ᠰᠢᠨᠬᠤᠸᠠ ᠬᠤᠷᠢᠶᠠᠨ ᠤ ᠪᠡᠭᠡᠵᠢᠩ ᠤᠨ 2 ᠰᠠᠷ᠎ᠠ ᠶᠢᠨ 1 ᠤ ᠴᠠᠭᠢᠯᠭᠠᠨ ᠮᠡᠳᠡᠭᠡ ᠨᠠᠮ ᠤᠨ ᠲᠥᠪ | ᠬᠤᠷᠢᠶᠠᠨ ᠤ ᠤᠯᠤᠰ ᠲᠦᠷᠦ ᠶᠢᠨ ᠲᠣᠪᠴᠢᠶ᠎ᠠ 1 ᠰᠠᠷ᠎ᠠ ᠶᠢᠨ 31 ᠤ ᠦᠳᠡ ᠶᠢᠨ ᠬᠤᠶᠢᠨ᠎ᠠ ᠰᠢᠨ᠎ᠡ | ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠬᠤ ᠲᠤᠬᠠᠢ ᠬᠤᠶᠠᠳᠤᠭᠠᠷ ᠤᠳᠠᠭ᠎ᠠ ᠶᠢᠨ ᠬᠠᠮᠲᠤ ᠶᠢᠨ | ᠰᠤᠷᠤᠯᠴᠠᠯᠭ᠎ᠠ ᠬᠢᠪᠡ᠃ | ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠰᠤᠷᠤᠯᠴᠠᠯᠭ᠎ᠠ ᠶᠢ ᠡᠷᠭᠢᠯᠡᠭᠦ ᠳᠡᠭᠡᠨ᠂ | ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠬᠤ ᠪᠣᠯ ᠬᠤᠶᠠᠳᠤᠭᠠᠷ ᠵᠠᠭᠤᠨ ᠵᠢᠯ ᠤᠨ ᠲᠡᠮᠡᠴᠡᠬᠦ | ᠬᠠᠷᠠᠯᠲᠠ ᠶᠢ ᠪᠡᠶᠡᠯᠡᠭᠦᠯᠬᠦ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠦᠨ ᠭᠠᠷᠭᠠᠭᠰᠠᠨ | ᠪᠠᠶᠢᠯᠳᠤᠬᠤ ᠪᠣᠳᠣᠯᠭ᠎ᠠ ᠶᠢᠨ ᠰᠢᠢᠳᠪᠦᠷᠢᠲᠦ ᠪᠣᠳᠣᠯᠭ᠎ᠠ ᠳᠤ ᠰᠠᠭᠤᠷᠢᠯᠠᠵᠤ᠂ ᠢᠷᠡᠭᠡᠳᠦᠢ ᠶᠢᠨ ᠬᠥᠭᠵᠢᠯᠲᠡ ᠶᠢᠨ | ᠰᠠᠨᠠᠭᠠᠴᠢᠯᠠᠭᠠᠲᠤ ᠡᠷᠬᠡ ᠶᠢ ᠡᠵᠡᠮᠳᠡᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠮᠥᠨ᠃ ᠵᠦᠪᠭᠡᠨ ᠰᠢᠨ᠎ᠡ | ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠪᠠᠯ ᠰᠠᠶ᠋ᠢ ᠮᠠᠨ ᠤ ᠤᠯᠤᠰ ᠤᠨ ᠠᠵᠤ ᠠᠬᠤᠢ ᠶᠢᠨ | ᠬᠥᠭᠵᠢᠯᠲᠡ ᠶᠢᠨ ᠰᠠᠭᠤᠷᠢ ᠶᠢ ᠪᠠᠬᠢᠵᠢᠭᠦᠯᠵᠦ᠂ ᠬᠥᠭᠵᠢᠯᠲᠡ ᠶᠢᠨ ᠠᠮᠤᠷ ᠲᠦᠪᠰᠢᠨ ᠤ ᠴᠢᠨᠠᠷ ᠲᠣᠭᠲᠠᠭᠤᠨ ᠴᠢᠨᠠᠷ ᠢ | ᠴᠢᠩᠭᠠᠳᠬᠠᠵᠤ᠂ ᠰᠠᠶ᠋ᠢ ᠡᠯ᠎ᠡ ᠵᠦᠢᠯ ᠤᠨ ᠤᠷᠢᠳᠴᠢᠯᠠᠨ ᠮᠡᠳᠡᠵᠤ ᠪᠤᠯᠬᠤ ᠪᠠ ᠤᠷᠢᠳᠴᠢᠯᠠᠨ ᠮᠡᠳᠡᠬᠦᠶ᠎ᠡ ᠪᠡᠷᠬᠡ | ᠲᠤᠬᠰᠢᠨ ᠰᠠᠯᠬᠢ ᠰᠢᠷᠦᠭᠦᠨ ᠪᠣᠷᠣᠭᠠᠨ᠂ ᠲᠤᠬᠰᠢᠨ ᠳᠠᠪᠠᠯᠭᠠᠨ ᠰᠢᠷᠦᠭᠦᠨ ᠤᠷᠤᠰᠬᠠᠯ ᠤᠨ ᠳᠤᠮᠳᠠ ᠮᠠᠨ ᠤ | ᠤᠯᠤᠰ ᠤᠨ ᠣᠷᠣᠰᠢᠨ ᠲᠣᠭᠲᠠᠨᠢᠬᠤ ᠬᠦᠴᠦᠨ᠂ ᠥᠷᠢᠰᠦᠯᠳᠦᠬᠦ ᠬᠦᠴᠦᠨ᠂ ᠬᠥᠭᠵᠢᠯᠲᠡ ᠶᠢᠨ ᠬᠦᠴᠦᠨ᠂ | ᠦᠷᠭᠦᠯᠵᠢᠯᠡᠬᠦ ᠬᠦᠴᠦᠨ ᠢ ᠴᠢᠩᠭᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢᠨ ᠠᠬᠢᠴᠠ ᠶᠢ ᠤᠳᠠᠭᠠᠰᠢᠷᠠᠭᠤᠯᠬᠤ ᠦᠭᠡᠢ ᠴᠢᠨᠠᠭᠰᠢᠯᠠᠪᠠᠯ ᠲᠠᠰᠤᠯᠳᠠᠭᠤᠯᠬᠤ ᠦᠭᠡᠢ ᠪᠠᠶᠢᠬᠤ ᠶᠢ | ᠦᠨᠡᠨ ᠬᠦ ᠪᠠᠲᠤᠯᠠᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠦᠲᠦᠭᠡᠨ | ᠪᠠᠶᠢᠭᠤᠯᠬᠤ ᠬᠠᠷᠠᠯᠲᠠ ᠶᠢ ᠢᠯᠠᠯᠲᠠ ᠲᠠᠢ ᠪᠠᠷ ᠪᠡᠶᠡᠯᠡᠭᠦᠯᠵᠦ ᠴᠢᠳᠠᠨ᠎ᠠ ᠭᠡᠵᠦ ᠴᠢᠬᠤᠯᠠᠴᠢᠯᠠᠪᠠ᠃ ᠡᠨᠡ ᠤᠳᠠᠭ᠎ᠠ ᠶᠢᠨ | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠠᠮᠲᠤ ᠶᠢᠨ ᠰᠤᠷᠤᠯᠴᠠᠯᠭ᠎ᠠ ᠳᠡᠭᠡᠷ᠎ᠡ᠂ ᠨᠠᠮ ᠤᠨ | ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠨᠥᠬᠦᠳ ᠥᠪᠡᠷ ᠢᠶᠠᠨ ᠰᠤᠷᠤᠯᠴᠠᠬᠤ ᠶᠢᠨ ᠬᠠᠮᠲᠤ | ᠠᠵᠢᠯ ᠤᠨ ᠣᠶᠢᠯᠠᠭᠠᠯᠲᠠ ᠪᠠᠨ ᠰᠣᠯᠢᠯᠴᠠᠵᠤ᠂ ᠶᠢᠨ ᠯᠢ᠂ ᠯᠢᠦ ᠭᠦᠸᠧ ᠵᠦᠩ᠂ ᠾᠧ ᠯᠢ ᠹᠧᠩ᠂ ᠵᠠᠩ ᠭᠦᠸᠧ | ᠴᠢᠩ᠂ ᠴᠧᠨ ᠵᠢᠢ ᠨᠢᠩ᠂ ᠬᠤᠸᠠᠩ ᠺᠦᠨ ᠮᠢᠩ ᠨᠥᠬᠦᠷ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠴᠠᠷᠠᠭ᠎ᠠ | ᠪᠣᠯᠣᠨ ᠣᠷᠣᠨ ᠨᠤᠲᠤᠭ ᠤᠨ ᠠᠵᠢᠯ ᠲᠠᠢ ᠪᠠᠨ ᠤᠶᠠᠯᠳᠤᠭᠤᠯᠤᠨ ᠦᠭᠡ ᠬᠡᠯᠡᠵᠦ᠂ ᠤᠯᠠᠨ ᠢᠶᠠᠷ ᠢᠶᠠᠨ ᠰᠠᠨᠠᠯ ᠢᠶᠠᠨ | ᠰᠣᠯᠢᠯᠴᠠᠪᠠ᠃ | ᠰᠢ ᠶᠢᠨ ᠫᠢᠩ ᠰᠤᠷᠤᠯᠴᠠᠯᠭ᠎ᠠ ᠶᠢ ᠡᠷᠭᠢᠯᠡᠭᠦ ᠳᠡᠭᠡᠨ ᠴᠢᠬᠤᠯᠠ ᠶᠠᠷᠢᠶ᠎ᠠ ᠲᠠᠯᠪᠢᠪᠠ᠃ ᠲᠡᠷᠡ᠂ ᠣᠶᠢᠷ᠎ᠠ ᠶᠢᠨ | ᠵᠢᠯ ᠠᠴᠠ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠠᠵᠢᠯ ᠯᠠᠪᠳᠠᠭᠤᠨ ᠪᠠᠲᠤᠲᠠᠢ ᠠᠬᠢᠵᠤ᠂ ᠨᠢᠭᠡ | ᠪᠦᠯᠦᠭ ᠦᠷ᠎ᠡ ᠠᠰᠢᠭ ᠣᠯᠵᠤ᠂ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠲᠠᠰᠤᠷᠠᠯᠳᠠ ᠦᠭᠡᠢ ᠨᠢᠭᠲᠠᠷᠠᠵᠤ᠂ | ᠠᠵᠢᠯ ᠤᠨ ᠰᠠᠭᠤᠷᠢ ᠲᠠᠰᠤᠷᠠᠯᠳᠠ ᠦᠭᠡᠢ ᠪᠠᠬᠢᠵᠢᠵᠦ᠂ ᠲᠦᠷᠦ ᠶᠢᠨ ᠪᠣᠳᠣᠯᠭ᠎ᠠ ᠳᠦᠷᠢᠮ ᠲᠠᠰᠤᠷᠠᠯᠳᠠ ᠦᠭᠡᠢ | ᠲᠡᠭᠦᠯᠳᠡᠷᠵᠢᠪᠡ᠂ ᠭᠡᠪᠡᠴᠦ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠦᠭᠦ ᠲᠠᠯ᠎ᠠ ᠪᠠᠷ ᠪᠡᠶᠡᠯᠡᠭᠦᠯᠬᠦ ᠳᠤ ᠡᠭᠦᠷᠭᠡ | ᠬᠦᠨᠳᠦ ᠵᠠᠮ ᠬᠤᠯᠠ ᠪᠠᠶᠢᠨ᠎ᠠ᠃ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠪᠠ ᠰᠢᠰᠲ᠋ᠧᠮ ᠤᠨ ᠦᠵᠡᠯᠲᠡ ᠶᠢ | ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠬᠤ ᠶᠢ ᠬᠦᠯᠢᠶᠡᠰᠦᠯᠡᠵᠦ ᠪᠠᠶᠢᠭ᠎ᠠ | ᠭᠤᠣᠯ ᠵᠥᠷᠢᠴᠡᠯ ᠪᠣᠯᠣᠨ ᠠᠰᠠᠭᠤᠳᠠᠯ ᠢ ᠬᠦᠴᠦᠯᠡᠨ ᠠᠷᠢᠯᠭᠠᠵᠤ᠂ ᠥᠭᠡᠷᠡᠴᠢᠯᠡᠯᠲᠡ ᠶᠢ ᠪᠦᠭᠦ ᠲᠠᠯ᠎ᠠ ᠪᠠᠷ | ᠭᠦᠨᠵᠡᠭᠡᠶᠢᠷᠡᠭᠦᠯᠵᠦ᠂ ᠦᠢᠯᠡᠳᠦᠯᠭᠡ ᠶᠢᠨ ᠰᠢᠨ᠎ᠡ ᠶᠢ ᠡᠭᠦᠳᠭᠦ᠂ ᠳᠦᠷᠢᠮ ᠤᠨ ᠰᠢᠨ᠎ᠡ ᠶᠢ ᠡᠭᠦᠳᠭᠦ ᠶᠢ ᠠᠬᠢᠭᠤᠯᠵᠤ᠂ | ᠳᠠᠪᠠᠭᠤᠯᠢᠭ ᠢᠶᠠᠨ ᠪᠠᠳᠠᠷᠠᠭᠤᠯᠵᠤ᠂ ᠳᠤᠲᠠᠭᠤᠳᠠᠯ ᠢᠶᠠᠨ ᠨᠥᠬᠦᠪᠦᠷᠢᠯᠡᠵᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠬᠦ | ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ | ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠨᠢᠭᠡᠳᠦᠯᠲᠡᠢ ᠲᠥᠯᠥᠪᠵᠢᠭᠦᠯᠬᠦ ᠶᠢ ᠰᠠᠶᠢᠲᠤᠷ ᠬᠢᠵᠦ᠂ | ᠬᠡᠷᠡᠭᠴᠡᠭᠡ ᠪᠠᠷ ᠬᠠᠩᠭᠠᠯᠭ᠎ᠠ ᠶᠢ ᠳᠠᠶᠢᠴᠢᠯᠠᠬᠤ᠂ ᠬᠠᠩᠭᠠᠯᠭ᠎ᠠ ᠪᠠᠷ ᠬᠡᠷᠡᠭᠴᠡᠭᠡ ᠶᠢ ᠡᠭᠦᠳᠭᠦ ᠨᠡᠩ ᠥᠨᠳᠥᠷ ᠲᠦᠪᠰᠢᠨ | ᠪᠦᠬᠦᠢ ᠬᠥᠳᠡᠯᠦᠩᠭᠦᠢ ᠲᠡᠩᠴᠡᠭᠦᠷᠢ ᠶᠢ ᠪᠦᠷᠢᠯᠳᠦᠭᠦᠯᠵᠦ᠂ ᠤᠯᠤᠰ ᠠᠷᠠᠳ ᠤᠨ ᠠᠵᠤ ᠠᠬᠤᠢ ᠶᠢᠨ ᠰᠠᠶᠢᠨ | ᠰᠠᠶᠢᠬᠠᠨ ᠣᠷᠴᠢᠯ ᠢ ᠪᠡᠶᠡᠯᠡᠭᠦᠯᠬᠦ ᠬᠡᠷᠡᠭᠲᠡᠢ᠃ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ | ᠪᠣᠳᠣᠯᠭ᠎ᠠ ᠶᠢᠨ ᠲᠥᠯᠦᠪᠵᠢᠭᠦᠯᠭᠡ ᠶᠢᠨ ᠬᠥᠲᠥᠯᠪᠦᠷᠢ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠷᠢᠨ | ᠪᠦᠲᠦᠨ ᠳᠣᠲᠣᠭᠠᠳᠤ ᠬᠡᠷᠡᠭᠴᠡᠭᠡ ᠶᠢᠨ ᠰᠢᠰᠲ᠋ᠧᠮ ᠢ ᠲᠦᠷᠭᠡᠬᠡᠨ ᠪᠦᠷᠢᠯᠳᠦᠭᠦᠯᠵᠦ᠂ ᠣᠷᠣᠯᠭ᠎ᠠ ᠪᠠᠷ | ᠲᠤᠯᠭᠠᠭᠤᠷᠢᠯᠠᠭᠰᠠᠨ ᠬᠡᠷᠡᠭᠯᠡᠭᠡ ᠶᠢᠨ ᠬᠡᠷᠡᠭᠴᠡᠭᠡ᠂ ᠵᠦᠢ ᠵᠣᠬᠢᠰᠲᠠᠢ ᠦᠷ᠎ᠡ ᠠᠰᠢᠭ ᠤᠨ ᠬᠠᠷᠢᠭᠤ ᠪᠦᠬᠦᠢ ᠪᠡᠯᠡ | ᠣᠷᠣᠭᠤᠯᠤᠯᠲᠠ ᠶᠢᠨ ᠬᠡᠷᠡᠭᠴᠡᠭᠡ᠂ ᠡᠬᠡ ᠮᠥᠩᠭᠦ ᠪᠠ ᠥᠷᠢ ᠥᠭᠴᠡᠭᠡ ᠪᠠᠷ ᠬᠢᠵᠠᠭᠠᠷᠯᠠᠭᠰᠠᠨ ᠮᠥᠩᠭᠦᠨ | ᠭᠦᠢᠯᠭᠡᠭᠡᠨ ᠤ ᠬᠡᠷᠡᠭᠴᠡᠭᠡ ᠶᠢ ᠬᠦᠴᠦᠯᠡᠨ ᠥᠷᠭᠡᠳᠬᠡᠬᠦ ᠬᠡᠷᠡᠭᠲᠡᠢ᠃ ᠰᠠᠭᠤᠭᠠᠯᠢ ᠠᠷᠠᠳ ᠤᠨ ᠬᠡᠷᠡᠭᠯᠡᠭᠡ ᠶᠢ | ᠥᠷᠭᠡᠳᠬᠡᠬᠦ ᠤᠷᠳᠤ ᠬᠤᠭᠤᠴᠠᠭᠠᠨ ᠤ ᠪᠦᠲᠦᠮᠵᠢᠲᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠰᠠᠭᠤᠭᠠᠯᠢ | ᠠᠷᠠᠳ ᠢ ᠲᠣᠭᠲᠠᠭᠰᠠᠨ ᠤᠷᠤᠯᠭ᠎ᠠ ᠲᠠᠢ ᠬᠡᠷᠡᠭᠯᠡᠭᠡ ᠬᠢᠵᠦ ᠲᠡᠶᠢᠯᠭᠦ᠂ ᠰᠠᠨᠠᠭ᠎ᠠ ᠵᠣᠪᠠᠭ᠋ᠤ ᠦᠭᠡᠢ ᠪᠠᠷ ᠵᠣᠷᠢᠭᠲᠠᠢ ᠪᠠᠷ | ᠬᠡᠷᠡᠭᠯᠡᠭᠡ ᠬᠢᠬᠦ᠂ ᠬᠡᠷᠡᠭᠯᠡᠭᠡ ᠶᠢᠨ ᠣᠷᠴᠢᠨ ᠨᠥᠬᠦᠴᠡᠯ ᠰᠢᠯᠢᠳᠡᠭ ᠬᠦᠷᠲᠡᠮᠵᠢ ᠶᠢᠨ ᠲᠥᠷᠥᠭᠳᠡᠯ ᠴᠢᠩᠭ᠎ᠠ ᠬᠡᠷᠡᠭᠯᠡᠭᠡ | ᠬᠢᠬᠦ ᠬᠦᠰᠡᠯ ᠲᠠᠢ ᠪᠤᠯᠭᠠᠬᠤ ᠬᠡᠷᠡᠭᠲᠡᠢ᠃ ᠪᠡᠯᠡ ᠣᠷᠣᠭᠤᠯᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ | ᠥᠷᠭᠡᠳᠬᠡᠵᠦ᠂ ᠪᠦᠲᠦᠮᠵᠢᠲᠡᠢ ᠪᠡᠯᠡ ᠣᠷᠣᠭᠤᠯᠤᠯᠲᠠ ᠶᠢᠨ ᠣᠷᠣᠨ ᠵᠠᠢ ᠶᠢ ᠥᠷᠭᠡᠳᠬᠡᠨ᠂ ᠰᠢᠨ᠎ᠡ ᠭᠡᠯᠪᠡᠷᠢ ᠶᠢᠨ | ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠵᠣᠬᠢᠰᠲᠠᠢ ᠪᠠᠷ ᠤᠷᠢᠳᠴᠢᠯᠠᠨ ᠪᠠᠶᠢᠷᠢᠯᠠᠭᠤᠯᠵᠤ᠂ | ᠳᠡᠭᠡᠳᠦ ᠮᠡᠷᠭᠡᠵᠢᠯ ᠤᠨ ᠠᠵᠤ ᠦᠢᠯᠡᠰ ᠪᠠ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ | ᠦᠢᠯᠡᠰ ᠤᠨ ᠪᠡᠯᠡ ᠣᠷᠣᠭᠤᠯᠤᠯᠲᠠ ᠶᠢ ᠥᠷᠭᠡᠳᠬᠡᠵᠦ᠂ ᠠᠷᠠᠳ ᠤᠨ ᠪᠡᠯᠡ ᠣᠷᠣᠭᠤᠯᠤᠯᠲᠠ ᠶᠢᠨ ᠠᠮᠢᠳᠤᠯᠢᠭ | ᠬᠦᠴᠦᠨ ᠢ ᠦᠷᠭᠦᠯᠵᠢᠯᠡᠨ ᠬᠥᠭᠵᠢᠭᠡᠬᠦ ᠬᠡᠷᠡᠭᠲᠡᠢ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ | ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠭᠦ᠂ ᠳᠦᠷᠢᠮ ᠤᠨ ᠰᠢᠨ᠎ᠡ ᠶᠢ ᠡᠭᠦᠳᠭᠦ ᠶᠢ ᠦᠷᠭᠦᠯᠵᠢᠯᠡᠨ ᠠᠬᠢᠭᠤᠯᠵᠤ᠂ ᠬᠠᠩᠭᠠᠯᠭ᠎ᠠ ᠶᠢ ᠬᠦᠯᠢᠶᠡᠰᠦᠯᠡᠵᠦ | ᠪᠠᠶᠢᠭ᠎ᠠ ᠲᠦᠭᠵᠢᠷᠡᠯ ᠴᠡᠭ᠂ ᠬᠤᠷᠢᠭ᠎ᠠ ᠴᠡᠭ᠂ ᠪᠠᠭᠤᠷᠠᠢ ᠲᠠᠯ᠎ᠠ ᠶᠢ ᠰᠢᠪᠲᠤᠯᠵᠤ᠂ ᠠᠵᠤ ᠦᠢᠯᠡᠰ ᠤᠨ ᠬᠡᠯᠬᠢᠶ᠎ᠡ | ᠬᠠᠩᠭᠠᠯᠭ᠎ᠠ ᠶᠢᠨ ᠬᠡᠯᠬᠢᠶ᠎ᠡ ᠶᠢᠨ ᠥᠷᠢᠰᠦᠯᠳᠦᠬᠦ ᠬᠦᠴᠦᠨ ᠪᠠ ᠠᠮᠤᠷ ᠲᠦᠪᠰᠢᠨ ᠴᠢᠨᠠᠷ ᠢ ᠴᠢᠩᠭᠠᠳᠬᠠᠵᠤ᠂ | ᠪᠡᠶ᠎ᠡ ᠪᠠᠨ ᠳᠠᠭᠠᠭᠠᠵᠤ ᠡᠵᠡᠮᠳᠡᠵᠦ ᠪᠤᠯᠬᠤ᠂ ᠴᠢᠨᠠᠷ ᠰᠠᠶᠢᠲᠠᠢ ᠬᠠᠩᠭᠠᠯᠭ᠎ᠠ ᠪᠠᠷ ᠣᠲᠣ ᠶᠢᠨ ᠬᠡᠷᠡᠭᠴᠡᠭᠡ ᠶᠢ ᠬᠠᠩᠭᠠᠵᠤ | ᠂ ᠰᠢᠨ᠎ᠡ ᠬᠡᠷᠡᠭᠴᠡᠭᠡ ᠶᠢ ᠡᠭᠦᠳᠴᠦ ᠬᠥᠲᠥᠯᠥᠨ ᠳᠠᠭᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠥᠪᠡᠷ ᠢ ᠪᠠᠨ | ᠬᠦᠴᠦᠷᠬᠡᠭᠵᠢᠭᠦᠯᠬᠦ ᠠᠯᠬᠤᠭ᠎ᠠ ᠪᠠᠨ ᠲᠦᠷᠭᠡᠳᠬᠡᠵᠦ᠂ ᠭᠠᠳᠠᠭᠠᠳᠤ ᠤᠯᠤᠰ ᠤᠨ ︽ᠪᠣᠭᠤᠮᠢ︾ ᠪᠣᠯᠵᠤ ᠪᠠᠶᠢᠭ᠎ᠠ | ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠰᠢᠨ᠎ᠡ ᠮᠠᠶ᠋ᠢᠭ ᠤᠨ ᠤᠯᠤᠰ ᠳᠠᠶᠠᠭᠠᠷ ᠤᠨ ᠪᠠᠶᠢᠭᠤᠯᠤᠯ ᠢ ᠪᠦᠷᠢᠨᠰᠢᠭᠦᠯᠵᠦ | ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠦᠴᠦᠨ ᠢ ᠴᠢᠩᠭᠠᠳᠬᠠᠨ | ᠂ ᠰᠢᠨ᠎ᠡ ᠶᠢ ᠡᠭᠦᠳᠭᠦ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠵᠤ᠂ ᠮᠠᠨ ᠤ ᠤᠯᠤᠰ ᠢᠶᠠᠨ ᠴᠢᠬᠤᠯᠠ | ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠦᠷᠢᠶᠡᠨ ᠳᠤ ᠪᠦᠭᠦ ᠪᠥᠮᠪᠥᠷᠴᠡᠭ ᠤᠨ ᠳᠠᠭᠠᠭᠤᠯᠤᠭᠴᠢ ᠪᠤᠯᠭᠠᠵᠤ᠂ | ᠬᠤᠰᠢᠭᠤᠷᠠᠯ ᠰᠣᠯᠪᠢᠴᠠᠭᠰᠠᠨ ᠬᠦᠷᠢᠶᠡᠨ ᠳᠠᠬᠢ ᠵᠠᠮ ᠨᠡᠭᠡᠭᠡᠭᠴᠢ ᠪᠤᠯᠭᠠᠵᠤ᠂ ᠡᠷᠲᠡᠬᠡᠨ ᠳᠡᠯᠡᠬᠡᠢ ᠶᠢᠨ ᠭᠤᠣᠯ ᠪᠤᠯᠬᠤ | ᠰᠢᠨᠵᠢᠯᠡᠬᠦ ᠤᠬᠠᠭᠠᠨ ᠤ ᠲᠥᠪ ᠪᠠ ᠰᠢᠨ᠎ᠡ ᠶᠢ ᠡᠭᠦᠳᠭᠦ ᠥᠨᠳᠦᠷᠯᠢᠭ ᠪᠤᠯᠭᠠᠬᠤ ᠪᠠᠷ ᠴᠢᠷᠮᠠᠶᠢᠬᠤ ᠬᠡᠷᠡᠭᠲᠡᠢ᠃ | ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠣᠳᠣᠯᠭ᠎ᠠ᠂ | ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ᠂ ᠰᠢᠨ᠎ᠡ ᠶᠢ ᠡᠭᠦᠳᠭᠦ ᠪᠠᠷ | ᠬᠥᠭᠵᠢᠯᠲᠡ ᠶᠢᠨ ᠬᠥᠳᠡᠯᠭᠡᠭᠦᠷ ᠪᠤᠯᠭᠠᠬᠤ ᠪᠠᠶᠢᠯᠳᠤᠬᠤ ᠪᠣᠳᠣᠯᠭ᠎ᠠ ᠶᠢᠨ ᠪᠦᠲᠦᠮᠵᠢᠲᠡᠢ ᠬᠤᠯᠪᠣᠯᠳᠤᠯ ᠢ ᠪᠡᠶᠡᠯᠡᠭᠦᠯᠵᠦ᠂ | ᠰᠤᠷᠭᠠᠨ ᠬᠥᠮᠦᠵᠢᠯ ᠢ ᠬᠥᠭᠵᠢᠭᠦᠯᠬᠦ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠭᠦ᠂ | ᠴᠢᠳᠠᠪᠤᠷᠢᠲᠠᠨ ᠢ ᠬᠥᠮᠥᠵᠢᠭᠦᠯᠬᠦ ᠶᠢ ᠨᠢᠭᠡ ᠴᠣᠭᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂ ᠰᠠᠶᠢᠨ ᠰᠠᠶᠢᠬᠠᠨ | ᠣᠷᠴᠢᠯ ᠢ ᠪᠦᠷᠢᠯᠳᠦᠭᠦᠯᠬᠦ ᠭᠡᠷᠡᠭᠲᠠᠢ︔ ᠤᠤᠭᠠᠯ ᠰᠢᠨ᠎ᠡ ᠶᠢ ᠡᠭᠦᠳᠭᠦ᠂ ᠬᠤᠷᠠᠮᠠᠯ ᠰᠢᠨ᠎ᠡ ᠶᠢ ᠡᠭᠦᠳᠭᠦ᠂ ᠨᠡᠭᠡᠭᠡᠯᠲᠡ | ᠬᠢᠵᠦ ᠰᠢᠨ᠎ᠡ ᠶᠢ ᠡᠭᠦᠳᠭᠦ ᠶᠢ ᠨᠢᠭᠡ ᠴᠣᠭᠴᠠᠵᠢᠭᠤᠯᠤᠨ ᠵᠢᠷᠤᠭᠯᠠᠨ ᠲᠥᠯᠥᠪᠯᠡᠬᠦ ᠶᠢ ᠪᠠᠷᠢᠮᠲᠠᠯᠠᠵᠤ᠂ ᠪᠦᠲᠦᠮᠵᠢᠲᠡᠶ | ᠨᠡᠪᠲᠡᠷᠡᠯᠴᠡᠭᠦᠯᠬᠦ ᠶᠢ ᠪᠡᠶᠡᠯᠡᠭᠦᠯᠬᠦ ᠭᠡᠷᠡᠭᠲᠠᠢ︔ ᠰᠢᠨ᠎ᠡ ᠶᠢ ᠡᠭᠦᠳᠭᠦ ᠬᠡᠯᠬᠢᠶ᠎ᠡ᠂ ᠠᠵᠤ ᠦᠢᠯᠡᠰ ᠤᠨ ᠬᠡᠯᠬᠢᠶ᠎ᠡ᠂ | ᠴᠢᠳᠠᠪᠤᠷᠢᠲᠠᠨ ᠤ ᠬᠡᠯᠬᠢᠶ᠎ᠡ ᠶᠢ ᠨᠢᠭᠡ ᠴᠣᠭᠴᠠᠵᠢᠭᠤᠯᠤᠨ ᠪᠠᠶᠢᠷᠢᠯᠠᠭᠤᠯᠬᠤ ᠶᠢ ᠪᠠᠷᠢᠮᠲᠠᠯᠠᠵᠤ᠂ ᠭᠦᠨᠵᠡᠭᠡᠢ | ᠠᠭᠤᠰᠤᠯᠴᠠᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠰᠢᠨ᠎ᠡ ᠬᠥᠭᠵᠢᠯᠲᠡ ᠶᠢᠨ ᠪᠠᠶᠢᠷᠢᠰᠢᠯ ᠨᠢ ᠣᠳᠣᠬᠢᠴᠢᠯᠠᠭᠰᠠᠨ ᠠᠵᠤ ᠦᠢᠯᠡᠰ ᠤᠨ | ᠰᠢᠰᠲ᠋ᠧᠮ ᠢᠶᠠᠷ ᠰᠠᠭᠤᠷᠢ ᠪᠤᠯᠭᠠᠵᠤ᠂ ᠠᠵᠤ ᠠᠬᠤᠢ ᠶᠢᠨ ᠣᠷᠴᠢᠯ ᠢ ᠰᠢᠯᠤᠭᠤᠳᠬᠠᠬᠤ ᠳᠤ ᠡᠯ᠎ᠡ ᠠᠵᠤ ᠦᠢᠯᠡᠰ ᠤᠨ | ᠡᠮᠬᠢ ᠵᠢᠷᠤᠮ ᠲᠠᠢ ᠪᠠᠷ ᠴᠥᠷᠬᠡᠯᠡᠬᠦ᠂ ᠥᠨᠳᠥᠷ ᠪᠦᠲᠦᠮᠵᠢᠲᠡᠶ ᠰᠠᠭᠠᠳ ᠦᠭᠡᠢ ᠨᠡᠪᠲᠡᠷᠡᠬᠦ ᠶᠢ ᠱᠠᠭᠠᠷᠳᠠᠨ᠎ᠠ᠃ ᠠᠵᠤ | ᠠᠬᠤᠢ ᠶᠢ ᠬᠥᠭᠵᠢᠭᠦᠯᠬᠦ ᠬᠦᠴᠦᠯᠡᠬᠦ ᠴᠡᠭ ᠢ ᠦᠷᠭᠦᠯᠵᠢᠯᠡᠨ ᠪᠣᠳᠠᠲᠤ ᠴᠣᠭᠴᠠ ᠶᠢᠨ ᠠᠵᠤ ᠠᠬᠤᠢ ᠳᠡᠭᠡᠷ᠎ᠡ | ᠲᠠᠯᠪᠢᠵᠤ᠂ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠦᠢᠯᠡᠳᠭᠦ | ᠦᠢᠯᠡᠰ ᠤᠨ ᠬᠦᠴᠦᠷᠬᠡᠭ ᠤᠯᠤᠰ᠂ ᠶᠠᠰᠤ ᠴᠢᠨᠠᠷ ᠤᠨ ᠬᠦᠴᠦᠷᠬᠡᠭ ᠤᠯᠤᠰ᠂ ᠰᠦᠯᠵᠢᠶᠡᠨ ᠤ ᠬᠦᠴᠦᠷᠬᠡᠭ ᠤᠯᠤᠰ᠂ | ᠲᠣᠭᠠᠴᠢᠯᠠᠭᠰᠠᠨ ᠳᠤᠮᠳᠠᠳᠤ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠵᠤ᠂ ᠳᠡᠯᠡᠬᠡᠢ ᠳᠡᠭᠡᠷ᠎ᠡ ᠥᠷᠢᠰᠦᠯᠳᠦᠬᠦ | ᠬᠦᠴᠦᠨ ᠲᠠᠢ ᠲᠣᠭᠠᠴᠢᠯᠠᠭᠰᠠᠨ ᠠᠵᠤ ᠦᠢᠯᠡᠰ ᠤᠨ ᠪᠦᠯᠦᠭᠵᠢᠯ ᠢ ᠴᠣᠭᠴᠠᠯᠠᠬᠤ ᠬᠡᠷᠡᠭᠲᠡᠢ᠃ ᠠᠵᠤ ᠦᠢᠯᠡᠰ ᠤᠨ | ᠬᠥᠭᠵᠢᠯᠲᠡ ᠶᠢᠨ ᠶᠡᠭᠡ ᠬᠠᠨᠳᠤᠰᠢ ᠶᠢ ᠳᠠᠭᠠᠵᠤ᠂ ᠳᠤᠲᠠᠭᠤᠳᠠᠯ ᠲᠠᠢ ᠠᠵᠤ ᠦᠢᠯᠡᠰ ᠤᠨ ᠬᠡᠯᠬᠢᠶ᠎ᠡ ᠶᠢ ᠨᠥᠬᠦᠪᠦᠷᠢᠯᠡᠬᠦ | ᠂ ᠳᠠᠪᠠᠭᠤᠯᠢᠭᠲᠤ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠤᠯᠠᠮᠵᠢᠯᠠᠯᠲᠤ ᠠᠵᠤ ᠦᠢᠯᠡᠰ ᠤᠨ ᠬᠡᠯᠬᠢᠶ᠎ᠡ ᠶᠢ | ᠳᠡᠭᠡᠭᠰᠢᠯᠡᠭᠦᠯᠭᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠬᠤ ᠶᠢ ᠠᠬᠢᠭᠤᠯᠵᠤ᠂ ᠠᠵᠤ | ᠦᠢᠯᠡᠰ ᠤᠨ ᠬᠥᠭᠵᠢᠯᠲᠡ ᠶᠢᠨ ᠦᠷᠭᠦᠯᠵᠢᠯᠡᠬᠦ ᠴᠢᠨᠠᠷ ᠪᠠ ᠥᠷᠢᠰᠦᠯᠳᠦᠬᠦ ᠬᠦᠴᠦᠨ ᠢ ᠴᠢᠩᠭᠠᠳᠬᠠᠬᠤ ᠬᠡᠷᠡᠭᠲᠡᠢ᠃ | ᠦᠢᠯᠡᠳᠪᠦᠷᠢᠯᠡᠯ ᠤᠨ ᠬᠦᠴᠦᠨ ᠤ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠭᠤᠣᠯᠳᠠᠯᠭ᠎ᠠ ᠲᠠᠢ ᠠᠵᠤ | ᠦᠢᠯᠡᠰ ᠤᠨ ᠤᠯᠤᠰ ᠤᠨ ᠳᠣᠲᠣᠭᠠᠳᠤ ᠭᠠᠳᠠᠭᠠᠳᠤ ᠳᠤ ᠡᠮᠬᠢ ᠵᠢᠷᠤᠮ ᠲᠠᠢ ᠪᠠᠷ ᠰᠢᠯᠵᠢᠭᠦ ᠶᠢ ᠠᠬᠢᠭᠤᠯᠵᠤ᠂ ᠠᠵᠤ | ᠠᠬᠤᠶᠢᠯᠠᠯ ᠤᠨ ᠪᠦᠭᠦ ᠪᠥᠮᠪᠥᠷᠴᠡᠭ ᠤᠨ ᠠᠵᠤ ᠦᠢᠯᠡᠰ ᠤᠨ ᠠᠵᠢᠯ ᠤᠨ ᠬᠤᠪᠢᠶᠠᠷᠢᠯᠠᠯ ᠪᠠ ᠬᠠᠮᠲᠤᠷᠠᠯᠴᠠᠭ᠎ᠠ ᠳᠤ | ᠭᠦᠨᠵᠡᠭᠡᠢ ᠣᠷᠤᠯᠴᠠᠬᠤ ᠶᠢ ᠳᠡᠮᠵᠢᠵᠦ᠂ ᠳᠣᠲᠣᠭᠠᠳᠤ ᠭᠠᠳᠠᠭᠠᠳᠤ ᠶᠢᠨ ᠠᠵᠤ ᠦᠢᠯᠡᠰ ᠤᠨ ᠭᠦᠨᠵᠡᠭᠡᠢ | ᠠᠭᠤᠰᠤᠯᠴᠠᠯ ᠢ ᠠᠬᠢᠭᠤᠯᠵᠤ᠂ ᠪᠡᠶ᠎ᠡ ᠪᠠᠨ ᠳᠠᠭᠠᠭᠠᠵᠤ ᠡᠵᠡᠮᠳᠡᠵᠦ ᠳᠡᠶᠢᠯᠭᠦ᠂ ᠠᠮᠤᠷ ᠲᠦᠪᠰᠢᠨ ᠨᠠᠶᠢᠳᠠᠪᠤᠷᠢᠲᠠᠢ᠂ | ᠥᠷᠢᠰᠦᠯᠳᠦᠬᠦ ᠬᠦᠴᠦᠨ ᠢᠶᠠᠷ ᠴᠢᠩᠭ᠎ᠠ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠬᠡᠷᠡᠭᠲᠡᠢ | ᠭᠡᠵᠦ ᠴᠢᠬᠤᠯᠠᠴᠢᠯᠠᠪᠠ᠃ | ᠰᠢ ᠶᠢᠨ ᠫᠢᠩ᠂ ᠬᠤᠳᠠ ᠬᠥᠳᠡᠭᠡ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠪᠦᠭᠦ ᠲᠠᠯ᠎ᠠ ᠪᠠᠷ | ᠠᠬᠢᠭᠤᠯᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠤᠨ ᠪᠦᠷᠬᠦᠴᠡ ᠶᠢ ᠳᠡᠭᠡᠭᠰᠢᠯᠡᠭᠦᠯᠭᠦ ᠬᠡᠷᠡᠭᠲᠡᠢ᠃ | ᠬᠥᠳᠡᠭᠡ ᠲᠣᠰᠬᠤᠨ ᠤ ᠬᠡᠷᠡᠭᠯᠡᠭᠡ ᠶᠢᠨ ᠵᠠᠬ᠎ᠠ ᠳᠡᠯᠭᠡᠭᠦᠷ ᠪᠠ ᠴᠢᠬᠤᠯᠠ ᠡᠯᠧᠮᠧᠨ᠋ᠲ ᠤᠨ ᠵᠠᠬ᠎ᠠ ᠳᠡᠯᠭᠡᠭᠦᠷ ᠪᠤᠯᠬᠤ | ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠭᠦ | ᠲᠠᠯ᠎ᠠ ᠪᠠᠷ ᠠᠬᠢᠭᠤᠯᠵᠤ᠂ ᠰᠢᠶᠠᠨ ᠤ ᠬᠤᠲᠠ ᠪᠠᠷ ᠴᠢᠬᠤᠯᠠ ᠠᠴᠢᠶᠠᠯᠠᠪᠤᠷᠢ ᠪᠤᠯᠭᠠᠬᠰᠠᠨ ᠬᠤᠲᠠ | ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠤᠲᠠ ᠬᠥᠳᠡᠭᠡ ᠶᠢᠨ ᠠᠭᠤᠰᠤᠯᠴᠠᠨ | ᠭᠦᠭᠵᠢᠭᠦ ᠶᠢ ᠠᠬᠢᠭᠤᠯᠵᠤ᠂ ᠬᠤᠲᠠ ᠬᠥᠳᠡᠭᠡ ᠶᠢᠨ ᠠᠵᠤ ᠠᠬᠤᠢ ᠶᠢᠨ ᠬᠠᠷᠢᠯᠴᠠᠭ᠎ᠠ ᠶᠢ ᠴᠢᠩᠭᠠᠳᠬᠠᠵᠤ᠂ ᠬᠤᠲᠠ | ᠬᠥᠳᠡᠭᠡ ᠶᠢᠨ ᠠᠵᠤ ᠠᠬᠤᠢ ᠶᠢᠨ ᠡᠷᠭᠢᠯᠲᠡ ᠶᠢ ᠰᠢᠯᠤᠭᠤᠳᠬᠠᠬᠤ ᠬᠡᠷᠡᠭᠲᠡᠢ᠃ ᠡᠯ᠎ᠡ ᠭᠠᠵᠠᠷ ᠤᠨ ᠬᠢᠨ ᠵᠢᠵᠢᠭ | ᠣᠷᠴᠢᠯ ᠢ ᠬᠡᠷᠡᠭᠵᠢᠭᠦᠯᠬᠦ ᠶᠢ ᠰᠡᠷᠭᠡᠶᠢᠯᠡᠵᠦ᠂ ᠣᠷᠣᠨ ᠪᠦᠰᠡ ᠶᠢᠨ ᠪᠠᠬᠢᠯᠡᠯᠲᠡ ᠶᠢ ᠠᠷᠢᠯᠭᠠᠵᠤ᠂ ᠪᠦᠭᠦ ᠤᠯᠤᠰ ᠤᠨ | ᠨᠢᠭᠡᠳᠦᠯᠲᠡᠢ ᠲᠣᠮᠣ ᠵᠠᠬ᠎ᠠ ᠳᠡᠯᠭᠡᠭᠦᠷ ᠢ ᠦᠨᠡᠨ ᠬᠦ ᠪᠦᠷᠢᠯᠳᠦᠭᠦᠯᠬᠦ ᠬᠡᠷᠡᠭᠲᠡᠢ᠃ ᠣᠷᠣᠨ ᠪᠦᠰᠡ ᠶᠢᠨ ᠵᠣᠬᠢᠴᠠᠩᠭᠤᠢ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ᠂ ᠭᠤᠣᠯ | ᠴᠣᠭᠴᠠ ᠶᠢᠨ ᠴᠢᠳᠠᠮᠵᠢᠲᠤ ᠣᠷᠣᠨ ᠤ ᠪᠠᠶᠢᠯᠳᠤᠬᠤ ᠪᠣᠳᠣᠯᠭ᠎ᠠ ᠵᠡᠷᠭᠡ ᠶᠢᠨ ᠭᠦᠨᠵᠡᠭᠡᠢ ᠠᠭᠤᠰᠤᠯᠳᠤᠯ ᠢ ᠠᠬᠢᠭᠤᠯᠵᠤ | ᠂ ᠴᠢᠬᠤᠯᠠ ᠶᠡᠭᠡ ᠦᠢᠯᠡᠳᠪᠦᠷᠢᠯᠡᠯ ᠤᠨ ᠬᠦᠴᠦᠨ ᠤ ᠪᠠᠶᠢᠷᠢᠰᠢᠯ ᠢ ᠰᠢᠯᠢᠳᠡᠭᠵᠢᠭᠦᠯᠦᠨ᠂ ᠡᠯ᠎ᠡ ᠲᠦᠷᠦᠯ ᠤᠨ | ᠡᠯᠧᠮᠧᠨ᠋ᠲ ᠤᠨ ᠵᠦᠢ ᠵᠣᠬᠢᠰᠲᠠᠢ ᠪᠠᠷ ᠰᠢᠯᠵᠢᠭᠦ ᠪᠠ ᠥᠨᠳᠥᠷ ᠪᠦᠲᠦᠮᠵᠢᠲᠡᠢ ᠪᠠᠷ ᠴᠤᠭᠯᠠᠷᠠᠬᠤ ᠶᠢ ᠠᠬᠢᠭᠤᠯᠵᠤ᠂ | ᠤᠯᠤᠰ ᠤᠨ ᠳᠣᠲᠣᠭᠠᠳᠤ ᠶᠢᠨ ᠶᠡᠭᠡ ᠣᠷᠴᠢᠯ ᠢ ᠰᠢᠯᠤᠭᠤᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠥᠭᠡᠷᠡᠴᠢᠯᠡᠯᠲᠡ ᠨᠡᠭᠡᠭᠡᠯᠲᠡ ᠶᠢ ᠴᠢᠨᠠᠭᠰᠢᠳᠠ ᠭᠦᠨᠵᠡᠭᠡᠶᠢᠷᠡᠭᠦᠯᠵᠦ᠂ ᠤᠯᠤᠰ ᠤᠨ | ᠳᠣᠲᠣᠭᠠᠳᠤ ᠭᠠᠳᠠᠭᠠᠳᠤ ᠶᠢᠨ ᠶᠡᠭᠡ ᠣᠷᠴᠢᠯ ᠤᠨ ᠬᠥᠳᠡᠯᠭᠡᠬᠦ ᠬᠦᠴᠦᠨ ᠪᠣᠯᠣᠨ ᠠᠮᠢᠵᠢᠷᠠᠯ ᠤᠨ ᠬᠦᠴᠦᠨ ᠢ | ᠴᠢᠩᠭᠠᠳᠬᠠᠬᠤ ᠬᠡᠷᠡᠭᠲᠡᠢ᠃ ᠡᠯᠧᠮᠧᠨ᠋ᠲ ᠢ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ ᠤᠨ ᠰᠢᠰᠲ᠋ᠧᠮ ᠢ ᠪᠠᠶᠢᠭᠤᠯᠵᠤ᠂ ᠪᠦᠭᠦ ᠤᠯᠤᠰ ᠤᠨ ᠨᠢᠭᠡᠳᠦᠯᠲᠡᠢ ᠲᠣᠮᠣ | ᠵᠠᠬ᠎ᠠ ᠳᠡᠯᠭᠡᠭᠦᠷ ᠢ ᠲᠦᠷᠭᠡᠳᠬᠡᠨ ᠪᠠᠶᠢᠭᠤᠯᠬᠤ ᠬᠡᠷᠡᠭᠲᠡᠢ᠃ ᠥᠮᠴᠢᠯᠡᠬᠦ ᠡᠷᠬᠡ ᠶᠢ ᠬᠠᠮᠠᠭᠠᠯᠠᠬᠤ᠂ ᠵᠠᠬ᠎ᠠ | ᠳᠡᠯᠭᠡᠭᠦᠷ ᠲᠤ ᠣᠷᠣᠬᠤ ᠶᠢ ᠵᠥᠪᠰᠢᠶᠡᠷᠡᠬᠦ᠂ ᠭᠤᠣᠯᠴᠢ ᠪᠠᠷ ᠥᠷᠢᠰᠦᠯᠳᠦᠬᠦ᠂ ᠨᠡᠶᠢᠭᠡᠮ ᠤᠨ ᠢᠲᠡᠭᠡᠮᠵᠢ ᠵᠡᠷᠭᠡ ᠵᠠᠬ᠎ᠠ | ᠳᠡᠯᠭᠡᠭᠦᠷ ᠤᠨ ᠠᠵᠤ ᠠᠬᠤᠢ ᠶᠢᠨ ᠰᠠᠭᠤᠷᠢ ᠪᠤᠯᠬᠤ ᠳᠦᠷᠢᠮ ᠢ ᠲᠡᠭᠦᠯᠳᠡᠷᠵᠢᠭᠦᠯᠵᠦ᠂ ᠭᠠᠭᠴᠠᠭᠠᠷ ᠡᠵᠡᠮᠰᠢᠯ ᠢ | ᠡᠰᠡᠷᠭᠦᠴᠡᠬᠦ ᠪᠠ ᠵᠦᠢ ᠵᠣᠬᠢᠰ ᠦᠭᠡᠢ ᠥᠷᠢᠰᠦᠯᠳᠦᠭᠡᠨ ᠢ ᠡᠰᠡᠷᠭᠦᠴᠡᠬᠦ ᠶᠢ ᠴᠢᠩᠭᠠᠳᠬᠠᠵᠤ᠂ ᠬᠥᠷᠥᠩᠭᠡ ᠶᠢᠨ | ᠡᠷᠡᠭᠦᠯ ᠢᠶᠠᠷ ᠭᠦᠭᠵᠢᠭᠦ ᠶᠢ ᠬᠠᠤᠯᠢ ᠶᠣᠰᠣᠭᠠᠷ ᠵᠢᠷᠤᠮᠵᠢᠭᠤᠯᠬᠤ ᠪᠠ ᠬᠥᠲᠥᠯᠥᠨ ᠵᠢᠯᠤᠭᠤᠳᠴᠤ᠂ ᠡᠯ᠎ᠡ ᠲᠦᠷᠦᠯ ᠤᠨ | ᠡᠵᠡᠩᠨᠡᠯᠲᠡ ᠶᠢᠨ ᠭᠤᠣᠯ ᠴᠣᠭᠴᠠ ᠶᠢᠨ ᠪᠡᠯᠡ ᠣᠷᠣᠭᠤᠯᠵᠤ ᠦᠢᠯᠡᠰ ᠪᠣᠰᠬᠠᠬᠤ ᠳᠤ ᠰᠠᠶᠢᠨ ᠰᠠᠶᠢᠬᠠᠨ ᠣᠷᠴᠢᠨ | ᠨᠥᠬᠦᠴᠡᠯ ᠢ ᠪᠤᠢ ᠪᠣᠯᠭᠠᠨ ᠥᠭᠴᠦ᠂ ᠡᠯ᠎ᠡ ᠲᠦᠷᠦᠯ ᠤᠨ ᠡᠵᠡᠩᠨᠡᠯᠲᠡ ᠶᠢᠨ ᠭᠤᠣᠯ ᠴᠣᠭᠴᠠ ᠶᠢᠨ ᠠᠮᠢᠳᠤᠯᠢᠭ | ᠬᠦᠴᠦᠨ ᠢ ᠬᠥᠭᠵᠢᠭᠡᠬᠦ ᠬᠡᠷᠡᠭᠲᠡᠢ᠃ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠵᠤ᠂ ᠵᠠᠷᠴᠢᠮ | ᠂ ᠲᠣᠭᠲᠠᠭᠠᠯ᠂ ᠬᠠᠮᠢᠶᠠᠷᠤᠯᠲᠠ᠂ ᠪᠠᠷᠢᠮᠵᠢᠶ᠎ᠠ ᠵᠡᠷᠭᠡ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ | ᠠᠬᠢᠭᠤᠯᠵᠤ᠂ ᠳᠡᠯᠡᠬᠡᠢ ᠶᠢᠨ ᠶᠡᠭᠡ ᠣᠷᠴᠢᠯ ᠳᠠᠬᠢ ᠦᠭᠡ ᠭᠡᠯᠡᠭᠦ ᠡᠷᠬᠡ ᠪᠠᠨ ᠴᠢᠩᠭᠠᠳᠬᠠᠬᠤ ᠬᠡᠷᠡᠭᠲᠡᠢ᠃ ︽ᠨᠢᠭᠡ | ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠣᠯᠠᠨ | ᠤᠯᠤᠰ ᠤᠨ ᠠᠵᠤ ᠠᠬᠤᠢ ᠠᠷᠠᠯᠵᠢᠶᠠᠨ ᠤ ᠵᠠᠷᠴᠢᠮ ᠤᠨ ᠬᠡᠯᠡᠯᠴᠡᠭᠡᠷ ᠲᠤ ᠢᠳᠡᠪᠬᠢᠲᠡᠢ ᠣᠷᠣᠯᠴᠠᠵᠤ᠂ ᠨᠡᠭᠡᠭᠡᠯᠲᠡᠲᠤ᠂ | ᠣᠯᠠᠨ ᠡᠰᠢᠵᠢᠭᠰᠡᠨ᠂ ᠲᠣᠭᠲᠠᠭᠤᠨ ᠳᠡᠯᠡᠬᠡᠢ ᠶᠢᠨ ᠠᠵᠤ ᠠᠬᠤᠢ ᠶᠢᠨ ᠡᠮᠬᠢ ᠳᠢᠭᠯᠢᠮ ᠢ ᠪᠦᠷᠢᠯᠳᠦᠭᠦᠯᠬᠦ ᠶᠢ | ᠠᠬᠢᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠵᠠᠬ᠎ᠠ ᠳᠡᠯᠭᠡᠭᠦᠷ ᠬᠤᠶᠠᠷ ᠵᠦᠢᠯ ᠤᠨ ᠡᠬᠢ | ᠪᠠᠶᠠᠯᠢᠭ ᠤᠨ ᠬᠤᠯᠪᠤᠭᠠᠯᠠᠨ ᠬᠥᠳᠡᠯᠦᠯᠴᠡᠵᠦ ᠡᠷᠭᠢᠯᠳᠦᠬᠦ ᠶᠢ ᠪᠡᠶᠡᠯᠡᠭᠦᠯᠬᠦ ᠳᠤ ᠨᠥᠬᠦᠴᠡᠯ ᠪᠦᠷᠢᠯᠳᠦᠭᠦᠯᠬᠦ ᠦᠭᠭᠦ | ᠬᠡᠷᠡᠭᠲᠡᠢ ᠭᠡᠵᠦ ᠴᠢᠬᠤᠯᠠᠴᠢᠯᠠᠪᠠ᠃ |