ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2023 ᠣᠨ ᠤ 16 ᠳ᠋ᠤᠭᠠᠷ ᠤᠳᠠᠭ᠎ᠠ ᠶᠢᠨ ᠲᠥᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/28
  12 ᠰᠠᠷ᠎ᠠ ᠶᠢᠨ 27 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ 2023 ᠣᠨ ᠤ 16 ᠳ᠋ᠤᠭᠠᠷ ᠤᠳᠠᠭ᠎ᠠ ᠶᠢᠨ ᠲᠥᠪᠯᠡᠷᠡᠭᠦᠯᠦᠨ ᠰᠤᠷᠤᠯᠴᠠᠬᠤ ᠬᠤᠷᠠᠯ ᠢ ᠬᠤᠷᠠᠯᠳᠤᠭᠤᠯᠪᠠ᠃ ᠰᠢ ᠶᠢᠨ ᠫᠢᠩ ᠶᠡᠷᠦᠩᠬᠡᠢ ᠱᠦᠵᠢ ᠶᠢᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠰᠡᠳᠦᠪᠲᠦ ᠬᠥᠮᠦᠵᠢᠯ᠂ ᠱᠠᠰᠢᠨ ᠰᠤᠷᠲᠠᠬᠤᠨ ᠤ ᠠᠵᠢᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠪᠣᠯᠤᠨ ᠠᠶᠤᠯᠭᠦᠢ ᠦᠢᠯᠡᠳᠪᠦᠷᠢᠯᠡᠯ ᠵᠡᠷᠭᠡ ᠬᠠᠮᠢᠶ᠎ᠠ ᠪᠦᠬᠦᠢ ᠠᠭᠤᠯᠭ᠎ᠠ ᠶᠢ ᠲᠤᠰᠬᠠᠢ ᠰᠡᠳᠦᠪ ᠢᠶᠠᠷ ᠰᠤᠷᠤᠯᠴᠠᠬᠤ ᠶᠢᠨ ᠬᠠᠮᠲᠤ ᠰᠤᠳᠤᠯᠤᠨ ᠶᠠᠷᠢᠯᠴᠠᠵᠤ ᠰᠣᠯᠢᠯᠴᠠᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠯᠢᠦ ᠶᠢᠨ ᠲᠤᠤ ᠬᠤᠷᠠᠯ ᠡᠷᠬᠢᠯᠡᠵᠦ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠵᠧᠩ ᠳ᠋ᠦᠩ ᠫᠢᠩ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠵᠤᠤ ᠷᠦᠢ ᠵᠡᠷᠭᠡ ᠰᠢᠶᠠᠨ ᠤ ᠭᠠᠵᠠᠷ ᠤᠨ ᠲᠡᠰ ᠤᠨ ᠤᠳᠤᠷᠢᠳᠤᠯᠭ᠎ᠠ ᠣᠷᠣᠯᠴᠠᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠶ ᠱᠦᠵᠢ ᠶᠢᠨ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠪᠠ  ᠤᠶᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠶᠢᠨ  ᠰᠢᠢᠳᠪᠤᠷᠢᠳᠦ ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠳᠡᠭᠡᠷ᠎ᠡ ᠨᠢᠭᠡᠳᠬᠡᠵᠦ᠂ ᠠᠵᠢᠯ ᠤᠨ ᠭᠤᠤᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠲᠦᠷᠢᠮ ᠢ ᠨᠠᠶᠢᠳᠠᠪᠤᠷᠢᠵᠢᠭᠤᠯᠵᠤ᠂ ᠬᠠᠤᠯᠢ ᠶᠢ ᠵᠥᠷᠢᠴᠡᠨ ᠡᠵᠡᠯᠡᠨ ᠳᠠᠷᠢᠬᠤ ᠠᠵᠢᠯᠯᠠᠭ᠎ᠠ ᠶᠢ ᠦᠷᠭᠦᠯᠵᠢᠯᠡᠨ ᠴᠡᠭᠴᠡᠯᠡᠨ ᠵᠠᠰᠠᠵᠤ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾᠂ ᠦᠨᠳᠦᠰᠦᠨ ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾ ᠶᠢ ᠡᠷᠡᠰ ᠬᠤᠷᠢᠭᠯᠠᠬᠤ ᠬᠡᠷᠡᠭᠲᠡᠶ᠃ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠪᠣᠯᠪᠠᠰᠤᠷᠠᠭᠤᠯᠬᠤ ᠦᠢᠯᠡᠰ ᠢ ᠶᠡᠭᠡ ᠪᠠᠷ ᠬᠥᠭᠵᠢᠭᠦᠯᠵᠦ᠂ ᠲᠣᠯᠣᠭᠠᠶᠢᠯᠠᠭᠴᠢ ᠠᠵᠤ ᠠᠬᠤᠶᠢᠯᠠᠯ ᠢ ᠲᠠᠰᠤᠷᠠᠯᠲᠠ ᠦᠭᠡᠢ ᠪᠤᠶᠢᠵᠢᠭᠤᠯᠤᠨ ᠪᠤᠵᠠᠭᠠᠶᠢᠷᠠᠭᠤᠯᠵᠤ᠂ ᠡᠯᠳᠡᠪ ᠠᠮᠤ ᠡᠯᠳᠡᠪ ᠪᠤᠷᠴᠠᠭ ᠲᠠᠷᠢᠬᠤ ᠲᠠᠯᠠᠪᠠᠢ ᠶᠢ ᠤᠯᠠᠮ ᠨᠢᠭᠡ ᠠᠯᠬᠤᠮ ᠥᠷᠭᠡᠳᠬᠡᠵᠦ᠂ ᠨᠣᠬᠠᠶ ᠶᠢᠨ ᠬᠤᠰᠢᠭᠤ᠂ ᠴᠢᠴᠠᠷᠭᠠᠨ᠎ᠠ᠂ ᠨᠢᠮᠪᠡᠭᠡ᠂ ᠵᠢᠮᠢᠰ ᠨᠣᠭᠤᠭ᠎ᠠ ᠵᠡᠷᠭᠡ ᠤᠨᠴᠠᠯᠢᠭᠳᠤ ᠠᠵᠤ ᠦᠢᠯᠡᠰ ᠢ ᠪᠤᠵᠠᠭᠠᠶᠢᠷᠠᠭᠤᠯᠵᠤ᠂ ︽ᠯᠢᠶᠠᠩᠴᠧᠩ ᠰᠢᠶᠠᠨ ᠤ ᠬᠠᠭᠤᠷᠠᠶ ᠠᠮᠤ︾ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭ ᠢ ᠰᠠᠶᠢᠲᠤᠷ ᠬᠡᠷᠡᠭᠯᠡᠬᠦ ᠬᠡᠷᠡᠭᠲᠡᠶ᠃ ᠮᠠᠨ ᠤ ᠰᠢᠶᠠᠨ ᠤ ᠰᠠᠭᠠᠯᠢ ᠶᠢᠨ ᠦᠨᠢᠶ᠎ᠡ ᠶᠢ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠰᠠᠭᠤᠷᠢ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠬᠡᠪᠴᠢᠶᠡᠵᠢᠭᠰᠡᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠪᠦᠯᠦᠭᠯᠡᠯ ᠢ ᠬᠥᠭᠵᠢᠭᠦᠯᠦᠨ ᠪᠤᠵᠠᠭᠠᠶᠢᠷᠠᠭᠤᠯᠵᠤ᠂ ᠴᠢᠨᠠᠷ ᠰᠠᠶᠢᠲᠠᠢ ᠠᠯᠠᠰᠢᠨ ᠦᠬᠡᠷ ᠤᠨ ᠡᠭᠦᠯᠳᠡᠷ ᠢ ᠰᠣᠩᠭᠤᠨ ᠪᠤᠶᠢᠵᠢᠭᠤᠯᠬᠤ ᠶᠢ ᠴᠢᠩᠭᠠᠳᠬᠠᠵᠤ᠂ ᠴᠢᠨᠠᠷ ᠰᠠᠶᠢᠲᠠᠢ ᠡᠭᠦᠯᠳᠡᠷ ᠢ ᠣᠷᠣᠭᠤᠯᠤᠨ ᠠᠪᠴᠢᠷᠠᠵᠤ᠂ ᠳᠠᠷᠢᠵᠤ ᠲᠡᠵᠢᠭᠡᠬᠦ ᠲᠤᠮᠤ ᠡᠷᠦᠬᠡ᠂ ᠲᠠᠷᠢᠶᠠᠴᠢᠳ ᠤᠨ ᠬᠤᠷᠰᠢᠶ᠎ᠠ ᠵᠡᠷᠭᠡ ᠶᠢᠨ ᠠᠯᠠᠰᠢᠨ ᠦᠬᠡᠷ ᠤᠨ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠶᠢ ᠵᠣᠷᠢᠭᠵᠢᠭᠤᠯᠵᠤ᠂ ᠲᠠᠷᠢᠶᠠᠯᠠᠩ ᠤᠨ ᠠᠵᠤ ᠦᠢᠯᠡᠰ ᠤᠨ ᠪᠦᠬᠦ ᠲᠠᠯ᠎ᠠ ᠶᠢᠨ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ᠃    ᠬᠤᠷᠠᠯ ᠠᠴᠠ᠂ ︽ᠮᠢᠩᠭᠠᠨ ᠲᠦᠮᠡᠨ ᠢᠨᠵᠧᠨᠧᠷᠢᠩ︾ ᠤᠨ ᠲᠤᠷᠰᠢᠯᠭ᠎ᠠ ᠶᠢ ᠰᠠᠶᠢᠲᠤᠷ ᠰᠤᠷᠤᠯᠴᠠᠨ ᠰᠠᠶᠢᠲᠤᠷ ᠬᠡᠷᠡᠭᠯᠡᠵᠦ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠬᠥᠳᠡᠭᠡ ᠲᠣᠰᠬᠤᠨ ᠤ ᠬᠠᠤᠯᠢᠵᠢᠯ ᠤᠨ ᠬᠥᠮᠦᠵᠢᠯ ᠪᠣᠯᠤᠨ ᠬᠠᠤᠯᠢ ᠴᠠᠭᠠᠵᠠ ᠶᠢᠨ ᠦᠢᠯᠡᠴᠢᠯᠡᠭᠡ ᠶᠢ ᠴᠢᠩᠭᠠᠳᠬᠠᠵᠤ᠂ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ︽ᠭᠤᠷᠪᠠ ᠶᠢ ᠪᠣᠳᠠᠲᠠᠶᠢᠵᠢᠭᠤᠯᠵᠤ ᠨᠢᠭᠡ ᠶᠢ ᠰᠢᠢᠳᠪᠦᠷᠢᠯᠡᠬᠦ︾ ᠵᠠᠷᠴᠢᠮ ᠢ ᠴᠢᠩᠭ᠎ᠠ ᠵᠢᠷᠤᠮᠯᠠᠵᠤ᠂ ︽ᠲᠦᠷᠪᠡᠨ ᠬᠠᠷᠢᠭᠤᠴᠠᠯᠭ᠎ᠠ︾ ᠶᠢᠨ ᠬᠡᠯᠬᠢᠶ᠎ᠡ ᠶᠢ ᠴᠢᠩᠭ᠎ᠠ ᠠᠳᠬᠤᠵᠤ᠂ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠢ ᠵᠣᠬᠢᠰᠲᠠᠢ ᠰᠢᠢᠳᠪᠦᠷᠢᠯᠡᠬᠦ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠠᠬᠢ ᠪᠤᠶ ᠪᠣᠯᠭᠠᠵᠤ᠂ ︽ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ᠂ ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ᠂ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ︾ ᠠᠶᠤᠯ ᠥᠬᠡᠶ  ᠤᠶᠢᠯᠡᠳᠪᠤᠷᠢᠯᠡᠯ ᠤᠨ ᠬᠠᠷᠢᠭᠤᠴᠠᠯᠭ᠎ᠠ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠬᠦᠯᠵᠦ᠂ ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠤᠶᠢᠯᠡᠳᠪᠤᠷᠢᠯᠡᠯ‌ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ ᠶᠢ ᠦᠨᠡᠨᠬᠦ ᠪᠡᠶᠡᠯᠡᠭᠦᠯᠵᠦ᠂ ᠡᠯ᠎ᠡ ᠲᠥᠷᠥᠯ ᠤᠨ ᠠᠮᠤᠷ ᠲᠦᠪᠰᠢᠨ ᠤ ᠳᠠᠯᠳᠠ ᠬᠡᠮ ᠢ ᠪᠠᠶᠢᠩᠭᠤᠵᠢᠭᠤᠯᠤᠨ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠠᠮᠤᠷ ᠲᠦᠪᠰᠢᠨ ᠤ ᠪᠣᠯᠪᠠᠰᠤᠷᠠᠭᠤᠯᠤᠯ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠵᠡᠷᠭᠡ ᠡᠯ᠎ᠡ  ᠵᠤᠶᠢᠯ ᠤᠨ ᠠᠵᠢᠯ ᠢ ᠰᠠᠶᠢᠲᠤᠷ ᠬᠢᠵᠦ᠂ ᠬᠦᠨᠳᠦ ᠶᠡᠭᠡ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ᠃                                           ᠨᠠᠶᠢᠷᠠᠭᠤᠯᠤᠭᠴᠢ᠄  ᠯᠢ ᠬᠤᠩ ᠢᠦᠢ                                             ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2