ᠦᠰᠦᠭ ᠪᠢᠴᠢᠭ ᠢᠶᠠᠷ ᠦᠭᠦᠯᠡᠬᠦᠢ᠄ ᠬᠤᠯᠤᠭᠠᠨ᠎ᠠ ᠶᠢᠨ ᠬᠢᠵᠢᠭ ᠢ ᠰᠡᠷᠭᠡᠶᠢᠯᠡᠬᠦ  ᠮᠡᠳᠡᠯᠭᠡ  ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/12/21
  ᠬᠤᠯᠤᠭᠠᠨ᠎ᠠ ᠶᠢᠨ ᠬᠢᠵᠢᠭ ᠪᠣᠯ ᠨᠢᠭᠡ ᠵᠦᠢᠯ ᠤᠨ ᠪᠠᠶᠢᠭᠠᠯᠢ ᠶᠢᠨ ᠬᠢᠵᠢᠭ ᠤᠨ ᠰᠤᠷᠪᠤᠯᠵᠢᠲᠤ ᠡᠪᠡᠳᠴᠢᠨ ᠮᠥᠨ᠃ ᠲᠡᠷᠡ ᠨᠢ ᠡᠪᠡᠳᠴᠢᠯᠡᠬᠦ ᠨᠢ ᠲᠦᠷᠭᠡᠨ᠂ ᠡᠪᠡᠳᠴᠢᠨ ᠤ ᠶᠠᠪᠤᠴᠠ ᠨᠢ ᠣᠬᠤᠷ᠂ ᠲᠠᠷᠬᠠᠬᠤ ᠨᠢ ᠲᠦᠷᠭᠡᠨ᠂ ᠦᠬᠦᠬᠦ ᠨᠤᠷᠮ᠎ᠠ ᠨᠢ ᠥᠨᠳᠥᠷ᠂ ᠬᠠᠯᠳᠠᠪᠤᠷᠢᠯᠠᠬᠤ ᠴᠢᠨᠠᠷ ᠢᠶᠠᠷ ᠴᠢᠩᠭ᠎ᠠ ᠵᠡᠷᠭᠡ ᠣᠨᠴᠠᠯᠢᠭ ᠲᠠᠢ᠃ ᠬᠤᠯᠤᠭᠠᠨ᠎ᠠ ᠶᠢᠨ ᠬᠢᠵᠢᠭ ᠪᠣᠯ ᠮᠡᠷᠡᠭᠴᠢ ᠠᠮᠢᠲᠠᠨ ᠤ ᠬᠤᠭᠤᠷᠣᠨᠳᠣ ᠡᠭᠦᠰᠴᠦ᠂ ᠬᠥᠮᠦᠨ ᠲᠥᠷᠥᠯᠬᠢᠲᠡᠨ ᠳᠤ ᠳᠡᠯᠭᠡᠷᠡᠳᠡᠭ᠃    ᠬᠠᠯᠳᠠᠪᠤᠷᠢᠯᠠᠯ ᠤᠨ ᠭᠤᠣᠯ ᠡᠬᠢ ᠰᠤᠷᠪᠤᠯᠵᠢ᠄    ᠬᠠᠯᠳᠠᠪᠤᠷᠢᠯᠠᠯ ᠤᠨ ᠡᠬᠢ ᠰᠤᠷᠪᠤᠯᠵᠢ ᠨᠢ ᠭᠤᠣᠯᠳᠠᠭᠤ ᠮᠡᠷᠡᠭᠴᠢ ᠠᠮᠢᠲᠠᠨ ᠪᠠᠶᠢᠵᠤ᠂ ᠤᠯᠠᠮᠵᠢᠯᠠᠨ ᠳᠠᠮᠵᠢᠭᠤᠯᠬᠤ ᠵᠠᠭᠤᠴᠢ ᠨᠢ ᠭᠤᠣᠯᠳᠠᠭᠤ ᠨᠣᠬᠠᠶ ᠶᠢᠨ ᠪᠥᠭᠡᠰᠦ ᠪᠣᠯᠤᠨ᠎ᠠ᠃ ᠠᠭᠤᠰᠬᠢᠨ ᠤ ᠬᠤᠯᠤᠭᠠᠨ᠎ᠠ ᠶᠢᠨ ᠬᠢᠵᠢᠭ ᠤᠨ ᠡᠪᠡᠳᠴᠢᠲᠡᠨ ᠪᠠᠰᠠ ᠬᠠᠯᠳᠠᠪᠤᠷᠢᠯᠠᠯ ᠤᠨ ᠡᠬᠢ ᠰᠤᠷᠪᠤᠯᠵᠢ ᠪᠣᠯᠵᠤ ᠪᠣᠯᠤᠨ᠎ᠠ᠃    ᠬᠤᠯᠤᠭᠠᠨ᠎ᠠ ᠶᠢᠨ ᠬᠢᠵᠢᠭ ᠤᠨ ᠬᠠᠯᠳᠠᠪᠤᠷᠢᠯᠠᠬᠤ ᠠᠷᠭ᠎ᠠ ᠵᠠᠮ᠄    ᠦᠷᠭᠦᠯᠵᠢ ᠬᠠᠷᠠᠭᠳᠠᠳᠠᠭ ᠨᠢ ᠵᠠᠭᠤᠴᠢᠯᠠᠭᠤᠷ ᠤᠨ ᠳᠠᠮᠵᠢᠭᠤᠯᠭ᠎ᠠ ᠪᠣᠯᠤᠨ᠎ᠠ᠃ ᠬᠢᠵᠢᠭ ᠬᠠᠯᠳᠠᠪᠤᠷᠢᠯᠠᠭᠰᠠᠨ ᠨᠣᠬᠠᠶ ᠶᠢᠨ ᠪᠥᠭᠡᠰᠦ ᠪᠠᠷ ᠬᠥᠮᠦᠨ ᠢ ᠬᠠᠳᠬᠤᠭᠰᠠᠨ ᠠᠴᠠ ᠬᠥᠮᠦᠨ ᠳᠤ ᠬᠠᠯᠳᠠᠪᠤᠷᠢᠯᠠᠭᠳᠠᠨ᠎ᠠ᠃ ᠬᠥᠮᠦᠨ ᠨᠣᠬᠠᠶ ᠶᠢᠨ ᠪᠥᠭᠡᠰᠦᠨ ᠳᠤ ᠬᠠᠯᠳᠠᠪᠤᠷᠢᠯᠠᠭᠳᠠᠭᠰᠠᠨ ᠤ ᠳᠠᠷᠠᠭ᠎ᠠ ᠦᠷᠭᠦᠯᠵᠢ ᠲᠣᠬᠢᠶᠠᠯᠳᠤᠳᠠᠭ ᠡᠮᠴᠢᠯᠡᠭᠡᠨ ᠤ ᠰᠢᠨᠵᠢ ᠲᠡᠮᠳᠡᠭ ᠪᠣᠯ ᠳᠠᠷᠤᠶ ᠯᠢᠮᠹᠠ ᠶᠢᠨ ᠵᠠᠩᠭᠢᠯᠠᠭ᠎ᠠ ᠬᠠᠪᠤᠳᠴᠤ ᠲᠣᠮᠣᠷᠠᠬᠤ ᠪᠠ ᠪᠦᠬᠦ ᠪᠡᠶ᠎ᠡ ᠶᠢᠨ ᠰᠢᠨᠵᠢ ᠲᠡᠮᠳᠡᠭ ᠪᠣᠯᠤᠨ᠎ᠠ᠃ ᠬᠤᠶᠠᠳᠤᠭᠠᠷ ᠲᠦᠷᠦᠯ ᠨᠢ ᠰᠢᠭᠤᠳ ᠬᠦᠷᠦᠯᠴᠡᠨ ᠲᠠᠷᠬᠠᠬᠤ ᠪᠣᠯᠤᠨ᠎ᠠ᠃ ᠭᠤᠷᠪᠠᠳᠤᠭᠠᠷ ᠲᠥᠷᠥᠯ ᠨᠢ ᠠᠭᠠᠷ ᠤᠨ ᠦᠰᠦᠷᠳᠡᠰᠦ ᠪᠠᠷ ᠲᠠᠷᠬᠠᠨ᠎ᠠ᠃    ᠠᠮᠠᠷᠬᠠᠨ ᠬᠠᠯᠳᠠᠪᠤᠷᠢᠯᠠᠭᠳᠠᠬᠤ ᠬᠥᠮᠦᠰ᠄    ᠬᠥᠮᠦᠰ ᠬᠤᠯᠤᠭᠠᠨ᠎ᠠ ᠶᠢᠨ ᠬᠢᠵᠢᠭ ᠲᠤ ᠨᠡᠶᠢᠳᠡᠮ ᠳᠡᠭᠡᠨ ᠠᠮᠠᠷᠬᠠᠨ ᠬᠠᠯᠳᠠᠪᠤᠷᠢᠯᠠᠳᠠᠭ᠃ ᠲᠡᠷᠡ ᠨᠢ ᠠᠷᠠᠰᠤᠲᠠᠨ ᠂ ᠨᠠᠰᠤ᠂ ᠴᠢᠨᠠᠷ ᠤᠨ ᠢᠯᠭᠠᠯ ᠪᠠ ᠡᠷᠬᠢᠯᠡᠭᠰᠡᠨ ᠠᠵᠢᠯ ᠤᠨ ᠢᠯᠭᠠᠯ ᠦᠭᠡᠢ᠃ ᠮᠠᠯᠴᠢᠳ ᠪᠣᠯᠤᠨ ᠬᠡᠭᠡᠷ᠎ᠡ ᠶᠢᠨ ᠠᠵᠢᠯᠲᠠᠳ ᠬᠢᠵᠢᠭ ᠬᠠᠯᠳᠠᠪᠤᠷᠢᠯᠠᠭᠰᠠᠨ ᠨᠣᠬᠠᠶ ᠶᠢᠨ ᠪᠥᠭᠡᠰᠦᠨ ᠳᠤ ᠬᠠᠳᠬᠤᠭᠳᠠᠬᠤ ᠪᠣᠯᠤᠮᠵᠢ ᠶᠡᠭᠡ ᠪᠠᠶᠢᠵᠤ᠂ ᠬᠠᠯᠳᠠᠪᠤᠷᠢᠯᠠᠬᠤ ᠪᠣᠯᠤᠮᠵᠢ ᠨᠢ ᠡᠩ ᠤᠨ ᠬᠥᠮᠦᠰ ᠤᠨ ᠬᠢ ᠠᠴᠠ ᠶᠡᠭᠡ ᠪᠠᠶᠢᠳᠠᠭ᠃    ᠬᠤᠯᠤᠭᠠᠨ᠎ᠠ ᠶᠢᠨ ᠬᠢᠵᠢᠭ ᠤᠨ ᠡᠮᠴᠢᠯᠡᠭᠡᠨ ᠤ ᠬᠡᠯᠪᠡᠷᠢ ᠵᠢᠴᠢ ᠢᠯᠡᠷᠡᠯ᠄    ᠬᠤᠯᠤᠭᠠᠨ᠎ᠠ ᠶᠢᠨ ᠬᠢᠵᠢᠭ ᠤᠨ ᠨᠢᠭᠤᠭᠳᠠᠮᠠᠯ ᠬᠤᠭᠤᠴᠠᠭ᠎ᠠ ᠨᠢ ᠨᠡᠯᠢᠶᠡᠳ ᠣᠬᠤᠷ᠂ ᠶᠡᠷᠦ ᠳᠡᠭᠡᠨ 1-6 ᠡᠳᠦᠷ᠂ ᠣᠯᠠᠩᠬᠢ ᠳᠠᠭᠠᠨ 2-3 ᠡᠳᠦᠷ᠂ ᠣᠨᠴᠠ ᠵᠠᠷᠢᠮ ᠡᠪᠡᠳᠴᠢᠨ ᠤ ᠵᠢᠱᠢᠶ᠎ᠡ ᠨᠢ 8-9 ᠡᠳᠦᠷ ᠤᠷᠲᠤ ᠪᠠᠶᠢᠵᠤ ᠪᠣᠯᠤᠨ᠎ᠠ᠃    ᠬᠤᠯᠤᠭᠠᠨ᠎ᠠ ᠶᠢᠨ ᠬᠢᠵᠢᠭ ᠲᠤ ᠨᠡᠷᠪᠡᠭᠳᠡᠭᠰᠡᠳ ᠶᠡᠷᠦ ᠳᠡᠭᠡᠨ ᠪᠦᠬᠦ ᠪᠡᠶ᠎ᠡ ᠳᠤ ᠬᠤᠣᠷᠳᠠᠭᠳᠠᠭᠰᠠᠨ ᠬᠦᠨᠳᠦ ᠡᠪᠡᠳᠴᠢᠨ ᠤ ᠢᠯᠡᠷᠡᠯ ᠲᠠᠢ᠂ ᠡᠪᠡᠳᠴᠢᠯᠡᠬᠦ ᠨᠢ ᠲᠦᠷᠭᠡᠨ᠂ ᠡᠪᠡᠳᠴᠢᠨ ᠤ ᠶᠠᠪᠤᠴᠠ ᠨᠢ ᠲᠦᠷᠭᠡᠨ᠂ ᠪᠡᠶ᠎ᠡ ᠶᠢᠨ ᠬᠠᠯᠠᠭᠤᠨ ᠨᠢ ᠭᠡᠨᠡᠳᠲᠡ ᠳᠡᠭᠡᠭᠰᠢᠯᠡᠭᠡᠳ 39 — 40℃ ᠪᠣᠯᠵᠤ᠂ ᠲᠣᠯᠣᠭᠠᠶ ᠰᠦᠷᠡᠬᠡᠶ ᠡᠪᠡᠳᠳᠡᠭ᠂ ᠵᠠᠷᠢᠮ ᠳᠠᠭᠠᠨ ᠪᠥᠭᠡᠯᠵᠢᠬᠦ᠂ ᠰᠠᠭᠤᠯᠭᠠᠬᠤ᠂ ᠲᠣᠯᠣᠭᠠᠶ ᠡᠷᠭᠢᠬᠦ᠂ ᠠᠮᠢᠰᠬᠤᠯ ᠳᠠᠪᠬᠤᠴᠠᠬᠤ᠂ ᠮᠠᠰᠢ ᠲᠦᠷᠭᠡᠨ ᠢᠶᠠᠷ ᠲᠦᠢᠯ ᠤᠨ ᠪᠠᠭᠤᠷᠠᠶ ᠪᠠᠶᠢᠳᠠᠯ ᠳᠤ ᠣᠷᠣᠵᠤ᠂ ᠵᠢᠷᠦᠬᠡᠨ ᠴᠣᠬᠢᠯᠲᠠ ᠲᠦᠷᠭᠡᠰᠴᠦ᠂ ᠴᠢᠰᠤᠨ ᠳᠠᠷᠤᠯᠲᠠ ᠳᠣᠷᠣᠭᠰᠢᠯᠠᠵᠤ᠂ ᠴᠢᠰᠤᠨ ᠤ ᠵᠤᠷᠰᠢᠯ ᠤᠨ ᠪᠠᠶᠢᠴᠠᠭᠠᠯᠲᠠ ᠶᠢᠨ ᠴᠠᠭᠠᠨ ᠡᠰ ᠤᠨ ᠲᠤᠭ᠎ᠠ ᠥᠨᠳᠥᠷᠵᠢᠳᠡᠭ᠃    ᠪᠤᠯᠴᠢᠷᠬᠠᠶ ᠶᠢᠨ ᠬᠤᠯᠤᠭᠠᠨ᠎ᠠ ᠶᠢᠨ ᠬᠢᠵᠢᠭ ᠪᠣᠯ ᠶᠡᠷᠦ ᠳᠡᠭᠡᠨ ᠬᠢᠵᠢᠭ ᠬᠠᠯᠳᠠᠪᠤᠷᠢᠯᠠᠭᠰᠠᠨ ᠨᠣᠬᠠᠶ ᠶᠢᠨ ᠪᠥᠭᠡᠰᠦᠨ ᠳᠤ ᠬᠠᠳᠬᠤᠭᠳᠠᠭᠰᠠᠨ ᠠᠴᠠ ᠡᠭᠦᠰᠳᠡᠭ ᠪᠥᠭᠡᠳ ᠡᠩ ᠤᠨ ᠬᠤᠯᠤᠭᠠᠨ᠎ᠠ ᠶᠢᠨ ᠬᠢᠵᠢᠭ ᠤᠨ ᠡᠮᠴᠢᠯᠡᠭᠡᠨ ᠤ ᠰᠢᠨᠵᠢ ᠲᠡᠮᠳᠡᠭ ᠪᠠᠶᠢᠬᠤ ᠠᠴᠠ ᠭᠠᠳᠠᠨ᠎ᠠ᠂ ᠪᠠᠰᠠ ᠬᠠᠯᠳᠠᠭᠳᠠᠭᠰᠠᠨ ᠯᠢᠮᠹᠠ ᠶᠢᠨ ᠵᠠᠩᠭᠢᠯᠠᠭ᠎ᠠ ᠬᠠᠪᠤᠳᠤᠨ ᠲᠣᠮᠣᠷᠠᠵᠤ᠂ ᠯᠢᠮᠹᠠ ᠶᠢᠨ ᠵᠠᠩᠭᠢᠯᠠᠭ᠎ᠠ ᠶᠢᠨ ᠬᠠᠪᠤᠳᠤᠨ ᠲᠣᠮᠣᠷᠠᠬᠤ ᠬᠤᠷᠳᠤᠴᠠ ᠨᠢ ᠨᠡᠯᠢᠶᠡᠳ ᠲᠦᠷᠭᠡᠨ᠂ ᠰᠦᠷᠡᠬᠡᠶ ᠡᠪᠡᠳᠬᠦ ᠪᠥᠭᠡᠳ ᠴᠢᠨᠠᠷ ᠨᠢ ᠨᠡᠯᠢᠶᠡᠳ ᠬᠠᠲᠠᠭᠤ᠂ ᠣᠷᠴᠢᠨ ᠲᠣᠭᠤᠷᠢᠨ ᠤ ᠨᠡᠬᠡᠳᠡᠰᠦ ᠲᠠᠢ ᠪᠠᠨ ᠨᠠᠭᠠᠯᠳᠤᠵᠤ᠂ ᠰᠢᠯᠵᠢᠬᠦ ᠴᠢᠨᠠᠷ ᠢᠶᠠᠨ ᠠᠯᠲᠠᠳᠠᠭ᠃    ᠨᠡᠯᠢᠶᠡᠳ ᠠᠶᠤᠯᠲᠠᠶ ᠨᠢ ᠪᠠᠰᠠ ᠠᠭᠤᠰᠬᠢᠨ ᠤ ᠬᠤᠯᠤᠭᠠᠨ᠎ᠠ ᠶᠢᠨ ᠬᠢᠵᠢᠭ ᠪᠠᠶᠢᠳᠠᠭ᠃ ᠠᠭᠤᠰᠬᠢᠨ ᠤ ᠬᠤᠯᠤᠭᠠᠨ᠎ᠠ ᠶᠢᠨ ᠬᠢᠵᠢᠭ ᠨᠢ ᠡᠩ ᠤᠨ ᠬᠤᠯᠤᠭᠠᠨ᠎ᠠ ᠶᠢᠨ ᠬᠢᠵᠢᠭ ᠤᠨ ᠡᠮᠴᠢᠯᠡᠭᠡᠨ ᠤ ᠡᠪᠡᠳᠴᠢᠨ ᠤ ᠢᠯᠡᠷᠡᠯ ᠲᠠᠢ ᠠᠴᠠ ᠭᠠᠳᠠᠨ᠎ᠠ ᠪᠠᠰᠠ ᠳᠣᠣᠷᠠᠬᠢ ᠮᠡᠲᠦ ᠣᠨᠴᠠᠯᠢᠭ ᠲᠠᠢ᠄ ᠨᠢᠭᠤᠭᠳᠠᠮᠠᠯ ᠬᠤᠭᠤᠴᠠᠭ᠎ᠠ ᠨᠢ ᠨᠡᠩ ᠣᠬᠤᠷ᠂ ᠡᠪᠡᠳᠴᠢᠯᠡᠬᠦ ᠨᠢ ᠨᠡᠩ ᠲᠦᠷᠭᠡᠨ᠂ ᠡᠪᠡᠳᠴᠢᠲᠡᠨ ᠤ ᠡᠪᠡᠳᠴᠢᠯᠡᠬᠦ ᠡᠬᠢᠨ ᠤ ᠬᠤᠭᠤᠴᠠᠭᠠᠨ ᠳᠤ ᠬᠠᠭᠤᠷᠠᠶ ᠪᠠᠷ ᠬᠠᠨᠢᠶᠠᠵᠤ᠂ ᠡᠪᠡᠳᠴᠢᠨ ᠤ ᠶᠠᠪᠤᠴᠠ ᠶᠢᠨ ᠬᠥᠭᠵᠢᠯᠲᠡ ᠶᠢ ᠳᠠᠭᠠᠯᠳᠤᠨ ᠰᠣᠷᠭᠤᠭ ᠤᠯᠠᠭᠠᠨ ᠥᠩᠭᠡ ᠲᠠᠢ ᠬᠥᠭᠡᠰᠦ ᠰᠢᠭ ᠴᠢᠰᠤ ᠲᠠᠢ ᠴᠡᠷ ᠢᠶᠠᠷ ᠬᠠᠨᠢᠶᠠᠯᠭᠠᠨ᠎ᠠ᠃ ᠡᠪᠡᠳᠴᠢᠲᠡᠨ ᠤ ᠣᠯᠠᠩᠬᠢ ᠨᠢ 2 — 3 ᠡᠳᠦᠷ ᠪᠠᠶᠢᠵᠤ᠂ ᠨᠡᠩ ᠴᠢᠨᠠᠭᠰᠢᠯᠠᠪᠠᠯ ᠬᠡᠳᠦᠨ ᠴᠠᠭ ᠤᠨ ᠳᠣᠲᠣᠷ᠎ᠠ ᠦᠬᠦᠳᠡᠭ᠃    ᠤᠷᠢᠳᠴᠢᠯᠠᠨ ᠰᠡᠷᠭᠡᠶᠢᠯᠡᠬᠦ ᠭᠤᠣᠯ ᠠᠷᠭ᠎ᠠ ᠬᠡᠮᠵᠢᠶ᠎ᠡ᠄    ︽ᠭᠤᠷᠪᠠᠨ ᠵᠠᠷᠴᠢᠮ︾᠂ ︽ᠭᠤᠷᠪᠠ ᠶᠢ ᠮᠡᠳᠡᠭᠦᠯᠬᠦ︾᠂ ︽ᠭᠤᠷᠪᠠ ᠶᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠶ᠃    ︽ᠭᠤᠷᠪᠠᠨ ᠥᠬᠡᠶ︾᠄ ᠬᠤᠯᠤᠭᠠᠨ᠎ᠠ᠂ ᠲᠠᠤᠯᠠᠶ᠂ ᠦᠨᠡᠭᠡ᠂  ᠴᠢᠨ᠋ᠸ᠎ᠠ᠂ ᠲᠡᠨᠦᠭᠦᠯ ᠨᠣᠬᠠᠶ᠂ ᠲᠡᠨᠦᠭᠦᠯ ᠮᠤᠤᠷ᠂ ᠵᠡᠭᠡᠷ᠎ᠡ᠂ ᠲᠠᠷᠪᠠᠭ᠎ᠠ ᠵᠡᠷᠭᠡ ᠠᠮᠢᠲᠠᠨ ᠲᠠᠢ ᠣᠶᠢᠷᠠᠳᠬᠤ ᠥᠬᠡᠶ᠂ ᠢᠳᠡᠰᠢ ᠱᠠᠭᠠᠯᠬᠤ ᠥᠬᠡᠶ᠂ ᠪᠡᠶ᠎ᠡ ᠳᠡᠭᠡᠨ ᠠᠪᠴᠤ ᠶᠠᠪᠤᠨ᠎ᠠ︔ ᠬᠡᠭᠡᠷ᠎ᠡ ᠭᠠᠳᠠᠨ᠎ᠠ ᠠᠮᠠᠷᠠᠵᠤ ᠪᠣᠯᠬᠤ ᠥᠬᠡᠶ᠂ ᠢᠯᠠᠩᠭᠤᠶ᠎ᠠ ᠬᠤᠯᠤᠭᠠᠨ᠎ᠠ ︵ᠲᠠᠷᠪᠠᠭ᠎ᠠ ᠪᠠᠭᠲᠠᠨ᠎ᠠ︶᠂ ᠬᠡᠭᠡᠷ᠎ᠡ ᠶᠢᠨ ᠲᠠᠤᠯᠠᠶ ᠵᠡᠷᠭᠡ ᠠᠮᠢᠲᠠᠨ ᠤ ᠠᠭᠤᠶ ᠶᠢᠨ ᠲᠣᠭᠤᠷᠢᠨ ᠳᠤ ᠠᠮᠠᠷᠠᠵᠤ ᠪᠣᠯᠬᠤ ᠥᠬᠡᠶ᠂ ᠨᠠᠩ ᠴᠤ ᠠᠮᠢᠲᠠᠨ ᠤ ᠠᠭᠤᠶ ᠶᠢ ᠮᠠᠯᠲᠠᠵᠤ ᠪᠣᠯᠬᠤ ᠥᠬᠡᠶ᠃ ᠲᠦᠷᠭᠡᠨ ᠦᠬᠦᠬᠦ ᠡᠪᠡᠳᠴᠢᠲᠡᠨ᠂ ᠬᠤᠯᠤᠭᠠᠨ᠎ᠠ ᠶᠢᠨ ᠬᠢᠵᠢᠭ ᠤᠨ ᠰᠡᠵᠢᠭ ᠲᠠᠢ ᠡᠪᠡᠳᠴᠢᠲᠡᠨ ᠲᠠᠢ ᠣᠶᠢᠷᠠᠳᠴᠤ᠂ ᠬᠤᠯᠤᠭᠠᠨ᠎ᠠ ᠶᠢᠨ ᠬᠢᠵᠢᠭ ᠤᠨ ᠡᠪᠡᠳᠴᠢᠲᠡᠨ ᠢᠶᠠᠷ ᠣᠨᠣᠰᠢᠯᠠᠭᠤᠯᠵᠤ ᠪᠣᠯᠬᠤ ᠦᠭᠡᠢ᠃    ︽ᠭᠤᠷᠪᠠ ᠶᠢ ᠴᠢᠬᠤᠯᠠᠴᠢᠯᠠᠬᠤ︾᠄ ᠡᠪᠡᠳᠴᠢᠨ ᠢᠶᠠᠷ ᠥᠭᠦᠭᠰᠡᠨ ᠬᠤᠯᠤᠭᠠᠨ᠎ᠠ᠂ ᠬᠤᠯᠤᠭᠠᠨ᠎ᠠ ᠶᠢᠨ ᠬᠢᠵᠢᠭ ᠢᠶᠠᠷ ᠰᠡᠵᠢᠭᠯᠡᠭᠳᠡᠭᠰᠡᠨ ᠡᠪᠡᠳᠴᠢᠲᠡᠨ᠂ ᠤᠴᠢᠷ ᠰᠢᠯᠲᠠᠭᠠᠨ ᠢ ᠨᠢ ᠮᠡᠳᠡᠬᠦ ᠥᠬᠡᠶ ᠥᠨᠳᠥᠷ ᠬᠠᠯᠠᠭᠤᠷᠠᠭᠰᠠᠨ ᠡᠪᠡᠳᠴᠢᠲᠡᠨ ᠪᠠ ᠲᠦᠷᠭᠡᠨ ᠥᠭᠦᠭᠰᠡᠨ ᠡᠪᠡᠳᠴᠢᠲᠡᠨ ᠳᠤ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ︔ ᠣᠷᠣᠨ ᠰᠠᠭᠤᠴᠠ ᠵᠢᠴᠢ ᠡᠷᠬᠢᠨ ᠲᠣᠭᠤᠷᠢᠨ ᠤ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠪᠡᠷ ᠲᠡᠭᠰᠢ ᠪᠠᠶᠢᠯᠭᠠᠵᠤ᠂ ᠮᠤᠤᠷ ᠢ ᠰᠢᠩᠭᠡᠯᠢᠭ ᠲᠤ ᠣᠷᠣᠭᠤᠯᠵᠤ᠂ ᠨᠣᠬᠠᠢ ᠶᠢ ᠤᠶᠠᠵᠤ ᠲᠡᠵᠢᠭᠡᠵᠦ᠂ ᠲᠣᠭᠲᠠᠭᠰᠠᠨ ᠬᠤᠭᠤᠴᠠᠭ᠎ᠠ ᠲᠠᠢ ᠪᠠᠷ ᠨᠣᠬᠠᠢ ᠶᠢᠨ ᠪᠥᠭᠡᠰᠦ ᠶᠢ ᠤᠰᠠᠳᠬᠠᠬᠤ ᠠᠷᠭ᠎ᠠ  ᠬᠡᠮᠵᠢᠶ᠎ᠡ ᠠᠪᠬᠤ ᠬᠡᠷᠡᠭᠲᠡᠢ︔ ᠡᠪᠡᠳᠴᠢᠲᠡᠨ ᠢ ᠲᠤᠬᠠᠶ ᠶᠢᠨ ᠭᠠᠵᠠᠷ ᠲᠤᠨᠢ ᠡᠮᠨᠡᠨ ᠵᠠᠰᠠᠵᠤ᠂ ᠡᠪᠡᠳᠴᠢᠲᠡᠨ ᠢ ᠦᠳᠲᠡᠷ ᠲᠦᠷᠭᠡᠨ ᠴᠠᠭ ᠲᠤᠬᠠᠶ ᠳᠤᠨᠢ ᠡᠮᠨᠡᠨ ᠵᠠᠰᠠᠬᠤ ᠶᠢ ᠦᠨᠡᠨ ᠬᠦ ᠪᠠᠲᠤᠯᠠᠬᠤ ᠬᠡᠷᠡᠭᠲᠡᠶ᠃    ︽ᠭᠤᠷᠪᠠ ᠶᠢ ᠬᠠᠮᠠᠭᠠᠯᠠᠬᠤ︾᠄ ᠪᠦᠲᠦᠮᠵᠢᠲᠡᠶ ᠬᠠᠮᠠᠭᠠᠯᠠᠯᠲᠠ ᠬᠢᠬᠦ ᠬᠡᠷᠡᠭᠲᠡᠶ᠂ ᠬᠥᠮᠦᠨ ᠬᠡᠭᠡᠷ᠎ᠡ ᠭᠠᠳᠠᠨ᠎ᠠ ᠬᠥᠳᠡᠯᠭᠡᠭᠡᠨ ᠬᠢᠬᠦ ᠪᠤᠶᠤ ᠠᠵᠢᠯ ᠬᠢᠬᠦ ᠳᠡᠭᠡᠨ ᠣᠷᠳᠣ ᠥᠮᠥᠳᠥ᠂ ᠣᠷᠳᠣ ᠬᠠᠨᠴᠤᠶ ᠲᠠᠢ ᠳᠡᠪᠡᠯ ᠡᠮᠦᠰᠴᠦ᠂ ᠴᠢᠬᠤᠯᠠ ᠲᠠᠢ ᠦᠶ᠎ᠡ ᠳᠤ ᠥᠨᠳᠥᠷ ᠲᠦᠷᠡᠶ ᠲᠠᠢ ᠭᠤᠲᠤᠯ ᠪᠤᠶᠤ ᠨᠣᠬᠠᠶ ᠶᠢᠨ ᠪᠥᠭᠡᠰᠦ ᠠᠴᠠ ᠰᠡᠷᠭᠡᠶᠢᠯᠡᠬᠦ ᠣᠶᠢᠮᠣᠰᠤ ᠡᠮᠦᠰᠦᠨ᠎ᠡ᠃ ᠬᠢᠵᠢᠭᠲᠦ ᠣᠷᠣᠨ᠂ ᠬᠢᠵᠢᠭᠲᠦ ᠴᠡᠭ ᠢ  ᠰᠢᠢᠳᠪᠤᠷᠢᠯᠡᠬᠦ ᠶᠠᠪᠤᠴᠠ ᠳᠤ᠂ ᠬᠢᠵᠢᠭ ᠤᠨ ᠪᠠᠶᠢᠳᠠᠯ ᠢ ᠰᠢᠢᠳᠪᠤᠷᠢᠯᠡᠬᠦ ᠠᠵᠢᠯᠳᠠᠨ ᠤ ᠬᠤᠪᠢ ᠬᠥᠮᠦᠨ ᠤ ᠰᠡᠷᠭᠡᠶᠢᠯᠡᠯᠲᠡ ᠶᠢ ᠴᠢᠩᠭᠠᠳᠬᠠᠨ᠎ᠠ︔ ᠡᠷᠡᠭᠦᠯ ᠮᠡᠨᠳᠦ ᠶᠢᠨ ᠬᠢᠨᠠᠨ ᠬᠠᠮᠠᠭᠠᠯᠠᠯᠲᠠ ᠬᠢᠵᠦ᠂ ᠮᠠᠯ ᠬᠠᠷᠢᠭᠤᠯᠤᠭᠴᠢ᠂ ᠬᠤᠯᠤᠭᠠᠨ᠎ᠠ ᠤᠰᠠᠳᠬᠠᠭᠴᠢ᠂ ᠬᠡᠭᠡᠷ᠎ᠡ ᠭᠠᠳᠠᠨ᠎ᠠ ᠠᠵᠢᠯᠯᠠᠵᠤ ᠪᠠᠶᠢᠭ᠎ᠠ ᠬᠥᠮᠦᠰ ᠪᠠ ᠬᠢᠵᠢᠭ ᠤᠨ ᠰᠤᠷᠪᠤᠯᠵᠢᠲᠤ ᠭᠠᠵᠠᠷ ᠤᠨ ᠰᠠᠭᠤᠭᠠᠯᠢ ᠠᠷᠠᠳ ᠲᠤ ᠡᠳᠦᠷ ᠪᠦᠷᠢ ᠡᠷᠡᠭᠦᠯ ᠮᠡᠨᠳᠦ ᠶᠢᠨ ᠬᠢᠨᠠᠨ ᠬᠠᠮᠠᠭᠠᠯᠠᠯᠲᠠ ᠬᠢᠵᠦ᠂ ᠬᠡᠪ ᠤᠨ ᠪᠤᠰᠤ ᠪᠠᠶᠢᠳᠠᠯ ᠭᠠᠷᠪᠠᠯ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ︔ ᠡᠷᠡᠭᠦᠯ ᠮᠡᠨᠳᠦ ᠶᠢᠨ ᠬᠢᠨᠠᠨ ᠬᠠᠮᠠᠭᠠᠯᠠᠯᠲᠠ ᠬᠢᠵᠦ᠂ ᠠᠶᠤᠯ ᠶᠡᠬᠡᠲᠡᠶ ᠠᠵᠢᠯ ᠬᠢᠵᠦ ᠪᠠᠶᠢᠭ᠎ᠠ ᠬᠥᠮᠦᠰ᠂ ᠵᠢᠱᠢᠶᠡᠯᠡᠪᠡᠯ ᠮᠠᠯ ᠬᠠᠷᠢᠭᠤᠯᠤᠭᠴᠢ᠂ ᠬᠤᠯᠤᠭᠠᠨ᠎ᠠ ᠤᠰᠠᠳᠬᠠᠭᠴᠢ᠂ ᠬᠡᠭᠡᠷ᠎ᠡ ᠭᠠᠳᠠᠨ᠎ᠠ ᠠᠵᠢᠯᠯᠠᠵᠤ ᠪᠠᠶᠢᠭ᠎ᠠ ᠬᠥᠮᠦᠰ ᠪᠠ ᠬᠢᠵᠢᠭ ᠤᠨ ᠰᠤᠷᠪᠤᠯᠵᠢᠲᠤ ᠭᠠᠵᠠᠷ ᠤᠨ ᠰᠠᠭᠤᠭᠠᠯᠢ ᠠᠷᠠᠳ ᠲᠤ ᠡᠳᠦᠷ ᠪᠦᠷᠢ ᠡᠷᠡᠭᠦᠯ ᠮᠡᠨᠳᠦ ᠶᠢᠨ ᠬᠢᠨᠠᠨ ᠬᠠᠮᠠᠭᠠᠯᠠᠯᠲᠠ ᠬᠢᠬᠦ ᠬᠡᠷᠡᠭᠲᠡᠶ᠃ ᠬᠠᠷᠠᠵᠤ ᠬᠠᠮᠠᠭᠠᠯᠠᠬᠤ ᠬᠡᠷᠡᠭᠲᠡᠢ᠂ ᠬᠢᠵᠢᠭ ᠤᠨ ᠴᠡᠭ ᠤᠨ ᠡᠷᠭᠢᠨ ᠲᠣᠭᠤᠷᠢᠨ ᠢᠶᠠᠷ ᠣᠷᠣᠵᠤ ᠭᠠᠷᠬᠤ ᠬᠥᠮᠦᠰ ᠲᠤ᠂ ᠴᠢᠬᠤᠯᠠ ᠪᠦᠬᠦᠢ ᠬᠠᠷᠠᠵᠤ ᠬᠠᠮᠠᠭᠠᠯᠠᠬᠤ ᠬᠡᠷᠡᠭᠲᠡᠢ᠂ ᠬᠥᠮᠦᠰ ᠤᠨ ᠪᠦᠲᠦᠮᠵᠢᠲᠡᠢ ᠬᠠᠮᠠᠭᠠᠯᠠᠯᠲᠠ ᠦᠭᠡᠢ ᠪᠠᠶᠢᠳᠠᠯ ᠳᠣᠣᠷ᠎ᠠ ᠬᠢᠵᠢᠭ ᠤᠨ ᠴᠡᠭ ᠲᠤ ᠣᠷᠣᠬᠤ ᠶᠢ ᠰᠡᠷᠭᠡᠶᠢᠯᠡᠬᠦ ᠬᠡᠷᠡᠭᠲᠡᠢ᠃      ᠰᠡᠷᠭᠡᠶᠢᠯᠡᠬᠦ ᠴᠢᠨᠠᠷᠲᠠᠶ ᠡᠮᠨᠡᠬᠦ ᠠᠷᠭ᠎ᠠ᠄    ᠳᠡᠯᠭᠡᠷᠡᠩᠭᠦᠶ ᠵᠢᠭᠰᠠᠯ ᠤᠨ ᠪᠠᠺᠲ᠋ᠧᠷᠢ ᠡᠰᠡᠷᠭᠦᠴᠡᠬᠦ ᠡᠮ ᠨᠢ ᠬᠤᠯᠤᠭᠠᠨ᠎ᠠ ᠶᠢᠨ ᠬᠢᠵᠢᠭ ᠢ ᠰᠡᠷᠭᠡᠶᠢᠯᠡᠬᠦ ᠳᠤ ᠣᠨᠣᠪᠴᠢᠲᠠᠶ ᠪᠥᠭᠡᠳ ᠰᠠᠶᠢᠨ ᠦᠢᠯᠡᠳᠦᠯ ᠲᠠᠢ ᠶᠤᠮ᠃ ᠬᠤᠯᠤᠭᠠᠨ᠎ᠠ ᠬᠢᠵᠢᠭ ᠲᠤ ᠨᠡᠷᠪᠡᠭᠳᠡᠭᠰᠡᠳ ᠲᠠᠢ ᠰᠢᠭᠤᠳ ᠣᠶᠢᠷᠠᠲᠤᠭᠰᠠᠳ᠂ ᠬᠢᠵᠢᠭᠲᠦ ᠣᠷᠣᠨ ᠤ ᠨᠣᠬᠠᠶ ᠶᠢᠨ ᠪᠥᠭᠡᠰᠦᠨ ᠳᠤ ᠬᠠᠳᠬᠤᠭᠳᠠᠭᠰᠠᠳ᠂ ᠬᠢᠵᠢᠭ ᠬᠠᠯᠳᠠᠪᠤᠷᠢᠯᠠᠭᠰᠠᠨ ᠠᠮᠢᠲᠠᠨ ᠤ ᠰᠢᠭᠦᠷᠡᠳᠡᠰᠦ ᠵᠢᠴᠢ ᠴᠢᠰᠤ ᠲᠠᠢ ᠣᠶᠢᠷᠠᠲᠤᠭᠰᠠᠳ᠂ ᠬᠤᠯᠤᠭᠠᠨ᠎ᠠ ᠬᠢᠵᠢᠭ ᠤᠨ ᠲᠤᠷᠰᠢᠯᠲᠠ ᠶᠢᠨ ᠲᠠᠰᠤᠭ ᠤᠨ ᠠᠵᠢᠯᠲᠠᠨ ᠬᠤᠯᠤᠭᠠᠨ᠎ᠠ ᠬᠢᠵᠢᠭ ᠤᠨ ᠪᠠᠺᠲ᠋ᠧᠷᠢ ᠶᠢ ᠬᠡᠷᠡᠭᠯᠡᠬᠦ ᠦᠶ᠎ᠡ ᠳᠤ ᠰᠠᠨᠠᠭᠠᠨ ᠳᠤ ᠦᠭᠡᠢ ᠬᠡᠷᠡᠭ ᠭᠠᠷᠤᠭᠰᠠᠨ ᠪᠠᠶᠢᠪᠠᠯ᠂ ᠴᠥᠮ ᠬᠤᠯᠤᠭᠠᠨ᠎ᠠ ᠬᠢᠵᠢᠭ ᠢ ᠰᠡᠷᠭᠡᠶᠢᠯᠡᠬᠦ ᠴᠢᠨᠠᠷᠲᠠᠶ ᠡᠮᠨᠡᠨ ᠵᠠᠰᠠᠯᠲᠠ ᠶᠢ ᠬᠢᠬᠦ ᠬᠡᠷᠡᠭᠲᠡᠶ᠃ ᠡᠮᠲᠦ ᠪᠣᠳᠠᠰ ᠲᠤ ᠲᠤᠲᠷᠠᠼᠢᠺᠯᠢᠨ᠂ ᠳ᠋ᠤᠤᠰᠢᠺᠼᠢᠺᠯᠢᠨ᠂ ᠬᠦᠬᠦᠷᠯᠢᠭ ᠠᠮᠢᠨ ᠵᠡᠷᠭᠡ ᠶᠢ ᠰᠣᠩᠭᠤᠵᠤ ᠪᠣᠯᠤᠨ᠎ᠠ᠃    WHO ︽ᠬᠤᠯᠤᠭᠠᠨ᠎ᠠ ᠶᠢᠨ ᠬᠢᠵᠢᠭ ᠤᠨ ᠭᠠᠷ ᠳᠡᠪᠲᠡᠷ︾ ᠲᠤ ᠲᠠᠨᠢᠯᠴᠠᠭᠤᠯᠤᠭᠰᠠᠨ ᠡᠮ ᠤᠨ ᠬᠡᠮᠵᠢᠶ᠎ᠡ ᠨᠢ    ① ᠲᠤᠲᠷᠠᠼᠢᠺᠯᠢᠨ    ᠡᠳᠦᠷ ᠲᠤ 1.0~2.0g᠂ ᠡᠳᠦᠷ ᠲᠤ 2~4 ᠤᠳᠠᠭ᠎ᠠ ᠬᠤᠪᠢᠶᠠᠵᠤ ᠤᠤᠭᠤᠨ᠎ᠠ᠃    ᠬᠡᠦᠬᠡᠳ ᠡᠳᠦᠷ ᠲᠤ 25.0~50.0 ᠮᠢᠯᠢᠭᠷᠡᠮ᠂ ᠡᠳᠦᠷ ᠲᠤ 2~4 ᠤᠳᠠᠭ᠎ᠠ ᠬᠤᠪᠢᠶᠠᠵᠤ ᠤᠤᠭᠤᠨ᠎ᠠ᠃    ② ᠳ᠋ᠤᠤᠰᠢ ᠴᠠᠭᠠᠷᠢᠭ ᠡᠳ᠋    100.0~200.0 ᠮᠢᠯᠢᠭᠷᠡᠮ / ᠡᠳᠦᠷ ᠲᠤ 1 ᠤᠳᠠᠭ᠎ᠠ ᠪᠤᠶᠤ ᠬᠤᠶᠠᠷ ᠤᠳᠠᠭ᠎ᠠ ᠬᠤᠪᠢᠶᠠᠵᠤ ᠤᠤᠭᠤᠨ᠎ᠠ᠃    ᠬᠡᠦᠬᠡᠳ ᠤᠨ ᠡᠮ ᠤᠨ ᠬᠡᠮᠵᠢᠶ᠎ᠡ ᠪᠠ ᠤᠤᠭᠤᠬᠤ ᠠᠷᠭ᠎ᠠ ᠨᠢ ᠠᠳᠠᠯᠢᠬᠠᠨ᠃    ③ ᠬᠦᠬᠦᠷᠯᠢᠭ ᠠᠮᠢᠨ ᠤ ᠲᠥᠷᠥᠯ ᠤᠨ ᠡᠮ ︵ᠦᠢᠯᠡᠳᠦᠯ ᠨᠡᠮᠡᠭᠳᠡᠭᠦᠯᠬᠦ ᠡᠮ ᠪᠠᠭᠲᠠᠨ᠎ᠠ︶    1.6 ᠭᠷᠠᠮ / ᠡᠳᠦᠷ ᠲᠤ 2 ᠤᠳᠠᠭ᠎ᠠ ᠬᠤᠪᠢᠶᠠᠵᠤ ᠤᠤᠭᠤᠨ᠎ᠠ᠃ ᠶᠡᠷᠦ ᠳᠡᠭᠡᠨ 5~7 ᠡᠳᠦᠷ ᠦᠷᠭᠦᠯᠵᠢᠯᠡᠨ ᠤᠤᠭᠤᠨ᠎ᠠ᠃
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2