ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2023/2/14
 ᠪᠦᠬᠦ ᠰᠢᠶᠠᠨ ᠤ ᠥᠷᠭᠡᠨ ᠤᠯᠠᠨ ᠠᠷᠠᠳ ᠲᠦᠮᠡᠨ᠂ ᠨᠡᠶᠢᠭᠡᠮ ᠤᠨ ᠡᠯ᠎ᠡ ᠡᠲᠡᠭᠡᠳ ᠤᠨ  ᠨᠠᠶᠢᠵᠠ ᠨᠠᠷ ᠠ᠄    ︽ᠠᠷᠠᠳ ᠢᠷᠭᠡᠳ ᠪᠣᠯᠪᠠᠰᠤ ᠠᠮᠤ ᠪᠤᠳᠠᠭ᠎ᠠ ᠪᠠᠷ ᠠᠮᠢ ᠭᠤᠣᠯ ᠢᠶᠠᠨ ᠪᠣᠯᠭᠠᠮᠤᠶ᠂ ᠠᠮᠤ ᠪᠤᠳᠠᠭ᠎ᠠ ᠪᠣᠯᠪᠠᠰᠤ ᠠᠮᠤᠷ ᠲᠦᠪᠰᠢᠨ ᠢ ᠲᠡᠷᠢᠭᠦᠨ ᠳᠤ ᠲᠠᠯᠪᠢᠮᠤᠶ︾᠃ ᠢᠳᠡᠭᠡᠨ ᠤ ᠠᠮᠤᠷ ᠲᠦᠪᠰᠢᠨ ᠨᠢ ᠬᠥᠮᠦᠨ ᠨᠢᠭᠡᠪᠦᠷᠢ ᠶᠢᠨ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠳᠤ ᠬᠤᠯᠪᠣᠭᠳᠠᠵᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠪᠠᠶᠢᠳᠠᠯ ᠪᠠ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠡᠭᠡ ᠲᠠᠯ᠎ᠠ ᠳᠤ ᠬᠤᠯᠪᠣᠭᠳᠠᠵᠤ᠂ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠬᠤ ᠪᠠᠷ ᠪᠠᠷᠠᠬᠤ ᠦᠭᠡᠢ ᠨᠡᠩ ᠴᠤ ᠤᠯᠤᠰ ᠲᠦᠷᠦ ᠶᠢᠨ ᠡᠭᠦᠷᠭᠡ ᠪᠣᠯᠬᠤ ᠶᠤᠮ᠃ ᠢᠳᠡᠭᠡᠨ ᠤ ᠠᠮᠤᠷ ᠲᠦᠪᠰᠢᠨ ᠨᠢᠭᠡᠨᠲᠡ ︽ᠤᠯᠤᠰ ᠤᠨ ᠪᠠᠶᠢᠯᠳᠤᠬᠤ ᠪᠣᠳᠣᠯᠭ᠎ᠠ︾ ᠶᠢᠨ ᠳᠡᠭᠡᠳᠦ ᠬᠡᠮᠵᠢᠶᠡᠨ ᠳᠤ ᠬᠦᠷᠦᠭᠰᠡᠨ ᠪᠠᠶᠢᠨ᠎ᠠ᠃ ᠡᠭᠦᠨ ᠤ ᠲᠤᠯᠠᠳᠠ᠂ ᠣᠨᠴᠠᠭᠠᠶᠢᠯᠠᠨ ᠪᠦᠬᠦ ᠰᠢᠶᠠᠨ ᠤ ᠥᠷᠭᠡᠨ ᠤᠯᠠᠨ ᠠᠷᠠᠳ ᠲᠦᠮᠡᠨ᠂ ᠨᠡᠶᠢᠭᠡᠮ ᠤᠨ ᠡᠯ᠎ᠡ ᠡᠲᠡᠭᠡᠳ ᠤᠨ ᠨᠠᠶᠢᠵᠠ ᠨᠠᠷ ᠲᠤ ᠳᠣᠣᠷᠠᠬᠢ ᠮᠡᠲᠦ ᠰᠠᠨᠠᠭᠠᠴᠢᠯᠠᠭ᠎ᠠ ᠶᠢ ᠭᠠᠷᠭᠠᠶ᠎ᠠ᠄    ᠨᠢᠭᠡ᠂ ᠦᠨᠡᠨᠴᠢ ᠢᠲᠡᠭᠡᠮᠵᠢᠲᠡᠢ ᠪᠠᠷ ᠪᠡᠶ᠎ᠡ ᠪᠠᠨ ᠱᠠᠭᠠᠷᠳᠠᠵᠤ᠂ ᠪᠦᠬᠦ ᠣᠷᠣᠨ ᠪᠦᠰᠡ ᠪᠠᠷ ᠢᠶᠠᠨ ᠬᠠᠮᠲᠤᠪᠠᠷ ᠵᠠᠰᠠᠨ᠎ᠠ᠃ ᠡᠯ᠎ᠡ ᠢᠳᠡᠭᠡᠨ ᠤ  ᠤᠶᠢᠯᠡᠳᠪᠤᠷᠢᠯᠡᠯ‌ᠡᠵᠡᠩᠨᠡᠯᠲᠡ ᠶᠢᠨ ᠨᠢᠭᠡᠴᠡ᠂ ᠥᠷᠭᠡᠨ ᠣᠯᠠᠨ ᠠᠵᠢᠯᠯᠠᠭᠰᠠᠳ ᠢᠳᠡᠭᠡᠨ ᠤ ᠠᠮᠤᠷ ᠲᠦᠪᠰᠢᠨ ᠤ ᠨᠢᠭᠡᠳᠦᠭᠡᠷ ᠬᠠᠷᠢᠭᠤᠴᠠᠯᠭᠠᠲᠠᠨ ᠤ ᠦᠵᠡᠯ ᠤᠬᠠᠮᠰᠠᠷ ᠢ ᠪᠠᠲᠤ ᠪᠠᠬᠢ ᠪᠣᠶ ᠪᠣᠯᠭᠠᠵᠤ ᠂ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠪᠥᠬᠦ ᠲᠠᠯ᠎ᠠ ᠪᠠᠷ ᠭᠦᠶ᠋ᠴᠡᠳᠬᠡᠬᠦ ᠬᠡᠷᠡᠭᠲᠡᠶ︔ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠪᠠᠷᠢᠮᠵᠢᠶ᠎ᠠ ᠶᠢᠨ ᠵᠢᠷᠤᠮᠵᠢᠯ ᠢ ᠴᠢᠩᠭ᠎ᠠ ᠬᠡᠷᠡᠭᠵᠢᠭᠦᠯᠵᠦ᠂ ᠬᠠᠮᠢᠶᠠᠷᠤᠯᠲᠠ ᠶᠢᠨ ᠲᠦᠷᠢᠮ ᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠪᠦᠬᠦ ᠶᠠᠪᠤᠴᠠ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠢᠳᠡᠭᠡᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠬᠤ ᠬᠡᠷᠡᠭᠲᠡᠢ︔ ᠢᠳᠡᠭᠡᠨ ᠤ ᠠᠮᠤᠷ ᠲᠦᠪᠰᠢᠨ ᠤ ᠦᠵᠡᠯ ᠤᠬᠠᠮᠰᠠᠷ ᠢ ᠦᠨᠡᠨᠬᠦ ᠴᠢᠩᠭᠠᠷᠠᠭᠤᠯᠵᠤ᠂ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠶᠢ ᠴᠢᠩᠭᠠᠳᠬᠠᠨ᠂ ᠬᠠᠤᠯᠢ ᠶᠢ ᠰᠠᠬᠢᠵᠤ ᠡᠵᠡᠩᠨᠡᠬᠦ᠂ ᠦᠨᠡᠨᠴᠢ ᠢᠲᠡᠭᠡᠮᠵᠢᠲᠡᠶ ᠪᠠᠷ ᠡᠵᠡᠩᠨᠡᠬᠦ ᠶᠢ ᠪᠡᠶᠡᠯᠡᠭᠦᠯᠬᠦ ᠬᠡᠷᠡᠭᠲᠡᠶ᠃    ᠬᠤᠶᠠᠷ᠂ ᠳᠡᠭᠡᠳᠦ ᠲᠤᠤᠷᠠᠳᠤ ᠱᠠᠳᠤ ᠪᠠᠷ ᠢᠶᠠᠨ ᠬᠤᠯᠪᠣᠭᠠᠯᠠᠨ ᠬᠥᠳᠡᠯᠦᠯᠴᠡᠵᠦ᠂ ᠪᠦᠬᠦ ᠰᠢᠶᠠᠨ ᠢᠶᠠᠷ ᠢᠶᠠᠨ ᠬᠠᠮᠲᠤ ᠪᠠᠷ ᠪᠠᠶᠢᠭᠤᠯᠤᠨ᠎ᠠ᠃ ᠡᠯ᠎ᠡ ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠤᠨ ᠬᠢᠨ ︽ᠨᠡᠶᠢᠭᠡᠮ ᠨᠡᠶᠢᠲᠡ ᠪᠠᠷ ᠢᠶᠠᠨ ᠮᠡᠳᠡᠷᠡᠵᠦ᠂ ᠣᠯᠠᠨ ᠲᠦᠮᠡᠨ ᠬᠠᠨᠤᠮᠵᠢᠲᠠᠶ ᠪᠠᠶᠢᠬᠤ︾ ᠪᠠᠷ ᠪᠠᠷᠢᠮᠵᠢᠶ᠎ᠠ ᠪᠣᠯᠭᠠᠵᠤ᠂ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠶᠡᠭᠡ ᠲᠠᠯ᠎ᠠ ᠶᠢᠨ ᠲᠣᠭᠤᠷᠢᠨ ᠳᠤ᠂ ᠬᠤᠲᠠ ᠪᠠᠶᠢᠭᠤᠯᠬᠤ ᠴᠢᠬ ᠪᠠᠶᠢᠷᠢ ᠶᠢᠨ ᠪᠥᠲᠥᠭᠡᠨ ᠪᠠᠶᠢᠭᠤᠯᠤᠯᠲᠠ ᠶᠢᠨ ᠨᠠᠷᠢᠨ ᠬᠠᠭᠤᠳᠠᠰᠤ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ︽ᠳᠥᠷᠪᠡᠨ ᠬᠠᠮᠤᠭ ᠤᠨ ᠴᠢᠩᠭ᠎ᠠ︾᠂ ︽ᠳᠥᠷᠪᠡ ᠳᠤ ᠬᠤᠶᠠᠷ ᠬᠠᠷᠢᠭᠤᠴᠠᠯᠭ᠎ᠠ ᠲᠠᠢ ᠪᠠᠶᠢᠬᠤ︾ ᠶᠢ ᠴᠢᠩᠭ᠎ᠠ ᠨᠠᠶᠢᠳᠠᠪᠤᠷᠢᠵᠢᠭᠤᠯᠤᠨ᠂ ᠲᠣᠰ ᠲᠣᠰ ᠤᠨ ᠡᠭᠦᠷᠭᠡ ᠲᠤᠰᠢᠶᠠᠯ ᠢᠶᠠᠨ  ᠭᠦᠢᠴᠡᠳᠭᠡᠵᠦ᠂ ᠬᠦᠴᠦ ᠪᠠᠨ ᠬᠠᠮᠲᠤᠳᠬᠠᠨ ᠬᠠᠮᠵᠢᠯᠴᠠᠵᠤ᠂ ᠢᠳᠡᠭᠡᠨ ᠤ ᠠᠮᠤᠷ ᠲᠦᠪᠰᠢᠨ ᠢ ᠦᠨᠡᠨᠬᠦ ᠰᠠᠬᠢᠨ ᠬᠠᠮᠠᠭᠠᠯᠠᠬᠤ ᠶᠢᠨ ᠡᠵᠡᠨ ᠪᠣᠯᠵᠣ᠂ ᠠᠷᠠᠳ ᠣᠯᠠᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠦᠨᠡᠨᠬᠦ ᠪᠠᠲᠤᠯᠠᠬᠤ ᠬᠡᠷᠡᠭᠲᠡᠶ᠃                                     ᠯᠢᠶᠠᠩᠴᠧᠩ ᠰᠢᠶᠠᠨ ᠤ ᠢᠳᠡᠭᠡᠨ ᠪᠠ ᠡᠮ ᠤᠨ ᠵᠦᠢᠯ ᠤᠨ                                              ᠠᠶᠤᠯᠭᠦᠶ ᠶᠢᠨ ᠺᠣᠮᠢᠰ ‍ᠤᠨ‌ᠠᠯᠪᠠᠨ ᠭᠡᠷ                                    ᠯᠢᠶᠠᠩᠴᠧᠩ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ                                              ᠬᠠᠮᠢᠶᠠᠷᠤᠯᠲᠠ ᠶᠢᠨ ᠲᠣᠪᠴᠢᠶ᠎ᠠ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2