ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠣᠷᠳᠣᠨ ᠤ ᠭᠦᠨ ᠴᠠᠭᠠᠰᠤ ᠭᠦᠨ ᠵᠣᠭᠤᠰ   ᠢ ᠦᠢᠯᠡᠳᠪᠦᠷᠢᠯᠡᠬᠦ᠂ ᠵᠥᠭᠡᠭᠡᠪᠦᠷᠢᠯᠡᠬᠦ᠂ ᠪᠣᠷᠣᠯᠠᠭᠤᠯᠬᠤ᠂ ᠰᠢᠲᠠᠭᠠᠬᠤ ᠵᠡᠷᠭᠡ ᠮᠤᠬᠤᠷ ᠰᠦᠰᠦᠭ ᠤᠨ ᠳᠠᠬᠢᠯᠭ᠎ᠠ ᠶᠢᠨ ᠬᠡᠷᠡᠭᠰᠡᠯ ᠢ  ᠴᠠᠭᠠᠵᠠᠯᠠᠬᠤ ᠲᠤᠬᠠᠶ ᠵᠠᠷᠯᠠᠯ
ᠨᠡᠶᠢᠲᠡᠯᠡᠭᠰᠡᠨ ᠴᠠᠭ᠄
2023/2/14
 ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠣᠷᠳᠣᠨ ᠤ ᠭᠦᠨ ᠴᠠᠭᠠᠰᠤ ᠭᠦᠨ ᠵᠣᠭᠤᠰ  ᠢ ᠦᠢᠯᠡᠳᠪᠦᠷᠢᠯᠡᠬᠦ ᠂ ᠵᠥᠭᠡᠭᠡᠪᠦᠷᠢᠯᠡᠬᠦ᠂ ᠪᠣᠷᠣᠯᠠᠭᠤᠯᠬᠤ᠂ ᠰᠢᠲᠠᠭᠠᠬᠤ ᠵᠡᠷᠭᠡ ᠮᠤᠬᠤᠷ ᠰᠦᠰᠦᠭ ᠤᠨ ᠳᠠᠬᠢᠯᠭ᠎ᠠ ᠶᠢᠨ ᠬᠡᠷᠡᠭᠰᠡᠯ ᠢ  ᠴᠠᠭᠠᠵᠠᠯᠠᠬᠤ ᠲᠤᠬᠠᠶ ᠵᠠᠷᠯᠠᠯ                   0 ﹇2022﹈ ᠳ᠋ᠤᠭᠠᠷ ᠲᠣᠭᠠᠲᠤ    ᠪᠣᠯᠪᠠᠰᠤᠨ ᠳᠠᠬᠢᠯᠭ᠎ᠠ ᠶᠢ ᠢᠳᠡᠪᠬᠢᠲᠡᠶ ᠰᠠᠨᠠᠭᠠᠴᠢᠯᠠᠨ ᠪᠦᠲᠦᠮᠵᠢᠲᠡᠶ ᠠᠬᠢᠭᠤᠯᠬᠤ ᠶᠢᠨ ᠲᠥᠯᠥᠭᠡ᠂ ᠣᠷᠣᠰᠢᠭᠤᠯᠭ᠎ᠠ ᠶᠢᠨ ᠪᠠ ᠲᠠᠬᠢᠯᠭ᠎ᠠ ᠶᠢᠨ ᠪᠣᠯᠬᠢ ᠳᠠᠳᠬᠠᠯ ᠢ ᠲᠠᠶᠠᠭᠳᠠᠵᠤ᠂ ᠬᠤᠲᠠ ᠶᠢᠨ ᠣᠷᠴᠢᠨ ᠲᠣᠭᠤᠷᠢᠨ ᠢ ᠴᠡᠪᠡᠷᠰᠢᠭᠦᠯᠦᠨ᠂ ᠣᠶ ᠰᠢᠭᠤᠶ ᠨᠤᠲᠤᠭ ᠪᠡᠯᠴᠢᠭᠡᠷ ᠵᠡᠷᠭᠡ ᠭᠠᠯ ᠤᠨ ᠭᠠᠮᠰᠢᠭ ᠤᠨ ᠳᠠᠯᠳᠠ ᠬᠡᠮ ᠢ ᠪᠠᠭᠠᠰᠬᠠᠵᠤ᠂ ᠪᠣᠯᠪᠠᠰᠤᠨ ᠬᠤᠲᠠ᠂ ᠪᠣᠯᠪᠠᠰᠤᠨ ᠲᠣᠰᠬᠤᠨ ᠪᠠᠯᠭᠠᠰᠤ ᠶᠢ ᠡᠭᠦᠳᠦᠨ ᠪᠠᠶᠢᠭᠤᠯᠬᠤ ᠠᠯᠬᠤᠴᠠ ᠶᠢ ᠲᠦᠷᠭᠡᠳᠬᠡᠨ᠎ᠡ᠂ ︽ᠭᠠᠯ ᠤᠨᠲᠠᠷᠠᠭᠠᠬᠤ ᠬᠠᠤᠯᠢ︾ ︽ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠨᠢᠭᠤᠴᠠ ᠴᠠᠭᠠᠰᠤ ᠪᠠ ᠨᠢᠭᠤᠴᠠ ᠵᠣᠭᠤᠰ ᠵᠡᠷᠭᠡ ᠮᠤᠬᠤᠷ ᠰᠦᠰᠦᠭ ᠤᠨ ᠲᠠᠬᠢᠯᠭ᠎ᠠ ᠶᠢᠨ ᠬᠡᠷᠡᠭᠰᠡᠯ ᠢ ᠦᠢᠯᠡᠳᠪᠦᠷᠢᠯᠡᠬᠦ᠂ ᠲᠡᠭᠡᠭᠡᠪᠦᠷᠢᠯᠡᠬᠦ᠂ ᠪᠣᠷᠣᠯᠠᠭᠤᠯᠬᠤ᠂ ᠰᠢᠲᠠᠭᠠᠬᠤ ᠶᠢ ᠴᠠᠭᠠᠵᠠᠯᠠᠬᠤ ᠲᠤᠬᠠᠶ ᠮᠡᠳᠡᠭᠳᠡᠯ︾ ᠵᠡᠷᠭᠡ ᠲᠣᠭᠲᠠᠭᠠᠯ ᠢ ᠦᠨᠳᠦᠰᠦᠯᠡᠨ᠂ ᠡᠳᠦᠭᠡ ᠬᠤᠯᠪᠣᠭᠳᠠᠯ ᠪᠥᠬᠦᠶ  ᠵᠤᠶᠢᠯᠡᠰ ᠢ ᠳᠣᠤᠷᠠᠬᠢ ᠮᠡᠲᠦ ᠵᠠᠷᠯᠠᠶ᠎ᠠ᠄    ᠨᠢᠭᠡ᠂ ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠤ ᠨᠢᠭᠤᠴᠠ ᠴᠠᠭᠠᠰᠤ ᠪᠠ ᠨᠢᠭᠤᠴᠠ ᠵᠣᠭᠤᠰ᠂ ᠴᠠᠭᠠᠰᠤᠨ ᠪᠣᠭᠤᠯᠲᠠ ᠵᠡᠷᠭᠡ ᠳᠠᠬᠢᠯᠭ᠎ᠠ ᠶᠢᠨ ᠬᠡᠷᠡᠭᠰᠡᠯ ᠢ ᠦᠢᠯᠡᠳᠪᠦᠷᠢᠯᠡᠬᠦ᠂ ᠪᠣᠷᠣᠯᠠᠭᠤᠯᠬᠤ ᠶᠢ ᠴᠠᠭᠠᠵᠠᠯᠠᠨ᠎ᠠ᠃ ᠭᠦᠨ ᠴᠠᠭᠠᠰᠤ ᠭᠦᠨ ᠵᠣᠭᠤᠰ᠂ ᠴᠠᠭᠠᠰᠤ ᠪᠣᠳᠠᠲᠤ ᠶᠠᠭᠤᠮ᠎ᠠ ᠵᠡᠷᠭᠡ ᠮᠤᠬᠤᠷ ᠰᠦᠰᠦᠭ ᠤᠨ ᠳᠠᠬᠢᠯᠭ᠎ᠠ ᠶᠢᠨ ᠬᠡᠷᠡᠭᠰᠡᠯ ᠢ ᠤᠶᠢᠯᠡᠳᠪᠤᠷᠢᠯᠡᠵᠦ ᠡᠳ᠋ᠰᠢᠭᠦᠯᠬᠦ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠤᠲᠠ ᠶᠢᠨ ᠬᠠᠮᠢᠶᠠᠷᠤᠯᠲᠠ᠂ ᠠᠷᠠᠳ ᠤᠨ ᠶᠠᠪᠤᠳᠠᠯ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠬᠠᠤᠯᠢ ᠶᠣᠰᠣᠭᠠᠷ ᠬᠦᠴᠦᠨ ᠥᠬᠡᠶ ᠪᠣᠯᠭᠠᠨ᠎ᠠ᠃ ᠶᠠᠮᠠᠷᠪᠠ ᠬᠥᠮᠦᠨ ᠤ ᠡᠭᠦᠳᠡᠨ ᠳᠡᠯᠭᠡᠭᠦᠷ᠂ ᠵᠠᠮ ᠤᠨ ᠬᠠᠵᠠᠭᠤ ᠵᠡᠷᠭᠡ ᠠᠯᠢᠪᠠ ᠲᠠᠯᠠᠪᠤᠷ ᠭᠠᠵᠠᠷ ᠲᠤ ᠨᠢᠭᠤᠴᠠ ᠴᠠᠭᠠᠰᠤ᠂ ᠨᠢᠭᠤᠴᠠ ᠵᠣᠭᠤᠰ᠂ ᠴᠠᠭᠠᠰᠤᠨ ᠬᠠᠳᠬᠤᠮᠠᠯ ᠡᠳ᠋ ᠵᠡᠷᠭᠡ ᠹᠸᠤᠳᠠᠯ ᠤᠨ ᠮᠤᠬᠤᠷ ᠰᠦᠰᠦᠭ ᠤᠨ ᠳᠠᠬᠢᠯᠭ᠎ᠠ ᠶᠢᠨ ᠬᠡᠷᠡᠭᠰᠡᠯ ᠪᠣᠷᠣᠯᠠᠭᠤᠯᠬᠤ ᠶᠢ ᠴᠠᠭᠠᠵᠠᠯᠠᠵᠤ᠂ ᠨᠢᠭᠤᠴᠠ ᠴᠠᠭᠠᠰᠤ᠂ ᠴᠠᠭᠠᠰᠤᠨ ᠬᠠᠳᠬᠤᠮᠠᠯ ᠡᠳ᠋ ᠵᠡᠷᠭᠡ ᠹᠸᠤᠳᠠᠯ ᠤᠨ ᠮᠤᠬᠤᠷ ᠰᠦᠰᠦᠭ ᠤᠨ ᠳᠠᠬᠢᠯᠭ᠎ᠠ ᠶᠢᠨ ᠬᠡᠷᠡᠭᠰᠡᠯ ᠢ ᠪᠣᠷᠣᠯᠠᠭᠤᠯᠬᠤ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠬᠤᠷᠢᠶᠠᠨ ᠠᠪᠤᠨ᠎ᠠ᠃    ᠬᠤᠶᠠᠷ᠂ ᠪᠤᠯᠠᠰᠢᠨ ᠭᠠᠵᠠᠷ᠂ ᠵᠠᠮ᠂ ᠠᠭᠤᠳᠠᠮ ᠲᠠᠯᠠᠪᠠᠢ᠂ ᠤᠯᠠᠨ ᠨᠡᠶᠢᠲᠡ ᠶᠢᠨ ᠨᠣᠭᠤᠭᠠᠨ ᠭᠠᠵᠠᠷ᠂ ᠰᠠᠭᠤᠭᠠᠯᠢ ᠠᠷᠠᠳ ᠤᠨ ᠲᠣᠭᠤᠷᠢᠭ᠂ ᠴᠡᠴᠡᠷᠯᠢᠭ ᠵᠡᠷᠭᠡ ᠲᠠᠯᠠᠪᠤᠷ ᠲᠤ ᠭᠦᠨ ᠴᠠᠭᠠᠰᠤ ᠭᠦᠨ ᠵᠣᠭᠤᠰ ᠵᠡᠷᠭᠡ ᠳᠠᠬᠢᠯᠭ᠎ᠠ ᠶᠢᠨ ᠬᠡᠷᠡᠭᠰᠡᠯ ᠢ ᠰᠢᠲᠠᠭᠠᠬᠤ ᠶᠢ ᠴᠠᠭᠠᠵᠠᠯᠠᠨ᠎ᠠ᠃ ᠳᠡᠭᠡᠷᠡᠬᠢ  ᠤᠶᠢᠯᠡ ᠠᠵᠢᠯᠯᠠᠭ᠎ᠠ ᠶᠢ ᠣᠯᠵᠤ ᠮᠡᠳᠡᠪᠡᠯ᠂ ᠬᠤᠲᠠ ᠶᠢᠨ ᠬᠠᠮᠢᠶᠠᠷᠤᠯᠲᠠ᠂ ᠠᠷᠠᠳ ᠤᠨ ᠶᠠᠪᠤᠳᠠᠯ᠂ ᠠᠮᠢ ᠠᠬᠤᠶ ᠶᠢᠨ ᠣᠷᠴᠢᠨ ᠲᠣᠭᠤᠷᠢᠨ᠂ ᠣᠶ ᠰᠢᠭᠤᠶ ᠡᠪᠡᠰᠦ ᠪᠡᠯᠴᠢᠭᠡᠷ᠂ ᠳᠣᠲᠣᠭᠠᠳᠤ ᠶᠢ ᠬᠠᠮᠠᠭᠠᠯᠠᠬᠤ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠠᠵᠢᠯᠲᠠᠨ ᠢᠳᠬᠠᠨ ᠬᠤᠷᠢᠭᠯᠠᠬᠤ ᠪᠠ ᠬᠤᠷᠢᠭᠯᠠᠬᠤ ᠬᠡᠷᠡᠭᠲᠡᠶ᠃    ᠭᠤᠷᠪᠠ᠂ ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠤ ᠨᠢᠭᠤᠴᠠ ᠴᠠᠭᠠᠰᠤ ᠪᠠ ᠨᠢᠭᠤᠴᠠ ᠵᠣᠭᠤᠰ᠂ ᠴᠠᠭᠠᠰᠤᠨ ᠪᠣᠭᠤᠯᠲᠠ ᠵᠡᠷᠭᠡ ᠮᠤᠬᠤᠷ ᠰᠦᠰᠦᠭ ᠤᠨ ᠲᠠᠬᠢᠯᠭ᠎ᠠ ᠶᠢᠨ ᠬᠡᠷᠡᠭᠰᠡᠯ ᠢ ᠦᠢᠯᠡᠳᠬᠦ᠂ ᠪᠣᠷᠣᠯᠠᠭᠤᠯᠬᠤ ᠳᠤ ᠵᠥᠭᠡᠭᠡᠪᠦᠷᠢ ᠶᠢᠨ ᠲᠡᠷᠭᠡ ᠬᠥᠰᠬᠡ ᠬᠠᠩᠭᠠᠬᠤ ᠶᠢ ᠴᠠᠭᠠᠵᠠᠯᠠᠨ᠎ᠠ᠃ ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭ᠎ᠠ᠂ ᠬᠤᠲᠠ ᠶᠢᠨ ᠬᠠᠮᠢᠶᠠᠷᠤᠯᠲᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠳᠠᠬᠢᠯᠭ᠎ᠠ ᠶᠢᠨ ᠬᠡᠷᠡᠭᠰᠡᠯ ᠢ ᠲᠡᠭᠡᠭᠡᠪᠦᠷᠢᠯᠡᠬᠦ ᠲᠡᠭᠡᠭᠡᠪᠦᠷᠢ ᠶᠢᠨ ᠲᠡᠷᠭᠡ ᠬᠥᠰᠬᠡ ᠶᠢ ᠴᠢᠩᠭ᠎ᠠ ᠪᠠᠶᠢᠴᠠᠭᠠᠬᠤ ᠬᠡᠷᠡᠭᠲᠡᠶ᠃ ᠲᠤᠰ ᠵᠠᠷᠯᠠᠯ ᠢ ᠵᠥᠷᠢᠴᠡᠵᠦ᠂ ᠬᠠᠤᠯᠢ ᠬᠡᠷᠡᠭᠵᠢᠭᠦᠯᠬᠦ ᠠᠵᠢᠯᠲᠠᠨ ᠤ ᠠᠯᠪᠠᠨ ᠠᠵᠢᠯ ᠭᠦᠢᠴᠡᠳᠬᠡᠬᠦ ᠶᠢ ᠬᠠᠷᠰᠢᠯᠠᠭᠰᠠᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ︽ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ  ᠰᠢᠢᠳᠭᠡᠯ ᠤᠨ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠶ᠋ᠳᠬᠡᠨ᠎ᠡ︔ ᠭᠠᠯ ᠰᠡᠷᠭᠡᠶᠢᠯᠡᠨ ᠤᠨᠲᠠᠷᠠᠭᠠᠬᠤ ᠠᠶᠤᠯᠭᠦᠶ ᠶᠢᠨ ᠬᠠᠤᠯᠢ ᠶᠢ ᠵᠥᠷᠢᠴᠡᠭᠰᠡᠨ ᠠᠵᠢᠯᠯᠠᠭ᠎ᠠ ᠪᠤᠯᠵᠦ ᠪᠦᠷᠢᠯᠳᠦᠭᠰᠡᠨ ᠪᠠᠶᠢᠪᠠᠯ᠂ ᠭᠠᠯ ᠰᠡᠷᠭᠡᠶᠢᠯᠡᠨ ᠤᠨᠲᠠᠷᠠᠭᠠᠬᠤ ᠰᠠᠯᠠᠭ᠎ᠠ ᠮᠥᠴᠢᠷ ᠠᠴᠠ ︽ᠭᠠᠯ ᠰᠡᠷᠭᠡᠶᠢᠯᠡᠨ ᠤᠨᠲᠠᠷᠠᠭᠠᠬᠤ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ  ᠰᠢᠢᠳᠪᠤᠷᠢᠯᠡᠨ᠎ᠡ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ᠂ ᠬᠠᠤᠯᠢ ᠴᠠᠭᠠᠵᠠ ᠶᠢᠨ ᠰᠠᠯᠠᠭ᠎ᠠ ᠮᠥᠴᠢᠷ ᠲᠤ ᠬᠠᠤᠯᠢ ᠶᠣᠰᠣᠭᠠᠷ ᠰᠢᠯᠵᠢᠭᠦᠯᠦᠨ ᠥᠭᠴᠦ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠭᠦᠯᠦᠨ᠎ᠡ᠃                                                                                                        ᠡᠭᠦᠨ ᠤ ᠲᠤᠯᠠ ᠣᠨᠴᠠᠭᠠᠶᠢᠯᠠᠨ ᠵᠠᠷᠯᠠᠪᠠ                   ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠣᠷᠳᠣᠨ
 
ᠢᠷᠡᠯᠲᠡ᠄ ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠣᠷᠳᠣᠨ‌‍ᠤ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2