ᠰᠢᠶᠠᠨ ᠤ ᠨᠠᠮ ᠤᠨ ᠬᠤᠷᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠮᠠᠩᠬᠠᠨ ᠪᠠᠯᠭᠠᠰᠤᠨ ᠳᠤ ᠭᠦᠨᠵᠡᠭᠡᠶᠢᠷᠡᠨ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/12/7
  ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠶᠢᠨ ᠲᠥᠯᠥᠭᠡ᠂ 12 ᠰᠠᠷ᠎ᠠ ᠶᠢᠨ 7 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠯᠧᠺᠲ᠋ᠣᠷ ᠤᠨ ᠪᠦᠯᠬᠦᠮ ᠮᠠᠩᠬᠠᠨ ᠪᠠᠯᠭᠠᠰᠤ ᠪᠣᠯᠤᠨ ᠭᠦᠸᠧ ᠰᠢᠶᠠᠨ ᠶᠣᠣ ᠲᠣᠰᠬᠤᠨ ᠤ ᠠᠷᠠᠳ ᠤᠨ ᠵᠥᠪᠯᠡᠯ ᠳᠤ ᠭᠦᠨᠵᠡᠭᠡᠶᠢᠷᠡᠨ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠭᠤᠤᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ ᠬᠢᠪᠠ᠃    ᠮᠡᠳᠡᠭᠦᠯᠦᠯᠲᠡ ᠶᠢᠨ ᠬᠤᠷᠠᠯ ᠳᠡᠭᠡᠷ᠎ᠡ᠂ ᠰᠢᠶᠠᠨ ᠤ ᠨᠠᠮ ᠤᠨ ᠬᠤᠷᠢᠶᠠᠨ ᠤ ᠯᠧᠺᠲ᠋ᠣᠷ ᠤᠨ ᠪᠦᠯᠬᠦᠮ ᠤᠨ ᠯᠧᠺᠲ᠋ᠣᠷ ᠵᠧᠩ ᠵᠢᠶᠧ ᠲᠢᠩ ᠲᠣᠰ ᠲᠣᠰ ︽ᠲᠠᠪᠤᠨ ᠦᠭᠡ︾ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠭᠦᠨᠵᠡᠭᠡᠶ ᠤᠶᠢᠯᠠᠭᠠᠨ ᠡᠵᠡᠮᠰᠢᠵᠦ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠭᠦᠨ ᠵᠤᠵᠠᠭᠠᠨ ᠬᠠᠶᠢᠷ᠎ᠠ ᠪᠠ ᠬᠦᠰᠡᠯ ᠨᠠᠶᠢᠳᠠᠯᠭ᠎ᠠ ᠶᠢ ᠭᠦᠨᠵᠡᠭᠡᠶ  ᠣᠶᠢᠯᠠᠭᠠᠵᠤ᠂ ᠴᠢᠩᠭ᠎ᠠ ᠠᠴᠢ ᠬᠠᠷᠢᠭᠤᠯᠠᠬᠤ ᠰᠡᠳᠬᠢᠯᠭᠡ ᠪᠠ ᠡᠷᠡᠯᠬᠡᠭᠯᠡᠨ ᠤᠷᠤᠭᠰᠢᠯᠠᠬᠤ ᠵᠣᠷᠢᠭ ᠢᠶᠠᠷ ᠲᠥᠷᠥ ᠶᠢᠨ ᠶᠠᠪᠤᠳᠠᠯ ᠤᠨ ᠬᠤᠷᠢᠶᠠᠨ ᠤ ᠳᠠᠷᠤᠮᠠᠯᠯᠠᠨ ᠲᠠᠷᠬᠠᠭᠠᠭᠰᠠᠨ ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠵᠡᠷᠭᠡ ᠲᠠᠯ᠎ᠠ ᠪᠠᠷ ᠭᠦᠨᠵᠡᠭᠡᠶ ᠪᠥᠭᠡᠳ ᠣᠶᠢᠯᠠᠭᠠᠮᠵᠢᠲᠠᠶ᠂ ᠪᠥᠬᠦ ᠲᠠᠯ᠎ᠠ ᠶᠢᠨ ᠨᠠᠷᠢᠨ ᠪᠣᠳᠠᠲᠠᠶ ᠲᠠᠶᠢᠯᠤᠮᠵᠢ ᠬᠢᠪᠠ᠃ ᠬᠤᠷᠠᠯ ᠳᠤ ᠣᠷᠣᠯᠴᠠᠭᠰᠠᠳ ᠢᠯᠡᠷᠭᠡᠶᠢᠯᠡᠵᠡᠭᠡᠭᠰᠡᠨ ᠨᠢ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠳᠤ ᠲᠠᠯᠠᠷᠬᠠᠨ ᠡᠷᠡᠮᠡᠬᠡᠶᠢᠯᠡᠨ ᠤᠷᠤᠭᠰᠢᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠭᠦᠨᠵᠡᠭᠡᠢ ᠰᠤᠷᠤᠯᠴᠠᠨ ᠨᠡᠪᠲᠡᠷᠬᠡᠢ ᠣᠶᠢᠯᠠᠭᠠᠵᠤ ᠦᠨᠡᠨᠴᠢ ᠰᠢᠳᠤᠷᠭᠤ ᠪᠠᠷ ᠬᠡᠷᠡᠭᠵᠢᠭᠦᠯᠬᠦ ᠶᠢ ᠪᠡᠶᠡᠯᠡᠭᠦᠯᠦᠨ᠎ᠡ ᠬᠡᠵᠡᠢ᠃                                                 ᠨᠠᠶᠢᠷᠠᠭᠤᠯᠤᠭᠴᠢ᠄   ᠶᠠᠩ  ᠿᠦᠢ ᠵᠧᠨ                                                 ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2