ᠨᠢᠭᠡ᠂ ︽ᠲᠥᠰᠥᠯ︾ ᠢ ᠲᠣᠭᠲᠠᠭᠠᠭᠰᠠᠨ ᠠᠬᠤᠢ ᠪᠠᠶᠢᠳᠠᠯ | ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ︾ ᠶᠢᠨ ᠬᠤᠭᠤᠴᠠᠭᠠᠨ ᠳᠤ᠂ ᠮᠠᠨ ᠤ ᠤᠯᠤᠰ | ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠢᠶᠠᠨ | ᠡᠬᠢᠯᠡᠭᠦᠯᠪᠡ᠃ ᠨᠠᠮ ᠤᠨ ᠲᠥᠪ ᠬᠤᠷᠢᠶ᠎ᠠ ᠬᠥᠮᠥᠨ ᠠᠮᠠ ᠶᠢᠨ ᠨᠠᠰᠤᠵᠢᠯᠲᠠ ᠶᠢ ᠢᠳᠡᠪᠬᠢᠲᠡᠢ ᠪᠠᠷ ᠠᠷᠭᠠᠴᠠᠬᠤ | ᠶᠠᠪᠤᠳᠠᠯ ᠢ ᠤᠯᠤᠰ ᠤᠨ ᠪᠠᠶᠢᠯᠳᠤᠬᠤ ᠪᠣᠳᠣᠯᠭ᠎ᠠ ᠪᠣᠯᠭᠠᠨ ᠳᠡᠭᠡᠭᠰᠢᠯᠡᠭᠦᠯᠵᠦ᠂ ᠮᠠᠨ ᠤ ᠤᠯᠤᠰ ᠤᠨ | ᠨᠠᠰᠤᠲᠠᠶᠢᠴᠤᠳ ᠤᠨ ᠬᠥᠮᠥᠨ ᠠᠮᠠ ᠶᠢᠨ ᠬᠡᠪᠴᠢᠶ᠎ᠡ ᠨᠠᠰᠤᠵᠢᠯ ᠤᠨ ᠬᠤᠷᠳᠤᠴᠠ ᠲᠦᠷᠭᠡᠨ᠂ ᠨᠠᠰᠤᠲᠠᠶᠢᠴᠤᠳ ᠤᠨ | ᠬᠡᠷᠡᠭᠴᠡᠭᠡ ᠱᠠᠭᠠᠷᠳᠠᠯᠭ᠎ᠠ ᠶᠢᠨ ᠪᠦᠲᠦᠴᠡ ᠣᠳᠣ ᠶᠠᠭ ᠣᠷᠣᠰᠢᠨ ᠲᠣᠭᠲᠠᠨᠢᠬᠤ ᠬᠡᠯᠪᠡᠷᠢ ᠠᠴᠠ ᠪᠠᠨ ᠬᠥᠭᠵᠢᠯᠲᠡ ᠶᠢᠨ | ᠬᠡᠯᠪᠡᠷᠢ ᠲᠡᠶᠢᠰᠢ ᠬᠤᠪᠢᠷᠠᠵᠤ ᠪᠠᠶᠢᠨ᠎ᠠ᠂ ᠨᠠᠰᠤᠵᠢᠯ ᠤᠨ ᠦᠢᠯᠡᠰ ᠪᠠ ᠨᠠᠰᠤᠵᠢᠯ ᠤᠨ ᠦᠢᠯᠡᠴᠢᠯᠡᠭᠡ ᠳᠤ ᠪᠠᠰᠠ | ᠬᠥᠭᠵᠢᠯᠲᠡ ᠲᠡᠩᠴᠡᠭᠦᠷᠢ ᠦᠭᠡᠢ ᠭᠦᠢᠴᠡᠳ ᠦᠭᠡᠢ ᠪᠠᠶᠢᠬᠤ ᠵᠡᠷᠭᠡ ᠠᠰᠠᠭᠤᠳᠠᠯ ᠣᠷᠣᠰᠢᠵᠤ᠂ ᠡᠨᠡ ᠨᠢ | ᠭᠤᠣᠯᠳᠠᠭᠤ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠢᠷᠢ ᠲᠦᠪᠰᠢᠨ ᠥᠨᠳᠥᠷ | ᠪᠢᠰᠢ᠂ ᠭᠡᠷ ᠲᠡᠭᠡᠨ ᠰᠠᠭᠤᠵᠤ ᠪᠠᠶᠢᠭ᠎ᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠪᠣᠯᠣᠨ ᠰᠢᠯᠢᠳᠡᠭ | ᠲᠦᠭᠡᠮᠡᠯ ᠬᠠᠷᠠᠭᠠᠯᠵᠠᠯ ᠤᠨ ᠦᠢᠯᠡᠴᠢᠯᠡᠭᠡᠨ ᠤ ᠬᠠᠩᠭᠠᠯᠭ᠎ᠠ ᠬᠦᠷᠦᠯᠴᠡᠬᠦ ᠦᠭᠡᠢ᠂ ᠲᠤᠰᠬᠠᠢ ᠮᠡᠷᠭᠡᠵᠢᠯ ᠤᠨ | ᠴᠢᠳᠠᠪᠤᠷᠢᠲᠠᠨ ᠣᠨᠴᠠᠭᠠᠶᠢᠯᠠᠨ ᠠᠰᠠᠷᠠᠭᠴᠢ ᠲᠤᠲᠠᠭᠳᠠᠵᠤ ᠪᠠᠶᠢᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠪᠠ ᠦᠢᠯᠡᠳᠬᠦᠨ ᠤ ᠲᠤᠯᠭᠠᠭᠤᠷᠢᠯᠠᠯ ᠢ ᠴᠢᠩᠭᠠᠳᠬᠠᠬᠤ ᠴᠢᠬᠤᠯᠠᠲᠠᠢ ᠪᠠᠶᠢᠬᠤ᠂ ᠠᠵᠤ ᠦᠢᠯᠡᠰ ᠤᠨ | ᠬᠠᠮᠵᠢᠯᠴᠠᠨ ᠬᠥᠭᠵᠢᠬᠦ ᠶᠢ ᠳᠡᠭᠡᠭᠰᠢᠯᠡᠭᠦᠯᠬᠦ ᠴᠢᠬᠤᠯᠠᠲᠠᠢ ᠪᠠᠶᠢᠬᠤ ᠵᠡᠷᠭᠡ ᠲᠠᠯ᠎ᠠ ᠪᠠᠷ ᠢᠯᠡᠷᠡᠵᠦ ᠪᠠᠶᠢᠨ᠎ᠠ᠃ ᠬᠥᠮᠥᠨ | ᠠᠮᠠ ᠶᠢᠨ ᠨᠠᠰᠤᠵᠢᠯᠲᠠ ᠶᠢᠨ ᠠᠬᠢᠴᠠ ᠯᠤᠭ᠎ᠠ ᠵᠣᠬᠢᠴᠠᠯᠳᠤᠭᠰᠠᠨ ᠨᠠᠰᠤᠵᠢᠯ ᠤᠨ ᠦᠢᠯᠡᠰ ᠪᠠ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠬᠤ ᠶᠢᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠡᠳᠦᠷ | ᠢᠷᠡᠬᠦᠶ᠎ᠡ ᠲᠣᠪᠤᠶᠢᠮ᠎ᠠ ᠪᠣᠯᠵᠤ᠂ ᠡᠭᠦᠷᠭᠡ ᠨᠡᠩ ᠬᠠᠲᠠᠭᠤ ᠪᠡᠷᠬᠡ ᠨᠦᠰᠡᠷ ᠬᠦᠨᠳᠦ ᠪᠣᠯᠵᠤ ᠪᠠᠶᠢᠨ᠎ᠠ᠃ | ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠥᠮᠥᠨ ᠠᠮᠠ ᠶᠢᠨ ᠨᠠᠰᠤᠵᠢᠯᠲᠠ ᠶᠢ | ᠢᠳᠡᠪᠬᠢᠲᠡᠢ ᠪᠠᠷ ᠠᠷᠭᠠᠴᠠᠬᠤ ᠶᠢᠨ ᠲᠥᠯᠥᠭᠡ᠂ ᠨᠠᠰᠤᠵᠢᠯ ᠤᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢᠨ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠦᠷᠭᠡᠳᠬᠡᠨ | ᠠᠬᠢᠭᠤᠯᠵᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠶᠢᠨ ᠰᠢᠨ᠎ᠡ ᠪᠠᠷ | ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠲᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠲᠦᠬᠦᠬᠡᠷᠦᠮᠵᠢ ᠪᠠ ᠬᠠᠷᠰᠢ ᠰᠠᠭᠠᠳ ᠦᠭᠡᠢ ᠲᠦᠬᠦᠬᠡᠷᠦᠮᠵᠢ ᠶᠢ ᠲᠣᠬᠢᠷᠠᠭᠤᠯᠤᠨ ᠪᠠᠶᠢᠭᠤᠯᠬᠤ ᠠᠵᠢᠯ ᠢ | ᠴᠢᠩᠭᠠᠳᠬᠠᠬᠤ ᠲᠤᠬᠠᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠦᠨᠳᠦᠰᠦᠯᠡᠨ᠂ ᠬᠤᠲᠠ ᠶᠢᠨ ᠣᠷᠣᠨ ᠰᠠᠭᠤᠴᠠ | ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ︽ᠤᠯᠠᠭᠠᠨᠴᠠᠪ ᠬᠤᠲᠠ ᠶᠢᠨ | ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠲᠤ ᠲᠣᠬᠢᠷᠠᠭᠤᠯᠤᠨ ᠪᠠᠶᠢᠭᠤᠯᠬᠤ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠲᠦᠬᠦᠬᠡᠷᠦᠮᠵᠢ ᠪᠠ ᠬᠠᠷᠰᠢ ᠰᠠᠭᠠᠳ ᠦᠭᠡᠢ ᠲᠦᠬᠦᠬᠡᠷᠦᠮᠵᠢ ᠶᠢᠨ ᠬᠡᠷᠡᠭᠵᠢᠭᠦᠯᠬᠦ | ᠲᠥᠰᠥᠯ︾ ᠢ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠪᠠ᠃ | ᠬᠤᠶᠠᠷ᠂ ᠦᠨᠳᠦᠰᠦᠨ ᠵᠠᠷᠴᠢᠮ | ᠡᠯ᠎ᠡ ᠬᠤᠲᠠ ᠪᠠᠯᠭᠠᠰᠤ ᠨᠢ ᠨᠠᠰᠤᠵᠢᠯ ᠤᠨ ᠦᠢᠯᠡᠴᠢᠯᠡᠭᠡᠨ ᠤ ᠲᠦᠬᠦᠬᠡᠷᠦᠮᠵᠢ ᠳᠤ ᠬᠡᠷᠡᠭᠯᠡᠬᠦ ᠭᠡᠷ ᠪᠠᠶᠢᠰᠢᠩ ᠢ | ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠤᠨ ᠲᠥᠯᠦᠪᠵᠢᠭᠦᠯᠭᠡ ᠳᠤ ᠣᠷᠣᠭᠤᠯᠵᠤ᠂ ᠣᠷᠣᠨ | ᠰᠠᠭᠤᠴᠠ ᠯᠤᠭ᠎ᠠ ᠵᠡᠷᠭᠡ ᠳᠤᠨᠢ ᠲᠥᠯᠥᠪᠵᠢᠭᠦᠯᠵᠦ᠂ ᠵᠡᠷᠭᠡ ᠳᠤᠨᠢ ᠪᠦᠲᠦᠭᠡᠨ ᠪᠠᠶᠢᠭᠤᠯᠵᠤ᠂ ᠵᠡᠷᠭᠡ ᠳᠤᠨᠢ ᠰᠢᠯᠭᠠᠨ | ᠠᠪᠴᠤ᠂ ᠵᠡᠷᠭᠡ ᠳᠤᠨᠢ ᠲᠤᠰᠢᠶᠠᠨ ᠬᠡᠷᠡᠭᠯᠡᠭᠦᠯᠵᠦ᠂ 2022 ᠣᠨ ᠠᠴᠠ ᠡᠬᠢᠯᠡᠨ᠂ ᠪᠥᠬᠦ ᠬᠤᠲᠠ ᠶᠢᠨ ᠬᠤᠲᠠ | ᠪᠠᠯᠭᠠᠰᠤ ᠶᠢᠨ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠤᠨ ᠢᠵᠢ ᠪᠦᠷᠢᠳᠦᠭᠦᠯᠦᠨ | ᠪᠠᠶᠢᠭᠤᠯᠤᠭᠰᠠᠨ ᠨᠠᠰᠤᠵᠢᠯ ᠤᠨ ᠦᠢᠯᠡᠴᠢᠯᠡᠭᠡᠨ ᠤ ᠲᠦᠬᠦᠬᠡᠷᠦᠮᠵᠢ ᠶᠢᠨ ᠪᠠᠷᠢᠮᠵᠢᠶ᠎ᠠ ᠳᠤ ᠬᠦᠷᠦᠭᠰᠡᠨ ᠨᠣᠷᠮ᠎ᠠ ᠶᠢ | 100% ᠳᠤ ᠬᠦᠷᠦᠭᠦᠯᠦᠨ᠎ᠡ᠃ 2022 ᠣᠨ ᠤ ᠲᠣᠰ ᠵᠢᠯ ᠤᠨ ᠪᠠᠷᠢᠯᠭ᠎ᠠ ᠳᠠᠭᠤᠰᠬᠠᠭᠰᠠᠨ ᠪᠣᠯᠪᠠᠴᠤ | ᠪᠠᠷᠢᠮᠵᠢᠶ᠎ᠠ ᠳᠤ ᠥᠯᠥ ᠬᠦᠷᠦᠭᠰᠡᠨ ᠣᠷᠣᠨ ᠰᠠᠭᠤᠴᠠ ᠶᠢᠨ ᠲᠣᠭᠤᠷᠢᠭ ᠢ ᠨᠥᠬᠦᠨ ᠪᠠᠶᠢᠭᠤᠯᠬᠤ᠂ ᠬᠤᠳᠠᠯᠳᠤᠨ | ᠠᠪᠬᠤ᠂ ᠰᠣᠯᠢᠬᠤ᠂ ᠰᠤᠯᠠᠯᠠᠵᠤ ᠪᠤᠴᠠᠭᠠᠬᠤ᠂ ᠲᠦᠷᠢᠶᠡᠰᠦᠯᠡᠬᠦ᠂ ᠥᠭᠡᠷᠡᠴᠢᠯᠡᠬᠦ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ ᠠᠯᠢ ᠲᠦᠷᠭᠡᠨ ᠢᠶᠠᠷ ᠲᠣᠬᠢᠷᠠᠭᠤᠯᠤᠨ ᠪᠦᠷᠢᠳᠦᠭᠦᠯᠦᠨ᠎ᠡ᠃ ᠬᠡᠪᠴᠢᠶ᠎ᠡ ᠪᠠᠷ ᠨᠡᠯᠢᠶᠡᠳ ᠪᠠᠭ᠎ᠠ | ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠨᠢ ᠡᠷᠬᠢᠨ ᠲᠣᠭᠤᠷᠢᠨ ᠤ ᠰᠠᠭᠤᠭ᠎ᠠ | ᠭᠠᠵᠠᠷ ᠲᠠᠢ ᠪᠠᠨ ᠲᠦᠷᠭᠡᠨ ᠨᠢᠭᠡᠳᠦᠯᠲᠡᠢ ᠲᠥᠯᠥᠪᠯᠡᠵᠦ ᠪᠠᠷᠢᠮᠵᠢᠶ᠎ᠠ ᠳᠤ ᠬᠦᠷᠦᠭᠦᠯᠦᠨ ᠨᠠᠰᠤᠵᠢᠯ ᠤᠨ | ᠦᠢᠯᠡᠴᠢᠯᠡᠭᠡᠨ ᠤ ᠲᠦᠬᠦᠬᠡᠷᠦᠮᠵᠢ ᠶᠢ ᠲᠣᠬᠢᠷᠠᠭᠤᠯᠤᠨ ᠪᠠᠶᠢᠭᠤᠯᠵᠤ ᠪᠣᠯᠣᠨ᠎ᠠ᠃ ᠬᠤᠲᠠ ᠪᠠᠯᠭᠠᠰᠤ ᠶᠢᠨ ᠵᠠᠮ᠂ | ᠵᠦᠯᠭᠡ ᠭᠠᠵᠠᠷ ᠤᠨ ᠠᠭᠤᠳᠠᠮ ᠲᠠᠯᠠᠪᠠᠶ᠂ ᠣᠯᠠᠨ ᠨᠡᠶᠢᠲᠡ ᠶᠢᠨ ᠪᠠᠷᠢᠯᠭ᠎ᠠ᠂ ᠣᠯᠠᠨ ᠨᠡᠶᠢᠲᠡ ᠶᠢᠨ ᠵᠠᠮ | ᠬᠠᠷᠢᠯᠴᠠᠭᠠᠨ ᠤ ᠲᠦᠬᠦᠬᠡᠷᠦᠮᠵᠢ᠂ ᠣᠷᠣᠨ ᠰᠠᠭᠤᠴᠠ ᠶᠢᠨ ᠪᠠᠷᠢᠯᠭ᠎ᠠ ᠵᠡᠷᠭᠡ ᠪᠦᠲᠦᠭᠡᠨ ᠪᠠᠶᠢᠭᠤᠯᠤᠯᠲᠠ ᠶᠢᠨ | ᠪᠠᠷᠢᠯᠭ᠎ᠠ ᠶᠢ ᠰᠢᠨ᠎ᠡ ᠪᠠᠷ ︵ᠥᠭᠡᠷᠡᠴᠢᠯᠡᠨ ᠪᠠᠶᠢᠭᠤᠯᠬᠤ᠂ ᠥᠷᠭᠡᠳᠬᠡᠬᠦ︶ ᠪᠠᠶᠢᠭᠤᠯᠬᠤ ᠳᠤ᠂ ᠬᠠᠮᠢᠶ᠎ᠠ ᠪᠦᠬᠦᠢ | ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠪᠠ ᠪᠠᠷᠢᠮᠵᠢᠶ᠎ᠠ ᠵᠢᠷᠤᠮᠵᠢᠯ ᠤᠨ ᠱᠠᠭᠠᠷᠳᠠᠯᠭ᠎ᠠ ᠶᠣᠰᠣᠭᠠᠷ ᠬᠠᠷᠰᠢ | ᠰᠠᠭᠠᠳ ᠦᠭᠡᠢ ᠲᠦᠬᠦᠬᠡᠷᠦᠮᠵᠢ ᠶᠢ ᠲᠣᠬᠢᠷᠠᠭᠤᠯᠤᠨ ᠪᠠᠶᠢᠭᠤᠯᠬᠤ ᠬᠡᠷᠡᠭᠲᠡᠢ᠃ 2025 ᠣᠨ ᠪᠣᠯᠬᠤ ᠳᠤ᠂ ᠪᠥᠬᠦ | ᠬᠤᠲᠠ ᠶᠢᠨ ᠬᠤᠲᠠ ᠪᠠᠯᠭᠠᠰᠤ ᠶᠢᠨ ᠵᠠᠮ ᠤᠨ ᠰᠠᠭᠠᠳ ᠦᠭᠡᠢ ᠲᠦᠬᠦᠬᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ | ᠨᠣᠷᠮ᠎ᠠ᠂ ᠣᠯᠠᠨ ᠨᠡᠶᠢᠲᠡ ᠶᠢᠨ ᠪᠠᠷᠢᠯᠭ᠎ᠠ ᠶᠢᠨ ᠰᠠᠭᠠᠳ ᠦᠭᠡᠢ ᠲᠦᠬᠦᠬᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ | ᠨᠣᠷᠮ᠎ᠠ ᠶᠢ ᠴᠥᠮ 100% ᠳᠤ ᠬᠦᠷᠦᠭᠦᠯᠦᠨ᠎ᠡ᠃ | ᠭᠤᠷᠪᠠ᠂ ᠪᠢᠴᠢᠭ ᠮᠠᠲ᠋ᠧᠷᠢᠶᠠᠯ ᠤᠨ ᠦᠨᠳᠦᠰᠦᠯᠡᠯ | ︽ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠲᠤ ᠨᠠᠰᠤᠵᠢᠯ ᠤᠨ ᠦᠢᠯᠡᠴᠢᠯᠡᠭᠡᠨ ᠤ | ᠲᠦᠬᠦᠬᠡᠷᠦᠮᠵᠢ ᠪᠠ ᠬᠠᠷᠰᠢ ᠰᠠᠭᠠᠳ ᠦᠭᠡᠢ ᠲᠦᠬᠦᠬᠡᠷᠦᠮᠵᠢ ᠶᠢ ᠲᠣᠬᠢᠷᠠᠭᠤᠯᠤᠨ ᠪᠠᠶᠢᠭᠤᠯᠬᠤ ᠠᠵᠢᠯ ᠢ | ᠴᠢᠩᠭᠠᠳᠬᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠥᠰᠥᠭ ﹇2022﹈ 44 ᠳ᠋ᠤᠭᠡᠷ | ᠲᠣᠭᠠᠲᠤ︶᠃ | ᠳᠥᠷᠪᠡ᠂ ︽ᠲᠥᠰᠥᠯ︾ ᠤᠨ ᠭᠤᠣᠯ ᠡᠭᠦᠷᠭᠡ | ︵ᠨᠢᠭᠡ︶ ᠢᠵᠢᠯ ᠠᠯᠬᠤᠮ ᠢᠶᠠᠷ ᠲᠥᠯᠥᠪᠵᠢᠭᠦᠯᠬᠦ | 1. ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠲᠣᠰ | ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠨᠠᠰᠤᠵᠢᠯ ᠤᠨ ᠦᠢᠯᠡᠴᠢᠯᠡᠭᠡᠨ ᠤ ᠲᠦᠬᠦᠬᠡᠷᠦᠮᠵᠢ ᠶᠢᠨ ᠲᠤᠰᠬᠠᠢ | ᠵᠦᠢᠯ ᠤᠨ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢ ᠬᠠᠷᠢᠭᠤᠴᠠᠨ᠎ᠠ᠃ | ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠤᠳ ᠨᠠᠰᠤᠵᠢᠯ ᠤᠨ ᠦᠢᠯᠡᠴᠢᠯᠡᠭᠡᠨ ᠤ | ᠲᠦᠬᠦᠬᠡᠷᠦᠮᠵᠢ ᠶᠢᠨ ᠪᠠᠷᠢᠮᠵᠢᠶ᠎ᠠ ᠳᠤ ᠬᠦᠷᠦᠭᠰᠡᠨ ᠨᠣᠷᠮ᠎ᠠ ᠶᠢ ᠬᠠᠮᠢᠶ᠎ᠠ ᠪᠦᠬᠦᠢ ᠣᠯᠠᠨ ᠨᠡᠶᠢᠲᠡ ᠶᠢᠨ | ᠦᠢᠯᠡᠴᠢᠯᠡᠭᠡᠨ ᠤ ᠲᠥᠯᠦᠪᠵᠢᠭᠦᠯᠭᠡ ᠪᠤᠶᠤ ᠲᠥᠰᠥᠯ ᠳᠤ ᠣᠷᠣᠭᠤᠯᠵᠤ᠂ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠢ ᠲᠣᠭᠲᠠᠭᠠᠬᠤ᠂ ᠳᠠᠩᠰᠠᠯᠠᠬᠤ ᠠᠵᠢᠯ ᠢ ᠭᠦᠢᠴᠡᠳᠬᠡᠬᠦ ᠬᠡᠷᠡᠭᠲᠡᠢ᠃ ᠪᠠᠶᠢᠭᠠᠯᠢ ᠶᠢᠨ ᠡᠬᠢ ᠪᠠᠶᠠᠯᠢᠭ ᠤᠨ | ᠰᠠᠯᠠᠭ᠎ᠠ ᠮᠥᠴᠢᠷ ᠨᠢ ᠬᠠᠤᠯᠢ ᠶᠣᠰᠣᠭᠠᠷ ᠵᠥᠪᠰᠢᠶᠡᠷᠡᠭᠰᠡᠨ ᠲᠤᠰᠬᠠᠢ ᠵᠦᠢᠯ ᠤᠨ ᠲᠥᠯᠦᠪᠵᠢᠭᠦᠯᠭᠡ ᠶᠢᠨ ᠭᠤᠣᠯ | ᠠᠭᠤᠯᠭ᠎ᠠ ᠶᠢ ᠡᠵᠡᠮᠳᠡᠯ ᠤᠨ ᠴᠢᠨᠠᠷᠲᠠᠢ ᠨᠠᠷᠢᠨ ᠲᠥᠯᠦᠪᠵᠢᠭᠦᠯᠭᠡ ᠳᠤ ᠣᠷᠣᠭᠤᠯᠵᠤ᠂ ᠤᠯᠤᠰ ᠤᠨ ᠭᠠᠵᠠᠷ | ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ︽ᠨᠢᠭᠡ ᠯᠡ ᠵᠢᠷᠤᠭ︾ ᠲᠤ ᠳᠠᠪᠬᠤᠴᠠᠭᠤᠯᠤᠨ ᠴᠢᠩᠭ᠎ᠠ | ᠬᠡᠷᠡᠭᠵᠢᠭᠦᠯᠬᠦ ᠶᠢ ᠬᠠᠷᠢᠭᠤᠴᠠᠨ᠎ᠠ᠃ | 2. ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠤᠳ ᠰᠢᠨ᠎ᠡ ᠪᠠᠷ ᠪᠠᠶᠢᠭᠤᠯᠤᠭᠰᠠᠨ ᠣᠷᠣᠨ | ᠰᠠᠭᠤᠴᠠ ᠶᠢᠨ ᠲᠣᠭᠤᠷᠢᠭ ᠤᠨ ᠲᠥᠷᠥᠯ ᠵᠦᠢᠯ ᠤᠨ ᠭᠠᠵᠠᠷ ᠬᠡᠷᠡᠭᠯᠡᠬᠦ ᠲᠥᠯᠦᠪᠵᠢᠭᠦᠯᠭᠡ ᠶᠢᠨ ᠨᠥᠬᠦᠴᠡᠯ ᠢ ᠬᠢᠨᠠᠨ | ᠣᠯᠭᠤᠬᠤ ᠳᠠᠭᠠᠨ᠂ ᠨᠠᠰᠤᠵᠢᠯ ᠤᠨ ᠦᠢᠯᠡᠴᠢᠯᠡᠭᠡᠨ ᠤ ᠲᠦᠬᠦᠬᠡᠷᠦᠮᠵᠢ ᠪᠠ ᠬᠠᠷᠰᠢ ᠰᠠᠭᠠᠳ ᠦᠭᠡᠢ | ᠲᠦᠬᠦᠬᠡᠷᠦᠮᠵᠢ ᠶᠢ ᠲᠣᠬᠢᠷᠠᠭᠤᠯᠤᠨ ᠪᠠᠶᠢᠭᠤᠯᠬᠤ ᠬᠠᠮᠢᠶ᠎ᠠ ᠪᠦᠬᠦᠢ ᠱᠠᠭᠠᠷᠳᠠᠯᠭ᠎ᠠ ᠶᠢ ᠵᠡᠷᠭᠡ ᠳᠤᠨᠢ ᠳᠤᠷᠠᠳᠬᠤ | ᠬᠡᠷᠡᠭᠲᠡᠢ᠃ ᠤᠯᠤᠰ ᠤᠨ ᠥᠮᠴᠢᠯᠡᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ | ᠰᠢᠯᠵᠢᠭᠦᠯᠦᠨ ᠬᠤᠳᠠᠯᠳᠤᠬᠤ ᠲᠥᠰᠥᠯ ᠢ ᠲᠣᠭᠲᠠᠭᠠᠬᠤ ᠦᠶ᠎ᠡ ᠳᠤ᠂ ᠲᠣᠭᠲᠠᠭᠠᠭᠰᠠᠨ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠲᠦᠬᠦᠬᠡᠷᠦᠮᠵᠢ ᠪᠣᠯᠣᠨ ᠬᠠᠷᠰᠢ ᠰᠠᠭᠠᠳ ᠦᠭᠡᠢ ᠲᠦᠬᠦᠬᠡᠷᠦᠮᠵᠢ ᠲᠣᠬᠢᠷᠠᠭᠤᠯᠤᠨ ᠪᠠᠶᠢᠭᠤᠯᠬᠤ | ᠪᠠᠷᠢᠮᠵᠢᠶ᠎ᠠ ᠵᠡᠷᠭᠡ ᠲᠥᠯᠦᠪᠵᠢᠭᠦᠯᠭᠡ ᠶᠢᠨ ᠨᠥᠬᠦᠴᠡᠯ ᠵᠢᠴᠢ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ | ᠨᠠᠰᠤᠵᠢᠯ ᠤᠨ ᠠᠰᠠᠷᠠᠮᠵᠢ ᠶᠢᠨ ᠲᠦᠬᠦᠬᠡᠷᠦᠮᠵᠢ ᠲᠣᠬᠢᠷᠠᠭᠤᠯᠤᠨ ᠪᠠᠶᠢᠭᠤᠯᠬᠤ ᠳᠤ ᠬᠡᠷᠡᠭᠯᠡᠬᠦ ᠭᠡᠷ ᠪᠠᠶᠢᠰᠢᠩ ᠤᠨ | ᠪᠣᠳᠠᠲᠠᠢ ᠪᠦᠲᠦᠭᠡᠨ ᠪᠠᠶᠢᠭᠤᠯᠬᠤ ᠪᠠᠷᠢᠮᠵᠢᠶ᠎ᠠ ᠬᠢᠭᠡᠳ ᠲᠤᠰᠢᠶᠠᠨ ᠥᠭᠬᠦ ᠱᠠᠭᠠᠷᠳᠠᠯᠭ᠎ᠠ ᠵᠡᠷᠭᠡ ᠶᠢ ᠭᠠᠵᠠᠷ ᠰᠢᠷᠣᠢ | ᠬᠠᠩᠭᠠᠬᠤ ᠤᠷᠢᠲᠠᠯ ᠨᠥᠬᠦᠴᠡᠯ ᠪᠣᠯᠭᠠᠵᠤ᠂ ᠭᠠᠷᠭᠠᠵᠤ ᠥᠭᠬᠦ ᠠᠯᠪᠠᠨ ᠵᠠᠷ ᠪᠣᠯᠣᠨ ᠭᠠᠷᠭᠠᠵᠤ ᠥᠭᠬᠦ ᠳᠤ ᠡᠷᠬᠡᠪᠰᠢ | ᠮᠡᠳᠡᠬᠦ ᠵᠦᠢᠯ ᠳᠤ ᠣᠷᠣᠭᠤᠯᠬᠤ ᠶᠢᠨ ᠵᠡᠷᠭᠡᠴᠡᠪᠡᠷ ︽ᠤᠯᠤᠰ ᠤᠨ ᠥᠮᠴᠢᠯᠡᠯᠲᠦ ᠪᠦᠲᠦᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠭᠠᠷᠭᠠᠵᠤ ᠥᠭᠬᠦ ᠭᠡᠷ᠎ᠡ︾ ᠳᠤ ᠪᠢᠴᠢᠵᠦ ᠣᠷᠣᠭᠤᠯᠬᠤ ᠶᠢᠨ ᠬᠠᠮᠲᠤ | ᠬᠡᠷᠡᠭᠵᠢᠭᠦᠯᠬᠦ ᠬᠡᠷᠡᠭᠲᠡᠢ᠃ | 3. ᠤᠯᠤᠰ ᠤᠨ ᠥᠮᠴᠢᠯᠡᠯᠲᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ | ᠥᠷᠢᠰᠦᠯᠳᠦᠨ ᠣᠯᠣᠭᠴᠢ ︽ᠤᠯᠤᠰ ᠤᠨ ᠥᠮᠴᠢᠯᠡᠯᠲᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ | ᠬᠡᠷᠡᠭᠯᠡᠬᠦ ᠡᠷᠬᠡ ᠶᠢ ᠰᠢᠯᠵᠢᠭᠦᠯᠦᠨ ᠬᠤᠳᠠᠯᠳᠤᠬᠤ ᠭᠡᠷ᠎ᠡ︾ ᠳᠤ ᠭᠠᠷ ᠤᠨ ᠥᠰᠥᠭ ᠵᠢᠷᠤᠬᠤ ᠳᠠᠭᠠᠨ᠂ ᠲᠥᠷᠥᠯ | ᠵᠦᠢᠯ ᠤᠨ ᠪᠠᠶᠢᠭ᠎ᠠ ᠭᠠᠵᠠᠷ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠯᠦᠭᠡ ᠰᠢᠨ᠎ᠡ ᠪᠠᠷ ᠪᠠᠶᠢᠭᠤᠯᠤᠭᠰᠠᠨ | ᠣᠷᠣᠨ ᠰᠠᠭᠤᠴᠠ ᠶᠢᠨ ᠲᠣᠭᠤᠷᠢᠭ ᠤᠨ ᠲᠥᠷᠥᠯ ᠵᠦᠢᠯ ᠤᠨ ᠨᠠᠰᠤᠵᠢᠯ ᠤᠨ ᠦᠢᠯᠡᠴᠢᠯᠡᠭᠡᠨ ᠤ ᠲᠦᠬᠦᠬᠡᠷᠦᠮᠵᠢ ᠶᠢ | ᠰᠢᠯᠵᠢᠭᠦᠯᠦᠨ ᠲᠤᠰᠢᠶᠠᠬᠤ ᠠᠮᠠᠯᠠᠯᠲᠠ ᠶᠢᠨ ᠪᠢᠴᠢᠭ ᠲᠣᠭᠲᠠᠵᠤ᠂ ᠪᠦᠲᠦᠭᠡᠨ ᠪᠠᠶᠢᠭᠤᠯᠬᠤ ᠠᠭᠤᠯᠭ᠎ᠠ᠂ ᠪᠦᠲᠦᠭᠡᠨ | ᠪᠠᠶᠢᠭᠤᠯᠬᠤ ᠪᠠᠷᠢᠮᠵᠢᠶ᠎ᠠ᠂ ᠠᠵᠢᠯ ᠡᠬᠢᠯᠡᠭᠦᠯᠬᠦ ᠬᠤᠭᠤᠴᠠᠭ᠎ᠠ ᠬᠢᠵᠠᠭᠠᠷ᠂ ᠰᠢᠯᠵᠢᠭᠦᠯᠦᠨ ᠲᠤᠰᠢᠶᠠᠬᠤ ᠠᠷᠭ᠎ᠠ ᠮᠠᠶ᠋ᠢᠭ᠂ | ᠭᠡᠷ᠎ᠡ ᠵᠥᠷᠢᠴᠡᠭᠰᠡᠨ ᠬᠠᠷᠢᠭᠤᠴᠠᠯᠭ᠎ᠠ ᠵᠡᠷᠭᠡ ᠠᠭᠤᠯᠭ᠎ᠠ ᠶᠢ ᠲᠣᠳᠣᠷᠬᠠᠶᠢᠯᠠᠬᠤ ᠬᠡᠷᠡᠭᠲᠡᠢ᠃ | 4. ᠪᠦᠲᠦᠭᠡᠨ ᠪᠠᠶᠢᠭᠤᠯᠬᠤ ᠨᠢᠭᠡᠴᠢ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠤᠨ | ᠲᠥᠷᠥᠯ ᠵᠦᠢᠯ ᠤᠨ ᠵᠠᠰᠠᠨ ᠪᠠᠶᠢᠭᠤᠯᠬᠤ ᠴᠢᠨᠠᠷᠲᠠᠢ ᠨᠠᠷᠢᠨ ᠲᠥᠯᠦᠪᠵᠢᠭᠦᠯᠭᠡ᠂ ᠪᠦᠲᠦᠭᠡᠨ ᠪᠠᠶᠢᠭᠤᠯᠤᠯᠲᠠ ᠶᠢᠨ | ᠪᠠᠷᠢᠯᠭ᠎ᠠ ᠶᠢᠨ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠲᠥᠰᠥᠯ ᠢ ᠨᠠᠶᠢᠷᠠᠭᠤᠯᠤᠨ ᠵᠣᠬᠢᠶᠠᠬᠤ ᠳᠠᠭᠠᠨ᠂ | ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠵᠢᠷᠤᠭ ᠳᠡᠭᠡᠷ᠎ᠡ ᠣᠷᠣᠨ ᠰᠠᠭᠤᠴᠠ ᠶᠢᠨ ᠲᠣᠭᠤᠷᠢᠭ ᠤᠨ | ᠨᠠᠰᠤᠵᠢᠯ ᠤᠨ ᠦᠢᠯᠡᠴᠢᠯᠡᠭᠡᠨ ᠤ ᠲᠦᠬᠦᠬᠡᠷᠦᠮᠵᠢ ᠶᠢᠨ ᠬᠡᠷᠡᠭᠯᠡᠬᠦ ᠭᠡᠷ ᠪᠠᠶᠢᠰᠢᠩ ᠤᠨ ᠪᠣᠳᠠᠲᠠᠢ ᠣᠷᠣᠨ ᠪᠠᠶᠢᠷᠢ ᠪᠠ | ᠪᠠᠷᠢᠯᠭ᠎ᠠ ᠶᠢᠨ ᠲᠠᠯᠠᠪᠠᠶ ᠶᠢ ᠲᠣᠳᠣᠷᠬᠠᠶᠢᠯᠠᠬᠤ ᠬᠡᠷᠡᠭᠲᠡᠢ᠃ | 5. ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠨᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ | ᠲᠥᠯᠦᠪᠵᠢᠭᠦᠯᠭᠡ ᠶᠢᠨ ᠵᠥᠪᠰᠢᠶᠡᠷᠡᠯ ᠢ ᠭᠦᠢᠴᠡᠳᠬᠡᠬᠦ ᠳᠡᠭᠡᠨ᠂ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ | ᠲᠣᠭᠤᠷᠢᠭ ᠤᠨ ᠲᠣᠬᠢᠷᠠᠭᠤᠯᠤᠨ ᠪᠠᠶᠢᠭᠤᠯᠤᠭᠰᠠᠨ ᠨᠠᠰᠤᠵᠢᠯ ᠤᠨ ᠦᠢᠯᠡᠴᠢᠯᠡᠭᠡᠨ ᠤ ᠲᠦᠬᠦᠬᠡᠷᠦᠮᠵᠢ ᠨᠢ ᠪᠦᠲᠦᠭᠡᠨ | ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠲᠥᠰᠥᠯ ᠪᠠ ᠤᠯᠤᠰ ᠤᠨ | ᠬᠤᠯᠪᠣᠭᠳᠠᠯ ᠪᠦᠬᠦᠢ ᠪᠠᠷᠢᠮᠵᠢᠶ᠎ᠠ ᠶᠢᠨ ᠵᠢᠷᠤᠮᠵᠢᠯ ᠤᠨ ᠱᠠᠭᠠᠷᠳᠠᠯᠭ᠎ᠠ ᠳᠤ ᠨᠡᠶᠢᠴᠡᠬᠦ ᠦᠭᠡᠢ ᠪᠠᠶᠢᠪᠠᠯ᠂ | ᠵᠥᠪᠰᠢᠶᠡᠷᠡᠯ ᠤᠨ ᠦᠨᠡᠮᠯᠡᠯ ᠣᠯᠭᠤᠬᠤ ᠦᠭᠡᠢ᠃ | ︵ᠬᠤᠶᠠᠷ︶ ᠵᠡᠷᠭᠡ ᠳᠤᠨᠢ ᠪᠦᠲᠦᠭᠡᠨ ᠪᠠᠶᠢᠭᠤᠯᠬᠤ | 1. ᠪᠦᠲᠦᠭᠡᠨ ᠪᠠᠶᠢᠭᠤᠯᠬᠤ ᠨᠢᠭᠡᠴᠢ ᠨᠢ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠤᠨ | ᠪᠠᠷᠢᠯᠭ᠎ᠠ ᠶᠢᠨ ᠵᠢᠷᠤᠭ ᠤᠨ ᠵᠢᠷᠤᠭᠯᠠᠨ ᠲᠥᠯᠥᠪᠯᠡᠭᠰᠡᠨ ᠪᠢᠴᠢᠭ ᠮᠠᠲ᠋ᠧᠷᠢᠶᠠᠯ ᠢ ᠨᠠᠶᠢᠷᠠᠭᠤᠯᠤᠨ ᠵᠣᠬᠢᠶᠠᠬᠤ ᠳᠠᠭᠠᠨ᠂ | ᠵᠢᠷᠤᠭᠯᠠᠨ ᠲᠥᠯᠥᠪᠯᠡᠭᠰᠡᠨ ᠨᠢᠭᠡᠴᠢ ᠨᠢ ᠲᠣᠰ ᠪᠢᠴᠢᠭ ᠮᠠᠲ᠋ᠧᠷᠢᠶᠠᠯ ᠳᠤ ᠱᠠᠭᠠᠷᠳᠠᠭᠰᠠᠨ ᠵᠢᠷᠤᠭᠯᠠᠨ ᠲᠥᠯᠥᠪᠯᠡᠭᠰᠡᠨ | ᠪᠠᠷᠢᠮᠵᠢᠶ᠎ᠠ ᠶᠢ ᠴᠢᠩᠭ᠎ᠠ ᠵᠢᠷᠤᠮᠯᠠᠨ ᠨᠠᠰᠤᠵᠢᠯ ᠤᠨ ᠦᠢᠯᠡᠴᠢᠯᠡᠭᠡᠨ ᠤ ᠲᠦᠬᠦᠬᠡᠷᠦᠮᠵᠢ ᠪᠠ ᠬᠠᠷᠰᠢ ᠰᠠᠭᠠᠳ ᠦᠭᠡᠢ | ᠲᠦᠬᠦᠬᠡᠷᠦᠮᠵᠢ ᠶᠢ ᠲᠣᠬᠢᠷᠠᠭᠤᠯᠤᠨ ᠪᠠᠶᠢᠭᠤᠯᠬᠤ ᠶᠢ ᠱᠠᠭᠠᠷᠳᠠᠬᠤ ᠬᠡᠷᠡᠭᠲᠡᠢ᠃ | 2. ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠤᠨ ᠢᠵᠢ ᠪᠦᠷᠢᠳᠦᠭᠦᠯᠦᠨ ᠪᠦᠲᠦᠭᠡᠨ | ᠪᠠᠶᠢᠭᠤᠯᠬᠤ ᠨᠠᠰᠤᠵᠢᠯ ᠤᠨ ᠦᠢᠯᠡᠴᠢᠯᠡᠭᠡᠨ ᠤ ᠲᠦᠬᠦᠬᠡᠷᠦᠮᠵᠢ ᠶᠢ ᠪᠠᠷᠢᠯᠭ᠎ᠠ ᠶᠢᠨ ᠵᠢᠷᠤᠭ ᠢ ᠬᠢᠨᠠᠨ ᠪᠠᠶᠢᠴᠠᠭᠠᠬᠤ | ᠬᠡᠪᠴᠢᠶᠡᠨ ᠳᠤ ᠣᠷᠣᠭᠤᠯᠵᠤ᠂ ᠪᠠᠷᠢᠯᠭ᠎ᠠ ᠶᠢᠨ ᠵᠢᠷᠤᠭ ᠢ ᠬᠢᠨᠠᠨ ᠪᠠᠶᠢᠴᠠᠭᠠᠬᠤ ᠪᠠᠶᠢᠭᠤᠯᠤᠮᠵᠢ ᠨᠢ ᠪᠠᠷᠢᠯᠭ᠎ᠠ ᠶᠢᠨ | ᠵᠢᠷᠤᠭ ᠢ ᠵᠢᠷᠤᠭᠯᠠᠨ ᠲᠥᠯᠥᠪᠯᠡᠭᠰᠡᠨ ᠪᠢᠴᠢᠭ ᠮᠠᠲ᠋ᠧᠷᠢᠶᠠᠯ ᠢ ᠬᠢᠨᠠᠨ ᠪᠠᠶᠢᠴᠠᠭᠠᠬᠤ ᠳᠠᠭᠠᠨ ᠱᠠᠭᠠᠷᠳᠠᠯᠭ᠎ᠠ ᠪᠠᠷ ᠴᠢᠩᠭ᠎ᠠ | ᠠᠳᠬᠤᠬᠤ ᠬᠡᠷᠡᠭᠲᠡᠢ᠃ | 3. ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ︵ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ︶ ᠶᠢᠨ ᠰᠠᠯᠠᠭ᠎ᠠ ᠮᠥᠴᠢᠷ ᠤᠳ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠤᠨ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠪᠠᠷᠢᠬᠤ ᠵᠥᠪᠰᠢᠶᠡᠷᠡᠯ ᠢ ᠭᠦᠢᠴᠡᠳᠬᠡᠬᠦ ᠳᠡᠭᠡᠨ᠂ | ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠪᠢᠴᠢᠭ ᠮᠠᠲ᠋ᠧᠷᠢᠶᠠᠯ ᠢ ᠬᠢᠨᠠᠨ ᠪᠠᠶᠢᠴᠠᠭᠠᠭᠠᠳ ᠬᠢᠷᠢ ᠲᠡᠩᠴᠡᠭᠰᠡᠨ | ᠪᠢᠴᠢᠭ ᠲᠤ ᠨᠠᠰᠤᠵᠢᠯ ᠤᠨ ᠦᠢᠯᠡᠴᠢᠯᠡᠭᠡᠨ ᠤ ᠲᠦᠬᠦᠬᠡᠷᠦᠮᠵᠢ ᠪᠠ ᠬᠠᠷᠰᠢ ᠰᠠᠭᠠᠳ ᠦᠭᠡᠢ ᠲᠦᠬᠦᠬᠡᠷᠦᠮᠵᠢ ᠶᠢ ᠢᠵᠢ | ᠪᠦᠷᠢᠳᠦᠭᠦᠯᠦᠨ ᠪᠦᠲᠦᠭᠡᠨ ᠪᠠᠶᠢᠭᠤᠯᠤᠭᠰᠠᠨ ᠡᠰᠡᠬᠦ ᠶᠢ ᠴᠢᠩᠭ᠎ᠠ ᠬᠢᠨᠠᠨ ᠬᠠᠷᠭᠤᠭᠤᠯᠵᠤ᠂ ᠲᠥᠯᠦᠪᠵᠢᠭᠦᠯᠭᠡ ᠶᠢᠨ | ᠶᠣᠰᠣᠭᠠᠷ ᠢᠵᠢ ᠪᠦᠷᠢᠳᠦᠭᠦᠯᠦᠨ ᠵᠢᠷᠤᠵᠤ ᠲᠥᠯᠥᠪᠯᠡᠭᠰᠡᠨ ᠦᠭᠡᠢ ᠪᠠᠶᠢᠪᠠᠯ ᠬᠢᠨᠠᠨ ᠬᠠᠷᠭᠤᠭᠤᠯᠵᠤ ᠪᠠᠲᠤᠯᠠᠬᠤ | ᠦᠭᠡᠢ᠃ | 4. ᠪᠠᠷᠢᠯᠭ᠎ᠠ ᠪᠠᠷᠢᠭᠤᠯᠬᠤ ᠨᠢᠭᠡᠴᠢ ᠨᠢ ᠬᠢᠨᠠᠨ ᠪᠠᠶᠢᠴᠠᠭᠠᠭᠠᠳ ᠬᠢᠷᠢ ᠲᠡᠩᠴᠡᠭᠰᠡᠨ ᠪᠠᠷᠢᠯᠭ᠎ᠠ ᠪᠠᠷᠢᠬᠤ ᠵᠢᠷᠤᠭ ᠤᠨ | ᠵᠢᠷᠤᠭᠯᠠᠨ ᠲᠥᠯᠥᠪᠯᠡᠭᠰᠡᠨ ᠪᠢᠴᠢᠭ ᠮᠠᠲ᠋ᠧᠷᠢᠶᠠᠯ ᠪᠣᠯᠣᠨ ᠬᠠᠮᠢᠶ᠎ᠠ ᠪᠦᠬᠦᠢ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠪᠠᠷᠢᠮᠵᠢᠶ᠎ᠠ ᠶᠣᠰᠣᠭᠠᠷ ᠪᠠᠷᠢᠯᠭ᠎ᠠ ᠶᠢᠨ ᠠᠵᠢᠯ ᠢ ᠵᠣᠬᠢᠶᠠᠨ ᠪᠠᠶᠢᠭᠤᠯᠵᠤ᠂ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠲᠦᠬᠦᠬᠡᠷᠦᠮᠵᠢ ᠶᠢᠨ ᠬᠡᠷᠡᠭᠯᠡᠬᠦ ᠭᠡᠷ ᠪᠠᠶᠢᠰᠢᠩ ᠤᠨ ᠬᠡᠷᠡᠮ ᠢ ᠲᠦᠷᠪᠡᠨ ᠬᠠᠨ᠎ᠡ ᠨᠢ | ᠴᠠᠭᠠᠨ᠂ ᠱᠦᠢᠨᠢ ᠶᠢᠨ ᠭᠠᠵᠠᠷ ᠤᠨ ᠭᠠᠳᠠᠷᠭᠤ ᠨᠢ ᠲᠡᠭᠰᠢᠬᠡᠨ ᠪᠠᠶᠢᠯᠭᠠᠬᠤ᠂ ᠡᠭᠦᠳᠡ ᠴᠣᠩᠬᠤ᠂ ᠵᠣᠷᠯᠣᠩ᠂ ᠤᠰᠤ | ᠴᠠᠬᠢᠯᠭᠠᠨ ᠬᠡᠢ ᠳᠤᠯᠠᠭᠠᠯᠠᠭ᠎ᠠ᠂ ᠰᠠᠭᠠᠳ ᠦᠭᠡᠢ ᠵᠡᠷᠭᠡ ᠲᠦᠬᠦᠬᠡᠷᠦᠮᠵᠢ ᠶᠢ ᠪᠦᠷᠢᠨ ᠭᠦᠢᠴᠡᠳ ᠪᠠᠶᠢᠯᠭᠠᠬᠤ ᠶᠢ | ᠦᠨᠡᠨᠬᠦ ᠪᠠᠲᠤᠯᠠᠵᠤ᠂ ᠲᠥᠬᠦᠮ ᠢᠶᠠᠷ ᠵᠠᠰᠠᠵᠤ ᠴᠢᠮᠡᠭᠯᠡᠪᠡᠯ ᠳᠠᠷᠤᠢ ᠬᠡᠷᠡᠭᠯᠡᠵᠦ ᠪᠣᠯᠬᠤ ᠪᠠᠷᠢᠮᠵᠢᠶ᠎ᠠ ᠳᠤ ᠬᠦᠷᠦᠭᠦᠯᠬᠦ | ᠬᠡᠷᠡᠭᠲᠡᠢ᠃ | 5. ᠪᠦᠲᠦᠭᠡᠨ ᠪᠠᠶᠢᠭᠤᠯᠬᠤ ᠨᠢᠭᠡᠴᠢ ᠨᠢ ᠣᠷᠣᠨ ᠰᠠᠭᠤᠴᠠ ᠶᠢᠨ ᠲᠣᠭᠤᠷᠢᠭ ᠤᠨ ᠨᠠᠰᠤᠵᠢᠯ ᠤᠨ | ᠦᠢᠯᠡᠴᠢᠯᠡᠭᠡᠨ ᠤ ᠲᠦᠬᠦᠬᠡᠷᠦᠮᠵᠢ ᠪᠠ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠰᠠᠭᠠᠳ ᠦᠭᠡᠢ | ᠲᠦᠬᠦᠬᠡᠷᠦᠮᠵᠢ ᠶᠢᠨ ᠵᠢᠷᠤᠭᠯᠠᠨ ᠲᠥᠯᠥᠪᠯᠡᠭᠰᠡᠨ ᠠᠭᠤᠯᠭ᠎ᠠ ᠶᠢ ᠳᠤᠷ᠎ᠠ ᠪᠠᠷ ᠢᠶᠠᠨ ᠬᠤᠪᠢᠷᠠᠭᠤᠯᠵᠤ ᠪᠣᠯᠬᠤ ᠦᠭᠡᠢ᠃ | ᠤᠨᠴᠠᠭᠠᠢ ᠪᠠᠶᠢᠳᠠᠯ ᠠᠴᠠ ᠪᠣᠯᠵᠤ ᠬᠤᠪᠢᠷᠠᠭᠤᠯᠬᠤ ᠴᠢᠬᠤᠯᠠ ᠲᠠᠢ ᠪᠣᠯ᠂ ᠤᠤᠯ ᠤᠨ ᠬᠢᠨᠠᠨ ᠪᠠᠢᠴᠠᠭᠠᠭᠰᠠᠨ ᠰᠠᠯᠠᠭ᠎ᠠ | ᠮᠥᠴᠢᠷ ᠢᠶᠠᠷ ᠬᠢᠨᠠᠭᠤᠯᠵᠤ ᠵᠥᠪᠰᠢᠶᠡᠷᠡᠭᠦᠯᠬᠦ ᠬᠡᠷᠡᠭᠲᠡᠢ᠃ | ︵ᠭᠤᠷᠪᠠ︶ ᠪᠠᠷᠢᠯᠭ᠎ᠠ ᠳᠠᠭᠤᠰᠤᠭᠰᠠᠨ ᠢ ᠵᠡᠷᠭᠡ ᠲᠤᠨᠢ ᠰᠢᠯᠭᠠᠨ ᠠᠪᠬᠤ | 1. ᠪᠦᠲᠦᠭᠡᠨ ᠪᠠᠶᠢᠭᠤᠯᠬᠤ ᠨᠢᠭᠡᠴᠡ ᠨᠢ ᠰᠠᠭᠤᠭᠠᠯᠢ ᠠᠷᠠᠳ ᠤᠨ ᠲᠣᠭᠤᠷᠢᠭ ᠤᠨ ᠢᠵᠢ ᠪᠦᠷᠢᠳᠦᠭᠦᠯᠦᠨ | ᠪᠦᠲᠦᠭᠡᠨ ᠪᠠᠶᠢᠭᠤᠯᠤᠭᠰᠠᠨ ᠨᠠᠰᠤᠵᠢᠯ ᠤᠨ ᠦᠢᠯᠡᠴᠢᠯᠡᠭᠡᠨ ᠤ ᠲᠦᠬᠦᠬᠡᠷᠦᠮᠵᠢ᠂ ᠬᠠᠷᠰᠢ ᠰᠠᠭᠠᠳ ᠦᠭᠡᠢ | ᠲᠦᠬᠦᠬᠡᠷᠦᠮᠵᠢ ᠶᠢ ᠣᠷᠣᠨ ᠰᠠᠭᠤᠴᠠ ᠶᠢᠨ ᠰᠠᠭᠤᠭᠠᠯᠢ ᠲᠣᠭᠤᠷᠢᠭ ᠯᠤᠭ᠎ᠠ ᠪᠦᠬᠦᠯᠢ ᠴᠣᠭᠴᠠ ᠪᠠᠷ ᠨᠢ ᠵᠡᠷᠭᠡ ᠳᠤᠨᠢ | ᠰᠢᠯᠭᠠᠨ ᠬᠤᠷᠢᠶᠠᠵᠤ᠂ ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠢ ᠪᠠᠶᠢᠪᠠᠯ᠂ ᠲᠤᠰᠢᠶᠠᠨ ᠥᠭᠴᠦ | ᠬᠡᠷᠡᠭᠯᠡᠭᠦᠯᠵᠦ ᠪᠣᠯᠬᠤ ᠦᠭᠡᠢ᠃ | 2. ᠪᠠᠶᠢᠭᠠᠯᠢ ᠶᠢᠨ ᠡᠬᠢ ᠪᠠᠶᠠᠯᠢᠭ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠨᠠᠰᠤᠵᠢᠯ ᠤᠨ | ᠦᠢᠯᠡᠴᠢᠯᠡᠭᠡᠨ ᠤ ᠲᠦᠬᠦᠬᠡᠷᠦᠮᠵᠢ ᠨᠢ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠳᠤ ᠨᠡᠶᠢᠴᠡᠬᠦ ᠡᠰᠡᠬᠦ ᠶᠢ ᠬᠢᠨᠠᠨ | ᠬᠠᠷᠭᠤᠭᠤᠯᠵᠤ᠂ ᠲᠥᠯᠦᠪᠵᠢᠭᠦᠯᠭᠡ ᠶᠢᠨ ᠱᠠᠭᠠᠷᠳᠠᠯᠭ᠎ᠠ ᠶᠣᠰᠣᠭᠠᠷ ᠨᠠᠰᠤᠵᠢᠯ ᠤᠨ ᠦᠢᠯᠡᠴᠢᠯᠡᠭᠡᠨ ᠤ | ᠲᠦᠬᠦᠬᠡᠷᠦᠮᠵᠢ ᠶᠢ ᠲᠣᠬᠢᠷᠠᠭᠤᠯᠤᠨ ᠪᠠᠶᠢᠭᠤᠯᠤᠭᠰᠠᠨ ᠦᠭᠡᠢ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ | ᠲᠣᠭᠤᠷᠢᠭ ᠤᠨ ᠲᠥᠷᠥᠯ ᠵᠦᠢᠯ ᠳᠤ ᠲᠥᠯᠦᠪᠵᠢᠭᠦᠯᠭᠡ ᠶᠢᠨ ᠬᠢᠨᠠᠨ ᠬᠠᠷᠭᠤᠭᠤᠯᠤᠭᠰᠠᠨ ᠬᠢᠷᠢ ᠲᠡᠩᠴᠡᠭᠰᠡᠨ | ᠦᠨᠡᠮᠯᠡᠯ ᠢ ᠬᠢᠨᠠᠨ ᠣᠯᠭᠤᠵᠤ ᠪᠣᠯᠬᠤ ᠦᠭᠡᠢ᠃ | 3. ᠨᠠᠰᠤᠵᠢᠯ ᠤᠨ ᠦᠢᠯᠡᠴᠢᠯᠡᠭᠡᠨ ᠤ ᠲᠦᠬᠦᠬᠡᠷᠦᠮᠵᠢ ᠪᠠ ᠬᠠᠷᠰᠢ ᠰᠠᠭᠠᠳ ᠦᠭᠡᠢ ᠲᠦᠬᠦᠬᠡᠷᠦᠮᠵᠢ ᠶᠢ | ᠲᠥᠯᠦᠪᠵᠢᠭᠦᠯᠭᠡ ᠵᠢᠴᠢ ᠬᠠᠮᠢᠶ᠎ᠠ ᠪᠦᠬᠦᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠣᠰᠣᠭᠠᠷ | ᠪᠦᠲᠦᠭᠡᠨ ᠪᠠᠶᠢᠭᠤᠯᠤᠭᠰᠠᠨ ᠦᠭᠡᠢ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠤᠨ ᠲᠥᠷᠥᠯ | ᠵᠦᠢᠯ ᠳᠤ᠂ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠠᠴᠠ | ᠪᠠᠷᠢᠯᠭ᠎ᠠ ᠳᠠᠭᠤᠰᠤᠭᠰᠠᠨ ᠢ ᠰᠢᠯᠭᠠᠨ ᠬᠤᠷᠢᠶᠠᠵᠤ ᠪᠦᠷᠢᠳᠬᠡᠨ ᠳᠠᠩᠰᠠᠯᠠᠬᠤ ᠭᠠᠷᠳᠠᠮ ᠭᠦᠢᠴᠡᠳᠬᠡᠵᠦ ᠥᠭᠬᠦ ᠦᠭᠡᠢ᠃ | | ︵ᠳᠥᠷᠪᠡ︶ ᠵᠡᠷᠭᠡ ᠲᠤᠨᠢ ᠲᠤᠰᠢᠶᠠᠨ ᠥᠭᠴᠦ ᠬᠡᠷᠡᠭᠯᠡᠭᠦᠯᠬᠦ | 1. ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠰᠠᠭᠤᠭᠠᠯᠢ ᠲᠣᠭᠤᠷᠢᠭ ᠤᠨ ᠲᠥᠷᠥᠯ ᠵᠦᠢᠯ ᠢ | ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ᠂ ᠪᠦᠲᠦᠭᠡᠨ ᠪᠠᠶᠢᠭᠤᠯᠬᠤ ᠨᠢᠭᠡᠴᠢ ᠨᠢ ᠪᠣᠯᠵᠣᠨ ᠲᠣᠭᠲᠠᠭᠰᠠᠨ | ᠶᠣᠰᠣᠭᠠᠷ ᠨᠠᠰᠤᠵᠢᠯ ᠤᠨ ᠦᠢᠯᠡᠴᠢᠯᠡᠭᠡᠨ ᠤ ᠲᠦᠬᠦᠬᠡᠷᠦᠮᠵᠢ ᠶᠢ ᠬᠠᠷᠢᠶ᠎ᠠ ᠭᠠᠵᠠᠷ ᠤᠨ ᠠᠷᠠᠳ ᠤᠨ ᠶᠠᠪᠤᠳᠠᠯ ᠤᠨ | ᠰᠠᠯᠠᠭ᠎ᠠ ᠮᠥᠴᠢᠷ ᠲᠤ ᠲᠥᠯᠥᠪᠦᠷᠢ ᠦᠭᠡᠢ ᠪᠠᠷ ᠰᠢᠯᠵᠢᠭᠦᠯᠦᠨ ᠲᠤᠰᠢᠶᠠᠵᠤ ᠨᠠᠰᠤᠵᠢᠯ ᠤᠨ ᠦᠢᠯᠡᠴᠢᠯᠡᠭᠡᠨ ᠳᠤ | ᠬᠡᠷᠡᠭᠯᠡᠭᠦᠯᠵᠦ᠂ ᠨᠠᠰᠤᠵᠢᠯ ᠤᠨ ᠦᠢᠯᠡᠴᠢᠯᠡᠭᠡᠨ ᠤ ᠲᠦᠬᠦᠬᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶ᠎ᠠ | ᠪᠦᠬᠦᠢ ᠡᠮᠦᠨᠡᠬᠢ ᠬᠤᠭᠤᠴᠠᠭᠠᠨ ᠤ ᠭᠠᠷᠳᠠᠮ᠂ ᠪᠠᠷᠢᠯᠭ᠎ᠠ ᠳᠠᠭᠤᠰᠤᠭᠰᠠᠨ ᠵᠢᠷᠤᠭ ᠵᠡᠷᠭᠡ ᠬᠠᠮᠢᠶ᠎ᠠ ᠪᠦᠬᠦᠢ ᠪᠦᠲᠦᠭᠡᠨ | ᠪᠠᠶᠢᠭᠤᠯᠤᠯᠲᠠ ᠶᠢᠨ ᠮᠠᠲ᠋ᠧᠷᠢᠶᠠᠯ ᠢ ᠬᠠᠮᠲᠤ ᠳᠤᠨᠢ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠲᠤ ᠰᠢᠯᠵᠢᠬᠦᠯᠦᠨ | ᠳᠤᠰᠢᠶᠠᠬᠤ ᠬᠡᠷᠡᠭᠳᠡᠢ᠃ | 2. ᠪᠦᠲᠦᠭᠡᠨ ᠪᠠᠶᠢᠭᠤᠯᠬᠤ ᠨᠢᠭᠡᠴᠢ ᠨᠢ ᠤᠯᠤᠰ ᠤᠨ ᠥᠮᠴᠢᠯᠡᠯᠲᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠤᠨ ᠬᠡᠷᠡᠭᠯᠡᠬᠦ ᠡᠷᠬᠡ ᠵᠢᠴᠢ ᠭᠡᠷ ᠪᠠᠶᠢᠰᠢᠩ ᠤᠨ ᠥᠮᠴᠢᠯᠡᠬᠦ ᠡᠷᠬᠡ ᠶᠢ ᠠᠩᠬ᠎ᠠ ᠤᠳᠠᠭ᠎ᠠ ᠳᠠᠩᠰᠠᠯᠠᠭᠤᠯᠬᠤ ᠪᠠᠷ | ᠭᠤᠶᠤᠴᠢᠯᠠᠬᠤ ᠦᠶ᠎ᠡ ᠳᠤ᠂ ᠲᠤᠬᠠᠢ ᠶᠢᠨ ᠭᠠᠵᠠᠷ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠨᠢ ᠰᠠᠭᠤᠭᠠᠯᠢ | ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠲᠦᠬᠦᠬᠡᠷᠦᠮᠵᠢ ᠶᠢᠨ ᠬᠡᠷᠡᠭᠯᠡᠬᠦ ᠭᠡᠷ ᠪᠠᠶᠢᠰᠢᠩ ᠤᠨ ᠥᠯᠥ ᠬᠥᠳᠡᠯᠬᠦ | ᠬᠥᠷᠥᠩᠭᠡ ᠶᠢᠨ ᠳᠠᠩᠰᠠᠯᠠᠯ ᠢ ᠬᠠᠮᠲᠤ ᠳᠤᠨᠢ ᠭᠤᠶᠤᠴᠢᠯᠠᠵᠤ ᠪᠣᠯᠣᠨ᠎ᠠ᠃ | 3. ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠨᠢ ᠨᠠᠰᠤᠵᠢᠯ ᠤᠨ ᠦᠢᠯᠡᠴᠢᠯᠡᠭᠡᠨ ᠤ ᠲᠦᠬᠦᠬᠡᠷᠦᠮᠵᠢ ᠶᠢ ︽ | ᠨᠢᠭᠡ ᠲᠦᠬᠦᠬᠡᠷᠦᠮᠵᠢ᠂ ᠨᠢᠭᠡ ᠲᠠᠩᠰᠠ ᠡᠪᠬᠡᠮᠡᠯ︾ ᠤᠨ ᠱᠠᠭᠠᠷᠳᠠᠯᠭ᠎ᠠ ᠶᠣᠰᠣᠭᠠᠷ᠂ ᠨᠢᠭᠡᠳᠦᠯᠲᠡᠢ ᠳᠡᠩᠰᠡᠯᠡᠨ | ᠲᠡᠮᠳᠡᠭᠯᠡᠵᠦ᠂ ᠨᠢᠭᠡᠨᠲᠡ ᠲᠤᠰᠢᠶᠠᠭᠰᠠᠨ ᠨᠠᠰᠤᠵᠢᠯ ᠤᠨ ᠦᠢᠯᠡᠴᠢᠯᠡᠭᠡᠨ ᠤ ᠲᠦᠬᠦᠬᠡᠷᠦᠮᠵᠢ ᠳᠤ ᠬᠡᠷᠡᠭᠯᠡᠬᠦ ᠭᠡᠷ | ᠪᠠᠶᠢᠰᠢᠩ ᠢ ᠠᠵᠢᠯᠯᠠᠭᠤᠯᠵᠤ ᠬᠠᠮᠠᠭᠠᠯᠠᠬᠤ ᠶᠢ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠬᠠᠷᠢᠭᠤᠴᠠᠬᠤ ᠶᠢᠨ | ᠬᠠᠮᠲᠤ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠢ᠂ ᠰᠢᠯᠵᠢᠭᠦᠯᠦᠨ ᠥᠭᠬᠦ᠂ | ᠪᠠᠷᠢᠴᠠᠭᠠᠯᠠᠬᠤ ᠪᠤᠶᠤ ᠬᠡᠷᠡᠭᠯᠡᠬᠦ ᠰᠢᠨᠵᠢ ᠴᠢᠨᠠᠷ ᠢ ᠳᠤᠷ᠎ᠠ ᠪᠠᠷ ᠢᠶᠠᠨ ᠬᠤᠪᠢᠷᠠᠭᠤᠯᠬᠤ ᠳᠤ ᠬᠡᠷᠡᠭᠯᠡᠵᠦ ᠪᠣᠯᠬᠤ ᠦᠭᠡᠢ᠃ | | ᠲᠠᠪᠤ᠂ ︽ᠲᠥᠰᠥᠯ︾ ᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ | ︽ᠲᠥᠰᠥᠯ︾ ᠳᠤ ᠤᠯᠠᠭᠠᠨᠴᠠᠪ ᠬᠤᠲᠠ ᠶᠢᠨ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ | ᠲᠣᠭᠤᠷᠢᠭ ᠲᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠬᠦᠭᠡᠷᠦᠮᠵᠢ ᠪᠠ ᠬᠠᠷᠰᠢ ᠰᠠᠭᠠᠳ ᠦᠭᠡᠢ | ᠲᠦᠬᠦᠬᠡᠷᠦᠮᠵᠢ ᠶᠢᠨ ᠠᠵᠢᠯ ᠤᠨ ᠲᠣᠪᠴᠢᠶ᠎ᠠ ᠶᠢᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠳᠦᠷᠢᠮ ᠢ | ᠪᠠᠭᠲᠠᠭᠠᠵᠤ᠂ ᠡᠭᠦᠨ ᠳᠤ ᠬᠤᠯᠪᠣᠭᠳᠠᠯ ᠪᠦᠬᠦᠢ ᠪᠦᠷᠢᠯᠳᠦᠭᠦᠨ ᠨᠢᠭᠡᠴᠢ ᠶᠢᠨ ᠡᠭᠦᠷᠭᠡ ᠬᠠᠷᠢᠭᠤᠴᠠᠯᠭ᠎ᠠ ᠪᠠ ᠡᠯ᠎ᠡ | ᠨᠢᠭᠡᠴᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠬᠦᠭᠡᠷᠦᠮᠵᠢ ᠪᠠ ᠬᠠᠷᠰᠢ ᠰᠠᠭᠠᠳ ᠦᠭᠡᠢ | ᠲᠦᠬᠦᠬᠡᠷᠦᠮᠵᠢ ᠶᠢᠨ ᠠᠵᠢᠯ ᠢ ᠬᠠᠷᠢᠭᠤᠴᠠᠬᠤ ᠭᠤᠣᠯ ᠬᠠᠷᠢᠭᠤᠴᠠᠯᠭᠠᠲᠠᠨ ᠢ ᠲᠣᠳᠣᠷᠬᠠᠶᠢᠯᠠᠪᠠ᠃ | ᠳᠠᠭᠠᠯᠳᠤᠭᠤᠯᠤᠯ ᠳᠤ ᠪᠠᠰᠠ ᠬᠤᠰᠢᠭᠤ ᠰᠢᠶᠠᠨ ᠤ ᠬᠤᠲᠠ ᠲᠣᠭᠤᠷᠢᠭ ᠤᠨ ᠰᠢᠨ᠎ᠡ ᠪᠠᠷ ᠪᠠᠶᠢᠭᠤᠯᠤᠭᠰᠠᠨ ᠣᠷᠣᠨ | ᠰᠠᠭᠤᠴᠠ ᠶᠢᠨ ᠲᠣᠭᠤᠷᠢᠭ ᠤᠨ ᠲᠣᠬᠢᠷᠠᠭᠤᠯᠤᠨ ᠪᠠᠶᠢᠭᠤᠯᠤᠭᠰᠠᠨ ᠨᠠᠰᠤᠵᠢᠯ ᠤᠨ ᠦᠢᠯᠡᠴᠢᠯᠡᠭᠡᠨ ᠤ | ᠲᠦᠬᠦᠬᠡᠷᠦᠮᠵᠢ ᠶᠢᠨ ᠪᠠᠶᠢᠳᠠᠯ ᠤᠨ ᠪᠦᠷᠢᠳᠬᠡᠯ ᠤᠨ ᠬᠦᠰᠦᠨᠦᠭᠲᠦ ᠪᠣᠯᠣᠨ ᠬᠤᠰᠢᠭᠤ ᠰᠢᠶᠠᠨ ᠤ ᠬᠤᠲᠠ | ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠰᠠᠭᠠᠳ ᠦᠭᠡᠢ ᠲᠦᠬᠦᠬᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢᠨ ᠪᠠᠶᠢᠳᠠᠯ ᠤᠨ ᠪᠦᠷᠢᠳᠬᠡᠯ ᠤᠨ ᠬᠦᠰᠦᠨᠦᠭᠲᠦ ᠶᠢ ᠳᠠᠭᠠᠯᠳᠤᠭᠤᠯᠤᠨ ᠡᠳᠦᠷ ᠳᠣᠳᠣᠮ ᠤᠨ | ᠮᠦᠷᠳᠡᠨ ᠳᠤᠬᠢᠷᠠᠭᠤᠯᠬᠤ ᠳᠤ ᠬᠡᠷᠡᠭᠯᠡᠨ᠎ᠡ᠃ |