ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠴᠧᠨ ᠿᠦᠢ ᠧ ᠴᠧᠩ ᠵᠢᠶᠠ ᠶᠢᠩ ᠲᠣᠰᠬᠤᠨ ᠳᠤ ᠭᠦᠨᠵᠡᠭᠡᠶᠢᠷᠡᠨ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/12/6
  12 ᠰᠠᠷ᠎ᠠ ᠶᠢᠨ 4 ᠤ ᠡᠳᠦᠷ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠴᠧᠨ ᠿᠦᠢ ᠧ  ᠮᠠᠩᠬᠠᠨ ᠪᠠᠯᠭᠠᠰᠤᠨ ᠤ ᠴᠧᠩ ᠵᠢᠶᠠ ᠶᠢᠩ ᠵᠠᠰᠠᠭ ᠵᠠᠬᠢᠷᠭᠠᠨ ᠤ ᠲᠣᠰᠬᠤᠨ ᠤ ᠨᠠᠮ ᠤᠨ ᠡᠭᠦᠷ ᠲᠤ ᠭᠦᠨᠵᠡᠭᠡᠶᠢᠷᠡᠵᠦ᠂ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃    ᠤᠬᠠᠭᠤᠯᠤᠨ ᠲᠠᠶᠢᠯᠪᠤᠷᠢᠯᠠᠬᠤ ᠳᠤᠮᠳᠠ᠂ ᠴᠧᠨ ᠿᠦᠢ ᠧ ︽ᠲᠠᠪᠤᠨ ᠦᠭᠡ︾ ᠶᠢᠨ ᠪᠣᠳᠠᠲᠤ ᠶᠠᠪᠤᠳᠠᠯ ᠪᠣᠯᠤᠨ ᠶᠣᠰᠣ ᠤᠴᠢᠷ ᠢ ᠭᠦᠨᠵᠡᠭᠡᠢ ᠤᠢᠢᠯᠠᠭᠠᠨ ᠡᠵᠡᠮᠰᠢᠪᠡ︔ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠬᠠᠶᠢᠷ᠎ᠠ ᠬᠠᠯᠠᠮᠵᠢ ᠪᠣᠯᠤᠨ ᠬᠦᠰᠡᠯ ᠡᠷᠡᠮᠡᠯᠵᠡᠯ ᠵᠡᠷᠭᠡ ᠲᠠᠯ᠎ᠠ ᠪᠠᠷ ᠭᠦᠨᠵᠡᠭᠡᠢ ᠲᠠᠶᠢᠯᠪᠤᠷᠢᠯᠠᠯᠲᠠ ᠬᠢᠵᠦ᠂ ᠤᠯᠠᠨ ᠢ ᠪᠠᠲᠤ ᠴᠢᠩᠭ᠎ᠠ ᠠᠴᠢ ᠬᠠᠷᠢᠭᠤᠯᠠᠬᠤ ᠰᠡᠳᠬᠢᠯᠭᠡ ᠪᠣᠯᠤᠨ ᠡᠷᠡᠯᠬᠡᠭᠯᠡᠨ ᠤᠷᠤᠭᠰᠢᠯᠠᠬᠤ ᠵᠣᠷᠢᠭ ᠢᠶᠠᠷ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ︾ ᠢ ᠰᠠᠶᠢᠲᠤᠷ ᠠᠳᠬᠤᠵᠤ᠂ ᠨᠠᠮ ᠤᠨ ᠭᠡᠰᠢᠭᠦᠨ ᠺᠠᠳ᠋ᠷᠴᠤᠳ ᠲᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠪᠣᠳᠠᠲᠤ ᠠᠵᠢᠯᠯᠠᠭ᠎ᠠ ᠳᠤᠮᠳᠠᠬᠢ ᠴᠢᠬᠤᠯᠠ ᠠᠴᠢ ᠬᠤᠯᠪᠣᠭᠳᠠᠯ ᠢ ᠨᠡᠩ ᠭᠦᠨᠵᠡᠭᠡᠢ ᠣᠶᠢᠯᠠᠭᠠᠭᠤᠯᠵᠤ᠂ ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ ᠢᠲᠡᠭᠡᠯ ᠵᠣᠷᠢᠭ ᠢ ᠨᠡᠩ ᠪᠠᠲᠤᠳᠬᠠᠪᠠ᠃    ᠤᠯᠠᠨ ᠢᠶᠠᠷ ᠢᠶᠠᠨ᠂ ᠲᠤᠰ ᠤᠳᠠᠭ᠎ᠠ ᠶᠢᠨ ᠤᠬᠠᠭᠤᠯᠤᠨ ᠲᠠᠶᠢᠯᠪᠤᠷᠢᠯᠠᠬᠤ ᠪᠠᠷ ᠠᠵᠠ ᠲᠣᠬᠢᠶᠠᠯ ᠪᠣᠯᠭᠠᠵᠤ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠬᠠᠷᠢᠭᠤᠯᠠᠨ ᠡᠷᠡᠯᠬᠡᠭᠯᠡᠨ ᠤᠷᠤᠭᠰᠢᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠢᠮ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠲᠤᠰ ᠪᠡᠶ᠎ᠡ ᠶᠢᠨ ᠠᠵᠢᠯ ᠤᠨ ᠪᠠᠶᠢᠷᠢ ᠳᠠᠭᠠᠨ ᠰᠠᠭᠤᠷᠢᠯᠠᠵᠤ᠂ ᠢᠲᠡᠭᠡᠯ ᠵᠣᠷᠢᠭ ᠢᠶᠠᠨ ᠲᠠᠰᠤᠷᠠᠯᠲᠠ ᠦᠭᠡᠢ ᠪᠠᠲᠤᠳᠬᠠᠵᠤ᠂ ᠠᠵᠢᠯ ᠬᠢᠬᠦ ᠴᠢᠳᠠᠪᠤᠷᠢ ᠪᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠤᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠤᠨ ᠲᠣᠭᠤᠷᠢᠨ ᠳᠤ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾ ᠢ ᠲᠤᠤᠱᠯᠠᠭᠤᠯᠤᠨ ᠬᠡᠷᠡᠭᠵᠢᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠯᠢᠶᠠᠩᠴᠧᠩ ᠰᠢᠶᠠᠨ ᠤ ᠴᠢᠨᠠᠷ ᠰᠠᠶᠢᠲᠠᠢ ᠬᠥᠭᠵᠢᠯᠲᠡ ᠶᠢ ᠨᠡᠩ ᠰᠠᠶᠢᠲᠤᠷ ᠪᠡᠶᠡᠯᠡᠭᠦᠯᠬᠦ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃                                                   ᠨᠠᠶᠢᠷᠠᠭᠤᠯᠤᠭᠴᠢ᠄   ᠶᠠᠩ  ᠿᠦᠢ ᠵᠧᠨ                                                   ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2