ᠬᠥᠮᠦᠨ ᠤ ᠠᠮᠢᠳᠤᠷᠠᠯ ᠳᠤ᠂ ᠬᠥᠮᠦᠨ ᠪᠣᠯᠭᠠᠨ ᠥᠪᠡᠷ ᠤᠨ ᠲᠡᠷᠡ ᠬᠦ ᠬᠠᠷᠢᠭᠤᠴᠠᠯᠭ᠎ᠠ ᠪᠠᠨ ᠡᠭᠦᠷᠭᠡᠯᠡᠬᠦ | ᠬᠡᠷᠡᠭᠲᠡᠶ᠃ ᠠᠵᠢᠯ ᠤᠨ ᠳᠤᠮᠳᠠᠬᠢ ᠬᠠᠮᠤᠭ ᠤᠨ ᠶᠡᠭᠡ ᠢᠷᠠᠭᠤ ᠠᠯᠳᠠᠷ ᠪᠣᠯ ᠬᠡᠴᠢᠨᠡᠭᠡᠨ ᠤᠯᠠᠨ ᠬᠦᠴᠢᠷ | ᠪᠡᠷᠬᠡᠰᠢᠶᠡᠯ ᠳᠤ ᠲᠤᠯᠭᠠᠷᠠᠭᠰᠠᠨ ᠴᠤ ᠬᠦᠴᠢᠷ ᠢ ᠰᠦᠷᠦᠨ ᠤᠷᠤᠭᠰᠢᠯᠠᠵᠤ᠂ ᠪᠦᠬᠦ ᠰᠡᠳᠬᠢᠯ ᠪᠦᠬᠦ ᠴᠢᠳᠠᠯ ᠢᠶᠠᠷ ᠢᠶᠠᠨ | ᠡᠭᠦᠷᠭᠡ ᠪᠠᠨ ᠰᠠᠶᠢᠲᠤᠷ ᠪᠡᠶᠡᠯᠡᠭᠦᠯᠵᠦ᠂ ᠪᠠᠭ᠎ᠠ ᠶᠠᠪᠤᠳᠠᠯ ᠳᠤ ᠲᠤᠯᠭᠠᠷᠠᠭᠰᠠᠨ ᠴᠤ ᠪᠠᠭ᠎ᠠ ᠶᠠᠪᠤᠳᠠᠯ ᠢ ᠰᠠᠶᠢᠨ ᠪᠥᠭᠡᠳ | ᠨᠠᠷᠢᠯᠢᠭ ᠬᠢᠬᠦ ᠶᠠᠪᠤᠳᠠᠯ ᠪᠣᠯᠤᠨ᠎ᠠ᠂ ᠥᠨᠥᠳᠦᠷ ᠪᠢᠳᠡᠨ ᠤ ᠲᠡᠮᠳᠡᠭᠯᠡᠵᠦ ᠪᠠᠶᠢᠭ᠎ᠠ ᠪᠣᠯ ᠳᠠᠷᠤᠢ ᠡᠶᠢᠮᠦ ᠨᠢᠭᠡᠨ ᠰᠠᠶᠢᠨ | ᠺᠠᠳ᠋ᠷ — ᠥᠨᠳᠥᠷ ᠤᠷᠬᠢᠯ ᠢ ᠲᠡᠮᠳᠡᠭᠯᠡᠨ᠎ᠡ᠃ | | | | | | ᠭᠤᠤ ᠹᠧᠩ ᠪᠣᠯ ᠯᠢᠶᠠᠩᠴᠧᠩ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠲᠣᠪᠴᠢᠶ᠎ᠠ ᠶᠢᠨ ᠨᠢᠭᠡᠨ ᠡᠩ ᠤᠨ ᠺᠠᠳ᠋ᠷ ᠪᠣᠯᠤᠨ᠎ᠠ᠂ 2015 ᠣᠨ ᠳᠤ ᠠᠵᠢᠯ ᠳᠤ ᠣᠷᠣᠵᠤ᠂ ᠡᠭᠡᠯ ᠵᠢᠷ ᠤᠨ | ᠠᠵᠢᠯ ᠤᠨ ᠪᠠᠶᠢᠷᠢ ᠳᠡᠭᠡᠷ᠎ᠡ ᠪᠠᠨ ᠲᠠᠰᠤᠷᠠᠯᠲᠠ ᠦᠭᠡᠢ ᠳᠠᠪᠰᠢᠬᠤ ᠶᠢ ᠬᠥᠭᠡᠭᠡᠴᠡᠯᠳᠦᠵᠦ᠂ ᠢᠮᠠᠭᠲᠠ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠵᠦ᠂ ᠤᠭ ᠰᠠᠨᠠᠭ᠎ᠠ ᠪᠠᠨ ᠦᠯᠦ ᠮᠠᠷᠲᠠᠨ᠂ ᠵᠣᠷᠢᠭᠲᠠᠢ ᠪᠠᠷ ᠬᠠᠷᠢᠭᠤᠴᠠᠯᠭ᠎ᠠ | ᠡᠭᠦᠷᠭᠡᠯᠡᠨ ᠠᠵᠢᠯ ᠶᠠᠪᠤᠳᠠᠯ ᠬᠢᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ | ᠵᠣᠯᠭᠠᠭᠤᠯᠬᠤ ᠠᠵᠢᠯ ᠢ ᠰᠠᠶᠢᠲᠤᠷ ᠬᠢᠬᠦ ᠳᠤ ᠮᠠᠰᠢ ᠤᠯᠠᠨ ᠠᠮᠵᠢᠯᠲᠠ ᠪᠦᠲᠦᠮᠵᠢ ᠭᠠᠷᠭᠠᠭᠰᠠᠨ ᠪᠥᠭᠡᠳ ᠰᠢᠷᠭᠠᠭᠤ | ᠬᠠᠲᠠᠭᠤᠵᠢᠯᠲᠠᠢ ᠠᠵᠢᠯ ᠬᠥᠳᠡᠯᠮᠦᠷᠢ ᠶᠢᠨ ᠳᠤᠮᠳᠠ ᠥᠪᠡᠷ ᠤᠨ ᠵᠠᠯᠠᠭᠤ ᠨᠠᠰᠤ ᠪᠠᠨ ᠦᠭᠡ ᠳᠠᠭᠤᠨ ᠦᠭᠡᠢ ᠪᠠᠷ | ᠵᠣᠷᠢᠭᠤᠯᠵᠠᠢ᠃ 2022 ᠣᠨ ᠳᠤ᠂ ᠲᠡᠷᠡ ︽ᠤᠯᠠᠭᠠᠨᠴᠠᠪ ᠬᠤᠳᠠ ᠶᠢᠨ ᠰᠠᠶᠢᠨ ᠺᠠᠳ᠋ᠷ ᠪᠣᠯᠬᠤ︾ ᠢᠷᠠᠭᠤ | ᠠᠯᠳᠠᠷ ᠤᠨ ᠴᠣᠯᠠ ᠪᠠᠷ ᠦᠨᠡᠯᠡᠭᠳᠡᠪᠡ᠃ | | | | | | ᠲᠡᠷᠡ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠡᠮᠦᠨ᠎ᠡ ᠹᠷᠣᠨᠲ ᠤᠨ ︽ | ᠤᠬᠠᠭᠤᠯᠤᠭᠴᠢ︾ ᠪᠣᠯᠤᠨ᠎ᠠ᠃ ᠠᠵᠢᠯ ᠳᠤ ᠣᠷᠣᠯᠴᠠᠭᠰᠠᠨ ᠠᠴᠠ ᠨᠠᠰᠢ᠂ ᠲᠡᠷᠡ ᠤᠨᠢᠨ ᠳᠡᠭᠡᠷ᠎ᠡ ᠨᠢ ᠶᠠᠳᠠᠭᠤ ᠶᠢ | ᠲᠡᠳᠬᠦᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ | ᠰᠠᠨᠠᠭᠠᠴᠢᠯᠠᠭ᠎ᠠ ᠠᠴᠠ ᠪᠠᠨ ᠰᠤᠷᠤᠯᠴᠠᠵᠤ᠂ ᠰᠢᠨ᠎ᠡ ᠴᠠᠭ ᠦᠶ᠎ᠡ ᠶᠢᠨ ᠨᠠᠮ ᠤᠨ ᠶᠠᠳᠠᠭᠤ ᠶᠢ ᠲᠡᠳᠬᠦᠵᠦ ᠨᠡᠭᠡᠭᠡᠨ | ᠬᠥᠭᠵᠢᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠯ᠎ᠠ ᠪᠠᠷ ᠬᠢ ᠰᠢᠨ᠎ᠡ ᠰᠡᠳᠬᠢᠴᠡ᠂ ᠰᠢᠨ᠎ᠡ | ᠪᠠᠶᠢᠳᠠᠯ ᠢ ᠴᠠᠭ ᠢᠮᠠᠭᠲᠠ ᠠᠩᠬᠠᠷᠴᠤ᠂ ᠲᠤᠬᠠᠶᠢᠯᠠᠭᠰᠠᠨ ᠠᠵᠢᠯ ᠤᠨ ᠮᠡᠳᠡᠯᠭᠡ ᠶᠢ ᠲᠠᠰᠤᠷᠠᠯᠲᠠ ᠦᠭᠡᠢ | ᠰᠤᠷᠤᠯᠴᠠᠵᠤ᠂ ᠲᠤᠬᠠᠶᠢᠯᠠᠭᠰᠠᠨ ᠠᠵᠢᠯ ᠤᠨ ᠲᠦᠪᠰᠢᠨ ᠢᠶᠠᠨ ᠴᠢᠷᠮᠠᠶᠢᠨ ᠳᠡᠭᠡᠭᠰᠢᠯᠡᠭᠦᠯᠵᠦ᠂ ᠠᠵᠢᠯ ᠤᠨ | ᠬᠡᠷᠡᠭᠴᠡᠭᠡ ᠳᠤ ᠢᠳᠡᠪᠬᠢᠲᠡᠢ ᠵᠣᠬᠢᠴᠠᠪᠠ᠃ 2016 ᠣᠨ ᠠᠴᠠ ᠨᠠᠰᠢ᠂ ᠲᠡᠷᠡ ᠡᠯ᠎ᠡ ᠲᠦᠷᠦᠯ ᠤᠨ ᠪᠢᠴᠢᠭ | ᠮᠠᠲ᠋ᠧᠷᠢᠶᠠᠯ ᠤᠨ ᠮᠡᠳᠡᠭᠦᠯᠦᠯᠲᠡ ᠶᠢ 200 ᠭᠠᠷᠤᠢ ᠵᠦᠢᠯ ᠪᠢᠴᠢᠵᠦ᠂ ᠡᠯ᠎ᠡ ᠲᠦᠷᠦᠯ ᠤᠨ ᠲᠠᠩᠰᠠ ᠡᠪᠬᠡᠮᠡᠯ ᠤᠨ | ᠮᠠᠲ᠋ᠧᠷᠢᠶᠠᠯ ᠢ 800 ᠭᠠᠷᠤᠢ ᠳᠠᠩᠰᠠ ᠡᠪᠬᠡᠮᠡᠯ ᠢ ᠲᠡᠭᠦᠯᠳᠡᠷᠵᠢᠭᠦᠯᠵᠦ᠂ ᠬᠤᠲᠠ ᠰᠢᠶᠠᠨ ᠤ ᠪᠣᠯᠪᠠᠰᠤᠷᠠᠯ ᠳᠤ 50 | ᠭᠠᠷᠤᠢ ᠤᠳᠠᠭ᠎ᠠ ᠣᠷᠣᠯᠴᠠᠵᠤ᠂ ᠪᠦᠬᠦ ᠰᠢᠶᠠᠨ ᠤ 132 ᠵᠠᠰᠠᠭ ᠵᠠᠬᠢᠷᠭᠠᠨ ᠤ ᠲᠣᠰᠬᠤᠨ ᠳᠤ ᠬᠦᠷᠦᠭᠰᠡᠨ ᠪᠠᠶᠢᠨ᠎ᠠ᠃ | | ᠲᠡᠷᠡ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠡᠮᠦᠨ᠎ᠡ ᠹᠷᠣᠨᠲ ᠤᠨ ︽ | ᠲᠤᠬᠠᠶᠢᠯᠠᠭᠰᠠᠨ ᠠᠵᠢᠯᠳᠠᠠ︾ ᠪᠣᠯᠤᠨ᠎ᠠ᠃ 2019 ᠣᠨ ᠤ ᠰᠡᠭᠦᠯᠴᠢ ᠳᠤ᠂ ᠥᠪᠡᠷᠲᠡᠭᠡᠨ ᠵᠠᠰᠠᠬᠤ ᠣᠷᠣᠨ ᠤ | ᠱᠠᠭᠠᠷᠳᠠᠯᠭ᠎ᠠ ᠶᠣᠰᠣᠭᠠᠷ᠂ ᠥᠩᠭᠡᠷᠡᠭᠰᠡᠨ ᠵᠢᠯ ᠤᠳ ᠤᠨ ᠶᠠᠳᠠᠭᠤ ᠶᠢ ᠲᠡᠳᠬᠦᠬᠦ ᠪᠠᠯᠠ ᠮᠥᠩᠭᠦ ᠶᠢᠨ ᠬᠡᠷᠡᠭᠯᠡᠯᠲᠡ ᠪᠠ | ᠲᠥᠷᠥᠯ ᠵᠦᠶ᠋ᠯ ᠤᠨ ᠬᠡᠷᠡᠭᠵᠢᠭᠦᠯᠦᠯᠲᠡ ᠳᠤ ᠡᠳ᠋ ᠬᠥᠷᠥᠩᠭᠡ ᠶᠢ ᠪᠦᠷᠢᠳᠬᠡᠨ ᠪᠠᠯᠠ ᠮᠥᠩᠭᠦ ᠶᠢ ᠬᠠᠷᠭᠤᠭᠤᠯᠬᠤ | ᠠᠵᠢᠯ ᠢ ᠥᠷᠨᠢᠭᠦᠯᠵᠦ᠂ ᠴᠠᠭ ᠬᠤᠭᠤᠴᠠᠭᠠᠨ ᠤ ᠠᠯᠭᠠᠰᠠᠯ ᠣᠷᠳᠣ᠂ ᠬᠤᠯᠪᠣᠭᠳᠠᠬᠤ ᠰᠠᠯᠠᠭ᠎ᠠ ᠮᠥᠴᠢᠷ ᠥᠷᠭᠡᠨ᠂ | ᠬᠤᠯᠪᠣᠭᠳᠠᠬᠤ ᠪᠠᠯᠠ ᠮᠥᠩᠭᠦ ᠶᠢᠨ ᠲᠤᠭ᠎ᠠ ᠮᠤᠨᠳᠠᠭ ᠶᠡᠭᠡ᠂ ᠡᠯ᠎ᠡ ᠵᠤᠶᠢᠯ ᠤᠨ ᠲᠤᠭ᠎ᠠ ᠪᠠᠷᠢᠮᠲᠠ ᠪᠤᠳᠤᠯᠢᠶᠠᠨᠲᠠᠶ | ᠪᠠᠶᠢᠨ᠎ᠠ᠃ ᠲᠡᠷᠡ ᠰᠤᠷᠤᠯᠴᠠᠵᠤ ᠰᠦᠪᠡᠭᠴᠢᠯᠡᠬᠦ᠂ ᠴᠠᠭ ᠨᠡᠮᠡᠵᠦ ᠠᠵᠢᠯᠯᠠᠬᠤ ᠪᠠᠷ ᠳᠠᠮᠵᠢᠭᠤᠯᠤᠨ 2012 — | 2018 ᠣᠨ ᠤ ᠪᠣᠶ ᠪᠥᠬᠦᠶ ᠶᠠᠳᠠᠭᠤ ᠶᠢ ᠲᠡᠳᠬᠦᠬᠦ ᠪᠠᠯᠠ ᠮᠥᠩᠭᠦ ᠶᠢᠨ ᠲᠥᠷᠥᠯ ᠵᠤᠶᠢᠯ ᠤᠨ ᠣᠷᠣᠭᠤᠯᠤᠯᠲᠠ ᠶᠢᠨ | ᠬᠠᠨᠳᠤᠰᠢ ᠶᠢ ᠡᠮᠬᠢᠯᠡᠨ ᠭᠠᠷᠭᠠᠵᠤ᠂ ᠲᠠᠷᠠᠭᠠᠴᠢ ᠶᠢᠨ ᠶᠠᠳᠠᠭᠤ ᠶᠢ ᠲᠡᠳᠬᠦᠬᠦ ᠪᠠᠯᠠ ᠬᠥᠷᠥᠩᠭᠡ ᠶᠢᠨ ᠡᠷᠬᠡ ᠶᠢ | ᠨᠤᠲᠠᠯᠠᠨ ᠳᠡᠩᠰᠡᠯᠡᠬᠦ ᠳᠤ ᠰᠠᠶᠢᠨ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ | | | | | | ᠲᠡᠷᠡ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠡᠮᠦᠨ᠎ᠡ ᠹᠷᠣᠨᠲ ᠤᠨ ︽ | ᠪᠠᠶᠢᠯᠳᠤᠭᠴᠢ︾ ᠮᠥᠨ᠃ ᠠᠵᠢᠯ ᠳᠤ ᠣᠷᠣᠯᠴᠠᠭᠰᠠᠨ ᠠᠴᠠ ᠨᠠᠰᠢ᠂ ᠲᠡᠷᠡ ᠬᠦᠴᠢᠷ ᠪᠡᠷᠬᠡᠰᠢᠶᠡᠯ ᠠᠴᠠ ᠠᠶᠤᠬᠤ | ᠦᠭᠡᠶ᠂ ᠶᠠᠳᠠᠷᠠᠬᠤ ᠠᠴᠠ ᠠᠶᠤᠬᠤ ᠦᠭᠡᠶ᠃ ᠡᠷᠦᠬᠡ ᠳᠤ ᠬᠦᠷᠴᠦ ᠰᠤᠷᠪᠤᠯᠵᠢᠯᠠᠨ ᠶᠠᠷᠢᠯᠴᠠᠬᠤ ᠬᠤᠷᠠᠯ ᠬᠢᠵᠦ᠂ | ᠶᠠᠳᠠᠭᠤᠴᠤᠳ ᠤᠨ ᠵᠣᠪᠠᠯᠠᠩ ᠢ ᠠᠰᠠᠭᠤᠵᠤ᠂ ᠲᠥᠷᠥᠯ ᠵᠦᠢᠯ ᠢ ᠲᠡᠮᠡᠴᠡᠨ ᠤᠯᠬᠤ ᠳᠤ ᠢᠳᠡᠪᠬᠢᠲᠡᠶ ᠬᠠᠪᠰᠤᠷᠴᠤ᠂ | ᠶᠠᠳᠠᠭᠤ ᠬᠦᠴᠢᠷᠳᠡᠯ ᠲᠠᠢ ᠣᠯᠠᠨ ᠲᠦᠮᠡᠨ᠂ ᠶᠠᠳᠠᠭᠤ ᠠᠴᠠ ᠠᠩᠭᠢᠵᠢᠷᠠᠭᠰᠠᠨ ᠡᠷᠦᠬᠡ ᠳᠤ ᠮᠠᠰᠢ ᠣᠯᠠᠨ ᠪᠣᠳᠠᠲᠤ | ᠶᠠᠪᠤᠳᠠᠯ ᠰᠠᠶᠢᠨ ᠶᠠᠪᠤᠳᠠᠯ ᠬᠢᠵᠦ᠂ ᠣᠯᠠᠨ ᠲᠦᠮᠡᠨ ᠤ ᠪᠣᠳᠠᠲᠠᠶ ᠠᠰᠠᠭᠤᠳᠠᠯ ᠢ ᠦᠨᠡᠨᠬᠦ ᠰᠢᠢᠳᠪᠤᠷᠢᠯᠡᠵᠦ᠂ | ᠶᠠᠳᠠᠭᠤ ᠠᠴᠠ ᠠᠩᠭᠢᠵᠢᠷᠠᠭᠰᠠᠨ ᠡᠷᠦᠬᠡ ᠵᠠᠩ ᠶᠢᠨ ᠳ᠋ᠠᠨ᠂ ᠤᠤᠯ ᠨᠢ ᠲᠢᠶᠠᠨ ᠴᠧᠩ ᠰᠢᠶᠠᠩ ᠤᠨ ᠠᠷᠪᠠᠨ | ᠲᠠᠪᠤᠳᠤᠭᠠᠷ ᠲᠣᠰᠬᠤᠨ ᠤ ᠠᠷᠠᠳ ᠪᠠᠶᠢᠵᠠᠶ᠂ 2017 ᠣᠨ ᠳᠤ ᠣᠨᠳᠣᠣ ᠭᠠᠵᠠᠷ ᠲᠤ ᠠᠷᠠᠳ ᠢ ᠨᠡᠭᠦᠯᠭᠡᠬᠦ | ᠲᠦᠷᠦ ᠶᠢᠨ ᠪᠤᠳᠤᠯᠭ᠎ᠠ ᠶᠢ ᠡᠳ᠋ᠯᠡᠵᠦ᠂ ᠡᡁᠧ ᠵᠢᠩ ᠵᠢᠶᠠ ᠦᠨᠳᠦᠰᠦᠲᠡᠨ ᠤ ᠣᠷᠣᠨ ᠨᠤᠲᠤᠭ ᠲᠤ ᠣᠴᠢᠵᠤ | ᠰᠠᠭᠤᠷᠢᠰᠢᠪᠠ᠂ ᠲᠡᠷᠡ ᠰᠤᠷᠪᠤᠯᠵᠢᠯᠠᠭᠴᠢ ᠳᠤ᠄ ︽ᠥᠩᠭᠡᠷᠡᠭᠰᠡᠨ ᠳᠤ ᠲᠣᠰᠬᠤᠨ ᠳᠤ ᠪᠠᠶᠢᠬᠤ ᠳᠠᠭᠠᠨ ᠲᠠᠷᠢᠶ᠎ᠠ | ᠲᠠᠷᠢᠵᠦ ᠳᠡᠶᠢᠯᠬᠦ ᠦᠭᠡᠢ ᠪᠤᠯᠵᠤ᠂ ᠲᠡᠵᠢᠭᠡᠨ ᠦᠷᠡᠵᠢᠭᠦᠯᠵᠦ ᠴᠦ ᠳᠡᠶᠢᠯᠬᠦ ᠦᠭᠡᠢ ᠪᠠᠶᠢᠪᠠ᠂ ᠡᠭᠦᠨ ᠤ ᠳᠡᠭᠡᠷ᠎ᠡ | ᠲᠣᠰᠬᠤᠨ ᠤ ᠨᠥᠬᠦᠴᠡᠯ ᠴᠦ ᠮᠠᠭᠤ᠂ ᠪᠠᠭ᠎ᠠ ᠰᠠᠭ᠎ᠠ ᠡᠮ ᠤᠤᠭᠤᠬᠤ ᠳᠤ ᠴᠤ ᠳᠥᠭᠦᠮ ᠦᠭᠡᠢ ᠪᠠᠶᠢᠪᠠ᠂ ᠭᠤᠤ | ᠹᠧᠩ ᠨᠠᠮᠠᠶᠢ ᠠᠳᠡ ᠢᠷᠡᠭᠦᠯᠦᠨ ᠰᠠᠭᠤᠯᠭᠠᠭᠰᠠᠨ ᠠᠴᠠ ᠨᠠᠰᠢ᠂ ᠨᠥᠬᠦᠴᠡᠯ ᠴᠦ ᠰᠠᠶᠢᠵᠢᠷᠠᠵᠤ᠂ ᠠᠰᠠᠷ ᠲᠠᠭᠲᠤ ᠳᠤ | ᠰᠠᠭᠤᠵᠤ᠂ ᠢᠳᠡᠵᠦ ᠤᠤᠭᠤᠬᠤ ᠬᠤᠨᠣᠵᠤ ᠬᠡᠪᠲᠡᠬᠦ ᠨᠢ ᠪᠦᠷ ᠰᠠᠶᠢᠨ ᠪᠣᠯᠵᠠᠢ︾ ᠭᠡᠵᠦ ᠬᠡᠯᠡᠪᠡ᠃ | | | | | ᠡᠲᠡᠭᠡᠷ ᠵᠢᠯ ᠤᠳ ᠲᠤ ᠪᠥᠬᠦ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ | ᠰᠢᠢᠳᠪᠤᠷᠢᠯᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠣᠳᠠᠲᠠᠶ ᠠᠵᠢᠯ ᠳᠤ ᠣᠷᠣᠯᠴᠠᠭᠰᠠᠨ | ᠣᠷᠭᠢᠯ ᠦᠶ᠎ᠡ ᠶᠢᠨ ᠠᠵᠢᠯ ᠨᠢ ᠡᠭᠦᠨ ᠢᠶᠠᠷ ᠵᠣᠭᠰᠣᠬᠤ ᠥᠬᠡᠶ ᠶᠤᠮ᠃ ᠲᠡᠷᠡ ᠬᠦᠯᠢᠴᠡᠩᠭᠦᠶ᠂ ᠬᠠᠷᠠᠮ ᠦᠭᠡᠢ | ᠵᠢᠳᠬᠦᠬᠦ᠂ ᠦᠭᠡ ᠳᠠᠭᠤᠨ ᠦᠭᠡᠢ ᠪᠠᠶᠢᠬᠤ ᠶᠢ ᠥᠪᠡᠷ ᠤᠨ ᠠᠮᠢᠳᠤᠷᠠᠯ ᠤᠨ ᠢᠶᠠᠨ ᠪᠠᠷᠢᠮᠵᠢᠶ᠎ᠠ ᠪᠣᠯᠭᠠᠵᠤ᠂ | ᠯᠠᠪᠳᠠᠭᠤᠨ ᠪᠠᠲᠤᠲᠠᠶ ᠪᠠᠷ ᠰᠢᠷᠭᠠᠭᠤ ᠬᠠᠲᠠᠭᠤᠵᠢᠯᠲᠠᠶ ᠪᠠᠷ ᠠᠵᠢᠯᠯᠠᠵᠤ᠂ ᠨᠢᠭᠡ ᠰᠡᠳᠬᠢᠯ ᠢᠶᠠᠷ ᠠᠷᠠᠳ ᠤᠯᠠᠨ ᠤ | ᠵᠣᠪᠠᠨᠢᠯ ᠢ ᠲᠠᠶᠢᠯᠵᠤ ᠥᠭᠲᠡᠭ᠃ ᠲᠡᠷᠡ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ ᠲᠡᠮᠡᠴᠡᠯ ᠤᠨ ᠵᠣᠷᠢᠭ ᠰᠠᠨᠠᠭ᠎ᠠ | ᠪᠠ ᠠᠵᠢᠯ ᠤᠨ ᠪᠠᠶᠢᠷᠢ ᠪᠠᠨ ᠬᠠᠶᠢᠷᠠᠯᠠᠵᠤ ᠦᠢᠯᠡᠰ ᠢᠶᠠᠨ ᠳᠡᠭᠡᠳᠦᠯᠡᠬᠦ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ | ᠠᠵᠢᠯ ᠤᠨ ᠬᠠᠯᠠᠭᠤᠨ ᠰᠡᠳᠬᠢᠯᠭᠡ ᠪᠠᠷ ᠠᠷᠠᠳ ᠲᠦᠮᠡᠨ ᠳᠤ ᠦᠢᠯᠡᠴᠢᠯᠡᠵᠦ᠂ ᠨᠢᠭᠡᠨ ᠡᠪ ᠬᠠᠮᠲᠤ ᠨᠠᠮ ᠤᠨ | ᠭᠡᠰᠢᠭᠦᠨ ᠤ ᠲᠡᠷᠢᠭᠦᠨ ᠤ ᠴᠢᠨᠠᠷ ᠪᠠ ᠵᠢᠩᠬᠢᠨᠢ ᠮᠥᠨ ᠴᠢᠨᠠᠷ ᠢ ᠴᠠᠭ ᠢᠮᠠᠭᠲᠠ ᠢᠯᠡᠷᠡᠭᠦᠯᠵᠦ ᠪᠠᠶᠢᠳᠠᠭ᠃ ᠭᠤᠤ | ᠹᠧᠩ᠄ ︽ᠪᠢ ᠲᠠᠰᠤᠷᠠᠯᠲᠠ ᠦᠭᠡᠢ ᠥᠪᠡᠷ ᠢ ᠪᠠᠨ ᠳᠡᠭᠡᠭᠰᠢᠯᠡᠭᠦᠯᠬᠦ ᠪᠠᠷ ᠴᠢᠷᠮᠠᠶᠢᠵᠤ᠂ ᠦᠵᠡᠯ ᠰᠠᠨᠠᠭᠠᠨ ᠤ | ᠲᠠᠯ᠎ᠠ ᠪᠠᠷ ᠢᠮᠠᠭᠲᠠ ᠢᠲᠡᠭᠡᠯ ᠵᠣᠷᠢᠭ ᠢᠶᠠᠨ ᠪᠠᠲᠤᠳᠬᠠᠵᠤ᠂ ᠠᠵᠢᠯ ᠤᠨ ᠲᠠᠯ᠎ᠠ ᠪᠠᠷ ᠡᠭᠦᠷᠭᠡ ᠬᠠᠷᠢᠭᠤᠴᠠᠯᠭ᠎ᠠ ᠪᠠᠨ | ᠴᠢᠷᠮᠠᠶᠢᠨ ᠡᠭᠦᠷᠭᠡᠯᠡᠵᠦ᠂ ᠵᠣᠬᠢᠶᠠᠨ ᠪᠠᠶᠢᠭᠤᠯᠤᠯᠲᠠ ᠶᠢᠨ ᠬᠠᠯᠠᠮᠵᠢᠯᠠᠯ ᠪᠠ ᠢᠲᠡᠭᠡᠯ ᠢ ᠶᠠᠭᠠᠬᠢᠭᠰᠠᠨ ᠴᠤ | ᠬᠥᠰᠡᠷᠳᠡᠭᠦᠯᠬᠦ ᠦᠭᠡᠢ᠂ ᠴᠠᠭ ᠮᠥᠴᠡ ᠪᠢᠳᠡᠨ ᠢ ᠬᠦᠯᠢᠶᠡᠬᠦ ᠦᠭᠡᠢ᠂ ᠥᠷᠯᠥᠭᠡ ᠦᠳᠡᠰᠢ ᠶᠢ ᠲᠡᠮᠡᠴᠡᠬᠦ ᠵᠣᠷᠢᠭ | ᠰᠠᠨᠠᠭ᠎ᠠ ᠪᠠᠷ᠂ ᠵᠠᠯᠠᠭᠤ ᠨᠠᠰᠤᠨ ᠳᠠᠭᠠᠨ ᠣᠰᠣᠯᠳᠠᠬᠤ ᠦᠭᠡᠢ᠂ ᠵᠠᠯᠠᠭᠤ ᠨᠠᠰᠤᠨ ᠳᠠᠭᠠᠨ ᠣᠰᠣᠯᠳᠠᠬᠤ ᠦᠭᠡᠢ᠂ | ᠠᠷᠠᠳ ᠲᠦᠮᠡᠨ ᠳᠡᠭᠡᠨ ᠣᠰᠣᠯᠳᠠᠬᠤ ᠦᠭᠡᠢ ᠪᠠᠷ ᠮᠠᠨ ᠤ ᠰᠢᠶᠠᠨ ᠤ ᠬᠥᠳᠡᠭᠡ ᠲᠣᠰᠬᠤᠨ ᠤ ᠪᠦᠬᠦ ᠲᠠᠯ᠎ᠠ ᠶᠢᠨ | ᠬᠥᠭᠵᠢᠯ ᠮᠠᠨᠳᠤᠯ ᠢ ᠪᠡᠶᠡᠯᠡᠭᠦᠯᠬᠦ ᠳᠤ ᠬᠦᠴᠦᠨ ᠴᠢᠳᠠᠯ ᠢᠶᠠᠨ ᠡᠷᠭᠦᠨ᠎ᠡ︾ ᠭᠡᠵᠦ ᠬᠡᠯᠡᠪᠡ᠃ | ᠨᠠᠶᠢᠷᠠᠭᠤᠯᠤᠭᠴᠢ᠄ ᠯᠢ ᠬᠤᠩ ᠢᠦᠢ | ᠤᠷᠴᠢᠭᠤᠯᠤᠭᠴᠢ᠄ ᠼᠦᠢ ᠴᠢᠩ |