2023 ᠣᠨ ᠤ ᠭᠤᠤᠯ ᠰᠡᠳᠦᠪᠲᠦ ᠬᠥᠮᠦᠵᠢᠯ ᠤᠨ ᠮᠡᠳᠡᠯᠭᠡ ᠎ ᠶᠢᠨ ᠲᠤᠬᠠᠢ ᠠᠰᠠᠭᠤᠯᠳᠡ ᠬᠠᠷᠢᠭᠤᠯᠳᠠ ︵ᠬᠤᠶᠠᠷ︶
ᠨᠡᠶᠢᠲᠡᠯᠡᠭᠰᠡᠨ ᠴᠠᠭ᠄
2023/12/26
ᠠᠰᠠᠭᠤᠯᠲᠠ᠄    9. ᠭᠤᠤᠯ ᠰᠡᠳᠦᠪᠲᠦ  ᠬᠥᠮᠦᠵᠢᠯ ᠤᠨ ᠴᠠᠭ ᠤᠨ ᠲᠣᠬᠢᠷᠠᠭᠤᠯᠤᠯᠲᠠ ᠨᠢ ᠶᠠᠭᠤ ᠪᠣᠶ︖    ᠬᠠᠷᠢᠭᠤᠯᠲᠠ᠄    ᠭᠤᠣᠯ ᠰᠡᠳᠦᠪᠲᠦ ᠬᠥᠮᠦᠵᠢᠯ ᠢ ᠳᠡᠭᠡᠷ᠎ᠡ ᠠᠴᠠ ᠳᠣᠷᠣᠭᠰᠢ ᠬᠤᠶᠠᠷ ᠪᠦᠯᠦᠭ ᠬᠤᠪᠢᠶᠠᠨ ᠶᠠᠪᠤᠭᠳᠠᠭᠤᠯᠪᠠ᠃ ᠨᠢᠭᠡᠳᠦᠭᠡᠷ ᠪᠦᠯᠦᠭ ᠨᠢ 2023 ᠣᠨ ᠤ 4 ᠰᠠᠷ᠎ᠠ ᠠᠴᠠ ᠡᠬᠢᠯᠡᠵᠦ᠂ 2023 ᠣᠨ ᠤ 8 ᠰᠠᠷ᠎ᠠ ᠳᠤ ᠦᠨᠳᠦᠰᠦᠨ ᠳᠡᠭᠡᠨ ᠳᠠᠭᠤᠰᠪᠠ︔ ᠬᠤᠶᠠᠳᠤᠭᠠᠷ ᠪᠦᠯᠦᠭ ᠨᠢ 2023 ᠣᠨ ᠤ 9 ᠰᠠᠷ᠎ᠠ ᠠᠴᠠ ᠡᠬᠢᠯᠡᠵᠦ᠂ 2024 ᠣᠨ ᠤ 1 ᠰᠠᠷ᠎ᠠ ᠳᠤ ᠦᠨᠳᠦᠰᠦᠨ ᠳᠡᠭᠡᠨ ᠳᠠᠭᠤᠰᠤᠨ᠎ᠠ᠃    ᠠᠰᠠᠭᠤᠯᠲᠠ᠄    10.ᠭᠤᠣᠯ ᠰᠡᠳᠦᠪᠲᠦ ᠬᠥᠮᠦᠵᠢᠯ ᠤᠨ ᠦᠨᠳᠦᠰᠦᠨ ᠡᠭᠦᠷᠭᠡ ᠨᠢ ᠶᠠᠭᠤ ᠪᠤᠢ︖    ᠬᠠᠷᠢᠭᠤᠯᠲᠠ᠄    ᠰᠤᠷᠤᠯᠴᠠᠬᠤ ᠰᠡᠳᠬᠢᠬᠦ ᠬᠡᠷᠡᠭᠯᠡᠬᠦ ᠶᠢ ᠨᠡᠪᠲᠡᠷᠡᠯᠴᠡᠭᠦᠯᠬᠦ᠂ ᠮᠡᠳᠡᠯᠭᠡ ᠢᠲᠡᠭᠡᠮᠵᠢ ᠦᠢᠯᠡ ᠠᠵᠢᠯᠯᠠᠭ᠎ᠠ ᠶᠢ ᠨᠢᠭᠡᠳᠬᠡᠬᠦ ᠶᠢ ᠪᠠᠷᠢᠮᠲᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠡᠷᠡᠰ ᠪᠠᠲᠤ ᠬᠦᠰᠡᠯᠡᠩ᠂ ᠨᠠᠮᠴᠢ ᠴᠢᠨᠠᠷ ᠢ ᠳᠠᠪᠲᠠᠨ ᠪᠣᠯᠪᠠᠰᠤᠷᠠᠭᠤᠯᠬᠤ ᠪᠠ ᠦᠢᠯᠡᠳᠦᠯᠭᠡ ᠶᠢ ᠵᠢᠯᠣᠭᠤᠳᠬᠤ᠂ ᠠᠵᠢᠯ ᠢ ᠠᠬᠢᠭᠤᠯᠬᠤ ᠬᠦᠴᠦᠷᠬᠡᠭ ᠶᠡᠭᠡ ᠬᠦᠴᠦᠨ ᠪᠣᠯᠭᠠᠨ ᠬᠤᠪᠢᠷᠠᠭᠤᠯᠵᠤ᠂ ᠪᠦᠬᠦ ᠨᠠᠮ ᠢ ᠢᠮᠠᠭᠲᠠ ᠨᠢᠭᠡᠳᠦᠯᠲᠡᠶ ᠦᠵᠡᠯ ᠰᠠᠨᠠᠭ᠎ᠠ᠂ ᠡᠷᠡᠰ ᠪᠠᠲᠤ ᠵᠣᠷᠢᠭ ᠰᠠᠨᠠᠭ᠎ᠠ᠂ ᠵᠣᠬᠢᠴᠠᠩᠭᠤᠶ ᠤᠢᠢᠯᠠ ᠠᠵᠢᠯᠯᠠᠭ᠎ᠠ᠂ ᠬᠦᠴᠦᠷᠬᠡᠭ ᠶᠡᠭᠡ ᠲᠡᠶᠢᠴᠢᠠ ᠬᠦᠴᠦᠨ ᠲᠠᠢ ᠪᠠᠶᠢᠯᠭᠠᠵᠤ᠂ ᠰᠤᠷᠦᠯᠴᠡᠯᠭ᠎ᠠ ᠪᠠᠷ ᠰᠦᠭ ᠰᠦᠨᠡᠰᠦ ᠶᠢ ᠱᠤᠭᠤᠬᠤ᠂ ᠰᠤᠷᠦᠯᠴᠡᠯᠭ᠎ᠠ ᠪᠠᠷ ᠤᠶᠦᠠ ᠤᠬᠠᠭᠠᠨ ᠢ ᠨᠡᠮᠡᠭᠳᠡᠭᠦᠯᠬᠦ᠂ ᠰᠤᠷᠦᠯᠴᠡᠯᠭ᠎ᠠ ᠪᠠᠷ ᠰᠤᠷᠲᠠᠯ ᠢ ᠲᠥᠪ ᠪᠣᠯᠭᠠᠬᠤ᠂ ᠰᠤᠷᠦᠯᠴᠡᠯᠭ᠎ᠠ ᠪᠠᠷ ᠠᠵᠢᠯᠯᠠᠭ᠎ᠠ ᠶᠢ ᠠᠬᠢᠭᠤᠯᠬᠤ ᠲᠠᠯ᠎ᠠ ᠪᠠᠷ ᠦᠨᠡᠨ ᠪᠣᠳᠠᠲᠠᠶ ᠦᠷ᠎ᠡ ᠪᠦᠲᠦᠮᠵᠢ ᠤᠯᠬᠤ ᠪᠠᠷ ᠴᠢᠷᠮᠠᠶᠢᠬᠤ ᠬᠡᠷᠡᠭᠲᠡᠶ᠃    ᠠᠰᠠᠭᠤᠯᠲᠠ᠄    11.ᠭᠤᠣᠯ ᠰᠡᠳᠦᠪᠲᠦ ᠬᠥᠮᠦᠵᠢᠯ ᠤᠨ ᠴᠢᠬᠤᠯᠠ ᠶᠡᠭᠡ ᠠᠴᠢ ᠬᠤᠯᠪᠣᠭᠳᠠᠯ ᠨᠢ ᠶᠠᠭᠤ ᠪᠤᠢ︖    ᠬᠠᠷᠢᠭᠤᠯᠲᠠ᠄    ᠪᠦᠬᠦ ᠨᠠᠮ ᠢᠶᠠᠷ ᠢᠶᠠᠨ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠶ ᠥᠷᠨᠢᠭᠦᠯᠵᠦ᠂ ᠨᠠᠮ ᠤᠨ ᠲᠥᠪ ᠬᠤᠷᠢᠶ᠎ᠠ ᠠᠴᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠪᠦᠬᠦ ᠨᠠᠮ ᠤᠨ ᠨᠥᠬᠦᠳ ᠢ ᠲᠡᠶᠢᠴᠢᠯᠡᠠ ᠨᠠᠮ ᠤᠨ ᠭᠤᠣᠯ ᠡᠭᠦᠷᠭᠡ ᠶᠢ ᠪᠡᠶᠡᠯᠡᠭᠦᠯᠬᠦ ᠶᠢᠨ ᠲᠥᠯᠥᠭᠡ ᠪᠦᠯᠬᠦᠮᠳᠡᠨ ᠲᠡᠮᠡᠴᠡᠬᠦ ᠶᠢᠨ ᠲᠥᠯᠥᠭᠡ ᠬᠢᠭᠰᠡᠨ ᠴᠢᠬᠤᠯᠠ ᠶᠡᠭᠡ ᠪᠠᠶᠢᠷᠢᠯᠠᠭᠤᠯᠤᠯᠲᠠ ᠮᠥᠨ᠃ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠭᠦᠨᠵᠡᠭᠡᠢ ᠠᠬᠢᠭᠤᠯᠬᠤ ᠴᠢᠬᠤᠯᠠ ᠶᠡᠭᠡ ᠪᠠᠶᠢᠷᠢᠯᠠᠭᠤᠯᠤᠯᠲᠠ ᠪᠣᠯᠤᠨ᠎ᠠ᠂ ᠪᠦᠬᠦ ᠨᠠᠮ ᠤᠨ ᠦᠵᠡᠯ ᠰᠠᠨᠠᠭ᠎ᠠ ᠶᠢ ᠨᠢᠭᠡᠳᠬᠡᠬᠦ᠂ ᠨᠠᠮ ᠤᠨ ᠳᠣᠲᠣᠭᠠᠳᠤ ᠳᠤ ᠣᠷᠣᠰᠢᠵᠤ ᠪᠠᠶᠢᠭ᠎ᠠ ᠳᠤᠪᠤᠶᠢᠮ᠎ᠠ ᠠᠰᠠᠭᠤᠳᠠᠯ ᠢ ᠰᠢᠢᠳᠪᠦᠷᠢᠯᠡᠬᠦ᠂ ᠨᠠᠮ ᠪᠣᠯᠤᠨ ᠠᠷᠠᠳ ᠤᠯᠠᠨ ᠤ ᠴᠢᠰᠤ ᠮᠢᠬᠠᠨ ᠤ ᠬᠠᠷᠢᠯᠴᠠᠭ᠎ᠠ ᠶᠢ ᠢᠮᠠᠭᠲᠠ ᠪᠠᠲᠤᠯᠠᠬᠤ᠂ ᠨᠠᠮ ᠪᠣᠯᠤᠨ ᠤᠯᠤᠰ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃    ᠠᠰᠠᠭᠤᠯᠲᠠ᠄    12.ᠭᠤᠣᠯ ᠰᠡᠳᠦᠪᠲᠦ ᠬᠥᠮᠦᠵᠢᠯ ᠤᠨ ᠰᠤᠷᠤᠯᠴᠠᠬᠤ ᠮᠠᠲ᠋ᠧᠷᠢᠶᠠᠯ ᠳᠤ ᠶᠠᠮᠠᠷ ᠶᠠᠮᠠᠷ ᠮᠠᠲ᠋ᠧᠷᠢᠶᠠᠯ ᠪᠠᠶᠢᠬᠤ ᠪᠤᠢ︖ ᠪᠣᠳᠠᠲᠠᠶ ᠶᠠᠮᠠᠷ ᠱᠠᠭᠠᠷᠳᠠᠯᠭ᠎ᠠ ᠲᠠᠢ ᠪᠤᠢ︖    ᠬᠠᠷᠢᠭᠤᠯᠲᠠ᠄    ᠭᠤᠣᠯ ᠰᠡᠳᠦᠪᠲᠦ ᠬᠥᠮᠦᠵᠢᠯ ᠳᠤ 8 ᠵᠦᠢᠯ ᠤᠨ ᠰᠤᠷᠤᠯᠴᠠᠬᠤ ᠮᠠᠲ᠋ᠧᠷᠢᠶᠠᠯ ᠢ ᠲᠣᠭᠲᠠᠭᠠᠪᠠ᠂ ᠡᠭᠦᠨ ᠳᠤ ᠡᠷᠬᠡᠪᠰᠢ ᠤᠩᠰᠢᠬᠤ ᠴᠢᠬᠤᠯᠠᠲᠠᠢ 4 ᠵᠦᠢᠯ ᠪᠠᠶᠢᠨ᠎ᠠ᠄ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ᠂ ᠨᠠᠮ ᠤᠨ ᠳᠦᠷᠢᠮ᠂ ︽ᠰᠢ ᠶᠢᠨ ᠫᠢᠩ ᠤᠨ ᠵᠣᠬᠢᠶᠠᠯ ᠤᠨ ᠰᠣᠩᠭᠤᠮᠠᠯ︾᠂ ︽᠎  ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠲᠤᠰᠬᠠᠢ ᠰᠡᠳᠦᠪ ᠤᠨ ᠲᠡᠭᠦᠪᠦᠷᠢ︾︔ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠬᠤ ᠬᠥᠲᠥᠯᠪᠦᠷᠢ︾᠂ ᠶᠡᠷᠦᠩᠬᠡᠢ ᠱᠦᠵᠢ ᠰᠢ ᠶᠢᠨ ᠫᠢᠩ ᠎ ᠤᠨ ︽ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠥᠭᠦᠯᠡᠬᠦ ᠨᠢ︾᠂ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠶᠢᠷᠲᠢᠨᠴᠦ ᠶᠢᠨ ᠦᠵᠡᠯᠲᠡ ᠪᠠ ᠠᠷᠭ᠎ᠠ ᠶᠢᠨ ᠤᠨᠤᠯ ᠤᠨ ᠲᠤᠰᠬᠠᠢ ᠰᠡᠳᠦᠪᠲᠦ ᠲᠣᠪᠴᠢᠯᠠᠯ︾᠂ ︽ᠰᠢ ᠶᠢᠨ ᠫᠢᠩ ᠤᠨ ᠪᠠᠶᠢᠴᠠᠭᠠᠨ ᠰᠤᠳᠤᠯᠤᠯᠲᠠ ᠬᠢᠬᠦ ᠲᠤᠬᠠᠢ ᠥᠭᠦᠯᠡᠯᠲᠡ ᠶᠢᠨ ᠲᠣᠪᠴᠢᠯᠠᠯ︾ ᠵᠡᠷᠭᠡ 4 ᠵᠦᠢᠯ ᠢ ᠰᠣᠩᠭᠤᠨ ᠤᠩᠰᠢᠪᠠ᠃ ᠵᠠᠪᠠᠯ ᠤᠩᠰᠢᠬᠤ ᠰᠤᠷᠤᠯᠴᠠᠬᠤ ᠮᠠᠲ᠋ᠧᠷᠢᠶᠠᠯ ᠢ ᠰᠢᠶᠠᠨ ᠭᠠᠵᠠᠷ ᠤᠨ ᠱᠠᠲᠤᠨ ᠠᠴᠠ ᠳᠡᠭᠡᠭᠰᠢᠬᠢ ᠤᠳᠤᠷᠢᠳᠬᠤ ᠺᠠᠳ᠋ᠷᠴᠤᠳ ᠲᠡᠷᠡ ᠬᠡᠪ ᠢᠶᠠᠷ ᠨᠢ ᠰᠤᠷᠤᠯᠴᠠᠵᠤ᠂ ᠦᠭᠡ ᠥᠭᠦᠯᠡᠪᠦᠷᠢ ᠳᠠᠷᠠᠭᠠᠯᠠᠨ ᠰᠤᠷᠤᠯᠴᠠᠬᠤ ᠬᠡᠷᠡᠭᠲᠡᠶ︔ ᠰᠣᠩᠭᠤᠨ ᠤᠩᠰᠢᠭᠰᠠᠨ ᠰᠤᠷᠤᠯᠴᠠᠬᠤ ᠮᠠᠲ᠋ᠧᠷᠢᠶᠠᠯ ᠳᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠤᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ ᠨᠠᠮ ᠤᠨ ᠭᠡᠰᠢᠭᠦᠨ᠂ ᠺᠠᠳ᠋ᠷᠴᠤᠳ ᠢ ᠵᠣᠬᠢᠶᠠᠨ ᠪᠠᠶᠢᠭᠤᠯᠵᠤ ᠰᠤᠷᠤᠯᠴᠠᠯᠭ᠎ᠠ ᠶᠢ ᠥᠷᠨᠢᠭᠦᠯᠪᠡ᠃    ᠠᠰᠠᠭᠤᠯᠲᠠ᠄    13. ᠲᠤᠰ ᠤᠳᠠᠭᠠᠨ ᠤ ᠭᠤᠣᠯ ᠰᠡᠳᠦᠪᠲᠦ ᠰᠤᠷᠭᠠᠨ ᠬᠥᠮᠦᠵᠢᠯ ᠤᠨ ︽ᠦᠵᠡᠯ ᠰᠠᠨᠠᠭ᠎ᠠ ᠶᠢ ᠰᠤᠷᠤᠯᠴᠠᠬᠤ︾ ᠭᠡᠳᠡᠭ ᠨᠢ ᠶᠠᠭᠤ ᠪᠤᠶ  ︖    ᠬᠠᠷᠢᠭᠤᠯᠲᠠ᠄    ︽ᠦᠵᠡᠯ ᠰᠠᠨᠠᠭ᠎ᠠ ᠶᠢ ᠰᠤᠷᠤᠯᠴᠠᠬᠤ︾ ᠪᠣᠯ ᠳᠠᠷᠤᠢ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠨ ᠣᠶᠢᠯᠠᠭᠠᠵᠤ᠂ ᠡᠨᠡᠬᠦ ᠦᠵᠡᠯ ᠰᠠᠨᠠᠭᠠᠨ ᠤ ᠦᠨᠳᠦᠰᠦᠨ ᠦᠵᠡᠯᠲᠡ᠂ ᠰᠢᠨᠵᠢᠯᠡᠬᠦ ᠤᠬᠠᠭᠠᠨᠴᠢ ᠰᠢᠰᠲᠧᠮ ᠢ ᠪᠦᠬᠦ ᠲᠠᠯ᠎ᠠ ᠪᠠᠷ ᠰᠢᠰᠲ᠋ᠧᠮ ᠲᠠᠢ ᠡᠵᠡᠮᠰᠢᠵᠦ᠂ ᠡᠨᠡᠬᠦ ᠦᠵᠡᠯ ᠰᠠᠨᠠᠭᠠᠨ ᠤ ᠶᠢᠷᠲᠢᠨᠴᠦ ᠶᠢᠨ ᠦᠵᠡᠯᠲᠡ᠂ ᠠᠷᠭ᠎ᠠ ᠶᠢᠨ ᠤᠨᠤᠯ ᠢ ᠰᠠᠶᠢᠲᠤᠷ ᠡᠵᠡᠮᠰᠢᠵᠦ᠂ ᠲᠡᠭᠦᠨ ᠳᠤ ᠲᠤᠤᠱᠯᠠᠭᠳᠠᠵᠤ ᠪᠠᠶᠢᠭ᠎ᠠ ᠵᠣᠭᠰᠣᠯᠲᠠ ᠦᠵᠡᠯᠲᠡ ᠠᠷᠭ᠎ᠠ ᠶᠢ ᠰᠠᠶᠢᠲᠤᠷ ᠪᠠᠷᠢᠮᠲᠠᠯᠠᠵᠤ ᠰᠠᠶᠢᠲᠤᠷ ᠬᠡᠷᠡᠭᠯᠡᠬᠦ ᠶᠠᠪᠤᠳᠠᠯ ᠪᠣᠯᠤᠨ᠎ᠠ᠃    ᠠᠰᠠᠭᠤᠯᠲᠠ᠄    14. ᠲᠤᠰ ᠤᠳᠠᠭᠠᠨ ᠤ ᠭᠤᠣᠯ ᠰᠡᠳᠦᠪᠲᠦ ᠬᠥᠮᠦᠵᠢᠯ ᠤᠨ ︽ᠨᠠᠮᠴᠢ ᠴᠢᠨᠠᠷ ᠢ ᠴᠢᠩᠭᠠᠳᠬᠠᠬᠤ︾ ᠭᠡᠳᠡᠭ ᠨᠢ ᠶᠠᠭᠤ ᠪᠤᠢ︖    ᠬᠠᠷᠢᠭᠤᠯᠲᠠ᠄    ︽ᠨᠠᠮᠴᠢ ᠴᠢᠨᠠᠷ ᠢ ᠴᠢᠩᠭᠠᠳᠬᠠᠬᠤ︾ ᠭᠡᠳᠡᠭ ᠨᠢ ᠳᠠᠷᠤᠢ ᠤᠬᠠᠮᠰᠠᠷ ᠠᠴᠠ ᠪᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠪᠡᠶᠡᠴᠢ ᠶᠢᠷᠲᠢᠨᠴᠦ ᠪᠠᠨ ᠥᠭᠡᠷᠡᠴᠢᠯᠡᠵᠦ᠂ ᠡᠨᠡᠬᠦ ᠦᠵᠡᠯ ᠰᠠᠨᠠᠭᠠᠨ ᠤ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠬᠤ᠂ ᠦᠵᠡᠯ ᠰᠠᠨᠠᠭᠠᠨ ᠤ ᠠᠬᠤᠢ ᠪᠠᠶᠢᠳᠠᠯ ᠢᠶᠠᠨ ᠳᠡᠭᠡᠭᠰᠢᠯᠡᠭᠦᠯᠬᠦ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠴᠢᠩᠭᠠᠳᠬᠠᠬᠤ ᠵᠡᠷᠭᠡ ᠠᠯᠢ ᠤᠯᠠᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠡᠪ ᠬᠠᠮᠲᠤᠴᠤᠳ ᠤᠨ ᠤᠯᠤᠰ ᠲᠦᠷᠦ ᠶᠢᠨ ᠤᠤᠷ ᠴᠢᠨᠠᠷ ᠢᠶᠠᠨ ᠢᠮᠠᠭᠲᠠ ᠪᠠᠷᠢᠮᠲᠠᠯᠠᠬᠤ ᠶᠠᠪᠤᠳᠠᠯ ᠪᠣᠯᠤᠨ᠎ᠠ᠃    ᠠᠰᠠᠭᠤᠯᠲᠠ᠄    15. ᠲᠤᠰ ᠤᠳᠠᠭᠠᠨ ᠤ ᠭᠤᠣᠯ ᠰᠡᠳᠦᠪᠲᠦ ᠬᠥᠮᠦᠵᠢᠯ ᠤᠨ ︽ᠦᠢᠯᠡᠳᠦᠯᠭᠡ ᠶᠢ ᠴᠢᠬᠤᠯᠠᠴᠢᠯᠠᠬᠤ︾ ᠭᠡᠳᠡᠭ ᠨᠢ ᠶᠠᠭᠤ ᠪᠤᠶ  ︖    ᠬᠠᠷᠢᠭᠤᠯᠲᠠ᠄    ︽ᠦᠢᠯᠡᠳᠦᠯᠭᠡ ᠶᠢ ᠴᠢᠬᠤᠯᠠᠴᠢᠯᠠᠬᠤ︾ ᠭᠡᠳᠡᠭ ᠨᠢ ᠳᠠᠷᠤᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠤᠬᠠᠮᠰᠠᠷ ᠠᠴᠠ ᠪᠠᠨ ᠦᠢᠯᠡᠳᠦᠯᠭᠡᠵᠢᠭᠦᠯᠬᠦ ᠶᠠᠪᠤᠳᠠᠯ ᠪᠣᠯᠤᠨ᠎ᠠ᠃ ᠪᠤᠰᠤᠳᠴᠢ ᠶᠢᠷᠲᠢᠨᠴᠦ ᠶᠢ ᠥᠭᠡᠷᠡᠴᠢᠯᠡᠬᠦ᠂ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠬᠡᠷᠡᠭᠯᠡᠵᠦ᠂ ᠴᠠᠭ ᠦᠶ᠎ᠡ ᠶᠢ ᠠᠵᠢᠭᠯᠠᠬᠤ᠂ ᠴᠠᠭ ᠦᠶ᠎ᠡ ᠶᠢ ᠡᠵᠡᠮᠳᠡᠬᠦ᠂ ᠴᠠᠭ ᠦᠶ᠎ᠡ ᠶᠢ ᠬᠥᠲᠥᠯᠥᠨ ᠳᠠᠭᠠᠭᠤᠯᠬᠤ ᠳᠤ ᠬᠡᠷᠡᠭᠯᠡᠵᠦ᠂ ᠢᠳᠡᠪᠬᠢᠲᠡᠶ ᠪᠠᠷ ᠬᠤᠪᠢᠷᠠᠯᠲᠠ ᠶᠢ ᠲᠠᠨᠢᠵᠤ ᠬᠤᠪᠢᠷᠠᠯᠲᠠ ᠶᠢ ᠠᠷᠭᠠᠴᠠᠨ ᠬᠤᠪᠢᠷᠠᠯᠲᠠ ᠶᠢ ᠡᠷᠢᠯᠬᠢᠯᠡᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠪᠠ ᠨᠠᠮ ᠤᠨ ᠪᠠᠶᠢᠭᠤᠯᠤᠯᠲᠠ ᠶᠢᠨ ᠳᠤᠮᠳᠠ ᠣᠷᠣᠰᠢᠵᠤ ᠪᠠᠶᠢᠭ᠎ᠠ ᠡᠯ᠎ᠡ ᠵᠦᠢᠯ ᠤᠨ ᠵᠥᠷᠢᠴᠡᠯ ᠠᠰᠠᠭᠤᠳᠠᠯ ᠢ  ᠰᠢᠢᠳᠪᠤᠷᠢᠯᠡᠵᠦ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠠᠬᠢᠴᠠ ᠰᠢᠨ᠎ᠡ ᠰᠢᠪᠲᠤᠯᠤᠯᠲᠠ ᠲᠠᠢ ᠪᠣᠯᠬᠤ ᠶᠢ ᠲᠦᠯᠬᠢᠨ ᠠᠬᠢᠭᠤᠯᠬᠤ ᠬᠡᠷᠡᠭᠲᠡᠶ᠃    ᠠᠰᠠᠭᠤᠯᠲᠠ᠄    16. ᠲᠤᠰ ᠤᠳᠠᠭᠠᠨ ᠤ ᠭᠤᠣᠯ ᠰᠡᠳᠦᠪᠲᠦ ᠰᠤᠷᠭᠠᠨ ᠬᠥᠮᠦᠵᠢᠯ ᠤᠨ ︽ᠰᠢᠨ᠎ᠡ ᠭᠠᠪᠢᠶ᠎ᠠ ᠪᠠᠶᠢᠭᠤᠯᠬᠤ︾ ᠭᠡᠳᠡᠭ ᠨᠢ ᠶᠠᠭᠤ ᠪᠤᠶ  ︖    ᠬᠠᠷᠢᠭᠤᠯᠲᠠ᠄    ︽ᠰᠢᠨ᠎ᠡ ᠭᠠᠪᠢᠶ᠎ᠠ ᠪᠠᠶᠢᠭᠤᠯᠬᠤ︾᠎ ᠨᠢ ᠳᠠᠷᠤᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠠᠴᠠ ᠡᠷᠡᠮᠡᠬᠡᠶᠢᠯᠡᠨ ᠲᠠᠪᠰᠢᠬᠤ ᠤᠶᠤᠨ ᠤᠬᠠᠭᠠᠨ ᠪᠠ ᠬᠦᠴᠦᠨ ᠴᠢᠳᠠᠯ ᠢ ᠰᠢᠩᠭᠡᠭᠡᠨ ᠠᠪᠬᠤ ᠶᠠᠪᠤᠳᠠᠯ ᠪᠣᠯᠤᠨ᠎ᠠ᠃ ᠡᠭᠦᠨ ᠳᠤ ᠠᠭᠤᠯᠤᠭᠳᠠᠵᠤ ᠪᠠᠶᠢᠭ᠎ᠠ ᠤᠳᠤᠷᠢᠳᠬᠤ ᠠᠷᠭ᠎ᠠ᠂ ᠰᠡᠳᠬᠢᠬᠦ ᠠᠷᠭ᠎ᠠ᠂ ᠠᠵᠢᠯᠯᠠᠬᠤ ᠠᠷᠭ᠎ᠠ ᠶᠢ ᠪᠣᠯᠪᠠᠰᠤᠷᠠᠩᠭᠤᠶ ᠡᠵᠡᠮᠰᠢᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠ ᠬᠢᠷᠢ ᠬᠡᠮᠵᠢᠶ᠎ᠡ ᠪᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠥᠭᠵᠢᠯᠲᠡ ᠶᠢ ᠠᠬᠢᠭᠤᠯᠵᠤ᠂ ᠨᠠᠶᠢᠳᠠᠪᠤᠷᠢᠵᠢᠭᠤᠯᠤᠯᠲᠠ ᠶᠢ ᠴᠥᠬᠦᠷᠡᠰᠢ ᠦᠭᠡᠢ ᠠᠳᠬᠤᠵᠤ᠂ ᠠᠵᠢᠯ ᠤᠨ ᠪᠠᠶᠢᠷᠢ ᠳᠠᠭᠠᠨ ᠰᠠᠭᠤᠷᠢᠯᠠᠨ ᠬᠤᠪᠢ ᠨᠡᠮᠡᠷᠢ ᠦᠵᠡᠭᠦᠯᠵᠦ᠂ ᠲᠡᠦᠬᠡ ᠪᠠ ᠠᠷᠠᠳ ᠲᠦᠮᠡᠨ ᠤ ᠰᠢᠯᠭᠠᠯᠲᠠ ᠶᠢ ᠳᠠᠭᠠᠭᠠᠵᠤ ᠳᠡᠶᠢᠯᠬᠦ ᠪᠣᠳᠠᠲᠤ ᠠᠮᠵᠢᠯᠲᠠ ᠶᠢ ᠴᠢᠷᠮᠠᠶᠢᠨ ᠡᠭᠦᠳᠬᠦ ᠬᠡᠷᠡᠭᠲᠡᠶ᠃    ᠠᠰᠠᠭᠤᠯᠲᠠ᠄    17. ᠭᠤᠤᠯ ᠰᠡᠳᠦᠪᠲᠦ ᠬᠥᠮᠦᠵᠢᠯ ᠢ ᠰᠢᠯᠭᠠᠨ ᠪᠠᠶᠢᠴᠠᠭᠠᠬᠤ ᠶᠢᠨ ᠦᠨᠳᠦᠰᠦᠨ ᠦᠨᠡᠯᠡᠬᠦ ᠪᠠᠷᠢᠮᠵᠢᠶ᠎ᠠ ᠨᠢ ᠶᠠᠭᠤ ᠪᠣᠶ︖    ᠬᠠᠷᠢᠭᠤᠯᠲᠠ᠄    ᠡᠭᠦᠨ ᠳᠤ ᠤᠯᠠᠨ ᠲᠦᠮᠡᠨ ᠰᠡᠳᠬᠢᠯ ᠬᠠᠨᠤᠮᠵᠢᠲᠠᠶ ᠪᠠᠶᠢᠨ᠎ᠠ ᠤᠣ ᠦᠭᠡᠢ ᠦᠤ︖    ᠠᠰᠠᠭᠤᠯᠲᠠ᠄    18. ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠪᠦᠬᠦ ᠨᠠᠮ ᠤᠨ ᠳᠣᠲᠣᠷ᠎ᠠ ᠪᠠᠶᠢᠴᠠᠭᠠᠨ ᠰᠤᠳᠤᠯᠤᠯᠲᠠ ᠶᠢ ᠶᠡᠬᠡᠪᠡᠷ ᠥᠷᠨᠢᠭᠦᠯᠬᠦ ᠲᠤᠬᠠᠶ ᠠᠵᠢᠯ ᠤᠨ ᠲᠥᠰᠦᠯ︾᠎ ᠳᠠᠬᠢ ᠲᠠᠪᠤᠨ ︽ᠡᠷᠬᠡᠪᠰᠢ ᠪᠠᠷᠢᠮᠲᠠᠯᠠᠬᠤ ᠬᠡᠷᠡᠭᠲᠡᠶ︾ ᠭᠡᠳᠡᠭ ᠨᠢ ᠶᠠᠭᠤ ᠪᠤᠢ︖    ᠬᠠᠷᠢᠭᠤᠯᠲᠠ᠄    ᠪᠦᠬᠦ ᠨᠠᠮ ᠤᠨ ᠬᠡᠪᠴᠢᠶᠡᠨ ᠳᠤ ᠪᠠᠶᠢᠴᠠᠭᠠᠨ ᠰᠤᠳᠤᠯᠤᠯᠲᠠ ᠬᠢᠬᠦ ᠶᠢ ᠶᠡᠬᠡᠪᠡᠷ ᠥᠷᠨᠢᠭᠦᠯᠬᠦ ᠳᠤ ᠡᠷᠬᠡᠪᠰᠢ ᠨᠠᠮ ᠤᠨ ᠤᠯᠠᠨ ᠲᠦᠮᠡᠨᠴᠢ ᠱᠤᠭᠤᠮ ᠢ ᠪᠠᠷᠢᠮᠲᠠᠯᠠᠵᠤ᠂ ᠡᠷᠬᠡᠪᠰᠢ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ ᠡᠷᠬᠡᠪᠰᠢ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠡᠷᠬᠡᠪᠰᠢ ᠬᠦᠴᠢᠷ ᠢ ᠲᠤᠭᠤᠯᠤᠨ ᠬᠦᠴᠢᠷ ᠢ ᠳᠠᠪᠠᠭ᠋ᠤ ᠶᠢ ᠪᠠᠷᠢᠮᠲᠠᠯᠠᠵᠤ᠂ ᠡᠷᠬᠡᠪᠰᠢ ᠰᠢᠰᠲ᠋ᠧᠮᠲᠦ ᠦᠵᠡᠯᠲᠡ ᠶᠢ ᠪᠠᠷᠢᠮᠲᠠᠯᠠᠬᠤ ᠬᠡᠷᠡᠭᠲᠡᠢ᠃    ᠠᠰᠠᠭᠤᠯᠲᠠ᠄    19.ᠪᠠᠶᠢᠴᠠᠭᠠᠨ ᠰᠤᠳᠤᠯᠤᠯᠲᠠ ᠶᠢ ᠶᠡᠭᠡ ᠪᠠᠷ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠨᠢ ᠶᠠᠭᠤ ᠪᠤᠢ︖    ᠬᠠᠷᠢᠭᠤᠯᠲᠠ᠄    ᠪᠦᠬᠦ ᠨᠠᠮ ᠢᠶᠠᠷ ᠢᠶᠠᠨ ᠪᠠᠶᠢᠴᠠᠭᠠᠨ ᠰᠤᠳᠤᠯᠤᠯᠲᠠ ᠬᠢᠬᠦ ᠶᠢ ᠶᠡᠬᠡᠪᠡᠷ ᠥᠷᠨᠢᠭᠦᠯᠬᠦ ᠪᠣᠯ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠡᠨᠡᠬᠦ ᠴᠢᠬᠤᠯᠠ ᠦᠵᠡᠯ ᠰᠠᠨᠠᠭᠠᠨ ᠤ ᠦᠨᠡᠨ ᠶᠣᠰᠣᠨ ᠤ ᠬᠦᠴᠦᠨ ᠴᠢᠳᠠᠯ ᠪᠣᠯᠤᠨ ᠦᠢᠯᠡᠳᠦᠯᠭᠡ ᠶᠢᠨ ᠠᠤᠭ᠎ᠠ ᠬᠦᠴᠦᠨ ᠢ ᠣᠶᠢᠯᠠᠭᠠᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠪᠣᠯᠤᠨ᠎ᠠ︔ ︽ᠬᠤᠶᠠᠷ ᠢ ᠲᠣᠭᠲᠠᠭᠠᠬᠤ︾᠎ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠬᠤᠶᠠᠷ ᠢ ᠬᠠᠮᠠᠭᠠᠯᠠᠬᠤ︾᠎ ᠶᠢ ᠡᠷᠡᠰ ᠪᠡᠶᠡᠯᠡᠭᠦᠯᠬᠦ ᠪᠣᠳᠠᠲᠠᠢ ᠦᠢᠯᠡᠳᠦᠯᠭᠡ ᠪᠣᠯᠤᠨ᠎ᠠ︔ ︽ᠬᠤᠶᠠᠷ ᠢ ᠲᠣᠭᠲᠠᠭᠠᠬᠤ ︾᠎ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠬᠤᠶᠠᠷ ᠢ ᠬᠠᠮᠠᠭᠠᠯᠠᠬᠤ︾᠎ ᠶᠢ ᠡᠷᠡᠰ ᠪᠡᠶᠡᠯᠡᠭᠦᠯᠬᠦ ᠪᠣᠳᠠᠲᠠᠢ ᠦᠢᠯᠡᠳᠦᠯᠭᠡ ᠪᠣᠯᠤᠨ᠎ᠠ︔ ᠰᠢᠨ᠎ᠡ ᠴᠠᠭ ᠦᠶ᠎ᠡ ᠰᠢᠨ᠎ᠡ ᠠᠶᠠᠨ ᠵᠠᠮ ᠤᠨ ᠤᠷᠤᠭᠰᠢᠯᠠᠯᠲᠠ ᠶᠢᠨ ᠵᠠᠮ ᠳᠡᠭᠡᠷᠡᠬᠢ ᠰᠠᠯᠬᠢ ᠳᠠᠪᠠᠯᠭᠠᠨ ᠤ ᠰᠢᠯᠭᠠᠯᠲᠠ ᠶᠢ ᠠᠷᠭᠠᠴᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠬᠦᠴᠦᠲᠡᠢ ᠠᠷᠭ᠎ᠠ ᠬᠡᠮᠵᠢ᠊ ᠡᠶ᠎ᠡ ᠮᠥᠨ︔ ᠶᠡᠭᠡ ᠨᠠᠮ ᠤᠨ ᠥᠪᠡᠷᠮᠢᠴᠡ ᠬᠦᠴᠢᠷ ᠠᠰᠠᠭᠤᠳᠠᠯ ᠢ ᠰᠢᠢᠳᠪᠦᠷᠢᠯᠡᠬᠦ ᠳᠤ ᠴᠠᠭ ᠢᠮᠠᠭᠲᠠ ᠰᠡᠷᠭᠡᠭ ᠪᠥᠭᠡᠳ ᠡᠷᠡᠰ ᠪᠠᠲᠤ ᠪᠠᠶᠢᠬᠤ ᠶᠢ ᠪᠠᠲᠤᠯᠠᠵᠤ᠂ ︽ᠵᠢᠷᠭᠤᠭ᠎ᠠ ᠶᠢ ᠬᠡᠷᠬᠢᠨ ᠢᠮᠠᠭᠲᠠ ᠪᠠᠷᠢᠮᠲᠠᠯᠠᠬᠤ︾ ᠪᠣᠳᠠᠲᠤ ᠱᠠᠭᠠᠷᠳᠠᠯᠭ᠎ᠠ ᠳᠤ ᠬᠠᠷᠢᠭᠤᠯᠲᠠ ᠥᠭᠬᠦ ᠬᠡᠷᠡᠭᠲᠡᠢ︔ ᠠᠵᠢᠯ ᠤᠨ ᠰᠤᠷᠲᠠᠯ ᠢᠶᠠᠨ ᠬᠤᠪᠢᠷᠠᠭᠤᠯᠬᠤ᠂ ᠤᠯᠠᠨ ᠲᠦᠮᠡᠨ ᠲᠠᠢ ᠨᠢᠭᠲᠠ ᠬᠠᠷᠢᠯᠴᠠᠬᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠬᠦ᠂ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠬᠤ ᠪᠦᠲᠦᠮᠵᠢᠲᠡᠢ ᠠᠷᠭ᠎ᠠ ᠵᠠᠮ ᠮᠥᠨ᠃    ᠠᠰᠠᠭᠤᠯᠲᠠ᠄    20.ᠶᠡᠷᠦᠩᠬᠡᠶ ᠱᠦᠵᠢ ᠰᠢ ᠶᠢᠨ ᠫᠢᠩ ᠭᠤᠣᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯᠳᠤᠭᠠᠨ ᠳᠡᠭᠡᠷ᠎ᠡ᠂ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠳᠤ ᠠᠯᠢ ︽ᠭᠤᠷᠪᠠ ᠶᠢ ᠤᠶᠠᠯᠳᠤᠭᠤᠯᠬᠤ︾᠎ ᠶᠢ ᠪᠡᠶᠡᠯᠡᠭᠦᠯᠬᠦ ᠬᠡᠷᠡᠭᠲᠡᠶ ᠪᠤᠢ︖    ᠬᠠᠷᠢᠭᠤᠯᠲᠠ᠄    ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ᠬᠢᠨ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠶᠢ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠲᠤᠰ ᠨᠢᠭᠡᠴᠡ ᠶᠢᠨ ᠭᠤᠣᠯ ᠠᠵᠢᠯ ᠢ ᠠᠬᠢᠭᠤᠯᠬᠤ ᠲᠠᠢ ᠤᠶᠠᠯᠳᠤᠭᠤᠯᠵᠤ᠂ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠠᠬᠢᠭᠤᠯᠬᠤ ᠲᠠᠢ ᠤᠶᠠᠯᠳᠤᠭᠤᠯᠬᠤ ᠬᠡᠷᠡᠭᠲᠡᠢ᠃    ᠠᠰᠠᠭᠤᠯᠲᠠ᠄    21.ᠶᠡᠷᠦᠩᠬᠡᠶ ᠱᠦᠵᠢ ᠰᠢ ᠶᠢᠨ ᠫᠢᠩ ᠭᠤᠸᠠᠩᠳᠦ᠋ᠩ ᠳᠤ ᠠᠵᠢᠯ ᠪᠠᠶᠢᠴᠠᠭᠠᠬᠤ ᠳᠠᠭᠠᠨ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠲᠤᠬᠠᠶ ᠶᠠᠮᠠᠷ ᠶᠠᠮᠠᠷ ᠴᠢᠬᠤᠯᠠ ᠱᠠᠭᠠᠷᠳᠠᠯᠭ᠎ᠠ ᠳᠤᠷᠠᠳᠤᠭᠰᠠᠨ ᠪᠤᠢ︖    ᠬᠠᠷᠢᠭᠤᠯᠲᠠ᠄    ᠶᠡᠷᠦᠩᠬᠡᠶ ᠱᠦᠵᠢ ᠰᠢ ᠶᠢᠨ ᠫᠢᠩ ᠭᠤᠸᠠᠩᠳᠦ᠋ᠩ ᠳᠤ ᠠᠵᠢᠯ ᠪᠠᠶᠢᠴᠠᠭᠠᠬᠤ ᠳᠠᠭᠠᠨ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠲᠤᠬᠠᠶ ᠴᠢᠬᠤᠯᠠ ᠱᠠᠭᠠᠷᠳᠠᠯᠭ᠎ᠠ ᠳᠤᠷᠠᠳᠴᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠲᠥᠪ ᠬᠤᠷᠢᠶᠠᠨ ᠤ ᠠᠵᠢᠯ ᠤᠨ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠭᠡᠰᠢᠭᠦᠨ᠂ ᠺᠠᠳ᠋ᠷᠴᠤᠳ ᠢ ᠬᠥᠮᠦᠵᠢᠭᠦᠯᠦᠨ ᠬᠥᠲᠥᠯᠥᠨ ᠵᠢᠯᠣᠭᠤᠳᠴᠤ ᠪᠠᠶᠢᠭᠠᠳ ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠯᠭ᠎ᠠ ᠪᠠᠷ ᠤᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠯᠭ᠎ᠠ ᠪᠠᠷ ᠰᠤᠷᠲᠠᠯ ᠢ ᠲᠥᠪ ᠪᠣᠯᠭᠠᠬᠤ᠂ ᠰᠤᠷᠤᠯᠴᠠᠯᠭ᠎ᠠ ᠪᠠᠷ ᠺᠠᠳ᠋ᠷᠴᠤᠳ ᠢ ᠠᠬᠢᠭᠤᠯᠬᠤ ᠲᠠᠯ᠎ᠠ ᠪᠠᠷ ᠬᠦᠴᠦ ᠣᠷᠣᠭᠤᠯᠵᠤ ᠪᠣᠳᠠᠲᠤ ᠪᠦᠲᠦᠮᠵᠢ ᠭᠠᠷᠭᠠᠬᠤ ᠬᠡᠷᠡᠭᠲᠡᠶ ᠭᠡᠵᠦ ᠴᠢᠬᠤᠯᠠᠴᠢᠯᠠᠪᠠ᠃    ᠠᠰᠠᠭᠤᠯᠲᠠ᠄    22. ᠲᠤᠰ ᠤᠳᠠᠭᠠᠨ ᠤ ᠭᠤᠣᠯ ᠰᠡᠳᠦᠪᠲᠦ ᠬᠥᠮᠦᠵᠢᠯ ᠤᠨ ︽ᠲᠠᠪᠤᠨ ᠴᠢᠳᠠᠮᠠᠭᠠᠶ︾ ᠭᠡᠳᠡᠭ ᠨᠢ ᠶᠠᠭᠤ ᠪᠤᠢ︖    ᠬᠠᠷᠢᠭᠤᠯᠲᠠ᠄    ︵1︶ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠴᠠᠭ ᠦᠶ᠎ᠡ ᠶᠢ ᠠᠵᠢᠭᠯᠠᠵᠤ᠂ ᠴᠠᠭ ᠦᠶ᠎ᠡ ᠶᠢ ᠡᠵᠡᠮᠳᠡᠵᠦ᠂ ᠴᠠᠭ ᠦᠶ᠎ᠡ ᠶᠢ ᠬᠥᠲᠥᠯᠥᠨ ᠳᠠᠭᠠᠭᠤᠯᠬᠤ ᠳᠠᠭᠠᠨ ᠴᠢᠳᠠᠮᠠᠭᠠᠶ ᠪᠠᠶᠢᠬᠤ ᠬᠡᠷᠡᠭᠲᠡᠶ᠃    ︵2︶ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠴᠢᠳᠠᠮᠠᠭᠠᠶ ᠪᠠᠷ ᠬᠡᠷᠡᠭᠯᠡᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠠᠬᠢᠴᠠ᠂ ᠰᠢᠨ᠎ᠡ ᠰᠢᠪᠲᠤᠯᠤᠯᠲᠠ ᠲᠠᠢ ᠪᠣᠯᠬᠤ ᠶᠢ ᠲᠦᠯᠬᠢᠨ ᠠᠬᠢᠭᠤᠯᠬᠤ ᠬᠡᠷᠡᠭᠲᠡᠶ᠃    ︵3︶ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠴᠢᠳᠠᠮᠠᠭᠠᠶ ᠪᠠᠷ ᠬᠡᠷᠡᠭᠯᠡᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠳᠤᠮᠳᠠᠬᠢ ᠡᠯ᠎ᠡ ᠵᠦᠢᠯ ᠤᠨ ᠵᠥᠷᠢᠴᠡᠯ ᠪᠠ ᠠᠰᠠᠭᠤᠳᠠᠯ ᠢ ᠰᠢᠶ᠋ᠳᠪᠦᠷᠢᠯᠡᠬᠦ ᠬᠡᠷᠡᠭᠲᠡᠶ᠃    ︵4︶ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠴᠢᠳᠠᠮᠠᠭᠠᠶ ᠪᠠᠷ ᠬᠡᠷᠡᠭᠯᠡᠨ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠬᠡᠷᠡᠭᠲᠡᠶ᠃    ︵5︶ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠴᠢᠳᠠᠮᠠᠭᠠᠶ ᠪᠠᠷ ᠬᠡᠷᠡᠭᠯᠡᠨ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠭᠦᠨᠵᠡᠭᠡᠶ ᠲᠦᠯᠬᠢᠨ ᠠᠬᠢᠭᠤᠯᠬᠤ ᠬᠡᠷᠡᠭᠲᠡᠶ᠃
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2