︵2005 ᠣᠨ ᠤ 5 ᠰᠠᠷ᠎ᠠ ᠶᠢᠨ 27 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠷᠪᠠᠨ ᠵᠢᠷᠭᠤᠳᠤᠭᠠᠷ | ᠬᠤᠷᠠᠯᠳᠤᠭᠠᠨ ᠠᠴᠠ ᠪᠠᠲᠤᠯᠠᠪᠠ | 2017 ᠣᠨ ᠤ 5 ᠰᠠᠷ᠎ᠠ ᠶᠢᠨ 26 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠴᠢᠨ | ᠭᠤᠷᠪᠠᠳᠤᠭᠠᠷ ᠬᠤᠷᠠᠯᠳᠤᠭᠠᠨ ᠠᠴᠠ ᠵᠠᠰᠠᠪᠤᠷᠢ ᠣᠷᠣᠭᠤᠯᠪᠠ | 2022 ᠣᠨ ᠤ 11 ᠳ᠋ᠦᠭᠡᠷ ᠰᠠᠷ᠎ᠠ ᠶᠢᠨ 23 ᠤ ᠡᠳᠦᠷ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠭᠤᠴᠢᠨ ᠨᠠᠢᠮᠠᠳᠤᠭᠠᠷ ᠬᠤᠷᠠᠯᠳᠤᠭᠠᠨ ᠤ ︽︿ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠶᠤᠯ ᠥᠬᠡᠶ ᠤᠶᠢᠯᠡᠳᠪᠤᠷᠢᠯᠡᠯ ᠤᠨ ᠲᠦᠷᠢᠮ﹀ ᠳᠤ ᠵᠠᠰᠠᠪᠤᠷᠢ ᠣᠷᠣᠭᠤᠯᠬᠤ ᠲᠤᠬᠠᠶ | ᠲᠣᠭᠲᠠᠭᠠᠯ︾ ᠢ ᠦᠨᠳᠦᠰᠦᠯᠡᠨ ᠵᠠᠰᠠᠪᠤᠷᠢ ᠣᠷᠣᠭᠤᠯᠪᠠ︶ ᠢ 2023 ᠣᠨ ᠤ 1 ᠰᠠᠷ᠎ᠠ ᠶᠢᠨ ᠤ ᠡᠳᠦᠷ ᠠᠴᠠ | ᠬᠡᠷᠡᠭᠵᠢᠭᠦᠯᠦᠨ᠎ᠡ᠃ | ᠨᠢᠭᠡᠳᠦᠭᠡᠷ ᠪᠦᠯᠦᠭ ᠶᠡᠷᠦᠩᠬᠡᠢ ᠲᠦᠷᠢᠮ | ᠨᠢᠭᠡᠳᠦᠭᠡᠷ ᠵᠦᠢᠯ ᠠᠶᠤᠯᠭᠦᠢ ᠦᠢᠯᠡᠳᠪᠦᠷᠢᠯᠡᠯ ᠤᠨ ᠠᠵᠢᠯ ᠢ ᠴᠢᠩᠭᠠᠳᠬᠠᠨ᠂ ᠦᠢᠯᠡᠳᠪᠦᠷᠢᠯᠡᠯ ᠤᠨ | ᠠᠶᠤᠯ ᠥᠭᠡᠢ ᠶᠢᠨ ᠡ᠊ᠨᠳᠡᠯ ᠢ ᠰᠡᠷᠭᠡᠶᠢᠯᠡᠨ ᠪᠠᠭᠠᠰᠬᠠᠵᠤ᠂ ᠠᠷᠠᠳ ᠤᠯᠠᠨ ᠤ ᠠᠮᠢ ᠨᠠᠰᠤ ᠪᠣᠯᠤᠨ ᠡᠳ᠋ | ᠬᠥᠷᠥᠩᠭᠡ ᠶᠢᠨ ᠠᠮᠤᠷ ᠲᠦᠪᠰᠢᠨ ᠢ ᠪᠠᠲᠤᠯᠠᠨ᠂ ᠠᠵᠤ ᠠᠬᠤᠶ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ | ᠬᠥᠭᠵᠢᠬᠦ ᠶᠢ ᠠᠬᠢᠭᠤᠯᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯ | ᠥᠭᠡᠢ ᠦᠢᠯᠡᠳᠪᠦᠷᠢᠯᠡᠯ ᠤᠨᠬᠠᠤᠯᠢ︾ ᠵᠡᠷᠭᠡ ᠤᠯᠤᠰ ᠤᠨ ᠬᠤᠯᠪᠣᠭᠳᠠᠯ ᠪᠥᠬᠦᠢ ᠬᠠᠤᠯᠢ ᠴᠠᠭᠠᠵᠠ᠂ ᠬᠠᠤᠯᠢ | ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠲᠤᠰ | ᠲᠥᠷᠢᠮ ᠢ ᠲᠣᠭᠲᠠᠭᠠᠪᠠ᠃ | ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷ᠎ᠠ | ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠬᠢᠵᠦ ᠪᠠᠶᠢᠭ᠎ᠠ ᠨᠢᠭᠡᠴᠡ ︵ᠳᠣᠷᠣᠭᠰᠢ ᠦᠢᠯᠡᠳᠪᠦᠷᠢᠯᠡᠯ | ᠡᠵᠡᠩᠨᠡᠯᠲᠡ ᠶᠢᠨ ᠨᠢᠭᠡᠴᠡ ᠭᠡᠵᠦ ᠶᠡᠷᠦᠩᠬᠡᠶᠢᠯᠡᠨ ᠨᠡᠷᠡᠶᠢᠳᠦᠨ᠎ᠡ︶ ᠶᠢᠨ ᠠᠶᠤᠯ ᠥᠭᠡᠢ ᠦᠢᠯᠡᠳᠪᠦᠷᠢᠯᠡᠯ ᠬᠢᠭᠡᠳ | ᠬᠢᠨᠠᠯᠲᠠ ᠬᠠᠮᠢᠶᠠᠷᠤᠯᠲᠠ ᠶᠢᠨ ᠠᠵᠢᠯᠯᠠᠭ᠎ᠠ ᠳᠤ ᠲᠤᠰ ᠲᠥᠷᠢᠮ ᠲᠤᠬᠢᠷᠠᠨ᠎ᠠ᠃ ᠬᠤᠯᠪᠣᠭᠳᠠᠯ ᠪᠦᠬᠦᠢ ᠬᠠᠤᠯᠢ ᠴᠠᠭᠠᠵᠠ | ᠂ ᠬᠠᠤᠯᠢ ᠲᠣᠭᠲᠠᠭᠠᠯ ᠳᠤ ᠭᠠᠯ ᠰᠡᠷᠭᠡᠶᠢᠯᠡᠨ ᠤᠨᠲᠠᠷᠠᠭᠠᠬᠤ ᠶᠢᠨ ᠠᠶᠤᠯᠭᠦᠶ ᠶᠢᠨ ᠪᠠᠶᠢᠳᠠᠯ ᠪᠠ ᠵᠠᠮ ᠬᠠᠷᠢᠯᠴᠠᠭᠠᠨ ᠤ | ᠠᠶᠤᠯᠭᠦᠶ ᠶᠢᠨ ᠪᠠᠶᠢᠳᠠᠯ᠂ ᠲᠡᠮᠤᠷ ᠵᠠᠮ ᠤᠨ ᠵᠠᠮ ᠬᠠᠷᠢᠯᠴᠠᠭᠠᠨ ᠤ ᠠᠶᠤᠯᠭᠦᠶ ᠶᠢᠨ ᠪᠠᠶᠢᠳᠠᠯ᠂ ᠤᠰᠤᠨ ᠵᠠᠮ ᠤᠨ ᠵᠠᠮ | ᠬᠠᠷᠢᠯᠴᠠᠭᠠᠨ ᠤ ᠠᠶᠤᠯᠭᠦᠶ ᠶᠢᠨ ᠪᠠᠶᠢᠳᠠᠯ᠂ ᠠᠷᠠᠳ ᠤᠨ ᠠᠭᠠᠷ ᠤᠨ ᠲᠡᠭᠡᠭᠡᠪᠦᠷᠢ ᠶᠢᠨ ᠠᠶᠤᠯᠭᠦᠶ ᠶᠢᠨ ᠪᠠᠶᠢᠳᠠᠯ ᠵᠢᠴᠢ | ᠴᠥᠮ᠎ᠡ ᠶᠢᠨ ᠪᠠ ᠰᠠᠴᠤᠷᠠᠭ ᠤᠨ ᠠᠶᠤᠯᠭᠦᠶ ᠶᠢᠨ ᠪᠠᠶᠢᠳᠠᠯ᠂ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ | ᠠᠶᠤᠯᠭᠦᠶ ᠶᠢᠨ ᠲᠤᠬᠠᠶ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠢ ᠬᠡᠷᠡᠭᠯᠡᠨ᠎ᠡ᠃ | ᠭᠤᠷᠪᠠᠳᠤᠭᠠᠷ ᠵᠦᠢᠯ ᠠᠶᠤᠯᠭᠦᠢ ᠦᠢᠯᠡᠳᠪᠦᠷᠢᠯᠡᠯ ᠤᠨ ᠠᠵᠢᠯ ᠳᠤ ᠳᠤᠮᠳᠠᠳᠤ ᠤᠯᠤᠰ ᠤᠨ ᠡᠪ ᠬᠠᠮᠲᠤ | ᠨᠠᠮ ᠤᠨ ᠤᠳᠤᠷᠢᠳᠤᠯᠭ᠎ᠠ ᠶᠢ ᠪᠠᠷᠢᠮᠳᠠᠯᠠᠨ᠎ᠠ᠃ | ᠪᠦᠬᠦ ᠦᠢᠯᠡᠳᠪᠦᠷᠢᠯᠡᠯ ᠤᠨ ᠠᠵᠢᠯ ᠨᠢ ᠬᠥᠮᠦᠨ ᠢᠶᠠᠷ ᠦᠨᠳᠦᠰᠦ ᠪᠣᠯᠭᠠᠵᠤ᠂ ᠠᠷᠠᠳ ᠲᠦᠮᠡᠨ ᠢ ᠳᠡᠭᠡᠳᠦᠯᠡᠬᠦ᠂ | ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠢ | ᠬᠠᠮᠠᠭᠠᠯᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ | ᠪᠠᠬᠢ ᠪᠤᠢ ᠪᠣᠯᠭᠠᠵᠤ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ | ᠪᠣᠯᠭᠠᠬᠤ᠂ ᠶᠡᠷᠦᠩᠬᠡᠶᠢᠯᠡᠨ ᠵᠠᠰᠠᠬᠤ ᠴᠢᠭᠯᠡᠯᠲᠡ ᠶᠢ ᠪᠠᠷᠢᠮᠲᠠᠯᠠᠵᠤ᠂ ᠠᠮᠤᠷ ᠲᠦᠪᠰᠢᠨ ᠤ ᠬᠦᠨᠳᠦ ᠶᠡᠭᠡ ᠠᠶᠤᠯ | ᠲᠦᠭᠰᠢᠭᠦᠷᠢ ᠶᠢ ᠡᠬᠢ ᠡᠭᠦᠰᠦᠯ ᠠᠴᠠ ᠨᠢ ᠰᠡᠷᠭᠡᠶᠢᠯᠡᠨ ᠠᠷᠢᠯᠭᠠᠬᠤ ᠬᠡᠷᠡᠭᠲᠡᠢ᠃ ᠠᠶᠤᠯᠭᠦᠶ ᠦᠢᠯᠡᠳᠪᠦᠷᠢᠯᠡᠯ ᠤᠨ | ᠠᠵᠢᠯ ᠳᠤ ᠠᠵᠢᠯ ᠲᠦᠷᠦᠯ ᠢ ᠬᠠᠮᠢᠶᠠᠷᠬᠤ ᠳᠤ ᠡᠷᠬᠡᠪᠰᠢ ᠠᠶᠤᠯᠭᠦᠶ ᠪᠠᠶᠢᠬᠤ ᠶᠢ ᠬᠠᠮᠢᠶᠠᠷᠬᠤ᠂ ᠲᠤᠬᠠᠶᠢᠯᠠᠭᠰᠠᠨ | ᠠᠵᠢᠯ ᠢ ᠬᠠᠮᠢᠶᠠᠷᠬᠤ ᠳᠤ ᠡᠷᠬᠡᠪᠰᠢ ᠠᠶᠤᠯᠭᠦᠶ ᠪᠠᠶᠢᠬᠤ ᠶᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ | ᠬᠠᠮᠢᠶᠠᠷᠬᠤ ᠳᠤ ᠡᠷᠬᠡᠪᠰᠢ ᠠᠶᠤᠯᠭᠦᠶ ᠪᠠᠶᠢᠬᠤ ᠶᠢ ᠬᠠᠮᠢᠶᠠᠷᠬᠤ ᠶᠢ ᠬᠡᠷᠡᠭᠵᠢᠭᠦᠯᠵᠦ᠂ ᠦᠢᠯᠡᠳᠪᠦᠷᠢᠯᠡᠯ | ᠡᠵᠡᠩᠨᠡᠯᠲᠡ ᠶᠢᠨ ᠨᠢᠭᠡᠴᠢ ᠶᠢᠨ ᠪᠡᠶᠡᠴᠢ ᠴᠣᠭᠴᠠ ᠶᠢᠨ ᠬᠠᠷᠢᠭᠤᠴᠠᠯᠭ᠎ᠠ ᠬᠢᠭᠡᠳ ᠵᠠᠰᠠᠭ ᠤᠨ ᠣᠷᠳᠣᠨ ᠤ ᠬᠢᠨᠠᠨ | ᠬᠠᠮᠢᠶᠠᠷᠬᠤ ᠬᠠᠷᠢᠭᠤᠴᠠᠯᠭ᠎ᠠ ᠶᠢ ᠴᠢᠩᠭᠠᠳᠬᠠᠨ ᠨᠠᠶᠢᠳᠠᠪᠤᠷᠢᠵᠢᠭᠤᠯᠵᠤ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ | ᠬᠠᠷᠢᠭᠤᠴᠠᠬᠤ᠂ ᠠᠵᠢᠯᠳᠠᠨ ᠠᠵᠢᠯᠴᠢᠨ ᠣᠷᠣᠯᠴᠠᠬᠤ᠂ ᠵᠠᠰᠠᠭ ᠤᠨ ᠣᠷᠳᠣᠨ ᠬᠢᠨᠠᠨ ᠬᠠᠮᠢᠶᠠᠷᠬᠤ᠂ ᠠᠵᠢᠯ | ᠲᠦᠷᠦᠯ ᠤᠨ ᠥᠪᠡᠷ ᠢ ᠪᠠᠨ ᠱᠠᠭᠠᠷᠳᠠᠬᠤ ᠪᠠ ᠨᠡᠶᠢᠭᠡᠮ ᠤᠨ ᠬᠢᠨᠠᠯᠲᠠ ᠲᠠᠯᠪᠢᠬᠤ ᠲᠣᠭᠲᠠᠴᠠ ᠶᠢ ᠪᠠᠶᠢᠭᠤᠯᠤᠨ᠎ᠠ᠃ | ᠳᠥᠷᠪᠡᠳᠦᠭᠡᠷ ᠵᠦᠢᠯ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠪᠣᠯ ᠠᠶᠤᠯᠭᠦᠶ ᠦᠢᠯᠡᠳᠪᠦᠷᠢᠯᠡᠯ ᠤᠨ | ᠬᠠᠷᠢᠭᠤᠴᠠᠯᠭ᠎ᠠ ᠶᠢᠨ ᠪᠡᠶᠡᠴᠢ ᠴᠣᠭᠴᠠ ᠮᠥᠨ᠃ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠭᠤᠣᠯ | ᠬᠠᠷᠢᠭᠤᠴᠠᠯᠭᠠᠲᠠᠨ ᠪᠣᠯ ᠲᠤᠰ ᠨᠢᠭᠡᠴᠢ ᠶᠢᠨ ᠠᠶᠤᠯᠭᠦᠶ ᠦᠢᠯᠡᠳᠪᠦᠷᠢᠯᠡᠯ ᠤᠨ ᠨᠢᠭᠡᠳᠦᠭᠡᠷ ᠬᠠᠷᠢᠭᠤᠴᠠᠯᠭᠠᠲᠠᠨ ᠮᠥᠨ᠂ | ᠠᠶᠤᠯᠭᠦᠶ ᠦᠢᠯᠡᠳᠪᠦᠷᠢᠯᠡᠯ ᠤᠨ ᠠᠵᠢᠯ ᠳᠤ ᠪᠦᠬᠦ ᠲᠠᠯ᠎ᠠ ᠶᠢᠨ ᠤᠳᠤᠷᠢᠳᠬᠤ ᠬᠠᠷᠢᠭᠤᠴᠠᠯᠭ᠎ᠠ ᠶᠢ ᠡᠭᠦᠷᠭᠡᠯᠡᠨ᠎ᠡ︔ | ᠠᠶᠤᠯᠭᠦᠶ ᠦᠢᠯᠡᠳᠪᠦᠷᠢᠯᠡᠯ ᠢ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠠᠶᠤᠯᠭᠦᠶ ᠦᠢᠯᠡᠳᠪᠦᠷᠢᠯᠡᠯ ᠤᠨ | ᠠᠵᠢᠯ ᠢ ᠶᠡᠷᠦᠩᠬᠡᠶᠢᠯᠡᠨ ᠬᠠᠮᠢᠶᠠᠷᠴᠤ ᠤᠳᠤᠷᠢᠳᠬᠤ ᠬᠠᠷᠢᠭᠤᠴᠠᠯᠭ᠎ᠠ ᠶᠢ ᠡᠭᠦᠷᠭᠡᠯᠡᠨ᠎ᠡ︔ ᠪᠤᠰᠤᠳ | ᠬᠠᠷᠢᠭᠤᠴᠠᠯᠭᠠᠲᠠᠨ ᠨᠢ ᠬᠤᠪᠢᠳᠠᠨ ᠬᠠᠮᠢᠶᠠᠷᠴᠤ ᠪᠠᠶᠢᠭ᠎ᠠ ᠬᠡᠪᠴᠢᠶᠡᠨ ᠳᠣᠲᠣᠷᠠᠬᠢ ᠠᠶᠤᠯ ᠥᠬᠡᠶ | ᠦᠢᠯᠡᠳᠪᠦᠷᠢᠯᠡᠯ ᠤᠨ ᠠᠵᠢᠯ ᠳᠤ ᠰᠢᠭᠤᠳ ᠤᠳᠤᠷᠢᠳᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ | ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ | ᠠᠶᠤᠯ ᠦᠭᠡᠶ ᠦᠢᠯᠡᠳᠪᠦᠷᠢᠯᠡᠯ ᠤᠨ ᠠᠵᠢᠯ ᠤᠨ ᠤᠳᠤᠷᠢᠳᠤᠯᠭ᠎ᠠ ᠪᠠᠨ ᠴᠢᠩᠭᠠᠳᠬᠠᠵᠤ᠂ ᠤᠯᠤᠰ ᠠᠷᠠᠳ ᠤᠨ ᠠᠵᠤ | ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠶᠢ ᠦᠨᠳᠦᠰᠦᠯᠡᠨ ᠠᠶᠤᠯ ᠥᠭᠡᠢ ᠦᠢᠯᠡᠳᠪᠦᠷᠢᠯᠡᠯ | ᠤᠨ ᠲᠥᠯᠥᠪᠵᠢᠭᠦᠯᠭᠡ ᠶᠢ ᠲᠣᠭᠲᠠᠭᠠᠵᠤ᠂ ᠠᠶᠤᠯ ᠥᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠥᠷᠢᠮ | ᠢ ᠪᠥᠷᠢᠨᠰᠢᠬᠦᠯᠥᠨ ᠨᠠᠶᠢᠳᠠᠪᠤᠷᠢᠵᠢᠭᠤᠯᠵᠤ᠂ ᠠᠶᠤᠯ ᠥᠭᠡᠢ ᠦᠢᠯᠡᠳᠪᠦᠷᠢᠯᠡᠯ ᠤᠨ ᠵᠠᠰᠠᠯᠲᠠ ᠶᠢᠨ ᠰᠢᠰᠲ᠋ᠧᠮᠵᠢ | ᠶᠢ ᠲᠡᠭᠦᠯᠳᠡᠷᠵᠢᠭᠦᠯᠦᠨ᠂ ᠰᠢᠰᠲ᠋ᠧᠮᠵᠢ ᠲᠠᠢ ᠵᠠᠰᠠᠬᠤ᠂ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠵᠤ᠂ | ᠬᠤᠯᠪᠣᠭᠳᠠᠯ ᠪᠥᠬᠦᠢ ᠰᠠᠯᠠᠭ᠎ᠠ ᠮᠥᠴᠢᠷ ᠤᠨ ᠠᠶᠤᠯ ᠥᠭᠡᠢ ᠦᠢᠯᠡᠳᠪᠦᠷᠢᠯᠡᠯ ᠲᠤ ᠬᠢᠨᠠᠯᠲᠠ ᠲᠠᠯᠪᠢᠵᠤ ᠬᠠᠮᠢᠶᠠᠷᠬᠤ | ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠬᠦ ᠶᠢ ᠲᠡᠮᠵᠢᠨ ᠰᠢᠮᠳᠠᠭᠤᠯᠬᠤ ᠬᠡᠷᠡᠭᠲᠡᠶ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠶᠤᠯ ᠦᠭᠡᠶ | ᠦᠢᠯᠡᠳᠪᠦᠷᠢᠯᠡᠯ ᠤᠨ ᠵᠥᠪᠯᠡᠯ ᠠᠴᠠ ᠡᠯ᠎ᠡ ᠪᠦᠷᠢᠯᠳᠦᠬᠦᠨ ᠨᠢᠭᠡᠴᠡ ᠶᠢᠨ ᠡᠭᠦᠷᠭᠡ ᠬᠠᠷᠢᠭᠤᠴᠠᠯᠭ᠎ᠠ ᠶᠢᠨ ᠤᠯᠤᠰ ᠤᠨ | ᠬᠤᠯᠪᠣᠭᠳᠠᠯ ᠪᠥᠬᠦᠢ ᠲᠣᠭᠲᠠᠭᠠᠯ ᠶᠣᠰᠣᠭᠠᠷ᠂ ᠠᠶᠤᠯ ᠥᠭᠡᠢ ᠶᠢᠨ ᠬᠦᠨᠳᠦ ᠶᠡᠭᠡ ᠲᠦᠭᠰᠢᠭᠦᠷᠢ ᠶᠢ ᠴᠠᠭ ᠲᠤᠬᠠᠶ | ᠲᠤᠨᠢ ᠵᠣᠬᠢᠶᠠᠨ ᠪᠠᠶᠢᠭᠤᠯᠤᠨ ᠰᠤᠳᠤᠯᠤᠨ ᠮᠠᠭᠠᠳᠯᠠᠵᠤ᠂ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠪᠠ | ᠪᠦᠲᠦᠮᠵᠢᠲᠡᠶ ᠪᠠᠷ ᠠᠷᠢᠯᠭᠠᠨ᠂ ᠦᠢᠯᠡᠳᠪᠦᠷᠢᠯᠡᠯ ᠤᠨᠠᠶᠤᠯ ᠥᠭᠡᠢ ᠶᠢᠨ ᠡ᠊ᠨᠳᠡᠯ ᠢ ᠰᠡᠷᠭᠡᠶᠢᠯᠡᠬᠦ ᠪᠠ ᠪᠠᠭᠠᠰᠬᠠᠵᠤ᠂ | ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠠᠶᠤᠯ | ᠥᠭᠡᠢ ᠦᠢᠯᠡᠳᠪᠦᠷᠢᠯᠡᠯ ᠤᠨ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠪᠣᠯᠤᠨ ᠤᠴᠢᠷ ᠶᠠᠪᠤᠳᠠᠯ ᠢ | ᠰᠢᠢᠳᠪᠤᠷᠢᠯᠡᠬᠦ ᠶᠢ ᠲᠥᠯᠬᠢᠨ ᠠᠬᠢᠭᠤᠯᠤᠨ᠎ᠠ᠃ | ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠪᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ᠂ ᠵᠢᠴᠢ ᠨᠡᠭᠡᠭᠡᠯᠲᠡ ᠶᠢᠨ ᠲᠣᠭᠤᠷᠢᠭ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠦᠵᠡᠮᠵᠢ ᠶᠢᠨ | ᠣᠷᠣᠨ ᠵᠡᠷᠭᠡ ᠳᠤ ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠬᠤ ᠬᠤᠯᠪᠣᠭᠳᠠᠯ ᠪᠦᠬᠦᠢ | ᠠᠵᠢᠯ ᠤᠨ ᠪᠠᠶᠢᠭᠤᠯᠤᠮᠵᠢ ᠵᠢᠴᠢ ᠲᠡᠭᠦᠨ ᠤ ᠲᠤᠰᠢᠶᠠᠯ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠠᠶᠤᠯ ᠦᠭᠡᠢ | ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠬᠦᠴᠦᠨ ᠤ ᠪᠠᠶᠢᠭᠤᠯᠤᠯᠲᠠ ᠶᠢ ᠴᠢᠩᠭᠠᠳᠬᠠᠵᠤ᠂ ᠲᠤᠰᠢᠶᠠᠯ | ᠬᠠᠷᠢᠭᠤᠴᠠᠯᠭ᠎ᠠ ᠶᠢᠨ ᠶᠣᠰᠣᠭᠠᠷ ᠲᠤᠰ ᠵᠠᠰᠠᠭ ᠵᠠᠬᠢᠷᠭᠠᠨ ᠤ ᠣᠷᠣᠨ ᠪᠤᠶᠤ ᠬᠠᠮᠢᠶᠠᠷᠤᠯᠲᠠ ᠶᠢᠨ ᠣᠷᠣᠨ ᠤ | ᠳᠣᠲᠣᠷᠠᠬᠢ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠳᠤ | ᠬᠢᠨᠠᠯᠲᠠ ᠲᠠᠯᠪᠢᠵᠤ ᠪᠠᠶᠢᠴᠠᠭᠠᠯᠲᠠ ᠬᠢᠵᠦ᠂ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ | ᠮᠥᠴᠢᠷ ᠪᠤᠶᠤ ᠡᠷᠬᠡ ᠣᠯᠭᠤᠭᠰᠠᠨ ᠶᠣᠰᠣᠭᠠᠷ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ | ᠲᠤᠰᠢᠶᠠᠯ ᠬᠠᠷᠢᠭᠤᠴᠠᠯᠭ᠎ᠠ ᠶᠢ ᠬᠠᠤᠯᠢ ᠶᠣᠰᠣᠭᠠᠷ ᠭᠦᠢᠴᠡᠳᠬᠡᠨ᠎ᠡ᠃ | ᠰᠠᠭᠤᠭᠠᠯᠢ ᠠᠷᠠᠳ ᠤᠨ ᠵᠥᠪᠯᠡᠯ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠠᠶᠤᠯ ᠥᠭᠡᠢ | ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠬᠠᠪᠰᠤᠷᠤᠨ ᠥᠷᠨᠢᠭᠦᠯᠵᠦ᠂ ᠪᠠᠶᠢᠭ᠎ᠠ ᠭᠠᠵᠠᠷ | ᠤᠨ ᠠᠷᠠᠳ ᠤᠨ ᠵᠠᠰᠠᠭ ᠤᠨ ᠣᠷᠳᠣᠨ ᠪᠤᠶᠤ ᠬᠤᠯᠪᠣᠭᠳᠠᠯ ᠪᠥᠬᠦᠢ ᠰᠠᠯᠠᠭ᠎ᠠ ᠮᠥᠴᠢᠷ ᠲᠤ ᠡ᠊ᠨᠳᠡᠯ ᠤᠨ ᠲᠠᠯᠳᠠ | ᠭᠡᠮ᠂ ᠠᠶᠤᠯ ᠥᠭᠡᠢ ᠦᠢᠯᠡᠳᠪᠦᠷᠢᠯᠡᠯ ᠤᠨ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ ᠪᠣᠯᠤᠨ | ᠦᠢᠯᠡᠳᠪᠦᠷᠢᠯᠡᠯ ᠤᠨ ᠠᠶᠤᠯ ᠥᠭᠡᠢ ᠶᠢᠨ ᠡ᠊ᠨᠳᠡᠯ ᠢ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃ | ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠲᠤᠰ ᠵᠠᠰᠠᠭ ᠵᠠᠬᠢᠷᠭᠠᠨ | ᠤ ᠣᠷᠣᠨ ᠤ ᠪᠠᠨ ᠳᠣᠲᠣᠷᠠᠬᠢ ᠠᠶᠤᠯ ᠥᠭᠡᠢ ᠦᠢᠯᠡᠳᠪᠦᠷᠢᠯᠡᠯ ᠤᠨ ᠠᠵᠢᠯ ᠲᠤ ᠶᠡᠷᠦᠩᠬᠡᠶᠢᠯᠡᠭᠰᠡᠨ ᠬᠢᠨᠠᠯᠲᠠ | ᠲᠠᠯᠪᠢᠵᠤ ᠬᠠᠮᠢᠶᠠᠷᠬᠤ ᠶᠢ ᠬᠡᠷᠡᠭᠵᠢᠭᠦᠯᠦᠨ᠎ᠡ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ | ᠲᠡᠭᠡᠭᠡᠪᠦᠷᠢ᠂ ᠣᠷᠣᠨ ᠰᠠᠭᠤᠴᠠ ᠪᠣᠯᠤᠨ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ᠂ ᠤᠰᠤᠨ ᠤ ᠵᠠᠰᠠᠭ | ᠵᠠᠬᠢᠷᠭ᠎ᠠ᠂ ᠠᠷᠠᠳ ᠤᠨᠠᠭᠠᠷ ᠤᠨᠲ᠋ᠡᠭᠡᠭᠡᠪᠦᠷᠢ ᠵᠡᠷᠭᠡ ᠬᠤᠯᠪᠣᠭᠳᠠᠯ ᠪᠥᠬᠦᠢ ᠰᠠᠯᠠᠭ᠎ᠠ ᠮᠥᠴᠢᠷ ᠤᠳ ᠲᠤᠰ ᠲᠤᠰ | ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠪᠠᠨ ᠬᠤᠯᠪᠣᠭᠳᠠᠯ ᠪᠥᠬᠦᠢ ᠠᠵᠢᠯ ᠲᠥᠷᠥᠯ᠂ ᠬᠦᠷᠢᠶᠡᠨ | ᠤ ᠠᠶᠤᠯ ᠥᠭᠡᠢ ᠦᠢᠯᠡᠳᠪᠦᠷᠢᠯᠡᠯ ᠤᠨᠠᠵᠢᠯ ᠲᠤ ᠬᠠᠤᠯᠢ ᠶᠣᠰᠣᠭᠠᠷ ᠬᠢᠨᠠᠯᠲᠠ ᠲᠠᠯᠪᠢᠵᠤ ᠬᠠᠮᠢᠶᠠᠷᠬᠤ ᠶᠢ | ᠬᠡᠷᠡᠭᠵᠢᠭᠦᠯᠬᠦ ᠬᠡᠷᠡᠭᠲᠡᠶ᠃ ᠰᠢᠨ᠎ᠡ ᠪᠠᠷ ᠪᠤᠢ ᠪᠣᠯᠤᠭᠰᠠᠨ ᠠᠵᠢᠯ ᠲᠦᠷᠦᠯ᠂ ᠬᠦᠷᠢᠶᠡᠨ ᠤ ᠠᠶᠤᠯ ᠥᠭᠡᠢ | ᠦᠢᠯᠡᠳᠪᠦᠷᠢᠯᠡᠯ ᠲᠤ ᠬᠢᠨᠠᠯᠲᠠ ᠲᠠᠯᠪᠢᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ ᠨᠢ ᠲᠣᠳᠣᠷᠬᠠᠶ ᠥᠭᠡᠢ ᠪᠣᠯ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ ᠲᠤᠬᠠᠶᠢᠯᠠᠭᠰᠠᠨ | ᠠᠵᠢᠯ ᠨᠢ ᠣᠶᠢᠷᠠᠯᠴᠠᠭ᠎ᠠ ᠪᠠᠶᠢᠬᠤ ᠵᠠᠷᠴᠢᠮ ᠤᠨ ᠶᠣᠰᠣᠭᠠᠷ ᠬᠢᠨᠠᠯᠲᠠ ᠲᠠᠯᠪᠢᠵᠤ ᠬᠠᠮᠢᠶᠠᠷᠬᠤ ᠰᠠᠯᠠᠭ᠎ᠠ | ᠮᠥᠴᠢᠷ ᠢᠲ᠋ᠣᠭᠲᠠᠭᠠᠬᠤ ᠬᠡᠷᠡᠭᠲᠡᠶ᠃ | ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠬᠤᠯᠪᠣᠭᠳᠠᠯ ᠪᠦᠬᠦᠢ ᠠᠵᠢᠯ | ᠲᠦᠷᠦᠯ᠂ ᠬᠦᠷᠢᠶᠡᠨ ᠳᠠᠬᠢ ᠠᠶᠤᠯᠭᠦᠶ ᠦᠢᠯᠡᠳᠪᠦᠷᠢᠯᠡᠯ ᠤᠨ ᠠᠵᠢᠯ ᠢ ᠬᠢᠨᠠᠵᠤ ᠬᠠᠮᠢᠶᠠᠷᠬᠤ ᠰᠠᠯᠠᠭ᠎ᠠ ᠮᠥᠴᠢᠷ ᠢ | ᠠᠶᠤᠯᠭᠦᠶ ᠦᠢᠯᠡᠳᠪᠦᠷᠢᠯᠡᠯ ᠢ ᠬᠢᠨᠠᠵᠤ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠭᠡᠵᠦ | ᠶᠡᠷᠦᠩᠬᠡᠶᠢᠯᠡᠨ ᠨᠡᠷᠡᠶᠢᠳᠦᠨ᠎ᠡ᠃ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠤᠰᠢᠶᠠᠯ | ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠤᠳ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ | ᠬᠦᠴᠦᠨ ᠤ ᠪᠠᠶᠢᠭᠤᠯᠤᠯᠲᠠ ᠶᠢ ᠴᠢᠩᠭᠠᠳᠬᠠᠵᠤ᠂ ᠰᠠᠯᠠᠭ᠎ᠠ ᠮᠥᠴᠢᠷ ᠤᠳ ᠬᠤᠭᠤᠷᠣᠨᠳᠣ ᠪᠠᠨ ᠬᠠᠮᠵᠢᠯᠴᠠᠵᠤ᠂ | ᠴᠤᠭᠭᠠᠷ ᠠᠳᠬᠤᠨ ᠬᠠᠮᠲᠤ ᠪᠠᠷ ᠬᠠᠮᠢᠶᠠᠷᠴᠤ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠵᠦ᠂ ᠡᠬᠢ ᠪᠠᠶᠠᠯᠢᠭ ᠢ | ᠬᠠᠮᠲᠤ ᠪᠠᠷ ᠬᠡᠷᠡᠭᠯᠡᠵᠦ᠂ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠤᠯᠢ | ᠶᠣᠰᠣᠭᠠᠷ ᠴᠢᠩᠭᠠᠳᠬᠠᠬᠤ ᠬᠡᠷᠡᠭᠲᠡᠢ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠠᠶᠤᠯ ᠥᠭᠡᠢ | ᠦᠢᠯᠡᠳᠪᠦᠷᠢᠯᠡᠯ ᠲᠤ ᠬᠢᠨᠠᠯᠲᠠ ᠲᠠᠯᠪᠢᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠢ | ᠵᠣᠬᠢᠶᠠᠨ ᠪᠠᠶᠢᠭᠤᠯᠤᠨ ᠠᠶᠤᠯ ᠥᠭᠡᠢ ᠦᠢᠯᠡᠳᠪᠦᠷᠢᠯᠡᠯ ᠤᠨ ᠡᠷᠬᠡ ᠪᠣᠯᠤᠨ ᠬᠠᠷᠢᠭᠤᠴᠠᠯᠭ᠎ᠠ ᠶᠢᠨ ᠨᠠᠷᠢᠨ | ᠬᠠᠭᠤᠳᠠᠰᠤ ᠶᠢ ᠬᠠᠤᠯᠢ ᠶᠣᠰᠣᠭᠠᠷ ᠨᠠᠶᠢᠷᠠᠭᠤᠯᠤᠨ ᠵᠣᠬᠢᠶᠠᠵᠤ᠂ ᠨᠡᠶᠢᠭᠡᠮ ᠤᠨ ᠬᠢᠨᠠᠯᠲᠠ ᠲᠠᠯᠪᠢᠬᠤ ᠶᠢ ᠢᠯᠡ | ᠪᠣᠯᠭᠠᠬᠤ ᠶᠢᠨ ᠬᠠᠮᠲᠤ ᠬᠦᠯᠢᠶᠡᠬᠦ ᠬᠡᠷᠡᠭᠲᠡᠶ᠃ | ᠳᠣᠯᠣᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠭᠤᠣᠯ | ᠬᠠᠷᠢᠭᠤᠴᠠᠯᠭᠠᠲᠠᠨ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠠᠶᠤᠯ ᠥᠭᠡᠢ ᠦᠢᠯᠡᠳᠪᠦᠷᠢᠯᠡᠯ ᠤᠨ | ᠠᠵᠢᠯ ᠲᠤ ᠪᠥᠬᠦ ᠲᠠᠯ᠎ᠠ ᠶᠢᠨ ᠤᠳᠤᠷᠢᠳᠬᠤ ᠬᠠᠷᠢᠭᠤᠴᠠᠯᠭ᠎ᠠ ᠶᠢ ᠡᠭᠦᠷᠭᠡᠯᠡᠨ᠎ᠡ ᠃ ᠪᠤᠰᠤᠳ | ᠬᠠᠷᠢᠭᠤᠴᠠᠯᠭᠠᠲᠠᠨ ᠨᠢ ᠬᠤᠪᠢᠳᠠᠨ ᠬᠠᠮᠢᠶᠠᠷᠴᠤ ᠪᠠᠶᠢᠭ᠎ᠠ ᠬᠡᠪᠴᠢᠶᠡᠨ ᠳᠣᠲᠣᠷᠠᠬᠢ ᠠᠶᠤᠯ ᠥᠬᠡᠶ | ᠦᠢᠯᠡᠳᠪᠦᠷᠢᠯᠡᠯ ᠤᠨ ᠠᠵᠢᠯ ᠳᠤ ᠬᠠᠮᠢᠶ᠎ᠠ ᠪᠥᠬᠦᠶ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠡᠯ᠎ᠡ | ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠥᠬᠦᠢ ᠰᠠᠯᠠᠭ᠎ᠠ ᠮᠥᠴᠢᠷ ᠤᠨ ᠭᠤᠣᠯ | ᠬᠠᠷᠢᠭᠤᠴᠠᠯᠭᠠᠲᠠᠨ ᠲᠤᠰ ᠰᠠᠯᠠᠭ᠎ᠠ ᠮᠥᠴᠢᠷ ᠤᠨ ᠠᠶᠤᠯ ᠥᠭᠡᠢ ᠦᠢᠯᠡᠳᠪᠦᠷᠢᠯᠡᠯ ᠤᠨ ᠠᠵᠢᠯ ᠲᠤ ᠪᠥᠬᠦ | ᠲᠠᠯ᠎ᠠ ᠶᠢᠨ ᠤᠳᠤᠷᠢᠳᠬᠤ ᠬᠠᠷᠢᠭᠤᠴᠠᠯᠭ᠎ᠠ ᠶᠢ ᠡᠭᠦᠷᠭᠡᠯᠡᠨ᠎ᠡ ᠃ ᠪᠤᠰᠤᠳ ᠬᠠᠷᠢᠭᠤᠴᠠᠯᠭᠠᠲᠠᠨ ᠨᠢ ᠬᠤᠪᠢᠳᠠᠨ | ᠬᠠᠮᠢᠶᠠᠷᠴᠤ ᠪᠠᠶᠢᠭ᠎ᠠ ᠬᠡᠪᠴᠢᠶᠡᠨ ᠳᠣᠲᠣᠷᠠᠬᠢ ᠠᠶᠤᠯ ᠥᠬᠡᠶ ᠦᠢᠯᠡᠳᠪᠦᠷᠢᠯᠡᠯ ᠤᠨ ᠠᠵᠢᠯ ᠳᠤ ᠬᠠᠮᠢᠶ᠎ᠠ ᠪᠥᠬᠦᠶ | ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ | ᠨᠠᠢᠮᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠠᠶᠤᠯ ᠥᠭᠡᠢ ᠦᠢᠯᠡᠳᠪᠦᠷᠢᠯᠡᠯ ᠤᠨ ᠲᠤᠰᠬᠠᠶ ᠵᠦᠢᠯ ᠤᠨ ᠪᠡᠯᠡ ᠮᠥᠩᠭᠦ ᠪᠠᠶᠢᠭᠤᠯᠵᠤ᠂ | ᠠᠶᠤᠯ ᠥᠭᠡᠢ ᠦᠢᠯᠡᠳᠪᠦᠷᠢᠯᠡᠯ ᠤᠨ ᠮᠡᠳᠡᠭᠡ ᠵᠠᠩᠭᠢᠵᠢᠭᠤᠯᠬᠤ ᠪᠠᠶᠢᠭᠤᠯᠤᠯᠲᠠ᠂ ᠠᠶᠤᠯ ᠥᠭᠡᠢ ᠶᠢᠨ ᠬᠥᠮᠦᠵᠢᠯ | ᠪᠣᠯᠪᠠᠰᠤᠷᠠᠭᠤᠯᠤᠯ᠂ ᠲᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ ᠰᠢᠰᠲ᠋ᠧᠮᠵᠢ ᠢ ᠶᠢᠨ ᠪᠠᠶᠢᠭᠤᠯᠤᠯᠲᠠ᠂ | ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠰᠢᠰᠲ᠋ᠧᠮᠵᠢ ᠶᠢᠨ ᠪᠠᠶᠢᠭᠤᠯᠤᠯᠲᠠ᠂ ᠬᠦᠨᠳᠦ ᠶᠡᠭᠡ | ᠠᠶᠤᠯ ᠤᠨ ᠡᠬᠢ ᠰᠤᠷᠪᠤᠯᠵᠢ ᠶᠢ ᠬᠢᠨᠠᠨ ᠡᠵᠡᠮᠳᠡᠬᠦ᠂ ᠬᠦᠨᠳᠦ ᠶᠡᠭᠡ ᠲᠠᠯᠳᠠ ᠭᠡᠮ ᠢ ᠵᠠᠰᠠᠬᠤ ᠵᠡᠷᠭᠡ ᠲᠤ ᠬᠡᠷᠡᠭᠯᠡᠬᠦ | ᠬᠡᠷᠡᠭᠲᠡᠶ᠃ ᠠᠶᠤᠯ ᠥᠭᠡᠢ ᠦᠢᠯᠡᠳᠪᠦᠷᠢᠯᠡᠯ ᠤᠨ ᠲᠤᠰᠬᠠᠶ ᠵᠦᠢᠯ ᠤᠨ ᠪᠡᠯᠡ ᠮᠥᠩᠭᠦ ᠶᠢ ᠠᠳᠠᠯᠢ ᠱᠠᠲᠤᠨ ᠤ | ᠵᠠᠰᠠᠭ ᠤᠨᠲ᠋ᠥ᠋ᠰᠦᠪ ᠲᠤ ᠵᠢᠭᠰᠠᠭᠠᠨ ᠣᠷᠣᠭᠤᠯᠤᠨ᠎ᠠ᠃ | ᠶᠢᠰᠦᠳᠦᠭᠡᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ | ᠮᠥᠴᠢᠷ᠂ ᠨᠢᠭᠡᠴᠢ ᠨᠦᠭᠦᠳ ᠤᠯᠠᠨ ᠵᠦᠢᠯ ᠤᠨ ᠬᠡᠯᠪᠡᠷᠢ ᠶᠢ ᠠᠪᠴᠤ ᠪᠠᠶᠢᠭᠠᠳ ᠠᠶᠤᠯ ᠦᠭᠡᠢ ᠦᠢᠯᠡᠳᠪᠦᠷᠢᠯᠡᠯ ᠤᠨ | ᠬᠠᠤᠯᠢ ᠴᠠᠭᠠᠵᠠ᠂ ᠬᠠᠤᠯᠢ ᠲᠣᠭᠲᠠᠭᠠᠯ ᠪᠠ ᠠᠶᠤᠯ ᠦᠭᠡᠢ ᠦᠢᠯᠡᠳᠪᠦᠷᠢᠯᠡᠯ ᠤᠨ ᠮᠡᠳᠡᠯᠭᠡ ᠶᠢᠨ ᠤᠬᠠᠭᠤᠯᠭ᠎ᠠ | ᠬᠥᠮᠦᠵᠢᠯ ᠢ ᠴᠢᠩᠭᠠᠳᠬᠠᠵᠤ᠂ ᠨᠡᠶᠢᠭᠡᠮ ᠳᠠᠶᠠᠭᠠᠷ ᠤᠨ ᠠᠶᠤᠯ ᠦᠭᠡᠢ ᠦᠢᠯᠡᠳᠪᠦᠷᠢᠯᠡᠯ ᠤᠨ ᠦᠵᠡᠯ ᠤᠬᠠᠮᠰᠠᠷ ᠢ | ᠴᠢᠩᠭᠠᠳᠬᠠᠬᠤ ᠬᠡᠷᠡᠭᠲᠡᠢ᠃ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ | ᠮᠥᠴᠢᠷ ᠨᠢ ᠰᠤᠷᠭᠠᠭᠤᠯᠢ ᠶᠢ ᠰᠢᠪᠠᠳᠠᠵᠤ ᠪᠠᠶᠢᠭᠠᠳ ᠠᠶᠤᠯᠭᠦᠶ ᠶᠢᠨ ᠬᠥᠮᠦᠵᠢᠯ ᠢ ᠵᠢᠭᠠᠨ ᠰᠤᠷᠭᠠᠬᠤ | ᠲᠥᠯᠥᠪᠯᠡᠭᠡ ᠳᠡᠭᠡᠨ ᠣᠷᠣᠭᠤᠯᠵᠤ᠂ ᠰᠤᠷᠤᠭᠴᠢᠳ ᠤᠨ ᠠᠶᠤᠯᠭᠦᠶ ᠶᠢᠨ ᠤᠬᠠᠮᠰᠠᠷ᠂ ᠮᠡᠳᠡᠯᠭᠡ ᠪᠠ ᠤᠷ᠎ᠠ | ᠴᠢᠳᠠᠪᠤᠷᠢ ᠶᠢ ᠬᠥᠮᠦᠵᠢᠭᠦᠯᠬᠦ ᠬᠡᠷᠡᠭᠲᠡᠶ᠃ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠳ ᠠᠶᠤᠯᠭᠦᠶ ᠦᠢᠯᠡᠳᠪᠦᠷᠢᠯᠡᠯ ᠤᠨ ᠮᠡᠳᠡᠯᠭᠡ ᠶᠢ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠠ ᠠᠵᠢᠯ ᠣᠯᠭᠤᠯᠲᠠ ᠶᠢᠨ ᠤᠷ᠎ᠠ ᠴᠢᠳᠠᠪᠤᠷᠢ ᠶᠢᠨ | ᠪᠣᠯᠪᠠᠰᠤᠷᠠᠭᠤᠯᠤᠯ ᠤᠨ ᠠᠭᠤᠯᠭ᠎ᠠ ᠳᠤ ᠣᠷᠣᠭᠤᠯᠵᠤ᠂ ᠪᠣᠯᠪᠠᠰᠤᠷᠠᠭᠤᠯᠬᠤ ᠠᠵᠢᠯᠳᠠᠨ ᠤ ᠠᠶᠤᠯᠭᠦᠶ ᠶᠢᠨ ᠤᠬᠠᠮᠰᠠᠷ | ᠪᠠ ᠤᠷ᠎ᠠ ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ ᠰᠡᠳᠬᠦᠯ᠂ ᠢᠨᠲ᠋ᠧᠷ ᠰᠦᠯᠵᠢᠶ᠎ᠡ ᠵᠡᠷᠭᠡ ᠵᠠᠭᠤᠴᠢ ᠨᠤᠭᠤᠳ | ᠠᠶᠤᠯᠭᠦᠶ ᠦᠢᠯᠡᠳᠪᠦᠷᠢᠯᠡᠯ ᠤᠨ ᠠᠵᠢᠯ ᠤᠨ ᠲᠤᠬᠠᠶ ᠶᠠᠷᠢᠶ᠎ᠠ ᠬᠡᠯᠡᠯᠴᠡᠭᠡᠨ ᠤ ᠬᠢᠨᠠᠯᠲᠠ ᠪᠠᠨ ᠴᠢᠩᠭᠠᠳᠬᠠᠵᠤ᠂ | ᠠᠶᠤᠯᠭᠦᠶ ᠦᠢᠯᠡᠳᠪᠦᠷᠢᠯᠡᠯ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠤᠬᠠᠭᠤᠯᠭ᠎ᠠ ᠬᠥᠮᠦᠵᠢᠯ ᠢ ᠥᠷᠨᠢᠭᠦᠯᠬᠦ | ᠬᠡᠷᠡᠭᠲᠡᠶ᠃ | ᠠᠷᠪᠠᠳᠤᠭᠠᠷ ᠵᠦᠢᠯ ᠠᠵᠢᠯᠴᠢᠨ ᠤ ᠡᠪᠯᠡᠯ ᠠᠶᠤᠯ ᠦᠭᠡᠢ ᠦᠢᠯᠡᠳᠪᠦᠷᠢᠯᠡᠯ ᠤᠨ ᠠᠵᠢᠯ ᠳᠤ ᠬᠠᠤᠯᠢ | ᠶᠣᠰᠣᠭᠠᠷ ᠬᠢᠨᠠᠯᠲᠠ ᠲᠠᠯᠪᠢᠵᠤ᠂ ᠦᠢᠯᠡᠳᠪᠦᠷᠢᠯᠡᠯ ᠤᠨ ᠠᠶᠤᠯ ᠦᠭᠡᠢ ᠶᠢᠨ ᠡ᠊ᠨᠳᠡᠯ ᠢ ᠪᠠᠶᠢᠴᠠᠭᠠᠨ | ᠰᠢᠢᠳᠪᠦᠷᠢᠯᠡᠬᠦ ᠳᠤ ᠣᠷᠣᠯᠴᠠᠵᠤ᠂ ᠠᠶᠤᠯ ᠦᠭᠡᠢ ᠦᠢᠯᠡᠳᠪᠦᠷᠢᠯᠡᠯ ᠢ ᠪᠠᠲᠤᠯᠠᠬᠤ ᠰᠠᠨᠠᠭᠤᠯᠭ᠎ᠠ ᠳᠤᠷᠠᠳᠴᠤ᠂ | ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠰᠢᠪᠠᠳᠠᠨ ᠵᠠᠯᠠᠷᠠᠭᠤᠯᠵᠤ᠂ ᠡ᠊ᠨᠳᠡᠯ ᠤᠨ ᠲᠠᠯᠳᠠ ᠭᠡᠮ ᠢ ᠴᠡᠭᠴᠡᠯᠡᠨ | ᠰᠠᠶᠢᠵᠢᠷᠠᠭᠤᠯᠵᠤ᠂ ᠠᠵᠢᠯᠯᠠᠵᠤ ᠪᠠᠶᠢᠭ᠎ᠠ ᠬᠥᠮᠦᠰ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ | ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠠᠵᠢᠯᠴᠢᠨ ᠤ ᠡᠪᠯᠡᠯ ᠬᠠᠤᠯᠢ ᠶᠣᠰᠣᠭᠠᠷ ᠠᠵᠢᠯᠳᠡᠠ ᠠᠵᠢᠯᠴᠢᠨ ᠢ | ᠵᠣᠬᠢᠶᠠᠨ ᠪᠠᠶᠢᠭᠤᠯᠤᠨ ᠲᠤᠰ ᠨᠢᠭᠡᠴᠢ ᠶᠢᠨ ᠢᠶᠠᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ᠠᠷᠠᠳᠴᠢᠯᠠᠭᠰᠠᠨ | ᠬᠠᠮᠢᠶᠠᠷᠤᠯᠲᠠ ᠪᠠ ᠠᠷᠠᠳᠴᠢᠯᠠᠭᠰᠠᠨ ᠬᠢᠨᠠᠯᠲᠠ ᠳᠤ ᠣᠷᠣᠯᠴᠠᠭᠤᠯᠵᠤ᠂ ᠠᠶᠤᠯᠭᠦᠶ ᠦᠢᠯᠡᠳᠪᠦᠷᠢᠯᠡᠯ ᠤᠨ | ᠲᠠᠯ᠎ᠠ ᠪᠠᠷ ᠬᠢ ᠠᠵᠢᠯᠳᠡᠠ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ ᠦᠢᠯᠡᠳᠪᠦᠷᠢᠯᠡᠯ | ᠡᠵᠡᠩᠨᠡᠯᠲᠡ ᠶᠢᠨ ᠨᠢᠭᠡᠴᠢ ᠨᠢ ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠦᠷᠢᠮ ᠢ ᠲᠣᠭᠲᠠᠭᠠᠬᠤ ᠪᠤᠶᠤ | ᠲᠡᠭᠦᠨ ᠳᠤ ᠵᠠᠰᠠᠪᠤᠷᠢ ᠣᠷᠣᠭᠤᠯᠵᠤ᠂ ᠠᠶᠤᠯᠭᠦᠶ ᠦᠢᠯᠡᠳᠪᠦᠷᠢᠯᠡᠯ ᠤᠨ ᠲᠤᠬᠠᠶ ᠲᠣᠭᠲᠠᠭᠠᠯ ᠭᠠᠷᠭᠠᠬᠤ ᠳᠠᠭᠠᠨ | ᠠᠵᠢᠯᠴᠢᠨ ᠤ ᠡᠪᠯᠡᠯ ᠤᠨ ᠰᠠᠨᠠᠯ ᠢ ᠰᠣᠨᠣᠰᠬᠤ ᠬᠡᠷᠡᠭᠲᠡᠶ᠃ | | ᠠᠷᠪᠠᠨ ᠨᠢᠭᠡᠳᠦᠭᠡᠷ ᠵᠦᠢᠯ ᠬᠤᠯᠪᠣᠭᠳᠠᠯ ᠪᠦᠬᠦᠢ ᠠᠵᠢᠯ ᠲᠦᠷᠦᠯ ᠤᠨ ᠨᠡᠶᠢᠭᠡᠮᠯᠢᠭ ᠤᠨ ᠠᠶᠤᠯ ᠦᠭᠡᠢ | ᠦᠢᠯᠡᠳᠪᠦᠷᠢᠯᠡᠯ ᠤᠨ ᠪᠠᠷᠢᠮᠵᠢᠶ᠎ᠠ ᠶᠢ ᠲᠣᠭᠲᠠᠭᠠᠬᠤ ᠳᠤ ᠣᠷᠣᠯᠴᠠᠬᠤ ᠶᠢ ᠵᠣᠷᠢᠭᠵᠢᠭᠤᠯᠵᠤ᠂ ᠬᠤᠯᠪᠣᠭᠳᠠᠯ ᠪᠦᠬᠦᠢ | ᠠᠵᠢᠯ ᠲᠦᠷᠦᠯ ᠤᠨ ᠨᠡᠶᠢᠭᠡᠮᠯᠢᠭ ᠤᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠠᠶᠤᠯ ᠦᠭᠡᠢ | ᠦᠢᠯᠡᠳᠪᠦᠷᠢᠯᠡᠯ ᠤᠨ ᠠᠵᠢᠯ ᠢ ᠵᠢᠭᠠᠨ ᠵᠢᠯᠣᠭᠤᠳᠴᠤ᠂ ᠠᠶᠤᠯ ᠦᠭᠡᠢ ᠦᠢᠯᠡᠳᠪᠦᠷᠢᠯᠡᠯ ᠤᠨ ᠬᠠᠮᠢᠶᠠᠷᠤᠯᠲᠠ᠂ | ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠪᠠ ᠮᠡᠷᠭᠡᠵᠢᠯ ᠤᠨ ᠵᠥᠪᠯᠡᠯᠭᠡ ᠥᠭᠬᠦ ᠵᠡᠷᠭᠡ ᠦᠢᠯᠡᠴᠢᠯᠡᠭᠡ | ᠬᠠᠩᠭᠠᠵᠤ᠂ ᠠᠶᠤᠯ ᠦᠭᠡᠢ ᠦᠢᠯᠡᠳᠪᠦᠷᠢᠯᠡᠯ ᠤᠨ ᠲᠡᠷᠢᠭᠦᠨ ᠤ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠶᠢ ᠳᠡᠮᠵᠢᠨ᠎ᠡ᠃ | | | ᠬᠤᠶᠠᠳᠤᠭᠠᠷ ᠪᠦᠯᠦᠭ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠠᠶᠤᠯᠭᠦᠶ ᠦᠢᠯᠡᠳᠪᠦᠷᠢᠯᠡᠯ ᠤᠨ | ᠪᠠᠲᠤᠯᠠᠭ᠎ᠠ | ᠠᠷᠪᠠᠨ ᠬᠤᠶᠠᠳᠤᠭᠠᠷ ᠵᠦᠢᠯ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠨᠢ ᠬᠤᠯᠪᠣᠭᠳᠠᠯ ᠪᠦᠬᠦᠢ ᠬᠠᠤᠯᠢ | ᠴᠠᠭᠠᠵᠠ᠂ ᠬᠠᠤᠯᠢ ᠲᠣᠭᠲᠠᠭᠠᠯ ᠪᠠ ᠤᠯᠤᠰ ᠤᠨ ᠪᠠᠷᠢᠮᠵᠢᠶ᠎ᠠ᠂ ᠠᠵᠢᠯ ᠲᠦᠷᠦᠯ ᠤᠨ ᠪᠠᠷᠢᠮᠵᠢᠶ᠎ᠠ᠂ ᠣᠷᠣᠨ | ᠨᠤᠲᠤᠭ ᠤᠨ ᠪᠠᠷᠢᠮᠵᠢᠶ᠎ᠠ ᠳᠤ ᠲᠣᠭᠲᠠᠭᠠᠭᠰᠠᠨ ᠠᠶᠤᠯᠭᠦᠶ ᠦᠢᠯᠡᠳᠪᠦᠷᠢᠯᠡᠯ ᠤᠨ ᠨᠥᠬᠦᠴᠡᠯ ᠢ ᠪᠦᠷᠢᠳᠦᠭᠦᠯᠵᠦ᠂ | ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢᠨ ᠪᠦᠬᠦ ᠶᠠᠪᠤᠴᠠ ᠳᠠᠬᠢ ᠠᠶᠤᠯᠭᠦᠶ ᠦᠢᠯᠡᠳᠪᠦᠷᠢᠯᠡᠯ ᠤᠨ | ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ ᠬᠡᠷᠡᠭᠵᠢᠭᠦᠯᠬᠦ ᠬᠡᠷᠡᠭᠲᠡᠶ᠄ | ︵ᠨᠢᠭᠡ︶ ᠪᠦᠬᠦ ᠠᠵᠢᠯᠳᠡᠠ ᠤ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠵᠢᠴᠢ | ᠲᠡᠭᠦᠨ ᠢ ᠬᠢᠨᠠᠨ ᠰᠢᠯᠭᠠᠬᠤ ᠪᠠ ᠱᠠᠩᠨᠠᠵᠤ ᠲᠣᠷᠭᠠᠬᠤ ᠲᠦᠷᠢᠮ︔ | ︵ᠬᠤᠶᠠᠷ︶ ᠠᠶᠤᠯᠭᠦᠶ ᠦᠢᠯᠡᠳᠪᠦᠷᠢᠯᠡᠯ ᠤᠨ ᠪᠡᠯᠡ ᠮᠥᠩᠭᠦ ᠶᠢᠨ ᠣᠷᠣᠭᠤᠯᠤᠯᠲᠠ ᠪᠠ ᠠᠶᠤᠯᠭᠦᠶ | ᠦᠢᠯᠡᠳᠪᠦᠷᠢᠯᠡᠯ ᠤᠨ ᠵᠠᠷᠤᠳᠠᠯ ᠢ ᠭᠠᠷᠭᠠᠨ ᠠᠪᠬᠤ᠂ ᠬᠡᠷᠡᠭᠯᠡᠬᠦ ᠲᠦᠷᠢᠮ︔ | ︵ᠭᠤᠷᠪᠠ︶ ᠪᠥᠬᠦ ᠠᠵᠢᠯᠳᠠᠨ ᠤ ᠠᠶᠤᠯ ᠥᠭᠡᠢ ᠦᠢᠯᠡᠳᠪᠦᠷᠢᠯᠡᠯ ᠤᠨ ᠬᠥᠮᠦᠵᠢᠯ ᠪᠣᠯᠪᠠᠰᠤᠷᠠᠭᠤᠯᠤᠯ ᠤᠨ | ᠬᠢᠨᠠᠨ ᠰᠢᠯᠭᠠᠬᠤ ᠬᠠᠮᠢᠶᠠᠷᠤᠯᠲᠠ ᠶᠢᠨ ᠲᠥᠷᠢᠮ | ︵ᠲᠦᠷᠪᠡ︶ ᠠᠶᠤᠯᠭᠦᠶ ᠦᠢᠯᠡᠳᠪᠦᠷᠢᠯᠡᠯ ᠤᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢᠨ ᠲᠦᠷᠢᠮ︔ | ︵ᠲᠠᠪᠤ︶ ᠠᠶᠤᠯᠭᠦᠶ ᠶᠢᠨ ᠲᠥᠬᠦᠭᠡᠷᠦᠮᠵᠢ᠂ ᠲᠤᠨᠤᠬ ᠲᠥᠬᠦᠭᠡᠷᠦᠮᠵᠢ ᠶᠢ ᠤᠭᠰᠠᠷᠠᠬᠤ᠂ ᠬᠡᠷᠡᠭᠯᠡᠬᠦ᠂ ᠰᠢᠯᠭᠠᠨ | ᠪᠠᠶᠢᠴᠠᠭᠠᠬᠤ᠂ ᠰᠡᠯᠪᠢᠨ ᠵᠠᠰᠠᠬᠤ᠂ ᠥᠭᠡᠷᠡᠴᠢᠯᠡᠬᠦ᠂ ᠰᠢᠯᠭᠠᠨ ᠠᠪᠬᠤ᠂ ᠬᠡᠷᠡᠭᠴᠡᠭᠡ ᠠᠴᠠ ᠭᠠᠷᠭᠠᠬᠤ ᠵᠡᠷᠭᠡ ᠲᠦᠷᠢᠮ | ︔ | ︵ᠵᠢᠷᠭᠤᠭ᠎ᠠ︶ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠪᠦᠳᠦᠭᠡᠨ | ᠪᠠᠶᠢᠭᠤᠯᠤᠯᠲᠠ ᠶᠢᠨ ᠵᠦᠢᠯᠡᠰ ᠤᠨ ᠭᠤᠣᠯ ᠴᠣᠭᠴᠠ ᠪᠠᠷᠢᠯᠭ᠎ᠠ ᠪᠣᠯᠤᠨ ᠠᠶᠤᠯᠭᠦᠶ ᠶᠢᠨ ᠲᠥᠬᠦᠭᠡᠷᠦᠮᠵᠢ ᠶᠢ | ᠬᠠᠮᠲᠤ ᠳᠤᠨᠢ ᠵᠢᠷᠤᠵᠤ ᠲᠥᠯᠥᠪᠯᠡᠨ᠂ ᠬᠠᠮᠲᠤ ᠳᠤᠨᠢ ᠪᠠᠷᠢᠵᠤ᠂ ᠬᠠᠮᠲᠤ ᠳᠤᠨᠢ ᠦᠢᠯᠡᠳᠪᠦᠷᠢᠯᠡᠯ ᠪᠠ ᠬᠡᠷᠡᠭᠯᠡᠯᠲᠡ ᠳᠤ | ᠣᠷᠣᠭᠤᠯᠬᠤ ᠲᠦᠷᠢᠮ︔ | ︵ᠲᠤᠯᠤᠭ᠎ᠠ︶ ᠠᠶᠤᠯᠲᠠᠶ ᠪᠣᠳᠠᠰ ᠤᠨ ᠬᠠᠮᠢᠶᠠᠷᠤᠯᠲᠠ᠂ ᠠᠶᠤᠯᠲᠠᠶ ᠠᠵᠢᠯ ᠤᠨ ᠬᠠᠮᠢᠶᠠᠷᠤᠯᠲᠠ ᠪᠠ ᠣᠨᠴᠠ | ᠲᠦᠷᠦᠯ ᠤᠨ ᠠᠵᠢᠯ ᠬᠢᠭᠰᠡᠳ ᠤᠨ ᠬᠠᠮᠢᠶᠠᠷᠤᠯᠲᠠ ᠶᠢᠨ ᠲᠦᠷᠢᠮ︔ | ︵ᠨᠠᠢᠮᠠ︶ ᠬᠦᠨᠳᠦ ᠶᠡᠭᠡ ᠠᠶᠤᠯ ᠤᠨ ᠡᠬᠢ ᠰᠤᠷᠪᠤᠯᠵᠢ ᠶᠢ ᠢᠯᠭᠠᠨ ᠲᠠᠨᠢᠬᠤ᠂ ᠦᠨᠡᠯᠡᠨ ᠵᠢᠱᠢᠵᠦ ᠬᠢᠨᠠᠨ | ᠡᠵᠡᠮᠳᠡᠬᠦ ᠵᠡᠷᠭᠡ ᠬᠠᠮᠢᠶᠠᠷᠤᠯᠲᠠ ᠶᠢᠨ ᠲᠦᠷᠢᠮ︔ | ︵ᠶᠢᠰᠦ︶ ᠠᠮᠤᠷ ᠲᠦᠪᠰᠢᠨ ᠤ ᠲᠦᠭᠰᠢᠭᠦᠷᠢ ᠶᠢ ᠱᠠᠲᠤ ᠬᠤᠪᠢᠶᠠᠨ ᠬᠠᠮᠢᠶᠠᠷᠤᠨ ᠡᠵᠡᠮᠳᠡᠬᠦ᠂ ᠠᠮᠤᠷ | ᠲᠦᠪᠰᠢᠨ ᠤ ᠲᠦᠭᠰᠢᠭᠦᠷᠢ ᠶᠢ ᠰᠡᠷᠡᠮᠵᠢᠯᠡᠭᠦᠯᠬᠦ ᠵᠢᠴᠢ ᠬᠦᠨᠳᠦ ᠶᠡᠭᠡ ᠠᠮᠤᠷ ᠲᠦᠪᠰᠢᠨ ᠤ ᠲᠦᠭᠰᠢᠭᠦᠷᠢ ᠶᠢ | ᠮᠡᠳᠡᠭᠦᠯᠬᠦ ᠲᠦᠷᠢᠮ︔ | ︵ᠠᠷᠪᠠ︶ ᠠᠶᠤᠯᠭᠦᠶ ᠦᠢᠯᠡᠳᠪᠦᠷᠢᠯᠡᠯ ᠢ ᠪᠠᠶᠢᠴᠠᠭᠠᠬᠤ ᠲᠦᠷᠢᠮ ᠪᠠ ᠦᠢᠯᠡᠳᠪᠦᠷᠢᠯᠡᠯ ᠤᠨ ᠠᠶᠤᠯᠭᠦᠶ ᠶᠢᠨ | ᠡ᠊ᠨᠳᠡᠯ ᠤᠨ ᠲᠡᠯᠳᠠ ᠭᠡᠮ ᠢ ᠳᠠᠷᠠᠭᠠᠯᠠᠨ ᠪᠠᠶᠢᠴᠠᠭᠠᠵᠤ ᠵᠠᠰᠠᠬᠤ ᠵᠢᠴᠢ ᠮᠡᠳᠡᠭᠦᠯᠬᠦ ᠲᠦᠷᠢᠮ︔ | ︵ᠠᠷᠪᠠᠨ ᠨᠢᠭᠡ︶ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠬᠠᠮᠢᠶᠠᠷᠤᠯᠲᠠ ᠶᠢᠨ ᠲᠥᠷᠢᠮ | | ︵ᠠᠷᠪᠠᠨ ᠬᠤᠶᠠᠷ︶ ᠪᠠᠴᠢᠮ ᠪᠠᠶᠢᠳᠠᠯ ᠢ ᠠᠷᠭᠠᠴᠠᠬᠤ ᠶᠢᠨ ᠠᠪᠤᠷᠠᠨ ᠲᠤᠰᠠᠯᠠᠬᠤ᠂ ᠦᠢᠯᠡᠳᠪᠦᠷᠢᠯᠡᠯ ᠤᠨ | ᠠᠶᠤᠯᠭᠦᠶ ᠶᠢᠨ ᠡ᠊ᠨᠳᠡᠯ ᠢ ᠮᠡᠳᠡᠭᠦᠯᠬᠦ᠂ ᠪᠠᠶᠢᠴᠠᠭᠠᠨ ᠰᠢᠢᠳᠪᠤᠷᠢᠯᠡᠬᠦ ᠲᠦᠷᠢᠮ︔ | ︵ᠠᠷᠪᠠᠨ ᠭᠤᠷᠪᠠ︶ ᠳᠠᠭᠠᠭᠠᠴᠢᠯᠠᠬᠤ᠂ ᠲᠦᠷᠢᠶᠡᠰᠦᠯᠡᠬᠦ᠂ ᠨᠠᠶᠢᠳᠠᠯᠭ᠎ᠠ ᠪᠠᠷ ᠬᠠᠮᠢᠶᠠᠷᠤᠭᠤᠯᠬᠤ ᠶᠢ ᠬᠦᠯᠢᠶᠡᠭᠰᠡᠨ | ᠨᠢᠭᠡᠴᠢ ᠵᠡᠷᠭᠡ ᠬᠤᠯᠪᠣᠭᠳᠠᠯ ᠪᠦᠬᠦᠢ ᠲᠠᠯ᠎ᠠ ᠵᠢᠴᠢ ᠭᠠᠳᠠᠨ᠎ᠠ ᠬᠡᠷᠡᠭᠯᠡᠬᠦ ᠠᠵᠢᠯᠴᠢᠨ ᠤ ᠠᠶᠤᠯᠭᠦᠶ ᠶᠢᠨ | ᠬᠠᠮᠢᠶᠠᠷᠤᠯᠲᠠ ᠶᠢᠨ ᠲᠦᠷᠢᠮ︔ | ︵ᠠᠷᠪᠠᠨ ᠲᠦᠷᠪᠡ︶ ᠬᠥᠳᠡᠯᠮᠦᠷᠢ ᠶᠢᠨ ᠬᠠᠮᠠᠭᠠᠯᠠᠯᠲᠠ ᠶᠢᠨ ᠬᠡᠷᠡᠭᠰᠡᠯ ᠤᠨ ᠬᠠᠮᠢᠶᠠᠷᠤᠯᠲᠠ ᠶᠢᠨ ᠲᠦᠷᠢᠮ︔ | ︵ᠠᠷᠪᠠᠨ ᠲᠠᠪᠤ︶ ᠠᠶᠤᠯᠭᠦᠶ ᠦᠢᠯᠡᠳᠪᠦᠷᠢᠯᠡᠯ ᠤᠨ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠲᠦᠷᠢᠮ︔ | ︵ᠠᠷᠪᠠᠨ ᠵᠢᠷᠭᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠠᠶᠤᠯᠭᠦᠶ | ᠦᠢᠯᠡᠳᠪᠦᠷᠢᠯᠡᠯ ᠤᠨ ᠬᠠᠮᠢᠶᠠᠷᠤᠯᠲᠠ ᠶᠢᠨ ᠪᠤᠰᠤᠳ ᠲᠦᠷᠢᠮ᠃ ᠵᠢᠵᠢᠭ ᠬᠡᠯᠪᠡᠷᠢ ᠶᠢᠨ᠂ ᠪᠢᠴᠢᠯ ᠬᠡᠯᠪᠡᠷᠢ ᠶᠢᠨ ᠠᠵᠤ | ᠠᠬᠤᠶᠢᠯᠠᠯ ᠵᠡᠷᠭᠡ ᠬᠡᠪᠴᠢᠶ᠎ᠡ ᠪᠠᠷ ᠨᠡᠯᠢᠶᠡᠳ ᠪᠠᠭ᠎ᠠ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠲᠤᠰ | ᠨᠢᠭᠡᠴᠢ ᠶᠢᠨ ᠢᠶᠠᠨ ᠪᠣᠳᠠᠲᠤ ᠪᠠᠶᠢᠳᠠᠯ ᠢ ᠦᠨᠳᠦᠰᠦᠯᠡᠨ᠂ ᠶᠡᠷᠦᠩᠬᠡᠶᠢᠯᠡᠭᠰᠡᠨ ᠴᠢᠨᠠᠷᠲᠠᠶ ᠠᠶᠤᠯᠭᠦᠶ | ᠦᠢᠯᠡᠳᠪᠦᠷᠢᠯᠡᠯ ᠤᠨ ᠲᠦᠷᠢᠮ ᠢ ᠲᠣᠭᠲᠠᠭᠠᠵᠤ ᠪᠣᠯᠤᠨ᠎ᠠ᠃ ᠠᠶᠤᠯᠲᠠᠶ ᠠᠵᠢᠯ ᠬᠢᠬᠦ ᠪᠤᠶᠤ ᠦᠢᠯᠡᠳᠪᠦᠷᠢᠯᠡᠯ | ᠡᠵᠡᠩᠨᠡᠯᠲᠡ ᠶᠢᠨ ᠲᠠᠯᠠᠪᠤᠷ᠂ ᠲᠤᠨᠤᠬ ᠲᠥᠬᠦᠭᠡᠷᠦᠮᠵᠢ ᠪᠠ ᠲᠥᠬᠦᠭᠡᠷᠦᠮᠵᠢ ᠳᠤ ᠨᠡᠯᠢᠶᠡᠳ ᠶᠡᠭᠡ ᠠᠶᠤᠯᠲᠠᠶ ᠬᠦᠴᠦᠨ | ᠵᠦᠢᠯ ᠣᠷᠣᠰᠢᠵᠤ ᠪᠠᠶᠢᠪᠠᠯ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠨᠢ ᠨᠢᠭᠡᠳᠦᠭᠡᠷ ᠪᠠᠳᠠᠭ ᠲᠤ | ᠲᠣᠭᠲᠠᠭᠠᠭᠰᠠᠨ ᠲᠦᠷᠢᠮ ᠢ ᠲᠣᠭᠲᠠᠭᠠᠬᠤ ᠠᠴᠠ ᠭᠠᠳᠠᠨ᠎ᠠ ᠪᠠᠰᠠ ᠲᠤᠰᠬᠠᠶ ᠵᠦᠢᠯ ᠤᠨ ᠬᠠᠮᠢᠶᠠᠷᠤᠯᠲᠠ ᠶᠢᠨ | ᠲᠦᠷᠢᠮ ᠢ ᠲᠣᠭᠲᠠᠭᠠᠬᠤ ᠬᠡᠷᠡᠭᠲᠡᠶ᠃ | | ᠠᠷᠪᠠᠨ ᠭᠤᠷᠪᠠᠳᠤᠭᠠᠷ ᠵᠦᠢᠯ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠬᠠᠷᠢᠭᠤᠴᠠᠯᠭᠠᠲᠠᠨ ᠵᠢᠴᠢ | ᠬᠤᠯᠪᠣᠭᠳᠠᠯ ᠪᠦᠬᠦᠢ ᠬᠠᠮᠢᠶᠠᠷᠤᠯᠲᠠ ᠶᠢᠨ ᠠᠵᠢᠯᠳᠠᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ | ᠲᠣᠭᠲᠠᠭᠠᠯ ᠳᠤ ᠲᠣᠭᠲᠠᠭᠠᠭᠰᠠᠨ ᠠᠶᠤᠯ ᠦᠭᠡᠢ ᠦᠢᠯᠡᠳᠪᠦᠷᠢᠯᠡᠯ ᠤᠨ ᠲᠤᠰᠢᠶᠠᠯ ᠬᠠᠷᠢᠭᠤᠴᠠᠯᠭ᠎ᠠ ᠶᠢ ᠭᠦᠢᠴᠡᠳᠬᠡᠬᠦ | ᠬᠡᠷᠡᠭᠲᠡᠢ᠂ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢ ᠬᠢᠵᠦ ᠪᠣᠯᠬᠤ ᠦᠭᠡᠢ᠄ | ︵ᠨᠢᠭᠡ︶ ᠠᠵᠢᠯᠯᠠᠵᠤ ᠪᠠᠶᠢᠭ᠎ᠠ ᠬᠥᠮᠦᠰ ᠢ ᠵᠢᠯᠣᠭᠤᠳᠬᠤ᠂ ᠠᠯᠪᠡᠳᠡᠠ ᠵᠠᠷᠯᠢᠭᠳᠠᠬᠤ ᠪᠤᠶᠤ ᠳᠤᠷ᠎ᠠ ᠪᠠᠷ ᠨᠢ | ᠲᠠᠯᠪᠢᠵᠤ ᠲᠦᠷᠢᠮ ᠠᠴᠠ ᠵᠥᠷᠢᠴᠡᠭᠦᠯᠦᠨ ᠭᠡᠨᠡᠨ ᠢᠶᠠᠷ ᠠᠵᠢᠯᠯᠠᠭᠤᠯᠬᠤ︔ | ︵ᠬᠤᠶᠠᠷ︶ ᠬᠢᠨᠠᠨ ᠲᠣᠭᠲᠠᠭᠠᠭᠰᠠᠨ ᠦᠢᠯᠡᠳᠪᠦᠷᠢᠯᠡᠯ ᠤᠨ ᠴᠢᠳᠠᠪᠤᠷᠢ᠂ ᠦᠢᠯᠡᠳᠪᠦᠷᠢᠯᠡᠯ ᠤᠨ ᠡᠷᠴᠢᠮ ᠪᠤᠶᠤ | ᠦᠢᠯᠡᠳᠪᠦᠷᠢᠯᠡᠯ ᠤᠨ ᠣᠷᠣᠨ ᠲᠤᠭ᠎ᠠ ᠠᠴᠠ ᠳᠠᠪᠠᠭᠤᠯᠤᠨ ᠦᠢᠯᠡᠳᠪᠦᠷᠢᠯᠡᠯ ᠢ ᠵᠣᠬᠢᠶᠠᠨ ᠪᠠᠶᠢᠭᠤᠯᠬᠤ︔ | ︵ᠭᠤᠷᠪᠠ︶ ᠠᠵᠢᠯᠯᠠᠬᠤ ᠳᠦᠷᠢᠮ᠂ ᠦᠢᠯᠡᠳᠪᠦᠷᠢᠯᠡᠯ ᠤᠨ ᠤᠷᠠᠯᠠᠯ᠂ ᠮᠡᠷᠭᠡᠵᠢᠯ ᠤᠨ ᠪᠠᠷᠢᠮᠵᠢᠶ᠎ᠠ᠂ | ᠠᠶᠤᠯᠭᠦᠶ ᠶᠢᠨ ᠲᠤᠰᠬᠠᠶ ᠲᠥᠰᠦᠯ ᠪᠤᠶᠤ ᠠᠶᠤᠯᠭᠦᠶ ᠶᠢᠨ ᠬᠠᠮᠢᠶᠠᠷᠤᠯᠲᠠ ᠶᠢᠨ ᠲᠣᠭᠲᠠᠭᠠᠯ ᠢ ᠵᠥᠷᠢᠴᠡᠨ ᠵᠣᠬᠢᠶᠠᠨ | ᠪᠠᠶᠢᠭᠤᠯᠵᠤ ᠠᠵᠢᠯᠯᠠᠬᠤ︔ | ︵ᠲᠦᠷᠪᠡ︶ ᠲᠤᠰ ᠨᠢᠭᠡᠴᠢ ᠶᠢᠨ ᠪᠤᠰᠤ ᠰᠢᠯᠲᠠᠭᠠᠨ ᠠᠴᠠ ᠪᠣᠯᠤᠭᠰᠠᠨ ᠬᠦᠨᠳᠦ ᠶᠡᠭᠡ ᠡ᠊ᠨᠳᠡᠯ ᠤᠨ ᠲᠡᠯᠳᠠ | ᠭᠡᠮ ᠢ ᠠᠶᠤᠯᠭᠦᠶ ᠦᠢᠯᠡᠳᠪᠦᠷᠢᠯᠡᠯ ᠢ ᠬᠢᠨᠠᠵᠤ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠲᠤ | ᠡᠰᠡ ᠮᠡᠳᠡᠭᠦᠯᠦᠭᠰᠡᠨ᠃ | ᠠᠷᠪᠠᠨ ᠳᠥᠷᠪᠡᠳᠦᠭᠡᠷ ᠵᠦᠢᠯ ᠠᠶᠤᠯᠳᠠᠢ ᠪᠣᠳᠠᠰ ᠢ ᠦᠢᠯᠡᠳᠪᠦᠷᠢᠯᠡᠬᠦ᠂ ᠡᠵᠡᠩᠨᠡᠬᠦ᠂ ᠬᠠᠳᠠᠭᠠᠯᠠᠬᠤ᠂ | ᠠᠴᠢᠶᠠᠯᠠᠵᠤ ᠪᠠᠭᠤᠯᠭᠠᠬᠤ ᠨᠢᠭᠡᠴᠢ ᠵᠢᠴᠢ ᠠᠭᠤᠷᠬᠠᠢ᠂ ᠲᠡᠮᠦᠷᠯᠢᠭ ᠪᠣᠯᠪᠠᠰᠤᠷᠠᠭᠤᠯᠬᠤ᠂ ᠪᠠᠷᠢᠯᠭ᠎ᠠ ᠶᠢᠨ ᠠᠵᠢᠯ ᠬᠢᠬᠦ᠂ | ᠲᠡᠭᠡᠭᠡᠪᠦᠷᠢᠯᠡᠬᠦ ᠨᠢᠭᠡᠴᠢ ᠶᠢᠨ ᠭᠤᠣᠯ ᠬᠠᠷᠢᠭᠤᠴᠠᠯᠭᠠᠲᠠᠨ ᠪᠠ ᠠᠶᠤᠯ ᠦᠭᠡᠢ ᠦᠢᠯᠡᠳᠪᠦᠷᠢᠯᠡᠯ ᠢ ᠬᠠᠮᠢᠶᠠᠷᠬᠤ | ᠠᠵᠢᠯᠳᠠᠨ ᠲᠤᠰᠢᠶᠠᠯ ᠡᠭᠦᠷᠭᠡᠯᠡᠭᠰᠡᠨ ᠡᠳᠦᠷ ᠠᠴᠠ ᠡᠬᠢᠯᠡᠨ ᠵᠢᠷᠭᠤᠭᠠᠨ ᠰᠠᠷ᠎ᠠ ᠶᠢᠨ ᠳᠣᠲᠣᠷ᠎ᠠ᠂ ᠡᠷᠬᠢᠯᠡᠨ | ᠬᠠᠮᠢᠶᠠᠷᠴᠤ ᠪᠠᠶᠢᠭ᠎ᠠ ᠠᠶᠤᠯ ᠦᠭᠡᠢ ᠦᠢᠯᠡᠳᠪᠦᠷᠢᠯᠡᠯ ᠢ ᠬᠢᠨᠠᠵᠤ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠪᠦᠬᠦᠢ | ᠰᠠᠯᠠᠭ᠎ᠠ ᠮᠥᠴᠢᠷ ᠠᠴᠠ ᠠᠶᠤᠯ ᠦᠭᠡᠢ ᠦᠢᠯᠡᠳᠪᠦᠷᠢᠯᠡᠯ ᠤᠨ ᠮᠡᠳᠡᠯᠭᠡ ᠪᠠ ᠬᠠᠮᠢᠶᠠᠷᠤᠯᠲᠠ ᠶᠢᠨ ᠴᠢᠳᠠᠪᠤᠷᠢ ᠶᠢ ᠨᠢ | ᠬᠢᠨᠠᠨ ᠰᠢᠯᠭᠠᠬᠤ ᠳᠤ ᠬᠢᠷᠢ ᠲᠡᠩᠴᠡᠭᠰᠡᠨ ᠪᠠᠶᠢᠬᠤ ᠬᠡᠷᠡᠭᠲᠡᠢ᠃ ᠬᠢᠨᠠᠨ ᠰᠢᠯᠭᠠᠬᠤ ᠳᠤ ᠰᠦᠢᠳᠬᠡᠯ ᠬᠤᠷᠢᠶᠠᠵᠤ | ᠪᠣᠯᠬᠤ ᠤᠢᠭᠡᠢ᠃ | ᠠᠷᠪᠠᠨ ᠲᠠᠪᠤᠳᠤᠭᠠᠷ ᠵᠦᠢᠯ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠨᠢ ᠠᠵᠢᠯ ᠤᠨ ᠪᠠᠶᠢᠷᠢᠨ ᠳᠤ | ᠪᠠᠶᠢᠭ᠎ᠠ ᠬᠥᠮᠦᠰ ᠲᠡᠭᠡᠨ ᠲᠣᠭᠲᠠᠮᠠᠯ ᠬᠤᠭᠤᠴᠠᠭ᠎ᠠ ᠲᠠᠢ ᠪᠠᠷ ᠠᠶᠤᠯᠭᠦᠶ ᠦᠢᠯᠡᠳᠪᠦᠷᠢᠯᠡᠯ ᠤᠨ ᠬᠥᠮᠦᠵᠢᠯ ᠪᠣᠯᠪᠠᠰᠤᠷᠠᠯ | ᠬᠢᠬᠦ ᠬᠡᠷᠡᠭᠲᠡᠶ᠃ ᠠᠵᠢᠯᠯᠠᠵᠤ ᠪᠠᠶᠢᠭ᠎ᠠ ᠬᠥᠮᠦᠰ ᠠᠶᠤᠯᠭᠦᠶ ᠦᠢᠯᠡᠳᠪᠦᠷᠢᠯᠡᠯ ᠤᠨ ᠬᠥᠮᠦᠵᠢᠯ ᠪᠣᠯᠪᠠᠰᠤᠷᠠᠯ ᠳᠤ ᠬᠢᠷᠢ | ᠲᠡᠩᠴᠡᠭᠰᠡᠨ ᠤᠢᠭᠡᠢ ᠪᠣᠯ ᠠᠵᠢᠯ ᠤᠨ ᠪᠠᠶᠢᠷᠢ ᠳᠤ ᠭᠠᠷᠴᠤ ᠠᠵᠢᠯᠯᠠᠵᠤ ᠪᠣᠯᠬᠤ ᠤᠢᠭᠡᠢ᠃ ᠦᠢᠯᠡᠳᠪᠦᠷᠢᠯᠡᠯ | ᠡᠵᠡᠩᠨᠡᠯᠲᠡ ᠶᠢᠨ ᠨᠢᠭᠡᠴᠢ ᠨᠢ ᠰᠢᠨ᠎ᠡ ᠪᠠᠷ ᠡᠯᠰᠡᠭᠳᠡᠭᠰᠡᠨ᠂ ᠠᠵᠢᠯ ᠤᠨ ᠪᠠᠶᠢᠷᠢ ᠰᠣᠯᠢᠭᠰᠠᠨ᠂ ᠠᠵᠢᠯ ᠤᠨ | ᠪᠠᠶᠢᠷᠢ ᠠᠴᠠ ᠪᠠᠨ ᠰᠠᠯᠤᠭᠠᠳ ᠵᠢᠷᠭᠤᠭᠠᠨ ᠰᠠᠷ᠎ᠠ ᠠᠴᠠ ᠳᠡᠭᠡᠭᠰᠢ ᠪᠣᠯᠤᠭᠰᠠᠨ ᠠᠵᠢᠯ ᠤᠨ ᠪᠠᠶᠢᠷᠢ ᠪᠠᠨ ᠰᠡᠷᠭᠦᠭᠡᠭᠰᠡᠨ | ᠪᠤᠶᠤ ᠰᠢᠨ᠎ᠡ ᠮᠡᠷᠭᠡᠵᠢᠯ᠂ ᠰᠢᠨ᠎ᠡ ᠤᠷᠠᠯᠠᠯ᠂ ᠰᠢᠨ᠎ᠡ ᠲᠥᠬᠦᠭᠡᠷᠦᠮᠵᠢ᠂ ᠰᠢᠨ᠎ᠡ ᠲᠥᠬᠦᠭᠡᠷᠦᠮᠵᠢ᠂ ᠰᠢᠨ᠎ᠡ | ᠮᠠᠲ᠋ᠧᠷᠢᠶᠠᠯ ᠢ ᠬᠡᠷᠡᠭᠯᠡᠬᠦ ᠠᠵᠢᠯ ᠡᠷᠬᠢᠯᠡᠭᠰᠡᠳ ᠲᠤ ᠠᠶᠤᠯ ᠦᠭᠡᠢ ᠦᠢᠯᠡᠳᠪᠦᠷᠢᠯᠡᠯ ᠤᠨ ᠬᠥᠮᠦᠵᠢᠯ ᠪᠣᠯᠪᠠᠰᠤᠷᠠᠯ ᠬᠢᠬᠦ | ᠬᠡᠷᠡᠭᠲᠡᠢ᠃ |