ᠨᠢᠭᠡ᠂ ᠲᠣᠭᠲᠠᠭᠠᠭᠰᠠᠨ ᠠᠬᠤᠢ ᠪᠠᠶᠢᠳᠠᠯ | ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠡᠯ︾ ᠤᠨ ᠬᠠᠨᠳᠢᠪ ᠴᠤᠭᠯᠠᠭᠤᠯᠬᠤ ᠠᠵᠢᠯᠯᠠᠭ᠎ᠠ ᠪᠣᠯ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠥᠪᠡᠷᠲᠡᠭᠡᠨ ᠵᠠᠰᠠᠬᠤ ᠣᠷᠣᠨ ᠤ | ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠲᠤ ᠨᠠᠶᠢᠳᠠᠵᠤ ᠪᠥᠬᠦ ᠣᠷᠣᠨ ᠤ ᠬᠡᠪᠴᠢᠶᠡᠨ ᠳᠤ ᠥᠷᠨᠢᠭᠦᠯᠦᠭᠰᠡᠨ ᠨᠢᠭᠡ | ᠵᠦᠢᠯ ᠤᠨ ᠬᠦᠴᠢᠷᠳᠡᠯᠲᠡᠢ ᠣᠯᠠᠨ ᠲᠦᠮᠡᠨ ᠢ ᠣᠷᠳᠣ ᠬᠤᠭᠤᠴᠠᠭ᠎ᠠ ᠪᠠᠷ ᠠᠩᠬᠠᠷᠤᠨ ᠬᠠᠯᠠᠮᠵᠢᠯᠠᠵᠤ᠂ ᠬᠥᠮᠥᠡᠯᠢᠭ | ᠠᠪᠤᠷᠠᠨ ᠲᠤᠰᠠᠯᠠᠬᠤ ᠠᠵᠢᠯ ᠢ ᠥᠷᠨᠢᠭᠦᠯᠦᠭᠰᠡᠨ ᠨᠡᠶᠢᠭᠡᠮ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠪᠣᠯᠣᠨ᠎ᠠ᠃ | ᠮᠠᠨ ᠤ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ 2006 ᠣᠨ ᠳᠤ ᠡᠨᠡ ᠬᠦ ᠠᠵᠢᠯᠯᠠᠭ᠎ᠠ ᠶᠢ | ᠥᠷᠨᠢᠭᠦᠯᠦᠭᠰᠡᠨ ᠠᠴᠠ ᠨᠠᠰᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠠᠷᠠᠳ ᠤᠨ ᠠᠮᠢᠳᠤᠷᠠᠯ ᠢ | ᠰᠠᠶᠢᠵᠢᠷᠠᠭᠤᠯᠬᠤ ᠲᠣᠭᠤᠷᠢᠨ ᠳᠤ᠂ ᠭᠠᠮᠰᠢᠭ ᠠᠴᠠ ᠠᠪᠤᠷᠠᠨ ᠲᠤᠰᠠᠯᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ᠂ ᠬᠦᠨᠳᠦ ᠡᠪᠡᠳᠴᠢᠨ ᠪᠣᠯᠣᠨ ᠬᠦᠴᠢᠷᠳᠡᠯ ᠲᠠᠢ ᠠᠵᠢᠯᠲᠠᠨ ᠠᠵᠢᠯᠴᠢᠨ ᠢ ᠠᠪᠤᠷᠠᠨ ᠲᠤᠰᠠᠯᠠᠬᠤ ᠵᠡᠷᠭᠡ | ᠠᠵᠢᠯ ᠢ ᠢᠳᠡᠪᠬᠢᠲᠡᠢ ᠥᠷᠨᠢᠭᠦᠯᠵᠦ᠂ ︽ᠭᠡᠭᠡᠨ ᠰᠠᠷᠠᠭᠤᠯ ᠠᠵᠢᠯᠯᠠᠭ᠎ᠠ︾᠂ ︽ᠲᠦᠭᠡᠮᠡᠯ ᠬᠠᠶᠢᠷ᠎ᠠ ᠶᠢᠨ ᠭᠡᠷ ᠣᠷᠣᠨ | ︾᠂ ︽ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠴᠢᠭ᠋︾ ᠵᠡᠷᠭᠡ ᠲᠥᠷᠥᠯ ᠵᠦᠢᠯ ᠢ | ᠰᠠᠨᠠᠭᠠᠴᠢᠯᠠᠭ᠎ᠠ ᠠᠴᠠ ᠪᠠᠨ ᠬᠡᠷᠡᠭᠵᠢᠭᠦᠯᠵᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠳᠤᠲᠠᠭᠤᠳᠠᠯ ᠢ | ᠨᠥᠬᠦᠪᠦᠷᠢᠯᠡᠬᠦ ᠶᠡᠭᠡ ᠬᠡᠮᠵᠢᠶᠡᠨ ᠤ ᠰᠠᠶᠢᠨ ᠶᠠᠪᠤᠳᠠᠯ᠂ ᠪᠣᠳᠠᠲᠤ ᠶᠠᠪᠤᠳᠠᠯ ᠢ ᠬᠢᠵᠦ᠂ ᠨᠠᠮ ᠪᠠ ᠵᠠᠰᠠᠭ ᠤᠨ | ᠣᠷᠳᠣᠨ ᠤ ᠬᠥᠮᠥᠡᠯᠢᠭ ᠦᠵᠡᠯ ᠤᠨ ᠬᠦᠷᠢᠶᠡᠨ ᠳᠠᠬᠢ ᠬᠠᠪᠰᠤᠷᠤᠭᠴᠢ ᠪᠠ ᠣᠯᠠᠨ ᠲᠦᠮᠡᠨ ᠲᠠᠢ ᠬᠠᠷᠢᠯᠴᠠᠬᠤ | ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠪᠠ᠃ ᠣᠳᠣᠬᠠᠨ ᠳᠤ᠂ ᠪᠦᠬᠦ ᠬᠤᠲᠠ ᠨᠢ | ᠪᠦᠬᠦ ᠬᠦᠴᠦᠨ ᠢᠶᠠᠷ ᠢᠶᠠᠨ ᠬᠥᠭᠵᠢᠯᠲᠡ ᠶᠢᠨ ᠠᠯᠬᠤᠴᠠ ᠪᠠᠨ ᠲᠦᠷᠭᠡᠳᠬᠡᠵᠦ ᠪᠤᠢ᠂ ᠭᠡᠪᠡᠴᠦ ᠬᠥᠭᠵᠢᠯᠲᠡ ᠶᠢᠨ | ᠳᠤᠮᠳᠠᠬᠢ ᠵᠠᠷᠢᠮ ᠲᠡᠩᠴᠡᠭᠦᠷᠢ ᠦᠭᠡᠢ᠂ ᠭᠦᠢᠴᠡᠳ ᠦᠭᠡᠢ ᠠᠰᠠᠭᠤᠳᠠᠯ ᠮᠥᠨ ᠯᠡ ᠣᠷᠣᠰᠢᠭᠰᠠᠭᠠᠷ ᠪᠠᠶᠢᠨ᠎ᠠ᠂ | ᠢᠯᠠᠩᠭᠤᠶ᠎ᠠ ᠵᠠᠷᠢᠮ ᠬᠦᠴᠢᠷᠳᠡᠯᠲᠡᠢ ᠣᠯᠠᠨ ᠲᠦᠮᠡᠨ ᠨᠠᠮ ᠪᠠ ᠵᠠᠰᠠᠭ ᠤᠨ ᠣᠷᠳᠣᠨ ᠤ ᠠᠩᠬᠠᠷᠤᠯ ᠢ ᠲᠠᠲᠠᠵᠤ᠂ | ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠠᠶᠢᠷ᠎ᠠ ᠬᠠᠯᠠᠮᠵᠢ ᠶᠢ ᠱᠠᠭᠠᠷᠳᠠᠵᠤ ᠪᠠᠶᠢᠨ᠎ᠠ᠃ ᠤᠯᠠᠭᠠᠨ ᠵᠠᠭᠠᠯᠮᠠᠶᠢᠲᠠᠨ ᠤ | ᠨᠡᠶᠢᠭᠡᠮᠯᠢᠭ ᠨᠢ ᠨᠠᠮ ᠤᠨ ᠤᠳᠤᠷᠢᠳᠤᠯᠭ᠎ᠠ ᠳᠣᠣᠷᠠᠬᠢ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠪᠠ | ᠬᠦᠴᠢᠷᠳᠡᠯᠲᠡᠢ ᠣᠯᠠᠨ ᠲᠦᠮᠡᠨ ᠳᠤ ᠦᠢᠯᠡᠴᠢᠯᠡᠬᠦ ᠬᠥᠭᠦᠷᠭᠡ ᠬᠤᠯᠪᠣᠭᠠᠰᠤ ᠪᠣᠯᠤᠭᠰᠠᠨ ᠤ ᠬᠤᠪᠢ ᠳᠤ᠂ ᠨᠢᠭᠡ | ᠲᠠᠯ᠎ᠠ ᠪᠠᠷ ᠬᠠᠶᠢᠷ᠎ᠠ ᠬᠠᠯᠠᠮᠵᠢ ᠶᠢᠨ ᠬᠥᠮᠥᠰ ᠢ ᠬᠤᠯᠪᠣᠵᠤ᠂ ᠨᠥᠭᠦᠭᠡ ᠲᠠᠯ᠎ᠠ ᠪᠠᠷ ᠲᠤᠰᠠᠯᠠᠮᠵᠢ ᠭᠥᠷᠳᠡᠬᠦ | ᠬᠠᠮᠲᠤᠯᠢᠭ ᠢ ᠬᠤᠯᠪᠣᠵᠤ᠂ ᠣᠳᠣᠬᠠᠨ ᠤ ᠬᠥᠭᠵᠢᠯᠲᠡ ᠶᠢᠨ ᠱᠠᠭᠠᠷᠳᠠᠯᠭ᠎ᠠ ᠳᠤ ᠨᠡᠶᠢᠴᠡᠭᠦᠯᠦᠨ᠂ ᠮᠠᠨ ᠤ ᠬᠤᠲᠠ ᠶᠢᠨ | ᠪᠥᠬᠦ ᠲᠠᠯ᠎ᠠ ᠶᠢᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠵᠦ ᠪᠠᠶᠢᠨ᠎ᠠ᠃ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠠᠤᠯᠢ︾ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠢᠭᠦᠯᠡᠰᠦᠩᠭᠦᠢ ᠶᠢᠨ ᠬᠠᠤᠯᠢ︾ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠳᠦᠷᠢᠮ︾ ᠵᠡᠷᠭᠡ | ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠪᠡᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠬᠠᠨᠳᠢᠪ | ᠴᠤᠭᠯᠠᠭᠤᠯᠬᠤ ᠠᠵᠢᠯᠯᠠᠭ᠎ᠠ ᠥᠷᠨᠢᠭᠦᠯᠵᠦ ᠪᠣᠯᠣᠨ᠎ᠠ᠃ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠠᠤᠯᠢ ᠶᠣᠰᠣᠭᠠᠷ | ᠬᠠᠨᠳᠢᠪ ᠴᠤᠭᠯᠠᠭᠤᠯᠬᠤ ᠠᠵᠢᠯᠯᠠᠭ᠎ᠠ ᠥᠷᠨᠢᠭᠦᠯᠬᠦ ᠶᠢ ᠨᠠᠩ ᠰᠠᠶᠢᠲᠤᠷ ᠪᠠᠲᠤᠯᠠᠬᠤ ᠶᠢᠨ ᠲᠥᠯᠥᠭᠡ᠂ ᠤᠯᠠᠭᠠᠨᠴᠠᠪ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠠᠴᠠ 2023 ᠣᠨ ᠤ ︽ᠲᠦᠭᠡᠮᠡᠯ ᠬᠠᠶᠢᠷ᠎ᠠ ᠶᠢᠨ | ᠨᠢᠭᠡ ᠡᠳᠦᠷ ᠤᠨ ᠬᠠᠨᠳᠢᠪᠯᠡᠯ︾ ᠤᠨ ᠠᠵᠢᠯᠯᠠᠭ᠎ᠠ ᠥᠷᠨᠢᠭᠦᠯᠬᠦ ᠲᠤᠬᠠᠢ ᠮᠡᠳᠡᠭᠳᠡᠯ ᠤᠨ ᠪᠢᠴᠢᠭ ᠮᠠᠲ᠋ᠧᠷᠢᠶᠠᠯ ᠢ | ᠳᠠᠷᠤᠮᠠᠯᠯᠠᠨ ᠲᠠᠷᠬᠠᠭᠠᠪᠠ᠃ | ᠬᠤᠶᠠᠷ᠂ ᠬᠡᠷᠡᠭᠯᠡᠬᠦ ᠬᠡᠪᠴᠢᠶ᠎ᠡ | ︽ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ ᠤᠨ ︿ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠡᠯ﹀ ᠤᠨ ᠬᠠᠨᠳᠢᠪ | ᠴᠤᠭᠯᠠᠭᠤᠯᠬᠤ ᠠᠵᠢᠯᠯᠠᠭ᠎ᠠ ᠶᠢᠨ ᠠᠵᠢᠯ ᠢ ᠦᠷᠭᠦᠯᠵᠢᠯᠡᠨ ᠰᠠᠶᠢᠲᠤᠷ ᠬᠢᠬᠦ ᠲᠤᠬᠠᠢ ᠮᠡᠳᠡᠭᠳᠡᠯ︾ ︵ᠲᠢᠩᠬᠢᠮ | ᠲᠠᠷᠬᠠᠭᠠᠭᠰᠠᠨ ︹2013︺ ᠳ᠋ᠤᠭᠠᠷ︶ ᠤᠨ ᠪᠢᠴᠢᠭ ᠮᠠᠲ᠋ᠧᠷᠢᠶᠠᠯ ᠤᠨ ᠲᠣᠭᠲᠠᠭᠠᠯ ᠢ ᠦᠨᠳᠦᠰᠦᠯᠡᠪᠡᠯ᠂ | ᠣᠷᠣᠯᠴᠠᠬᠤ ᠬᠡᠪᠴᠢᠶ᠎ᠡ ᠨᠢ᠄ ᠪᠥᠬᠦ ᠬᠤᠲᠠ ᠶᠢᠨ ᠡᠯ᠎ᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ᠂ ᠠᠵᠢᠯ | ᠦᠢᠯᠡᠰ ᠤᠨ ᠨᠢᠭᠡᠴᠢ᠂ ᠠᠷᠠᠳ ᠤᠨ ᠪᠦᠯᠬᠦᠮ᠂ ᠠᠵᠤ ᠠᠬᠤᠶᠢᠯᠠᠯ ᠪᠠ ᠬᠤᠪᠢ ᠶᠢᠨ ᠠᠵᠤ ᠦᠢᠯᠡᠳᠪᠦᠷᠢ | ᠬᠤᠳᠠᠯᠳᠤᠭᠠᠨ ᠤ ᠡᠷᠦᠬᠡ᠂ ᠬᠤᠲᠠ ᠳᠤ ᠰᠠᠭᠤᠭ᠎ᠠ ᠡᠯ᠎ᠡ ᠨᠢᠭᠡᠴᠢ ᠶᠢᠨ ᠠᠵᠢᠯ ᠳᠤ ᠪᠠᠶᠢᠭ᠎ᠠ ᠠᠵᠢᠯᠲᠠᠨ ᠠᠵᠢᠯᠴᠢᠨ | ᠪᠣᠯᠣᠨ᠎ᠠ᠃ | ᠭᠤᠷᠪᠠ᠂ ᠭᠤᠣᠯ ᠠᠭᠤᠯᠭ᠎ᠠ | ︽2022 ᠣᠨ ᠤ ︿ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠡᠯ﹀ ᠤᠨ ᠠᠵᠢᠯᠯᠠᠭ᠎ᠠ ᠶᠢ ᠰᠠᠶᠢᠲᠤᠷ | ᠬᠢᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠥᠰᠥᠭ ︹2022︺ 43 ᠳ᠋ᠤᠭᠠᠷ ᠲᠣᠭᠠᠲᠤ︶᠂ ︽ | 2023 ᠣᠨ ᠤ ︿ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠡᠯ﹀ ᠤᠨ ᠠᠵᠢᠯᠯᠠᠭ᠎ᠠ ᠶᠢ ᠥᠷᠨᠢᠭᠦᠯᠬᠦ | ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ | ᠮᠡᠳᠡᠭᠳᠡᠯ︾ ︵ᠥᠪᠥᠷ ᠤᠯᠠᠭᠠᠨ ᠲᠠᠷᠬᠠᠭᠠᠭᠰᠠᠨ ︹2023︺ 15 ᠳ᠋ᠤᠭᠠᠷ ᠲᠣᠭᠠᠲᠤ︶ ᠢ ᠦᠨᠳᠦᠰᠦᠯᠡᠬᠦ ᠶᠢᠨ | ᠳᠠᠭᠠᠤ ︽ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ 2023 ᠣᠨ ᠤ ᠪᠥᠬᠦ | ᠬᠤᠲᠠ ᠶᠢᠨ ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪ ᠤᠨ ᠠᠵᠢᠯᠯᠠᠭ᠎ᠠ ᠥᠷᠨᠢᠭᠦᠯᠬᠦ ᠲᠤᠬᠠᠢ ᠮᠡᠳᠡᠭᠳᠡᠯ︾ | ︵ᠣᠷᠳᠣᠰ ᠵᠠᠰᠠᠭ ᠠᠯᠪᠠᠨ ᠲᠠᠷᠬᠠᠭᠠᠭᠰᠠᠨ ᠴᠠᠬᠢᠯᠭᠠᠨ ︹2023︺ 4 ᠳ᠋ᠤᠭᠡᠷ ᠲᠣᠭᠠᠲᠤ︶᠂ ︽ᠲᠦᠩᠯᠢᠶᠣᠣ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ 2023 ᠣᠨ ᠤ ︿ᠲᠦᠭᠡᠮᠡᠯ ᠬᠠᠶᠢᠷ᠎ᠠ ᠶᠢᠨ | ᠨᠢᠭᠡ ᠡᠳᠦᠷ ᠤᠨ ᠬᠠᠨᠳᠢᠪ ᠤᠨ ᠠᠵᠢᠯᠯᠠᠭ᠎ᠠ ᠥᠷᠨᠢᠭᠦᠯᠬᠦ ᠲᠤᠬᠠᠢ ᠮᠡᠳᠡᠭᠳᠡᠯ︾ ︵ᠵᠠᠰᠠᠭ ᠠᠯᠪᠠᠨ ᠥᠰᠥᠭ ︹ | 2023︺ 35 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠠᠷ ᠯᠠᠪᠯᠠᠯᠲᠠ ᠪᠣᠯᠭᠠᠵᠤ᠂ | ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ 2023 ᠣᠨ ᠤ ︽ᠲᠦᠭᠡᠮᠡᠯ | ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠡᠯ︾ ᠤᠨ ᠠᠵᠢᠯᠯᠠᠭ᠎ᠠ ᠶᠢ ᠥᠷᠨᠢᠭᠦᠯᠬᠦ ᠲᠤᠬᠠᠢ ᠳᠠᠷᠤᠮᠠᠯᠯᠠᠨ ᠲᠠᠷᠬᠠᠭᠠᠬᠤ | ᠮᠡᠳᠡᠭᠳᠡᠯ ᠤᠨ ᠪᠢᠴᠢᠭ ᠮᠠᠲ᠋ᠧᠷᠢᠶᠠᠯ ᠢ ᠲᠣᠭᠲᠠᠭᠠᠨ᠎ᠠ᠃ | ︵ᠨᠢᠭᠡ︶ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠡᠯ︾ ᠤᠨ ᠠᠵᠢᠯᠯᠠᠭ᠎ᠠ ᠶᠢᠨ ᠴᠢᠬᠤᠯᠠ ᠠᠴᠢ | ᠬᠤᠯᠪᠣᠭᠳᠠᠯ ᠢ ᠲᠣᠳᠣᠷᠬᠠᠶᠢᠯᠠᠨ᠎ᠠ᠃ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠡᠯ︾ ᠪᠣᠯ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠥᠪᠡᠷᠲᠡᠭᠡᠨ ᠵᠠᠰᠠᠬᠤ ᠣᠷᠣᠨ ᠤ ᠤᠯᠠᠭᠠᠨ | ᠵᠠᠭᠠᠯᠮᠠᠶᠢᠲᠠᠨ ᠤ ᠨᠡᠶᠢᠭᠡᠮᠯᠢᠭ ᠲᠤ ᠨᠠᠶᠢᠳᠠᠵᠤ ᠪᠥᠬᠦ ᠣᠷᠣᠨ ᠤ ᠬᠡᠪᠴᠢᠶᠡᠨ ᠳᠤ ᠵᠣᠬᠢᠶᠠᠨ ᠪᠠᠶᠢᠭᠤᠯᠤᠨ | ᠥᠷᠨᠢᠭᠦᠯᠦᠭᠰᠡᠨ ᠨᠢᠭᠡ ᠵᠦᠢᠯ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠪᠣᠯᠣᠨ᠎ᠠ᠂ ᠡᠭᠦᠨ ᠤ ᠵᠣᠷᠢᠯᠭ᠎ᠠ ᠨᠢ | ᠬᠦᠴᠢᠷᠳᠡᠯᠲᠡᠢ ᠣᠯᠠᠨ ᠲᠦᠮᠡᠨ ᠢ ᠬᠠᠯᠠᠮᠵᠢᠯᠠᠵᠤ᠂ ᠬᠥᠮᠥᠡᠯᠢᠭ ᠦᠵᠡᠯ ᠢᠶᠠᠷ ᠠᠪᠤᠷᠠᠨ ᠲᠤᠰᠠᠯᠠᠬᠤ ᠵᠡᠷᠭᠡ ᠨᠡᠶᠢᠭᠡᠮ | ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠥᠷᠨᠢᠭᠦᠯᠬᠦ ᠳᠤ ᠪᠤᠢ᠃ ᠡᠨᠡᠬᠦ ᠠᠵᠢᠯᠯᠠᠭ᠎ᠠ ᠶᠢ ᠥᠷᠨᠢᠭᠦᠯᠦᠭᠰᠡᠨ ᠠᠴᠠ | ᠨᠠᠰᠢ᠂ ᠮᠠᠨ ᠤ ᠬᠤᠳᠠ ᠶᠢᠨ ᠡᠯ᠎ᠡ ᠱᠠᠲᠤᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠬᠤᠳᠠ ᠶᠢᠨ ᠨᠠᠮ ᠤᠨ | ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠣᠨ ᠠᠵᠢᠯ ᠤᠨ | ᠶᠡᠭᠡ ᠲᠠᠯ᠎ᠠ ᠶᠢᠨ ᠲᠣᠭᠤᠷᠢᠨ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦ ᠨᠡᠮᠡᠷᠢᠯᠡᠬᠦ᠂ | ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ | ᠬᠠᠮᠠᠭᠠᠯᠠᠬᠤ ᠵᠡᠷᠭᠡ ᠲᠠᠯ᠎ᠠ ᠪᠠᠷ ᠢᠳᠡᠪᠬᠢᠲᠡᠢ ᠦᠢᠯᠡᠳᠦᠯ ᠦᠵᠡᠭᠦᠯᠵᠡᠢ᠃ | ︵ᠬᠤᠶᠠᠷ︶ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠡᠯ︾ ᠤᠨ ᠠᠵᠢᠯᠯᠠᠭ᠎ᠠ ᠶᠢ ᠰᠠᠶᠢᠲᠤᠷ | ᠵᠣᠬᠢᠶᠠᠨ ᠪᠠᠶᠢᠭᠤᠯᠵᠤ ᠥᠷᠨᠢᠭᠦᠯᠬᠦ ᠶᠢ ᠴᠢᠬᠤᠯᠠᠴᠢᠯᠠᠨ᠎ᠠ᠃ ᠬᠠᠶᠢᠷ᠎ᠠ ᠬᠠᠯᠠᠮᠵᠢ ᠶᠢᠨ ᠦᠶ᠋ᠯᠡ ᠠᠵᠢᠯᠯᠠᠭ᠎ᠠ ᠶᠢ | ᠰᠠᠶᠢᠰᠢᠶᠠᠨ ᠬᠥᠬᠢᠭᠦᠯᠵᠦ᠂ ᠨᠡᠶᠢᠭᠡᠮ ᠤᠨ ᠪᠣᠯᠪᠠᠰᠤᠨ ᠤ ᠬᠡᠪ ᠰᠤᠷᠲᠠᠯ ᠢ ᠬᠥᠲᠥᠯᠥᠨ ᠵᠢᠯᠤᠭᠤᠳᠴᠤ᠂ ︽ᠲᠦᠭᠡᠮᠡᠯ | ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠡᠯ︾ ᠤᠨ ᠠᠵᠢᠯᠯᠠᠭ᠎ᠠ ᠶᠢ ᠲᠣᠰ ᠭᠠᠵᠠᠷ ᠣᠷᠣᠨ᠂ ᠲᠣᠰ ᠰᠠᠯᠠᠭ᠎ᠠ ᠮᠥᠴᠢᠷ | ︵ᠨᠢᠭᠡᠴᠢ︶ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠪᠠ ᠬᠥᠮᠥᠡᠯᠢᠭ ᠶᠣᠰᠣᠨ ᠤ ᠦᠢᠯᠡᠰ ᠲᠤ | ᠣᠷᠣᠯᠴᠠᠬᠤ ᠶᠢ ᠠᠬᠢᠭᠤᠯᠬᠤ ᠨᠡᠶᠢᠲᠡ ᠶᠢᠨ ᠠᠰᠠᠷᠠᠮᠵᠢ ᠶᠢᠨ ᠠᠴᠢᠶᠠᠯᠠᠪᠤᠷᠢ ᠪᠣᠯᠭᠠᠬᠤ ᠬᠡᠷᠡᠭᠲᠡᠢ᠃ | ︵ᠭᠤᠷᠪᠠ︶ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠡᠯ︾ ᠤᠨ ᠴᠤᠭᠯᠠᠭᠤᠯᠤᠭᠰᠠᠨ ᠪᠡᠯᠡ | ᠮᠥᠩᠭᠦ ᠶᠢ ᠰᠠᠶᠢᠲᠤᠷ ᠬᠠᠮᠢᠶᠠᠷᠴᠤ ᠰᠠᠶᠢᠲᠤᠷ ᠬᠡᠷᠡᠭᠯᠡᠬᠦ ᠶᠢ ᠴᠢᠬᠤᠯᠠᠴᠢᠯᠠᠨ᠎ᠠ᠃ ᠡᠯ᠎ᠡ ᠱᠠᠲᠤᠨ ᠤ ᠤᠯᠠᠭᠠᠨ | ᠵᠠᠭᠠᠯᠮᠠᠶᠢᠲᠠᠨ ᠤ ᠨᠡᠶᠢᠭᠡᠮᠯᠢᠭ ᠤᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨ | ᠵᠠᠭᠠᠯᠮᠠᠶᠢᠲᠠᠨ ᠤ ᠨᠡᠶᠢᠭᠡᠮᠯᠢᠭ ᠤᠨ ︿ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ﹀ ᠤᠨ ᠬᠠᠨᠳᠢᠪ ᠤᠨ | ᠮᠥᠩᠭᠦ ᠶᠢ ᠭᠥᠯᠢᠶᠡᠨ ᠠᠪᠴᠤ ᠬᠠᠮᠢᠶᠠᠷᠴᠤ ᠬᠡᠷᠡᠭᠯᠡᠬᠦ ᠠᠷᠭ᠎ᠠ︾ ᠶᠢ ᠴᠢᠩᠭ᠎ᠠ ᠵᠢᠷᠤᠮᠯᠠᠨ᠂ ︽ᠲᠦᠭᠡᠮᠡᠯ ᠬᠠᠶᠢᠷ᠎ᠠ ᠶᠢᠨ | ᠨᠢᠭᠡ ᠡᠳᠦᠷ ᠤᠨ ᠬᠠᠨᠳᠢᠪ ᠤᠨ ᠮᠥᠩᠭᠦ︾ ᠶᠢᠨ ᠪᠤᠶᠠᠨ ᠤ ᠮᠥᠩᠭᠦ ᠶᠢ ᠭᠥᠯᠢᠶᠡᠨ ᠠᠪᠬᠤ᠂ ᠬᠠᠮᠢᠶᠠᠷᠬᠤ᠂ ᠬᠡᠷᠡᠭᠯᠡᠬᠦ | ᠪᠠ ᠢᠯᠡ ᠲᠣᠳᠣ ᠪᠠᠶᠢᠯᠭᠠᠬᠤ ᠠᠵᠢᠯ ᠢ ᠴᠢᠩᠭ᠎ᠠ ᠨᠢᠮᠪᠠᠢ ᠵᠢᠷᠤᠮᠵᠢᠭᠤᠯᠤᠨ ᠰᠠᠶᠢᠲᠤᠷ ᠬᠢᠬᠦ ᠬᠡᠷᠡᠭᠲᠡᠢ ᠭᠡᠵᠦ | ᠱᠠᠭᠠᠷᠳᠠᠪᠠ᠃ . | ︵ᠳᠥᠷᠪᠡ︶ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠡᠯ︾ ᠤᠨ ᠮᠦᠩᠬᠦ ᠬᠠᠨᠳᠢᠪᠯᠡᠬᠤ ᠠᠷᠭ᠎ᠠ | ᠮᠠᠶ᠋ᠢᠭ ᠢ ᠨᠡᠶᠢᠲᠡᠯᠡᠬᠦ ᠨᠢ ᠬᠠᠶᠢᠷ᠎ᠠ ᠬᠠᠯᠠᠮᠵᠢ ᠶᠢᠨ ᠨᠢᠭᠡᠴᠢ ᠪᠠ ᠬᠠᠶᠢᠷ᠎ᠠ ᠬᠠᠯᠠᠮᠵᠢ ᠶᠢᠨ ᠬᠥᠮᠥᠰ ᠢᠶᠠᠷ ᠪᠤᠶᠠᠨ ᠤ | ᠮᠥᠩᠭᠦ᠂ ᠬᠠᠶᠢᠷ᠎ᠠ ᠬᠠᠯᠠᠮᠵᠢ ᠶᠢᠨ ᠮᠥᠩᠭᠦ ᠬᠠᠨᠳᠢᠪᠯᠠᠭᠤᠯᠬᠤ ᠳᠤ ᠲᠥᠬᠦᠮ ᠪᠣᠯᠭᠠᠬᠤ ᠶᠢᠨ ᠲᠥᠯᠥᠭᠡ ᠶᠤᠮ᠃ | ᠳᠥᠷᠪᠡ᠂ ᠨᠡᠶᠢᠲᠡᠯᠡᠭᠰᠡᠨ ᠠᠴᠢ ᠬᠤᠯᠪᠣᠭᠳᠠᠯ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠡᠯ︾ ᠨᠢ ᠨᠢᠭᠡ | ᠵᠦᠢᠯ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠪᠣᠯᠤᠭᠰᠠᠨ ᠤ ᠬᠤᠪᠢ ᠳᠤ᠂ ᠨᠡᠶᠢᠭᠡᠮ ᠤᠨ ᠬᠦᠴᠦᠨ ᠢ | ᠥᠷᠭᠡᠨ ᠢᠶᠠᠷ ᠳᠠᠶᠢᠴᠢᠯᠠᠬᠤ ᠪᠠᠷ ᠳᠠᠮᠵᠢᠭᠤᠯᠤᠨ᠂ ᠨᠡᠶᠢᠭᠡᠮ ᠤᠨ ᠠᠪᠤᠷᠠᠨ ᠲᠤᠰᠠᠯᠠᠬᠤ ᠡᠬᠢ ᠪᠠᠶᠠᠯᠢᠭ ᠢ ᠡᠮᠬᠢᠯᠡᠨ | ᠨᠡᠶᠢᠯᠡᠭᠦᠯᠵᠦ᠂ ᠬᠥᠮᠥᠡᠯᠢᠭ ᠠᠪᠤᠷᠠᠨ ᠲᠤᠰᠠᠯᠠᠬᠤ ᠳᠤ ᠬᠠᠮᠲᠤ ᠪᠠᠷ ᠣᠷᠣᠯᠴᠠᠬᠤ ᠨᠢ ᠠᠷᠠᠳ ᠤᠨ ᠠᠮᠢᠳᠤᠷᠠᠯ ᠤᠨ | ᠳᠤᠲᠠᠭᠤᠳᠠᠯ ᠢ ᠨᠥᠬᠦᠪᠦᠷᠢᠯᠡᠬᠦ᠂ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠬᠡᠷᠡᠭᠴᠡᠭᠡ ᠱᠠᠭᠠᠷᠳᠠᠯᠭ᠎ᠠ ᠶᠢ | ᠰᠢᠢᠳᠪᠦᠷᠢᠯᠡᠬᠦ᠂ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢ ᠪᠤᠶᠢᠵᠢᠭᠤᠯᠤᠨ | ᠦᠢᠯᠡᠳᠦᠯᠭᠡᠵᠢᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ |