2 ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ | ᠪᠡᠶ᠎ᠡ ᠶᠢᠨ ᠲᠠᠮᠢᠷ ᠤᠨ ᠴᠤᠭᠯᠠᠭᠠᠨ ᠤ ᠡᠪᠦᠯ ᠤᠨ ᠤᠯᠠᠷᠢᠯ ᠤᠨ ᠬᠤᠶᠠᠷ ᠲᠦᠷᠦᠯ ᠤᠨ ᠡᠮᠡᠭᠲᠡᠶ ᠶᠢᠨ ᠬᠥᠬᠡ | ᠪᠥᠮᠪᠦᠭᠡ ᠶᠢᠨ ᠳᠤᠭᠤᠶᠢᠯᠠᠩ ᠤᠨ 12.5 ᠺᠢᠯᠣᠮᠧᠲᠷ ᠤᠨ ᠬᠠᠮᠲᠤ ᠬᠠᠮᠲᠤ ᠪᠠᠷ ᠮᠣᠷᠳᠠᠵᠤ ᠤᠷᠤᠯᠳᠤᠬᠤ | ᠤᠷᠤᠯᠳᠤᠭᠠᠨ ᠲᠠᠭ᠎ᠠ ᠶᠢᠨ ᠨᠠᠭᠤᠷ ᠣᠯᠠᠨ ᠤᠯᠤᠰ ᠤᠨ ᠴᠠᠰᠤᠨ ᠳᠤ ᠭᠤᠯᠭᠤᠬᠤ ᠲᠠᠯᠠᠪᠠᠶ ᠳᠤ ᠥᠨᠳᠥᠷᠯᠡᠵᠦ᠂ | ᠪᠠᠶᠠᠨᠨᠠᠭᠤᠷ ᠬᠤᠲᠠ ᠶᠢᠨ ᠯᠢ ᠬᠤᠤ ᠷᠦᠩ ᠮᠠᠩᠯᠠᠶᠢᠯᠠᠪᠠ᠃ | | | | | | ᠲᠣᠰ ᠤᠳᠠᠭᠠᠨ ᠤ ᠤᠷᠤᠯᠳᠤᠭᠠᠨ ᠳᠤ ᠡᠮᠡᠭᠲᠡᠶ ᠶᠢᠨ ᠬᠥᠬᠡ ᠳᠤᠭᠤᠶᠢᠯᠠᠩ ᠤᠨ 12.5 ᠺᠢᠯᠣᠮᠧᠲᠷ ᠬᠠᠮᠲᠤ ᠪᠠᠷ | ᠮᠣᠷᠳᠠᠬᠤ ᠳᠤ ᠪᠠᠶᠠᠨᠨᠠᠭᠤᠷ ᠬᠤᠲᠠ᠂ ᠬᠥᠯᠥᠨ ᠪᠤᠶᠢᠷ ᠬᠤᠲᠠ ᠶᠢᠨ 2 ᠲᠥᠯᠥᠭᠡᠯᠡᠭᠴᠢᠳ ᠤᠨ ᠠᠩᠭᠢ᠂ 9 | ᠲᠠᠮᠢᠷᠴᠢᠨ ᠣᠷᠣᠯᠴᠠᠭᠰᠠᠨ ᠪᠠᠶᠢᠨ᠎ᠠ᠃ ᠲᠠᠮᠢᠷᠴᠢᠳ ᠤᠷᠤᠯᠳᠤᠭᠠᠨ ᠤ ᠲᠠᠯᠠᠪᠠᠶ ᠳᠤ ᠳᠠᠪᠬᠢᠵᠤ᠂ ᠨᠡᠯᠢᠶᠡᠳ ᠴᠢᠩᠭ᠎ᠠ | ᠮᠡᠷᠭᠡᠵᠢᠯ ᠤᠨ ᠬᠢᠷᠢ ᠬᠡᠮᠵᠢᠶ᠎ᠡ ᠪᠠᠨ ᠢᠯᠡᠷᠡᠭᠦᠯᠵᠦ᠂ ᠠᠬᠤᠶ ᠲᠠᠯᠠᠪᠠᠶ ᠶᠢᠨ ᠠᠭᠤᠷ ᠠᠮᠢᠰᠬᠤᠯ ᠬᠥᠷ ᠬᠥᠭᠵᠢᠶᠡᠨ ᠲᠠᠢ | ᠪᠠᠶᠢᠯ᠎ᠠ᠃ ᠪᠠᠶᠠᠨᠨᠠᠭᠤᠷ ᠬᠤᠳᠠ ᠶᠢᠨ ᠲᠥᠯᠥᠭᠡᠯᠡᠭᠴᠢᠳ ᠤᠨ ᠠᠩᠬᠢ ᠶᠢᠨ ᠯᠢ ᠬᠤᠤ ᠷᠦᠩ ᠡᠴᠦᠰ ᠲᠡᠭᠡᠨ 44 | ᠮᠢᠨᠦ᠋ᠲ 15 ᠰᠧᠺᠦ᠋ᠨ᠋ᠳ᠋ 2 ᠤᠨ ᠬᠢᠷᠢ ᠪᠦᠲᠦᠮᠵᠢ ᠪᠠᠷ ᠠᠯᠲᠠᠨ ᠮᠧᠲ᠋ᠧᠯᠤᠯᠪᠠ᠃ | | | | | | | | | ᠪᠠᠶᠠᠨᠨᠠᠭᠤᠷ ᠬᠤᠲᠠ ᠶᠢᠨ ᠲᠥᠯᠥᠭᠡᠯᠡᠭᠴᠢᠳ ᠤᠨ ᠠᠩᠭᠢ ᠶᠢᠨ ᠤᠷᠤᠯᠳᠤᠭᠠᠨ ᠳᠤ ᠣᠷᠣᠯᠴᠠᠭᠰᠠᠨ | ᠲᠠᠮᠢᠷᠴᠢᠨ ᠯᠢ ᠬᠤᠤ ᠷᠦᠩ᠄ ︽ᠥᠨᠥᠳᠦᠷ ᠪᠣᠯᠬᠤ ᠳᠤ ᠡᠪᠦᠯ ᠤᠨ ᠤᠯᠠᠷᠢᠯ ᠤᠨ ᠬᠤᠶᠠᠷ ᠵᠦᠢᠯ ᠤᠨ ᠬᠤᠪᠢ | ᠬᠥᠮᠦᠨ ᠤ ᠳᠥᠷᠪᠡᠨ ᠵᠢᠵᠢᠭ ᠵᠦᠢᠯ ᠤᠨ ᠭᠠᠭᠴᠠ ᠵᠦᠢᠯ ᠤᠨ ᠤᠷᠤᠯᠳᠤᠭᠠᠨ ᠤ ᠵᠦᠢᠯ ᠨᠢᠭᠡᠨᠲᠡ ᠳᠠᠭᠤᠰᠤᠭᠰᠠᠨ | ᠪᠠᠶᠢᠨ᠎ᠠ᠂ ᠪᠢ ᠭᠤᠷᠪᠠᠨ ᠠᠯᠲᠠᠨ ᠮᠧᠲ᠋ᠧᠯ ᠣᠯᠤᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠃ ᠵᠢᠯ ᠪᠦᠷᠢ ᠠᠳᠡ | ᠤᠷᠤᠯᠳᠤᠭᠠᠨ ᠶᠠᠪᠤᠭᠤᠯᠬᠤ ᠳᠤ ᠲᠠᠯᠠᠪᠤᠷ ᠤᠨ ᠡᠯ᠎ᠡ ᠲᠠᠯ᠎ᠠ ᠪᠠᠷ ᠪᠦᠷ ᠲᠠᠪᠰᠢᠵᠤ ᠪᠠᠶᠢᠨ᠎ᠠ᠂ ᠲᠠ ᠪᠦᠬᠦᠨ ᠳᠤ | ᠲᠦᠢᠯ ᠢᠶᠠᠷ ᠲᠠᠯᠠᠷᠬᠠᠵᠤ ᠪᠠᠶᠢᠨ᠎ᠠ᠃ ᠥᠴᠥᠭᠡᠳᠦᠷ ᠤᠨ ᠤᠷᠤᠯᠳᠤᠭᠠᠨ ᠳᠤ ᠫᠤᠤ ᠪᠠᠨ ᠬᠤᠭᠤᠯᠴᠢᠬᠠᠯᠠ᠂ ᠥᠨᠥᠳᠦᠷ | ᠶᠠᠭᠤᠨ ᠠᠴᠠ ᠴᠤ ᠠᠶᠤᠬᠤ ᠦᠭᠡᠢ ᠣᠪᠣᠷ ᠢᠶᠠᠷ ᠤᠷᠤᠯᠳᠤᠭᠠᠨ ᠳᠤ ᠣᠷᠣᠯ᠎ᠠ᠂ ᠫᠤᠤᠳᠠᠯᠭ᠎ᠠ ᠶᠢᠨ ᠦᠷ᠎ᠡ ᠳ᠋ᠦᠩ ᠳᠤ | ᠪᠢ ᠲᠤᠩ ᠰᠡᠳᠬᠢᠯ ᠬᠠᠨᠤᠮᠵᠢᠲᠠᠶ᠂ 18 ᠶᠢ ᠨᠢ ᠣᠨᠣᠭᠠᠪᠠ᠂ ᠥᠷᠢᠰᠥᠯᠳᠦᠭᠴᠢ ᠲᠠᠢ ᠪᠠᠨ ᠤᠷᠤᠯᠳᠤᠭᠠᠨ ᠤ | ᠲᠠᠯᠠᠪᠤᠷ ᠲᠤ ᠤᠷᠤᠯᠳᠤᠭᠠᠨ ᠳᠤ ᠣᠷᠣᠯ᠎ᠠ᠂ ᠲᠡᠳᠡᠨ ᠤ ᠬᠦᠴᠦ ᠴᠢᠳᠠᠯ ᠴᠤ ᠲᠤᠩ ᠴᠢᠩᠭ᠎ᠠ ᠪᠣᠯᠬᠤᠷ᠂ ᠵᠠᠯᠭᠠᠭᠠᠳ | ᠪᠢ ᠤᠯᠠᠨ ᠲᠠᠢ ᠬᠠᠮᠲᠤ ᠪᠡᠯᠡᠳᠬᠡᠯ ᠬᠢᠨ᠎ᠡ︾ ᠭᠡᠵᠦ ᠬᠡᠯᠡᠭᠰᠡᠨ ᠪᠢᠯᠡ᠃ | | | ᠨᠠᠶᠢᠷᠠᠭᠤᠯᠤᠭᠴᠢ᠄ ᠶᠠᠩ ᠿᠦᠢ ᠵᠧᠨ | ᠤᠷᠴᠢᠭᠤᠯᠤᠭᠴᠢ᠄ ᠼᠦᠢ ᠴᠢᠩ | |