ᠭᠤᠤ ᠵᠢᠶᠦ᠋ᠨ ᠲᠢᠩ ᠴᠠᠩ ᠬᠠᠨ ᠶᠢᠩ ᠲᠣᠰᠬᠤᠨ ᠳᠤ ᠭᠦᠨᠵᠡᠭᠡᠶᠢᠷᠡᠨ ︽ᠨᠠᠮ ᠤᠨ ᠠᠴᠢ  ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠬᠢᠪᠡ
ᠨᠡᠶᠢᠲᠡᠯᠡᠭᠰᠡᠨ ᠴᠠᠭ᠄
2023/12/7
  12 ᠰᠠᠷ᠎ᠠ ᠶᠢᠨ 6 ᠤ ᠡᠳᠦᠷ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠭᠤᠤ ᠵᠢᠶᠦ᠋ᠨ ᠲᠢᠩ ᠼᠤᠤ ᠨᠢᠶᠠᠨ ᠮᠠᠨᠵᠤ ᠦᠨᠳᠦᠰᠦᠲᠡᠨ ᠤ ᠰᠢᠶᠠᠩ ᠤᠨ ᠴᠠᠩ ᠬᠠᠨ ᠶᠢᠩ ᠵᠠᠰᠠᠭ ᠵᠠᠬᠢᠷᠭᠠᠨ ᠤ ᠲᠣᠰᠬᠤᠨ ᠳᠤ ᠭᠦᠨᠵᠡᠭᠡᠶᠢᠷᠡᠨ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠬᠢᠪᠡ᠃    ᠤᠬᠠᠭᠤᠯᠤᠨ ᠲᠠᠶᠢᠯᠪᠤᠷᠢᠯᠠᠬᠤ ᠬᠤᠷᠠᠯ ᠳᠡᠭᠡᠷ᠎ᠡ᠂ ᠭᠤᠤ ᠵᠢᠶᠦ᠋ᠨ ᠲᠢᠩ ︽ᠲᠠᠪᠤᠨ ᠦᠭᠡ︾ ᠶᠢᠨ ᠪᠣᠳᠠᠲᠤ ᠶᠠᠪᠤᠳᠠᠯ ᠪᠣᠯᠤᠨ ᠶᠣᠰᠣ ᠤᠴᠢᠷ ᠢ ᠭᠦᠨᠵᠡᠭᠡᠢ ᠤᠢᠢᠯᠠᠭᠠᠨ ᠡᠵᠡᠮᠰᠢᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠭᠦᠨ ᠵᠤᠵᠠᠭᠠᠨ ᠬᠠᠶᠢᠷ᠎ᠠ ᠬᠠᠯᠠᠮᠵᠢ ᠪᠣᠯᠤᠨ ᠬᠦᠰᠡᠯ ᠨᠠᠶᠢᠳᠠᠯᠭ᠎ᠠ ᠶᠢ ᠭᠦᠨᠵᠡᠭᠡᠢ ᠤᠢᠢᠯᠠᠭᠠᠨ ᠣᠶᠢᠯᠠᠭᠠᠵᠤ᠂ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ︾ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠪᠦᠬᠦ ᠲᠠᠯ᠎ᠠ ᠪᠠᠷ ᠣᠨᠣᠪᠴᠢᠲᠠᠢ ᠡᠵᠡᠮᠳᠡᠵᠦ᠂ ᠴᠢᠩᠭ᠎ᠠ ᠬᠦᠴᠦᠲᠡᠢ ᠠᠴᠢ ᠬᠠᠷᠢᠭᠤᠯᠠᠬᠤ ᠰᠡᠳᠬᠢᠯᠭᠡ ᠪᠣᠯᠤᠨ ᠡᠷᠡᠯᠬᠡᠭᠯᠡᠨ ᠤᠷᠤᠭᠰᠢᠯᠠᠬᠤ ᠵᠣᠷᠢᠭ ᠢᠶᠠᠷ ︽ᠰᠠᠨᠠᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠵᠡᠷᠭᠡ ᠬᠡᠳᠦᠨ ᠲᠠᠯ᠎ᠠ ᠪᠠᠷ ᠰᠢᠰᠲ᠋ᠧᠮ ᠲᠠᠢ ᠲᠠᠶᠢᠯᠤᠮᠵᠢ ᠪᠠ ᠭᠦᠨᠵᠡᠭᠡᠢ ᠲᠠᠶᠢᠯᠪᠤᠷᠢᠯᠠᠯᠲᠠ ᠬᠢᠭᠰᠡᠨ ᠪᠥᠭᠡᠳ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠪᠣᠳᠠᠲᠠᠢ ᠲᠠᠢ ᠤᠶᠠᠯᠳᠤᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ︽ᠰᠠᠨᠠᠯ︾ ᠤᠨ ᠵᠣᠷᠢᠭ ᠰᠠᠨᠠᠭᠠᠨ ᠤ ᠠᠭᠤᠯᠤᠭᠳᠠᠬᠤᠨ ᠢ ᠴᠢᠨᠠᠭᠰᠢᠳᠠ ᠭᠦᠨᠵᠡᠭᠡᠢ ᠣᠶᠢᠯᠠᠭᠠᠵᠤ᠂ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠳᠤ ᠬᠦᠴᠦᠲᠡᠢ ᠵᠢᠯᠤᠭᠤᠳᠤᠯᠭ᠎ᠠ ᠬᠠᠩᠭᠠᠵᠠᠢ᠃    ᠣᠯᠠᠨ ᠢᠶᠠᠷ ᠢᠶᠠᠨ᠂ ᠬᠤᠶᠢᠰᠢᠳᠠ ᠶᠢᠨ ᠠᠵᠢᠯ ᠤᠨ ᠳᠤᠮᠳᠠ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠬᠤ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠶ ᠭᠦᠢᠴᠡᠳᠭᠡᠵᠦ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠡᠯ᠎ᠡ ᠵᠦᠢᠯ ᠤᠨ ᠪᠠᠶᠢᠷᠢᠯᠠᠭᠤᠯᠤᠯᠲᠠ ᠶᠢ ᠯᠢᠶᠠᠩᠴᠧᠩ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ ᠭᠡᠵᠦ ᠢᠯᠡᠳᠬᠡᠵᠡᠭᠡᠪᠡ᠃                                                 ᠨᠠᠶᠢᠷᠠᠭᠤᠯᠤᠭᠴᠢ᠄   ᠶᠠᠩ  ᠿᠦᠢ ᠵᠧᠨ                                                 ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2