ᠵᠧᠩ ᠳ᠋ᠦᠩ ᠫᠢᠩ ᠵᠢᠷᠭᠤᠳᠤᠭᠠᠷ ᠰᠤᠮᠤ ᠪᠠᠯᠭᠠᠰᠤᠨ ᠳᠤ ᠭᠦᠨᠵᠡᠭᠡᠶᠢᠷᠡᠵᠦ ︽ᠨᠠᠮ ᠤᠨ ᠠᠴᠢ  ᠳᠤ ᠲᠠᠯᠠᠷᠬᠠᠨ ᠨᠠᠮ ᠤᠨ ᠦᠭᠡ ᠶᠢ ᠰᠣᠨᠣᠰᠴᠤ ᠨᠠᠮ ᠢᠶᠠᠨ ᠡᠭᠦᠷᠢᠳᠡ ᠳᠠᠭᠠᠨ᠎ᠠ︾ ᠭᠡᠬᠦ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2023/12/28
  12 ᠰᠠᠷ᠎ᠠ ᠶᠢᠨ 26 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠵᠧᠩ ᠳ᠋ᠦᠩ ᠫᠢᠩ ᠨᠠᠮ ᠤᠨ ᠪᠠᠶᠢᠭᠤᠯᠤᠯᠲᠠ ᠶᠢᠨ ᠬᠠᠷᠢᠯᠴᠠᠬᠤ ᠴᠡᠭ ᠤᠨ ᠵᠢᠷᠭᠤᠳᠤᠭᠠᠷ ᠰᠤᠮᠤ ᠪᠠᠯᠭᠠᠰᠤ ᠪᠣᠯᠤᠨ‌ᠾᠧ ᠱᠧᠩ ᠵᠤᠸᠠᠩ ᠲᠣᠰᠬᠤᠨ ᠳᠤ ᠭᠦᠨᠵᠡᠭᠡᠶᠢᠷᠡᠵᠦ ︽ᠨᠠᠮ ᠤᠨ ᠠᠴᠢ  ᠳᠤ ᠲᠠᠯᠠᠷᠬᠠᠨ ᠨᠠᠮ ᠤᠨ ᠦᠭᠡ ᠶᠢ ᠰᠣᠨᠣᠰᠴᠤ ᠨᠠᠮ ᠢᠶᠠᠨ ᠡᠭᠦᠷᠢᠳᠡ ᠳᠠᠭᠠᠨ᠎ᠠ︾ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠶᠢ ᠥᠷᠨᠢᠭᠦᠯᠪᠡ᠃
     ᠤᠬᠠᠭᠤᠯᠤᠨ ᠲᠠᠶᠢᠯᠪᠤᠷᠢᠯᠠᠬᠤ ᠬᠤᠷᠠᠯ ᠳᠡᠭᠡᠷ᠎ᠡ᠂ ᠵᠧᠩ ᠳ᠋ᠦᠩ ᠫᠢᠩ ᠾᠧ ᠱᠧᠩ ᠵᠤᠸᠠᠩ ᠲᠣᠰᠬᠤᠨ ᠤ ᠦᠨᠳᠦᠰᠦᠨ ᠪᠠᠶᠢᠳᠠᠯ ᠢ ᠨᠠᠷᠢᠨ ᠣᠶᠢᠯᠠᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ᠂ ᠲᠣᠰᠬᠤᠨ ᠤ ᠬᠠᠮᠲᠤ ᠶᠢᠨ ᠠᠵᠤ ᠠᠬᠤᠢ᠂ ᠲᠣᠰᠬᠤᠨ ᠳᠤ ᠰᠠᠭᠤᠭ᠎ᠠ ᠠᠵᠢᠯᠯᠠᠬᠤ ᠠᠩᠬᠢ ᠶᠢᠨ ᠠᠵᠢᠯ ᠵᠢᠴᠢ ᠲᠠᠷᠢᠮᠠᠯ ᠲᠡᠵᠢᠭᠡᠪᠦᠷᠢ ᠶᠢᠨ ᠦᠢᠯᠡᠰ ᠤᠨ ᠬᠥᠭᠵᠢᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠡᠭᠦᠨ ᠤ ᠬᠠᠮᠲᠤ ︽ᠲᠠᠪᠤᠨ ᠥᠭᠦᠯᠡᠪᠦᠷᠢ︾ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠭᠦᠨᠵᠡᠭᠡᠶ ᠤᠶᠢᠯᠠᠭᠠᠨ ᠡᠵᠡᠮᠰᠢᠵᠦ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠠᠬᠢ ᠬᠠᠶᠢᠷ᠎ᠠ ᠬᠠᠯᠠᠮᠵᠢ ᠪᠠ ᠬᠦᠰᠡᠯ ᠨᠠᠶᠢᠳᠠᠯᠭ᠎ᠠ ᠶᠢ ᠭᠦᠨᠵᠡᠭᠡᠢ ᠣᠶᠢᠯᠠᠭᠠᠵᠤ᠂ ᠭᠦᠨᠵᠡᠭᠡᠢ ᠰᠤᠷᠤᠯᠴᠠᠨ ᠣᠶᠢᠯᠠᠭᠠᠵᠤ᠂ ︽ᠰᠠᠨᠠᠯ︾ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠣᠨᠣᠪᠴᠢᠲᠠᠢ ᠡᠵᠡᠮᠳᠡᠬᠦ ᠪᠠ ᠠᠴᠢ ᠳᠤ ᠲᠠᠯᠠᠷᠬᠠᠬᠤ ᠰᠡᠳᠬᠢᠯ ᠪᠠ ᠡᠷᠡᠯᠬᠡᠭᠯᠡᠨ ᠤᠷᠤᠭᠰᠢᠯᠠᠬᠤ ᠵᠣᠷᠢᠭ ᠢᠶᠠᠷ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠵᠡᠷᠭᠡ ᠲᠦᠷᠪᠡᠨ ᠲᠠᠯ᠎ᠠ ᠪᠠᠷ ᠭᠦᠨᠵᠡᠭᠡᠢ ᠪᠥᠭᠡᠳ ᠣᠶᠢᠯᠠᠭᠠᠮᠵᠢᠲᠠᠢ᠂ ᠪᠦᠬᠦ ᠲᠠᠯ᠎ᠠ ᠪᠠᠷ ᠰᠢᠰᠲ᠋ᠧᠮ ᠲᠠᠢ ᠲᠠᠶᠢᠯᠪᠤᠷᠢᠯᠠᠨ ᠲᠠᠶᠢᠯᠪᠤᠷᠢᠯᠠᠵᠤ ᠤᠬᠠᠭᠤᠯᠤᠨ ᠲᠠᠶᠢᠯᠪᠤᠷᠢᠯᠠᠵᠠᠢ᠃ ᠤᠬᠠᠭᠤᠯᠤᠨ ᠲᠠᠶᠢᠯᠪᠤᠷᠢᠯᠠᠬᠤ ᠠᠭᠤᠯᠭ᠎ᠠ ᠨᠢ ᠪᠠᠶᠠᠯᠢᠭ᠂ ᠬᠢᠯᠪᠠᠷ ᠣᠶᠢᠯᠠᠭᠠᠮᠵᠢᠲᠠᠢ᠂ ᠤᠨᠤᠯ ᠤᠨ ᠦᠨᠳᠦᠷᠴᠡ ᠲᠠᠢ ᠪᠥᠭᠡᠳ ᠪᠣᠳᠠᠲᠠᠢ ᠲᠠᠢ ᠨᠢᠭᠲᠠ ᠤᠶᠠᠯᠳᠤᠭᠤᠯᠵᠤ᠂ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ᠂ ᠠᠵᠢᠯᠯᠠᠭ᠎ᠠ ᠳᠡᠭᠡᠷ᠎ᠡ ᠪᠠᠨ ᠦᠷ᠎ᠡ ᠪᠦᠲᠦᠮᠵᠢ ᠭᠠᠷᠭᠠᠬᠤ ᠶᠢ ᠦᠷᠭᠦᠯᠵᠢᠯᠡᠨ ᠠᠬᠢᠭᠤᠯᠵᠤ᠂ ᠨᠠᠮ ᠤᠨ ᠭᠡᠰᠢᠭᠦᠨ ᠺᠠᠳ᠋ᠷᠴᠤᠳ ᠢ ᠬᠦᠳᠦᠯᠥᠨ ᠳᠠᠭᠠᠭᠤᠯᠬᠤ ᠳᠤ ︽ᠨᠠᠮ ᠤᠨ ᠠᠴᠢ ᠲᠤᠰᠠ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠳᠤ ᠬᠦᠴᠦᠲᠡᠢ ᠤᠨᠤᠯ ᠤᠨ ᠵᠢᠷᠤᠮᠯᠠᠯ ᠬᠠᠩᠭᠠᠵᠠᠢ᠃    ᠵᠧᠩ ᠳ᠋ᠦᠩ ᠫᠢᠩ᠂ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾ ᠢ ᠭᠦᠨᠵᠡᠭᠡᠢ ᠰᠤᠷᠤᠯᠴᠠᠵᠤ᠂ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠭᠤᠣᠯ ᠰᠡᠳᠦᠪᠲᠦ ᠬᠥᠮᠦᠵᠢᠯ ᠢ ᠰᠠᠶᠢᠲᠤᠷ ᠠᠳᠬᠤᠬᠤ ᠶᠢ ᠴᠢᠬᠤᠯᠠ ᠤᠯᠤᠰ ᠲᠦᠷᠦ ᠶᠢᠨ ᠡᠭᠦᠷᠭᠡ ᠪᠠᠨ ᠪᠣᠯᠭᠠᠵᠤ᠂ ᠰᠢ ᠶᠢᠨ ᠫᠢᠩ  ᠶᠡᠷᠦᠩᠬᠡᠢ ᠱᠦᠵᠢ ᠶᠢᠨ ᠬᠤᠯᠪᠣᠭᠳᠠᠯ ᠪᠦᠬᠦᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠬᠤ ᠪᠠ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠷᠢᠨ ᠨᠢᠮᠪᠠᠢ ᠲᠥᠯᠥᠪᠵᠢᠭᠦᠯᠵᠦ᠂ ᠡᠯ᠎ᠡ ᠵᠦᠢᠯ ᠤᠨ ᠠᠵᠢᠯ ᠢᠶᠠᠨ ᠨᠠᠷᠢᠨ ᠬᠢᠨᠠᠮᠠᠭᠠᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ ︽ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠲᠠᠭᠠᠬᠤ︾ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ︽ᠵᠢᠷᠭᠤᠭᠠᠨ ᠵᠦᠢᠯ ᠤᠨ ᠠᠴᠢᠶᠠᠯᠠᠪᠤᠷᠢ︾ ᠶᠢ ᠢᠳᠡᠪᠬᠢᠲᠡᠢ ᠰᠠᠶᠢᠲᠤᠷ ᠬᠡᠷᠡᠭᠯᠡᠵᠦ᠂ ᠳᠥᠭᠦᠮ ᠳᠥᠲᠡ ᠪᠥᠭᠡᠳ ᠬᠡᠷᠡᠭᠵᠢᠭᠦᠯᠬᠦ ᠳᠤ ᠬᠢᠯᠪᠡᠷ᠂ ᠤᠯᠠᠨ ᠲᠦᠮᠡᠨ ᠪᠠᠶᠠᠷᠯᠠᠨ ᠤᠭᠲᠤᠬᠤ᠂ ᠪᠣᠳᠠᠲᠠᠢ ᠶᠢ ᠡᠷᠬᠢᠮᠯᠡᠨ ᠦᠢᠯᠡᠳᠦᠯᠭᠡᠵᠢᠭᠦᠯᠬᠦ ᠠᠷᠭ᠎ᠠ ᠬᠡᠯᠪᠡᠷᠢ ᠶᠢ ᠠᠪᠴᠤ᠂ ︽ᠲᠦᠷᠪᠡᠨ ᠰᠤᠷᠭᠠᠨ ᠬᠥᠮᠦᠵᠢᠯ ᠢ ᠠᠭᠤᠰᠤᠯᠴᠠᠭᠤᠯᠬᠤ︾ ᠠᠷᠭ᠎ᠠ ᠶᠢ ᠠᠮᠢᠳᠤᠯᠢᠭ ᠢᠶᠠᠷ ᠬᠡᠷᠡᠭᠯᠡᠵᠦ᠂ ︽ᠵᠢᠷᠭᠤᠭᠠᠨ ᠲᠣᠳᠣᠷᠬᠠᠢ ᠶᠠᠷᠢᠬᠤ︾ ᠲᠣᠭᠤᠷᠢᠨ ᠳᠤ ᠤᠯᠠᠨ ᠲᠦᠮᠡᠨ ᠢ ᠨᠠᠮ ᠤᠨ ᠰᠠᠶᠢᠨ ᠢ ᠰᠡᠳᠬᠢᠯ ᠠᠴᠠ ᠪᠠᠨ ᠰᠠᠨᠠᠭᠠᠯᠵᠠᠵᠤ᠂ ᠨᠠᠮ ᠤᠨ ᠠᠴᠢ ᠶᠢ ᠮᠡᠳᠡᠷᠡᠭᠦᠯᠵᠦ᠂ ᠨᠡᠩ ᠤᠬᠠᠮᠰᠠᠷ ᠠᠴᠠ ᠪᠠᠨ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠬᠤ ᠪᠣᠯᠭᠠᠬᠤ ᠬᠡᠷᠡᠭᠲᠡᠢ᠃ ᠭᠠᠴᠠᠭᠠᠨ ᠤ ᠺᠠᠳ᠋ᠷᠴᠤᠳ ᠠᠵᠢᠯ ᠤᠨ ᠰᠤᠷᠲᠠᠯ ᠢᠶᠠᠨ ᠬᠤᠪᠢᠷᠠᠭᠤᠯᠵᠤ᠂ ᠭᠠᠴᠠᠭᠠᠨ ᠤ ᠶᠠᠪᠤᠳᠠᠯ ᠢ ᠢᠯᠡ ᠪᠣᠯᠭᠠᠬᠤ ᠠᠵᠢᠯ ᠢ ᠰᠠᠶᠢᠲᠤᠷ ᠬᠢᠵᠦ᠂ ᠭᠠᠴᠠᠭᠠᠨ ᠤ ᠠᠷᠠᠳ ᠤᠨ ᠪᠣᠳᠠᠲᠠᠶ ᠬᠦᠴᠢᠷᠳᠡᠯ ᠢ ᠢᠯᠡᠭᠦᠬᠡᠨ ᠣᠶᠢᠯᠠᠭᠠᠵᠤ᠂ ᠣᠯᠠᠨ ᠲᠦᠮᠡᠨ ᠳᠤ ᠢᠯᠡᠭᠦᠬᠡᠨ ᠠᠰᠢᠭ ᠲᠤᠰᠠ ᠣᠯᠭᠤᠵᠤ᠂ ᠦᠨᠡᠨ ᠰᠡᠳᠬᠢᠯ ᠠᠴᠠ ᠪᠠᠨ ᠣᠯᠠᠨ ᠲᠦᠮᠡᠨ ᠳᠤ ᠰᠠᠶᠢᠨ ᠶᠠᠪᠤᠳᠠᠯ ᠬᠢᠵᠦ ᠥᠭᠬᠦ ᠬᠡᠷᠡᠭᠲᠡᠶ᠃    ᠤᠬᠠᠭᠤᠯᠤᠨ ᠲᠠᠶᠢᠯᠪᠤᠷᠢᠯᠠᠬᠤ ᠬᠤᠷᠠᠯ ᠤᠨ ᠲᠠᠷᠠᠭ᠎ᠠ᠂ ᠵᠧᠩ ᠳ᠋ᠦᠩ ᠫᠢᠩ ᠪᠠᠰᠠ ᠵᠢᠷᠭᠤᠳᠤᠭᠠᠷ ᠰᠤᠮᠤ ᠪᠠᠯᠭᠠᠰᠤᠨ ᠤ ᠬᠤᠩ ᠴᠢ ᠶᠢᠩ ᠲᠣᠰᠬᠤᠨ ᠳᠤ ᠭᠦᠨᠵᠡᠭᠡᠶᠢᠷᠡᠵᠦ ︽ᠲᠦᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠴᠤ ᠬᠠᠷᠢᠭᠤ ᠰᠤᠷᠪᠤᠯᠵᠢᠯᠠᠬᠤ ᠠᠵᠢᠯ ᠢ ᠬᠢᠵᠡᠢ᠃                                               ᠨᠠᠶᠢᠷᠠᠭᠤᠯᠤᠭᠴᠢ᠄   ᠶᠠᠩ  ᠿᠦᠢ ᠵᠧᠨ                                               ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2