ᠵᠢᠶᠠ ᠪᠢᠩ ᠂ ᠲᠡᠷᠡ᠂ ᠤᠯᠠᠨ ᠲᠦᠮᠡᠨ ᠤ ᠪᠤᠳᠤᠵᠤ ᠪᠠᠶᠢᠭ᠎ᠠ ᠵᠦᠢᠯ ᠢ ᠪᠤᠳᠤᠵᠥ᠂ ᠤᠯᠠᠨ ᠲᠦᠮᠡᠨ ᠤ ᠪᠠᠴᠢᠮᠳᠠᠵᠤ ᠪᠠᠶᠢᠭ᠎ᠠ ᠵᠦᠢᠯ ᠳᠤ ᠪᠠᠴᠢᠮᠳᠠᠵᠤ᠂ ᠦᠨᠡᠨ ᠰᠡᠳᠬᠢᠯ ᠢᠶᠠᠷ ᠲᠣᠰᠬᠤᠨ ᠤ ᠠᠷᠠᠳ ᠢ ᠳᠣᠭᠳᠣᠯᠤᠭᠤᠯᠪᠠ
ᠨᠡᠶᠢᠲᠡᠯᠡᠭᠰᠡᠨ ᠴᠠᠭ᠄
2023/3/1
  ᠲᠡᠷᠡ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠵᠣᠷᠢᠭᠲᠠᠢ ᠪᠠᠷ ᠵᠢᠳᠬᠦᠯ ᠴᠢᠷᠮᠠᠶᠢᠯᠭ᠎ᠠ ᠭᠠᠷᠭᠠᠵᠤ᠂ ᠪᠣᠳᠠᠲᠠᠢ ᠠᠵᠢᠯᠯᠠᠬᠤ ᠪᠠᠷ ᠮᠠᠭᠲᠠᠭᠠᠯ ᠰᠠᠶᠢᠰᠢᠶᠠᠯ ᠢ ᠤᠯᠪᠠ᠃ ᠲᠡᠷᠡ ᠪᠣᠯ ᠳᠠᠷᠤᠶ ︽2022 ᠣᠨ ᠤ ᠪᠥᠬᠦ ᠣᠷᠣᠨ ᠤ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠭᠰᠠᠨ ᠲᠡᠷᠢᠭᠦᠨ ᠤ ᠬᠤᠪᠢ ᠬᠥᠮᠦᠨ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠷᠢᠭᠤᠴᠠᠯᠭ᠎ᠠ ᠶᠢ ᠡᠭᠦᠷᠭᠡᠯᠡᠵᠦ ᠰᠠᠶᠢᠨ ᠨᠠᠮ ᠤᠨ ᠡᠭᠦᠷ ᠤᠨ ᠱᠦᠵᠢ ᠪᠣᠯᠤᠭᠰᠠᠨ︾ ᠴᠣᠯᠠ ᠬᠦᠷᠲᠡᠭᠴᠢ ᠮᠠᠩᠬᠠᠨ ᠪᠠᠯᠭᠠᠰᠤᠨ ᠤ ᠴᠢᠶᠠᠨᠳᠧ ᠱᠧᠩ ᠲᠣᠰᠬᠤᠨ ᠤ ᠨᠠᠮ ᠤᠨ ᠡᠭᠦᠷ ᠤᠨ ᠱᠦᠵᠢ ᠪᠥᠭᠡᠳ ᠲᠣᠰᠬᠤᠨ ᠤ ᠠᠷᠠᠳ ᠤᠨ ᠵᠥᠪᠯᠡᠯ ᠤᠨ ᠡᠷᠬᠢᠯᠡᠭᠴᠢ ᠵᠢᠶᠠ ᠪᠢᠩ ᠪᠣᠯᠤᠨ᠎ᠠ᠃
       ᠥᠷᠯᠥᠭᠡ ᠡᠷᠲᠡ᠂ ᠮᠧᠶ ᠲᠤᠸᠠᠨ ᠰᠢᠯᠢᠳᠡᠭ ᠪᠠᠷᠠᠭ᠎ᠠ ᠬᠦᠷᠭᠡᠬᠦ ᠲᠡᠷᠭᠡ ᠲᠣᠰᠬᠤᠨ ᠤ ᠠᠷᠠᠳ ᠤᠨ ᠵᠥᠪᠯᠡᠯ ᠤᠨ ᠬᠦᠷᠢᠶᠡᠨ ᠳᠤ ᠣᠷᠣᠬᠤ ᠶᠢ ᠳᠠᠭᠠᠯᠳᠤᠨ᠂ ᠵᠢᠶᠠ ᠪᠢᠩ ᠴᠦ ᠨᠢᠭᠡ ᠡᠳᠦᠷ ᠤᠨ ᠠᠵᠢᠯ ᠢᠶᠠᠨ ᠡᠬᠢᠯᠡᠭᠦᠯᠵᠡᠶ᠂ ᠲᠡᠷᠡ ᠲᠣᠰᠬᠤᠨ ᠤ ᠠᠷᠠᠳ ᠤᠨ ᠬᠤᠳᠠᠯᠳᠤᠨ ᠠᠪᠤᠭᠰᠠᠨ ᠶᠠᠭᠤᠮ᠎ᠠ ᠶᠢ ᠨᠠᠷᠢᠨ ᠬᠠᠷᠭᠤᠭᠤᠯᠵᠤ᠂ ᠨᠢᠭᠡ ᠶᠢ ᠭᠡᠭᠡᠬᠦ ᠠᠴᠠ ᠠᠶᠤᠵᠤ ᠪᠠᠶᠢᠯ᠎ᠠ᠃  ᠴᠢᠶᠠᠨ ᠳ᠋ᠧ ᠱᠧᠩ ᠲᠣᠰᠬᠤᠨ ᠤ ᠭᠡᠷ ᠢᠶᠠᠨ ᠰᠠᠬᠢᠵᠤ ᠬᠤᠴᠣᠷᠤᠭᠰᠠᠨ ᠨᠠᠰᠤᠲᠠᠨ ᠨᠡᠯᠢᠶᠡᠳ ᠣᠯᠠᠨ᠂ ᠡᠳᠦᠷ ᠲᠤᠲᠤᠮ ᠤᠨ ᠠᠮᠢᠳᠤᠷᠠᠯ ᠤᠨ ᠬᠡᠷᠡᠭᠰᠡᠯ ᠬᠤᠳᠠᠯᠳᠤᠨ ᠠᠪᠬᠤ ᠳᠤ ᠮᠠᠰᠢ ᠳᠥᠭᠦᠮ ᠦᠭᠡᠢ᠂ 2022 ᠣᠨ ᠤ ᠴᠠᠭᠠᠨ ᠰᠠᠷ᠎ᠠ ᠶᠢᠨ ᠳᠠᠷᠠᠭ᠎ᠠ᠂ ᠵᠢᠶᠠ ᠪᠢᠩ ᠰᠠᠨᠠᠭᠠᠴᠢᠯᠠᠭ᠎ᠠ ᠠᠴᠠ ᠪᠠᠨ ᠮᠧᠶ ᠲᠤᠸᠠᠨ  ᠰᠢᠯᠢᠳᠡᠭ ᠵᠣᠴᠢᠨ  ᠤᠶᠢᠯᠡᠴᠢᠯᠡᠭᠴᠢ ᠲᠠᠢ ᠬᠠᠷᠢᠯᠴᠠᠵᠤ ᠵᠥᠪᠳᠡᠯᠴᠡᠵᠦ᠂ ᠴᠢᠶᠠᠨ ᠳ᠋ᠧ ᠱᠧᠩ ᠲᠣᠰᠬᠤᠨ ᠤ ᠠᠷᠠᠳ ᠲᠤ ᠳᠥᠭᠦᠮ ᠦᠵᠡᠭᠦᠯᠬᠦ  ᠤᠶᠢᠯᠡᠴᠢᠯᠡᠭᠡᠨ ᠤ ᠥᠷᠲᠡᠭᠡ ᠶᠢ ᠪᠠᠶᠢᠭᠤᠯᠵᠤ᠂ ᠴᠢᠶᠠᠨ ᠳ᠋ᠧ ᠱᠧᠩ ᠲᠣᠰᠬᠤᠨ ᠤ ᠠᠷᠠᠳ ᠲᠤ ᠳᠥᠭᠦᠮ ᠦᠵᠡᠭᠦᠯᠬᠦ ᠤᠶᠢᠯᠡᠴᠢᠯᠡᠭᠡᠨ ᠤ ᠰᠦᠷᠦᠭ ᠢ ᠪᠠᠶᠢᠭᠤᠯᠵᠤ᠂ ᠳᠠᠬᠢᠨ ᠭᠠᠳᠠᠭᠰᠢ ᠭᠠᠷᠴᠤ ᠠᠵᠢᠯᠯᠠᠵᠤ ᠪᠠᠢᠭ᠎ᠠ ᠦᠷ᠎ᠡ ᠬᠡᠦᠬᠡᠳ ᠢ ᠣᠯᠠᠨ ᠲᠦᠮᠡᠨ ᠳᠤ ᠤᠷᠢᠵᠤ᠂ ᠨᠠᠰᠤᠲᠠᠨ ᠶᠠᠮᠠᠷ ᠬᠡᠷᠡᠭᠴᠡᠭᠡ ᠲᠠᠢ ᠪᠣᠯ ᠲᠡᠷᠡ ᠪᠦᠯᠬᠦᠮ ᠤᠨ ᠬᠤᠯᠪᠣᠭ᠎ᠠ ᠠᠴᠠ ᠶᠠᠭᠤ ᠬᠤᠳᠠᠯᠳᠤᠨ ᠠᠪᠬᠤ᠂ ᠡᠨᠡ ᠨᠢ ᠭᠠᠳᠠᠨ᠎ᠠ ᠠᠵᠢᠯᠯᠠᠵᠤ ᠪᠠᠢᠭ᠎ᠠ ᠦᠷ᠎ᠡ ᠬᠡᠦᠬᠡᠳ ᠢ ᠠᠴᠢᠯᠠᠯ ᠲᠠᠢ ᠪᠣᠯᠭᠠᠵᠤ᠂ ᠨᠠᠰᠤᠲᠠᠨ ᠤ ᠪᠠᠷᠠᠭ᠎ᠠ ᠬᠤᠳᠠᠯᠳᠤᠨ ᠠᠪᠬᠤ ᠬᠡᠷᠡᠭᠴᠡᠭᠡ ᠶᠢ ᠬᠠᠩᠭᠠᠪᠠ᠃
      2018 ᠣᠨ ᠳᠤ᠂ ᠵᠢᠶᠠ ᠪᠢᠩ ᠴᠢᠶᠠᠨ ᠳ᠋ᠧ ᠱᠧᠩ ᠲᠣᠰᠬᠤᠨ ᠳᠤ ᠬᠦᠷᠴᠦ᠂ ᠴᠢᠶᠠᠨ ᠳ᠋ᠧ ᠱᠧᠩ ᠲᠣᠰᠬᠤᠨ ᠳᠤ ᠰᠠᠭᠤᠭ᠎ᠠ ᠠᠵᠢᠯᠯᠠᠬᠤ ᠠᠩᠬᠢ ᠶᠢᠨ ᠭᠡᠰᠢᠭᠦᠨ ᠤ ᠲᠤᠰᠢᠶᠠᠯ ᠢ ᠡᠭᠦᠷᠭᠡᠯᠡᠵᠦ᠂ ᠲᠣᠰᠬᠤᠨ ᠤ ᠠᠷᠠᠳ ᠲᠠᠢ ᠬᠠᠮᠲᠤ ᠪᠠᠷ ᠶᠠᠳᠠᠭᠤ ᠠᠴᠠ ᠠᠩᠭᠢᠵᠢᠷᠠᠭᠤᠯᠬᠤ ᠵᠠᠮ ᠢᠶᠠᠷ ᠵᠠᠮᠨᠠᠵᠤ᠂ ᠭᠤᠷᠪᠠᠨ ᠵᠢᠯ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢᠶᠠᠷ ᠳᠠᠮᠵᠢᠨ᠂ 2020 ᠣᠨ ᠳᠤ᠂ ᠴᠢᠶᠠᠨ ᠳ᠋ᠧ ᠱᠧᠩ ᠲᠣᠰᠬᠤᠨ ᠤ ᠲᠠᠩᠰᠠᠯᠠᠵᠥ ᠺᠠᠷᠲᠯᠠᠭᠰᠠᠨ ᠶᠠᠳᠠᠭᠤ ᠬᠦᠴᠢᠷᠳᠡᠯᠲᠡᠢ ᠡᠷᠦᠬᠡ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠪᠠ᠃     2021 ᠣᠨ ᠤ 1 ᠰᠠᠷ᠎ᠠ ᠳᠤ᠂ ᠵᠢᠶᠠ ᠪᠢᠩ ᠮᠠᠨ ᠬᠠᠨ ᠪᠠᠯᠭᠠᠰᠤᠨ ᠤ ᠴᠢᠶᠠᠨ ᠳ᠋ᠧ ᠱᠧᠩ ᠲᠣᠰᠬᠤᠨ ᠤ ᠨᠠᠮ ᠤᠨ ᠡᠭᠦᠷ ᠤᠨ ᠱᠦᠵᠢ ᠪᠥᠭᠡᠳ ᠲᠣᠰᠬᠤᠨ ᠤ ᠵᠥᠪᠯᠡᠯ ᠤᠨ ᠡᠷᠬᠢᠯᠡᠭᠴᠢ ᠪᠠᠷ ᠰᠣᠩᠭᠤᠭᠳᠠᠪᠠ᠃ ᠲᠤᠰᠢᠶᠠᠯ ᠳᠤ ᠪᠠᠶᠢᠬᠤ ᠬᠤᠭᠤᠴᠠᠭᠠᠨ ᠳᠠᠭᠠᠨ᠂ ᠲᠡᠷᠡ ᠨᠢᠭᠡ ᠰᠡᠳᠬᠢᠯ ᠢᠶᠠᠷ ᠲᠣᠰᠬᠤᠨ ᠤ ᠬᠥᠭᠵᠢᠯᠲᠡ ᠳᠡᠭᠡᠷ᠎ᠡ ᠠᠵᠢᠯᠯᠠᠵᠤ᠂ ᠲᠣᠰᠬᠤᠨ ᠤ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ᠂ ᠵᠠᠮ ᠬᠠᠷᠢᠯᠴᠠᠭ᠎ᠠ᠂ ᠤᠰᠤᠨ ᠠᠰᠢᠭᠯᠠᠯᠲᠠ ᠶᠢᠨ ᠲᠥᠬᠦᠭᠡᠷᠦᠮᠵᠢ᠂ ᠰᠠᠭᠤᠷᠢ ᠲᠥᠬᠦᠭᠡᠷᠦᠮᠵᠢ ᠵᠡᠷᠭᠡ ᠶᠢ ᠨᠠᠷᠢᠨ ᠬᠢᠨᠠᠮᠠᠭᠠᠢ ᠲᠥᠯᠥᠪᠵᠢᠭᠦᠯᠵᠦ᠂ ᠢᠳᠡᠪᠬᠢᠲᠡᠢ ᠰᠦᠪᠡᠭᠴᠢᠯᠡᠵᠦ᠂ ᠪᠠᠶᠢᠨ ᠪᠠᠶᠢᠨ ᠲᠣᠰᠬᠤᠨ ᠤ ᠠᠷᠠᠳ ᠤᠨ ᠭᠡᠷ ᠲᠤ ᠬᠦᠷᠴᠦ᠂ ᠲᠡᠳᠡᠨ ᠤ ᠬᠦᠰᠡᠯ ᠱᠠᠭᠠᠷᠳᠠᠯᠭ᠎ᠠ ᠪᠣᠯᠤᠨ ᠪᠤᠳᠤᠯ ᠢ ᠬᠠᠯᠠᠮᠵᠢᠯᠠᠨ ᠣᠶᠢᠯᠠᠭᠠᠵᠤ᠂ ᠲᠡᠳᠡᠨ ᠤ ᠰᠠᠨᠠᠯ ᠰᠠᠨᠠᠭᠤᠯᠭ᠎ᠠ ᠶᠢ ᠬᠦᠯᠢᠴᠡᠩᠭᠦᠢ ᠪᠠᠷ ᠰᠣᠨᠣᠰᠪᠠ᠃ ᠵᠢᠷᠤᠭ᠃ ᠬᠡᠰᠡᠭ ᠲᠣᠰᠬᠤᠨ ᠤ ᠠᠷᠠᠳ ᠤᠨ ᠤᠰᠤ ᠢᠳᠡᠬᠦ ᠳᠤ ᠬᠦᠴᠢᠷᠳᠡᠵᠦ ᠪᠠᠶᠢᠬᠤ ᠶᠢ ᠦᠵᠡᠭᠡᠳ ᠂ ᠲᠡᠷᠡ ᠲᠣᠰᠬᠤᠨ ᠤ ᠬᠤᠶᠠᠷ ᠵᠥᠪᠯᠡᠯ ᠤᠨ ᠪᠦᠷᠢᠯᠳᠦᠬᠦᠨ ᠢ ᠳᠠᠭᠠᠭᠤᠯᠤᠨ ᠤᠯᠠᠨ ᠲᠠᠯ᠎ᠠ ᠪᠠᠷ ᠵᠣᠬᠢᠴᠠᠭᠤᠯᠵᠤ᠂ ᠤᠰᠤ ᠢᠳᠡᠬᠦ ᠳᠤ ᠬᠦᠴᠢᠷᠳᠡᠭᠰᠡᠨ 19 ᠲᠣᠰᠬᠤᠨ ᠤ ᠠᠷᠠᠳ ᠲᠤ ᠭᠦᠨ ᠤᠰᠤᠨ ᠤ ᠬᠤᠳᠳᠤᠭ ᠢ ᠰᠠᠶᠢᠲᠤᠷ ᠮᠠᠯᠲᠠᠵᠤ᠂ ᠲᠣᠰᠬᠤᠨ ᠤ ᠠᠷᠠᠳ ᠤᠨ ᠤᠰᠤ ᠢᠳᠡᠬᠦ ᠳᠤ ᠬᠦᠴᠢᠷᠳᠡᠵᠦ ᠪᠠᠶᠢᠭ᠎ᠠ ᠠᠰᠠᠭᠤᠳᠠᠯ ᠢ ᠲᠦᠢᠯᠪᠤᠷᠢᠲᠠᠢ ᠰᠢᠢᠳᠪᠦᠷᠢᠯᠡᠪᠡ᠃ ᠴᠢᠶᠠᠨ ᠳ᠋ᠧ ᠱᠧᠩ ᠲᠣᠰᠬᠤᠨ ᠠᠭᠤᠯᠠᠷᠬᠠᠭ ᠣᠷᠣᠨ ᠳᠤ ᠪᠠᠶᠢᠷᠢᠯᠠᠵᠤ᠂ ᠬᠠᠭᠤᠷᠠᠢ ᠲᠠᠷᠢᠶ᠎ᠠ ᠪᠠᠷ ᠭᠤᠣᠯ ᠪᠣᠯᠭᠠᠵᠤ᠂ 2021 ᠣᠨ ᠳᠤ᠂ ᠵᠢᠶᠠ ᠪᠢᠩ ᠳᠡᠭᠡᠳᠦ ᠱᠠᠲᠤᠨ ᠤ ᠲᠠᠷᠢᠶᠠᠯᠠᠩ ᠤᠨ ᠰᠠᠯᠠᠭ᠎ᠠ ᠮᠥᠴᠢᠷ ᠲᠠᠢ ᠵᠣᠬᠢᠴᠠᠯᠳᠤᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 1500 ᠭᠠᠷᠤᠢ ᠮᠦ ᠥᠭᠡᠷᠡᠴᠢᠯᠡᠨ ᠰᠠᠶᠢᠵᠢᠷᠠᠭᠤᠯᠬᠤ ᠂ ᠬᠤᠳᠳᠤᠭ ᠤᠨ ᠪᠠᠶᠢᠰᠢᠩ ᠭᠤᠷᠪᠠ ᠪᠠᠶᠢᠬᠤ ᠶᠢ ᠪᠡᠶᠡᠯᠡᠭᠦᠯᠵᠦ᠂ ᠲᠣᠰᠬᠤᠨ ᠤ ᠠᠷᠠᠳ ᠤᠨ ᠭᠠᠩᠳᠠᠵᠤ ᠤᠰᠤᠲᠤᠪᠠᠴᠤ ᠬᠤᠷᠢᠶᠠᠯᠲᠠ ᠶᠢ ᠪᠠᠲᠤᠯᠠᠬᠤ᠂ ᠥᠨᠳᠥᠷ ᠲᠣᠭᠲᠠᠭᠤᠨ ᠬᠤᠷᠢᠶᠠᠯᠲᠠ ᠶᠢ ᠪᠠᠲᠤᠯᠠᠪᠠ᠃    ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠵᠤ ᠦᠢᠯᠡᠰ ᠪᠣᠯ ᠵᠠᠩᠭᠢᠯᠠᠭ᠎ᠠ ᠪᠣᠯᠤᠨ᠎ᠠ᠃ ᠲᠣᠰᠬᠤᠨ ᠤ ᠠᠷᠠᠳ ᠢ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠶᠢᠨ ᠲᠥᠯᠥᠭᠡ ᠵᠢᠶᠠ ᠪᠢᠩ ᠲᠣᠰᠬᠤᠨ ᠤ ᠠᠷᠠᠳ ᠢ ᠳᠠᠭᠠᠭᠤᠯᠤᠨ ᠠᠯᠠᠰᠢᠨ ᠦᠬᠡᠷ᠂ ᠠᠯᠠᠰᠢᠨ ᠬᠤᠨᠢ ᠲᠡᠵᠢᠭᠡᠨ ᠦᠷᠡᠵᠢᠭᠦᠯᠬᠦ ᠦᠶ᠋ᠯᠡᠰ ᠢ ᠶᠡᠬᠡᠪᠡᠷ ᠬᠥᠭᠵᠢᠭᠦᠯᠵᠦ᠂ ᠣᠳᠣᠬᠠᠨ ᠪᠣᠯᠲᠠᠯ᠎ᠠ ᠴᠢᠶᠠᠨ ᠳ᠋ᠧ ᠱᠧᠩ ᠲᠣᠰᠬᠤᠨ ᠤ ᠠᠯᠠᠰᠢᠨ ᠦᠬᠡᠷ 300 ᠭᠠᠷᠤᠶ᠂ ᠠᠯᠠᠰᠢᠨ ᠬᠤᠨᠢ 1000 ᠭᠠᠷᠤᠶ ᠪᠠᠶᠢᠨ᠎ᠠ᠃ ᠣᠶᠢᠷ᠎ᠠ ᠳᠤ ᠵᠢᠶᠠ ᠪᠢᠩ ᠪᠠᠰᠠ ᠲᠠᠷᠢᠮᠠᠯ ᠤᠨ ᠲᠣᠮᠣ ᠡᠷᠦᠬᠡ ᠪᠣᠯᠤᠨ ᠲᠣᠰᠬᠤᠨ ᠤ 40 ᠭᠠᠷᠤᠶ ᠲᠠᠷᠢᠶᠠᠴᠢᠨ ᠡᠷᠦᠬᠡ ᠲᠠᠢ 10 ᠵᠢᠯ ᠤᠨ ᠬᠤᠭᠤᠴᠠᠭ᠎ᠠ ᠲᠠᠢ ᠭᠠᠵᠠᠷ ᠰᠢᠷᠣᠶ ᠶᠢᠨ ᠡᠷᠭᠢᠯᠲᠡ ᠶᠢᠨ ᠭᠡᠷ᠎ᠡ ᠲᠣᠭᠲᠠᠵᠤ᠂ ᠭᠠᠵᠠᠷ ᠰᠢᠷᠣᠶ ᠶᠢᠨ ᠡᠬᠢ ᠪᠠᠶᠠᠯᠢᠭ ᠢ ᠠᠮᠢᠳᠤᠯᠢᠭ ᠪᠣᠯᠭᠠᠬᠤ ᠶᠢᠨ ᠬᠠᠮᠲᠤ ᠭᠠᠳᠠᠭᠰᠢ ᠭᠠᠷᠤᠭᠰᠠᠨ ᠲᠠᠷᠢᠶᠠᠴᠢᠨ ᠵᠢᠴᠢ ᠨᠠᠰᠤ ᠠᠬᠠᠰᠢᠷᠠᠭᠰᠠᠨ ᠬᠥᠳᠡᠯᠮᠦᠷᠢ ᠬᠦᠴᠦ ᠥᠬᠡᠶ ᠬᠥᠮᠦᠰ ᠲᠤ ᠪᠠᠰᠠ ᠨᠢᠭᠡ ᠬᠤᠪᠢ ᠣᠷᠣᠯᠭ᠎ᠠ ᠣᠯᠭᠤᠪᠠ᠃
       ᠲᠣᠰᠬᠤᠨ ᠤ ᠠᠷᠠᠳ ᠲᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠪᠤᠷᠢ ᠶᠢ ᠪᠠᠶᠢᠴᠠᠭᠠᠬᠤ᠂ ᠤᠯᠠᠨ ᠲᠦᠮᠡᠨ ᠤ ᠵᠢᠭᠤᠷᠠᠯᠳᠤᠭᠠᠨ ᠢ ᠰᠢᠢᠳᠪᠦᠷᠢᠯᠡᠬᠦ ᠪᠠᠭ᠎ᠠ ᠶᠠᠪᠤᠳᠠᠯ ᠠᠴᠠ᠂ ᠲᠣᠰᠬᠤᠨ ᠳᠤ ᠨᠡᠪᠲᠡᠷᠡᠬᠦ ᠵᠠᠰᠠᠮᠠᠯ ᠵᠠᠮ ᠢ ᠰᠢᠨ᠎ᠡ ᠪᠠᠷ ᠵᠠᠰᠠᠬᠤ᠂ ᠤᠰᠤ ᠤᠮᠳᠠ ᠶᠢᠨ ᠢᠨᠵᠧᠨᠧᠷᠢᠩ ᠢ ᠳᠡᠭᠡᠭᠰᠢᠯᠡᠭᠦᠯᠬᠦ ᠶᠡᠭᠡ ᠶᠠᠪᠤᠳᠠᠯ ᠬᠦᠷᠲᠡᠯ᠎ᠡ᠂ ᠭᠠᠵᠠᠷ ᠪᠣᠯᠭᠠᠨ ᠳᠤ ᠵᠢᠶᠠ ᠪᠢᠩ ᠤᠨ ᠪᠠᠷ᠎ᠠ ᠬᠠᠷᠠᠭᠳᠠᠵᠤ᠂ ᠲᠡᠷᠡ ᠥᠪᠡᠷ ᠤᠨ ᠰᠢᠷᠭᠠᠭᠤ ᠬᠥᠳᠡᠯᠮᠦᠷᠢ ᠪᠠᠷ ᠢᠶᠠᠨ ᠲᠣᠰᠬᠤᠨ ᠤ ᠠᠷᠠᠳ ᠲᠤ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ ᠲᠤᠰᠢᠶᠠᠵᠤ᠂ ᠪᠣᠳᠠᠲᠤ ᠠᠵᠢᠯᠯᠠᠭ᠎ᠠ ᠪᠠᠷ ᠢᠶᠠᠨ ᠤᠯᠠᠨ ᠲᠦᠮᠡᠨ ᠤ ᠳᠡᠮᠵᠢᠯᠭᠡ ᠶᠢ ᠣᠯᠵᠠᠢ᠃ ︽ᠵᠢᠶᠠ ᠱᠦᠵᠢ ᠮᠠᠨ ᠤ ᠲᠣᠰᠬᠤᠨ ᠳᠤ ᠲᠠᠪᠤᠨ ᠵᠢᠯ ᠭᠠᠷᠤᠢ ᠠᠵᠢᠯᠯᠠᠵᠤ᠂ ᠢᠮᠠᠭᠲᠠ ᠵᠣᠪᠠᠭᠤᠷᠢ ᠵᠦᠳᠡᠭᠦᠷᠢ ᠶᠢ ᠬᠦᠯᠢᠴᠡᠨ ᠲᠡᠰᠪᠦᠷᠢᠯᠡᠵᠦ᠂ ᠥᠪᠡᠷ ᠤᠨ ᠬᠢᠪᠡᠰᠦ ᠵᠣᠬᠢᠬᠤ ᠶᠠᠪᠤᠳᠠᠯ ᠪᠦᠬᠦᠨ ᠢᠶᠠᠨ ᠨᠠᠷᠢᠨ ᠬᠢᠨᠠᠮᠠᠭᠠᠢ ᠬᠢᠵᠦ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠤᠯᠠᠨ ᠲᠦᠮᠡᠨ ᠳᠤ ᠰᠠᠶᠢᠨ ᠶᠠᠪᠤᠳᠠᠯ ᠬᠢᠵᠦ᠂ ᠪᠣᠳᠠᠲᠠᠢ ᠶᠠᠪᠤᠳᠠᠯ ᠬᠢᠬᠦ ᠨᠢ ᠪᠢᠳᠡᠨ ᠤ ᠬᠠᠶᠢᠷ᠎ᠠ ᠬᠠᠯᠠᠮᠵᠢ ᠮᠥᠨ》 ᠭᠡᠵᠦ ᠤᠯᠠᠨ ᠲᠦᠮᠡᠨ ᠳᠤ ᠦᠨᠡᠯᠡᠭᠳᠡᠪᠡ᠃                                               ᠨᠠᠶᠢᠷᠠᠭᠤᠯᠤᠭᠴᠢ᠄   ᠶᠠᠩ  ᠿᠦᠢ ᠵᠧᠨ                                               ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2