ᠵᠤᠤ ᠿᠢ ᠄ ᠵᠥᠷᠢᠴᠡᠯ ᠢ ᠨᠠᠮᠳᠠᠭᠤᠯᠤᠨ ᠴᠢᠳᠠᠪᠤᠷᠢ ᠪᠠᠨ ᠭᠠᠶᠢᠬᠠᠭᠤᠯᠵᠤ ᠬᠠᠷᠢᠭᠤᠴᠠᠯᠭ᠎ᠠ ᠪᠠᠨ ᠭᠦᠢᠴᠡᠳᠬᠡᠨ ᠠᠷᠠᠳ ᠤᠨ ᠵᠣᠪᠠᠨᠢᠯ ᠢ ᠰᠢᠢᠳᠪᠦᠷᠢᠯᠡᠨ᠎ᠡ
ᠨᠡᠶᠢᠲᠡᠯᠡᠭᠰᠡᠨ ᠴᠠᠭ᠄
2023/2/14
   ᠤᠯᠠᠨ ᠲᠦᠮᠡᠨ ᠤ ᠶᠠᠪᠤᠳᠠᠯ ᠢ ᠥᠪᠡᠷ ᠤᠨ ᠶᠠᠪᠤᠳᠠᠯ ᠢᠶᠠᠨ ᠪᠣᠯᠭᠠᠵᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠦᠨᠡᠨ ᠰᠡᠳᠬᠢᠯ ᠠᠴᠠ ᠪᠠᠨ ᠰᠣᠨᠣᠰᠴᠤ᠂ ᠤᠯᠠᠨ ᠲᠦᠮᠡᠨ ᠤ ᠵᠣᠪᠠᠭᠤᠷᠢ ᠵᠦᠳᠡᠭᠦᠷᠢ ᠶᠢ ᠦᠨᠡᠨ ᠰᠡᠳᠬᠢᠯ ᠠᠴᠠ ᠪᠠᠨ ᠬᠠᠯᠠᠮᠵᠢᠯᠠᠵᠤ᠂ ᠤᠯᠠᠨ ᠲᠦᠮᠡᠨ ᠤ ᠬᠦᠴᠢᠷᠳᠡᠯ ᠢ ᠦᠨᠡᠨ ᠰᠡᠳᠬᠢᠯ ᠠᠴᠠ ᠪᠠᠨ ᠰᠢᠢᠳᠪᠦᠷᠢᠯᠡᠬᠦ ᠪᠣᠯ ᠤᠯᠠᠭᠠᠨᠴᠠᠪ ᠬᠤᠳᠠ ᠶᠢᠨ ᠯᠢᠶᠠᠩᠴᠧᠩ ᠰᠢᠶᠠᠨ ᠤ ᠵᠠᠬᠢᠳᠠᠯ ᠰᠤᠷᠪᠤᠯᠵᠢᠯᠠᠭ᠎ᠠ ᠶᠢᠨ ᠲᠤᠪᠴᠢᠶ᠎ᠠ ᠶᠢᠨ ᠺᠠᠳ᠋ᠷ ᠵᠤᠤ ᠿᠢ ᠶᠢᠨ ᠠᠵᠢᠯ ᠤᠨ ᠵᠢᠷᠤᠮᠯᠠᠯ ᠪᠣᠯᠤᠨ᠎ᠠ᠂ ᠮᠥᠨᠴᠦ ᠲᠡᠭᠦᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠪᠠᠶᠢᠷᠢ ᠪᠠᠨ ᠤᠯᠠᠨ ᠵᠢᠯ ᠨᠢᠭᠡ ᠡᠳᠦᠷ ᠮᠡᠲᠦ ᠪᠠᠲᠤ ᠰᠠᠬᠢᠭᠰᠠᠨ ᠤ ᠦᠨᠡᠨ ᠪᠣᠳᠠᠲᠤ ᠵᠢᠷᠤᠭᠯᠠᠯ ᠪᠣᠯᠤᠨ᠎ᠠ᠃ ᠲᠡᠭᠦᠨ ᠤ ᠰᠢᠷᠭᠠᠭᠤ ᠬᠠᠲᠠᠭᠤᠵᠢᠯᠲᠠᠢ᠂ ᠡᠭᠦᠷᠭᠡᠯᠡᠯ ᠨᠢ ᠥᠷᠭᠡᠨ ᠤᠯᠠᠨ ᠲᠦᠮᠡᠨ ᠤ ᠳᠡᠭᠡᠳᠦ ᠬᠡᠮᠵᠢᠶᠡᠨ ᠤ ᠵᠥᠪᠰᠢᠶᠡᠷᠡᠯ ᠪᠠ ᠮᠠᠭᠲᠠᠭᠠᠯ ᠰᠠᠶᠢᠰᠢᠶᠠᠯ ᠢ ᠣᠯᠵᠤ᠂ 2022 ᠣᠨ ᠤ ᠰᠡᠭᠦᠯᠴᠢ ᠪᠠᠷ᠂ ᠵᠤᠤ ᠿᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠭ᠎ᠠ ᠶᠢᠨ  ᠰᠢᠰᠲ᠋ᠧᠮ ᠤᠨ ᠰᠢᠯᠢᠳᠡᠭ ᠱᠠᠯᠠᠪᠳᠠᠭᠤᠯᠤᠨ ᠪᠠᠶᠢᠴᠠᠭᠠᠭᠴᠢ ᠪᠠᠷ ᠦᠨᠡᠯᠡᠭᠳᠡᠪᠡ᠃
           ᠵᠠᠬᠢᠳᠠᠯ ᠰᠤᠷᠪᠤᠯᠵᠢᠯᠠᠭ᠎ᠠ ᠪᠣᠯ ᠠᠷᠠᠳ ᠤᠨ ᠰᠡᠳᠬᠢᠯ ᠢ ᠬᠤᠯᠪᠣᠵᠤ᠂ ᠠᠷᠠᠳ ᠤᠨ ᠰᠡᠳᠬᠢᠯ ᠢ ᠨᠠᠮ ᠤᠨ ᠰᠡᠳᠬᠢᠯ ᠲᠠᠢ ᠬᠤᠯᠪᠣᠳᠠᠭ᠃ ᠵᠣᠣ ᠿᠢ  ᠵᠠᠬᠢᠳᠠᠯ ᠰᠤᠷᠪᠤᠯᠵᠢᠯᠠᠭ᠎ᠠ ᠶᠢᠨ ᠰᠢᠪᠠᠳᠠᠨ ᠪᠠᠶᠢᠴᠠᠭᠠᠭᠴᠢ ᠶᠢᠨ ᠲᠤᠰᠢᠶᠠᠯ ᠢ ᠡᠭᠦᠷᠭᠡᠯᠡᠭᠡᠳ ᠤᠳᠠᠭᠠᠳᠤᠶ ᠪᠠᠶᠢᠬᠤ ᠳᠤ᠂ ᠨᠢᠭᠡᠨ ᠬᠡᠷ ᠢᠶᠠᠨ ᠰᠠᠬᠢᠵᠤ ᠬᠤᠴᠣᠷᠤᠭᠰᠠᠨ ᠵᠢᠭᠠᠯ ᠥᠬᠢᠨ ᠸᠠᠩ ᠯᠢ ︵ᠪᠤᠷᠤᠭᠤᠯᠠᠭᠰᠠᠨ ᠨᠡᠷ᠎ᠡ︶ ᠶᠢᠨ ᠬᠦᠰᠡᠯ ᠱᠠᠭᠠᠷᠳᠠᠯᠭ᠎ᠠ ᠶᠢ ᠲᠡᠷᠡ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠸᠠᠩ ᠯᠢ ᠶᠢᠨ 4 ᠨᠠᠰᠤᠲᠠᠶ ᠳᠤᠨᠢ ᠡᠴᠢᠭᠡ ᠡᠬᠡ ᠨᠢ ᠣᠷᠤᠭ ᠰᠠᠯᠵᠤ᠂ ᠡᠬᠡ ᠨᠢ ᠭᠠᠳᠠᠭᠰᠢ ᠭᠠᠷᠴᠤ᠂ ᠡᠴᠢᠭᠡ ᠨᠢ ᠭᠠᠳᠠᠭᠰᠢ ᠭᠠᠷᠴᠤ ᠬᠥᠯᠥᠰᠥᠨ ᠠᠵᠢᠯ ᠬᠢᠵᠦ᠂ ᠡᠪᠦᠭᠡ ᠡᠮᠡᠭᠡ ᠨᠢ ᠥᠰᠬᠡᠨ ᠪᠤᠶᠢᠵᠢᠭᠤᠯᠵᠠᠶ᠂ ᠡᠪᠦᠭᠡ ᠨᠢ ᠨᠠᠰᠤ ᠪᠠᠷᠠᠭᠰᠠᠨ ᠤ ᠳᠠᠷᠠᠭ᠎ᠠ ᠡᠮᠡᠭᠡ ᠲᠠᠢ ᠪᠠᠨ ᠬᠠᠮᠲᠤ ᠠᠮᠢᠳᠤᠷᠠᠵᠤ᠂ ᠬᠦᠴᠢᠷ ᠪᠡᠷᠬᠡᠰᠢᠶᠡᠯ ᠲᠠᠢ ᠪᠠᠷ ᠡᠳᠦᠷ ᠬᠤᠨᠤᠭ ᠢ ᠥᠩᠭᠡᠷᠡᠭᠡᠳᠡᠭ᠃ ᠬᠠᠷᠠᠮᠰᠠᠯᠲᠠᠶ ᠨᠢ᠂ ᠸᠠᠩ ᠯᠢ 2009 ᠣᠨ ᠳᠤ ᠤᠯᠠᠭᠠᠨ ᠲᠣᠯᠪᠣᠲᠤ ᠶᠠᠷ᠎ᠠ ᠳᠤ ᠨᠡᠷᠪᠡᠭᠳᠡᠵᠡᠶ᠂ ᠲᠡᠷᠡ ᠮᠥᠷᠲᠡᠭᠡᠨ ︽ᠲᠠᠺᠮᠦ᠋ᠰ ᠬᠤᠮᠵᠢᠶ᠎ᠠ︾ ᠭᠡᠬᠦ ᠡᠮ ᠢ ᠵᠥᠪᠬᠡᠨ ᠡᠮ ᠤᠨ ᠳᠡᠯᠭᠡᠭᠦᠷ ᠠᠴᠠ ᠥᠪᠡᠷ ᠤᠨ ᠵᠠᠷᠤᠳᠠᠯ ᠢᠶᠠᠷ ᠢᠶᠠᠨ ᠬᠤᠳᠠᠯᠳᠤᠨ ᠠᠪᠬᠤ ᠠᠴᠠ ᠪᠢᠰᠢ ᠲᠠᠩᠰᠠ ᠳᠡᠶᠢᠯᠵᠦ ᠪᠣᠯᠬᠤ ᠥᠬᠡᠶ᠂ ᠡᠨᠡ ᠨᠢ ᠤᠤᠯ ᠠᠴᠠ ᠪᠠᠨ ᠠᠵᠤ ᠠᠬᠤᠶ ᠶᠢᠨ ᠬᠦᠴᠢᠷᠳᠡᠯ ᠲᠠᠢ ᠪᠠᠶᠢᠭᠰᠠᠨ ᠬᠡᠷ ᠪᠦᠯᠢ ᠳᠤ ᠠᠪᠴᠤ ᠬᠡᠯᠡᠪᠡᠯ ᠨᠠᠩ ᠴᠤ ᠭᠠᠶ ᠵᠣᠪᠠᠯᠠᠩ ᠨᠡᠮᠡᠭᠰᠡᠨ ᠶᠠᠪᠤᠳᠠᠯ ᠪᠣᠯᠤᠨ᠎ᠠ᠃ ᠠᠷᠭ᠎ᠠ ᠪᠤᠰᠤ ᠪᠠᠶᠢᠳᠠᠯ ᠤᠨ ᠳᠣᠣᠷ᠎ᠠ᠂ ᠸᠠᠩ ᠯᠢ ᠭᠡᠷ ᠤᠨ ᠬᠥᠮᠦᠰ ᠲᠠᠢ ᠪᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠠ ᠳᠤ ᠵᠠᠬᠢᠳᠠᠯ ᠪᠢᠴᠢᠵᠦ ᠲᠤᠰᠠᠯᠠᠮᠵᠢ ᠭᠤᠶᠤᠪᠠ᠂ ᠬᠡᠳᠦᠨ ᠱᠠᠲᠤᠨ ᠤ ᠰᠢᠯᠵᠢᠭᠦᠯᠦᠨ ᠰᠢᠢᠳᠪᠤᠷᠢᠯᠡᠭᠦᠯᠬᠦ ᠪᠠᠷ ᠲᠠᠮᠵᠢᠨ᠂ ᠸᠠᠩ ᠯᠢ ᠶᠢᠨ ᠲᠤᠰᠠᠯᠠᠮᠵᠢ ᠭᠤᠶᠤᠯᠲᠠ ᠶᠢ ᠯᠢᠶᠠᠩᠴᠧᠩ ᠰᠢᠶᠠᠨ ᠤ ᠵᠠᠬᠢᠳᠠᠯ ᠰᠤᠷᠪᠤᠯᠵᠢᠯᠠᠭ᠎ᠠ ᠶᠢᠨ  ᠲᠤᠪᠴᠢᠶ᠎ᠠ ᠳᠤ ᠰᠢᠯᠵᠢᠭᠦᠯᠦᠨ ᠥᠭᠪᠡ᠃ ᠵᠣᠣ ᠿᠢ ᠲᠤᠰ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠣᠯᠤᠭᠰᠠᠨ ᠤ ᠳᠠᠷᠠᠭ᠎ᠠ ᠮᠠᠰᠢ ᠴᠢᠬᠤᠯᠠᠴᠢᠯᠠᠨ ᠦᠵᠡᠵᠦ᠂ ᠲᠡᠷᠡ ᠳᠠᠷᠤᠶ ᠳᠤᠨᠢ ᠲᠣᠪᠴᠢᠶᠠᠨ ᠤ ᠤᠳᠤᠷᠢᠳᠤᠯᠭ᠎ᠠ ᠳᠤ ᠬᠠᠷᠢᠭᠤ ᠮᠡᠳᠡᠭᠦᠯᠪᠡ᠂ ᠲᠡᠭᠦᠨ ᠤ ᠢᠳᠡᠪᠬᠢᠲᠡᠶ ᠵᠣᠬᠢᠴᠠᠭᠤᠯᠤᠯᠲᠠ ᠪᠠᠷ ᠳᠠᠮᠵᠢᠨ᠂ ᠸᠠᠩ ᠯᠢ ᠶᠢᠨ ᠡᠪᠡᠳᠴᠢᠨ ᠦᠵᠡᠭᠦᠯᠬᠦ᠂ ᠡᠮ ᠡᠮᠨᠡᠯᠭᠡ ᠶᠢᠨ ᠵᠠᠷᠤᠳᠠᠯ ᠢ ᠳᠠᠩᠰᠠᠨ ᠠᠴᠠ ᠲᠠᠶᠢᠯᠬᠤ ᠲᠠᠯ᠎ᠠ ᠪᠠᠷ ᠬᠢ ᠬᠦᠴᠢᠷᠳᠡᠯ ᠢ ᠵᠣᠬᠢᠰᠲᠠᠶ  ᠰᠢᠢᠳᠪᠤᠷᠢᠯᠡᠭᠰᠡᠨ ᠢᠶᠠᠷ ᠪᠠᠷᠠᠬᠤ ᠦᠭᠡᠢ᠂ ᠰᠤᠷᠭᠠᠭᠤᠯᠢ ᠳᠤ ᠰᠠᠭᠤᠬᠤ᠂ ᠠᠮᠢᠳᠤᠷᠠᠯ ᠤᠨ ᠲᠠᠯ᠎ᠠ ᠪᠠᠷ ᠴᠤ ᠬᠠᠷᠠᠭᠠᠯᠵᠠᠯ ᠬᠦᠷᠲᠡᠪᠡ᠂ ᠡᠭᠦᠨ ᠤ ᠬᠠᠮᠲᠤ ᠤᠷᠲᠤ ᠬᠤᠭᠤᠴᠠᠭᠠᠨ ᠤ ᠪᠦᠲᠦᠮᠵᠢᠲᠡᠶ ᠠᠪᠤᠷᠠᠨ ᠲᠤᠰᠠᠯᠠᠬᠤ ᠲᠣᠭᠲᠠᠴᠠ ᠶᠢ ᠪᠠᠶᠢᠭᠤᠯᠵᠤ᠂ ᠸᠠᠩ ᠯᠢ ᠶᠢᠨ ᠰᠤᠷᠭᠠᠭᠤᠯᠢ ᠳᠤ ᠣᠷᠣᠵᠤ ᠳᠡᠶᠢᠯᠬᠦ᠂ ᠡᠪᠡᠳᠴᠢᠨ ᠢᠶᠠᠨ ᠦᠵᠡᠭᠦᠯᠵᠦ ᠳᠡᠶᠢᠯᠬᠦ ᠶᠢ ᠪᠠᠲᠤᠯᠠᠪᠠ᠃    ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠬᠢᠭᠰᠡᠨ 9 ᠵᠢᠯ ᠤᠨ ᠲᠤᠷᠰᠢ᠂ ᠵᠤᠤ ᠿᠢ ᠢᠮᠠᠭᠲᠠ ᠨᠢᠳᠤᠨ ᠳᠡᠭᠡᠨ ᠬᠠᠶᠢᠷ᠎ᠠ ᠲᠠᠢ᠂ ᠮᠥᠷᠥᠨ ᠳᠡᠭᠡᠷ᠎ᠡ ᠪᠠᠨ ᠬᠠᠷᠢᠭᠤᠴᠠᠯᠭ᠎ᠠ ᠲᠠᠢ᠂ ᠰᠡᠳᠬᠢᠯ ᠳᠡᠭᠡᠨ ᠠᠷᠠᠳ ᠲᠠᠢ ᠪᠠᠶᠢᠵᠤ᠂ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠨᠢᠭᠡᠪᠦᠷᠢ ᠶᠢ ᠨᠠᠷᠢᠨ ᠬᠢᠨᠠᠮᠠᠭᠠᠢ ᠰᠠᠶᠢᠲᠤᠷ ᠰᠢᠢᠳᠪᠦᠷᠢᠯᠡᠵᠦ᠂ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠨᠢᠭᠡᠪᠦᠷᠢ ᠶᠢ ᠢᠳᠡᠪᠬᠢᠲᠡᠢ ᠯᠠᠪᠳᠠᠭᠤᠨ ᠢᠶᠠᠷ ᠰᠢᠢᠳᠪᠦᠷᠢᠯᠡᠪᠡ᠃ ᠡᠨᠡ ᠬᠤᠭᠤᠴᠠᠭᠠᠨ ᠳᠤ ᠭᠠᠰᠢᠭᠤᠨ ᠵᠣᠪᠠᠯᠠᠩ ᠲᠠᠢ᠂ ᠬᠢᠯᠢᠰᠳᠡᠯ ᠲᠠᠢ ᠪᠠᠶᠢᠭᠰᠠᠨ ᠴᠤ ᠠᠮᠵᠢᠯᠲᠠ ᠪᠦᠲᠦᠮᠵᠢ᠂ ᠬᠠᠨᠤᠮᠵᠢ ᠪᠠ ᠳᠣᠭᠳᠣᠯᠤᠯ ᠨᠢ ᠨᠠᠩ ᠣᠯᠠᠨ ᠪᠠᠶᠢᠪᠠ᠃ ᠵᠤᠤ ᠿᠢ  ᠄ ᠵᠠᠬᠢᠳᠠᠯ ᠰᠤᠷᠪᠤᠯᠵᠢᠯᠠᠭ᠎ᠠ ᠶᠢᠨ ᠠᠵᠢᠯ ᠨᠢᠭᠡᠨᠲᠡ ᠲᠡᠭᠦᠨ ᠤ ᠠᠮᠢ ᠨᠠᠰᠤᠨ ᠤ ᠰᠠᠯᠵᠤ ᠪᠣᠯᠤᠰᠢ ᠦᠭᠡᠢ ᠨᠢᠭᠡ ᠬᠡᠰᠡᠭ ᠪᠤᠯᠵᠤ᠂ ᠨᠠᠰᠤ ᠪᠠᠷ ᠢᠶᠠᠨ ᠬᠢᠬᠦ ᠳᠤᠷᠠᠲᠠᠶ ᠪᠣᠯᠪᠠ ᠭᠡᠵᠦ ᠰᠡᠳᠬᠢᠯ ᠤᠨ ᠤᠭ ᠠᠴᠠ ᠪᠠᠨ ᠦᠵᠡᠪᠡ᠃ ᠡᠳᠡᠭᠡᠷ ᠵᠢᠯ ᠤᠳ ᠲᠤ᠂ ᠲᠡᠷᠡ ᠵᠠᠯᠠᠭᠤ ᠨᠠᠰᠤ ᠪᠠ ᠴᠠᠭ ᠢᠶᠠᠨ ᠵᠠᠬᠢᠳᠠᠯ ᠰᠤᠷᠪᠤᠯᠵᠢᠯᠠᠭ᠎ᠠ ᠶᠢᠨ ᠦᠢᠯᠡᠰ ᠲᠤ ᠦᠭᠡ ᠳᠠᠭᠤᠨ ᠦᠭᠡᠢ ᠵᠣᠷᠢᠭᠤᠯᠵᠤ᠂ ᠠᠵᠢᠯ ᠨᠢ ᠲᠡᠭᠦᠨ ᠤ ᠪᠦᠬᠦ ᠴᠠᠭ ᠪᠠ ᠤᠶᠤᠨ ᠴᠢᠳᠠᠯ ᠢ ᠪᠠᠷᠤᠭ ᠡᠵᠡᠯᠡᠵᠦ᠂ ᠡᠳᠦᠷ ᠪᠦᠷᠢ ᠬᠠᠮᠤᠭ ᠤᠨ ᠡᠷᠲᠡ ᠢᠷᠡᠵᠦ᠂ ᠬᠠᠮᠤᠭ ᠤᠨ ᠤᠷᠤᠢ ᠬᠠᠷᠢᠵᠤ ᠢᠷᠡᠳᠡᠭ᠂ ᠭᠡᠷ ᠲᠡᠭᠡᠨ ᠬᠠᠷᠢᠵᠤ ᠢᠷᠡᠬᠦ ᠨᠢ ᠲᠤᠩ ᠴᠥᠭᠡᠨ᠂ ᠭᠡᠷ ᠤᠨ ᠬᠥᠮᠦᠰ ᠲᠡᠭᠡᠨ ᠬᠠᠮᠤᠭ ᠤᠨ ᠶᠡᠭᠡ ᠥᠷᠢ ᠲᠠᠢ ᠪᠠᠶᠢᠳᠠᠭ᠃ ᠡᠨᠡ ᠦᠶ᠎ᠡ ᠳᠤ ᠲᠡᠷᠡ ᠵᠠᠯᠠᠭᠤ ᠨᠠᠰᠤ ᠪᠠ ᠴᠠᠭ ᠢᠶᠠᠨ ᠵᠠᠬᠢᠳᠠᠯ ᠰᠤᠷᠪᠤᠯᠵᠢᠯᠠᠭ᠎ᠠ ᠶᠢᠨ ᠦᠢᠯᠡᠰ ᠲᠤ ᠵᠣᠷᠢᠭᠤᠯᠵᠤ᠂ ᠭᠡᠷ ᠤᠨ ᠬᠥᠮᠦᠰ ᠲᠡᠭᠡᠨ ᠬᠠᠮᠤᠭ ᠤᠨ ᠶᠡᠭᠡ ᠥᠷᠢ ᠲᠠᠢ ᠪᠠᠶᠢᠪᠠ᠃    ᠲᠡᠭᠦᠨ ᠤ ᠬᠠᠮᠲᠤ ᠠᠵᠢᠯᠯᠠᠭᠴᠢ ᠯᠢ ᠵᠢᠶᠤᠤ ᠴᠢ ᠵᠤᠤ ᠿᠢ ᠶᠢ ᠢᠩᠭᠢᠵᠦ ᠦᠨᠡᠯᠡᠪᠡ᠄ ᠲᠡᠷᠡ ᠵᠠᠬᠢᠳᠠᠯ ᠰᠤᠷᠪᠤᠯᠵᠢᠯᠠᠭ᠎ᠠ ᠬᠢᠭᠰᠡᠳ ᠤᠨ ᠲᠤᠰᠢᠶᠠᠯ ᠳᠤ ᠭᠠᠷᠤᠭᠰᠠᠨ ᠠᠴᠠ ᠨᠠᠭᠠᠰᠢ᠂ ᠠᠵᠢᠯ ᠳᠠᠭᠠᠨ ᠠᠵᠢᠯᠴᠢ ᠬᠢᠴᠢᠶᠡᠩᠭᠦᠶ ᠨᠠᠷᠢᠨ ᠬᠢᠨᠠᠮᠠᠭᠠᠶ ᠬᠠᠷᠢᠭᠤᠴᠠᠵᠤ᠂ ᠬᠡᠳᠦᠨ ᠬᠤᠭᠤᠴᠠᠭᠠᠨ ᠤ ᠤᠳᠤᠷᠢᠳᠤᠯᠭ᠎ᠠ ᠶᠢᠨ ᠨᠤᠲᠠᠯᠠᠯᠲᠠ ᠶᠢ ᠣᠯᠵᠤ᠂ ᠵᠠᠬᠢᠳᠠᠯ ᠰᠤᠷᠪᠤᠯᠵᠢᠯᠠᠭ᠎ᠠ ᠬᠢᠭᠰᠡᠳ ᠤᠨ ᠰᠠᠶᠢᠨ ᠦᠨᠡᠯᠡᠯᠲᠡ ᠶᠢ ᠣᠯᠵᠤ᠂ ᠤᠯᠠᠨ ᠲᠦᠮᠡᠨ ᠳᠤ ᠴᠥᠭᠡᠨ ᠪᠤᠰᠤ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ  ᠰᠢᠢᠳᠪᠤᠷᠢᠯᠡᠵᠦ ᠥᠭᠴᠡᠶ᠂ ᠪᠢᠳᠡ ᠲᠡᠭᠦᠨ ᠠᠴᠠ ᠰᠤᠷᠤᠯᠴᠠᠪᠠᠯ ᠵᠣᠬᠢᠨ᠎ᠠ᠃    ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠦᠨᠡᠨ ᠬᠦ  ᠰᠢᠢᠳᠪᠤᠷᠢᠯᠡᠬᠦ ᠶᠢ ᠠᠬᠢᠭᠤᠯᠬᠤ ᠶᠢᠨ ᠲᠥᠯᠥᠭᠡ᠂ ᠵᠣᠣ ᠿᠢ ᠪᠠᠰᠠ ᠦᠷᠭᠦᠯᠵᠢ ᠭᠤᠮᠣᠳᠠᠯ ᠲᠣᠭᠠᠴᠢᠯᠲᠠ ᠳᠤᠷᠠᠳᠤᠭᠰᠠᠨ ᠰᠠᠭᠤᠭᠠᠯᠢ ᠠᠷᠠᠳ᠂ ᠣᠯᠠᠨ ᠲᠦᠮᠡᠨ ᠤ ᠬᠡᠷ ᠲᠤ ᠬᠦᠷᠴᠦ ᠰᠤᠷᠪᠤᠯᠵᠢᠯᠠᠨ᠂ ᠭᠤᠮᠣᠳᠠᠯ ᠲᠣᠭᠠᠴᠢᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠣᠶᠢᠯᠠᠭᠠᠵᠤ᠂ ᠠᠰᠠᠭᠤᠳᠠᠯ ᠢ  ᠰᠢᠢᠳᠪᠤᠷᠢᠯᠡᠬᠦ  ᠬᠠᠮᠤᠭ ᠤᠨ ᠰᠠᠶᠢᠨ ᠠᠷᠭ᠎ᠠ ᠶᠢ ᠡᠷᠢᠯᠬᠢᠯᠡᠳᠡᠭ᠃ ᠤᠷᠢᠬᠠᠨ ᠰᠠᠯᠬᠢ ᠥᠭᠭᠢᠶᠡᠮᠦᠷ ᠬᠤᠷ᠎ᠠ ᠪᠠᠷ ᠠᠷᠠᠳ ᠤᠨ ᠵᠣᠪᠠᠨᠢᠯ ᠢ ᠲᠠᠶᠢᠯᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠬᠢᠭᠰᠡᠨ ᠠᠴᠠ ᠨᠠᠰᠢ᠂ ᠵᠤᠤ ᠿᠢ ᠰᠤᠷᠪᠤᠯᠵᠢᠯᠠᠬᠤ ᠪᠠᠷ ᠢᠷᠡᠭᠰᠡᠨ ᠤᠯᠠᠨ ᠲᠦᠮᠡᠨ ᠢ ᠨᠡᠶᠢᠲᠡ 7035 ᠪᠦᠯᠦᠭ 38907 ᠬᠥᠮᠦᠨ ᠤᠳᠠᠭ᠎ᠠ ᠬᠦᠯᠢᠶᠡᠨ ᠠᠪᠴᠤ᠂ ᠵᠠᠬᠢᠳᠠᠯ ᠰᠤᠷᠪᠤᠯᠵᠢᠯᠠᠭ᠎ᠠ ᠶᠢᠨ 4000 ᠭᠠᠷᠤᠢ ᠵᠦᠢᠯᠡᠰ ᠢ ᠰᠢᠢᠳᠪᠦᠷᠢᠯᠡᠬᠦ ᠶᠢ ᠠᠬᠢᠭᠤᠯᠵᠠᠢ︔ 2022 ᠣᠨ ᠤ 10 ᠰᠠᠷ᠎ᠠ ᠳᠤ᠂ ᠵᠤᠤ ᠿᠢ 7 ᠪᠠᠷᠢᠯᠭ᠎ᠠ ᠶᠢᠨ ᠡᠭᠡᠯᠵᠢ ᠳᠤᠭᠤᠶᠢᠯᠠᠩ ᠳᠤ᠂ 69 ᠬᠥᠯᠥᠰᠥᠨ ᠠᠵᠢᠯᠴᠢᠨ ᠨᠡᠶᠢᠳᠡ 150 ᠭᠠᠷᠤᠢ ᠲᠦᠮᠡᠨ ᠲᠥᠭᠦᠷᠢᠭ ᠤᠨ ᠴᠠᠯᠢᠩ ᠥᠷᠢᠲᠦᠵᠦ ᠪᠠᠶᠢᠬᠤ ᠶᠢ ᠬᠢᠨᠠᠨ ᠬᠠᠷᠭᠤᠭᠤᠯᠤᠭᠰᠠᠨ ᠪᠥᠭᠡᠳ ᠴᠠᠯᠢᠩ ᠥᠭᠬᠦ ᠡᠮᠦᠨᠡᠬᠢ ᠬᠤᠭᠤᠴᠠᠭᠠᠨ ᠤ ᠪᠦᠬᠦ ᠭᠠᠷ ᠭᠦᠢᠴᠡᠳᠬᠡᠯ ᠢ ᠰᠥᠨᠢ ᠳᠡᠭᠡᠨ ᠭᠦᠢᠴᠡᠳᠬᠡᠵᠦ᠂ ᠬᠥᠯᠥᠰᠥᠨ ᠠᠵᠢᠯᠴᠢᠨ ᠤ ᠬᠦᠰᠡᠭᠡᠳ ᠤᠳᠠᠭᠰᠠᠨ ᠴᠠᠯᠢᠩ ᠢᠶᠠᠨ ᠬᠠᠮᠤᠭ ᠤᠨ ᠣᠬᠤᠷᠬᠠᠨ ᠬᠤᠭᠤᠴᠠᠭᠠᠨ ᠳᠤ ᠤᠯᠬᠤ ᠶᠢ ᠪᠠᠲᠤᠯᠠᠵᠠᠢ᠃ ᠲᠡᠷᠡ ᠪᠠᠰᠠ ᠳᠡᠭᠡᠭᠰᠢ ᠰᠤᠷᠪᠤᠯᠵᠢᠯᠠᠬᠤ ᠪᠠᠷ ᠢᠷᠡᠭᠰᠡᠨ ᠤᠯᠠᠨ ᠲᠦᠮᠡᠨ ᠳᠤ ᠢᠲᠡᠭᠡᠭᠦᠰᠢᠲᠡᠶ ᠳᠣᠲᠣᠨᠣ ᠬᠥᠮᠦᠰ ᠢᠶᠠᠷ ᠦᠵᠡᠭᠳᠡᠵᠦ᠂ ᠬᠠᠮᠲᠤ ᠠᠵᠢᠯᠯᠠᠭᠰᠠᠳ ᠲᠠᠭᠠᠨ ︽ᠠᠷᠠᠯ ᠤᠨ ᠱᠠᠷ︾ ︽ᠴᠣᠬᠢᠵᠤ ᠤᠨᠠᠭᠠᠵᠤ ᠳᠡᠶᠢᠯᠬᠦ ᠦᠭᠡᠢ ᠰᠢᠶᠤᠤ ᠴᠢᠶᠠᠩ︾ ᠬᠡᠮᠡᠭᠳᠡᠪᠡ᠃    ᠵᠣᠣ ᠿᠢ᠄ ︽ᠵᠠᠬᠢᠳᠠᠯ ᠰᠤᠷᠪᠤᠯᠵᠢᠯᠠᠭ᠎ᠠ ᠶᠢᠨ ᠺᠠᠳ᠋ᠷ ᠪᠣᠯᠤᠭᠰᠠᠨ ᠤ ᠬᠤᠪᠢ ᠳᠤ᠂ ᠪᠢ ᠵᠠᠬᠢᠳᠠᠯ ᠰᠤᠷᠪᠤᠯᠵᠢᠯᠠᠭ᠎ᠠ ᠶᠢᠨ ᠡᠮᠦᠨ᠎ᠡ ᠹᠷᠣᠨᠲ ᠲᠤ ᠦᠷᠭᠦᠯᠵᠢᠯᠡᠨ ᠰᠢᠷᠭᠠᠭᠤ ᠬᠠᠲᠠᠭᠤᠵᠢᠯᠲᠠᠶ ᠠᠵᠢᠯᠯᠠᠵᠤ᠂ ᠣᠯᠠᠨ ᠲᠦᠮᠡᠨ ᠤ ᠤᠴᠢᠷ ᠶᠠᠪᠤᠳᠠᠯ ᠢ ᠥᠪᠡᠷ ᠤᠨ ᠢᠶᠠᠨ ᠤᠴᠢᠷ ᠪᠣᠯᠭᠠᠨ  ᠰᠢᠢᠳᠪᠤᠷᠢᠯᠡᠵᠦ᠂ ᠨᠠᠮ ᠪᠠ ᠵᠠᠰᠠᠭ ᠤᠨ ᠣᠷᠳᠣᠨ ᠬᠢᠭᠡᠳ ᠵᠠᠬᠢᠳᠠᠯ ᠰᠤᠷᠪᠤᠯᠵᠢᠯᠠᠭ᠎ᠠ ᠶᠢᠨ ᠣᠯᠠᠨ ᠲᠦᠮᠡᠨ ᠤ ᠬᠤᠭᠤᠷᠣᠨᠳᠣᠬᠢ ᠬᠤᠯᠪᠣᠭ᠎ᠠ ᠬᠤᠯᠪᠣᠭᠠᠨ ᠤ ᠬᠥᠭᠦᠷᠭᠡ ᠶᠢ ᠰᠠᠶᠢᠲᠤᠷ ᠬᠢᠵᠦ᠂ ᠯᠢᠶᠠᠩᠴᠧᠩ ᠰᠢᠶᠠᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠰᠢᠨ᠎ᠡ ᠪᠠᠶᠢᠳᠠᠯ ᠢ ᠲᠥᠯᠥᠪᠯᠡᠬᠦ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ︾ ᠭᠡᠵᠡᠶ᠃
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2