ᠶᠡᠷᠦᠩᠬᠡᠶ ᠬᠠᠷᠠᠯᠲᠠ ᠄ ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠦᠨ ᠮᠡᠲᠦ ᠳᠣᠲᠣᠨᠣ ᠪᠠᠶᠢᠵᠤ᠂ | ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠦᠨ᠎ᠡ᠃ | ᠣᠶᠢᠯᠠᠭᠠᠭᠳᠠᠬᠤᠨ᠄ ᠡᠩ ᠤᠨ ᠦᠶ᠎ᠡ ᠪᠠᠷ ᠭᠤᠣᠯᠳᠠᠯᠭ᠎ᠠ ᠪᠣᠯᠭᠠᠨ᠎ᠠ᠂ ᠰᠡᠳᠬᠢᠯ ᠢᠶᠠᠨ ᠰᠣᠯᠢᠯᠴᠠᠬᠤ ᠪᠠᠷ | ᠭᠤᠣᠯᠳᠠᠯᠭ᠎ᠠ ᠪᠣᠯᠭᠠᠨ᠎ᠠ᠂ ᠦᠢᠯᠡ ᠠᠵᠢᠯᠯᠠᠭ᠎ᠠ ᠪᠠᠷ ᠭᠤᠣᠯᠳᠠᠯᠭ᠎ᠠ ᠪᠣᠯᠭᠠᠨ᠎ᠠ᠂ ᠦᠨᠳᠦᠰᠦᠨ ᠱᠠᠲᠤᠨ ᠳᠤ | ᠭᠤᠣᠯᠳᠠᠯᠭ᠎ᠠ ᠪᠣᠯᠭᠠᠨ᠎ᠠ᠃ | ᠶᠡᠷᠦᠩᠬᠡᠶ ᠱᠠᠭᠠᠷᠳᠠᠯᠭ᠎ᠠ᠄ ᠬᠥᠮᠦᠨ ᠢ ᠰᠣᠶᠣᠯᠵᠢᠭᠤᠯᠬᠤ᠂ ᠪᠣᠳᠠᠲᠠᠶᠢᠵᠢᠭᠤᠯᠬᠤ᠂ ᠤᠯᠠᠨ ᠲᠦᠮᠡᠨᠴᠢᠯᠡᠬᠦ᠃ | ᠦᠨᠳᠦᠰᠦᠨ ᠴᠢᠭᠯᠡᠯ᠄ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ | ᠪᠤᠢ ᠪᠣᠯᠭᠠᠨ᠎ᠠ᠃ | ᠦᠨᠳᠦᠰᠦᠨ ᠠᠷᠭ᠎ᠠ ᠵᠠᠮ᠄ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ | ᠴᠢᠩᠭᠠᠳᠬᠠᠨ᠎ᠠ᠃ | ︽ᠦᠨᠳᠦᠰᠦᠨ ᠬᠠᠤᠯᠢ︾ ᠳᠤ ᠮᠠᠨ ᠤ ᠤᠯᠤᠰ ᠤᠨ ᠣᠯᠠᠨ ᠦᠨᠳᠦᠰᠦᠲᠡᠨ ᠲᠠᠢ ᠤᠯᠤᠰ ᠤᠨ ᠦᠨᠳᠦᠰᠦᠨ | ᠪᠠᠶᠢᠳᠠᠯ ᠤᠨ ᠲᠤᠬᠠᠶ ᠬᠤᠷᠢᠶᠠᠩᠭᠤᠶᠢᠯᠠᠯ ᠬᠢᠭᠰᠡᠨ ᠨᠢ᠄ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯ ᠪᠦᠬᠦ ᠤᠯᠤᠰ ᠤᠨ ᠦᠨᠳᠦᠰᠦᠲᠡᠨ ᠨᠦᠭᠦᠳ ᠤᠨ | ᠠᠷᠠᠳ ᠲᠦᠮᠡᠨ ᠤ ᠬᠠᠮᠲᠤ ᠪᠠᠷ ᠢᠶᠠᠨ ᠴᠣᠭᠴᠠᠯᠠᠨ ᠪᠠᠶᠢᠭᠤᠯᠤᠭᠰᠠᠨ ᠤᠯᠡᠠ ᠦᠨᠳᠦᠰᠦᠲᠡᠨ ᠪᠦᠬᠦᠢ ᠨᠢᠭᠡᠳᠦᠭᠰᠡᠨ | ᠤᠯᠤᠰ ᠮᠥᠨ᠃ | ᠮᠠᠨ ᠤ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠤᠭ ᠤᠨ ᠶᠡᠭᠡ ᠠᠰᠢᠭ ᠲᠤᠰᠠ ᠄ | ᠤᠯᠤᠰ ᠣᠷᠣᠨ ᠤ ᠨᠢᠭᠡᠳᠦᠯ ᠪᠠ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠨ᠎ᠠ᠃ | ᠮᠠᠨ ᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠲᠠᠷᠬᠠᠯᠲᠠ ᠵᠢᠨᠤᠨᠴᠠᠯᠢᠭ᠄ | ᠶᠡᠭᠡ ᠬᠡᠮᠵᠢᠶ᠎ᠡ ᠪᠠᠷ ᠲᠠᠷᠬᠠᠨ ᠰᠠᠭᠤᠵᠤ᠂ ᠪᠠᠭ᠎ᠠ ᠬᠡᠮᠵᠢᠶ᠎ᠡ ᠪᠠᠷ ᠲᠥᠪᠯᠡᠷᠡᠨ ᠰᠠᠭᠤᠵᠤ᠂ ᠦᠨᠳᠦᠰᠦᠲᠡᠨ ᠨᠦᠭᠦᠳ | ᠬᠤᠭᠤᠷᠣᠨᠳᠣ ᠪᠠᠨ ᠰᠣᠯᠪᠢᠴᠠᠨ ᠰᠠᠭᠤᠵᠤ ᠪᠠᠶᠢᠨ᠎ᠠ᠃ | ᠳᠤᠮᠳᠠᠳᠤ ᠶᠢᠨ ᠦᠨᠳᠦᠰᠦᠲᠡᠨ ᠪᠣᠯᠤᠨ ᠦᠨᠳᠦᠰᠦᠲᠡᠨ ᠨᠦᠭᠦᠳ ᠤᠨ ᠬᠤᠭᠤᠷᠣᠨᠳᠣᠬᠢ ᠬᠠᠷᠢᠴᠠᠭ᠎ᠠ᠄ | ᠨᠢᠭᠡ ᠶᠡᠭᠡ ᠭᠡᠷ ᠪᠦᠯᠢ ᠪᠠ ᠭᠡᠷ ᠪᠦᠯᠢ ᠶᠢᠨ ᠪᠦᠷᠢᠯᠳᠦᠬᠦᠨ ᠤ ᠬᠠᠷᠢᠴᠠᠭ᠎ᠠ ᠮᠥᠨ᠂ ᠡᠯ᠎ᠡ ᠦᠨᠳᠦᠰᠦᠲᠡᠨ ᠤ | ᠬᠠᠷᠢᠴᠠᠭ᠎ᠠ ᠪᠣᠯ ᠨᠢᠭᠡ ᠶᠡᠭᠡ ᠭᠡᠷ ᠪᠦᠯᠢ ᠶᠢᠨ ᠳᠣᠲᠣᠷᠠᠬᠢ ᠠᠳᠠᠯᠢ ᠪᠤᠰᠤ ᠪᠦᠷᠢᠯᠳᠦᠬᠦᠨ ᠤ ᠬᠠᠷᠢᠴᠠᠭ᠎ᠠ ᠮᠥᠨ᠃ | ᠳᠤᠮᠳᠠᠳᠤ ᠶᠢᠨ ᠦᠨᠳᠦᠰᠦᠲᠡᠨ ᠤ ᠤᠯᠠᠨ ᠡᠰᠢᠲᠦ ᠨᠢᠭᠡ ᠴᠤᠭᠴᠠᠵᠢᠭᠰᠠᠨ ᠪᠠᠶᠢᠷᠢᠰᠢᠯ | ᠲᠥᠪ ᠤᠨ ᠦᠨᠳᠦᠰᠦᠲᠡᠨ ᠤ ᠠᠵᠢᠯ ᠤᠨ ᠬᠤᠷᠠᠯᠳᠤᠭᠠᠨ ᠠᠴᠠ ᠵᠢᠭᠠᠵᠤ ᠭᠠᠷᠭᠠᠭᠰᠠᠨ ᠨᠢ᠂ ᠮᠠᠨ ᠤ ᠤᠯᠤᠰ ᠤᠨ | ᠲᠡᠦᠬᠡ ᠶᠢᠨ ᠤᠯᠠᠷᠢᠯ ᠬᠤᠪᠢᠰᠤᠯ ᠤᠨ ᠣᠨᠴᠠᠯᠢᠭ ᠨᠢ ᠮᠠᠨ ᠤ ᠤᠯᠤᠰ ᠤᠨ ᠦᠨᠳᠦᠰᠦᠲᠡᠨ ᠨᠦᠭᠦᠳ ᠤᠨ | ᠲᠠᠷᠬᠠᠯᠲᠠ ᠶᠢᠨ ᠲᠠᠯ᠎ᠠ ᠪᠠᠷ ᠰᠣᠯᠪᠢᠴᠠᠨ ᠬᠤᠯᠢᠯᠳᠤᠨ ᠰᠠᠭᠤᠷᠢᠰᠢᠬᠤ᠂ ᠰᠣᠶᠣᠯ ᠤᠨ ᠲᠠᠯ᠎ᠠ ᠪᠠᠷ ᠪᠦᠬᠦᠨ ᠢ ᠬᠠᠮᠤᠷᠬᠤ | ᠂ ᠠᠵᠤ ᠠᠬᠤᠶ ᠶᠢᠨ ᠲᠠᠯ᠎ᠠ ᠪᠠᠷ ᠬᠠᠷᠢᠯᠴᠠᠨ ᠲᠦᠰᠢᠭᠯᠡᠯᠴᠡᠬᠦ᠂ ᠬᠠᠶᠢᠷ᠎ᠠ ᠰᠡᠳᠬᠢᠯᠭᠡ ᠶᠢᠨ ᠲᠠᠯ᠎ᠠ ᠪᠠᠷ ᠬᠠᠷᠢᠯᠴᠠᠨ | ᠣᠶᠢᠷᠠᠳᠬᠤ ᠶᠢ ᠪᠣᠢ ᠪᠣᠯᠭᠠᠵᠤ᠂ ᠴᠢᠨᠦ ᠳᠣᠲᠣᠷ᠎ᠠ ᠪᠢ ᠪᠠᠶᠢᠬᠤ᠂ ᠮᠢᠨᠦ ᠳᠣᠲᠣᠷ᠎ᠠ ᠴᠢ ᠪᠠᠶᠢᠬᠤ᠂ ᠬᠡᠨ ᠨᠢ | ᠬᠡᠨ ᠠᠴᠠ ᠪᠠᠨ ᠰᠠᠯᠵᠤ ᠴᠢᠳᠠᠬᠤ ᠦᠭᠡᠢ ᠣᠯᠠᠨ ᠡᠰᠢᠲᠦ ᠨᠢᠭᠡ ᠴᠣᠭᠴᠠ ᠶᠢᠨ ᠪᠠᠶᠢᠷᠢᠰᠢᠯ ᠢ ᠪᠦᠷᠢᠯᠳᠦᠭᠦᠯᠵᠡᠶ᠃ | ᠳᠤᠮᠳᠠᠳᠤ ᠶᠢᠨ ᠦᠨᠳᠦᠰᠦᠲᠡᠨ ᠤ ᠣᠯᠠᠨ ᠡᠰᠢᠲᠦ ᠨᠢᠭᠡ ᠴᠣᠭᠴᠠ ᠶᠢᠨ ᠪᠠᠶᠢᠷᠢᠰᠢᠯ ᠳᠤ᠂ ᠨᠢᠭᠡ ᠴᠣᠭᠴᠠ ᠶᠢᠨ | ᠳᠣᠲᠣᠷ᠎ᠠ ᠣᠯᠠᠨ ᠡᠰᠢᠲᠦ᠂ ᠣᠯᠠᠨ ᠡᠰᠢᠲᠦ ᠪᠦᠷᠢᠯᠳᠦᠯ ᠨᠢᠭᠡ ᠴᠣᠭᠴᠠ ᠪᠠᠶᠢᠳᠠᠭ᠂ ᠨᠢᠭᠡ ᠴᠣᠭᠴᠠ ᠨᠢ ᠣᠯᠠᠨ | ᠡᠰᠢ ᠠᠴᠠ ᠰᠠᠯᠵᠤ ᠴᠢᠳᠠᠬᠤ ᠦᠭᠡᠶ᠂ ᠣᠯᠠᠨ ᠡᠰᠢᠲᠦ ᠨᠢ ᠴᠦ ᠨᠢᠭᠡ ᠴᠣᠭᠴᠠ ᠠᠴᠠ ᠰᠠᠯᠵᠤ ᠴᠢᠳᠠᠬᠤ ᠦᠭᠡᠶ | ᠪᠠᠶᠢᠳᠠᠭ᠂ ᠡᠨᠡ ᠬᠤᠶᠠᠷ ᠪᠣᠯ ᠬᠤᠪᠢᠰᠤᠩᠭᠤᠶ ᠨᠢᠭᠡᠳᠦᠯ ᠲᠠᠢ ᠪᠠᠶᠢᠳᠠᠭ᠃ | ᠦᠨᠳᠦᠰᠦᠲᠡᠨ ᠤ ᠡᠷᠬᠡ ᠲᠡᠭᠰᠢ᠄ | ᠦᠨᠳᠦᠰᠦᠲᠡᠨ ᠨᠦᠭᠦᠳ ᠡᠷᠬᠡ ᠲᠡᠭᠰᠢ ᠭᠡᠳᠡᠭ ᠨᠢ ᠡᠯ᠎ᠡ ᠦᠨᠳᠦᠰᠦᠲᠡᠨ ᠤ ᠬᠥᠮᠦᠨ ᠠᠮᠠ ᠶᠢᠨ ᠬᠡᠳᠦᠶ | ᠪᠠᠶᠢᠭᠰᠠᠨ ᠴᠤ ᠬᠠᠮᠢᠶ᠎ᠠ ᠦᠭᠡᠶ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ ᠶᠢᠨ ᠥᠨᠳᠥᠷ | ᠪᠣᠭᠤᠨᠢ᠂ ᠵᠠᠩ ᠳᠠᠳᠬᠠᠯ ᠪᠠ ᠱᠠᠰᠢᠨ ᠰᠢᠲᠦᠯᠭᠡ ᠶᠢᠨ ᠠᠳᠠᠯᠢ ᠪᠤᠰᠤ ᠲᠠᠯ᠎ᠠ ᠨᠢ ᠴᠥᠮ ᠳᠤᠮᠳᠠᠳᠤ ᠶᠢᠨ | ᠦᠨᠳᠦᠰᠦᠲᠡᠨ ᠤ ᠶᠡᠭᠡ ᠭᠡᠷ ᠪᠦᠯᠢ ᠶᠢᠨ ᠡᠷᠬᠡ ᠲᠡᠭᠰᠢ ᠨᠢᠭᠡ ᠪᠦᠷᠢᠯᠳᠦᠬᠦᠨ ᠪᠠᠶᠢᠵᠤ᠂ ᠠᠳᠠᠯᠢ ᠲᠡᠭᠰᠢ ᠪᠠᠶᠢᠷᠢ | ᠰᠠᠭᠤᠷᠢ ᠲᠠᠢ ᠪᠠᠶᠢᠵᠤ᠂ ᠤᠯᠤᠰ ᠣᠷᠣᠨ ᠤ ᠨᠡᠶᠢᠭᠡᠮ ᠤᠨ ᠠᠮᠢᠳᠤᠷᠠᠯ ᠤᠨ ᠠᠯᠢᠪᠠ ᠲᠠᠯ᠎ᠠ ᠪᠠᠷ ᠬᠠᠤᠯᠢ ᠶᠣᠰᠣᠭᠠᠷ | ᠠᠳᠠᠯᠢ ᠡᠷᠬᠡ ᠶᠢ ᠡᠳ᠋ᠯᠡᠵᠦ᠂ ᠠᠳᠠᠯᠢ ᠡᠭᠦᠷᠭᠡ ᠶᠢ ᠭᠦᠢᠴᠡᠳᠬᠡᠵᠦ᠂ ᠠᠯᠢᠪᠠ ᠬᠡᠯᠪᠡᠷᠢ ᠶᠢᠨ ᠦᠨᠳᠦᠰᠦᠲᠡᠨ ᠤ | ᠳᠠᠷᠤᠯᠠᠯ ᠪᠠ ᠦᠨᠳᠦᠰᠦᠲᠡᠨ ᠤ ᠭᠠᠳᠠᠭᠤᠷᠴᠢᠯᠠᠯ ᠢ ᠡᠰᠡᠷᠭᠦᠴᠡᠳᠡᠭ᠃ | ᠦᠨᠳᠦᠰᠦᠲᠡᠨ ᠤ ᠪᠦᠯᠬᠦᠮᠳᠡᠯ᠄ | ᠦᠨᠳᠦᠰᠦᠲᠡᠨ ᠤ ᠪᠦᠯᠬᠦᠮᠳᠡᠯ ᠭᠡᠳᠡᠭ ᠨᠢ ᠦᠨᠳᠦᠰᠦᠲᠡᠨ ᠨᠦᠭᠦᠳ ᠨᠡᠶᠢᠭᠡᠮ ᠤᠨ ᠠᠮᠢᠳᠤᠷᠠᠯ ᠪᠠ | ᠬᠠᠷᠢᠯᠴᠠᠭᠠᠨ ᠤ ᠳᠤᠮᠳᠠ ᠡᠷᠬᠡ ᠲᠡᠭᠰᠢ ᠪᠠᠷ ᠬᠠᠨᠳᠤᠵᠤ᠂ ᠨᠥᠬᠦᠷᠰᠡᠭ ᠢᠶᠠᠷ ᠬᠠᠷᠢᠯᠴᠠᠵᠤ᠂ ᠬᠠᠷᠢᠯᠴᠠᠨ | ᠬᠦᠨᠳᠦᠳᠬᠡᠵᠦ᠂ ᠬᠠᠷᠢᠯᠴᠠᠨ ᠬᠠᠪᠰᠤᠷᠤᠯᠴᠠᠬᠤ ᠶᠢ ᠵᠢᠭᠠᠵᠤ ᠪᠠᠶᠢᠨ᠎ᠠ᠃ | ᠮᠠᠨ ᠤ ᠤᠯᠤᠰ ᠤᠨ ᠨᠡᠶᠢᠭᠡᠮ ᠵᠢᠷᠤᠮᠲᠤ ᠦᠨᠳᠦᠰᠦᠲᠡᠨ ᠤ ᠬᠠᠷᠢᠴᠠᠭᠠᠨ ᠤ ᠦᠨᠳᠦᠰᠦᠨ ᠣᠨᠴᠠᠯᠢᠭ᠄ | ᠡᠷᠬᠡ ᠲᠡᠭᠰᠢ᠂ ᠪᠦᠯᠬᠦᠮᠳᠡᠯ ᠲᠠᠢ᠂ ᠬᠠᠷᠢᠯᠴᠠᠨ ᠬᠠᠪᠰᠤᠷᠤᠯᠴᠠᠭᠰᠠᠨ᠂ ᠡᠶ᠎ᠡ ᠵᠣᠬᠢᠴᠠᠯ ᠲᠠᠢ᠃ | ᠰᠢᠨ᠎ᠡ ᠴᠠᠭ ᠦᠶ᠎ᠡ ᠳᠠᠬᠢ ᠮᠠᠨ ᠤ ᠤᠯᠤᠰ ᠤᠨ ᠦᠨᠳᠦᠰᠦᠲᠡᠨ ᠤ ᠠᠵᠢᠯ ᠤᠨ ᠭᠤᠣᠯ ᠰᠡᠳᠤᠪ᠄ | ᠦᠨᠳᠦᠰᠦᠲᠡᠨ ᠨᠦᠭᠦᠳ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ ᠶᠢ | ᠳᠥᠭᠦᠮᠴᠢᠯᠡᠭᠡᠳ ︽ᠬᠤᠶᠠᠷ ᠬᠠᠮᠲᠤ ᠪᠠᠷ︾ ᠭᠡᠳᠡᠭ᠃ | ︽ᠭᠤᠷᠪᠠᠨ ᠰᠠᠯᠵᠤ ᠴᠢᠳᠠᠬᠤ ᠦᠭᠡᠢ︾ ᠭᠡᠳᠡᠭ ᠤᠨ ᠠᠭᠤᠯᠭ᠎ᠠ᠄ | ᠬᠢᠲᠠᠳ ᠦᠨᠳᠦᠰᠦᠲᠡᠨ ᠴᠥᠭᠡᠨ ᠲᠣᠭᠠᠲᠤ ᠦᠨᠳᠦᠰᠦᠲᠡᠨ ᠠᠴᠠ ᠰᠠᠯᠵᠤ ᠴᠢᠳᠠᠬᠤ ᠦᠭᠡᠢ᠂ ᠴᠥᠭᠡᠨ | ᠲᠣᠭᠠᠲᠤ ᠦᠨᠳᠦᠰᠦᠲᠡᠨ ᠬᠢᠲᠠᠳ ᠦᠨᠳᠦᠰᠦᠲᠡᠨ ᠠᠴᠠ ᠰᠠᠯᠵᠤ ᠴᠢᠳᠠᠬᠤ ᠦᠭᠡᠢ᠂ ᠴᠥᠭᠡᠨ ᠲᠣᠭᠠᠲᠤ | ᠦᠨᠳᠦᠰᠦᠲᠡᠨ ᠨᠦᠭᠦᠳ ᠴᠦ ᠬᠤᠭᠤᠷᠣᠨᠳᠣ ᠪᠠᠨ ᠰᠠᠯᠵᠤ ᠴᠢᠳᠠᠬᠤ ᠦᠭᠡᠢ ᠶᠤᠮ᠃ | ︽ᠲᠠᠪᠤᠨ ᠢᠵᠢᠯᠰᠢᠯ︾ ᠤᠨ ᠠᠭᠤᠯᠭ᠎ᠠ᠄ | ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠭᠤᠤ ᠶᠡᠭᠡ ᠡᠬᠡ ᠣᠷᠣᠨ᠂ ᠳᠤᠮᠳᠠᠳᠤ ᠶᠢᠨ ᠦᠨᠳᠦᠰᠦᠲᠡᠨ | ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠲᠤᠬᠠᠶ ᠮᠡᠳᠡᠷᠡᠮᠵᠢ ᠶᠢ ᠨᠡᠮᠡᠭᠳᠡᠭᠦᠯᠦᠨ᠎ᠡ᠃ | ︽ᠵᠢᠷᠭᠤᠭᠠᠨ ᠬᠠᠷᠢᠯᠴᠠᠨ︾ ᠭᠡᠳᠡᠭ ᠤᠨ ᠠᠭᠤᠯᠭ᠎ᠠ᠄ | ᠦᠨᠳᠦᠰᠦᠲᠡᠨ ᠨᠦᠭᠦᠳ ᠬᠠᠷᠢᠯᠴᠠᠨ ᠣᠶᠢᠯᠠᠭᠠᠯᠴᠠᠵᠤ᠂ ᠬᠠᠷᠢᠯᠴᠠᠨ ᠬᠦᠨᠳᠦᠳᠬᠡᠵᠦ᠂ ᠬᠠᠷᠢᠯᠴᠠᠨ ᠪᠠᠭᠲᠠᠭᠠᠵᠤ᠂ | ᠬᠠᠷᠢᠯᠴᠠᠨ ᠪᠠᠭ᠋ᠠᠷᠬᠠᠵᠤ᠂ ᠬᠠᠷᠢᠯᠴᠠᠨ ᠰᠤᠷᠤᠯᠴᠠᠵᠤ᠂ ᠬᠠᠷᠢᠯᠴᠠᠨ ᠬᠠᠪᠰᠤᠷᠤᠯᠴᠠᠳᠠᠭ᠃ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ︽ᠳᠣᠯᠤᠭ᠎ᠠ ᠶᠢ ᠠᠬᠢᠭᠤᠯᠬᠤ︾ ᠠᠵᠢᠯᠯᠠᠭ᠎ᠠ ᠶᠢ ᠡᠭᠦᠳᠦᠨ | ᠪᠠᠶᠢᠭᠤᠯᠬᠤ᠄ | ᠪᠠᠶᠢᠭᠤᠯᠭ᠎ᠠ᠂ ᠠᠵᠤ ᠠᠬᠤᠶᠢᠯᠠᠯ᠂ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠨᠡᠶᠢᠭᠡᠮ ᠲᠣᠭᠤᠷᠢᠭ ︵ᠠᠶᠢᠯ | ᠲᠣᠰᠬᠤᠨ︶᠂ ᠰᠤᠷᠭᠠᠭᠤᠯᠢ᠂ ᠰᠤᠮᠤᠨ ᠠᠩᠬᠢ᠂ ᠱᠠᠰᠢᠨ ᠰᠤᠷᠲᠠᠬᠤᠨ ᠤ ᠠᠵᠢᠯᠯᠠᠭᠠᠨ ᠤ ᠭᠠᠵᠠᠷ ᠲᠤ ᠣᠴᠢᠬᠤ | ᠬᠡᠷᠡᠭᠲᠡᠶ᠃ | ᠳᠤᠮᠳᠠᠳᠤ ᠶᠢᠨ ᠦᠨᠳᠦᠰᠦᠲᠡᠨ ᠤ ᠶᠡᠭᠡ ᠪᠦᠯᠬᠦᠮᠳᠡᠯ ᠢ ᠴᠢᠩᠭᠠᠳᠬᠠᠬᠤ ᠶᠢᠨ ᠠᠯᠤᠰ ᠬᠡᠲᠦ ᠶᠢᠨ ᠪᠠ | ᠦᠨᠳᠦᠰᠦᠨ ᠵᠦᠢᠯ ᠭᠡᠪᠡᠯ᠄ | ᠰᠣᠶᠣᠯ ᠤᠨ ᠡᠭᠡᠯᠢᠰᠢᠯ ᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠬᠠᠮᠲᠤ ᠶᠢᠨ ᠣᠶᠣᠨ ᠰᠠᠨᠠᠭᠠᠨ ᠤ | ᠭᠡᠷ ᠣᠷᠣᠨ ᠢ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠬᠦᠮᠦᠵᠢᠭᠦᠯᠦᠨ᠎ᠡ᠃ | ᠮᠠᠨ ᠤ ᠤᠯᠤᠰ ᠤᠨ ᠦᠨᠳᠦᠰᠦᠲᠡᠨ ᠤ ᠲᠦᠷᠦ ᠶᠢᠨ ᠪᠣᠳᠤᠯᠭ᠎ᠠ ᠶᠢᠨ ᠭᠤᠣᠯ ᠠᠭᠤᠯᠭ᠎ᠠ᠄ | ᠡᠭᠦᠨ ᠳᠤ ᠭᠤᠣᠯᠳᠠᠭᠤ ᠦᠨᠳᠦᠰᠦᠲᠡᠨ ᠨᠦᠭᠦᠳ ᠡᠷᠬᠡ ᠲᠡᠭᠰᠢ ᠪᠦᠯᠬᠦᠮᠳᠡᠯ ᠲᠠᠢ ᠪᠠᠶᠢᠬᠤ᠂ ᠦᠨᠳᠦᠰᠦᠲᠡᠨ ᠤ | ᠣᠷᠣᠨ ᠤ ᠥᠪᠡᠷᠲᠡᠭᠡᠨ ᠵᠠᠰᠠᠬᠤ ᠶᠢ ᠪᠠᠷᠢᠮᠲᠠᠯᠠᠬᠤ᠂ ᠴᠥᠭᠡᠨ ᠲᠣᠭᠠᠲᠤ ᠦᠨᠳᠦᠰᠦᠲᠡᠨ ᠤ ᠭᠠᠵᠠᠷ ᠣᠷᠣᠨ ᠤ ᠠᠵᠤ | ᠠᠬᠤᠶ ᠰᠣᠶᠣᠯ ᠤᠨ ᠦᠢᠯᠡᠰ ᠢ ᠬᠥᠭᠵᠢᠭᠦᠯᠬᠦ᠂ ᠴᠥᠭᠡᠨ ᠲᠣᠭᠠᠲᠤ ᠦᠨᠳᠦᠰᠦᠲᠡᠨ ᠤ ᠺᠠᠳ᠋ᠷ ᠢ ᠬᠥᠮᠦᠵᠢᠭᠦᠯᠬᠦ᠂ | ᠴᠥᠭᠡᠨ ᠲᠣᠭᠠᠲᠤ ᠦᠨᠳᠦᠰᠦᠲᠡᠨ ᠤ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠰᠣᠶᠣᠯ ᠪᠣᠯᠪᠠᠰᠤᠷᠠᠯ ᠡᠷᠡᠭᠦᠯ | ᠬᠠᠮᠠᠭᠠᠯᠠᠯ ᠵᠡᠷᠭᠡ ᠦᠢᠯᠡᠰ ᠢ ᠬᠥᠭᠵᠢᠭᠦᠯᠬᠦ᠂ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠢ | ᠬᠡᠷᠡᠭᠯᠡᠬᠦ ᠪᠠ ᠬᠥᠭᠵᠢᠭᠦᠯᠬᠦ᠂ ᠴᠥᠭᠡᠨ ᠲᠣᠭᠠᠲᠤ ᠦᠨᠳᠦᠰᠦᠲᠡᠨ ᠤ ᠵᠠᠩ ᠳᠠᠳᠬᠠᠯ ᠢ ᠬᠦᠨᠳᠦᠳᠬᠡᠬᠦ᠂ ᠴᠥᠭᠡᠨ | ᠲᠣᠭᠠᠲᠤ ᠦᠨᠳᠦᠰᠦᠲᠡᠨ ᠤ ᠱᠠᠰᠢᠨ ᠰᠢᠲᠦᠯᠭᠡ ᠶᠢᠨ ᠡᠷᠬᠡ ᠴᠢᠯᠥᠭᠡ ᠶᠢ ᠬᠦᠨᠳᠦᠳᠬᠡᠬᠦ ᠪᠠ ᠬᠠᠮᠠᠭᠠᠯᠠᠬᠤ ᠵᠡᠷᠭᠡ | ᠲᠠᠯ᠎ᠠ ᠶᠢᠨ ᠠᠭᠤᠯᠭ᠎ᠠ ᠪᠠᠭᠲᠠᠨ᠎ᠠ᠃ | ᠦᠨᠳᠦᠰᠦᠲᠡᠨ ᠤ ᠪᠦᠯᠬᠦᠮᠳᠡᠯ ᠢ ᠴᠢᠩᠭᠠᠳᠬᠠᠬᠤ ᠳᠤ ︽ᠬᠤᠶᠠᠷ ᠦᠵᠡᠯ︾ ᠢ ᠡᠷᠡᠰ ᠡᠰᠡᠷᠭᠦᠴᠡᠬᠦ ᠬᠡᠷᠡᠭᠲᠡᠶ᠄ | ᠬᠢᠲᠠᠳ ᠤᠨ ᠳᠡᠭᠡᠷᠡᠩᠭᠦᠶ ᠦᠵᠡᠯ ᠪᠠ ᠦᠨᠳᠦᠰᠦᠲᠡᠨ ᠤ ᠢᠪᠴᠤᠤ ᠦᠵᠡᠯ᠃ | ᠦᠨᠳᠦᠰᠦᠲᠡᠨ ᠨᠦᠭᠦᠳ ᠤᠨ ︽ᠭᠤᠷᠪᠠᠨ ᠨᠠᠶᠢᠷᠠᠮᠳᠠᠯ︾᠄ | ᠦᠨᠳᠦᠰᠦᠲᠡᠨ ᠨᠦᠭᠦᠳ ᠡᠶ᠎ᠡ ᠨᠠᠶᠢᠷᠲᠠᠶ ᠪᠠᠷ ᠬᠠᠮᠲᠤ ᠣᠷᠣᠰᠢᠵᠤ᠂ ᠰᠡᠳᠬᠢᠯ ᠨᠢᠭᠡᠳᠦᠨ ᠬᠦᠴᠦ ᠪᠠᠨ | ᠬᠠᠮᠲᠤᠳᠬᠠᠵᠤ᠂ ᠡᠶ᠎ᠡ ᠵᠣᠬᠢᠴᠠᠯ ᠲᠠᠢ ᠪᠠᠷ ᠬᠥᠭᠵᠢᠪᠡ᠃ | ᠦᠨᠳᠦᠰᠦᠲᠡᠨ ᠨᠦᠭᠦᠳ ᠤᠨ ︽ᠭᠤᠷᠪᠠ ᠶᠢ ᠲᠤᠰᠢᠶᠠᠬᠤ︾᠄ | ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠃ | ᠬᠠᠷᠢᠯᠴᠠᠨ ᠰᠢᠭᠢᠳᠬᠡᠯᠳᠦ ᠮᠠᠶ᠋ᠢᠭ ᠤᠨ ᠨᠡᠶᠢᠭᠡᠮ ᠤᠨ ᠪᠦᠲᠦᠴᠡ ᠪᠠ ᠨᠡᠶᠢᠭᠡᠮ ᠲᠣᠭᠤᠷᠢᠭ ᠤᠨ ᠣᠷᠴᠢᠨ | ᠲᠣᠭᠤᠷᠢᠨ ᠢ ᠪᠠᠶᠢᠭᠤᠯᠤᠨ᠎ᠠ᠄ | ︽ᠬᠠᠷᠢᠯᠴᠠᠨ ᠰᠢᠭᠢᠳᠦᠨ ᠣᠷᠣᠬᠤ︾ ᠭᠡᠳᠡᠭ ᠨᠢ ᠳᠠᠷᠤᠢ ᠦᠨᠳᠦᠰᠦᠲᠡᠨ ᠨᠦᠭᠦᠳ ᠤᠨ ᠤᠯᠠᠨ ᠲᠦᠮᠡᠨ | ᠬᠠᠮᠲᠤ ᠪᠠᠷ ᠰᠠᠭᠤᠷᠢᠰᠢᠵᠤ᠂ ᠬᠠᠮᠲᠤ ᠪᠠᠷ ᠰᠤᠷᠤᠯᠴᠠᠵᠤ᠂ ᠬᠠᠮᠲᠤ ᠪᠠᠷ ᠠᠵᠢᠯᠯᠠᠵᠤ᠂ ᠬᠠᠮᠲᠤ ᠪᠠᠷ ᠴᠡᠩᠭᠡᠯᠳᠦᠵᠦ᠂ | ᠳᠤᠮᠳᠠᠳᠤ ᠶᠢᠨ ᠦᠨᠳᠦᠰᠦᠲᠡᠨ ᠤ ᠶᠡᠭᠡ ᠭᠡᠷ ᠪᠦᠯᠢ ᠳᠤ ᠠᠬ᠎ᠠ ᠳᠡᠭᠦᠦ ᠪᠠᠷ ᠢᠶᠠᠨ ᠬᠠᠷᠢᠯᠴᠠᠨ ᠳᠣᠲᠣᠨᠣᠴᠢᠯᠠᠵᠤ᠂ | ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠵᠤ᠂ ᠴᠢᠨᠦ ᠳᠣᠲᠣᠷ᠎ᠠ ᠪᠢ ᠪᠤᠢ᠂ ᠮᠢᠨᠦ ᠳᠣᠲᠣᠷ᠎ᠠ ᠴᠢ ᠪᠤᠢ᠂ ᠬᠡᠨ ᠨᠢ | ᠬᠡᠨ ᠠᠴᠠ ᠪᠠᠨ ᠰᠠᠯᠵᠤ ᠴᠢᠳᠠᠬᠤ ᠦᠭᠡᠢ ᠭᠡᠳᠡᠭ ᠢ ᠬᠡᠯᠡᠵᠦ ᠪᠤᠢ᠃ | ᠨᠠᠮ ᠪᠠ ᠤᠯᠤᠰ ᠠᠴᠠ ᠴᠥᠭᠡᠨ ᠲᠣᠭᠠᠲᠤ ᠦᠨᠳᠦᠰᠦᠲᠡᠨ ᠤ ᠵᠠᠩ ᠳᠠᠳᠬᠠᠯ ᠤᠨ ᠠᠰᠠᠭᠤᠳᠠᠯ ᠳᠤ ᠠᠪᠬᠤ | ᠦᠨᠳᠦᠰᠦᠨ ᠲᠥᠷᠥ ᠶᠢᠨ ᠪᠣᠳᠣᠯᠭ᠎ᠠ᠄ | ᠴᠥᠭᠡᠨ ᠲᠣᠭᠠᠲᠤ ᠦᠨᠳᠦᠰᠦᠲᠡᠨ ᠤ ᠵᠠᠩ ᠳᠠᠳᠬᠠᠯ ᠢ ᠬᠦᠨᠳᠦᠳᠬᠡᠵᠦ᠂ ᠦᠨᠳᠦᠰᠦᠲᠡᠨ ᠨᠦᠭᠦᠳ ᠴᠥᠮ | ᠲᠤᠰ ᠦᠨᠳᠦᠰᠦᠲᠡᠨ ᠤ ᠪᠠᠨ ᠵᠠᠩ ᠳᠠᠳᠬᠠᠯ ᠢ ᠬᠠᠳᠠᠭᠠᠯᠠᠬᠤ ᠪᠤᠶᠤ ᠥᠭᠡᠷᠡᠴᠢᠯᠡᠬᠦ ᠡᠷᠬᠡ ᠴᠢᠯᠥᠭᠡ ᠲᠠᠢ᠃ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠶᠢᠨ ᠠᠭᠤᠯᠤᠭᠳᠠᠬᠤᠨ ᠭᠡᠪᠡᠯ᠄ | ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠣᠷ᠎ᠠ᠂ ᠦᠨᠳᠦᠰᠦᠲᠡᠨ ᠨᠦᠭᠦᠳ ᠤᠨ ᠣᠯᠠᠨ | ᠲᠦᠮᠡᠨ ᠢᠶᠠᠷ ᠭᠤᠣᠯ ᠴᠣᠭᠴᠠ ᠪᠣᠯᠭᠠᠨ᠂ ᠨᠡᠶᠢᠭᠡᠮ ᠵᠢᠷᠤᠮ ᠤᠨ ᠦᠨᠳᠦᠰᠦᠲᠡᠨ ᠤ ᠬᠠᠷᠢᠴᠠᠭ᠎ᠠ ᠶᠢ ᠪᠠᠬᠢᠵᠢᠭᠦᠯᠦᠨ | ᠴᠢᠩᠭᠠᠳᠬᠠᠬᠤ ᠶᠡᠷᠦᠩᠬᠡᠶᠢᠯᠡᠭᠰᠡᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠦᠨᠳᠦᠰᠦᠲᠡᠨ ᠨᠦᠭᠦᠳ ᠤᠨ ᠶᠠᠪᠤᠯᠴᠠᠭ᠎ᠠ | ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠪᠠᠬᠢ ᠪᠣᠢ ᠪᠣᠯᠭᠠᠵᠤ᠂ ᠮᠠᠨ ᠤ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠦᠢᠯᠡᠰ ᠢ ᠪᠦᠲᠦᠭᠡᠯᠴᠢ ᠪᠠᠷ ᠲᠦᠯᠬᠢᠨ ᠠᠬᠢᠭᠤᠯᠬᠤ ᠦᠢᠯᠡᠳᠦᠯᠭᠡ ᠶᠢᠨ ᠶᠠᠪᠤᠴᠠ ᠮᠥᠨ᠃ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠭᠦᠨ | ᠭᠦᠨᠵᠡᠭᠡᠶ ᠤᠳᠠᠭᠠᠨ ᠳᠠᠭᠠᠭᠠᠮᠠᠭᠠᠶ ᠥᠷᠨᠢᠭᠦᠯᠬᠦ ᠶᠢᠨ ᠦᠨᠳᠦᠰᠦᠨ ᠵᠠᠷᠴᠢᠮ᠄ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠦᠨᠳᠦᠰᠦᠨ | ᠴᠢᠭᠯᠡᠯ ᠪᠣᠯᠭᠠᠬᠤ ᠶᠢ ᠪᠠᠷᠢᠮᠲᠠᠯᠠᠬᠤ ᠬᠡᠷᠡᠭᠲᠡᠢ︔ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ | ᠠᠭᠤᠰᠤᠯᠴᠠᠭ᠎ᠠ ᠶᠢ ᠴᠢᠩᠭᠠᠳᠬᠠᠬᠤ ᠪᠠᠷ ᠦᠨᠳᠦᠰᠦᠨ ᠠᠷᠭ᠎ᠠ ᠵᠠᠮ ᠪᠣᠯᠭᠠᠬᠤ ᠶᠢ ᠪᠠᠷᠢᠮᠲᠠᠯᠠᠬᠤ ᠬᠡᠷᠡᠭᠲᠡᠢ︔ ︽ | ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠦᠨ ᠮᠡᠲᠦ ᠳᠣᠲᠣᠨᠣ ᠪᠠᠶᠢᠵᠤ᠂ ᠰᠡᠳᠬᠢᠯ ᠨᠢᠭᠡᠳᠦᠨ | ᠳᠤᠮᠳᠠᠳᠤ ᠶᠢᠨ ᠵᠡᠭᠦᠳᠦ ᠶᠢ ᠬᠠᠮᠲᠤᠪᠠᠷ ᠲᠡᠷᠭᠡᠯᠰᠢᠭᠦᠯᠬᠦ︾ ᠪᠠᠷ ᠶᠡᠷᠦᠩᠬᠡᠢ ᠬᠠᠷᠠᠯᠲᠠ ᠪᠠᠨ ᠪᠣᠯᠭᠠᠬᠤ ᠶᠢ ᠪᠠᠷᠢᠮᠲᠠᠯᠠᠨ᠎ᠠ | ︔ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠵᠠᠰᠠᠬᠤ ᠶᠢ ᠪᠠᠷᠢᠮᠲᠠᠯᠠᠵᠤ ᠦᠨᠳᠦᠰᠦᠲᠡᠨ ᠨᠦᠭᠦᠳ ᠤᠨ | ᠪᠦᠯᠬᠦᠮᠳᠡᠯ ᠤᠨ ᠵᠢᠮ᠎ᠡ ᠶᠣᠰᠣ ᠶᠢ ᠵᠢᠷᠤᠮᠯᠠᠨ᠂ ᠵᠥᠪ ᠲᠠᠯ᠎ᠠ ᠠᠴᠠ ᠬᠥᠲᠥᠯᠥᠨ ᠵᠢᠯᠣᠭᠤᠳᠬᠤ ᠶᠢ ᠪᠠᠷᠢᠮᠲᠠᠯᠠᠬᠤ | ᠬᠡᠷᠡᠭᠲᠡᠶ︔ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠬᠤ ᠶᠢ ᠪᠠᠷᠢᠮᠲᠠᠯᠠᠵᠤ᠂ ᠨᠡᠶᠢᠯᠡᠮᠡᠯ ᠬᠦᠴᠦᠨ ᠢ | ᠪᠦᠷᠢᠯᠳᠦᠭᠦᠯᠪᠡ᠃ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠭᠦᠨ | ᠭᠦᠨᠵᠡᠭᠡᠶ ᠤᠳᠠᠭᠠᠨ ᠳᠠᠭᠠᠭᠠᠮᠠᠭᠠᠶ ᠪᠠᠷ ᠥᠷᠨᠢᠭᠦᠯᠬᠦ ᠶᠢᠨ ᠶᠡᠷᠦᠩᠬᠡᠶ ᠬᠠᠷᠠᠯᠲᠠ ᠪᠣᠯ᠄ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠭᠦᠨᠵᠡᠭᠡᠢ | ᠥᠷᠨᠢᠭᠦᠯᠬᠦ ᠪᠠᠷ ᠳᠠᠮᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ | ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠶᠢ ᠠᠬᠢᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ | ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠥᠪ ᠵᠠᠮ ᠪᠣᠯᠤᠨ ᠨᠠᠮ ᠤᠨ ᠦᠨᠳᠦᠰᠦᠲᠡᠨ ᠤ ᠤᠨᠤᠯ ᠲᠦᠷᠦ ᠶᠢᠨ | ᠪᠤᠳᠤᠯᠭ᠎ᠠ ᠶᠢ ᠬᠥᠮᠦᠰ ᠤᠨ ᠰᠡᠳᠬᠢᠯ ᠳᠤ ᠨᠡᠩ ᠭᠦᠨ ᠬᠠᠳᠠᠩᠰᠢᠭᠤᠯᠵᠤ᠂ ᠦᠨᠳᠦᠰᠦᠲᠡᠨ ᠨᠦᠭᠦᠳ ᠤᠨ ᠤᠯᠠᠨ | ᠲᠦᠮᠡᠨ ᠤ ᠵᠠᠮ ᠤᠨ ᠢᠲᠡᠭᠡᠯ᠂ ᠤᠨᠤᠯ ᠤᠨ ᠢᠲᠡᠭᠡᠯ᠂ ᠪᠠᠶᠢᠭᠤᠯᠤᠯ ᠤᠨ ᠢᠲᠡᠭᠡᠯ᠂ ᠰᠣᠶᠣᠯ ᠤᠨ ᠢᠲᠡᠭᠡᠯ ᠢ ᠨᠡᠩ | ᠪᠠᠲᠤᠳᠬᠠᠬᠤ ᠬᠡᠷᠡᠭᠲᠡᠢ︔ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠷᠳᠡᠭ ᠤᠨ ᠣᠶᠢᠯᠠᠭᠠᠭᠳᠠᠬᠤᠨ ᠢ | ᠥᠷᠭᠡᠨ ᠢᠶᠠᠷ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠣᠯᠤᠨ | ᠨᠢᠭᠲᠠᠷᠠᠯ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠵᠠᠰᠠᠬᠤ ᠴᠢᠳᠠᠪᠤᠷᠢ ᠶᠢ ᠢᠯᠡᠳᠲᠡ | ᠳᠡᠭᠡᠭᠰᠢᠯᠡᠭᠦᠯᠵᠦ᠂ ᠦᠨᠳᠦᠰᠦᠲᠡᠨ ᠨᠦᠭᠦᠳ ᠡᠶ᠎ᠡ ᠨᠠᠶᠢᠷᠲᠠᠶ ᠪᠠᠷ ᠬᠠᠮᠲᠤ ᠣᠷᠣᠰᠢᠵᠤ᠂ ᠰᠡᠳᠬᠢᠯ ᠨᠢᠭᠡᠳᠦᠨ | ᠬᠦᠴᠦ ᠪᠠᠨ ᠬᠠᠮᠲᠤᠳᠬᠠᠵᠤ᠂ ᠡᠶ᠎ᠡ ᠵᠣᠬᠢᠴᠠᠯ ᠲᠠᠢ ᠪᠠᠷ ᠬᠥᠭᠵᠢᠵᠦ᠂ ᠨᠡᠶᠢᠭᠡᠮ ᠵᠢᠷᠤᠮ ᠤᠨ ᠦᠨᠳᠦᠰᠦᠲᠡᠨ ᠤ | ᠬᠠᠷᠢᠴᠠᠭ᠎ᠠ ᠶᠢ ᠤᠯᠠᠮ ᠨᠢᠭᠡ ᠠᠯᠬᠤᠮ ᠪᠠᠬᠢᠵᠢᠭᠦᠯᠦᠨ ᠬᠥᠭᠵᠢᠭᠦᠯᠪᠡ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠣᠯ ᠦᠢᠷ᠎ᠠ ᠦᠶ᠎ᠡ ᠠᠴᠠ ᠨᠠᠰᠢᠬᠢ | ᠳᠤᠮᠳᠠᠳᠤ ᠤᠯᠤᠰ ᠤᠨ ᠠᠷᠠᠳ ᠲᠦᠮᠡᠨ ᠤ ᠦᠨᠳᠦᠰᠦᠲᠡᠨ ᠤ ᠲᠤᠰᠠᠭᠠᠷ ᠲᠣᠭᠲᠠᠨᠢᠯ ᠪᠣᠯᠤᠨ ᠠᠷᠠᠳ ᠲᠦᠮᠡᠨ ᠤ | ᠴᠢᠯᠥᠭᠡᠯᠡᠯᠲᠡ ᠶᠢ ᠬᠥᠭᠡᠭᠡᠴᠡᠯᠳᠦᠬᠦ ᠡᠷᠬᠢᠮ ᠨᠠᠨᠳᠢᠨ ᠤᠶᠤᠨ ᠰᠠᠨᠠᠭᠠᠨ ᠤᠳᠤ ᠦᠶ᠎ᠡ ᠶᠢᠨ ᠳᠤᠮᠳᠠᠳᠤ ᠤᠯᠤᠰ ᠤᠨ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠰᠢᠷᠭᠢᠰᠢ ᠦᠭᠡᠢ | ᠤᠶᠤᠨ ᠤ ᠬᠦᠴᠦᠨ ᠮᠦᠨ᠃ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠡᠭᠦᠷᠭᠡ ᠶᠢ ᠡᠭᠦᠷᠭᠡᠯᠡᠵᠦ ᠪᠠᠶᠢᠭ᠎ᠠ ᠨᠡᠶᠢᠭᠡᠮ ᠵᠢᠷᠤᠮ ᠤᠨ | ᠪᠦᠳᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠪᠣᠯᠤᠭᠰᠠᠨ ᠴᠠᠭ ᠦᠶ᠎ᠡ ᠶᠢᠨ ᠵᠠᠯᠠᠭᠤᠴᠤᠳ ᠡᠷᠬᠡᠪᠰᠢ | ᠬᠥᠳᠡᠯᠦᠯᠴᠡᠵᠦ᠂ ᠴᠠᠭ ᠲᠤᠬᠠᠢ ᠳᠤᠨᠢ ᠳᠠᠭᠠᠵᠤ᠂ ᠵᠥᠪ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ | ᠤᠯᠤᠰ ᠤᠨ ᠦᠵᠡᠯᠲᠡ ᠪᠠ ᠰᠣᠶᠣᠯ ᠤᠨ ᠦᠵᠡᠯᠲᠡ ᠶᠢ ᠪᠤᠢ ᠪᠣᠯᠭᠠᠵᠤ᠂ ᠬᠦᠰᠡᠯᠡᠩ ᠢᠲᠡᠭᠡᠯ ᠪᠢᠰᠢᠷᠡᠯ ᠢᠶᠠᠨ | ᠪᠠᠲᠤᠳᠬᠠᠵᠤ᠂ ᠦᠨᠳᠦᠰᠦᠲᠡᠨ ᠤ ᠪᠦᠯᠬᠦᠮᠳᠡᠯ ᠪᠠ ᠤᠯᠤᠰ ᠤᠨ ᠨᠢᠭᠡᠳᠦᠯ ᠢ ᠬᠠᠮᠠᠭᠠᠯᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠯᠠᠪᠳᠠᠭᠤᠨ ᠪᠠᠲᠤᠲᠠᠢ ᠪᠠᠲᠤᠳᠬᠠᠬᠤ ᠬᠡᠷᠡᠭᠲᠡᠢ︕ |