ᠮᠠᠨ ᠤ ᠰᠢᠶᠠᠨ 2023 ᠣᠨ ᠤ ᠯᠢᠶᠠᠩᠴᠧᠩ ᠰᠢᠶᠠᠨ ᠤ ᠦᠨᠳᠦᠰᠦᠨ ᠱᠠᠲᠤᠨ ᠤ ᠠᠮᠢᠲᠠᠨ ᠤ ᠬᠢᠵᠢᠭ ᠢ ᠰᠡᠷᠭᠡᠶᠢᠯᠡᠭᠴᠢ ᠶᠢᠨ ᠲᠤᠰᠬᠠᠶ ᠮᠡᠷᠭᠡᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠡᠷᠭᠢᠯᠡᠪᠡ
ᠨᠡᠶᠢᠲᠡᠯᠡᠭᠰᠡᠨ ᠴᠠᠭ᠄
2023/12/26
  ᠪᠦᠬᠦ ᠰᠢᠶᠠᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠥᠯᠥᠭᠡ᠂ ᠦᠨᠳᠦᠰᠦᠨ ᠱᠠᠲᠤᠨ ᠤ ᠠᠮᠢᠲᠠᠨ ᠤ ᠬᠢᠵᠢᠭ ᠢ ᠰᠡᠷᠭᠡᠶᠢᠯᠡᠭᠴᠢ ᠶᠢᠨ ᠸᠠᠺᠼᠢᠨ ᠢ ᠬᠠᠳᠠᠭᠠᠯᠠᠬᠤ᠂ ᠮᠠᠯ ᠵᠢᠭᠦᠷᠲᠡᠨ ᠤ ᠡᠭᠡᠯᠢᠯᠡᠭᠡ ᠶᠢᠨ ᠤᠷ᠎ᠠ ᠴᠢᠳᠠᠪᠤᠷᠢ᠂ ᠴᠢᠰᠤ ᠠᠪᠴᠤ ᠥᠯᠢᠭᠡᠷ ᠠᠪᠬᠤ ᠵᠡᠷᠭᠡ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠵᠦ᠂ ᠠᠵᠢᠯᠯᠠᠬᠤ ᠠᠯᠬᠤᠮ ᠳᠠᠷᠠᠭ᠎ᠠ ᠶᠢ ᠵᠢᠷᠤᠮᠵᠢᠭᠤᠯᠤᠨ᠂ ᠱᠠᠭᠠᠷᠳᠠᠯᠭ᠎ᠠ ᠶᠣᠰᠣᠭᠠᠷ ᠪᠥᠬᠦ ᠰᠢᠶᠠᠨ ᠤ ᠬᠠᠪᠤᠷ ᠨᠠᠮᠤᠷ ᠤᠨ ᠡᠭᠡᠯᠢᠯᠡᠭᠡ ᠶᠢ ᠰᠡᠷᠭᠡᠶᠢᠯᠡᠬᠦ ᠪᠠ ᠬᠢᠨᠠᠨ ᠬᠡᠮᠵᠢᠵᠦ ᠥᠯᠢᠭᠡᠷ ᠠᠪᠬᠤ ᠡᠭᠦᠷᠭᠡ ᠶᠢ ᠪᠡᠶᠡᠯᠡᠭᠦᠯᠵᠦ᠂ ᠬᠦᠨᠳᠦ ᠶᠡᠭᠡ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠴᠢᠳᠠᠪᠤᠷᠢ ᠪᠠ ᠬᠢᠷᠢ ᠲᠦᠪᠰᠢᠨ ᠢ ᠴᠢᠩᠭᠠᠷᠠᠭᠤᠯᠤᠨ᠂ 12 ᠰᠠᠷ᠎ᠠ ᠶᠢᠨ 22 ᠤᠨ ᠡᠳᠦᠷ᠂ ᠮᠠᠨ ᠤ ᠰᠢᠶᠠᠨ 2023 ᠣᠨ ᠤ ᠯᠢᠶᠠᠩᠴᠧᠩ ᠰᠢᠶᠠᠨ ᠤ ᠦᠨᠳᠦᠰᠦᠨ ᠱᠠᠲᠤᠨ ᠤ ᠠᠮᠢᠲᠠᠨ ᠤ ᠬᠢᠵᠢᠭ ᠢ ᠰᠡᠷᠭᠡᠶᠢᠯᠡᠭᠴᠢ ᠶᠢᠨ ᠲᠤᠰᠬᠠᠶ ᠮᠡᠷᠭᠡᠵᠢᠯ ᠤᠨ ᠳᠡᠭᠡᠭᠰᠢᠯᠡᠭᠦᠯᠬᠦ ᠴᠢᠳᠠᠪᠤᠷᠢ ᠶᠢᠨ ᠪᠣᠯᠪᠠᠰᠤᠷᠠᠭᠤᠯᠤᠯ ᠤᠨ ᠠᠩᠭᠢ ᠶᠢ ᠡᠷᠭᠢᠯᠡᠪᠡ᠃
      ᠲᠣᠰ ᠤᠳᠠᠭᠠᠨ ᠤ ᠪᠣᠯᠪᠠᠰᠤᠷᠠᠭᠤᠯᠤᠯ ᠳᠤ ᠣᠷᠣᠨ ᠤ ᠭᠠᠳᠠᠨᠠᠬᠢ ᠪᠠᠭᠰᠢ ᠪᠠ ᠲᠤᠰᠬᠠᠶ ᠮᠡᠷᠭᠡᠵᠢᠯᠲᠡᠨ ᠢ ᠣᠨᠴᠠᠭᠠᠶᠢᠯᠠᠨ ᠤᠷᠢᠵᠤ ᠬᠢᠴᠢᠶᠡᠯ ᠣᠷᠣᠭᠤᠯᠤᠭᠰᠠᠨ ᠪᠥᠭᠡᠳ ᠮᠠᠨ ᠤ ᠰᠢᠶᠠᠨ ᠤ ᠦᠨᠳᠦᠰᠦᠨ ᠱᠠᠲᠤᠨ ᠤ ᠠᠮᠢᠲᠠᠨ ᠤ ᠬᠢᠵᠢᠭ ᠢ ᠰᠡᠷᠭᠡᠶᠢᠯᠡᠬᠦ ᠠᠵᠢᠯ ᠤᠨ ᠪᠣᠳᠠᠲᠠᠶ ᠪᠠᠶᠢᠳᠠᠯ ᠲᠠᠢ ᠤᠶᠠᠯᠳᠤᠭᠤᠯᠤᠨ᠂ ᠠᠮᠢᠲᠠᠨ ᠤ ᠸᠠᠺᠼᠢᠨ ᠢ ᠬᠠᠳᠠᠭᠠᠯᠠᠬᠤ᠂ ᠠᠵᠢᠯᠯᠠᠭᠤᠯᠬᠤ ᠲᠦᠷᠢᠮ᠂ ᠦᠷᠭᠦᠯᠵᠢ ᠲᠣᠬᠢᠶᠠᠯᠳᠤᠳᠠᠭ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ᠂ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ᠂ ᠠᠮᠢᠳᠤ ᠪᠣᠳᠠᠰ ᠤᠨ ᠠᠮᠤᠷ ᠲᠦᠪᠰᠢᠨ ᠤ ᠬᠠᠮᠢᠶ᠎ᠠ ᠪᠥᠬᠦᠶ ᠮᠡᠳᠡᠯᠭᠡ ᠵᠡᠷᠭᠡ ᠠᠭᠤᠯᠭ᠎ᠠ ᠶᠢᠨ ᠲᠠᠯ᠎ᠠ ᠪᠠᠷ ᠨᠠᠷᠢᠨ ᠲᠠᠶᠢᠯᠪᠤᠷᠢᠯᠠᠯᠲᠠ ᠬᠢᠭᠰᠡᠨ ᠪᠠᠶᠢᠨ᠎ᠠ᠃ ᠪᠠᠭᠰᠢ ᠨᠠᠷ ᠪᠠᠰᠠ ᠰᠤᠷᠤᠭᠴᠢᠳ ᠲᠠᠢ ᠬᠠᠷᠢᠯᠴᠠᠬᠤ ᠬᠡᠯᠪᠡᠷᠢ ᠪᠠᠷ ᠰᠠᠨᠠᠯ ᠢᠶᠠᠨ ᠰᠣᠯᠢᠯᠴᠠᠨ ᠶᠠᠷᠢᠯᠴᠠᠵᠤ᠂ ᠰᠤᠷᠤᠭᠴᠢᠳ ᠤᠨ ᠳᠤᠷᠠᠳᠤᠭᠰᠠᠨ ᠬᠦᠴᠢᠷ ᠲᠦᠪᠡᠭᠲᠡᠢ ᠡᠯᠳᠡᠪ ᠡᠪᠡᠳᠴᠢᠨ ᠳᠤ ᠴᠢᠭᠯᠡᠭᠦᠯᠦᠨ ᠲᠤᠬᠠᠢ ᠶᠢᠨ ᠲᠠᠯᠠᠪᠠᠢ ᠳᠤ ᠨᠠᠷᠢᠨ ᠨᠢᠭᠲᠠ ᠵᠠᠳᠠᠯᠤᠨ ᠲᠠᠶᠢᠯᠪᠤᠷᠢᠯᠠᠵᠤ᠂ ᠰᠤᠷᠤᠭᠴᠢᠳ ᠲᠤ ᠶᠡᠭᠡ ᠠᠰᠢᠭ ᠬᠦᠷᠲᠡᠭᠡᠭᠰᠡᠨ ᠪᠠᠶᠢᠨ᠎ᠠ᠃ ᠣᠶᠢᠯᠠᠭᠠᠭᠰᠠᠨ ᠢᠶᠠᠷ᠂ ᠲᠣᠰ ᠤᠳᠠᠭᠠᠨ ᠤ ᠪᠣᠯᠪᠠᠰᠤᠷᠠᠭᠤᠯᠤᠯ ᠳᠤ 4 ᠡᠳᠦᠷ ᠣᠷᠣᠯᠴᠠᠵᠤ᠂ ᠪᠥᠬᠦ ᠰᠢᠶᠠᠨ ᠤ 8 ᠰᠢᠶᠠᠩ ᠪᠠᠯᠭᠠᠰᠤᠨ ᠤ ᠮᠠᠯ ᠠᠵᠤ ᠠᠬᠤᠶ ᠶᠢᠨ ᠥᠷᠲᠡᠭᠡᠨ ᠤ ᠳᠠᠷᠤᠭ᠎ᠠ ᠵᠢᠴᠢ ᠬᠢᠵᠢᠭ ᠢ ᠰᠡᠷᠭᠡᠶᠢᠯᠡᠬᠦ ᠠᠵᠢᠯᠲᠠᠨ᠂ ᠰᠢᠶᠠᠨ ᠤ ᠬᠢᠵᠢᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠠᠵᠢᠯᠲᠠᠨ ᠨᠡᠶᠢᠲᠡ 170 ᠭᠠᠷᠤᠶ ᠬᠥᠮᠦᠨ ᠣᠷᠣᠯᠴᠠᠵᠠᠶ᠃    ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠳᠡᠮᠵᠢᠨ᠂ ᠮᠠᠨ ᠤ ᠰᠢᠶᠠᠨ ᠤ ᠦᠨᠳᠦᠰᠦᠨ ᠱᠠᠲᠤᠨ ᠤ ᠮᠠᠯ ᠡᠮᠨᠡᠯᠭᠡ ᠶᠢᠨ ᠬᠢᠵᠢᠭ ᠰᠡᠷᠭᠡᠶᠢᠯᠡᠭᠴᠢ ᠶᠢᠨ ᠡᠩᠨᠡᠭᠡ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠵᠢᠴᠢ ᠶᠡᠷᠦᠩᠬᠡᠶᠢᠯᠡᠭᠰᠡᠨ ᠬᠡᠪ ᠪᠣᠯᠪᠠᠰᠤᠷᠠᠯ ᠢ ᠲᠦᠢᠯ ᠤᠨ ᠶᠡᠭᠡ ᠪᠠᠷ ᠳᠡᠭᠡᠭᠰᠢᠯᠡᠭᠦᠯᠬᠦ ᠪᠣᠯᠤᠨ᠎ᠠ᠂ ᠬᠢᠵᠢᠭ ᠰᠡᠷᠭᠡᠶᠢᠯᠡᠭᠴᠢᠳ ᠪᠣᠯᠪᠠᠰᠤᠷᠠᠭᠤᠯᠤᠯ ᠢᠶᠠᠷ ᠳᠡᠮᠵᠢᠨ ᠨᠠᠩ ᠣᠯᠠᠨ ᠠᠮᠢᠲᠠᠨ ᠤ ᠬᠢᠵᠢᠭ ᠰᠡᠷᠭᠡᠶᠢᠯᠡᠬᠦ ᠮᠡᠳᠡᠯᠭᠡ ᠶᠢ ᠤᠯᠠᠮ ᠨᠢᠭᠡ ᠠᠯᠬᠤᠮ ᠡᠵᠡᠮᠰᠢᠵᠦ᠂ ᠬᠤᠶᠢᠰᠢᠳᠠ ᠨᠠᠩ ᠲᠦᠷᠭᠡᠨ ᠨᠠᠩ ᠰᠠᠶᠢᠨ ᠨᠠᠩ ᠴᠢᠨᠠᠷ ᠰᠠᠶᠢᠲᠠᠶ ᠬᠢᠵᠢᠭ ᠢ ᠰᠡᠷᠭᠡᠶᠢᠯᠡᠬᠦ ᠠᠵᠢᠯ ᠢ ᠪᠡᠶᠡᠯᠡᠭᠦᠯᠵᠦ᠂ ᠮᠠᠯ ᠠᠵᠤ ᠠᠬᠤᠶ ᠶᠢᠨ ᠡᠷᠡᠭᠦᠯ ᠢᠶᠠᠷ ᠬᠥᠭᠵᠢᠬᠦ ᠶᠢ ᠬᠠᠮᠠᠭᠠᠯᠠᠨ᠎ᠠ ᠭᠡᠵᠦ ᠬᠤᠶᠢᠨ᠎ᠠ ᠬᠤᠶᠢᠨ᠎ᠠ ᠠᠴᠠ ᠪᠠᠨ ᠢᠯᠡᠷᠬᠡᠶᠢᠯᠡᠵᠦ ᠪᠠᠶᠢᠨ᠎ᠠ᠃
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2