ᠤᠬᠢᠶᠠᠯᠭ᠎ᠠ ᠨᠢ ᠳᠡᠯᠪᠢᠲᠦ ᠬᠦᠷᠳᠦᠨ ᠤ ᠡᠷᠭᠢᠯᠲᠡ ᠶᠢᠨ ᠴᠢᠭᠯᠡᠯ ᠢ ᠥᠭᠡᠷᠡᠴᠢᠯᠡᠬᠦ ᠤᠳᠠᠭ᠎ᠠ ᠠᠴᠠ ᠢᠯᠡᠭᠦᠦ ᠪᠠᠶᠢᠳᠠᠭ᠂ ᠡᠶᠢᠮᠦ ᠠᠴᠠ ᠰᠤᠯᠠ ᠤᠬᠢᠶᠠᠯᠭ᠎ᠠ ᠨᠢ ᠭᠡᠳᠡᠷᠭᠦ ᠪᠠᠨ ᠴᠠᠬᠢᠯᠭᠠᠨ ᠢ ᠰᠦᠢᠳᠬᠡᠳᠡᠭ᠂ ᠴᠢᠩᠭ᠎ᠠ ᠤᠬᠢᠶᠠᠯᠭ᠎ᠠ ᠨᠢ ᠴᠠᠬᠢᠯᠭᠠᠨ ᠢ ᠠᠷᠪᠢᠯᠠᠬᠤ ᠪᠠᠷ ᠪᠠᠷᠠᠬᠤ ᠦᠭᠡᠢ ᠪᠠᠰᠠ ᠴᠠᠬᠢᠯᠭᠠᠨ ᠮᠠᠰᠢᠨ ᠤ ᠬᠡᠷᠡᠭᠯᠡᠬᠦ ᠬᠤᠭᠤᠴᠠᠭ᠎ᠠ ᠶᠢ ᠤᠷᠲᠤᠳᠬᠠᠳᠠᠭ᠃      ︵ᠳᠥᠷᠪᠡ︶ ᠠᠭᠠᠷ ᠲᠣᠬᠢᠷᠠᠭᠤᠯᠤᠭᠴᠢ ᠶᠢᠨ ᠡᠨᠧᠷᠭᠢ ᠠᠷᠪᠢᠯᠠᠬᠤ ᠰᠠᠨᠠᠭᠤᠯᠤᠮᠵᠢ    1. ᠵᠣᠨ ᠤ ᠤᠯᠠᠷᠢᠯ ᠤᠨ ᠠᠭᠠᠷ ᠲᠣᠬᠢᠷᠠᠭᠤᠯᠤᠭᠴᠢ ᠶᠢᠨ ᠳᠤᠯᠠᠭᠠᠨ ᠤ ᠬᠡᠮᠵᠢᠶ᠎ᠡ ᠨᠢ ᠭᠠᠳᠠᠨᠠᠬᠢ ᠳᠤᠯᠠᠭᠠᠨ ᠤ ᠬᠡᠮᠵᠢᠶ᠎ᠡ ᠲᠠᠢ 5℃᠎ ᠠᠴᠠ ᠬᠡᠲᠦᠷᠡᠬᠦ ᠥᠬᠡᠶ ᠪᠠᠶᠢᠵᠤ ᠪᠣᠯᠬᠤ ᠥᠬᠡᠶ᠂ ᠵᠢᠱᠢᠶᠡᠯᠡᠪᠡᠯ ᠭᠠᠳᠠᠨ᠎ᠠ ᠨᠢ 32℃ ᠪᠠᠶᠢᠪᠠᠯ ᠂ ᠠᠭᠠᠷ ᠲᠣᠬᠢᠷᠠᠭᠤᠯᠤᠭᠴᠢ ᠶᠢ ᠬᠠᠮᠤᠭ ᠰᠠᠶᠢᠨ ᠨᠢ 28℃᠎ ᠲᠤ ᠲᠣᠬᠢᠷᠠᠭᠤᠯᠪᠠᠯ ᠵᠣᠬᠢᠨ᠎ᠠ᠃ ᠳᠤᠯᠠᠭᠠᠨ ᠤ ᠬᠡᠮᠵᠢᠶ᠎ᠡ 1℃ ᠳᠡᠭᠡᠭᠰᠢᠯᠡᠬᠦ ᠳᠤ ᠴᠠᠬᠢᠯᠭᠠᠨ ᠵᠠᠷᠤᠴᠠᠭᠤᠯᠬᠤ ᠬᠡᠮᠵᠢᠶ᠎ᠡ 10%᠎ ᠪᠠᠷ ᠪᠠᠭᠠᠰᠳᠠᠭ᠃    2. ᠠᠵᠢᠯ ᠤᠨ ᠵᠠᠭᠪᠤᠷ ᠢ ︽ᠠᠦ᠋ᠲ᠋ᠣ᠋ ᠰᠠᠯᠬᠢ︾᠎ ᠪᠠᠷ ᠲᠣᠭᠲᠠᠭᠠᠨ᠎ᠠ᠃ ᠠᠦ᠋ᠲ᠋ᠣ᠋ ᠴᠠᠬᠢᠯᠭᠠᠨ ᠵᠠᠷᠤᠴᠠᠭᠤᠯᠬᠤ ᠨᠢ ᠪᠠᠭ᠎ᠠ ᠲᠤᠯᠠ ᠠᠭᠠᠷ ᠲᠣᠬᠢᠷᠠᠭᠤᠯᠤᠭᠴᠢ ᠶᠢ ᠥᠨᠳᠥᠷ ᠠᠰᠢᠭᠯᠠᠮᠵᠢ ᠲᠠᠢ ᠪᠠᠷ ᠠᠵᠢᠯᠯᠠᠭᠤᠯᠳᠠᠭ᠃    3. ᠴᠠᠬᠢᠯᠭᠠᠨ ᠰᠡᠩᠰᠡ ᠲᠠᠢ ᠬᠠᠮᠲᠤ ᠬᠡᠷᠡᠭᠯᠡᠨ᠎ᠡ᠃ ᠠᠭᠠᠷ ᠲᠣᠬᠢᠷᠠᠭᠤᠯᠤᠭᠴᠢ ᠶᠢ ᠬᠦᠢᠲᠡᠨ ᠠᠭᠠᠷ ᠢᠶᠠᠷ ᠳᠡᠭᠡᠭᠰᠢ ᠦᠯᠢᠶᠡᠪᠡᠯ ᠳᠤᠯᠠᠭᠠᠨ ᠤ ᠬᠡᠮᠵᠢᠶ᠎ᠡ ᠶᠢ ᠪᠠᠭᠤᠷᠠᠭᠤᠯᠬᠤ ᠠᠰᠢᠭᠯᠠᠮᠵᠢ ᠶᠢ ᠳᠡᠭᠡᠭᠰᠢᠯᠡᠭᠦᠯᠵᠦ ᠪᠣᠯᠤᠨ᠎ᠠ᠃ ᠬᠦᠶ᠋ᠲᠡᠨ ᠠᠭᠠᠷ ᠡᠬᠢᠯᠡᠵᠦ ᠬᠥᠳᠡᠯᠬᠦ ᠦᠶ᠎ᠡ ᠳᠤ᠂ ᠴᠠᠬᠢᠯᠭᠠᠨ ᠰᠡᠩᠰᠡ ᠪᠠᠷ ᠬᠦᠢᠳᠡᠨ ᠠᠭᠠᠷ ᠢ ᠳᠡᠭᠡᠭᠰᠢ ᠦᠯᠢᠶᠡᠯᠭᠡᠪᠡᠯ᠂ ᠣᠷᠣ᠂ ᠱᠠᠹᠠ ᠵᠡᠷᠭᠡ ᠴᠤᠭᠯᠠᠷᠠᠭᠰᠠᠨ ᠭᠠᠵᠠᠷ ᠤᠨ ᠬᠦᠶ᠋ᠲᠡᠨ ᠠᠭᠠᠷ ᠢ ᠡᠷᠭᠢᠯᠳᠦᠭᠦᠯᠳᠡᠭ᠃ ᠡᠨᠡ ᠦᠶ᠎ᠡ ᠳᠤ ᠬᠦᠶ᠋ᠲᠡᠨ ᠠᠭᠠᠷ ᠢ ᠴᠠᠬᠢᠯᠭᠠᠨ ᠰᠡᠩᠰᠡ ᠪᠠᠷ ᠳᠡᠭᠡᠭᠰᠢ ᠦᠯᠢᠶᠡᠯᠭᠡᠨ᠎ᠡ᠂ ᠢᠩᠭᠢᠪᠡᠯ ᠣᠷᠣ᠂ ᠱᠠᠹᠠ ᠵᠡᠷᠭᠡ ᠴᠤᠭᠯᠠᠷᠠᠭᠰᠠᠨ ᠭᠠᠵᠠᠷ ᠤᠨ ᠬᠦᠶ᠋ᠲᠡᠨ ᠠᠭᠠᠷ ᠢ ᠡᠷᠭᠢᠯᠳᠦᠭᠦᠯᠦᠨ᠎ᠡ᠃ ᠣᠬᠤᠷᠬᠠᠨ ᠬᠤᠭᠤᠴᠠᠭᠠᠨ ᠳᠤ ᠳᠤᠯᠠᠭᠠᠨ ᠤ ᠬᠡᠮᠵᠢᠶ᠎ᠡ ᠶᠢ ᠪᠠᠭᠤᠷᠠᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠥᠯᠳᠡᠭᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠲᠡᠭᠡᠬᠦ ᠮᠥᠷᠲᠡᠭᠡᠨ ᠬᠥᠷᠥᠭᠡᠬᠦ ᠦᠶ᠎ᠡ ᠳᠤ ᠠᠭᠠᠷ ᠲᠣᠬᠢᠷᠠᠭᠤᠯᠤᠭᠴᠢ ᠶᠢᠨ ᠰᠠᠯᠬᠢᠨ ᠤ ᠴᠢᠭᠯᠡᠯ ᠢ ᠲᠣᠬᠢᠷᠠᠭᠤᠯᠤᠭᠴᠢ ᠶᠢᠨ ᠦᠶ᠎ᠡ ᠳᠤ ᠣᠷᠣᠭᠤᠯᠤᠨ᠎ᠠ᠃    4. ᠭᠠᠳᠠᠭᠰᠢ ᠭᠠᠷᠬᠤ ᠠᠴᠠ 30 ᠮᠢᠨᠦ᠋ᠲ ᠤᠨ ᠡᠮᠦᠨ᠎ᠡ ᠠᠭᠠᠷ ᠲᠣᠬᠢᠷᠠᠭᠤᠯᠤᠭᠴᠢ ᠪᠠᠨ ᠬᠠᠭᠠᠨ᠎ᠠ ᠬᠡᠷᠪᠡ ᠠᠭᠠᠷ ᠲᠣᠬᠢᠷᠠᠭᠤᠯᠤᠭᠴᠢ ᠶᠢ 30 ᠮᠢᠨᠦ᠋ᠲ ᠬᠠᠭᠠᠪᠠᠯ ᠥᠷᠥᠭᠡᠨ ᠤ ᠳᠤᠯᠠᠭᠠᠨ ᠳᠤ ᠬᠤᠪᠢᠷᠠᠯᠲᠠ ᠭᠠᠷᠬᠤ ᠦᠭᠡᠢ ᠶᠤᠮ᠃ ᠡᠶᠢᠮᠦ ᠠᠴᠠ ᠭᠠᠳᠠᠭᠰᠢ ᠭᠠᠷᠬᠤ ᠠᠴᠠ ᠪᠠᠨ ᠡᠮᠦᠨ᠎ᠡ 30 ᠮᠢᠨᠦ᠋ᠲ ᠤᠨ ᠡᠮᠦᠨ᠎ᠡ ᠴᠠᠬᠢᠯᠭᠠᠨ ᠡᠭᠦᠰᠭᠡᠭᠴᠢ ᠶᠢ ᠣᠭᠲᠣᠯᠵᠤ ᠬᠠᠶᠠᠬᠤ ᠳᠠᠳᠬᠠᠯ ᠲᠠᠢ ᠪᠣᠯᠬᠤ ᠬᠡᠷᠡᠭᠲᠡᠶ᠃    5. ᠵᠣᠨ ᠤ ᠤᠯᠠᠷᠢᠯ ᠳᠤ ᠠᠭᠠᠷ ᠲᠣᠬᠢᠷᠠᠭᠤᠯᠤᠭᠴᠢ ᠶᠢ ᠬᠡᠷᠡᠭᠯᠡᠬᠦ ᠡᠨᠧᠷᠭᠢ ᠠᠷᠪᠢᠯᠠᠬᠤ ᠬᠡᠯᠪᠡᠷᠢ ᠪᠣᠯ ︽ ᠭᠦᠢᠳᠡᠨ ᠠᠭᠠᠷ︾᠂ ︽ᠴᠢᠭᠢᠭ ᠢ ᠠᠷᠢᠯᠭᠠᠬᠤ︾ ᠬᠤᠶᠠᠷ  ᠵᠤᠶᠢᠯ ᠤᠨ ᠴᠢᠳᠠᠮᠵᠢ ᠶᠢ ᠰᠠᠯᠭᠠᠵᠤ ᠬᠡᠷᠡᠭᠯᠡᠨ᠎ᠡ᠃ ᠳᠠᠩ ᠭᠠᠭᠴᠠ ᠬᠦᠢᠲᠡᠨ ᠠᠭᠠᠷ ᠪᠠ ᠴᠢᠭᠢᠭ ᠢ ᠠᠷᠢᠯᠭᠠᠬᠤ ᠴᠢᠳᠠᠯ ᠤᠨ ᠴᠠᠬᠢᠯᠭᠠᠨ ᠵᠠᠷᠤᠴᠠᠭᠤᠯᠬᠤ ᠥᠪᠡᠷ ᠤᠨ ᠥᠷᠲᠡᠭ ᠢ ᠠᠳᠠᠯᠢᠳᠬᠠᠵᠤ ᠪᠣᠯᠬᠤ ᠦᠭᠡᠶ᠃ ᠠᠭᠠᠭᠢᠮ᠎ᠠ ᠬᠠᠯᠠᠭᠤᠨ ᠤ ᠦᠳᠡ ᠳᠤ᠂ ᠶᠠᠭᠠᠬᠢᠭᠰᠠᠨ ᠴᠤ ᠳᠤᠯᠠᠭᠠᠨ ᠤ ᠬᠡᠮᠵᠢᠶ᠎ᠡ ᠮᠠᠰᠢ ᠥᠨᠳᠥᠷ ᠪᠣᠯᠬᠤ ᠦᠶ᠎ᠡ ᠳᠤ᠂  ᠬᠦᠢᠳᠡᠨ ᠠᠭᠠᠷ ᠤᠨ ᠠᠵᠢᠯᠯᠠᠭ᠎ᠠ ᠳᠤ ᠲᠣᠬᠢᠷᠠᠭᠤᠯᠳᠠᠭ᠃ ᠪᠦᠭᠴᠢᠮ᠎ᠡ ᠬᠠᠯᠠᠭᠤᠨ ᠬᠦᠶ᠋ᠯᠡᠰᠦᠨ ᠪᠣᠷᠣᠭᠠᠨ ᠤ ᠤᠯᠠᠷᠢᠯ ᠳᠤ ᠴᠢᠭᠢᠭ ᠢ ᠠᠷᠢᠯᠭᠠᠬᠤ ᠴᠢᠳᠠᠯ ᠢ ᠬᠡᠷᠡᠭᠯᠡᠵᠦ᠂ ᠰᠠᠯᠭᠠᠵᠤ ᠬᠡᠷᠡᠭᠯᠡᠪᠡᠯ ᠴᠠᠬᠢᠯᠭᠠᠨ ᠬᠦᠴᠦ ᠶᠢ ᠠᠷᠪᠢᠯᠠᠳᠠᠭ᠃ ︵ᠲᠠᠪᠤ︶ ᠠᠮᠢᠳᠤᠷᠠᠯ  ᠤᠨ  ᠡᠨᠧᠷᠺᠢ ᠠᠷᠪᠢᠯᠠᠵᠤ ᠣᠷᠴᠢᠨ ᠲᠣᠭᠤᠷᠢᠨ  ᠢ  ᠬᠠᠮᠠᠭᠠᠯᠠᠬᠤ ᠪᠠᠭ᠎ᠠ ᠮᠡᠳᠡᠯᠭᠡ    1. ᠮᠠᠰᠢᠨ ᠲᠡᠷᠭᠡ ᠬᠤᠳᠠᠯᠳᠤᠨ ᠠᠪᠬᠤ ᠳᠤ ᠭᠠᠳᠠᠭᠰᠢᠯᠠᠭᠤᠯᠬᠤ ᠬᠡᠮᠵᠢᠶ᠎ᠡ ᠪᠠᠷ ᠪᠠᠭ᠎ᠠ ᠣᠷᠴᠢᠨ ᠠᠬᠤᠶ ᠶᠢ ᠬᠠᠮᠠᠭᠠᠯᠠᠬᠤ ᠬᠡᠯᠪᠡᠷᠢ ᠶᠢᠨ ᠮᠠᠰᠢᠨ ᠲᠡᠷᠭᠡ ᠬᠤᠳᠠᠯᠳᠤᠨ ᠠᠪᠴᠤ ᠪᠣᠯᠤᠨ᠎ᠠ᠂ ᠭᠠᠳᠠᠭᠰᠢ ᠭᠠᠷᠬᠤ ᠳᠤ ᠬᠡᠷᠪᠡ ᠣᠷᠣ ᠳᠡᠪᠢᠰᠬᠡᠷ ᠨᠢ ᠬᠦᠨᠳᠦ ᠪᠢᠰᠢ ᠪᠣᠯ᠂ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠪᠣᠯᠬᠤ ᠵᠠᠮ ᠤᠨ ᠬᠡᠰᠡᠭ ᠲᠤ ᠠᠯᠢ ᠴᠢᠳᠠᠬᠤ ᠪᠠᠷ ᠲᠡᠷᠭᠡ ᠵᠢᠯᠣᠭᠤᠳᠬᠤ ᠥᠬᠡᠶ ᠪᠠᠶᠢᠵᠤ ᠪᠣᠯᠤᠨ᠎ᠠ᠂ ᠬᠡᠷᠪᠡ ᠵᠠᠮ ᠨᠢ ᠳᠡᠮᠡᠶ ᠬᠤᠯᠠ ᠥᠬᠡᠶ ᠪᠣᠯ ᠳᠤᠭᠤᠶ ᠲᠡᠷᠭᠡ ᠤᠨᠤᠬᠤ ᠪᠤᠶᠤ ᠶᠠᠪᠠᠭᠠᠨ ᠶᠠᠪᠤᠬᠤ ᠶᠢ ᠰᠠᠨᠠᠭᠠᠴᠢᠯᠠᠨ᠎ᠠ᠃    2. ᠬᠡᠷ ᠤᠨ ᠪᠣᠶ ᠪᠥᠬᠦᠶ ᠴᠠᠬᠢᠯᠭᠠᠨ ᠬᠡᠷᠡᠭᠰᠡᠯ ᠵᠢᠴᠢ ᠠᠯᠪᠠᠨ ᠬᠡᠷ ᠤᠨ ᠴᠠᠬᠢᠯᠭᠠᠨ ᠬᠡᠷᠡᠭᠰᠡᠯ ᠢ ᠬᠡᠷᠡᠭᠯᠡᠵᠦ ᠪᠠᠷᠠᠭᠰᠠᠨ ᠤ ᠳᠠᠷᠠᠭ᠎ᠠ ᠭᠠᠷ ᠤᠨ ᠠᠶ᠎ᠠ ᠪᠠᠷ ᠴᠠᠬᠢᠯᠭᠠᠨ ᠡᠭᠦᠰᠭᠡᠭᠴᠢ ᠶᠢ ᠬᠠᠭᠠᠬᠤ ᠬᠡᠷᠡᠭᠲᠡᠶ᠂ ᠴᠠᠬᠢᠯᠭᠠᠨ ᠬᠡᠷᠡᠭᠰᠡᠯ ᠢ ᠣᠷᠳᠣ ᠬᠤᠭᠤᠴᠠᠭ᠎ᠠ ᠪᠠᠷ ᠲᠣᠬᠢᠶᠠᠯ ᠬᠦᠯᠢᠶᠡᠬᠦ ᠪᠠᠶᠢᠳᠠᠯ ᠳᠤ ᠪᠠᠶᠢᠯᠭᠠᠵᠤ ᠪᠣᠯᠬᠤ ᠥᠬᠡᠶ᠃    3. ᠠᠭᠠᠷ ᠲᠣᠬᠢᠷᠠᠭᠤᠯᠤᠭᠴᠢ ᠶᠢᠨ ᠳᠤᠯᠠᠭᠠᠨ ᠤ ᠬᠡᠮᠵᠢᠶ᠎ᠡ ᠶᠢ 24~28 ᠭᠷᠠᠳᠦ᠋ᠰ ᠤᠨ ᠬᠤᠭᠤᠷᠣᠨᠳᠣ ᠲᠣᠬᠢᠷᠠᠭᠤᠯᠵᠤ᠂ ᠴᠠᠬᠢᠯᠭᠠᠨ ᠬᠥᠯᠳᠡᠭᠡᠭᠦᠷ ᠢ ᠠᠪᠬᠤ ᠳᠤ ᠴᠠᠬᠢᠯᠭᠠᠨ ᠠᠷᠪᠢᠯᠠᠬᠤ ᠬᠡᠯᠪᠡᠷᠢ ᠶᠢ ᠠᠪᠴᠤ᠂ ᠲᠧᠯᠸᠢᠰ ᠤᠨ ᠲᠠᠭᠤᠨ ᠤ ᠬᠡᠮᠵᠢᠶ᠎ᠡ ᠶᠢ ᠲᠣᠬᠢᠷᠠᠮᠵᠢᠲᠠᠶ ᠪᠠᠶᠢᠯᠭᠠᠨ᠎ᠠ᠃    4. ᠠᠯᠢ ᠴᠢᠳᠠᠬᠤ ᠪᠠᠷ ᠨᠢᠭᠡ ᠯᠡ ᠤᠳᠠᠭ᠎ᠠ ᠬᠡᠷᠡᠭᠯᠡᠬᠦ ᠬᠤᠭᠤᠯᠠᠨ ᠤ ᠬᠠᠶᠢᠷᠴᠠᠭ᠂ ᠰᠠᠪᠬ᠎ᠠ᠂ ᠰᠦᠯᠢᠶᠣᠣ ᠤᠭᠤᠲᠠ᠂ ᠵᠡᠭᠡᠯᠢ ᠳᠤ ᠭᠠᠷᠴᠤ ᠶᠠᠭᠤᠮ᠎ᠠ ᠬᠤᠳᠠᠯᠳᠤᠨ ᠠᠪᠬᠤ ᠳᠤ ᠥᠪᠡᠷ ᠢᠶᠠᠨ ᠪᠡᠯᠡᠳᠬᠡᠭᠰᠡᠨ ᠪᠥᠰ ᠤᠭᠤᠲᠠ ᠪᠤᠶᠤ ᠰᠠᠭᠰᠤ ᠪᠡᠯᠡᠳᠬᠡᠬᠦ ᠥᠬᠡᠶ ᠪᠠᠶᠢᠵᠤ᠂ ᠬᠤᠭᠤᠯᠠᠨ ᠤ ᠴᠠᠭᠠᠰᠤ ᠬᠡᠷᠡᠭᠯᠡᠬᠦ ᠥᠬᠡᠶ ᠪᠠᠷ ᠵᠢᠵᠢᠭ ᠭᠠᠷ ᠠᠯᠴᠢᠭᠤᠷ ᠬᠡᠷᠡᠭᠯᠡᠬᠦ ᠳᠠᠳᠬᠠᠯ ᠲᠠᠢ ᠪᠣᠯᠬᠤ ᠬᠡᠷᠡᠭᠲᠡᠶ᠃      5. ᠳᠠᠷᠤᠮᠠᠯᠯᠠᠬᠤ ᠮᠠᠰᠢᠨ ᠤ ᠬᠠᠵᠠᠭᠤ ᠳᠤ ᠨᠢᠭᠡᠨ ᠬᠠᠶᠠᠭᠳᠠᠮᠠᠯ ᠴᠠᠭᠠᠰᠤ ᠬᠠᠳᠠᠭᠠᠯᠠᠬᠤ ᠬᠠᠶᠢᠷᠴᠠᠭ ᠪᠡᠯᠡᠳᠬᠡᠪᠡᠯ ᠂ ᠳᠠᠪᠲᠠᠨ ᠠᠰᠢᠭᠯᠠᠵᠤ ᠪᠣᠯᠬᠤ ᠳᠠᠷᠤᠮᠠᠯᠯᠠᠬᠤ ᠴᠠᠭᠠᠰᠤ ᠶᠢ ᠵᠠᠪᠠᠯ ᠳᠠᠪᠲᠠᠨ ᠠᠰᠢᠭᠯᠠᠵᠤ᠂ ᠲᠠᠬᠢᠨ ᠠᠰᠢᠭᠯᠠᠵᠤ ᠪᠣᠯᠬᠤ ᠦᠭᠡᠢ ᠡᠯ᠎ᠡ ᠵᠦᠢᠯ ᠤᠨ ᠬᠠᠶᠠᠭᠳᠠᠮᠠᠯ ᠴᠠᠭᠠᠰᠤ ᠶᠢ ᠵᠠᠪᠠᠯ ᠬᠤᠷᠢᠶᠠᠨ ᠠᠪᠬᠤ ᠬᠤᠳᠠᠯᠳᠤᠭᠠᠴᠢᠨ ᠳᠤ ᠲᠤᠰᠢᠶᠠᠬᠤ ᠬᠡᠷᠡᠭᠲᠡᠶ᠂ ᠵᠣᠭᠤᠰ ᠬᠡᠳᠦᠶ ᠪᠠᠶᠢᠭᠰᠠᠨ ᠴᠤ ᠠᠷᠪᠢᠯᠠᠨ ᠭᠠᠮᠨᠠᠬᠤ ᠨᠢ ᠬᠠᠮᠤᠭ ᠤᠨ ᠴᠢᠬᠤᠯᠠ ᠶᠤᠮ᠃    ᠵᠢᠷᠤᠭ    6. ᠲᠤᠲᠤᠷᠭ᠎ᠠ ᠶᠢᠨ ᠤᠰᠤ ᠶᠢ ᠳᠤᠷ᠎ᠠ ᠪᠠᠷ ᠢᠶᠠᠨ ᠠᠰᠬᠠᠵᠤ ᠪᠣᠯᠬᠤ ᠥᠬᠡᠶ᠂ ᠬᠤᠸᠠᠷ ᠴᠡᠴᠡᠭ᠂ ᠨᠢᠭᠤᠷ ᠨᠢᠭᠤᠷ᠂ ᠠᠶᠠᠭ᠎ᠠ ᠤᠬᠢᠶᠠᠬᠤ ᠳᠤ ᠬᠡᠷᠡᠭᠯᠡᠵᠦ ᠪᠣᠯᠤᠨ᠎ᠠ᠂ ᠥᠩ ᠰᠢᠮ᠎ᠡ ᠲᠠᠢ᠂ ᠭᠬᠢᠷ ᠪᠤᠷᠲᠠᠭ ᠢ ᠠᠷᠢᠯᠭᠠᠬᠤ ᠳᠤ ᠵᠥᠭᠡᠯᠡᠨ ᠮᠥᠷᠲᠡᠭᠡᠨ ᠤᠰᠤᠨ ᠤ ᠴᠢᠨᠠᠷ ᠢ ᠴᠤ ᠪᠣᠬᠢᠷᠲᠤᠭᠤᠯᠬᠤ ᠥᠬᠡᠶ᠃ ᠤᠤᠭᠤᠵᠤ ᠳᠡᠶᠢᠯᠬᠦ ᠦᠭᠡᠢ ᠮᠢᠨᠲᠤᠤᠷ ᠤᠨ ᠱᠥᠯᠥ᠂ ᠪᠠᠩᠰᠢ ᠶᠢᠨ ᠱᠥᠯᠥ ᠳᠤ ᠪᠠᠰᠠ ᠵᠣᠬᠢᠬᠤ ᠬᠡᠮᠵᠢᠶᠡᠨ ᠤ ᠲᠣᠰᠣᠨ ᠤ ᠭᠬᠢᠷ ᠢ ᠠᠷᠢᠯᠭᠠᠬᠤ ᠦᠢᠯᠡᠳᠦᠯ ᠲᠠᠢ ᠲᠤᠯᠠ ᠠᠶᠠᠭ᠎ᠠ ᠰᠠᠪᠬ᠎ᠠ ᠪᠠᠨ ᠤᠬᠢᠶᠠᠵᠤ ᠪᠣᠯᠤᠨ᠎ᠠ᠃ ᠤᠬᠢᠶᠠᠯᠭ᠎ᠠ ᠶᠢᠨ ᠡᠳ᠋ ᠤᠨ ᠤᠰᠤᠨ ᠤ ᠴᠢᠨᠠᠷ ᠢ ᠪᠣᠬᠢᠷᠲᠤᠭᠤᠯᠬᠤ ᠪᠠ ᠬᠥᠮᠦᠨ ᠤ ᠪᠡᠶ᠎ᠡ ᠳᠤ ᠬᠤᠷᠠᠮᠳᠤᠬᠤ ᠶᠢ ᠪᠠᠭᠠᠰᠬᠠᠨ᠎ᠠ᠃    7. ᠹᠣᠰᠹᠣᠷ ᠠᠭᠤᠯᠬᠤ ᠤᠬᠢᠶᠠᠯᠭ᠎ᠠ ᠶᠢᠨ ᠡᠳ᠋ ᠢ ᠬᠡᠷᠡᠭᠯᠡᠬᠦ ᠦᠭᠡᠢ᠂ ᠵᠥᠪᠬᠡᠨ ᠹᠣᠰᠹᠣᠷ ᠦᠭᠡᠢ ᠤᠬᠢᠶᠠᠯᠭ᠎ᠠ ᠶᠢᠨ ᠡᠳ᠋ ᠢ ᠬᠡᠷᠡᠭᠯᠡᠨ᠎ᠡ᠃ ᠴᠠᠭ ᠪᠣᠯᠤᠮᠵᠢᠲᠠᠶ᠂ ᠲᠠᠮᠢᠷ ᠲᠡᠩᠬᠡᠭᠡ ᠲᠠᠢ ᠪᠣᠯ ᠴᠢᠳᠠᠬᠤ ᠶᠢᠨ ᠬᠢᠷᠢ ᠪᠠᠷ ᠭᠠᠷ ᠢᠶᠠᠷ ᠬᠤᠪᠴᠠᠰᠤ ᠤᠬᠢᠶᠠᠵᠤ᠂ ᠴᠠᠬᠢᠯᠭᠠᠨ ᠠᠷᠪᠢᠯᠠᠬᠤ ᠮᠥᠷᠲᠡᠭᠡᠨ ᠤᠰᠤᠨ ᠳᠤ ᠠᠷᠪᠢᠲᠠᠶ᠃      8. ᠬᠡᠷ ᠲᠡᠭᠡᠨ ᠬᠡᠳᠦᠨ ᠪᠣᠬᠢᠷ ᠤᠰᠤᠨ ᠤ ᠰᠠᠭᠤᠯᠠᠭ᠎ᠠ ᠪᠡᠯᠡᠳᠬᠡᠵᠦ᠂ ᠡᠯ᠎ᠡ ᠵᠤᠶᠢᠯ ᠤᠨ ᠤᠬᠢᠶᠠᠯᠭ᠎ᠠ ᠶᠢᠨ ᠬᠠᠶᠠᠭᠳᠠᠮᠠᠯ ᠤᠰᠤ ᠶᠢ ᠴᠤᠭᠯᠠᠭᠤᠯᠵᠤ᠂ ᠵᠣᠷᠯᠣᠩ ᠢ ᠤᠬᠢᠶᠠᠬᠤ ᠳᠤ ᠬᠡᠷᠡᠭᠯᠡᠨ᠎ᠡ᠃  ︵ᠵᠢᠷᠭᠤᠭ᠎ᠠ︶ ᠡᠨᠧᠷᠭᠢ ᠠᠷᠪᠢᠯᠠᠵᠤ ᠣᠷᠴᠢᠨ ᠠᠬᠤᠶ ᠶᠢ ᠬᠠᠮᠠᠭᠠᠯᠠᠬᠤ ᠰᠣᠩᠭᠤᠳᠠᠭ ᠮᠡᠳᠡᠯᠭᠡ    ᠬᠤᠸᠠᠷ ᠫᠤᠤᠵᠢᠩ ᠲᠠᠯᠪᠢᠬᠤ ᠥᠬᠡᠶ︔    ᠬᠤᠶᠠᠷ ᠲᠠᠯ᠎ᠠ ᠳᠤᠨᠢ ᠴᠠᠭᠠᠰᠤ ᠶᠢ ᠬᠡᠷᠡᠭᠯᠡᠨ᠎ᠡ︔    ᠠᠮᠤ ᠪᠤᠳᠠᠭ᠎ᠠ ᠶᠢ ᠭᠠᠮᠨᠠᠬᠤ︔    ᠨᠢᠭᠡ ᠯᠡ ᠤᠳᠠᠭ᠎ᠠ ᠬᠡᠷᠡᠭᠯᠡᠬᠦ ᠬᠡᠷᠡᠭᠰᠡᠯ ᠢ ᠬᠡᠷᠡᠭᠯᠡᠬᠦ ᠶᠢ ᠲᠡᠪᠴᠢᠬᠦ︔    ᠬᠡᠷᠡᠭᠯᠡᠭᠡᠨ ᠤ ᠮᠢᠬᠠᠨ ᠤ ᠵᠦᠢᠯ ᠢ ᠲᠣᠬᠢᠷᠠᠮᠵᠢᠲᠠᠶ ᠪᠠᠶᠢᠯᠭᠠᠬᠤ ᠬᠡᠷᠡᠭᠲᠡᠶ︔    ᠤᠰᠤᠨ ᠭᠤᠭᠤᠵᠢᠭᠤᠷ ᠎ ᠢ ᠭᠠᠷ ᠤᠨ ᠠᠶ᠎ᠠ ᠪᠠᠷ ᠬᠠᠭᠠᠬᠤ︔    ᠭᠠᠷ ᠤᠨ ᠠᠶ᠎ᠠ ᠪᠠᠷ ᠳ᠋ᠧᠩ ᠢ ᠤᠨᠲᠠᠷᠠᠭᠠᠵᠤ᠂ ᠴᠠᠬᠢᠯᠭᠠᠨ ᠢ ᠠᠷᠪᠢᠯᠠᠨ᠎ᠠ︔    ᠬᠡᠲᠦᠷᠬᠡᠶ ᠪᠣᠭᠤᠳᠠᠯᠯᠠᠬᠤ ᠶᠢ ᠲᠡᠪᠴᠢᠬᠦ︔    ᠤᠰᠤ ᠠᠷᠪᠢᠯᠠᠬᠤ ᠬᠡᠯᠪᠡᠷᠢ ᠶᠢᠨ ᠪᠠᠭᠠᠵᠢ ᠬᠡᠷᠡᠭᠰᠡᠯ ᠢ ᠬᠡᠷᠡᠭᠯᠡᠬᠦ︔    ᠬᠤᠪᠣᠷ ᠨᠠᠨᠳᠢᠨ ᠮᠣᠳᠣᠨ ᠮᠠᠲ᠋ᠧᠷᠢᠶᠠᠯ ᠤᠨ ᠪᠦᠲᠦᠭᠡᠭᠳᠡᠬᠦᠨ ᠢ ᠬᠡᠷᠡᠭᠯᠡᠬᠦ ᠶᠢ ᠲᠡᠪᠴᠢᠬᠦ︔    ᠠᠯᠢ ᠴᠢᠳᠠᠬᠤ ᠪᠠᠷ ᠳᠠᠬᠢᠨ ᠡᠭᠦᠰᠴᠦ ᠪᠣᠯᠬᠤ ᠪᠣᠳᠠᠰ ᠢ ᠬᠡᠷᠡᠭᠯᠡᠨ᠎ᠡ᠃    ᠡᠨᠧᠷᠭᠢ ᠠᠷᠪᠢᠯᠠᠬᠤ ᠬᠡᠯᠪᠡᠷᠢ ᠶᠢᠨ ᠳ᠋ᠧᠩ ᠤᠨ ᠬᠡᠷᠡᠭᠰᠡᠯ ᠢ ᠬᠡᠷᠡᠭᠯᠡᠬᠦ︔    ᠭᠡᠷ ᠪᠠᠶᠢᠰᠢᠩ ᠤᠨ ᠵᠠᠰᠠᠯ ᠴᠢᠮᠡᠭᠯᠡᠯ ᠢ ᠳᠥᠭᠦᠮᠴᠢᠯᠡᠨ᠎ᠡ︔    ᠬᠠᠭᠤᠴᠢᠨ ᠢ ᠵᠠᠰᠠᠵᠤ ᠬᠠᠶᠠᠭᠳᠠᠯ ᠢ ᠠᠰᠢᠭᠯᠠᠬᠤ︔    ᠰᠠᠪᠤᠩ ᠢ ᠢᠯᠡᠭᠦᠦ ᠬᠡᠷᠡᠭᠯᠡᠵᠦ᠂ ᠤᠬᠢᠶᠠᠯᠭ᠎ᠠ ᠶᠢᠨ ᠡᠳ᠋ ᠢ ᠪᠠᠭ᠎ᠠ ᠬᠡᠷᠡᠭᠯᠡᠨ᠎ᠡ︔    ᠡᠰᠢ ᠰᠦᠷᠡᠯ ᠢ ᠰᠢᠲᠠᠭᠠᠬᠤ ᠥᠬᠡᠶ︔    ᠬᠡᠭᠡᠷ᠎ᠡ ᠶᠢᠨ ᠠᠮᠢᠲᠠᠨ ᠤ ᠴᠢᠯᠥᠭᠡᠲᠦ ᠠᠮᠢᠳᠤᠷᠠᠯ ᠢ ᠬᠠᠷᠰᠢᠯᠠᠬᠤ ᠦᠭᠡᠶ ᡽᠃    ᠲᠠᠷᠢᠶᠠᠨ ᠲᠠᠬᠢᠶ᠎ᠠ ᠶᠢ ᠢᠳᠡᠬᠦ ᠦᠭᠡᠢ᠂ ᠮᠡᠯᠡᠬᠡᠶ ᠶᠢ ᠬᠠᠮᠠᠭᠠᠯᠠᠵᠤ ᠲᠠᠷᠢᠶᠠᠴᠢᠳ ᠢ ᠬᠠᠮᠠᠭᠠᠯᠠᠨ᠎ᠠ︔    ᠰᠢᠪᠠᠭᠤ ᠶᠢ ᠦᠵᠡᠬᠦ ᠶᠢ ᠡᠷᠬᠢᠮᠯᠡᠵᠦ᠂ ᠪᠣᠭᠤᠮᠲᠠ ᠶᠢᠨ ᠰᠢᠪᠠᠭᠤ ᠶᠢ ᠡᠰᠡᠷᠭᠦᠴᠡᠬᠦ︔    ᠬᠡᠭᠡᠷ᠎ᠡ ᠶᠢᠨ ᠠᠮᠢᠲᠠᠨ ᠢ ᠥᠯᠥ ᠢᠳᠡᠬᠦ᠃ ᡽    ᠺᠠᠷᠲ ᠢ ᠨᠢ ᠬᠠᠰᠤᠵᠤ ᠮᠣᠳᠣ ᠶᠢ ᠨᠢ ᠠᠪᠤᠷᠠᠬᠤ︔    ᠬᠡᠭᠡᠷ᠎ᠡ ᠶᠢᠨ ᠠᠷᠢᠶᠠᠲᠠᠨ ᠤ ᠠᠷᠠᠰᠤ ᠪᠠᠷ ᠬᠢᠭᠰᠡᠨ ᠬᠤᠪᠴᠠᠰᠤ ᠶᠢ ᠡᠮᠦᠰᠬᠦ ᠦᠭᠡᠢ︔    ᠭᠤᠣᠯ ᠮᠥᠷᠡᠨ ᠨᠠᠭᠤᠷ ᠴᠥᠭᠦᠷᠥᠮ ᠳᠤ ᠵᠢᠭᠠᠰᠤ ᠭᠥᠬᠢᠳᠡᠬᠦ ᠦᠭᠡᠢ︔    ᠯᠠᠵᠠᠯᠠᠭᠰᠠᠨ ᠢᠳᠡᠭᠡᠨ᠂ ᠤᠮᠳᠠᠭᠠᠨ ᠢ ᠪᠠᠭ᠎ᠠ ᠬᠡᠷᠡᠭᠯᠡᠨ᠎ᠡ︔    ᠬᠡᠭᠡᠷ᠎ᠡ ᠶᠢᠨ ᠠᠮᠢᠲᠠᠨ ᠤ ᠪᠦᠲᠦᠭᠡᠭᠳᠡᠬᠦᠨ ᠬᠤᠳᠠᠯᠳᠤᠨ ᠠᠪᠬᠤ ᠦᠭᠡᠢ᠃
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2