ᠨᠢᠭᠡ᠂ ᠲᠣᠭᠲᠠᠭᠠᠭᠰᠠᠨ ᠠᠬᠤᠢ ᠪᠠᠶᠢᠳᠠᠯ | ᠰᠢ ᠶᠢᠨ ᠫᠢᠩ ᠶᠡᠷᠦᠩᠬᠡᠢ ᠱᠦᠵᠢ ᠶᠢᠨ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠢ ᠶᠢ | ᠲᠡᠩᠴᠡᠭᠦᠷᠢᠲᠡᠢ ᠪᠠᠶᠢᠯᠭᠠᠬᠤ᠂ ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾ ᠤᠰᠤ ᠵᠠᠰᠠᠬᠤ | ᠰᠡᠳᠬᠢᠴᠡ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ︽ᠤᠯᠠᠭᠠᠨᠴᠠᠪ | ᠬᠤᠲᠠ ᠶᠢᠨ ᠤᠰᠤ ᠠᠷᠪᠢᠯᠠᠵᠤ ᠤᠰᠤ ᠬᠢᠵᠠᠭᠠᠷᠯᠠᠬᠤ ᠡᠳᠦᠢ ᠳᠡᠳᠦᠢ ᠠᠷᠭ᠎ᠠ ᠬᠡᠮᠵᠢᠶ᠎ᠡ︾ ︵ᠳᠣᠷᠣᠭᠰᠢ ︽ᠠᠷᠭ᠎ᠠ | ᠬᠡᠮᠵᠢᠶ᠎ᠡ ︾ ᠭᠡᠵᠦ ᠲᠣᠪᠴᠢᠯᠠᠨ᠎ᠠ︶ ᠶᠢ ᠪᠡᠶᠡᠯᠡᠭᠦᠯᠵᠦ᠂ ᠡᠳᠦᠭᠡ ᠬᠤᠳᠠ ᠶᠢᠨ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠡᠳ ᠳᠠᠷᠤᠮᠠᠯᠯᠠᠨ ᠶᠠᠪᠤᠭᠤᠯᠪᠠ᠃ | ᠬᠤᠶᠠᠷ᠂ ᠭᠤᠣᠯ ᠠᠭᠤᠯᠭ᠎ᠠ | ︽ᠠᠷᠭ᠎ᠠ ᠬᠡᠮᠵᠢᠶ᠎ᠡ ︾ ᠨᠢ ᠨᠡᠶᠢᠳᠡ ᠲᠠᠷᠢᠶᠠᠯᠠᠩ᠂ ᠠᠵᠤ ᠦᠢᠯᠡᠳᠪᠦᠷᠢ᠂ ᠠᠮᠢ ᠠᠬᠤᠢ᠂ ᠬᠤᠳᠠ ᠪᠠᠯᠭᠠᠰᠤᠨ ᠤ | ᠤᠰᠤ ᠠᠷᠪᠢᠯᠠᠬᠤ᠂ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠵᠡᠷᠭᠡ 5 ᠲᠠᠯ᠎ᠠ ᠶᠢᠨ 12 ᠵᠦᠢᠯ ᠤᠨ | ᠪᠣᠳᠠᠲᠠᠢ ᠠᠷᠭ᠎ᠠ ᠬᠡᠮᠵᠢᠶ᠎ᠡ ᠲᠠᠢ ᠬᠤᠯᠪᠣᠭᠳᠠᠵᠤ ᠪᠠᠶᠢᠨ᠎ᠠ᠃ | ᠨᠢᠭᠡᠳᠦᠭᠡᠷ ᠬᠡᠰᠡᠭ᠂ ᠲᠠᠷᠢᠶᠠᠯᠠᠩ ᠤᠨ ᠲᠠᠯ᠎ᠠ ᠶᠢᠨ 5 ᠵᠦᠢᠯ᠃ ᠲᠠᠷᠢᠶᠠᠯᠠᠩ ᠳᠤ ᠬᠡᠷᠡᠭᠯᠡᠬᠦ ᠤᠰᠤᠨ ᠤ ᠶᠡᠷᠦᠩᠬᠡᠢ | ᠬᠡᠮᠵᠢᠶ᠎ᠡ ᠶᠢᠨ ᠬᠢᠵᠠᠭᠠᠷᠯᠠᠯ ᠢ ᠴᠢᠩᠳᠠᠯᠠᠵᠤ᠂ ᠲᠣᠭᠲᠠᠭᠰᠠᠨ ᠨᠤᠷᠮ᠎ᠠ ᠠᠴᠠ ᠬᠡᠲᠦᠷᠡᠭᠦᠯᠦᠨ ᠠᠬᠢᠭᠤᠯᠤᠨ ᠪᠤᠳᠤᠵᠤ | ᠦᠨ᠎ᠡ ᠨᠡᠮᠡᠬᠦ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠲᠠᠷᠢᠶᠠᠯᠠᠩ ᠤᠨ ᠤᠰᠤᠯᠠᠯᠲᠠ ᠶᠢᠨ ᠤᠰᠤ ᠲᠠᠲᠠᠬᠤ | ᠵᠥᠪᠰᠢᠶᠡᠷᠡᠯ ᠢ ᠴᠢᠩᠳᠠᠯᠠᠵᠤ᠂ ᠬᠡᠮᠵᠢᠯᠲᠡ ᠪᠠᠷ ᠤᠰᠤ ᠲᠠᠲᠠᠬᠤ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠢᠨᠵᠧᠨᠧᠷᠢᠩ ᠤᠨ ᠠᠷᠭ᠎ᠠ | ᠬᠡᠮᠵᠢᠶ᠎ᠡ ᠪᠠᠷ ᠤᠰᠤ ᠠᠷᠪᠢᠯᠠᠬᠤ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃ ᠤᠰᠤ ᠬᠠᠳᠠᠭᠠᠯᠠᠵᠤ ᠴᠢᠬᠢᠭ ᠢ ᠬᠠᠮᠠᠭᠠᠯᠠᠬᠤ | ᠰᠢᠨ᠎ᠡ ᠮᠡᠷᠭᠡᠵᠢᠯ ᠢ ᠶᠡᠬᠡᠪᠡᠷ ᠳᠡᠯᠭᠡᠷᠡᠭᠦᠯᠵᠦ᠂ ᠲᠠᠷᠢᠶᠠᠯᠠᠩ ᠤᠨ ᠮᠡᠷᠭᠡᠵᠢᠯ ᠤᠨ ᠠᠷᠭ᠎ᠠ ᠬᠡᠮᠵᠢᠶ᠎ᠡ ᠪᠠᠷ ᠤᠰᠤ | ᠠᠷᠪᠢᠯᠠᠬᠤ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ ᠴᠢᠨᠠᠷ ᠰᠠᠶᠢᠲᠠᠢ ᠲᠣᠬᠢᠷᠠᠮᠵᠢᠲᠠᠢ ᠡᠭᠦᠯᠳᠡᠷ ᠢ ᠶᠡᠬᠡᠪᠡᠷ ᠰᠣᠩᠭᠤᠨ | ᠭᠠᠷᠭᠠᠵᠤ᠂ ᠪᠦᠲᠦᠴᠡ ᠶᠢ ᠲᠣᠬᠢᠷᠠᠭᠤᠯᠬᠤ ᠠᠷᠭ᠎ᠠ ᠬᠡᠮᠵᠢᠶ᠎ᠡ ᠪᠠᠷ ᠤᠰᠤ ᠠᠷᠪᠢᠯᠠᠬᠤ ᠶᠢ ᠪᠦᠬᠦ ᠲᠠᠯ᠎ᠠ ᠪᠠᠷ | ᠪᠡᠶᠡᠯᠡᠭᠦᠯᠦᠨ᠎ᠡ᠃ | ᠬᠤᠶᠠᠳᠤᠭᠠᠷ ᠬᠡᠰᠡᠭ᠂ ᠠᠵᠤ ᠦᠢᠯᠡᠳᠪᠦᠷᠢ ᠶᠢᠨ ᠲᠠᠯ᠎ᠠ ᠶᠢᠨ 2 ᠵᠦᠢᠯ᠃ ᠠᠵᠤ ᠦᠢᠯᠡᠳᠪᠦᠷᠢ ᠶᠢᠨ ᠭᠠᠵᠠᠷ | ᠳᠣᠣᠷᠠᠬᠢ ᠤᠰᠤ ᠶᠢ ᠲᠠᠲᠠᠵᠤ ᠬᠡᠷᠡᠭᠯᠡᠬᠦ ᠶᠢ ᠴᠢᠩᠭ᠎ᠠ ᠬᠢᠵᠠᠭᠠᠷᠯᠠᠵᠤ᠂ ᠬᠠᠮᠢᠶᠠᠷᠤᠯᠲᠠ ᠶᠢᠨ ᠴᠢᠨᠠᠷᠲᠠᠢ ᠤᠰᠤ | ᠠᠷᠪᠢᠯᠠᠬᠤ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ ᠤᠰᠤ ᠠᠷᠪᠢᠯᠠᠬᠤ ᠲᠡᠷᠢᠭᠦᠨ ᠤ ᠮᠡᠷᠭᠡᠵᠢᠯ ᠲᠣᠨᠣᠭᠯᠠᠯ ᠢ ᠶᠡᠬᠡᠪᠡᠷ | ᠳᠡᠯᠭᠡᠷᠡᠭᠦᠯᠵᠦ᠂ ᠮᠡᠷᠭᠡᠵᠢᠯ ᠤᠨ ᠴᠢᠨᠠᠷᠲᠠᠢ ᠤᠰᠤ ᠠᠷᠪᠢᠯᠠᠬᠤ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ | ᠭᠤᠷᠪᠠᠳᠤᠭᠠᠷ ᠬᠡᠰᠡᠭ᠂ ᠠᠮᠢ ᠠᠬᠤᠢ ᠶᠢᠨ ᠲᠠᠯ᠎ᠠ ᠶᠢᠨ 2 ᠵᠦᠢᠯ᠃ ᠤᠰᠤ ᠠᠷᠪᠢᠯᠠᠵᠤ ᠤᠰᠤᠯᠠᠬᠤ ᠮᠡᠷᠭᠡᠵᠢᠯ ᠢ | ᠶᠡᠬᠡᠪᠡᠷ ᠳᠡᠯᠭᠡᠷᠡᠭᠦᠯᠵᠦ᠂ ᠠᠮᠢ ᠠᠬᠤᠢ ᠶᠢᠨ ᠤᠰᠤ ᠬᠡᠷᠡᠭᠯᠡᠬᠦ ᠦᠷ᠎ᠡ ᠪᠦᠲᠦᠮᠵᠢ ᠶᠢ ᠪᠦᠬᠦ ᠲᠠᠯ᠎ᠠ ᠪᠠᠷ | ᠳᠡᠭᠡᠭᠰᠢᠯᠡᠭᠦᠯᠦᠨ᠎ᠡ᠃ ᠬᠦᠢᠲᠡᠨ ᠳᠤ ᠲᠡᠰᠪᠦᠷᠢᠲᠡᠢ ᠭᠠᠩ ᠬᠠᠭᠰᠠᠷᠠᠭᠠᠨ ᠳᠤ ᠲᠡᠰᠪᠦᠷᠢᠲᠡᠢ ᠨᠤᠲᠤᠭ ᠤᠨ ᠮᠣᠳᠣᠨ ᠤ | ᠲᠦᠷᠦᠯ ᠢ ᠢᠳᠡᠪᠬᠢᠲᠡᠢ ᠪᠠᠷ ᠰᠢᠯᠢᠳᠡᠭᠴᠢᠯᠡᠨ ᠰᠣᠩᠭᠤᠵᠤ᠂ ︽ᠤᠰᠤ ᠪᠠᠷ ᠨᠣᠭᠤᠭᠠᠷᠠᠭᠤᠯᠤᠯᠲᠠ ᠶᠢ ᠲᠣᠭᠲᠠᠭᠠᠬᠤ︾ | ᠶᠢ ᠪᠦᠬᠦ ᠲᠠᠯ᠎ᠠ ᠪᠠᠷ ᠪᠠᠷᠢᠮᠲᠠᠯᠠᠨ᠎ᠠ᠃ | ᠳᠥᠷᠪᠡᠳᠦᠭᠡᠷ ᠬᠡᠰᠡᠭ᠂ ᠬᠤᠲᠠ ᠪᠠᠯᠭᠠᠰᠤᠨ ᠤ ᠤᠰᠤ ᠠᠷᠪᠢᠯᠠᠬᠤ ᠲᠠᠯ᠎ᠠ ᠶᠢᠨ 2 ᠵᠦᠢᠯ᠃ ᠪᠣᠷᠣᠭᠠᠨ ᠪᠣᠬᠢᠷ | ᠤᠰᠤ ᠶᠢ ᠬᠤᠷᠢᠶᠠᠨ ᠴᠤᠭᠯᠠᠭᠤᠯᠬᠤ ᠠᠵᠢᠯ ᠢ ᠢᠳᠡᠪᠬᠢᠲᠡᠢ ᠥᠷᠨᠢᠭᠦᠯᠵᠦ᠂ ᠬᠡᠪ ᠤᠨ ᠪᠤᠰᠤ ᠤᠰᠤᠨ | ᠰᠤᠷᠪᠤᠯᠵᠢ ᠶᠢᠨ ᠠᠰᠢᠭᠯᠠᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠤᠰᠤ ᠠᠷᠪᠢᠯᠠᠬᠤ ᠥᠭᠡᠷᠡᠴᠢᠯᠡᠯᠲᠡ ᠶᠢ | ᠢᠳᠡᠪᠬᠢᠲᠡᠢ ᠪᠠᠷ ᠲᠦᠯᠬᠢᠨ ᠠᠬᠢᠭᠤᠯᠵᠤ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠤᠰᠤ ᠠᠷᠪᠢᠯᠠᠬᠤ | ᠦᠵᠡᠯ ᠤᠬᠠᠮᠰᠠᠷ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠲᠠᠪᠤᠳᠤᠭᠠᠷ ᠬᠡᠰᠡᠭ᠂ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠶᠢᠨ ᠲᠠᠯ᠎ᠠ ᠶᠢᠨ 1 ᠵᠦᠢᠯ᠃ | ᠤᠰᠤᠨ ᠠᠰᠢᠭᠯᠠᠯᠲᠠ ᠶᠢᠨ ᠪᠡᠯᠡᠳᠬᠡᠮᠵᠢ ᠶᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠨ ᠤᠰᠤ ᠲᠠᠲᠠᠵᠤ | ᠬᠡᠷᠡᠭᠯᠡᠬᠦ ᠤᠶᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠵᠢᠷᠤᠮᠵᠢᠭᠰᠠᠨ ᠬᠠᠮᠢᠶᠠᠷᠤᠯᠲᠠ ᠶᠢ ᠪᠥᠬᠦ | ᠲᠠᠯ᠎ᠠ ᠪᠠᠷ ᠪᠡᠶᠡᠯᠡᠭᠦᠯᠦᠨ᠎ᠡ᠃ | ᠭᠤᠷᠪᠠ᠂ ᠲᠥᠰᠥᠯ ᠤᠨ ᠵᠣᠷᠢᠯᠭ᠎ᠠ ︽ᠠᠷᠭ᠎ᠠ ᠬᠡᠮᠵᠢᠶ᠎ᠡ︾ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠤᠰᠤᠨ ᠤ | ᠡᠬᠢ ᠪᠠᠶᠠᠯᠢᠭ ᠢ ᠨᠠᠷᠢᠨ ᠨᠢᠮᠪᠠᠢ ᠪᠤᠳᠤᠵᠤ ᠰᠠᠶᠢᠲᠤᠷ ᠬᠡᠷᠡᠭᠯᠡᠨ᠂ ᠤᠰᠤᠨ ᠤ ᠡᠬᠢ ᠪᠠᠶᠠᠯᠢᠭ ᠢ ᠴᠢᠩᠭ᠎ᠠ ᠨᠢᠮᠪᠠᠢ | ᠰᠠᠶᠢᠲᠤᠷ ᠬᠠᠮᠢᠶᠠᠷᠴᠤ᠂ ᠤᠰᠤᠨ ᠤ ᠡᠬᠢ ᠪᠠᠶᠠᠯᠢᠭ ᠢ ᠠᠷᠪᠢᠯᠠᠵᠤ ᠣᠷᠴᠢᠯᠳᠤᠭᠤᠯᠤᠨ ᠠᠰᠢᠭᠯᠠᠬᠤ ᠳᠤ ᠠᠰᠢᠭᠲᠠᠢ | ᠣᠷᠣᠨ ᠵᠠᠢ ᠶᠢᠨ ᠪᠠᠶᠢᠷᠢᠰᠢᠯ᠂ ᠠᠵᠤ ᠦᠢᠯᠡᠰ ᠤᠨ ᠪᠦᠲᠦᠴᠡ᠂ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠢ | ᠲᠦᠷᠭᠡᠳᠬᠡᠨ ᠪᠣᠶ ᠪᠣᠯᠭᠠᠵᠤ᠂ ᠤᠰᠤ ᠬᠡᠷᠡᠭᠯᠡᠬᠦ ᠠᠷᠭ᠎ᠠ ᠮᠠᠶ᠋ᠢᠭ ᠢ ᠪᠦᠳᠦᠭᠦᠯᠢᠭ ᠪᠥᠭᠡᠳ ᠦᠷ᠎ᠡ ᠠᠰᠢᠭ ᠢᠶᠠᠷ | ᠳᠣᠣᠷ᠎ᠠ ᠪᠠᠶᠢᠭᠰᠠᠨ ᠠᠴᠠ ᠡᠷᠴᠢᠮᠵᠢᠭᠦᠯᠦᠨ ᠠᠷᠪᠢᠯᠠᠬᠤ ᠦᠨᠳᠦᠰᠦᠨ ᠬᠤᠪᠢᠷᠠᠯᠲᠠ ᠶᠢ ᠪᠡᠶᠡᠯᠡᠭᠦᠯᠦᠨ᠂ ᠤᠰᠤ ᠶᠢ | ᠠᠷᠪᠢᠯᠠᠵᠤ ᠪᠠᠶᠢᠭᠠᠳ ᠬᠥᠭᠵᠢᠯᠲᠡ ᠶᠢᠨ ᠣᠷᠣᠨ ᠵᠠᠢ ᠶᠢ ᠥᠷᠭᠡᠳᠬᠡᠨ᠎ᠡ᠃ |