ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 13 ᠤ ᠴᠠᠭᠢᠯᠭᠠᠨ ᠮᠡᠳᠡᠭᠡ ᠠᠷᠪᠠᠨ ᠳᠥᠷᠪᠡᠳᠦᠭᠡᠷ | ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ | 13 ᠤ ᠦᠳᠡ ᠶᠢᠨ ᠡᠮᠦᠨ᠎ᠡ ᠠᠷᠠᠳ ᠤᠨ ᠶᠡᠭᠡ ᠬᠤᠷᠠᠯ ᠤᠨ ᠲᠠᠩᠬᠢᠮ ᠳᠤ ᠰᠤᠷᠪᠤᠯᠵᠢᠯᠠᠬᠴᠢᠳ ᠤᠨ ᠬᠤᠷᠠᠯ ᠬᠢᠵᠦ᠂ | ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠶᠡᠭᠡ ᠬᠤᠷᠠᠯ ᠤᠨ ᠥᠭᠦᠯᠡᠭᠴᠢ ᠸᠠᠩ | ᠴᠤᠤ ᠶᠢᠨ ᠤᠷᠢᠯᠭ᠎ᠠ ᠪᠠᠷ ᠰᠤᠷᠪᠤᠯᠵᠢᠯᠠᠬᠴᠢᠳ ᠤᠨ ᠬᠤᠷᠠᠯ ᠳᠤ ᠣᠷᠣᠯᠴᠠᠬᠰᠠᠨ ᠤ ᠬᠠᠮᠲᠤ ᠳᠤᠮᠳᠠᠳᠤ | ᠭᠠᠳᠠᠭᠠᠳᠤ ᠶᠢᠨ ᠰᠤᠷᠪᠤᠯᠵᠢᠯᠠᠬᠴᠢᠳ ᠤᠨ ᠳᠤᠷᠠᠳᠤᠭᠰᠠᠨ ᠠᠰᠠᠭᠤᠯᠲᠠ ᠶᠢ ᠬᠠᠷᠢᠭᠤᠯᠪᠠ᠃ ᠲᠦᠷᠦ ᠶᠢᠨ | ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠳ᠋ᠢᠩ ᠰᠢᠤᠸᠠᠢ ᠰᠢᠶᠠᠩ᠂ ᠾᠧ ᠯᠢ ᠹᠧᠩ᠂ ᠵᠠᠩ ᠭᠦᠸᠧ | ᠴᠢᠩ᠂ ᠯᠢᠦ ᠭᠦᠸᠧ ᠵᠦᠩ ᠣᠷᠣᠯᠴᠠᠵᠠᠢ᠃ | | | | | ᠰᠤᠷᠪᠤᠯᠵᠢᠯᠠᠬᠴᠢᠳ ᠤᠨ ᠬᠤᠷᠠᠯ ᠡᠭᠢᠯᠡᠭᠦ ᠦᠶ᠎ᠡ ᠳᠤ ᠯᠢ ᠴᠢᠶᠠᠩ᠂ ᠥᠨᠥᠳᠥᠷ ᠵᠠᠭᠤᠴᠢᠯᠠᠭᠤᠷ ᠤᠨ ᠨᠠᠶᠢᠵᠠ | ᠨᠠᠷ ᠲᠠᠢ ᠠᠳᠡ ᠠᠭᠤᠯᠵᠠᠵᠤ ᠰᠠᠨᠠᠯ ᠢᠶᠠᠨ ᠰᠣᠯᠢᠯᠴᠠᠬᠤ ᠪᠣᠯᠤᠭᠰᠠᠨ ᠳᠠᠭᠠᠨ ᠮᠠᠰᠢ ᠪᠠᠶᠠᠷᠯᠠᠵᠤ ᠪᠠᠶᠢᠨ᠎ᠠ᠂ ᠡᠩ | ᠲᠡᠷᠢᠭᠦᠨ ᠳᠤ ᠤᠯᠠᠨ ᠤ ᠡᠨᠡ ᠤᠳᠠᠭ᠎ᠠ ᠶᠢᠨ ᠳᠤᠮᠳᠠᠳᠤ ᠤᠯᠤᠰ ᠤᠨ ᠬᠤᠶᠠᠷ ᠬᠤᠷᠠᠯ ᠢ ᠮᠡᠳᠡᠭᠡᠯᠡᠬᠦ ᠶᠢᠨ ᠲᠥᠯᠥᠭᠡ | ᠭᠠᠷᠭᠠᠭᠰᠠᠨ ᠶᠠᠳᠠᠷᠠᠯ ᠵᠦᠳᠡᠷᠡᠯ ᠳᠤ ᠲᠠᠯᠠᠷᠬᠠᠵᠤ ᠪᠠᠶᠢᠨ᠎ᠠ ᠭᠡᠵᠦ ᠬᠡᠯᠡᠪᠡ᠃ ᠯᠢ ᠴᠢᠶᠠᠩ᠂ ᠪᠢᠳᠡ ᠨᠠᠮ ᠪᠣᠯᠣᠨ | ᠠᠷᠠᠳ ᠲᠦᠮᠡᠨ ᠤ ᠢᠲᠡᠭᠡᠯ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ᠂ ᠡᠭᠦᠷᠭᠡᠯᠡᠵᠦ ᠪᠠᠶᠢᠭ᠎ᠠ | ᠬᠠᠷᠢᠭᠤᠴᠠᠯᠭ᠎ᠠ ᠬᠦᠨᠳᠦ ᠶᠡᠭᠡ᠂ ᠡᠭᠦᠷᠭᠡ ᠥᠩᠭᠡ ᠭᠡᠷᠡᠯᠲᠡᠢ ᠭᠡᠳᠡᠭ ᠢ ᠴᠦ ᠭᠦᠨᠵᠡᠭᠡᠢ ᠣᠶᠢᠯᠠᠭᠠᠵᠤ ᠪᠠᠶᠢᠨ᠎ᠠ᠃ | ᠪᠢᠳᠡ ᠯᠠᠪᠲᠠᠢ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠥᠷᠭᠡᠨ ᠤᠯᠠᠨ ᠠᠷᠠᠳ ᠲᠦᠮᠡᠨ ᠳᠤ ᠴᠢᠩᠭ᠎ᠠ ᠲᠦᠰᠢᠭᠯᠡᠨ᠂ ᠬᠦᠴᠦᠯᠡᠨ ᠴᠢᠷᠮᠠᠶᠢᠵᠤ | ᠵᠢᠳᠬᠦᠯ ᠭᠠᠷᠭᠠᠬᠤ ᠤᠶᠤᠨ ᠰᠠᠨᠠᠭᠠᠨ ᠤ ᠳᠦᠷᠰᠦ ᠪᠠᠶᠢᠳᠠᠯ ᠪᠠ ︽ᠴᠠᠭ ᠢᠮᠠᠭᠲᠠ ᠰᠡᠳᠬᠢᠯ ᠠᠮᠤᠷ ᠦᠭᠡᠢ ᠪᠠᠶᠢᠬᠤ | ︾ ᠬᠠᠷᠢᠭᠤᠴᠠᠯᠭᠠᠲᠤ ᠤᠬᠠᠮᠰᠠᠷ ᠢᠶᠠᠷ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠲᠤᠰᠢᠶᠠᠯ | ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠪᠠᠷ ᠭᠦᠢᠴᠡᠳᠬᠡᠵᠦ᠂ ᠣᠮᠤᠭ ᠵᠣᠷᠢᠭ ᠪᠠᠳᠠᠷᠠᠩᠭᠤᠢ ᠪᠠᠷ ᠡᠷᠡᠮᠡᠬᠡᠶᠢᠯᠡᠨ | ᠤᠷᠤᠭᠰᠢᠯᠠᠵᠤ᠂ ᠨᠡᠶᠢᠲᠡ ᠶᠢᠨ ᠲᠥᠯᠥᠭᠡ ᠠᠷᠢᠭᠤᠨ ᠴᠢᠬᠡᠴᠢ ᠪᠠᠷ ᠵᠢᠳᠬᠦᠵᠦ᠂ ᠦᠨᠡᠨ ᠰᠡᠳᠬᠢᠯ ᠠᠴᠠ ᠪᠠᠨ | ᠮᠡᠷᠡᠶᠢᠨ ᠵᠢᠳᠬᠦᠵᠦ᠂ ᠡᠭᠦᠷᠭᠡ ᠬᠠᠷᠢᠭᠤᠴᠠᠯᠭ᠎ᠠ ᠪᠠᠨ ᠭᠤᠲᠤᠭᠠᠬᠤ ᠦᠭᠡᠢ ᠶᠤᠮ ᠭᠡᠵᠦ ᠢᠯᠡᠳᠬᠡᠪᠡ᠃ | ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶ᠎ᠠ ᠶᠢᠨ ᠰᠤᠷᠪᠤᠯᠵᠢᠯᠠᠬᠴᠢ᠄ ᠡᠩ ᠲᠡᠷᠢᠭᠦᠨ ᠳᠤ ᠲᠠ | ᠪᠣᠯᠣᠨ ᠳᠥᠷᠪᠡᠨ ᠳᠡᠳ᠋ ᠶᠡᠷᠦᠩᠬᠡᠢ ᠰᠠᠶᠢᠳ ᠤᠨ ᠰᠢᠨ᠎ᠡ ᠪᠠᠷ ᠲᠤᠰᠢᠶᠠᠯ ᠳᠤ ᠭᠠᠷᠤᠭᠰᠠᠨ ᠳᠤ ᠪᠠᠶᠠᠷ ᠬᠦᠷᠭᠡᠵᠦ | ᠪᠠᠶᠢᠨ᠎ᠠ᠃ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠤᠨ ᠬᠤᠭᠤᠴᠠᠭ᠎ᠠ ᠪᠤᠯᠬᠤ ᠢᠷᠡᠭᠡᠳᠦᠢ | ᠶᠢᠨ ᠲᠠᠪᠤᠨ ᠵᠢᠯ ᠨᠢ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ | ᠤᠯᠤᠰ ᠲᠤ ᠠᠪᠴᠤ ᠬᠡᠯᠡᠪᠡᠯ ᠡᠭᠢᠯᠡᠯᠲᠡ ᠶᠢᠨ ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ᠂ ᠤᠯᠤᠰ ᠤᠨ ᠳᠣᠲᠣᠭᠠᠳᠤ | ᠭᠠᠳᠠᠭᠠᠳᠤ ᠶᠢᠨ ᠬᠢᠨ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠢ ᠲᠤᠶᠢᠯ ᠢᠶᠠᠷ ᠠᠩᠬᠠᠷᠴᠤ | ᠪᠠᠶᠢᠨ᠎ᠠ᠃ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠵᠠᠰᠠᠭ ᠶᠠᠪᠤᠭᠤᠯᠬᠤ ᠬᠠᠷᠠᠯᠲᠠ ᠨᠢ ᠶᠠᠭᠤ ᠪᠤᠶ︖ | ᠶᠠᠮᠠᠷ ᠶᠠᠮᠠᠷ ᠠᠵᠢᠯ ᠤᠨ ᠭᠤᠣᠯᠳᠠᠯᠭ᠎ᠠ ᠪᠠᠶᠢᠬᠤ ᠪᠤᠶ︖ ᠠᠵᠢᠯ ᠢᠶᠠᠨ ᠬᠡᠷᠬᠢᠨ ᠥᠷᠨᠢᠭᠦᠯᠬᠦ ᠪᠤᠢ︖ | ᠯᠢ ᠴᠢᠶᠠᠩ᠄ ᠲᠠᠨ ᠤ ᠪᠠᠶᠠᠷ ᠬᠦᠷᠭᠡᠭᠰᠡᠨ ᠳᠤ ᠲᠠᠯᠠᠷᠬᠠᠵᠤ ᠪᠠᠶᠢᠨ᠎ᠠ᠂ ᠲᠠ ᠤᠯᠠᠨ ᠤ ᠰᠢᠨ᠎ᠡ ᠨᠢᠭᠡ | ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠢ ᠬᠠᠯᠠᠮᠵᠢᠯᠠᠵᠤ ᠪᠠᠶᠢᠭ᠎ᠠ ᠳᠤ ᠲᠠᠯᠠᠷᠬᠠᠵᠤ ᠪᠠᠶᠢᠨ᠎ᠠ᠃ | ᠨᠢᠳᠤᠨᠤᠨ ᠤ 10 ᠰᠠᠷ᠎ᠠ ᠳᠤ ᠬᠤᠷᠠᠯᠳᠤᠭᠤᠯᠤᠭᠰᠠᠨ ᠨᠠᠮ ᠤᠨ ᠬᠤᠷᠢᠳᠤᠭᠠᠷ ᠶᠡᠭᠡ ᠬᠤᠷᠠᠯ ᠠᠴᠠ ᠮᠠᠨ ᠤ | ᠤᠯᠤᠰ ᠤᠨ ᠬᠤᠶᠢᠰᠢᠳᠠ ᠶᠢᠨ ᠲᠠᠪᠤᠨ ᠵᠢᠯ ᠪᠠ ᠨᠡᠩ ᠤᠷᠳᠤ ᠬᠤᠭᠤᠴᠠᠭᠠᠨ ᠤ ᠬᠥᠭᠵᠢᠯᠲᠡ ᠳᠤ ᠪᠦᠭᠦ ᠲᠠᠯ᠎ᠠ ᠶᠢᠨ | ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠪᠡ᠂ ᠤᠯᠠᠨ ᠢᠶᠠᠷ ᠢᠶᠠᠨ ᠨᠡᠯᠢᠶᠡᠳ ᠰᠡᠳᠬᠢᠯ ᠲᠠᠯᠪᠢᠵᠤ ᠪᠠᠶᠢᠭ᠎ᠠ | ᠴᠢᠬᠤᠯᠠ ᠶᠡᠭᠡ ᠠᠰᠠᠭᠤᠳᠠᠯ ᠤᠨ ᠲᠤᠬᠠᠢ ᠴᠥᠮ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠠᠴᠠ | ᠲᠣᠳᠣᠷᠬᠠᠢ ᠬᠠᠷᠢᠭᠤᠯᠲᠠ ᠣᠯᠵᠤ ᠴᠢᠳᠠᠬᠤ ᠶᠤᠮ᠃ | ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠪᠣᠯ ᠳᠠᠷᠤᠢ ᠨᠠᠮ ᠤᠨ ᠲᠥᠪ ᠬᠤᠷᠢᠶ᠎ᠠ ᠶᠢᠨ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠰᠠᠶᠢᠲᠤᠷ ᠲᠤᠭᠤᠰᠢᠯᠠᠭᠤᠯᠵᠤ᠂ ᠰᠠᠶᠢᠲᠤᠷ ᠨᠠᠶᠢᠳᠠᠪᠤᠷᠢᠵᠢᠭᠤᠯᠵᠤ᠂ | ᠨᠠᠮ ᠤᠨ ᠬᠤᠷᠢᠳᠤᠭᠠᠷ ᠶᠡᠭᠡ ᠬᠤᠷᠠᠯ ᠠᠴᠠ ᠵᠢᠷᠤᠭᠯᠠᠭᠰᠠᠨ ᠠᠤᠭ᠎ᠠ ᠵᠢᠷᠤᠭ ᠲᠥᠰᠥᠪ ᠢ ᠪᠠᠷᠢᠯᠭ᠎ᠠ ᠶᠢᠨ ᠵᠢᠷᠤᠭ | ᠲᠥᠯᠥᠪᠯᠡᠭᠡ ᠪᠣᠯᠭᠠᠨ ᠬᠤᠪᠢᠷᠠᠭᠤᠯᠵᠤ᠂ ᠪᠦᠭᠦ ᠤᠯᠤᠰ ᠤᠨ ᠠᠷᠠᠳ ᠲᠦᠮᠡᠨ ᠲᠠᠢ ᠬᠠᠮᠲᠤ ᠪᠠᠷ᠂ ᠯᠠᠪᠳᠠᠭᠤᠨ | ᠪᠠᠲᠤᠲᠠᠢ ᠪᠠᠷ ᠠᠤᠭ᠎ᠠ ᠵᠢᠷᠤᠭ ᠲᠥᠰᠥᠪ ᠢ ᠰᠠᠶᠢᠨ ᠰᠠᠶᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠬᠤ ᠶᠠᠪᠤᠳᠠᠯ | ᠪᠣᠯᠣᠨ᠎ᠠ᠃ | ᠬᠤᠶᠢᠰᠢᠳᠠ ᠶᠢᠨ ᠠᠵᠢᠯ ᠤᠨ ᠳᠤᠮᠳᠠ᠂ ᠡᠶᠢᠮᠦ ᠬᠡᠳᠦᠨ ᠲᠠᠯ᠎ᠠ ᠶᠢ ᠪᠢᠳᠡ ᠭᠤᠣᠯᠳᠠᠯᠭ᠎ᠠ ᠲᠠᠢ ᠡᠵᠡᠮᠳᠡᠬᠦ | ᠪᠣᠯᠣᠨ᠎ᠠ᠄ | ᠨᠢᠭᠡᠳᠦᠭᠡᠷ ᠲᠤ᠂ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ | ᠪᠣᠯᠭᠠᠨ᠎ᠠ᠃ ᠦᠨᠡᠨ ᠢ ᠬᠡᠯᠡᠪᠡᠯ᠂ ᠨᠠᠮ ᠪᠠ ᠵᠠᠰᠠᠭ ᠤᠨ ᠣᠷᠳᠣᠨ ᠤ ᠠᠯᠢᠪᠠ ᠠᠵᠢᠯ ᠤᠨ ᠵᠣᠷᠢᠯᠲᠠ ᠪᠣᠯ ᠠᠷᠠᠳ | ᠲᠦᠮᠡᠨ ᠳᠤ ᠪᠤᠶᠠᠨ ᠦᠢᠯᠡᠳᠭᠦ ᠶᠠᠪᠤᠳᠠᠯ ᠪᠣᠯᠣᠨ᠎ᠠ᠃ ᠶᠡᠷᠦᠩᠬᠡᠢ ᠱᠦᠵᠢ ᠰᠢ ᠶᠢᠨ ᠫᠢᠩ᠄ ︽ᠠᠷᠠᠳ ᠲᠦᠮᠡᠨ ᠤ | ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠪᠣᠯ ᠪᠢᠳᠡᠨ ᠤ ᠲᠡᠮᠡᠴᠡᠬᠦ ᠬᠠᠷᠠᠯᠲᠠ ᠮᠥᠨ︾ ᠭᠡᠵᠦ ᠬᠡᠯᠡᠵᠦ | ᠥᠩᠭᠡᠷᠡᠪᠡ᠃ ᠪᠢᠳᠡ ᠬᠡᠵᠢᠶ᠎ᠡ ᠴᠦ ᠭᠡᠰᠡᠨ ᠠᠷᠠᠳ ᠤᠨ ᠵᠠᠰᠠᠭ ᠤᠨ ᠣᠷᠳᠣᠨ ᠤ ᠡᠮᠦᠨᠡᠬᠢ︽ᠠᠷᠠᠳ ᠲᠦᠮᠡᠨ︾ | ᠭᠡᠳᠡᠭ ᠦᠭᠡ ᠶᠢ ᠢᠮᠠᠭᠲᠠ ᠪᠠᠲᠤ ᠴᠡᠭᠡᠵᠢᠯᠡᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠪᠣᠯᠭᠠᠨ ᠢ | ᠯᠠᠪᠳᠠᠭᠤᠨ ᠪᠠᠲᠤᠲᠠᠢ ᠰᠠᠶᠢᠲᠤᠷ ᠬᠢᠨ᠎ᠡ᠃ ᠪᠤᠰᠤᠳᠴᠢ ᠪᠠᠷ ᠶᠠᠷᠢᠪᠠᠯ᠂ ᠵᠣᠩᠬᠢᠯᠠᠬᠤ ᠤᠯᠠᠨ ᠲᠣᠭᠠᠨ ᠤ ᠠᠷᠠᠳ | ᠲᠦᠮᠡᠨ GDP ᠶᠢᠨ ᠨᠡᠮᠡᠭᠳᠡᠯ ᠬᠡᠳᠦᠢ ᠨᠡᠮᠡᠭᠳᠡᠭᠰᠡᠨ ᠢ ᠡᠳᠦᠷᠵᠢᠨ ᠠᠩᠬᠠᠷᠴᠤ ᠦᠵᠡᠬᠦ ᠦᠭᠡᠢ ᠶᠤᠮ᠂ | ᠤᠯᠠᠨ ᠢᠶᠠᠷ ᠢᠶᠠᠨ ᠣᠷᠣᠨ ᠰᠠᠭᠤᠴᠠ᠂ ᠠᠵᠢᠯ ᠣᠯᠭᠤᠯᠲᠠ᠂ ᠣᠷᠣᠯᠭ᠎ᠠ᠂ ᠰᠤᠷᠭᠠᠨ ᠬᠥᠮᠦᠵᠢᠯ᠂ ᠡᠪᠡᠳᠴᠢᠨ | ᠦᠵᠡᠭᠦᠯᠭᠦ᠂ ᠠᠮᠢ ᠠᠬᠤᠢ ᠣᠷᠴᠢᠨ ᠲᠣᠭᠤᠷᠢᠨ ᠵᠡᠷᠭᠡ ᠳᠡᠷᠭᠡᠳᠡᠬᠢ ᠪᠣᠳᠠᠲᠠᠢ ᠶᠠᠪᠤᠳᠠᠯ ᠢᠶᠠᠨ ᠨᠡᠩ ᠠᠩᠬᠠᠷᠴᠤ | ᠪᠠᠶᠢᠳᠠᠭ᠃ ᠵᠠᠰᠠᠭ ᠤᠨ ᠣᠷᠳᠣᠨ ᠤ ᠠᠵᠢᠯ ᠪᠣᠯ ᠠᠷᠠᠳ ᠣᠯᠠᠨ ᠤ ᠪᠣᠳᠠᠲᠠᠢ ᠲᠥᠷᠥᠭᠳᠡᠯ ᠲᠠᠢ ᠣᠶᠢᠷᠠᠲᠤᠭᠤᠯᠵᠤ | ᠪᠠᠶᠢᠭᠠᠳ ᠲᠥᠯᠥᠪᠯᠡᠭᠡ ᠬᠢᠵᠦ ᠠᠬᠢᠭᠤᠯᠵᠤ᠂ ᠠᠷᠠᠳ ᠲᠦᠮᠡᠨ ᠬᠦᠰᠡᠯ ᠡᠷᠡᠮᠡᠯᠵᠡᠯ ᠲᠠᠢ ᠪᠠᠶᠢᠪᠠᠯ ᠵᠠᠰᠠᠭ ᠤᠨ | ᠣᠷᠳᠣᠨ ᠵᠢᠳᠬᠦᠯ ᠴᠢᠷᠮᠠᠶᠢᠯᠭ᠎ᠠ ᠲᠠᠢ ᠪᠠᠶᠢᠬᠤ ᠶᠢ ᠦᠨᠡᠨ ᠬᠦ ᠪᠡᠶᠡᠯᠡᠭᠦᠯᠬᠦ ᠶᠠᠪᠤᠳᠠᠯ ᠪᠣᠯᠣᠨ᠎ᠠ᠃ | ᠬᠤᠶᠠᠳᠤᠭᠠᠷ ᠲᠤ᠂ ᠬᠦᠴᠦᠨ ᠢᠶᠠᠨ ᠲᠥᠪᠯᠡᠷᠡᠭᠦᠯᠦᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ | ᠡᠨᠡ ᠤᠳᠠᠭ᠎ᠠ ᠶᠢᠨ ᠬᠤᠶᠠᠷ ᠬᠤᠷᠠᠯ ᠤᠨ ᠬᠤᠭᠤᠴᠠᠭᠠᠨ ᠳᠤ᠂ ᠶᠡᠷᠦᠩᠬᠡᠢ ᠱᠦᠵᠢ ᠰᠢ ᠶᠢᠨ ᠫᠢᠩ ᠵᠢᠶᠠᠩᠰᠤ ᠶᠢᠨ | ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠭᠦ ᠳᠤ ᠣᠷᠤᠯᠴᠠᠬᠤ ᠳᠠᠭᠠᠨ᠂ ᠴᠢᠨᠠᠷ ᠰᠠᠶᠢᠲᠠᠢ ᠬᠥᠭᠵᠢᠯᠲᠡ ᠭᠡᠬᠦ | ᠡᠨᠡ ᠬᠦ ᠲᠡᠷᠢᠭᠦᠨ ᠴᠢᠬᠤᠯᠠ ᠡᠭᠦᠷᠭᠡ ᠶᠢ ᠪᠠᠲᠤ ᠡᠵᠡᠮᠳᠡᠬᠦ ᠬᠡᠷᠡᠭᠲᠡᠢ ᠭᠡᠵᠦ ᠣᠨᠴᠠᠭᠠᠶᠢᠯᠠᠨ ᠴᠢᠬᠤᠯᠠᠴᠢᠯᠠᠪᠠ᠃ | ᠮᠠᠨ ᠤ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠨᠢᠭᠡᠨᠲᠡ ᠯᠤᠲᠤ ᠶᠡᠭᠡ ᠠᠮᠵᠢᠯᠲᠠ ᠪᠦᠲᠦᠮᠵᠢ ᠣᠯᠵᠤ᠂ | ᠠᠵᠤ ᠠᠬᠤᠢ ᠶᠢᠨ ᠶᠡᠷᠦᠩᠬᠡᠢ ᠬᠡᠮᠵᠢᠶ᠎ᠡ ᠳᠡᠯᠡᠬᠡᠢ ᠶᠢᠨ ᠬᠤᠶᠠᠳᠤᠭᠠᠷ ᠲᠤ ᠪᠠᠲᠤᠲᠠᠢ ᠣᠷᠣᠭᠰᠠᠨ ᠪᠤᠯᠪᠠᠴᠤ | ᠬᠥᠭᠵᠢᠯᠲᠡ ᠮᠥᠨ ᠲᠡᠩᠴᠡᠭᠦᠷᠢ ᠦᠭᠡᠢ᠂ ᠭᠦᠢᠴᠡᠳ ᠪᠤᠰᠤ ᠪᠠᠶᠢᠨ᠎ᠠ᠃ ᠶᠠᠮᠠᠷᠪᠠ ᠨᠢᠭᠡ ᠶᠡᠷᠦᠩᠬᠡᠢ ᠬᠡᠮᠵᠢᠶᠡᠨ ᠤ | ᠭᠦᠢᠴᠡᠳᠬᠡᠯ ᠲᠤᠭ᠎ᠠ ᠶᠢ 14 ᠳ᠋ᠦᠩᠰᠢᠭᠤᠷ ᠭᠠᠷᠤᠢ ᠬᠥᠮᠥᠨ ᠠᠮᠠ ᠶᠢᠨ ᠰᠠᠭᠤᠷᠢ ᠲᠤᠭ᠎ᠠ ᠳᠡᠭᠡᠷ᠎ᠡ ᠨᠣᠭᠳᠠᠭᠤᠯᠪᠠᠯ᠂ | ᠬᠥᠮᠥᠨ ᠳᠤᠮᠳᠠᠴᠢ ᠶᠢᠨ ᠬᠢᠷᠢ ᠬᠡᠮᠵᠢᠶ᠎ᠡ ᠨᠢ ᠴᠥᠮ ᠨᠡᠯᠢᠶᠡᠳ ᠬᠢᠵᠠᠭᠠᠷ ᠲᠠᠢ ᠪᠠᠶᠢᠳᠠᠭ᠃ ᠤᠳᠤ᠂ ᠮᠠᠨ ᠤ | ᠬᠥᠭᠵᠢᠯᠲᠡ ᠶᠢᠨ ᠣᠯᠠᠩᠬᠢ ᠨᠢ ᠵᠥᠪᠭᠡᠨ ︽ᠪᠠᠶᠢᠬᠤ ᠡᠰᠡᠬᠦ︾ ᠠᠰᠠᠭᠤᠳᠠᠯ ᠢ ᠯᠠ ᠰᠢᠢᠳᠪᠦᠷᠢᠯᠡᠵᠦ ᠪᠠᠶᠢᠨ᠎ᠠ᠂ | ᠲᠠᠷᠠᠭᠠᠴᠢ ᠶᠢᠨ ᠠᠯᠬᠤᠮ ᠳᠤ ︽ᠰᠠᠶᠢᠨ ᠡᠰᠡᠬᠦ︾ ᠠᠰᠠᠭᠤᠳᠠᠯ ᠢ ᠨᠡᠩ ᠴᠢᠬᠤᠯᠠᠴᠢᠯᠠᠨ ᠰᠢᠢᠳᠪᠦᠷᠢᠯᠡᠬᠦ ᠴᠢᠬᠤᠯᠠᠲᠠᠢ | ᠂ ᠢᠯᠠᠩᠭᠤᠶ᠎ᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠭᠦ ᠴᠢᠳᠠᠪᠤᠷᠢ ᠪᠠᠨ ᠳᠡᠭᠡᠭᠰᠢᠯᠡᠭᠦᠯᠭᠦ᠂ | ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ᠂ ᠬᠥᠭᠵᠢᠯᠲᠡ ᠶᠢᠨ ᠠᠷᠭ᠎ᠠ ᠮᠠᠶ᠋ᠢᠭ ᠤᠨ | ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠵᠡᠷᠭᠡ ᠪᠣᠯᠣᠨ᠎ᠠ᠃ ᠶᠡᠷᠦᠩᠬᠡᠢ ᠳᠤᠨᠢ | ᠠᠪᠴᠤ ᠬᠡᠯᠡᠪᠡᠯ᠂ ᠪᠢᠳᠡ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠶ᠂ | ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠴᠢᠨᠠᠷ | ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠬᠤ ᠬᠡᠷᠡᠭᠲᠡᠢ᠃ | ᠭᠤᠷᠪᠠᠳᠤᠭᠠᠷ ᠲᠤ᠂ ᠥᠭᠡᠷᠡᠴᠢᠯᠡᠯᠲᠡ ᠨᠡᠭᠡᠭᠡᠯᠲᠡ ᠶᠢ ᠡᠷᠡᠰ ᠭᠤᠶᠢᠪᠢᠰᠢ ᠦᠭᠡᠢ ᠭᠦᠨᠵᠡᠭᠡᠶᠢᠷᠡᠭᠦᠯᠦᠨ᠎ᠡ᠃ | ᠥᠭᠡᠷᠡᠴᠢᠯᠡᠯᠲᠡ ᠨᠡᠭᠡᠭᠡᠯᠲᠡ ᠪᠣᠯ ᠤᠳᠤ ᠦᠶ᠎ᠡ ᠶᠢᠨ ᠳᠤᠮᠳᠠᠳᠤ ᠤᠯᠤᠰ ᠤᠨ ᠬᠤᠪᠢ ᠵᠠᠶᠠᠭ᠎ᠠ ᠶᠢ ᠲᠣᠭᠲᠠᠭᠠᠬᠤ | ᠵᠠᠩᠭᠢᠯᠠᠭ᠎ᠠ ᠶᠢᠨ ᠠᠷᠭ᠎ᠠ ᠪᠣᠯᠣᠨ᠎ᠠ᠂ ᠪᠢᠳᠡ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ᠂ | ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠲᠡᠦᠬᠡᠨ ᠠᠬᠢᠴᠠ ᠳᠤᠮᠳᠠ᠂ ᠪᠠᠰᠠ ᠴᠤ︽ | ᠥᠭᠡᠷᠡᠴᠢᠯᠡᠯᠲᠡ ᠶᠢᠨ ᠬᠤᠭᠤᠯᠠ ᠶᠢ ᠢᠳᠡᠵᠦ᠂ ᠨᠡᠭᠡᠭᠡᠯᠲᠡ ᠶᠢᠨ ᠵᠠᠮ ᠢᠶᠠᠷ ᠵᠠᠮᠨᠠᠬᠤ︾ ᠬᠡᠷᠡᠭᠲᠡᠢ᠃ | ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠥᠭᠡᠷᠡᠴᠢᠯᠡᠯᠲᠡ ᠶᠢᠨ ᠴᠢᠭᠯᠡᠯ ᠢ ᠪᠠᠷᠢᠮᠲᠠᠯᠠᠵᠤ | ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠲᠡ ᠶᠢ | ᠭᠦᠨᠵᠡᠭᠡᠶᠢᠷᠡᠭᠦᠯᠬᠦ ᠳᠤᠮᠳᠠ ᠬᠥᠭᠵᠢᠯᠲᠡ ᠶᠢᠨ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠢ ᠲᠠᠰᠤᠷᠠᠯᠲᠠ | ᠦᠭᠡᠢ ᠴᠢᠩᠭᠠᠳᠬᠠᠬᠤ ᠬᠡᠷᠡᠭᠲᠡᠢ᠃ | ᠠᠮᠧᠷᠢᠺᠠ ᠶᠢᠨ ᠬᠡᠷᠡᠭᠯᠡᠭᠴᠢᠳ ᠤᠨ ᠰᠣᠨᠢᠨ ᠮᠡᠳᠡᠭᠡ ᠪᠣᠯᠣᠨ ᠬᠤᠳᠠᠯᠳᠤᠭᠠᠨ ᠤ ᠰᠤᠪᠠᠭ ᠤᠨ | ᠰᠤᠷᠪᠤᠯᠵᠢᠯᠠᠬᠴᠢ᠄ ᠡᠨᠡ ᠵᠢᠯ ᠪᠣᠯ ᠳᠤᠮᠳᠠᠳᠤ ᠤᠯᠤᠰ ᠤᠨ ᠬᠢᠵᠢᠭ ᠤᠨ ᠪᠠᠶᠢᠳᠠᠯ ᠤᠨ ᠤᠷᠭᠢᠯ ᠤᠨ ᠬᠤᠭᠤᠴᠠᠭ᠎ᠠ | ᠥᠩᠭᠡᠷᠡᠭᠰᠡᠨ ᠤ ᠳᠠᠷᠠᠭᠠᠬᠢ ᠲᠦᠷᠦᠭᠦᠦ ᠵᠢᠯ ᠪᠣᠯᠣᠨ᠎ᠠ᠂ ᠮᠠᠰᠢ ᠤᠯᠠᠨ ᠬᠥᠮᠥᠰ ᠤᠨ ᠵᠢᠱᠢᠭᠰᠡᠨ ᠢᠶᠠᠷ ᠪᠣᠯ ᠠᠵᠤ | ᠠᠬᠤᠢ ᠣᠬᠤᠷᠬᠠᠨ ᠬᠤᠭᠤᠴᠠᠭᠠᠨ ᠳᠤ ᠲᠠᠭᠢᠨ ᠨᠡᠮᠡᠭᠳᠡᠬᠦ ᠪᠣᠯᠣᠨ᠎ᠠ᠂ ᠳᠤᠮᠳᠠᠳᠤ ᠤᠯᠤᠰ ᠶᠠᠮᠠᠷ ᠠᠷᠭ᠎ᠠ ᠬᠡᠮᠵᠢᠶ᠎ᠡ | ᠠᠪᠴᠤ ᠪᠦᠭᠦ ᠵᠢᠯ ᠤᠨ ᠠᠵᠤ ᠠᠬᠤᠢ ᠶᠢᠨ ᠨᠡᠮᠡᠭᠳᠡᠯ ᠤᠨ ᠬᠠᠷᠠᠯᠲᠠ ᠶᠢ ᠪᠡᠶᠡᠯᠡᠭᠦᠯᠬᠦ ᠪᠠᠷ ᠪᠠᠶᠢᠭ᠎ᠠ ᠪᠤᠢ︖ | ᠳᠤᠮᠳᠠᠳᠤ ᠤᠯᠤᠰ ᠤᠨ ᠠᠵᠤ ᠠᠬᠤᠢ ᠡᠨᠡ ᠵᠢᠯ ᠵᠢᠴᠢ ᠳᠠᠷᠠᠭᠠᠴᠢ ᠶᠢᠨ ᠲᠠᠪᠤᠨ ᠵᠢᠯ ᠳᠤ ᠶᠠᠮᠠᠷ ᠶᠠᠮᠠᠷ ᠠᠰᠢᠭᠲᠠᠢ ᠪᠠ | ᠠᠰᠢᠭ ᠦᠭᠡᠢ ᠬᠦᠴᠦᠨ ᠵᠦᠢᠯ ᠳᠤ ᠲᠤᠯᠭᠠᠷᠠᠬᠤ ᠪᠤᠢ︖ ᠢᠷᠡᠭᠡᠳᠦᠢ ᠶᠢᠨ ᠲᠠᠪᠤᠨ ᠵᠢᠯ ᠳᠤ ᠳᠤᠮᠳᠠᠳᠤ ᠤᠯᠤᠰ | ᠶᠠᠮᠠᠷ ᠲᠦᠷᠦ ᠶᠢᠨ ᠪᠣᠳᠣᠯᠭ᠎ᠠ ᠠᠪᠴᠤ ᠦᠷᠭᠦᠯᠵᠢᠯᠡᠬᠦ᠂ ᠴᠢᠨᠠᠷ ᠰᠠᠶᠢᠲᠠᠢ ᠨᠡᠮᠡᠭᠳᠡᠯ ᠢ ᠳᠡᠮᠵᠢᠭᠦ ᠪᠠᠷ ᠲᠥᠯᠥᠪᠯᠡᠵᠦ | ᠪᠠᠶᠢᠬᠤ ᠪᠤᠢ︖ ᠣᠶᠢᠷ᠎ᠠ ᠶᠢᠨ ᠬᠡᠳᠦᠨ ᠵᠢᠯ ᠳᠤ ᠳᠤᠮᠳᠠᠳᠤ ᠤᠯᠤᠰ ᠤᠨ ᠥᠷᠢ ᠥᠭᠴᠡᠭᠡ᠂ ᠬᠥᠷᠥᠩᠭᠡ ᠶᠢᠨ ᠡᠮᠬᠢ | ᠵᠠᠮᠪᠠᠷᠠᠭ᠎ᠠ ᠦᠭᠡᠢ ᠲᠡᠯᠡᠯᠲᠡ ᠵᠡᠷᠭᠡ ᠰᠢᠰᠲ᠋ᠧᠮ ᠤᠨ ᠴᠢᠨᠠᠷᠲᠠᠢ ᠲᠦᠭᠰᠢᠭᠦᠷᠢ ᠶᠢ ᠠᠷᠭᠠᠴᠠᠭᠠᠬᠤ ᠲᠠᠯ᠎ᠠ ᠪᠠᠷ ᠬᠢ | ᠲᠥᠷᠥ ᠶᠢᠨ ᠪᠣᠳᠣᠯᠭ᠎ᠠ ᠨᠢ ᠶᠠᠮᠠᠷ ᠶᠠᠮᠠᠷ ᠦᠷ᠎ᠡ ᠪᠦᠲᠦᠮᠵᠢ ᠣᠯᠣᠭᠰᠠᠨ ᠪᠤᠶ︖ | ᠯᠢ ᠴᠢᠶᠠᠩ᠄ ᠡᠨᠡ ᠰᠤᠷᠪᠤᠯᠵᠢᠯᠠᠬᠴᠢ ᠨᠠᠶᠢᠵᠠ ᠲᠣᠭᠢᠶᠠᠯ ᠢ ᠮᠠᠰᠢ ᠰᠠᠶᠢᠨ ᠠᠳᠬᠤᠵᠤ ᠪᠠᠶᠢᠨ᠎ᠠ᠂ ᠮᠢᠨᠤ | ᠲᠡᠮᠳᠡᠭᠯᠡᠭᠰᠡᠨ ᠢᠶᠠᠷ ᠲᠠ ᠨᠢᠭᠡ ᠯᠡ ᠠᠮᠢᠰᠬᠤᠭ᠎ᠠ ᠪᠠᠷ 4 ᠠᠰᠠᠭᠤᠳᠠᠯ ᠳᠤᠷᠠᠳᠴᠤ᠂ 6 ᠲᠠᠯ᠎ᠠ ᠶᠢᠨ ᠠᠭᠤᠯᠭ᠎ᠠ ᠳᠤ | ᠬᠤᠯᠪᠣᠭᠳᠠᠵᠠᠢ᠃ ᠴᠠᠭ ᠤᠨ ᠬᠠᠷᠠᠭ᠎ᠠ ᠠᠴᠠ ᠪᠣᠯᠵᠤ ᠪᠢ ᠵᠥᠪᠭᠡᠨ ᠭᠤᠣᠯᠳᠠᠯᠭ᠎ᠠ ᠶᠢ ᠨᠢ ᠰᠣᠩᠭᠤᠵᠤ ᠬᠠᠷᠢᠭᠤᠯᠲᠠ | ᠦᠭᠭᠦᠶ᠎ᠠ᠃ | ᠡᠨᠡ ᠵᠢᠯ ᠤᠨ ᠳᠡᠯᠡᠬᠡᠢ ᠶᠢᠨ ᠠᠵᠤ ᠠᠬᠤᠢ ᠶᠢᠨ ᠪᠠᠶᠢᠳᠠᠯ ᠶᠡᠷᠦᠩᠬᠡᠢ ᠳᠡᠭᠡᠨ ᠲᠡᠶᠢᠮᠦ ᠰᠠᠶᠢᠨ ᠪᠢᠰᠢ᠂ | ᠲᠣᠭᠲᠠᠭᠤᠨ ᠪᠤᠰᠤ᠂ ᠲᠣᠬᠲᠠᠯᠭᠠᠳᠤ ᠪᠤᠰᠤ᠂ ᠲᠥᠰᠥᠭᠡᠯᠡᠬᠦᠶ᠎ᠡ ᠪᠡᠷᠬᠡ ᠬᠦᠴᠦᠨ ᠵᠦᠢᠯ ᠨᠡᠯᠢᠶᠡᠳ ᠤᠯᠠᠨ ᠪᠠᠶᠢᠨ᠎ᠠ᠂ | ᠨᠡᠮᠡᠭᠳᠡᠯ ᠢ ᠬᠡᠷᠬᠢᠨ ᠲᠣᠭᠲᠠᠭᠤᠨ ᠪᠠᠶᠢᠯᠭᠠᠬᠤ ᠨᠢ ᠳᠡᠯᠡᠬᠡᠢ ᠶᠢᠨ ᠡᠯ᠎ᠡ ᠤᠯᠤᠰ ᠲᠤ ᠠᠪᠴᠤ ᠬᠡᠯᠡᠪᠡᠯ ᠴᠥᠮ ᠨᠢᠭᠡᠨ | ᠰᠢᠯᠭᠠᠯᠲᠠ ᠪᠤᠯᠬᠤ ᠶᠤᠮ᠃ ᠡᠨᠡ ᠵᠢᠯ᠂ ᠳᠤᠮᠳᠠᠳᠤ ᠤᠯᠤᠰ ᠤᠨ ᠠᠵᠤ ᠠᠬᠤᠢ ᠶᠢᠨ ᠵᠢᠱᠢᠭᠰᠡᠨ ᠨᠡᠮᠡᠭᠳᠡᠯ ᠤᠨ | ᠬᠠᠷᠠᠯᠲᠠ ᠶᠢ 5 % ᠣᠷᠴᠢᠮ ᠢᠶᠠᠷ ᠲᠣᠭᠲᠠᠭᠠᠪᠠ᠂ ᠡᠭᠦᠨ ᠢ ᠪᠢᠳᠡ ᠡᠯ᠎ᠡ ᠲᠠᠯ᠎ᠠ ᠶᠢᠨ ᠬᠦᠴᠦᠨ ᠵᠦᠢᠯ ᠢ | ᠶᠡᠷᠦᠩᠬᠡᠶᠢᠯᠡᠨ ᠪᠣᠳᠣᠯᠬᠢᠯᠠᠭᠰᠠᠨ ᠤ ᠲᠠᠷᠠᠭ᠎ᠠ ᠲᠣᠭᠲᠠᠭᠠᠭᠰᠠᠨ ᠶᠤᠮ᠃ ᠬᠡᠯᠡᠯᠭᠡᠨ ᠦᠭᠡᠢ᠂ ᠳᠤᠮᠳᠠᠳᠤ ᠤᠯᠤᠰ ᠤᠨ | ᠠᠵᠤ ᠠᠬᠤᠢ ᠶᠢᠨ ᠶᠡᠷᠦᠩᠬᠡᠢ ᠬᠡᠮᠵᠢᠶ᠎ᠡ ᠨᠢᠭᠡᠨᠲᠡ 120 ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ᠂ ᠰᠠᠭᠤᠷᠢ | ᠲᠤᠭ᠎ᠠ ᠨᠢ ᠮᠠᠰᠢ ᠥᠨᠳᠥᠷ ᠪᠣᠯᠵᠠᠢ᠂ ᠡᠭᠦᠨ ᠤ ᠳᠡᠭᠡᠷ᠎ᠡ ᠡᠨᠡ ᠵᠢᠯ ᠤᠨ ᠰᠢᠨ᠎ᠡ ᠥᠷᠢᠰᠦᠯᠳᠦᠭᠡᠨ ᠪᠠᠭ᠎ᠠ ᠪᠤᠰᠤ | ᠪᠠᠶᠢᠨ᠎ᠠ᠂ 5 % ᠣᠷᠴᠢᠮ ᠤᠨ ᠨᠡᠮᠡᠭᠳᠡᠯ ᠢ ᠪᠡᠶᠡᠯᠡᠭᠦᠯᠬᠦ ᠳᠤ ᠲᠡᠶᠢᠮᠦ ᠠᠮᠠᠷᠬᠠᠨ ᠪᠢᠰᠢ᠂ ᠬᠤᠪᠢ ᠲᠠᠭᠢᠨ | ᠴᠢᠷᠮᠠᠶᠢᠬᠤ ᠴᠢᠬᠤᠯᠠᠲᠠᠢ ᠶᠤᠮ᠃ | ᠬᠤᠯᠪᠣᠭᠳᠠᠯ ᠪᠦᠬᠦᠢ ᠪᠣᠳᠠᠲᠠᠢ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠢᠳᠤᠨᠤᠨ ᠲᠥᠪ ᠤᠨ ᠠᠵᠤ | ᠠᠬᠤᠢ ᠶᠢᠨ ᠠᠵᠢᠯ ᠤᠨ ᠬᠤᠷᠠᠯ ᠠᠴᠠ ᠨᠢᠭᠡᠨᠲᠡ ᠪᠦᠭᠦ ᠲᠠᠯ᠎ᠠ ᠪᠠᠷ ᠪᠠᠶᠢᠷᠢᠯᠠᠭᠤᠯᠵᠠᠢ᠂ ᠡᠭᠦᠨ ᠳᠤ ᠲᠣᠭᠲᠠᠭᠤᠨ | ᠪᠠᠶᠢᠯᠭᠠᠬᠤ ᠶᠢ ᠲᠡᠷᠢᠭᠦᠨ ᠳᠤ ᠲᠠᠯᠪᠢᠬᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠢ ᠪᠠᠷᠢᠮᠲᠠᠯᠠᠵᠤ᠂ | ᠠᠵᠤ ᠠᠬᠤᠢ ᠶᠢᠨ ᠠᠵᠢᠯᠯᠠᠭᠠᠨ ᠤ ᠪᠦᠬᠦᠯᠢ ᠴᠣᠭᠴᠠ ᠶᠢᠨ ᠰᠠᠶᠢᠵᠢᠷᠠᠯᠲᠠ ᠶᠢ ᠠᠬᠢᠭᠤᠯᠬᠤ ᠪᠣᠯ ᠦᠨᠳᠦᠰᠦᠨ | ᠬᠠᠨᠳᠤᠰᠢ ᠪᠣᠯᠣᠨ᠎ᠠ᠃ ᠲᠣᠭᠲᠠᠭᠤᠨ ᠪᠠᠶᠢᠯᠭᠠᠬᠤ ᠶᠢᠨ ᠭᠤᠣᠯᠳᠠᠯᠭ᠎ᠠ ᠨᠢ ᠨᠡᠮᠡᠭᠳᠡᠯ ᠢ ᠲᠣᠭᠲᠠᠭᠤᠨ ᠪᠠᠶᠢᠯᠭᠠᠬᠤ᠂ | ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ᠂ ᠪᠠᠷᠠᠭᠠᠨ ᠤ ᠦᠨ᠎ᠡ ᠶᠢ ᠲᠣᠭᠲᠠᠭᠤᠨ ᠪᠠᠶᠢᠯᠭᠠᠬᠤ ᠶᠠᠪᠤᠳᠠᠯ | ᠪᠤᠯᠤᠨ᠎ᠠ︔ ᠤᠷᠤᠭᠰᠢᠯᠠᠨ ᠲᠠᠪᠰᠢᠬᠤ ᠳᠤ ᠵᠠᠩᠭᠢᠯᠠᠭ᠎ᠠ ᠨᠢ ᠴᠢᠨᠠᠷ ᠰᠠᠶᠢᠲᠠᠢ ᠬᠥᠭᠵᠢᠯᠲᠡ ᠶᠢᠨ ᠲᠠᠯ᠎ᠠ ᠪᠠᠷ ᠰᠢᠨ᠎ᠡ | ᠲᠠᠪᠰᠢᠯᠳᠠ ᠲᠠᠢ ᠪᠤᠯᠬᠤ ᠳᠤ ᠪᠠᠶᠢᠨ᠎ᠠ᠃ ᠪᠣᠳᠠᠲᠠᠢ ᠪᠠᠷ ᠬᠡᠯᠡᠪᠡᠯ᠂ ᠪᠢ ᠣᠨᠴᠠᠭᠠᠶᠢᠯᠠᠨ ᠬᠡᠳᠦᠨ ᠶᠠᠪᠤᠳᠠᠯ ᠢ ᠰᠠᠶᠢᠲᠤᠷ | ᠬᠢᠬᠦ ᠰᠠᠨᠠᠭ᠎ᠠ ᠲᠠᠢ᠂ ᠥᠭᠡᠷ᠎ᠡ ᠪᠠᠷ ᠬᠡᠯᠡᠪᠡᠯ ᠡᠶᠢᠮᠦ ᠬᠡᠳᠦᠨ ᠬᠠᠮ ᠠᠷᠭ᠎ᠠ ᠬᠡᠮᠵᠢᠶ᠎ᠡ ᠶᠢ ᠰᠠᠶᠢᠲᠤᠷ ᠬᠢᠨ᠎ᠡ᠄ ᠨᠢᠭᠡ ᠳᠤ | ᠂ ᠬᠤᠷᠸ᠎ᠠ ᠲᠥᠷᠥ ᠶᠢᠨ ᠪᠣᠳᠣᠯᠭ᠎ᠠ ᠶᠢᠨ ᠬᠠᠮ ᠠᠷᠭ᠎ᠠ ᠬᠡᠮᠵᠢᠶ᠎ᠡ᠂ ᠬᠤᠶᠠᠷ ᠲᠤ᠂ ᠬᠡᠷᠡᠭᠴᠡᠭᠡ ᠶᠢ ᠥᠷᠭᠡᠳᠬᠡᠬᠦ ᠬᠠᠮ | ᠠᠷᠭ᠎ᠠ ᠬᠡᠮᠵᠢᠶ᠎ᠡ᠂ ᠭᠤᠷᠪᠠ ᠳᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠭᠦ ᠬᠠᠮ ᠠᠷᠭ᠎ᠠ ᠬᠡᠮᠵᠢᠶ᠎ᠡ᠂ | ᠳᠥᠷᠪᠡ ᠳᠤ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠬᠠᠮ ᠠᠷᠭ᠎ᠠ ᠬᠡᠮᠵᠢᠶ᠎ᠡ ᠪᠣᠯᠣᠨ᠎ᠠ᠃ ᠡᠳᠡᠭᠡᠷ ᠬᠠᠮ | ᠠᠷᠭ᠎ᠠ ᠬᠡᠮᠵᠢᠶ᠎ᠡ ᠨᠢ ᠴᠥᠮ ᠪᠣᠳᠠᠲᠠᠢ ᠠᠭᠤᠯᠤᠭᠳᠠᠬᠤᠨ ᠲᠠᠢ ᠪᠠᠶᠢᠵᠤ᠂ ᠵᠠᠷᠢᠮ ᠢ ᠨᠢ ᠪᠠᠰᠠ ᠦᠢᠯᠡᠳᠦᠯᠭᠡ ᠶᠢᠨ | ᠬᠡᠷᠡᠭᠴᠡᠭᠡ ᠶᠢ ᠦᠨᠳᠦᠰᠦᠯᠡᠨ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠲᠣᠬᠢᠷᠠᠭᠤᠯᠤᠨ ᠲᠡᠭᠦᠯᠳᠡᠷᠵᠢᠭᠦᠯᠦᠨ᠎ᠡ᠃ | ᠰᠠᠶ᠋ᠢᠬᠠᠨ ᠡᠨᠡ ᠰᠤᠷᠪᠤᠯᠵᠢᠯᠠᠬᠴᠢ ᠨᠠᠶᠢᠵᠠ ᠠᠰᠢᠭᠲᠠᠢ ᠪᠠ ᠠᠰᠢᠭ ᠦᠭᠡᠢ ᠬᠦᠴᠦᠨ ᠵᠦᠢᠯ ᠤᠨ | ᠠᠰᠠᠭᠤᠳᠠᠯ ᠢ ᠠᠰᠠᠭᠤᠵᠠᠢ᠃ ᠳᠤᠮᠳᠠᠳᠤ ᠤᠯᠤᠰ ᠤᠨ ᠬᠥᠭᠵᠢᠯᠲᠡ ᠳᠤ ᠦᠨᠡᠬᠡᠷ ᠮᠠᠰᠢ ᠤᠯᠠᠨ ᠳᠠᠪᠠᠭᠤᠯᠢᠭ | ᠨᠥᠬᠦᠴᠡᠯ ᠪᠤᠢ᠂ ᠵᠢᠱᠢᠶᠡᠯᠡᠪᠡᠯ᠂ ᠵᠠᠬ᠎ᠠ ᠳᠡᠯᠭᠡᠭᠦᠷ ᠤᠨ ᠬᠡᠪᠴᠢᠶ᠎ᠡ ᠯᠤᠲᠤ ᠶᠡᠭᠡ᠂ ᠠᠵᠤ ᠦᠢᠯᠡᠰ ᠤᠨ ᠰᠢᠰᠲ᠋ᠧᠮ | ᠪᠦᠷᠢᠨ ᠲᠡᠭᠦᠯᠳᠡᠷ᠂ ᠬᠥᠮᠥᠨ ᠤ ᠬᠦᠴᠦᠨ ᠤ ᠡᠬᠢ ᠪᠠᠶᠠᠯᠢᠭ ᠡᠯᠪᠡᠭ᠂ ᠬᠥᠭᠵᠢᠯᠲᠡ ᠶᠢᠨ ᠰᠠᠭᠤᠷᠢ ᠵᠤᠵᠠᠭᠠᠨ ᠵᠡᠷᠭᠡ | ᠪᠤᠢ᠂ ᠨᠡᠩ ᠴᠢᠬᠤᠯᠠ ᠨᠢ ᠪᠠᠶᠢᠭᠤᠯᠤᠯ ᠤᠨ ᠳᠠᠪᠠᠭᠤᠯᠢᠭ ᠢᠯᠡᠳᠲᠡ ᠪᠠᠶᠢᠬᠤ ᠶᠠᠪᠤᠳᠠᠯ ᠪᠣᠯᠣᠨ᠎ᠠ᠃ ᠬᠦᠴᠢᠷ | ᠪᠡᠷᠬᠡᠰᠢᠶᠡᠯ ᠤᠨ ᠲᠤᠬᠠᠢ ᠭᠡᠪᠡᠯ ᠤᠯᠠᠨ ᠢᠶᠠᠷ ᠢᠶᠠᠨ ᠪᠦᠷ ᠬᠦᠴᠢᠷ ᠪᠡᠷᠬᠡᠰᠢᠶᠡᠯ ᠲᠠᠢ᠂ ᠡᠨᠡ ᠵᠢᠯ ᠴᠦ ᠪᠢᠳᠠᠨ ᠳᠤ | ᠬᠦᠴᠢᠷ ᠪᠡᠷᠬᠡᠰᠢᠶᠡᠯ ᠪᠠᠭ᠎ᠠ ᠦᠭᠡᠢ ᠲᠤᠯᠭᠠᠷᠠᠬᠤ ᠶᠤᠮ᠂ ᠭᠡᠪᠡᠴᠦ ᠠᠯᠢ ᠴᠠᠭ ᠦᠶ᠎ᠡ᠂ ᠠᠯᠢ ᠵᠢᠯ ᠳᠤᠨᠢ ᠬᠦᠴᠢᠷ | ᠪᠡᠷᠬᠡᠰᠢᠶᠡᠯ ᠦᠭᠡᠢ ᠪᠤᠢ︖ ᠪᠢᠳᠠ ᠶᠡᠷᠦ ᠠᠴᠠ ᠬᠦᠴᠢᠷ ᠪᠡᠷᠬᠡᠰᠢᠶᠡᠯ ᠢ ᠢᠯᠡᠠ ᠳᠠᠪᠠᠭ᠋ᠤ ᠶᠢᠨ ᠳᠤᠮᠳᠠ ᠰᠢᠨ᠎ᠡ | ᠬᠥᠭᠵᠢᠯᠲᠡ ᠶᠢ ᠲᠡᠰᠦᠷᠡᠯᠳᠠ ᠦᠭᠡᠢ ᠪᠡᠶᠡᠯᠡᠭᠦᠯᠵᠦ ᠢᠷᠡᠭᠰᠡᠨ ᠶᠤᠮ᠃ ᠮᠠᠨ ᠤ ᠡᠨᠡ ᠦᠶ᠎ᠡ ᠶᠢᠨ ᠳᠤᠮᠳᠠᠳᠤᠴᠤᠳ | ᠬᠠᠷᠠᠬᠠᠨ ᠪᠠᠭ᠎ᠠ ᠠᠴᠠ ᠪᠠᠨ ᠬᠠᠮᠤᠭ ᠤᠯᠠᠨ ᠰᠣᠨᠣᠰᠤᠭᠰᠠᠨ ᠦᠯᠢᠭᠡᠷ ᠪᠣᠯ ᠳᠠᠷᠤᠢ ᠳ᠋ᠠ ᠢᠦᠢ ᠤᠰᠤ ᠵᠠᠰᠠᠭᠰᠠᠨ᠂ | ᠲᠡᠨᠡᠭ ᠡᠪᠦᠭᠡᠨ ᠠᠭᠤᠯᠠ ᠶᠢ ᠨᠡᠭᠦᠯᠭᠡᠭᠰᠡᠨ᠂ ᠵᠢᠩ ᠸᠧᠢ ᠳᠠᠯᠠᠢ ᠶᠢ ᠪᠥᠭᠯᠡᠭᠰᠡᠨ᠂ ᠲᠡᠨᠡᠭ ᠡᠪᠦᠭᠡᠨ ᠨᠠᠷᠠ ᠶᠢ | ᠬᠥᠭᠡᠭᠡᠭᠰᠡᠨ ᠵᠡᠷᠭᠡ ᠪᠣᠯᠣᠨ᠎ᠠ᠂ ᠪᠦᠷ ᠯᠡ ᠮᠠᠰᠢ ᠶᠡᠭᠡ ᠤᠷᠮᠠᠰᠢᠭᠤᠯᠤᠨ ᠵᠣᠷᠢᠭᠵᠢᠭᠤᠯᠵᠤ᠂ ᠴᠥᠮ ᠬᠦᠴᠢᠷ | ᠪᠡᠷᠬᠡᠰᠢᠶᠡᠯ ᠠᠴᠠ ᠠᠶᠤᠬᠤ ᠦᠭᠡᠢ᠂ ᠠᠶᠤᠯ ᠲᠦᠭᠰᠢᠭᠦᠷᠢ ᠠᠴᠠ ᠠᠶᠤᠬᠤ ᠦᠭᠡᠢ᠂ ᠵᠣᠷᠢᠭᠲᠠᠢ ᠲᠡᠮᠡᠴᠡᠵᠦ᠂ | ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ ᠵᠣᠷᠢᠭ ᠰᠠᠨᠠᠭ᠎ᠠ ᠶᠢ ᠶᠠᠷᠢᠭᠰᠠᠨ ᠶᠤᠮ᠂ ᠮᠠᠨ ᠤ ᠳᠤᠮᠳᠠᠳᠤᠴᠤᠳ ᠶᠠᠮᠠᠷ | ᠴᠤ ᠬᠦᠴᠢᠷ ᠪᠡᠷᠬᠡᠰᠢᠶᠡᠯ ᠳᠤ ᠳᠠᠷᠤᠭᠳᠠᠬᠤ ᠦᠭᠡᠢ ᠶᠤᠮ᠃ | ᠣᠶᠢᠷ᠎ᠠ ᠶᠢᠨ ᠬᠤᠶᠠᠷ ᠰᠠᠷ᠎ᠠ ᠭᠠᠷᠤᠢ ᠶᠢᠨ ᠪᠠᠶᠢᠳᠠᠯ ᠠᠴᠠ ᠦᠵᠡᠪᠡᠯ᠂ ᠮᠠᠨ ᠤ ᠤᠯᠤᠰ ᠤᠨ ᠠᠵᠤ | ᠠᠬᠤᠢ ᠶᠢᠨ ᠠᠵᠢᠯᠯᠠᠭᠠᠨ ᠳᠤ ᠲᠣᠭᠲᠠᠪᠤᠷᠢᠵᠢᠨ ᠳᠡᠭᠡᠭᠰᠢᠯᠡᠬᠦ ᠪᠠᠶᠢᠳᠠᠯ ᠭᠠᠷᠴᠤ᠂ ᠵᠠᠷᠢᠮ ᠣᠯᠠᠨ ᠤᠯᠤᠰ ᠤᠨ | ᠵᠣᠬᠢᠶᠠᠨ ᠪᠠᠶᠢᠭᠤᠯᠤᠯᠲᠠ ᠴᠤ ᠡᠨᠡ ᠵᠢᠯ ᠤᠨ ᠳᠤᠮᠳᠠᠳᠤ ᠤᠯᠤᠰ ᠤᠨ ᠠᠵᠤ ᠠᠬᠤᠢ ᠶᠢᠨ ᠨᠡᠮᠡᠭᠳᠡᠯ ᠤᠨ | ᠬᠤᠷᠳᠤᠴᠠ ᠶᠢᠨ ᠲᠤᠬᠠᠢ ᠵᠢᠱᠢᠯᠲᠡ ᠪᠠᠨ ᠳᠡᠭᠡᠭᠰᠢᠯᠡᠭᠦᠯᠦᠭᠰᠡᠨ ᠪᠠᠶᠢᠨ᠎ᠠ᠃ ᠳᠤᠮᠳᠠᠳᠤ ᠤᠯᠤᠰ ᠤᠨ ᠠᠵᠤ | ᠠᠬᠤᠢ ᠶᠢᠨ ᠢᠷᠡᠭᠡᠳᠦᠢ ᠶᠢᠨ ᠲᠤᠬᠠᠢ ᠪᠢ ︽ᠰᠠᠯᠬᠢᠨ ᠬᠦᠯᠦᠭᠯᠡᠨ ᠳᠠᠪᠠᠯᠭᠠᠨ ᠢ ᠵᠦᠰᠦᠵᠦ᠂ ᠰᠠᠷᠠᠭᠤᠯ | ᠢᠷᠡᠭᠡᠳᠦᠢ ᠲᠠᠢ︾ ᠭᠡᠵᠦ ᠬᠡᠳᠦᠬᠡᠨ ᠦᠭᠡ ᠪᠠᠷ ᠬᠤᠷᠢᠶᠠᠩᠭᠤᠶᠢᠯᠠᠶ᠎ᠠ᠃ ᠡᠭᠦᠨ ᠳᠤ ᠪᠢ ᠢᠲᠡᠭᠡᠯ ᠳᠦᠭᠦᠷᠡᠩ | ᠪᠠᠶᠢᠨ᠎ᠠ᠃ | ᠰᠢᠶᠠᠩᠭᠠᠩ ᠤᠨ ᠹᠧᠩ ᠬᠤᠸᠠᠩ ᠣᠳᠣᠨ ᠲᠧᠯᠸᠢᠰ᠂ ᠹᠧᠩ ᠬᠤᠸᠠᠩ ᠰᠦᠯᠵᠢᠶ᠎ᠡ ᠶᠢᠨ ᠰᠤᠷᠪᠤᠯᠵᠢᠯᠠᠬᠴᠢ᠄ | ᠡᠨᠡ ᠬᠡᠳᠦᠨ ᠵᠢᠯ᠂ ᠰᠢᠶᠠᠩᠭᠠᠩ ᠰᠠᠮᠠᠭᠤᠷᠠᠯ ᠠᠴᠠ ᠵᠠᠰᠠᠯᠲᠠ ᠳᠤ ᠰᠢᠯᠵᠢᠭᠦ ᠦᠨᠳᠦᠰᠦᠨ ᠴᠢᠨᠠᠷᠲᠠᠢ ᠡᠷᠭᠢᠯᠲᠡ ᠶᠢ | ᠪᠡᠶᠡᠯᠡᠭᠦᠯᠪᠡ᠃ ᠰᠢᠶᠠᠩᠭᠠᠩ ᠲᠣᠭᠲᠠᠭᠤᠨ ᠪᠣᠯᠣᠯ᠎ᠠ᠂ ᠬᠥᠭᠵᠢᠯᠲᠡ ᠶᠢᠨ ᠠᠰᠠᠭᠤᠳᠠᠯ ᠪᠠᠰᠠ ᠨᠢᠳᠦᠨ ᠡᠮᠦᠨ᠎ᠡ | ᠳᠡᠯᠭᠡᠭᠳᠡᠯ᠎ᠡ᠃ ᠳᠡᠯᠡᠬᠡᠢ ᠶᠢᠨ ᠤᠯᠤᠰ ᠲᠦᠷᠤ ᠠᠵᠤ ᠠᠬᠤᠢ ᠶᠢᠨ ᠪᠠᠶᠢᠳᠠᠯ ᠪᠣᠯᠣᠨ ᠣᠷᠴᠢᠨ ᠨᠥᠬᠦᠴᠡᠯ ᠤᠨ | ᠬᠤᠪᠢᠷᠠᠯᠲᠠ ᠶᠢ ᠳᠠᠭᠠᠯᠳᠤᠨ ᠤᠳᠦ ᠶᠢᠨ ᠰᠢᠶᠠᠩᠭᠠᠩ ᠣᠣᠮᠧᠨ ᠤ ᠥᠷᠢᠰᠦᠯᠳᠦᠬᠦ ᠬᠦᠴᠦᠨ ᠰᠤᠯᠠᠷᠠᠵᠠᠢ ᠭᠡᠵᠦ | ᠵᠠᠷᠢᠮ ᠰᠢᠭᠦᠮᠵᠢ ᠳᠤ ᠭᠠᠷᠴᠤ ᠪᠠᠶᠢᠨ᠎ᠠ᠃ ᠲᠡᠭᠡᠪᠡᠯ᠂ ᠲᠠ ᠰᠢᠶᠠᠩᠭᠠᠩ ᠣᠣᠮᠧᠨ ᠤ ᠢᠷᠡᠭᠡᠳᠦᠢ ᠶᠢᠨ | ᠬᠥᠭᠵᠢᠯᠲᠡ ᠶᠢᠨ ᠢᠷᠡᠭᠡᠳᠦᠢ ᠶᠢ ᠬᠡᠷᠬᠢᠨ ᠦᠵᠡᠵᠦ ᠪᠠᠶᠢᠬᠤ ᠪᠤᠶ︖ ᠲᠥᠪ ᠤᠨ ᠵᠠᠰᠠᠭ ᠤᠨ ᠣᠷᠳᠣᠨ | ᠲᠠᠷᠠᠭᠠᠴᠢ ᠶᠢᠨ ᠠᠯᠬᠤᠮ ᠳᠤ ᠪᠠᠰᠠ ᠶᠠᠮᠠᠷ ᠶᠠᠮᠠᠷ ᠠᠷᠭ᠎ᠠ ᠬᠡᠮᠵᠢᠶ᠎ᠡ ᠪᠠᠷ ᠰᠢᠶᠠᠩᠭᠠᠩ ᠣᠣᠮᠧᠨ ᠤ ᠥᠪᠡᠷ ᠤᠨ | ᠳᠠᠪᠠᠭᠤᠯᠢᠭ ᠪᠣᠯᠣᠨ ᠣᠨᠴᠠᠯᠢᠭ ᠢᠶᠠᠨ ᠪᠠᠳᠠᠷᠠᠭᠤᠯᠬᠤ ᠶᠢ ᠳᠡᠮᠵᠢᠵᠦ᠂ ᠨᠠᠩ ᠰᠠᠶᠢᠨ ᠬᠥᠭᠵᠢᠯᠲᠡ ᠶᠢ ᠪᠡᠶᠡᠯᠡᠭᠦᠯᠬᠦ ᠪᠤᠶ︖ | | ᠯᠢ ᠴᠢᠶᠠᠩ᠄ ᠲᠥᠪ ᠤᠨ ᠵᠠᠰᠠᠭ ᠤᠨ ᠣᠷᠳᠣᠨ ᠰᠢᠶᠠᠩᠭᠠᠩ᠂ ᠣᠣᠮᠧᠨ ᠤ ᠳᠠᠪᠠᠭᠤᠯᠢᠭ ᠪᠠ ᠣᠨᠴᠠᠯᠢᠭ ᠢ | ᠪᠠᠳᠠᠷᠠᠭᠤᠯᠬᠤ ᠶᠢ ᠢᠮᠠᠭᠲᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠭᠰᠠᠭᠠᠷ ᠢᠷᠡᠪᠡ᠃ ᠡᠬᠡ ᠤᠯᠤᠰ ᠲᠠᠭᠠᠨ ᠪᠤᠴᠠᠵᠤ | ᠢᠷᠡᠭᠰᠡᠨ ᠠᠴᠠ ᠨᠠᠭᠠᠰᠢ᠂ ᠤᠯᠤᠰ ᠤᠨ ᠳᠡᠮᠵᠢᠯᠭᠡ ᠳᠣᠣᠷ᠎ᠠ᠂ ᠰᠢᠶᠠᠩᠭᠠᠩ ᠤᠨ ᠤᠯᠠᠨ ᠤᠯᠤᠰ ᠤᠨ ᠮᠥᠩᠭᠦᠨ | ᠭᠦᠢᠯᠭᠡᠭᠡ᠂ ᠤᠰᠤᠨ ᠵᠠᠮ ᠤᠨ ᠲᠡᠭᠡᠭᠡᠪᠦᠷᠢ᠂ ᠠᠷᠠᠯᠵᠢᠶ᠎ᠠ ᠶᠢᠨ ᠭᠤᠷᠪᠠᠨ ᠶᠡᠭᠡ ᠲᠥᠪ ᠪᠤᠯᠬᠤ ᠪᠠᠶᠢᠷᠢ ᠰᠠᠭᠤᠷᠢ ᠨᠢ | ᠪᠠᠬᠢᠵᠢᠨ ᠳᠡᠭᠡᠭᠰᠢᠯᠡᠵᠦ᠂ ᠣᠣᠮᠧᠨ ᠨᠢ ᠵᠢᠭᠤᠯᠴᠢᠯᠠᠯ ᠰᠡᠯᠡᠭᠦᠴᠡᠯ ᠤᠨ ᠲᠥᠪ ᠪᠣᠯᠤᠭᠰᠠᠨ ᠤ ᠬᠤᠪᠢ ᠳᠤ ᠳᠡᠯᠡᠬᠡᠢ ᠳᠤ | ᠨᠡᠷ᠎ᠡ ᠠᠯᠳᠠᠷᠰᠢᠭᠰᠠᠨ ᠶᠤᠮ᠃ | ᠣᠶᠢᠷ᠎ᠠ ᠶᠢᠨ ᠵᠢᠯ ᠤᠳ ᠲᠤ ᠡᠯ᠎ᠡ ᠵᠦᠢᠯ ᠤᠨ ᠬᠦᠴᠦᠨ ᠵᠦᠢᠯ ᠤᠨ ᠨᠥᠯᠥᠭᠡ ᠠᠴᠠ ᠪᠣᠯᠵᠤ ᠰᠢᠶᠠᠩᠭᠠᠩ᠂ | ᠣᠣᠮᠧᠨ ᠤ ᠠᠵᠤ ᠠᠬᠤᠢ ᠶᠢᠨ ᠬᠥᠭᠵᠢᠯᠲᠡ ᠡᠳᠦᠢ ᠲᠡᠳᠦᠢ ᠬᠦᠴᠢᠷᠳᠡᠯ ᠳᠤ ᠲᠤᠯᠭᠠᠷᠠᠭᠰᠠᠨ ᠪᠤᠯᠪᠠᠴᠤ ᠡᠨᠡ ᠪᠣᠯ | ᠲᠦᠷ ᠴᠠᠭ ᠤᠨ ᠬᠦᠴᠢᠷᠳᠡᠯ᠂ ᠬᠥᠭᠵᠢᠯᠲᠡ ᠶᠢᠨ ᠳᠤᠮᠳᠠᠬᠢ ᠬᠦᠴᠢᠷᠳᠡᠯ ᠮᠥᠨ᠃ ᠲᠥᠪ ᠤᠨ ᠵᠠᠰᠠᠭ ᠤᠨ ᠣᠷᠳᠣᠨ | ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠴᠢᠭᠯᠡᠯᠲᠡ ᠶᠢ ᠪᠦᠭᠦ ᠲᠠᠯ᠎ᠠ ᠪᠠᠷ ᠵᠥᠪ ᠣᠨᠣᠪᠴᠢᠲᠠᠢ | ᠂ ᠡᠷᠡᠰ ᠭᠤᠶᠢᠪᠢᠰᠢ ᠦᠭᠡᠢ ᠲᠤᠭᠤᠰᠢᠯᠠᠭᠤᠯᠵᠤ᠂ ᠰᠢᠶᠠᠩᠭᠠᠩ᠂ ᠣᠣᠮᠧᠨ ᠤ ᠤᠯᠤᠰ ᠤᠨ ᠬᠥᠭᠵᠢᠯᠲᠡ ᠶᠢᠨ ᠶᠡᠭᠡ | ᠲᠠᠯ᠎ᠠ ᠳᠤ ᠠᠭᠤᠰᠤᠯᠴᠠᠬᠤ ᠶᠢ ᠪᠦᠭᠦ ᠬᠦᠴᠦ ᠪᠠᠷ ᠢᠶᠠᠨ ᠳᠡᠮᠵᠢᠵᠦ᠂ ᠰᠢᠶᠠᠩᠭᠠᠩ᠂ ᠣᠣᠮᠧᠨ ᠤ ᠠᠵᠤ ᠠᠬᠤᠢ ᠪᠠᠨ | ᠬᠥᠭᠵᠢᠭᠦᠯᠬᠦ᠂ ᠠᠷᠠᠳ ᠤᠨ ᠠᠮᠢᠳᠤᠷᠠᠯ ᠢᠶᠠᠨ ᠰᠠᠶᠢᠵᠢᠷᠠᠭᠤᠯᠬᠤ ᠶᠢ ᠪᠦᠭᠦ ᠬᠦᠴᠦ ᠪᠠᠷ ᠢᠶᠠᠨ ᠳᠡᠮᠵᠢᠵᠦ᠂ ᠰᠢᠶᠠᠩᠭᠠᠩ | ᠂ ᠣᠣᠮᠧᠨ ᠤ ᠳᠡᠯᠡᠬᠡᠢ ᠳᠡᠭᠡᠷᠡᠬᠢ ᠥᠷᠢᠰᠦᠯᠳᠦᠬᠦ ᠬᠦᠴᠦᠨ ᠢᠶᠠᠨ ᠳᠡᠭᠡᠭᠰᠢᠯᠡᠭᠦᠯᠭᠦ ᠶᠢ ᠪᠦᠭᠦ ᠬᠦᠴᠦ ᠪᠠᠷ ᠢᠶᠠᠨ | ᠳᠡᠮᠵᠢᠨ᠎ᠡ᠃ ᠡᠬᠡ ᠤᠯᠤᠰ ᠤᠨ ᠪᠠᠲᠤ ᠴᠢᠩᠭ᠎ᠠ ᠥᠮᠥᠭ ᠲᠦᠰᠢᠭ ᠲᠠᠢ᠂ ︽ᠨᠢᠭᠡ ᠤᠯᠤᠰ ᠲᠤ ᠬᠤᠶᠠᠷ | ᠪᠠᠶᠢᠭᠤᠯᠤᠯ ᠢ ᠬᠡᠷᠡᠭᠵᠢᠭᠦᠯᠬᠦ︾ ᠪᠠᠶᠢᠭᠤᠯᠤᠯ ᠤᠨ ᠪᠠᠲᠤᠯᠠᠭ᠎ᠠ ᠲᠠᠢ ᠠᠴᠠ ᠰᠢᠶᠠᠩᠭᠠᠩ᠂ ᠣᠣᠮᠧᠨ ᠤ ᠪᠠᠶᠢᠷᠢ ᠰᠠᠭᠤᠷᠢ | ᠪᠠ ᠦᠢᠯᠡᠳᠦᠯ ᠴᠢᠩᠭᠠᠷᠠᠬᠤ ᠠᠴᠠ ᠪᠢᠰᠢ ᠰᠤᠯᠠᠷᠠᠬᠤ ᠦᠭᠡᠢ ᠶᠤᠮ᠃ ᠰᠢᠶᠠᠩᠭᠠᠩ᠂ ᠣᠣᠮᠧᠨ ᠤ ᠮᠠᠷᠭᠠᠰᠢ ᠯᠠᠪᠲᠠᠢ | ᠨᠡᠩ ᠰᠠᠶᠢᠨ ᠰᠠᠶᠢᠬᠠᠨ ᠪᠤᠯᠬᠤ ᠶᠤᠮ︕ | ᠰᠢᠩᠭᠠᠫᠤᠷ ᠤᠨ ᠬᠤᠯᠪᠣᠭᠠᠲᠤ ᠥᠷᠯᠥᠭᠡ ᠶᠢᠨ ᠰᠣᠨᠢᠨ ᠤ ᠰᠤᠷᠪᠤᠯᠵᠢᠯᠠᠬᠴᠢ᠄ ᠲᠠ ᠥᠩᠭᠡᠷᠡᠭᠰᠡᠨ ᠳᠤ | ᠸᠧᠨᠵᠸᠤ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠠᠶᠢᠪᠠ᠂ ᠸᠧᠨᠵᠸᠤ ᠬᠤᠳᠠ ᠵᠢᠴᠢ ᠲᠠᠨ ᠤ ᠲᠤᠰᠢᠶᠠᠯ | ᠬᠠᠷᠢᠭᠤᠴᠠᠵᠤ ᠪᠠᠶᠢᠭᠰᠠᠨ ᠵᠧᠵᠢᠶᠠᠩ᠂ ᠵᠢᠶᠠᠩᠰᠤ ᠵᠢᠴᠢ ᠱᠠᠩᠬᠠᠢ ᠨᠢ ᠪᠦᠷ ᠳᠤᠮᠳᠠᠳᠤ ᠤᠯᠤᠰ ᠤᠨ ᠠᠷᠠᠳ ᠤᠨ | ᠡᠵᠡᠩᠨᠡᠯᠲᠡ ᠶᠢᠨ ᠠᠵᠤ ᠠᠬᠤᠢ ᠮᠠᠰᠢ ᠬᠥᠭᠵᠢᠭᠰᠡᠨ ᠭᠠᠵᠠᠷ ᠪᠣᠯᠣᠨ᠎ᠠ᠂ ᠲᠠ ᠠᠷᠠᠳ ᠤᠨ ᠡᠵᠡᠩᠨᠡᠯᠲᠡ ᠶᠢᠨ ᠠᠵᠤ | ᠠᠬᠤᠢ ᠶᠢᠨ ᠲᠤᠬᠠᠢ ᠮᠠᠰᠢ ᠭᠦᠨᠵᠡᠭᠡᠢ ᠣᠶᠢᠯᠠᠭᠠᠯᠲᠠ ᠲᠠᠢ ᠪᠠᠶᠢᠳᠠᠭ᠃ ᠲᠠᠨ ᠤ ᠦᠵᠡᠬᠦ ᠪᠠᠷ ᠳᠤᠮᠳᠠᠳᠤ ᠤᠯᠤᠰ | ᠪᠠᠰᠠ ᠶᠠᠮᠠᠷ ᠠᠷᠭ᠎ᠠ ᠬᠡᠮᠵᠢᠶ᠎ᠡ ᠠᠪᠴᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠢᠲᠡᠭᠡᠯ ᠵᠣᠷᠢᠭ ᠢ | ᠬᠥᠪᠴᠢᠯᠡᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠭᠦ ᠪᠤᠶ︖ ᠪᠠᠰᠠ ᠠᠯᠢ | ᠠᠯᠢ ᠲᠠᠯ᠎ᠠ ᠪᠠᠷ ᠬᠢᠭᠰᠡᠨ ᠨᠢ ᠭᠦᠢᠴᠡᠳ ᠦᠭᠡᠢ ᠪᠤᠢ᠂ ᠨᠥᠬᠦᠪᠦᠷᠢᠯᠡᠬᠦ ᠴᠢᠬᠤᠯᠠ ᠲᠠᠢ ᠪᠤᠢ︖ | ᠯᠢ ᠴᠢᠶᠠᠩ᠄ ᠲᠤᠰ ᠤᠳᠠᠭ᠎ᠠ ᠶᠢᠨ ᠬᠤᠶᠠᠷ ᠬᠤᠷᠠᠯ ᠤᠨ ᠬᠤᠭᠤᠴᠠᠭᠠᠨ ᠳᠤ᠂ ᠶᠡᠷᠦᠩᠬᠡᠢ ᠱᠦᠵᠢ ᠰᠢ ᠶᠢᠨ | ᠫᠢᠩ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠢ ᠡᠷᠭᠢᠨ ᠦᠵᠡᠬᠦ ᠳᠡᠭᠡᠨ᠂ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢᠨ ᠡᠷᠡᠭᠦᠯ ᠢᠶᠠᠷ ᠭᠦᠭᠵᠢᠭᠦ᠂ ᠴᠢᠨᠠᠷ ᠰᠠᠶᠢᠲᠠᠢ ᠭᠦᠭᠵᠢᠭᠦ ᠲᠤᠬᠠᠢ ᠭᠦᠨᠵᠡᠭᠡᠢ | ᠲᠣᠳᠣᠷᠬᠠᠶᠢᠯᠠᠨ ᠥᠭᠦᠯᠡᠵᠦ᠂ ᠬᠠᠯᠠᠭᠤᠨ ᠲᠤᠰᠬᠠᠯ ᠭᠠᠷᠪᠠ᠃ ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯᠲᠠᠨ ᠲᠤᠶᠢᠯ ᠢᠶᠠᠷ ᠤᠷᠮᠠᠰᠢᠨ ᠵᠣᠷᠢᠭᠵᠢᠵᠤ᠂ ᠬᠥᠭᠰᠡᠨ ᠲᠤᠬᠳᠤᠯᠤᠬᠰᠠᠨ ᠢ ᠲᠠ ᠪᠦᠭᠦᠳᠡᠭᠡᠷ ᠯᠠᠪ ᠣᠯᠵᠤ | ᠠᠩᠬᠠᠷᠤᠭᠰᠠᠨ ᠪᠠᠶᠢᠬᠤ ᠠ᠋᠃ | ᠪᠢ ᠠᠷᠠᠳ ᠤᠨ ᠡᠵᠡᠩᠨᠡᠯᠲᠡ ᠶᠢᠨ ᠠᠵᠤ ᠠᠬᠤᠢ ᠨᠡᠯᠢᠶᠡᠳ ᠬᠥᠭᠵᠢᠭᠰᠡᠨ ᠭᠠᠵᠠᠷ ᠣᠷᠣᠨ ᠳᠤ ᠤᠷᠳᠤ | ᠬᠤᠭᠤᠴᠠᠭ᠎ᠠ ᠪᠠᠷ ᠠᠵᠢᠯᠯᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠲᠠᠢ ᠰᠠᠨᠠᠯ ᠢᠶᠠᠨ ᠰᠣᠯᠢᠯᠴᠠᠬᠤ | ᠲᠣᠭᠢᠶᠠᠯ ᠦᠷᠭᠦᠯᠵᠢ ᠭᠠᠷᠳᠠᠭ᠂ ᠲᠡᠳᠡᠨ ᠤ ᠬᠥᠭᠵᠢᠯᠲᠡ ᠶᠢᠨ ᠶᠠᠪᠤᠴᠠ ᠳᠠᠬᠢ ᠬᠦᠰᠡᠯ ᠡᠷᠡᠮᠡᠯᠵᠡᠯ ᠪᠣᠯᠣᠨ | ᠡᠷᠡᠭᠡᠯᠵᠡᠯ ᠢ ᠨᠡᠯᠢᠶᠡᠳ ᠣᠶᠢᠯᠠᠭᠠᠯ᠎ᠠ᠃ ᠠᠳᠡ ᠪᠢ ᠭᠤᠣᠯᠳᠠᠭᠤ ᠡᠶᠢᠮᠦ ᠬᠡᠳᠦᠨ ᠳᠠᠪᠬᠤᠷᠭ᠎ᠠ ᠶᠢᠨ ᠤᠳᠬ᠎ᠠ | ᠰᠠᠨᠠᠭ᠎ᠠ ᠶᠢ ᠢᠯᠡᠳᠬᠡᠶ᠎ᠡ᠄ | ᠨᠢᠭᠡᠳᠦᠭᠡᠷ ᠲᠤ᠂ ︽ᠬᠤᠶᠠᠷ ᠡᠷᠡᠰ ᠭᠤᠶᠢᠪᠢᠰᠢ ᠦᠭᠡᠢ ᠪᠠᠶᠢᠬᠤ︾ ᠪᠣᠯ ᠮᠠᠨ ᠤ ᠤᠯᠤᠰ ᠤᠨ ᠠᠵᠤ | ᠠᠬᠤᠢ ᠶᠢᠨ ᠦᠨᠳᠦᠰᠦᠨ ᠪᠠᠶᠢᠭᠤᠯᠤᠯ ᠤᠨ ᠴᠢᠬᠤᠯᠠ ᠠᠭᠤᠯᠭ᠎ᠠ᠂ ᠤᠷᠳᠤ ᠬᠤᠭᠤᠴᠠᠭᠠᠨ ᠤ ᠠᠷᠭ᠎ᠠ ᠪᠣᠳᠣᠯᠭ᠎ᠠ | ᠮᠥᠨ᠂ ᠥᠩᠭᠡᠷᠡᠭᠰᠡᠨ ᠳᠤ ᠬᠤᠪᠢᠷᠠᠭᠰᠠᠨ ᠦᠭᠡᠢ᠂ ᠬᠤᠶᠢᠰᠢᠳᠠ ᠨᠡᠩ ᠴᠤ ᠬᠤᠪᠢᠷᠠᠬᠤ ᠦᠭᠡᠢ ᠶᠤᠮ᠃ ᠦᠨᠡᠬᠡᠷ᠂ | ᠨᠢᠳᠤᠨᠤᠨ ᠨᠢᠭᠡ ᠬᠡᠰᠡᠭ ᠬᠤᠭᠤᠴᠠᠭᠠᠨ ᠳᠤ᠂ ᠨᠡᠶᠢᠭᠡᠮ ᠳᠡᠭᠡᠷ᠎ᠡ ᠵᠠᠷᠢᠮ ᠵᠥᠪ ᠪᠤᠰᠤ ᠶᠠᠷᠢᠶ᠎ᠠ ᠬᠡᠯᠡᠯᠴᠡᠭᠡ ᠭᠠᠷᠴᠤ᠂ | ᠵᠠᠷᠢᠮ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠢ ᠰᠠᠨᠠᠭᠠᠰᠢᠷᠠᠭᠤᠯᠵᠤ ᠪᠠᠶᠢᠪᠠ᠃ ᠦᠨᠡᠨ ᠳᠡᠭᠡᠨ | ᠠᠷᠠᠳ ᠤᠨ ᠡᠵᠡᠩᠨᠡᠯᠲᠡ ᠶᠢᠨ ᠠᠵᠤ ᠠᠬᠤᠢ ᠶᠢ ᠬᠥᠭᠵᠢᠭᠦᠯᠬᠦ ᠠᠰᠠᠭᠤᠳᠠᠯ ᠳᠡᠭᠡᠷ᠎ᠡ᠂ ᠨᠠᠮ ᠤᠨ ᠲᠥᠪ ᠬᠤᠷᠢᠶ᠎ᠠ ᠶᠢᠨ | ᠴᠢᠭᠯᠡᠯᠲᠡ ᠲᠥᠷᠥ ᠶᠢᠨ ᠪᠣᠳᠣᠯᠭ᠎ᠠ ᠶᠡᠷᠦ ᠨᠢ ᠮᠠᠰᠢ ᠲᠣᠳᠣᠷᠬᠠᠢ ᠶᠤᠮ᠃ ᠨᠠᠮ ᠤᠨ ᠠᠷᠪᠠ ᠶᠢᠰᠦᠳᠦᠭᠡᠷ ᠶᠡᠭᠡ | ᠬᠤᠷᠠᠯ᠂ ᠬᠤᠷᠢᠳᠤᠭᠠᠷ ᠶᠡᠭᠡ ᠬᠤᠷᠠᠯ ᠪᠣᠯᠣᠨ ᠨᠢᠳᠤᠨᠤᠨ ᠤ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ | ᠴᠥᠮ ᠴᠢᠬᠤᠯᠠᠴᠢᠯᠠᠭᠰᠠᠨ ᠪᠠᠶᠢᠨ᠎ᠠ᠃ ᠡᠭᠦᠨ ᠳᠤ ᠪᠢᠳᠡ ᠲᠤᠭ ᠲᠡᠮᠳᠡᠭ ᠲᠣᠳᠣᠷᠬᠠᠢ᠂ ᠡᠷᠡᠰ ᠭᠤᠶᠢᠪᠢᠰᠢ ᠦᠭᠡᠢ | ᠶᠤᠮ᠃ | ᠬᠤᠶᠠᠳᠤᠭᠠᠷ ᠲᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠣᠷᠴᠢᠨ | ᠨᠥᠬᠦᠴᠡᠯ ᠤᠯᠠᠮ ᠠᠴᠠ ᠤᠯᠠᠮ ᠰᠠᠶᠢᠵᠢᠷᠠᠵᠤ᠂ ᠬᠥᠭᠵᠢᠯᠲᠡ ᠶᠢᠨ ᠣᠷᠣᠨ ᠵᠠᠢ ᠤᠯᠠᠮ ᠠᠴᠠ ᠤᠯᠠᠮ ᠶᠡᠭᠡᠳᠭᠦ | ᠪᠣᠯᠣᠨ᠎ᠠ᠃ ᠪᠢᠳᠡ ᠰᠢᠨ᠎ᠡ ᠭᠠᠷᠤᠭ᠎ᠠ ᠠᠴᠠ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠵᠢᠭᠰᠡᠨ | ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠶᠡᠭᠡ ᠪᠠᠷ ᠪᠤᠢ ᠪᠤᠯᠭᠠᠵᠤ᠂ ᠡᠯ᠎ᠡ ᠲᠦᠷᠦᠯ ᠤᠨ ᠥᠮᠴᠢᠯᠡᠯ ᠤᠨ | ᠠᠵᠤ ᠠᠬᠤᠶᠢᠯᠠᠯ ᠳᠤ ᠡᠷᠬᠡ ᠲᠡᠭᠰᠢ ᠪᠠᠷ ᠬᠠᠨᠳᠤᠵᠤ᠂ ᠠᠵᠤ ᠠᠬᠤᠶᠢᠯᠠᠯ ᠤᠨ ᠥᠮᠴᠢᠯᠡᠯ ᠤᠨ ᠡᠷᠬᠡ ᠪᠣᠯᠣᠨ ᠠᠵᠤ | ᠠᠬᠤᠶᠢᠯᠠᠯᠲᠠᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ᠂ ᠡᠯ᠎ᠡ ᠲᠦᠷᠦᠯ ᠤᠨ ᠡᠵᠡᠩᠨᠡᠯᠲᠡ ᠶᠢᠨ ᠭᠤᠣᠯ | ᠴᠣᠭᠴᠠ ᠶᠢᠨ ᠡᠷᠬᠡ ᠲᠡᠭᠰᠢ ᠪᠠᠷ ᠥᠷᠢᠰᠦᠯᠳᠦᠬᠦ ᠶᠢ ᠠᠬᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠤᠨ ᠬᠥᠭᠵᠢᠨ ᠪᠤᠵᠠᠭᠠᠶᠢᠷᠠᠬᠤ ᠶᠢ ᠳᠡᠮᠵᠢᠨ᠎ᠠ᠃ ᠬᠥᠭᠵᠢᠯᠲᠡ ᠶᠢᠨ ᠣᠷᠣᠨ ᠵᠠᠢ ᠠᠴᠠ ᠦᠵᠡᠪᠡᠯ᠂ | ᠳᠤᠮᠳᠠᠳᠤ ᠤᠯᠤᠰ ᠭᠡᠳᠤ ᠶᠡᠭᠡ ᠬᠡᠪᠴᠢᠶᠡᠨ ᠤ ᠵᠠᠬ᠎ᠠ ᠳᠡᠯᠭᠡᠭᠦᠷ ᠤᠨ ᠬᠡᠷᠡᠭᠴᠡᠭᠡ ᠲᠠᠢ᠂ ᠪᠠᠰᠠ ᠮᠠᠰᠢ ᠤᠯᠠᠨ ᠰᠢᠨ᠎ᠡ | ᠬᠦᠷᠢᠶ᠎ᠡ ᠰᠢᠨ᠎ᠡ ᠤᠷᠤᠯᠳᠤᠭᠠᠨ ᠤ ᠵᠠᠮ ᠢ ᠨᠡᠭᠡᠭᠡᠬᠦ ᠴᠢᠬᠤᠯᠠ ᠲᠠᠢ ᠪᠠᠶᠢᠵᠤ᠂ ᠴᠥᠮ ᠯᠤᠲᠤ ᠶᠡᠭᠡ ᠬᠥᠭᠵᠢᠯᠲᠡ ᠶᠢᠨ | ᠠᠵᠠ ᠲᠣᠭᠢᠶᠠᠯ ᠬᠠᠳᠠᠭᠠᠯᠠᠭᠳᠠᠵᠤ ᠪᠠᠶᠢᠨ᠎ᠠ᠃ ᠠᠷᠠᠳ ᠤᠨ ᠡᠵᠡᠩᠨᠡᠯᠲᠡ ᠶᠢᠨ ᠠᠵᠤ ᠠᠬᠤᠢ ᠯᠠᠪᠲᠠᠢ ᠶᠡᠭᠡ ᠵᠢᠳᠬᠦᠯ | ᠴᠢᠷᠮᠠᠶᠢᠯᠭ᠎ᠠ ᠭᠠᠷᠭᠠᠵᠤ ᠪᠣᠯᠣᠨ᠎ᠠ᠃ | ᠭᠤᠷᠪᠠᠳᠤᠭᠠᠷ ᠲᠤ᠂ ᠴᠠᠭ ᠦᠶ᠎ᠡ ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠳ ᠤᠨ | ᠰᠢᠨ᠎ᠡ ᠦᠢᠯᠡᠰ ᠪᠣᠰᠬᠠᠭᠰᠠᠨ ᠲᠡᠦᠬᠡ ᠪᠠᠨ ᠪᠢᠴᠢᠭᠯᠡᠬᠦ ᠶᠢ ᠤᠷᠢᠶᠠᠯᠠᠵᠤ ᠪᠠᠶᠢᠨ᠎ᠠ᠃ ᠡᠨᠡ ᠨᠢ ᠪᠠᠰᠠ ᠮᠢᠨᠤ ᠭᠡᠯᠡᠭᠦ | ᠭᠡᠰᠡᠨ ᠨᠢᠭᠡ ᠵᠦᠢᠯ ᠮᠥᠨ᠃ ᠠᠵᠤ ᠠᠬᠤᠢ ᠶᠢᠨ ᠬᠥᠭᠵᠢᠯᠲᠡ ᠨᠢ ᠪᠤᠰᠤᠳᠴᠢ ᠵᠢᠮ᠎ᠡ ᠶᠣᠰᠣ ᠲᠠᠢ ᠪᠠᠶᠢᠳᠠᠭ | ᠪᠥᠭᠡᠳ ᠪᠠᠰᠠ ᠪᠤᠰᠤᠳᠴᠢ ᠨᠥᠬᠦᠴᠡᠯ ᠳᠤ ᠲᠦᠰᠢᠭᠯᠡᠳᠡᠭ᠂ ᠭᠡᠬᠦ ᠳᠤ ᠮᠠᠰᠢ ᠴᠢᠩᠭ᠎ᠠ ᠪᠡᠶᠡᠴᠢ ᠴᠢᠳᠠᠮᠠᠭᠠᠢ ᠴᠢᠨᠠᠷ ᠢ | ᠨᠡᠩ ᠢᠯᠡᠭᠦᠦ ᠱᠠᠭᠠᠷᠳᠠᠳᠠᠭ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠳ ᠰᠢᠯᠢᠳᠡᠭ ᠠᠵᠤ | ᠠᠬᠤᠶᠢᠯᠠᠯᠲᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠢᠲᠡᠭᠡᠯ ᠵᠣᠷᠢᠭ ᠢᠶᠠᠨ ᠪᠠᠲᠤᠳᠬᠠᠨ ᠠᠶᠠᠨ ᠳᠠᠭᠠᠨ | ᠲᠠᠭᠢᠨ ᠮᠣᠷᠳᠠᠬᠤ ᠶᠢ ᠬᠦᠰᠡᠵᠦ ᠪᠠᠶᠢᠨ᠎ᠠ᠃ ᠠᠳᠡ ᠭᠦᠷᠲᠡᠯ᠎ᠡ ᠶᠠᠷᠢᠬᠤ ᠳᠤ ᠪᠢ ᠲᠤᠬᠠᠢ ᠶᠢᠨ ᠵᠢᠯ ᠳᠤ ᠵᠢᠶᠠᠩᠰᠤ | ᠵᠧᠵᠢᠶᠠᠩ ᠵᠡᠷᠭᠡ ᠭᠠᠵᠠᠷ ᠤᠨ ᠬᠤᠪᠢ ᠶᠢᠨ ᠡᠵᠡᠩᠨᠡᠯᠲᠡ ᠶᠢᠨ ᠠᠵᠤ ᠠᠬᠤᠢ ᠶᠢ ᠬᠥᠭᠵᠢᠭᠦᠯᠬᠦ᠂ ᠰᠢᠶᠠᠩ | ᠪᠠᠯᠭᠠᠰᠤᠨ ᠤ ᠠᠵᠤ ᠠᠬᠤᠶᠢᠯᠠᠯ ᠢ ᠬᠥᠭᠵᠢᠭᠦᠯᠬᠦ ᠦᠶ᠎ᠡ ᠳᠤ ᠡᠭᠦᠳᠦᠭᠰᠡᠨ ︽ᠲᠦᠷᠪᠡᠨ ᠮᠢᠩᠭ᠎ᠠ︾ ᠶᠢᠨ ᠵᠣᠷᠢᠭ | ᠰᠠᠨᠠᠭ᠎ᠠ ᠶᠢ ᠥᠪᠡᠷ ᠤᠨ ᠡᠷᠬᠡ ᠦᠭᠡᠢ ᠪᠤᠳᠤᠵᠤ ᠣᠯᠣᠯ᠎ᠠ᠂ ᠲᠡᠷᠡ ᠨᠢ ᠳᠠᠷᠤᠢ᠄ ᠮᠢᠩᠭᠠᠨ ᠪᠡᠷᠬᠡ ᠲᠦᠮᠡᠨ | ᠪᠠᠷᠳᠠᠭ᠎ᠠ ᠶᠢ ᠲᠤᠭᠤᠯᠵᠤ᠂ ᠲᠦᠮᠡ ᠮᠢᠩᠭᠠᠨ ᠦᠭᠡ ᠶᠠᠷᠢᠵᠤ᠂ ᠡᠯᠳᠡᠪ ᠠᠷᠭ᠎ᠠ ᠪᠦᠭᠦᠨ ᠢ ᠰᠦᠪᠡᠭᠴᠢᠯᠡᠵᠦ᠂ | ᠲᠣᠭᠠᠯᠠᠰᠢ ᠦᠭᠡᠢ ᠬᠦᠴᠢᠷ ᠪᠡᠷᠬᠡᠰᠢᠶᠡᠯ ᠢ ᠠᠮᠰᠠᠬᠤ ᠭᠡᠳᠡᠭ ᠢ ᠥᠪᠡᠷ ᠤᠨ ᠡᠷᠬᠡ ᠦᠭᠡᠢ ᠪᠤᠳᠤᠵᠤ ᠣᠯᠵᠠᠢ᠃ | ᠬᠡᠳᠦᠶᠢᠪᠡᠷ ᠤᠳᠤ ᠶᠢᠨ ᠦᠢᠯᠡᠰ ᠪᠣᠰᠬᠠᠬᠤ ᠵᠠᠭᠪᠤᠷ᠂ ᠭᠡᠯᠪᠡᠷᠢ ᠪᠠᠶᠢᠳᠠᠯ ᠳᠤ ᠮᠠᠰᠢ ᠶᠡᠭᠡ ᠬᠤᠪᠢᠷᠠᠯᠲᠠ ᠭᠠᠷᠤᠭᠰᠠᠨ | ᠪᠤᠯᠪᠠᠴᠤ ᠲᠤᠬᠠᠢ ᠶᠢᠨ ᠦᠶ᠎ᠡ ᠶᠢᠨ ᠲᠡᠷᠡ ᠬᠦ ᠬᠦᠴᠢᠷ ᠪᠡᠷᠬᠡᠰᠢᠶᠡᠯ ᠬᠠᠷᠰᠢ ᠰᠠᠭᠠᠳ ᠢ ᠢᠯᠠᠨ ᠳᠠᠪᠠᠵᠤ ᠦᠢᠯᠡᠰ | ᠪᠣᠰᠬᠠᠬᠤ ᠵᠣᠷᠢᠭ ᠰᠠᠨᠠᠭ᠎ᠠ ᠨᠢ ᠥᠨᠢ ᠡᠭᠦᠷᠢᠳᠡ ᠱᠠᠭᠠᠷᠳᠠᠭᠳᠠᠬᠤ ᠶᠤᠮ᠃ ᠮᠠᠨ ᠤ ᠡᠯ᠎ᠡ ᠱᠠᠲᠤᠨ ᠤ ᠤᠳᠤᠷᠢᠳᠬᠤ | ᠺᠠᠳ᠋ᠷᠴᠤᠳ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠦᠨᠡᠨ ᠰᠡᠳᠬᠢᠯ ᠠᠴᠠ ᠪᠠᠨ ᠬᠠᠯᠠᠮᠵᠢᠯᠠᠨ | ᠲᠡᠭᠦᠨ ᠳᠤ ᠦᠢᠯᠡᠴᠢᠯᠡᠵᠦ᠂ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠤᠭᠤᠷᠣᠨᠳᠣᠭᠢ ᠳᠣᠲᠣᠨᠣ ᠴᠢᠬᠡᠴᠢ | ᠬᠠᠷᠢᠴᠠᠭ᠎ᠠ ᠶᠢ ᠪᠠᠶᠢᠭᠤᠯᠵᠤ᠂ ᠪᠦᠭᠦ ᠨᠡᠶᠢᠭᠡᠮ ᠢ ᠲᠠᠶᠢᠴᠢᠯᠠᠨ ᠦᠢᠯᠡᠰ ᠪᠣᠰᠬᠠᠭᠴᠢ ᠶᠢ ᠬᠦᠨᠳᠦᠳᠬᠡᠬᠦ᠂ ᠠᠵᠤ | ᠠᠬᠤᠶᠢᠯᠠᠯᠲᠠᠨ ᠢ ᠬᠦᠨᠳᠦᠳᠬᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠬᠤ ᠬᠡᠷᠡᠭᠲᠡᠢ᠃ ᠰᠢᠨ᠎ᠡ ᠴᠠᠭ | ᠦᠶ᠎ᠡ ᠰᠢᠨ᠎ᠡ ᠠᠶᠠᠨ ᠳᠤ᠂ ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠯᠠᠪᠲᠠᠢ ᠨᠡᠩ | ᠭᠡᠷᠡᠯ ᠰᠠᠴᠤᠷᠠᠩᠭᠤᠢ ᠦᠢᠯᠡᠰ ᠪᠣᠰᠬᠠᠬᠤ ᠲᠡᠦᠬᠡ ᠶᠢ ᠪᠢᠴᠢᠭᠯᠡᠨ᠎ᠡ ᠭᠡᠳᠡᠭ ᠲᠤ ᠪᠢ ᠢᠲᠡᠭᠡᠵᠦ ᠪᠠᠶᠢᠨ᠎ᠠ᠃ | ᠫᠧᠩ ᠫᠠᠢ ᠰᠣᠨᠢᠨ ᠮᠡᠳᠡᠭᠡᠨ ᠤ ᠰᠤᠷᠪᠤᠯᠵᠢᠯᠠᠬᠴᠢ᠄ ᠰᠦᠯᠵᠢᠶᠡᠨ ᠢᠷᠭᠡᠳ ᠠᠷᠠᠳ ᠤᠨ ᠠᠮᠢᠳᠤᠷᠠᠯ ᠤᠨ | ᠵᠠᠷᠢᠮ ᠬᠠᠯᠠᠮᠰᠢᠯ ᠠᠰᠠᠭᠤᠳᠠᠯ ᠢ ᠳᠡᠭᠡᠳᠦ ᠬᠡᠮᠵᠢᠶ᠎ᠡ ᠪᠠᠷ ᠠᠩᠬᠠᠷᠴᠤ ᠪᠤᠢ᠃ ᠡᠨᠡ ᠵᠢᠯ ᠮᠠᠨ ᠤ ᠤᠯᠤᠰ ᠤᠨ ᠠᠵᠢᠯ | ᠣᠯᠭᠤᠯᠲᠠ ᠶᠢᠨ ᠪᠠᠶᠢᠳᠠᠯ ᠮᠥᠨ ᠯᠡ ᠬᠦᠨᠳᠦ ᠨᠣᠴᠢᠲᠠᠢ ᠪᠠᠶᠢᠨ᠎ᠠ᠂ ᠲᠡᠭᠡᠪᠡᠯ ᠵᠠᠰᠠᠭ ᠤᠨ ᠣᠷᠳᠣᠨ ᠶᠠᠮᠠᠷ ᠶᠠᠮᠠᠷ | ᠠᠷᠭ᠎ᠠ ᠬᠡᠮᠵᠢᠶ᠎ᠡ ᠠᠪᠴᠤ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠪᠤᠶ︖ ᠨᠢᠳᠤᠨᠤᠨ ᠳᠤᠮᠳᠠᠳᠤ | ᠤᠯᠤᠰ ᠲᠤ ᠤᠯᠠᠨ ᠵᠢᠯ ᠳᠤ ᠪᠠᠶᠢᠭ᠎ᠠ ᠦᠭᠡᠢ ᠬᠥᠮᠥᠨ ᠠᠮᠠ ᠶᠢᠨ ᠰᠥᠭᠡᠷᠭᠦ ᠨᠡᠮᠡᠭᠳᠡᠯ ᠭᠠᠷᠤᠭᠰᠠᠨ ᠨᠢ ᠬᠥᠮᠥᠨ | ᠠᠮᠠ ᠶᠢᠨ ᠴᠡᠪᠡᠷ ᠠᠰᠢᠭ ᠤᠳᠠᠯ ᠦᠭᠡᠢ ᠠᠷᠢᠯᠬᠤ ᠶᠢ ᠬᠠᠷᠠᠭᠤᠯᠵᠤ ᠪᠠᠶᠢᠨ᠎ᠠ ᠦᠦ︖ ᠡᠨᠡ ᠵᠢᠯ ᠠᠵᠢᠯ ᠠᠴᠠ ᠪᠠᠨ | ᠠᠮᠠᠷᠠᠬᠤ ᠶᠢ ᠬᠤᠶᠢᠰᠢᠯᠠᠭᠤᠯᠬᠤ ᠲᠥᠷᠥ ᠶᠢᠨ ᠪᠣᠳᠣᠯᠭ᠎ᠠ ᠶᠢ ᠨᠡᠶᠢᠲᠡᠯᠡᠵᠦ ᠮᠡᠳᠡᠨ᠎ᠠ ᠦᠦ︖ | ᠯᠢ ᠴᠢᠶᠠᠩ᠄ ᠪᠢ ᠰᠦᠯᠵᠢᠶᠡᠨ ᠢᠷᠭᠡᠳ ᠤᠨ ᠠᠩᠬᠠᠷᠤᠯ ᠳᠤ ᠬᠠᠷᠢᠭᠤᠯᠲᠠ ᠥᠭᠭᠦ ᠳᠤᠷᠠᠲᠠᠢ᠂ ᠵᠠᠪ | ᠴᠢᠯᠦᠭᠡ ᠣᠯᠳᠠᠭᠰᠠᠭᠠᠷ ᠯᠡ ᠰᠦᠯᠵᠢᠶᠡᠨ ᠳᠤ ᠭᠠᠷᠴᠤ᠂ ᠰᠦᠯᠵᠢᠶᠡᠨ ᠢᠷᠭᠡᠳ ᠤᠨ ᠶᠠᠭᠤ ᠶᠢ ᠠᠩᠬᠠᠷᠴᠤ ᠪᠠᠶᠢᠬᠤ᠂ | ᠶᠠᠮᠠᠷ ᠰᠠᠶᠢᠨ ᠰᠠᠨᠠᠯ ᠰᠠᠨᠠᠭᠤᠯᠭ᠎ᠠ ᠪᠠᠶᠢᠬᠤ ᠶᠢ ᠦᠵᠡᠳᠡᠭ᠃ | ᠦᠨᠡᠨ ᠳᠡᠭᠡᠨ ᠴᠢ ᠰᠠᠶ᠋ᠢᠬᠠᠨ ᠭᠤᠷᠪᠠᠨ ᠠᠰᠠᠭᠤᠯᠲᠠ ᠳᠤᠷᠠᠳᠪᠠ᠃ ᠨᠢᠭᠡᠳᠦᠭᠡᠷ ᠠᠰᠠᠭᠤᠯᠳᠠ ᠭᠡᠪᠡᠯ᠂ | ᠠᠵᠢᠯ ᠣᠯᠭᠤᠯᠲᠠ ᠶᠢᠨ ᠠᠰᠠᠭᠤᠳᠠᠯ᠃ ᠠᠵᠢᠯ ᠣᠯᠭᠤᠯᠲᠠ ᠪᠣᠯ ᠠᠷᠠᠳ ᠤᠨ ᠠᠮᠢᠳᠤᠷᠠᠯ ᠤᠨ ᠦᠨᠳᠦᠰᠦ ᠮᠥᠨ᠂ | ᠠᠵᠢᠯ ᠣᠯᠭᠤᠯᠲᠠ ᠶᠢᠨ ᠠᠰᠠᠭᠤᠳᠠᠯ ᠢ ᠰᠢᠢᠳᠪᠦᠷᠢᠯᠡᠬᠦ ᠶᠢᠨ ᠬᠠᠮᠤᠭ ᠤᠨ ᠦᠨᠳᠦᠰᠦᠨ ᠨᠢᠭᠡ ᠵᠦᠢᠯ ᠪᠣᠯ ᠬᠠᠰᠢᠯᠠ | ᠠᠵᠤ ᠠᠬᠤᠢ ᠶᠢ ᠬᠥᠭᠵᠢᠭᠦᠯᠬᠦ ᠳᠤ ᠲᠦᠰᠢᠭᠯᠡᠬᠦ ᠬᠡᠷᠡᠭᠲᠡᠢ᠃ ᠪᠣᠳᠠᠲᠠᠢ ᠠᠵᠢᠯ ᠤᠨ ᠳᠤᠮᠳᠠ᠂ ᠪᠢᠳᠡ ᠠᠵᠢᠯ | ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ | ᠠᠵᠢᠯ ᠣᠯᠭᠤᠯᠲᠠ ᠶᠢᠨ ᠦᠢᠯᠡᠴᠢᠯᠡᠭᠡ᠂ ᠤᠷ᠎ᠠ ᠴᠢᠳᠠᠪᠤᠷᠢ ᠶᠢᠨ ᠪᠣᠯᠪᠠᠰᠤᠷᠠᠯ ᠵᠡᠷᠭᠡ ᠲᠠᠯ᠎ᠠ ᠪᠠᠷ ᠬᠢ ᠲᠥᠷᠥ ᠶᠢᠨ | ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠣᠯᠠᠨ ᠠᠷᠭ᠎ᠠ | ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ | ᠥᠷᠭᠡᠳᠬᠡᠵᠦ᠂ ᠠᠵᠢᠯ ᠣᠯᠭᠤᠯᠲᠠ ᠶᠢᠨ ᠰᠢᠨ᠎ᠡ ᠭᠡᠯᠪᠡᠷᠢ ᠶᠢ ᠳᠡᠮᠵᠢᠨ ᠵᠢᠷᠤᠮᠵᠢᠭᠤᠯᠤᠨ᠎ᠠ᠃ ᠡᠨᠡ ᠵᠢᠯ ᠤᠨ ᠶᠡᠭᠡ | ᠳᠡᠭᠡᠳᠦ ᠰᠤᠷᠭᠠᠭᠤᠯᠢ ᠲᠡᠭᠦᠰᠬᠦ ᠰᠤᠷᠤᠬᠴᠢ ᠵᠢᠱᠢᠯᠲᠡ ᠪᠠᠷ 1158 ᠲᠦᠮᠡ ᠪᠤᠢ᠂ ᠠᠵᠢᠯ ᠣᠯᠭᠤᠯᠲᠠ ᠶᠢᠨ | ᠲᠠᠯ᠎ᠠ ᠠᠴᠠ ᠦᠵᠡᠪᠡᠯ ᠵᠣᠬᠢᠬᠤ ᠳᠠᠷᠤᠯᠲᠠ ᠲᠠᠢ ᠪᠠᠶᠢᠨ᠎ᠠ︔ ᠭᠡᠪᠡᠴᠦ ᠬᠥᠭᠵᠢᠯᠲᠡ ᠶᠢᠨ ᠲᠠᠯ᠎ᠠ ᠠᠴᠠ ᠠᠪᠴᠤ | ᠦᠵᠡᠪᠡᠯ᠂ ᠡᠨᠡ ᠨᠢ ᠠᠮᠢᠵᠢᠷᠠᠯ ᠤᠨ ᠬᠦᠴᠦᠨ ᠨᠡᠮᠡᠷᠢᠯᠡᠪᠡ᠃ ᠪᠢᠳᠡ ᠠᠵᠢᠯ ᠣᠯᠭᠤᠯᠲᠠ ᠶᠢᠨ ᠠᠷᠭ᠎ᠠ ᠵᠠᠮ ᠢ ᠤᠯᠠᠮ | ᠨᠢᠭᠡ ᠠᠯᠬᠤᠮ ᠥᠷᠭᠡᠳᠬᠡᠵᠦ᠂ ᠵᠠᠯᠠᠭᠤᠴᠤᠳ ᠢ ᠬᠠᠪᠰᠤᠷᠤᠨ ᠭᠦᠳᠡᠯᠮᠦᠷᠢ ᠪᠠ ᠲᠡᠮᠡᠴᠡᠯ ᠢᠶᠠᠷ ᠳᠠᠮᠵᠢᠭᠤᠯᠤᠨ᠂ | ᠥᠪᠡᠷ ᠤᠨ ᠠᠮᠢᠳᠤᠷᠠᠬᠤᠢ ᠶᠢᠨ ᠦᠨ᠎ᠡ ᠦᠷᠲᠡᠭ ᠢᠶᠠᠨ ᠨᠡᠩ ᠰᠠᠶᠢᠲᠤᠷ ᠪᠡᠶᠡᠯᠡᠭᠦᠯᠬᠦ ᠪᠣᠯᠭᠠᠨ᠎ᠠ᠃ | ᠬᠤᠶᠠᠳᠤᠭᠠᠷ ᠠᠰᠠᠭᠤᠯᠳᠠ ᠪᠣᠯ᠂ ᠬᠥᠮᠥᠨ ᠠᠮᠠ ᠶᠢᠨ ᠰᠥᠭᠡᠷᠭᠦ ᠨᠡᠮᠡᠭᠳᠡᠯ ᠤᠨ ᠠᠰᠠᠭᠤᠳᠠᠯ᠃ ᠮᠠᠨ ᠤ | ᠤᠯᠤᠰ ᠤᠨ ᠬᠥᠮᠥᠨ ᠠᠮᠠ ᠶᠢᠨ ᠥᠰᠦᠯᠲᠡ ᠡᠶᠡᠷᠭᠦ ᠪᠠᠶᠢᠭᠰᠠᠨ ᠠᠴᠠ ᠪᠠᠨ ᠰᠥᠭᠡᠷᠭᠦ ᠪᠣᠯᠵᠤ ᠪᠠᠶᠢᠨ᠎ᠠ᠂ ᠬᠥᠮᠥᠨ | ᠠᠮᠠ ᠶᠢᠨ ᠴᠡᠪᠡᠷ ᠠᠰᠢᠭ ᠡᠭᠦᠨ ᠠᠴᠠ ᠪᠣᠯᠵᠤ ᠠᠷᠢᠯᠤᠨ᠎ᠠ ᠦᠦ ᠦᠭᠡᠢ ᠦᠦ ᠭᠡᠵᠦ ᠵᠠᠷᠢᠮ ᠬᠥᠮᠥᠨ ᠰᠠᠨᠠᠭ᠎ᠠ ᠵᠣᠪᠠᠵᠤ | ᠪᠠᠶᠢᠨ᠎ᠠ᠃ ᠮᠢᠨᠤ ᠪᠤᠳᠣᠬᠤ ᠪᠠᠷ ᠲᠡᠶᠢᠮᠦ ᠠᠮᠠᠷᠬᠠᠨ ᠪᠢᠰᠢ᠃ ᠬᠥᠮᠥᠨ ᠠᠮᠠ ᠶᠢᠨ ᠴᠡᠪᠡᠷ ᠠᠰᠢᠭ ᠢ ᠶᠡᠷᠦᠩᠬᠡᠢ | ᠬᠡᠮᠵᠢᠶ᠎ᠡ ᠪᠠᠷ ᠨᠢ ᠦᠵᠡᠬᠦ ᠬᠡᠷᠡᠭᠲᠡᠢ ᠮᠥᠷᠲᠡᠭᠡᠨ ᠨᠡᠩ ᠴᠤ ᠶᠠᠰᠤ ᠴᠢᠨᠠᠷ ᠢᠶᠠᠷ ᠨᠢ ᠦᠵᠡᠬᠦ ᠬᠡᠷᠡᠭᠲᠡᠢ᠂ ᠬᠥᠮᠥᠨ | ᠠᠮᠠ ᠪᠠᠷ ᠨᠢ ᠦᠵᠡᠬᠦ ᠬᠡᠷᠡᠭᠲᠡᠢ ᠮᠥᠷᠲᠡᠭᠡᠨ ᠨᠡᠩ ᠴᠤ ᠴᠢᠳᠠᠪᠤᠷᠢᠲᠠᠨ ᠢᠶᠠᠷ ᠨᠢ ᠦᠵᠡᠬᠦ ᠬᠡᠷᠡᠭᠲᠡᠢ᠃ ᠮᠠᠨ ᠤ | ᠤᠯᠤᠰ ᠲᠤ 9 ᠳ᠋ᠦᠩᠰᠢᠭᠤᠷ ᠰᠢᠬᠠᠮ ᠭᠦᠳᠡᠯᠮᠦᠷᠢ ᠬᠦᠴᠦᠨ ᠲᠠᠢ ᠪᠠᠶᠢᠵᠤ᠂ ᠵᠢᠯ ᠪᠦᠷᠢ ᠶᠢᠨ ᠰᠢᠨ᠎ᠡ ᠪᠠᠷ ᠨᠡᠮᠡᠭᠳᠡᠬᠦ | ᠭᠦᠳᠡᠯᠮᠦᠷᠢ ᠬᠦᠴᠦᠨ ᠴᠥᠮ 1500 ᠲᠦᠮᠡ ᠶᠢ ᠳᠠᠪᠠᠵᠤ᠂ ᠬᠥᠮᠥᠨ ᠤ ᠬᠦᠴᠦᠨ ᠤ ᠡᠬᠢ ᠪᠠᠶᠠᠯᠢᠭ ᠡᠯᠪᠡᠭ | ᠪᠠᠶᠢᠬᠤ ᠨᠢ ᠮᠥᠨ ᠯᠡ ᠳᠤᠮᠳᠠᠳᠤ ᠤᠯᠤᠰ ᠤᠨ ᠲᠣᠪᠣᠶᠢᠮ᠎ᠠ ᠳᠠᠪᠠᠭᠤᠯᠢᠭ ᠪᠣᠯᠣᠭᠰᠠᠭᠠᠷ ᠪᠠᠶᠢᠨ᠎ᠠ᠃ ᠨᠡᠩ ᠴᠢᠬᠤᠯᠠ | ᠨᠢ᠂ ᠮᠠᠨ ᠤ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠭᠥᠷᠳᠡᠭᠰᠡᠨ ᠬᠥᠮᠥᠨ ᠠᠮᠠ ᠨᠢᠭᠡᠨᠲᠡ 2.4 | ᠳ᠋ᠦᠩᠰᠢᠭᠤᠷ ᠢ ᠳᠠᠪᠠᠵᠤ᠂ ᠰᠢᠨ᠎ᠡ ᠪᠠᠷ ᠨᠡᠮᠡᠭᠳᠡᠭᠰᠡᠨ ᠭᠦᠳᠡᠯᠮᠦᠷᠢ ᠬᠦᠴᠦᠨ ᠤ ᠰᠤᠷᠭᠠᠨ ᠬᠥᠮᠦᠵᠢᠯ ᠭᠥᠷᠳᠡᠭᠰᠡᠨ | ᠳᠤᠮᠳᠠᠴᠢ ᠵᠢᠯ ᠬᠤᠭᠤᠴᠠᠭ᠎ᠠ ᠨᠢ 14 ᠵᠢᠯ ᠳᠤ ᠬᠦᠷᠴᠡᠢ᠃ ᠮᠠᠨ ᠤ ︽ᠬᠥᠮᠥᠨ ᠠᠮᠠ ᠶᠢᠨ ᠴᠡᠪᠡᠷ ᠠᠰᠢᠭ︾ | ᠠᠷᠢᠯᠤᠭᠠᠳᠤᠢ᠂ ︽ᠴᠢᠳᠠᠪᠤᠷᠢᠲᠠᠨ ᠤ ᠴᠡᠪᠡᠷ ᠠᠰᠢᠭ︾ ᠶᠠᠭ ᠪᠦᠷᠢᠯᠳᠦᠵᠦ᠂ ᠬᠥᠭᠵᠢᠯᠲᠡ ᠶᠢᠨ ᠬᠥᠳᠡᠯᠭᠡᠬᠦ | ᠬᠦᠴᠦᠨ ᠮᠥᠨ ᠯᠡ ᠢᠳᠡ ᠬᠦᠴᠦᠲᠡᠢ ᠪᠠᠶᠢᠨ᠎ᠠ ᠭᠡᠵᠦ ᠬᠡᠯᠡᠵᠦ ᠪᠣᠯᠣᠨ᠎ᠠ᠃ ᠬᠡᠯᠡᠯᠭᠡᠨ ᠦᠭᠡᠢ᠂ ᠪᠢᠳᠡ ᠬᠥᠮᠥᠨ | ᠠᠮᠠ ᠶᠢᠨ ᠨᠡᠮᠡᠭᠳᠡᠯ ᠬᠠᠰᠤᠭᠳᠠᠯ ᠤᠨ ᠠᠪᠴᠢᠷᠠᠵᠤ ᠮᠡᠳᠡᠭᠦ ᠠᠰᠠᠭᠤᠳᠠᠯ ᠢ ᠪᠠᠰᠠ ᠭᠦᠨᠵᠡᠭᠡᠢ ᠵᠠᠳᠠᠯᠤᠨ ᠰᠤᠳᠤᠯᠵᠤ᠂ | ᠢᠳᠡᠪᠬᠢᠲᠡᠢ ᠠᠷᠭᠠᠴᠠᠭᠠᠬᠤ ᠬᠡᠷᠡᠭᠲᠡᠢ᠃ | ᠠᠵᠢᠯ ᠠᠴᠠ ᠪᠠᠨ ᠠᠮᠠᠷᠠᠬᠤ ᠶᠢ ᠬᠤᠶᠢᠰᠢᠯᠠᠭᠤᠯᠬᠤ ᠲᠥᠷᠥ ᠶᠢᠨ ᠪᠣᠳᠣᠯᠭ᠎ᠠ ᠶᠢᠨ ᠠᠰᠠᠭᠤᠳᠠᠯ ᠤᠨ ᠲᠤᠬᠠᠢ | ᠪᠢᠳᠡ ᠨᠠᠷᠢᠨ ᠬᠢᠨᠠᠮᠠᠭᠠᠢ ᠰᠤᠳᠤᠯᠵᠤ᠂ ᠭᠦᠢᠴᠡᠳ ᠨᠤᠲᠠᠯᠠᠯᠲᠠ ᠬᠢᠵᠦ᠂ ᠵᠣᠬᠢᠰᠲᠠᠢ ᠦᠶ᠎ᠡ ᠳᠤ ᠯᠠᠪᠳᠠᠭᠤᠨ ᠢᠶᠠᠷ | ᠬᠡᠷᠡᠭᠵᠢᠭᠦᠯᠦᠨ᠎ᠡ᠃ | ᠦᠽᠪᠸᠺᠰᠲ᠋ᠠᠨ ᠤ ᠠᠷᠠᠳ ᠤᠨ ᠶᠠᠷᠢᠶ᠎ᠠ ᠬᠡᠯᠡᠯᠴᠡᠭᠡᠨ ᠤ ᠰᠣᠨᠢᠨ ᠤ ᠰᠤᠷᠪᠤᠯᠵᠢᠯᠠᠬᠴᠢ᠄ ᠳᠡᠯᠡᠬᠡᠢ ᠳᠡᠭᠡᠷᠡᠬᠢ | ᠵᠠᠷᠢᠮ ᠬᠥᠮᠥᠰ ᠳᠤᠮᠳᠠᠳᠤ ᠤᠯᠤᠰ ᠪᠤᠰᠤᠳ ᠤᠯᠤᠰ ᠲᠠᠢ ᠬᠠᠷᠢᠴᠠᠭᠤᠯᠪᠠᠯ ᠬᠢᠵᠢᠭ ᠢ ᠰᠡᠷᠭᠡᠶᠢᠯᠡᠬᠦ ᠲᠠᠯ᠎ᠠ ᠪᠠᠷ | ᠬᠤᠶᠠᠷ ᠵᠢᠯ ᠭᠠᠷᠤᠢ ᠴᠢᠩᠭ᠎ᠠ ᠡᠵᠡᠮᠳᠡᠭᠰᠡᠨ ᠨᠢ ᠦᠨᠡᠬᠡᠷ ᠴᠢᠬᠤᠯᠠᠲᠠᠢ ᠦᠦ ᠭᠡᠵᠦ ᠰᠡᠵᠢᠭᠯᠡᠵᠦ ᠪᠠᠶᠢᠨ᠎ᠠ᠂ | ᠢᠷᠡᠭᠡᠳᠦᠢ ᠳᠤ ᠭᠠᠷᠴᠤ ᠮᠡᠳᠡᠭᠦ ᠰᠢᠨ᠎ᠡ ᠬᠢᠵᠢᠭ ᠤᠨ ᠪᠠᠶᠢᠳᠠᠯ ᠢ ᠠᠷᠭᠠᠴᠠᠭᠠᠬᠤ ᠳᠤ ᠳᠤᠮᠳᠠᠳᠤ ᠤᠯᠤᠰ ᠶᠠᠮᠠᠷ ᠶᠠᠮᠠᠷ | ᠪᠡᠯᠡᠳᠬᠡᠯ ᠬᠢᠭᠰᠡᠨ ᠪᠤᠢ︖ | ᠯᠢ ᠴᠢᠶᠠᠩ᠄ ᠬᠢᠵᠢᠭ ᠤᠨ ᠪᠠᠶᠢᠳᠠᠯ ᠭᠠᠷᠤᠭᠰᠠᠨ ᠭᠤᠷᠪᠠᠨ ᠵᠢᠯ ᠳᠤ᠂ ᠳᠤᠮᠳᠠᠳᠤ ᠤᠯᠤᠰ ᠤᠨ ᠠᠷᠠᠳ | ᠲᠦᠮᠡᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠡᠳᠬᠢᠯ | ᠨᠢᠭᠡᠳᠦᠨ ᠬᠢᠵᠢᠭ ᠲᠠᠢ ᠲᠡᠮᠡᠴᠡᠵᠦ᠂ ᠣᠲᠣ ᠨᠢᠭᠡᠨᠲᠡ ᠴᠢᠬᠤᠯᠠ ᠶᠡᠭᠡ ᠰᠢᠢᠳᠪᠦᠷᠢᠲᠦ ᠴᠢᠨᠠᠷᠲᠠᠢ ᠢᠯᠠᠯᠲᠠ ᠶᠢ ᠣᠯᠪᠠ | ᠃ ᠭᠤᠷᠪᠠᠨ ᠵᠢᠯ ᠭᠠᠷᠤᠢ ᠶᠢᠨ ᠲᠤᠷᠰᠢ᠂ ᠪᠢᠳᠡ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ | ᠢᠮᠠᠭᠲᠠ ᠪᠠᠷᠢᠮᠲᠠᠯᠠᠵᠤ᠂ ᠰᠢᠨᠵᠢᠯᠡᠬᠦ ᠤᠬᠠᠭᠠᠨᠴᠢ ᠪᠠᠷ ᠣᠨᠣᠴᠠᠲᠠᠢ ᠰᠡᠷᠭᠡᠶᠢᠯᠡᠨ ᠡᠵᠡᠮᠳᠡᠬᠦ ᠶᠢ ᠪᠠᠷᠢᠮᠲᠠᠯᠠᠵᠤ᠂ ᠴᠠᠭ | ᠪᠠ ᠪᠠᠶᠢᠳᠠᠯ ᠳᠤ ᠲᠣᠬᠢᠷᠠᠭᠤᠯᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠᠨ ᠰᠢᠯᠢᠳᠡᠭᠵᠢᠭᠦᠯᠪᠡ᠃ ᠸᠢᠷᠦ᠋ᠰ ᠤᠨ | ᠡᠪᠡᠳᠴᠢᠯᠡᠭᠦᠯᠬᠦ ᠬᠦᠴᠦᠨ ᠨᠡᠯᠢᠶᠡᠳ ᠴᠢᠩᠭ᠎ᠠ ᠪᠠᠶᠢᠬᠤ ᠱᠠᠲᠤᠨ ᠳᠤ᠂ ᠪᠢᠳᠡ ᠡᠷᠡᠰ ᠰᠢᠭᠤᠷᠬᠠᠢ ᠪᠠᠷ ︽ᠬᠥᠬᠡᠭᠴᠢᠨ | ᠲᠥᠷᠥᠯ ᠤᠨ ᠬᠥᠬᠡ ᠬᠠᠮᠢᠶᠠᠷᠤᠯᠲᠠ︾ ᠶᠢ ᠬᠡᠷᠡᠭᠵᠢᠭᠦᠯᠵᠦ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ | ᠪᠠ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠪᠦᠲᠦᠮᠵᠢᠲᠡᠶ ᠬᠠᠮᠠᠭᠠᠯᠠᠭᠰᠠᠨ ᠪᠥᠭᠡᠳ ᠸᠠᠺᠼᠢᠨ ᠪᠠ ᠡᠮ ᠤᠨ | ᠵᠦᠢᠯᠡᠰ ᠢ ᠰᠤᠳᠤᠯᠤᠨ ᠦᠶᠯᠡᠳᠭᠦ᠂ ᠸᠠᠺᠼᠢᠨ ᠤ ᠲᠠᠷᠢᠯᠭ᠎ᠠ ᠶᠢ ᠲᠦᠭᠡᠮᠡᠯᠵᠢᠭᠦᠯᠬᠦ ᠵᠡᠷᠭᠡ ᠳᠤ ᠡᠷᠬᠢᠮ ᠨᠠᠨᠳᠢᠨ ᠴᠠᠭ | ᠬᠤᠭᠤᠴᠠᠭ᠎ᠠ ᠣᠯᠭᠤᠭᠰᠠᠨ ᠪᠠᠶᠢᠨ᠎ᠠ᠃ ᠸᠢᠷᠦ᠋ᠰ ᠤᠨ ᠡᠪᠡᠳᠴᠢᠯᠡᠭᠦᠯᠬᠦ ᠬᠦᠴᠦᠨ ᠰᠤᠯᠠᠷᠠᠬᠤ ᠪᠠ ᠮᠠᠨ ᠤ | ᠤᠯᠤᠰ ᠤᠨ ᠰᠡᠷᠭᠡᠶᠢᠯᠡᠨ ᠵᠠᠰᠠᠬᠤ ᠴᠢᠳᠠᠪᠤᠷᠢ ᠳᠡᠭᠡᠭᠰᠢᠯᠡᠬᠦ ᠶᠢ ᠳᠠᠭᠠᠯᠳᠤᠨ᠂ ᠪᠢᠳᠡ ᠰᠡᠷᠭᠡᠶᠢᠯᠡᠨ ᠡᠵᠡᠮᠳᠡᠬᠦ ᠠᠷᠭ᠎ᠠ | ᠬᠡᠮᠵᠢᠶ᠎ᠡ ᠳᠤ ᠠᠯᠢ ᠣᠯᠠᠨ ᠰᠢᠯᠢᠳᠡᠭᠵᠢᠭᠦᠯᠬᠦ ᠲᠣᠬᠢᠷᠠᠭᠤᠯᠤᠯᠲᠠ ᠬᠢᠵᠦ᠂ ᠵᠣᠬᠢᠰᠲᠠᠢ ᠴᠠᠭ ᠲᠤ ᠲᠣᠬᠢᠷᠠᠭᠤᠯᠤᠯᠲᠠ | ᠬᠢᠵᠦ᠂ ︽ᠬᠥᠬᠡᠭᠴᠢᠨ ᠲᠥᠷᠥᠯ ᠤᠨ ᠬᠥᠬᠡᠭᠴᠢᠨ ᠬᠠᠮᠢᠶᠠᠷᠤᠯᠲᠠ︾ ᠶᠢ ᠬᠡᠷᠡᠭᠵᠢᠭᠦᠯᠪᠡ᠃ ᠳᠤᠮᠳᠠᠳᠤ ᠤᠯᠤᠰ ᠰᠢᠭ᠋ | ᠡᠶᠢᠮᠦ ᠬᠥᠮᠥᠨ ᠠᠮᠠ ᠤᠯᠠᠨ᠂ ᠬᠥᠭᠵᠢᠯᠲᠡ ᠲᠡᠩᠴᠡᠭᠦᠷᠢ ᠦᠭᠡᠢ ᠲᠣᠮᠣ ᠤᠯᠤᠰ ᠬᠤᠶᠠᠷ ᠰᠠᠷ᠎ᠠ ᠬᠦᠷᠬᠦ ᠦᠭᠡᠢ | ᠬᠤᠭᠤᠴᠠᠭᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠭᠲᠠᠭᠤᠨ ᠡᠷᠭᠢᠯᠲᠡ ᠶᠢ ᠪᠡᠶᠡᠯᠡᠭᠦᠯᠵᠦ᠂ ᠠᠵᠤ | ᠠᠬᠤᠢ ᠨᠡᠶᠢᠭᠡᠮ ᠤᠨ ᠬᠡᠪ ᠤᠨ ᠡᠮᠬᠢ ᠳᠢᠭᠯᠢᠮ ᠢ ᠨᠡᠯᠢᠶᠡᠳ ᠲᠦᠷᠭᠡᠨ ᠰᠡᠷᠭᠦᠭᠡᠭᠰᠡᠨ ᠨᠢ ᠠᠮᠠᠷ ᠦᠭᠡᠢ ᠶᠠᠪᠤᠳᠠᠯ ᠶᠤᠮ | ᠃ ᠮᠠᠨ ᠤ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠪᠣᠳᠣᠯᠭ᠎ᠠ ᠠᠷᠭ᠎ᠠ | ᠬᠡᠮᠵᠢᠶ᠎ᠡ ᠪᠣᠯ ᠪᠦᠷᠢᠮᠦᠰᠦᠨ ᠵᠥᠪ᠂ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠮᠵᠢ ᠯᠤᠲᠤ ᠶᠡᠭᠡ ᠭᠡᠳᠡᠭ ᠢ | ᠦᠢᠯᠡᠳᠦᠯᠭᠡ ᠭᠡᠷᠡᠴᠢᠯᠡᠪᠡ᠃ | ᠬᠥᠮᠥᠨ ᠲᠥᠷᠥᠯᠬᠢᠲᠡᠨ ᠬᠢᠭᠡᠳ ᠸᠢᠷᠦ᠋ᠰ ᠤᠨ ᠲᠡᠮᠡᠴᠡᠯ ᠪᠣᠯ ᠨᠢᠭᠡᠨ ᠤᠷᠳᠤ ᠬᠤᠭᠤᠴᠠᠭᠠᠨ ᠤ ᠲᠡᠦᠬᠡᠨ | ᠶᠠᠪᠤᠴᠠ ᠮᠥᠨ᠃ ᠣᠳᠣᠬᠠᠨ ᠳᠤ ᠰᠢᠨ᠎ᠡ ᠲᠢᠲᠢᠮᠯᠢᠭ ᠸᠢᠷᠦ᠋ᠰ ᠤᠨ ᠬᠢᠵᠢᠭ ᠤᠨ ᠪᠠᠶᠢᠳᠠᠯ ᠲᠠᠷᠬᠠᠨ ᠳᠡᠯᠭᠡᠷᠡᠬᠦ ᠠᠶᠤᠯ | ᠲᠦᠭᠰᠢᠭᠦᠷᠢ ᠮᠥᠨ ᠬᠦ ᠣᠷᠣᠰᠢᠵᠤ ᠪᠠᠶᠢᠨ᠎ᠠ᠂ ᠪᠢᠳᠡ ᠴᠠᠭ ᠲᠤᠬᠠᠢ ᠳᠤᠨᠢ ᠰᠤᠳᠤᠯᠤᠨ ᠮᠠᠭᠠᠳᠯᠠᠵᠤ᠂ | ᠤᠷᠢᠳᠴᠢᠯᠠᠨ ᠵᠢᠱᠢᠵᠦ ᠤᠷᠢᠳᠴᠢᠯᠠᠨ ᠰᠡᠷᠡᠮᠵᠢᠯᠡᠭᠦᠯᠭᠦ ᠠᠵᠢᠯ ᠢ ᠰᠠᠶᠢᠲᠤᠷ ᠬᠢᠬᠦ ᠶᠢᠨ ᠬᠠᠮᠲᠤ ᠠᠳᠠᠯᠢ ᠪᠤᠰᠤ | ᠪᠠᠶᠢᠳᠠᠯ ᠳᠣᠣᠷᠠᠬᠢ ᠬᠢᠵᠢᠭ ᠤᠨ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ ᠲᠣᠭᠲᠠᠭᠠᠨ ᠲᠡᠭᠦᠯᠳᠡᠷᠵᠢᠭᠦᠯᠵᠦ᠂ | ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠲᠠᠰᠤᠷᠠᠯᠳᠠ ᠦᠭᠡᠢ | ᠴᠢᠩᠭᠠᠳᠬᠠᠵᠤ᠂ ᠸᠠᠺᠼᠢᠨ ᠪᠠ ᠡᠮ ᠤᠨ ᠵᠦᠢᠯᠡᠰ ᠢ ᠰᠤᠳᠤᠯᠤᠨ ᠨᠡᠭᠡᠭᠡᠬᠦ ᠶᠢ ᠲᠦᠷᠭᠡᠳᠬᠡᠵᠦ᠂ ᠳᠡᠯᠡᠬᠡᠢ ᠨᠡᠶᠢᠭᠡᠮ | ᠯᠦᠭᠡ ᠶᠢᠨ ᠬᠠᠮᠲᠤᠷᠠᠯᠴᠠᠭ᠎ᠠ ᠪᠠ ᠵᠣᠬᠢᠴᠠᠭᠤᠯᠭ᠎ᠠ ᠪᠠᠨ ᠴᠢᠩᠭᠠᠳᠬᠠᠵᠤ᠂ ᠬᠥᠮᠥᠨ ᠲᠥᠷᠥᠯᠬᠢᠲᠡᠨ ᠤ ᠡᠷᠡᠭᠦᠯ ᠮᠡᠨᠳᠦ | ᠪᠤᠶᠠᠨ ᠵᠢᠷᠭᠠᠯ ᠢ ᠬᠠᠮᠲᠤ ᠪᠠᠷ ᠬᠠᠮᠠᠭᠠᠯᠠᠨ᠎ᠠ᠃ | ᠲᠠᠶᠢᠸᠠᠨ ᠤ ᠬᠤᠯᠪᠣᠭᠠᠲᠤ ᠰᠣᠨᠢᠨ ᠤ ᠬᠤᠷᠢᠶ᠎ᠠ ᠶᠢᠨ ᠰᠤᠷᠪᠤᠯᠵᠢᠯᠠᠬᠴᠢ᠄ ᠡᠬᠡ ᠬᠠᠭᠤᠷᠠᠢ ᠶᠢᠨ ᠲᠠᠯ᠎ᠠ ᠠᠴᠠ | ᠂ ᠲᠠᠶᠢᠸᠠᠨ ᠤ ᠠᠬ᠎ᠠ ᠳᠡᠭᠦᠦ ᠨᠠᠷ ᠢ ᠢᠮᠠᠭᠲᠠ ᠬᠠᠶᠢᠷᠠᠯᠠᠨ ᠬᠠᠯᠠᠮᠵᠢᠯᠠᠵᠤ᠂ ᠭᠦᠨᠳᠦᠳᠭᠡᠵᠦ᠂ ᠪᠤᠶᠠᠨ ᠦᠢᠯᠡᠳᠦᠨ᠎ᠡ | ᠭᠡᠵᠦ ᠢᠯᠡᠷᠬᠡᠶᠢᠯᠡᠪᠡ᠃ ᠡᠬᠡ ᠬᠠᠭᠤᠷᠠᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ | ᠲᠣᠬᠢᠷᠠᠭᠤᠯᠤᠨ ᠰᠢᠯᠢᠳᠡᠭᠵᠢᠭᠦᠯᠬᠦ ᠶᠢ ᠳᠠᠭᠠᠯᠳᠤᠨ᠂ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠠᠷᠠᠳ | ᠣᠯᠠᠨ ᠴᠥᠮ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠬᠡᠪ ᠤᠨ ᠰᠣᠯᠢᠯᠴᠠᠭ᠎ᠠ ᠶᠠᠪᠤᠯᠴᠠᠭ᠎ᠠ ᠶᠢ ᠠᠯᠢ | ᠲᠦᠷᠭᠡᠨ ᠢᠶᠠᠷ ᠪᠦᠭᠦ ᠲᠠᠯ᠎ᠠ ᠪᠠᠷ ᠰᠡᠷᠭᠦᠭᠡᠬᠦ ᠶᠢ ᠬᠦᠰᠡᠵᠦ ᠪᠠᠶᠢᠨ᠎ᠠ᠃ ᠲᠡᠭᠡᠪᠡᠯ᠂ ᠡᠬᠡ ᠬᠠᠭᠤᠷᠠᠢ ᠶᠢᠨ ᠲᠠᠯ᠎ᠠ ᠶᠢᠨ | ᠬᠢᠨ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠠᠵᠤ ᠠᠬᠤᠢ ᠰᠣᠶᠣᠯ ᠤᠨ ᠬᠠᠮᠲᠤᠷᠠᠯᠴᠠᠭ᠎ᠠ ᠰᠣᠯᠢᠯᠴᠠᠭ᠎ᠠ | ᠵᠢᠴᠢ ᠬᠥᠮᠥᠰ ᠤᠨ ᠶᠠᠪᠤᠯᠴᠠᠭ᠎ᠠ ᠶᠢ ᠠᠬᠢᠭᠤᠯᠬᠤ ᠲᠠᠯ᠎ᠠ ᠪᠠᠷ ᠶᠠᠮᠠᠷ ᠲᠥᠯᠦᠪᠵᠢᠭᠦᠯᠭᠡ ᠲᠠᠢ ᠪᠤᠢ︖ | ᠯᠢ ᠴᠢᠶᠠᠩ᠄ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠠᠬ᠎ᠠ ᠳᠡᠭᠦᠦ ᠨᠠᠷ ᠪᠣᠯ ᠨᠢᠭᠡ ᠭᠡᠷ ᠤᠨ | ᠬᠥᠮᠥᠨ ᠮᠥᠨ᠂ ᠴᠢᠰᠤ ᠮᠢᠬᠠᠨ ᠤ ᠪᠠᠷᠢᠯᠳᠤᠯᠭ᠎ᠠ ᠲᠠᠢ᠂ ᠶᠠᠰᠤ ᠰᠢᠷᠪᠦᠰᠦ ᠶᠢᠨ ᠬᠤᠯᠪᠤᠭ᠎ᠠ ᠲᠠᠢ ᠶᠤᠮ᠃ ᠪᠢᠳᠡ | ᠨᠢᠭᠡ ᠳᠤᠮᠳᠠᠳᠤ ᠤᠯᠤᠰ ᠪᠠᠶᠢᠬᠤ ᠵᠠᠷᠴᠢᠮ ᠪᠣᠯᠣᠨ ︽ᠶᠡᠷᠡᠨ ᠬᠤᠶᠠᠷ ᠣᠨ ᠤ ᠬᠠᠮᠲᠤ ᠶᠢᠨ ᠲᠠᠨᠢᠯᠲᠠ︾ ᠶᠢᠨ | ᠰᠠᠭᠤᠷᠢᠨ ᠳᠡᠭᠡᠷ᠎ᠡ᠂ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠠᠵᠤ ᠠᠬᠤᠢ ᠰᠣᠶᠣᠯ ᠤᠨ ᠰᠣᠯᠢᠯᠴᠠᠭ᠎ᠠ | ᠬᠠᠮᠲᠤᠷᠠᠯᠴᠠᠭ᠎ᠠ ᠶᠢ ᠦᠷᠭᠦᠯᠵᠢᠯᠡᠨ ᠠᠬᠢᠭᠤᠯᠵᠤ᠂ ᠨᠡᠩ ᠣᠯᠠᠨ ᠲᠠᠶᠢᠸᠠᠨ ᠤ ᠠᠬ᠎ᠠ ᠳᠡᠭᠦᠦ ᠨᠠᠷ ᠪᠣᠯᠣᠨ ᠲᠠᠶᠢᠸᠠᠨ | ᠤ ᠠᠵᠤ ᠠᠬᠤᠶᠢᠯᠠᠯ ᠢ ᠡᠬᠡ ᠬᠠᠭᠤᠷᠠᠢ ᠳᠤ ᠢᠷᠡᠭᠦᠯᠵᠦ᠂ ᠳᠤᠷᠠᠲᠠᠶ᠎ᠠ ᠢᠷᠡᠭᠦᠯᠭᠦ ᠪᠠᠷ ᠪᠠᠷᠠᠬᠤ ᠦᠭᠡᠢ | ᠠᠭᠤᠰᠤᠯᠴᠠᠭᠤᠯᠵᠤ᠂ ᠰᠠᠶᠢᠨ ᠬᠥᠭᠵᠢᠯᠲᠡ ᠲᠠᠢ ᠪᠣᠯᠭᠠᠨ᠎ᠠ᠃ | ᠣᠳᠣᠬᠠᠨ ᠳᠤ᠂ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠠᠬ᠎ᠠ ᠳᠡᠭᠦᠦ ᠨᠠᠷ ᠤᠨ ᠬᠡᠪ ᠤᠨ | ᠶᠠᠪᠤᠯᠴᠠᠭ᠎ᠠ ᠶᠢ ᠡᠷᠲᠡᠬᠡᠨ ᠪᠡᠶᠡᠯᠡᠭᠦᠯᠵᠦ᠂ ᠡᠯ᠎ᠡ ᠬᠦᠷᠢᠶᠡᠨ ᠳᠠᠬᠢ ᠬᠡᠪ ᠤᠨ ᠬᠠᠮᠲᠤᠷᠠᠯᠴᠠᠭ᠎ᠠ ᠶᠢ ᠰᠡᠷᠭᠦᠭᠡᠬᠦ ᠪᠣᠯ | ᠣᠯᠠᠨ ᠤ ᠬᠠᠮᠲᠤ ᠶᠢᠨ ᠬᠦᠰᠡᠯ ᠡᠷᠡᠮᠡᠯᠵᠡᠯ ᠮᠥᠨ᠂ ᠬᠠᠮᠲᠤ ᠪᠠᠷ ᠴᠢᠷᠮᠠᠶᠢᠬᠤ ᠴᠢᠬᠤᠯᠠᠲᠠᠢ ᠶᠤᠮ᠃ | ᠠᠷᠠᠳ ᠤᠨ ᠡᠳᠦᠷ ᠤᠨ ᠰᠣᠨᠢᠨ ᠤ ᠬᠤᠷᠢᠶ᠎ᠠ ᠶᠢᠨ ᠰᠤᠷᠪᠤᠯᠵᠢᠯᠠᠬᠴᠢ᠄ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠬᠠᠮᠤᠭ ᠤᠨ ᠬᠠᠲᠠᠭᠤ ᠪᠡᠷᠬᠡ ᠪᠥᠭᠡᠳ | ᠬᠠᠮᠤᠭ ᠤᠨ ᠨᠦᠰᠡᠷ ᠬᠦᠨᠳᠦ ᠡᠭᠦᠷᠭᠡ ᠮᠥᠨ ᠯᠡ ᠬᠥᠳᠡᠭᠡ ᠲᠣᠰᠬᠤᠨ ᠳᠤ ᠪᠠᠶᠢᠨ᠎ᠠ᠃ ᠠᠰᠠᠭᠤᠬᠤ ᠨᠢ᠂ ᠲᠤᠰ | ᠬᠤᠭᠤᠴᠠᠭᠠᠨ ᠤ ᠵᠠᠰᠠᠭ ᠤᠨ ᠣᠷᠳᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠠᠯ᠎ᠠ | ᠪᠠᠷ ᠶᠠᠮᠠᠷ ᠪᠣᠳᠣᠯᠬᠢᠯᠠᠯ ᠲᠠᠢ ᠪᠤᠢ︖ᠳᠤᠮᠳᠠᠳᠤ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ | ᠳᠤ ᠶᠠᠮᠠᠷ ᠠᠷᠭ᠎ᠠ ᠬᠡᠮᠵᠢᠶ᠎ᠡ ᠠᠪᠬᠤ ᠪᠤᠢ︖ | ᠯᠢ ᠴᠢᠶᠠᠩ᠄ ᠳᠤᠮᠳᠠᠳᠤ ᠤᠯᠤᠰ ᠪᠣᠯ ᠲᠠᠷᠢᠶᠠᠯᠠᠩ ᠤᠨ ᠶᠡᠭᠡ ᠤᠯᠤᠰ ᠮᠥᠨ᠂ ᠣᠳᠣᠬᠠᠨ ᠳᠤ ᠪᠠᠰᠠ 5 | ᠳ᠋ᠦᠩᠰᠢᠭᠤᠷ ᠰᠢᠬᠠᠮ ᠬᠥᠮᠥᠨ ᠬᠥᠳᠡᠭᠡ ᠲᠣᠰᠬᠤᠨ ᠳᠤ ᠪᠠᠶᠢᠩᠭᠤ ᠰᠠᠭᠤᠷᠢᠰᠢᠵᠤ ᠪᠤᠢ᠃ ᠬᠥᠳᠡᠭᠡ ᠠᠵᠤ ᠠᠬᠤᠢ | ᠬᠥᠳᠡᠭᠡ ᠲᠣᠰᠬᠤᠨ ᠤ ᠣᠳᠣᠬᠢᠴᠢᠯᠠᠯᠲᠠ ᠪᠠᠶᠢᠬᠤ ᠦᠭᠡᠢ ᠪᠣᠯ ᠨᠡᠶᠢᠭᠡᠮ ᠵᠢᠷᠤᠮᠲᠤ ᠣᠳᠣᠬᠢᠴᠢᠯᠠᠯᠲᠠ ᠪᠦᠭᠦ ᠲᠠᠯ᠎ᠠ | ᠶᠢᠨ ᠪᠢᠰᠢ ᠶᠤᠮ᠃ ᠨᠢᠳᠤᠨᠤᠨ ᠤ ᠵᠢᠯ ᠤᠨ ᠰᠡᠭᠦᠯᠴᠢ ᠪᠠᠷ ᠬᠤᠷᠠᠯᠳᠤᠭᠰᠠᠨ ᠲᠥᠪ ᠤᠨ ᠬᠥᠳᠡᠭᠡ ᠲᠣᠰᠬᠤᠨ ᠤ | ᠠᠵᠢᠯ ᠤᠨ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ | ᠢ ᠪᠦᠲᠦᠭᠡᠨ ᠪᠠᠶᠢᠭᠤᠯᠬᠤ᠂︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠰᠠᠶᠢᠲᠤᠷ | ᠬᠢᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠤᠬᠠᠢ ᠪᠦᠭᠦ ᠲᠠᠯ᠎ᠠ ᠶᠢᠨ | ᠪᠠᠶᠢᠷᠢᠯᠠᠭᠤᠯᠤᠯᠲᠠ ᠬᠢᠵᠡᠢ᠃ ᠣᠳᠣᠬᠠᠨ ᠳᠤ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠱᠠᠭᠠᠷᠳᠠᠯᠭ᠎ᠠ | ᠶᠣᠰᠣᠭᠠᠷ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ ᠪᠠᠶᠢᠨ᠎ᠠ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠯ᠎ᠠ ᠪᠠᠷ ᠠᠪᠴᠤ ᠬᠡᠯᠡᠪᠡᠯ᠂ ᠮᠢᠨᠤ ᠦᠵᠡᠬᠦ ᠪᠠᠷ | ᠳᠠᠷᠠᠭᠠᠴᠢ ᠶᠢᠨ ᠪᠣᠳᠠᠲᠠᠢ ᠠᠵᠢᠯ ᠤᠨ ᠳᠤᠮᠳᠠ ᠪᠠᠨ ᠭᠤᠷᠪᠠᠨ ᠵᠠᠩᠭᠢᠯᠠᠭ᠎ᠠ ᠶᠢᠨ ᠦᠭᠡᠰ ᠢ ᠳᠣᠪᠤᠶᠢᠯᠭᠠᠨ᠎ᠠ᠄ ᠨᠢᠭᠡ | ᠳᠤ ᠪᠦᠭᠦ ᠲᠠᠯ᠎ᠠ ᠪᠠᠷ᠃ ᠵᠥᠪᠭᠡᠨ ᠠᠵᠤ ᠠᠬᠤᠢ ᠶᠢ ᠬᠥᠭᠵᠢᠭᠦᠯᠬᠦ ᠲᠡᠳᠦᠢ ᠪᠢᠰᠢ᠂ ᠬᠠᠷᠢᠨ ᠬᠥᠳᠡᠭᠡ ᠲᠣᠰᠬᠤᠨ ᠤ | ᠠᠵᠤ ᠠᠬᠤᠢ ᠶᠢᠨ ᠥᠷᠲᠡᠭ᠂ ᠠᠮᠢ ᠠᠬᠤᠢ ᠶᠢᠨ ᠥᠷᠲᠡᠭ᠂ ᠨᠡᠶᠢᠭᠡᠮ ᠤᠨ ᠥᠷᠲᠡᠭ᠂ ᠰᠣᠶᠣᠯ ᠤᠨ ᠥᠷᠲᠡᠭ ᠢ | ᠪᠦᠭᠦ ᠲᠠᠯ᠎ᠠ ᠪᠠᠷ ᠢᠯᠡᠷᠡᠭᠦᠯᠦᠨ᠎ᠡ᠃ ᠬᠤᠶᠠᠷ ᠲᠤ ᠥᠪᠡᠷᠮᠢᠴᠡ ᠣᠨᠴᠠᠯᠢᠭ᠃ ᠳᠤᠮᠳᠠᠳᠤ ᠤᠯᠤᠰ ᠤᠨ ᠨᠤᠲᠤᠭ | ᠳᠡᠪᠢᠰᠬᠡᠷ ᠥᠷᠭᠡᠨ ᠠᠭᠤᠳᠠᠮ᠂ ︽ᠠᠷᠪᠠᠨ ᠭᠠᠵᠠᠷ ᠲᠤ ᠠᠳᠠᠯᠢ ᠪᠤᠰᠤ ᠶᠢᠨ ᠰᠠᠯᠬᠢᠨ ᠲᠠᠢ᠂ ᠵᠠᠭᠤᠨ ᠭᠠᠵᠠᠷ ᠲᠤ | ᠠᠳᠠᠯᠢ ᠪᠤᠰᠤ ᠶᠢᠨ ᠵᠠᠩᠰᠢᠯ ᠲᠠᠢ︾᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠵᠤ᠂ ᠥᠪᠡᠷ ᠤᠨ ᠣᠨᠴᠠᠯᠢᠭ | ᠲᠠᠢ ᠬᠥᠳᠡᠭᠡ ᠲᠣᠰᠬᠤᠨ ᠤ ᠳᠦᠷᠰᠦ ᠪᠠᠶᠢᠳᠠᠯ ᠢ ᠴᠣᠭᠴᠠᠯᠠᠵᠤ᠂ ᠭᠠᠵᠠᠷ ᠣᠷᠣᠨ ᠤ ᠰᠣᠶᠣᠯ᠂ ᠨᠤᠲᠤᠭ ᠤᠨ | ᠰᠣᠶᠣᠯ ᠢ ᠰᠠᠶᠢᠲᠤᠷ ᠬᠠᠮᠠᠭᠠᠯᠠᠨ ᠤᠯᠠᠮᠵᠢᠯᠠᠬᠤ ᠬᠡᠷᠡᠭᠲᠡᠢ᠂ ᠲᠣᠰᠬᠤᠨ ᠪᠣᠯᠭᠠᠨ ᠢ ᠨᠢᠭᠡ ᠯᠡ ᠬᠡᠪ ᠤᠨ ᠪᠠᠶᠢᠯᠭᠠᠵᠤ | ᠪᠤᠯᠬᠤ ᠦᠭᠡᠢ᠃ ᠭᠤᠷᠪᠠ ᠳᠤ ᠥᠭᠡᠷᠡᠴᠢᠯᠡᠯᠲᠡ ᠬᠢᠬᠦ᠃ ᠬᠥᠳᠡᠭᠡ ᠲᠣᠰᠬᠤᠨ ᠤ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠪᠠᠷ ᠳᠠᠮᠵᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ᠂ | ᠥᠷᠭᠡᠨ ᠣᠯᠠᠨ ᠲᠠᠷᠢᠶᠠᠴᠢᠨ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯ ᠴᠣᠭᠴᠠ ᠮᠥᠨ᠂ | ᠡᠷᠬᠡᠪᠰᠢ ᠲᠡᠳᠡᠨ ᠤ ᠢᠳᠡᠪᠬᠢᠵᠢᠯ ᠢ ᠭᠦᠢᠴᠡᠳ ᠳᠠᠶᠢᠴᠢᠯᠠᠵᠤ᠂ ᠲᠡᠳᠡᠨ ᠢ ᠥᠭᠡᠷᠡᠴᠢᠯᠡᠯᠲᠡ ᠳᠤ ᠢᠳᠡᠪᠬᠢᠲᠡᠢ | ᠣᠷᠣᠯᠴᠠᠭᠤᠯᠬᠤ ᠶᠢᠨ ᠬᠠᠮᠲᠤ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠨᠡᠩ ᠰᠠᠶᠢᠲᠤᠷ ᠡᠳ᠋ᠯᠡᠭᠦᠯᠭᠦ | ᠬᠡᠷᠡᠭᠲᠡᠢ᠃ | ᠰᠠᠶ᠋ᠢ ᠲᠠ ᠪᠠᠰᠠ ᠠᠮᠤ ᠪᠤᠳᠠᠭᠠᠨ ᠤ ᠠᠮᠤᠷ ᠲᠦᠪᠰᠢᠨ ᠤ ᠠᠰᠠᠭᠤᠳᠠᠯ ᠢ ᠳᠤᠷᠠᠳᠤᠭᠰᠠᠨ ᠪᠠᠶᠢᠨ᠎ᠠ᠃ ᠮᠠᠨ ᠤ | ᠤᠯᠤᠰ ᠤᠨ ᠠᠮᠤ ᠪᠤᠳᠠᠭᠠᠨ ᠤ ᠤᠨᠠᠯᠲᠠ 8 ᠵᠢᠯ ᠳᠠᠷᠠᠭᠠᠯᠠᠨ 1.3 ᠲᠦᠮᠡᠨ ᠳ᠋ᠦᠩᠰᠢᠭᠤᠷ ᠵᠢᠩ ᠢ ᠳᠠᠪᠠᠵᠤ᠂ | ᠶᠡᠷᠦᠩᠬᠡᠢ ᠳᠡᠭᠡᠨ ᠠᠮᠤ ᠪᠤᠳᠠᠭᠠᠨ ᠤ ᠠᠮᠤᠷ ᠲᠦᠪᠰᠢᠨ ᠪᠠᠲᠤᠯᠠᠭ᠎ᠠ ᠲᠠᠢ ᠶᠤᠮ᠂ ᠪᠢᠳᠡ ᠲᠠᠷᠢᠶᠠᠨ ᠭᠠᠵᠠᠷ ᠪᠠ ᠦᠷ᠎ᠡ | ᠡᠭᠦᠯᠳᠡᠷ ᠤᠨ ︽ᠬᠤᠶᠠᠷ ᠵᠠᠩᠭᠢᠯᠠᠭ᠎ᠠ︾ ᠶᠢ ᠴᠢᠩᠭ᠎ᠠ ᠠᠳᠬᠤᠵᠤ᠂ ᠠᠮᠤ ᠪᠤᠳᠠᠭᠠᠨ ᠤ ᠦᠢᠯᠡᠳᠪᠦᠷᠢᠯᠡᠯ ᠤᠨ | ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠠᠳᠡ ᠲᠠᠷᠢᠶᠠᠴᠢᠨ ᠨᠥᠬᠦᠳ ᠲᠤ ᠣᠨᠴᠠᠭᠠᠶᠢᠯᠠᠨ ᠭᠡᠯᠡᠭᠦ | ᠨᠢ᠄ ᠠᠮᠤ ᠪᠤᠳᠠᠭᠠᠨ ᠤ ᠦᠢᠯᠡᠳᠪᠦᠷᠢᠯᠡᠯ ᠢ ᠳᠡᠮᠵᠢᠭᠦ ᠵᠠᠰᠠᠭ ᠤᠨ ᠣᠷᠳᠣᠨ ᠤ ᠪᠤᠢ ᠪᠦᠬᠦᠢ ᠲᠥᠷᠥ ᠶᠢᠨ ᠪᠣᠳᠣᠯᠭ᠎ᠠ | ᠶᠢ ᠨᠡᠮᠡᠭᠳᠡᠭᠦᠯᠬᠦ ᠠᠴᠠ ᠪᠢᠰᠢ ᠬᠠᠰᠤᠭᠳᠠᠭᠤᠯᠬᠤ ᠦᠭᠡᠢ᠂ ᠣᠯᠠᠨ ᠢ ᠵᠣᠷᠢᠭᠵᠢᠭᠤᠯᠤᠨ ᠠᠮᠤ ᠪᠤᠳᠠᠭ᠎ᠠ ᠶᠢ ᠣᠯᠠᠨ | ᠲᠠᠷᠢᠭᠤᠯᠵᠤ᠂ ᠳᠤᠮᠳᠠᠳᠤ ᠤᠯᠤᠰ ᠤᠨ 14 ᠳ᠋ᠦᠩᠰᠢᠭᠤᠷ ᠭᠠᠷᠤᠢ ᠬᠥᠮᠥᠨ ᠤ ᠪᠤᠳᠠᠭᠠᠨ ᠠᠶᠠᠭ᠎ᠠ ᠶᠢ ᠥᠪᠡᠷ ᠤᠨ | ᠭᠠᠷ ᠲᠠᠭᠠᠨ ᠪᠠᠲᠤ ᠠᠳᠬᠤᠬᠤ ᠶᠢ ᠦᠨᠡᠨ ᠬᠦ ᠪᠠᠲᠤᠯᠠᠨ᠎ᠠ᠃ | ᠳᠤᠮᠳᠠᠳᠤ ᠤᠯᠤᠰ ᠲᠤ ᠰᠠᠭᠤᠭ᠎ᠠ ᠠᠷᠠᠪ ᠤᠨ ᠣᠳᠣᠨ ᠲᠧᠯᠸᠢᠰ ᠤᠨ ᠬᠤᠷᠢᠶ᠎ᠠ ᠶᠢᠨ ᠰᠤᠷᠪᠤᠯᠵᠢᠯᠠᠬᠴᠢ᠄ | ᠣᠳᠣᠬᠠᠨ ᠳᠤ ᠭᠠᠵᠠᠷ ᠣᠷᠣᠨ ᠤ ᠤᠯᠤᠰ ᠲᠥᠷᠥ ᠶᠢᠨ ᠮᠥᠷᠭᠦᠯᠳᠦᠭᠡᠨ ᠪᠠ ᠳᠡᠯᠡᠬᠡᠶᠢᠵᠢᠯᠲᠡ ᠶᠢ ᠦᠭᠡᠶᠢᠰᠭᠡᠭᠦ | ᠶᠠᠪᠤᠳᠠᠯ ᠬᠤᠷᠴᠠᠳᠴᠤ᠂ ᠳᠤᠮᠳᠠᠳᠤ ᠠᠮᠧᠷᠢᠺᠠ ᠶᠢᠨ ᠬᠠᠷᠢᠴᠠᠭ᠎ᠠ ᠪᠠᠴᠢᠮ ᠰᠢᠷᠦᠭᠦᠨ ᠮᠥᠷᠲᠡᠭᠡᠨ ᠡᠰᠡᠷᠭᠦᠴᠡᠯᠳᠦᠵᠦ | ᠪᠠᠶᠢᠨ᠎ᠠ᠂ ᠬᠡᠳᠦᠶᠢᠪᠡᠷ ᠳᠤᠮᠳᠠᠳᠤ ᠤᠯᠤᠰ ᠥᠭᠡᠷᠡᠴᠢᠯᠡᠯᠲᠡ ᠨᠡᠭᠡᠭᠡᠯᠲᠡ ᠶᠢ ᠡᠷᠡᠰ ᠭᠤᠶᠢᠪᠢᠰᠢ ᠦᠭᠡᠢ ᠪᠠᠷ | ᠠᠬᠢᠭᠤᠯᠬᠤ ᠶᠢ ᠴᠢᠬᠤᠯᠠᠴᠢᠯᠠᠭᠰᠠᠭᠠᠷ ᠢᠷᠡᠭᠰᠡᠨ ᠪᠤᠯᠪᠠᠴᠤ ᠭᠠᠳᠠᠭᠠᠳᠤ ᠪᠡᠯᠡ ᠶᠢᠨ ᠠᠵᠤ ᠠᠬᠤᠶᠢᠯᠠᠯ ᠭᠠᠳᠠᠭᠠᠳᠤ | ᠶᠢᠨ ᠠᠵᠤ ᠠᠬᠤᠶᠢᠯᠠᠯ ᠮᠥᠨ ᠯᠡ ᠰᠠᠨᠠᠭ᠎ᠠ ᠠᠮᠤᠷ ᠡᠵᠡᠩᠨᠡᠯᠲᠡ ᠬᠢᠵᠦ ᠳᠡᠶᠢᠯᠭᠦ ᠦᠭᠡᠢ ᠪᠠᠶᠢᠵᠤ᠂ ᠵᠠᠷᠢᠮ ᠨᠢ | ᠤᠬᠤᠷᠢᠨ ᠭᠠᠷᠬᠤ ᠶᠢ ᠪᠣᠳᠣᠯᠬᠢᠯᠠᠵᠤ ᠪᠠᠶᠢᠨ᠎ᠠ᠃ ᠲᠡᠭᠡᠪᠡᠯ᠂ ᠳᠤᠮᠳᠠᠳᠤ ᠤᠯᠤᠰ ᠤᠨ ᠭᠠᠳᠠᠭᠠᠳᠤ ᠨᠡᠭᠡᠭᠡᠯᠲᠡ ᠶᠢᠨ | ᠲᠥᠷᠥ ᠶᠢᠨ ᠪᠣᠳᠣᠯᠭ᠎ᠠ ᠳᠤ ᠬᠤᠪᠢᠷᠠᠯᠲᠠ ᠭᠠᠷᠤᠨ᠎ᠠ ᠤᠤ︖ ᠣᠳᠣᠬᠠᠨ ᠤ ᠳᠤᠮᠳᠠᠳᠤ ᠠᠮᠧᠷᠢᠺᠠ ᠶᠢᠨ ᠬᠠᠷᠢᠴᠠᠭ᠎ᠠ | ᠵᠢᠴᠢ ᠲᠡᠭᠦᠨ ᠤ ᠰᠠᠶᠢᠵᠢᠷᠠᠯᠲᠠ ᠶᠢᠨ ᠢᠷᠡᠭᠡᠳᠦᠢ ᠶᠢᠨ ᠬᠠᠨᠳᠤᠰᠢ ᠶᠢ ᠬᠡᠷᠬᠢᠨ ᠦᠵᠡᠵᠦ ᠪᠠᠶᠢᠬᠤ ᠪᠤᠢ︖ | ᠯᠢ ᠴᠢᠶᠠᠩ᠄ ᠡᠨᠡ ᠵᠢᠯ ᠪᠣᠯ ᠳᠤᠮᠳᠠᠳᠤ ᠤᠯᠤᠰ ᠤᠨ ᠥᠭᠡᠷᠡᠴᠢᠯᠡᠯᠲᠡ ᠨᠡᠭᠡᠭᠡᠯᠲᠡ ᠬᠢᠭᠰᠡᠨ 45 ᠵᠢᠯ ᠤᠨ | ᠣᠢ ᠪᠣᠯᠣᠨ᠎ᠠ᠂ ᠥᠭᠡᠷᠡᠴᠢᠯᠡᠯᠲᠡ ᠨᠡᠭᠡᠭᠡᠯᠲᠡ ᠨᠢ ᠳᠤᠮᠳᠠᠳᠤ ᠤᠯᠤᠰ ᠢ ᠬᠥᠭᠵᠢᠭᠦᠯᠦᠭᠰᠡᠨ ᠪᠥᠭᠡᠳ ᠳᠡᠯᠡᠬᠡᠢ ᠳ᠋ᠠᠬᠢᠨ | ᠢ ᠨᠥᠯᠥᠭᠡᠯᠡᠪᠡ᠃ ᠮᠢᠨᠤ ᠡᠵᠡᠮᠰᠢᠭᠰᠡᠨ ᠪᠠᠶᠢᠳᠠᠯ ᠠᠴᠠ ᠦᠵᠡᠪᠡᠯ᠂ ᠵᠣᠩᠬᠢᠯᠠᠬᠤ ᠣᠯᠠᠨ ᠲᠣᠭᠠᠨ ᠤ ᠭᠠᠳᠠᠭᠠᠳᠤ | ᠪᠡᠯᠡ ᠶᠢᠨ ᠠᠵᠤ ᠠᠬᠤᠶᠢᠯᠠᠯ ᠮᠥᠨ ᠯᠡ ᠳᠤᠮᠳᠠᠳᠤ ᠤᠯᠤᠰ ᠲᠠᠬᠢ ᠬᠥᠭᠵᠢᠯᠲᠡ ᠶᠢᠨ ᠢᠷᠡᠭᠡᠳᠦᠢ ᠳᠤ ᠢᠲᠡᠭᠡᠯ ᠲᠠᠢ | ᠪᠠᠶᠢᠵᠤ᠂ ᠨᠢᠳᠤᠨᠤᠨ ᠳᠤᠮᠳᠠᠳᠤ ᠤᠯᠤᠰ 1890 ᠭᠠᠷᠤᠢ ᠳ᠋ᠦᠩᠰᠢᠭᠤᠷ ᠳ᠋ᠣᠯᠯᠠᠷ ᠤᠨ ᠭᠠᠳᠠᠭᠠᠳᠤ ᠪᠡᠯᠡ ᠶᠢ | ᠬᠡᠷᠡᠭᠯᠡᠵᠦ᠂ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠦ᠂ ᠭᠤᠷᠪᠠᠨ ᠵᠢᠯ ᠤᠨ ᠡᠮᠦᠨᠡᠬᠢ ᠠᠴᠠ ᠪᠠᠷᠤᠭ 500 | ᠳ᠋ᠦᠩᠰᠢᠭᠤᠷ ᠳ᠋ᠣᠯᠯᠠᠷ ᠨᠡᠮᠡᠭᠳᠡᠵᠡᠢ᠃ ᠡᠨᠡ ᠨᠢ ᠳᠤᠮᠳᠠᠳᠤ ᠤᠯᠤᠰ ᠮᠥᠨ ᠬᠦ ᠪᠦᠭᠦ ᠪᠥᠮᠪᠥᠷᠴᠡᠭ ᠤᠨ ᠪᠡᠯᠡ | ᠣᠷᠣᠭᠤᠯᠤᠯᠲᠠ ᠶᠢᠨ ᠬᠠᠯᠠᠮᠰᠢᠯ ᠭᠠᠵᠠᠷ ᠪᠤᠯᠬᠤ ᠶᠢ ᠬᠠᠷᠠᠭᠤᠯᠵᠤ ᠪᠠᠶᠢᠨ᠎ᠠ᠃ | ᠭᠠᠳᠠᠭᠠᠳᠤ ᠨᠡᠭᠡᠭᠡᠯᠲᠡ ᠪᠣᠯ ᠮᠠᠨ ᠤ ᠦᠨᠳᠦᠰᠦᠨ ᠤᠯᠤᠰ ᠤᠨ ᠪᠣᠳᠣᠯᠭ᠎ᠠ ᠮᠥᠨ᠂ ᠭᠠᠳᠠᠭᠠᠳᠤ ᠪᠠᠶᠢᠳᠠᠯ | ᠶᠠᠭᠠᠬᠢᠵᠤ ᠬᠤᠪᠢᠷᠠᠭᠰᠠᠨ ᠴᠦ ᠪᠢᠳᠡ ᠴᠥᠮ ᠡᠷᠡᠰ ᠭᠤᠶᠢᠪᠢᠰᠢ ᠦᠭᠡᠢ ᠪᠠᠷ ᠤᠷᠤᠭᠰᠢ ᠠᠬᠢᠭᠤᠯᠬᠤ ᠪᠣᠯᠣᠨ᠎ᠠ᠃ | ᠪᠢ ᠠᠳᠡ ᠳᠤᠮᠳᠠᠳᠤ ᠤᠯᠤᠰ ᠤᠨ ᠣᠯᠠᠨ ᠤᠯᠤᠰ ᠤᠨ ᠭᠠᠳᠠᠭᠠᠳᠤ ᠣᠷᠣᠭᠤᠯᠤᠯᠲᠠ ᠶᠢᠨ ᠦᠵᠡᠰᠭᠦᠯᠡᠩ ᠤᠨ | ᠴᠤᠭᠯᠠᠭᠠᠨ ᠢ ᠣᠨᠴᠠᠭᠠᠶᠢᠯᠠᠨ ᠳᠤᠷᠠᠳᠤᠶ᠎ᠠ᠂ ᠡᠨᠡ ᠪᠣᠯ ᠳᠤᠮᠳᠠᠳᠤ ᠤᠯᠤᠰ ᠰᠠᠨᠠᠭᠠᠴᠢᠯᠠᠭ᠎ᠠ ᠠᠴᠠ ᠪᠠᠨ ᠳᠡᠯᠡᠬᠡᠢ | ᠳ᠋ᠠᠬᠢᠨ ᠲᠡᠶᠢᠰᠢ ᠵᠠᠬ᠎ᠠ ᠳᠡᠯᠭᠡᠭᠦᠷ ᠢᠶᠠᠨ ᠨᠡᠭᠡᠭᠡᠵᠦ᠂ ᠬᠥᠭᠵᠢᠯᠲᠡ ᠶᠢᠨ ᠠᠵᠠ ᠲᠣᠭᠢᠶᠠᠯ ᠢ ᠬᠠᠮᠲᠤ ᠪᠠᠷ ᠡᠳ᠋ᠯᠡᠭᠦ | ᠴᠢᠬᠤᠯᠠ ᠶᠡᠭᠡ ᠠᠷᠭ᠎ᠠ ᠬᠡᠮᠵᠢᠶ᠎ᠡ ᠪᠣᠯᠣᠨ᠎ᠠ᠂ ᠨᠢᠭᠡᠨᠲᠡ 5 ᠬᠤᠭᠤᠴᠠᠭ᠎ᠠ ᠦᠷᠭᠦᠯᠵᠢᠯᠡᠨ ᠡᠷᠭᠢᠯᠡᠵᠦ᠂ ᠬᠢᠵᠢᠭ ᠤᠨ | ᠪᠠᠶᠢᠳᠠᠯ ᠳᠤ ᠴᠦ ᠭᠡᠰᠡᠨ ᠲᠠᠰᠤᠯᠳᠠᠭᠰᠠᠨ ᠦᠭᠡᠢ ᠶᠤᠮ᠂ ᠨᠢᠳᠤᠨᠤᠨ 127 ᠤᠯᠤᠰ ᠪᠠ ᠭᠠᠵᠠᠷ ᠣᠷᠣᠨ ᠤ | 2800 ᠭᠠᠷᠤᠢ ᠠᠵᠤ ᠠᠬᠤᠶᠢᠯᠠᠯ ᠦᠵᠡᠰᠭᠦᠯᠡᠩ ᠤᠨ ᠴᠤᠭᠯᠠᠭᠠᠨ ᠳᠤ ᠣᠷᠣᠯᠴᠠᠬᠰᠠᠨ ᠪᠠᠶᠢᠨ᠎ᠠ᠃ ᠳᠤᠮᠳᠠᠳᠤ | ᠤᠯᠤᠰ ᠤᠨ ᠨᠡᠭᠡᠭᠡᠯᠲᠡᠲᠤ ᠲᠣᠮᠣ ᠵᠠᠬ᠎ᠠ ᠳᠡᠯᠭᠡᠭᠦᠷ ᠨᠢ ᠡᠯ᠎ᠡ ᠤᠯᠤᠰ ᠤᠨ ᠠᠵᠤ ᠠᠬᠤᠶᠢᠯᠠᠯ ᠤᠨ ᠬᠥᠭᠵᠢᠯᠲᠡ ᠶᠢᠨ | ᠴᠢᠬᠤᠯᠠ ᠠᠵᠠ ᠲᠣᠭᠢᠶᠠᠯ ᠪᠤᠯᠬᠤ ᠶᠢ ᠡᠨᠡ ᠬᠦ ᠦᠵᠡᠰᠭᠦᠯᠡᠩ ᠤᠨ ᠴᠤᠭᠯᠠᠭᠠᠨ ᠢ ᠠᠮᠵᠢᠯᠲᠠ ᠲᠠᠢ ᠡᠷᠭᠢᠯᠡᠭᠰᠡᠨ ᠨᠢ | ᠭᠦᠢᠴᠡᠳ ᠲᠣᠳᠣᠷᠬᠠᠶᠢᠯᠠᠵᠤ ᠪᠠᠶᠢᠨ᠎ᠠ᠃ | ᠡᠨᠡ ᠵᠢᠯ ᠪᠢᠳᠡ ᠪᠠᠰᠠ ᠥᠨᠳᠥᠷ ᠪᠠᠷᠢᠮᠵᠢᠶᠠᠲᠤ ᠤᠯᠠᠨ ᠤᠯᠤᠰ ᠤᠨ ᠠᠵᠤ ᠠᠬᠤᠢ ᠠᠷᠠᠯᠵᠢᠶᠠᠨ ᠤ ᠳᠦᠷᠢᠮ | ᠲᠠᠢ ᠵᠣᠯᠭᠠᠭᠤᠯᠵᠤ᠂ ᠨᠡᠭᠡᠭᠡᠯᠲᠡ ᠪᠠᠨ ᠤᠯᠠᠮ ᠴᠢᠨᠠᠭᠰᠢᠳᠠ ᠥᠷᠭᠡᠳᠬᠡᠨ᠎ᠡ᠃ ᠳᠤᠮᠳᠠᠳᠤ ᠤᠯᠤᠰ ᠤᠨ ᠨᠡᠭᠡᠭᠡᠯᠲᠡ | ᠬᠢᠬᠦ ᠡᠭᠦᠳᠡ ᠶᠠᠪᠤᠬᠤ ᠳᠤᠳᠤᠮ ᠲᠣᠮᠣ ᠨᠡᠭᠡᠭᠡᠭᠳᠡᠵᠦ᠂ ᠣᠷᠴᠢᠨ ᠲᠣᠭᠤᠷᠢᠨ ᠶᠠᠪᠤᠬᠤ ᠳᠤᠳᠤᠮ ᠰᠠᠶᠢᠵᠢᠷᠠᠵᠤ᠂ | ᠦᠢᠯᠡᠴᠢᠯᠡᠭᠡ ᠶᠠᠪᠤᠬᠤ ᠳᠤᠳᠤᠮ ᠰᠢᠯᠢᠳᠡᠭᠵᠢᠨ᠎ᠡ᠃ ᠨᠡᠭᠡᠭᠡᠯᠲᠡ ᠲᠠᠢ ᠳᠤᠮᠳᠠᠳᠤ ᠤᠯᠤᠰ ᠣᠯᠠᠨ ᠤ ᠪᠡᠯᠡ | ᠣᠷᠣᠭᠤᠯᠵᠤ ᠦᠢᠯᠡᠰ ᠪᠣᠰᠬᠠᠬᠤ ᠶᠢ ᠪᠠᠶᠠᠷᠯᠠᠨ ᠤᠭᠲᠤᠵᠤ ᠪᠠᠶᠢᠨ᠎ᠠ᠃ | ᠳᠤᠮᠳᠠᠳᠤ ᠠᠮᠧᠷᠢᠺᠠ ᠶᠢᠨ ᠬᠠᠷᠢᠴᠠᠭᠠᠨ ᠤ ᠪᠣᠳᠠᠲᠠᠢ ᠠᠰᠠᠭᠤᠳᠠᠯ ᠤᠨ ᠲᠤᠬᠠᠢ ᠭᠠᠳᠠᠭᠠᠳᠤ ᠶᠠᠪᠤᠳᠠᠯ ᠤᠨ | ᠶᠠᠮᠤᠨ ᠤ ᠰᠠᠶᠢᠳ ᠴᠢᠨ ᠭᠠᠩ ᠲᠦᠷᠦᠭᠦᠦ ᠬᠡᠳᠦᠨ ᠡᠳᠦᠷ ᠤᠨ ᠰᠤᠷᠪᠤᠯᠵᠢᠯᠠᠬᠴᠢᠳ ᠤᠨ ᠬᠤᠷᠠᠯ ᠳᠡᠭᠡᠷ᠎ᠡ ᠨᠢᠭᠡᠨᠲᠡ | ᠲᠣᠳᠣᠷᠬᠠᠶᠢᠯᠠᠨ ᠥᠭᠦᠯᠡᠵᠡᠢ᠂ ᠪᠢ ᠲᠠᠭᠢᠵᠤ ᠨᠣᠷᠱᠣᠬᠤ ᠦᠭᠡᠢ᠃ ᠣᠳᠣᠬᠠᠨ ᠤ ᠴᠢᠬᠤᠯᠠ ᠶᠠᠪᠤᠳᠠᠯ ᠪᠣᠯ ᠰᠢ ᠶᠢᠨ | ᠫᠢᠩ ᠲᠡᠷᠢᠭᠦᠯᠡᠭᠴᠢ ᠪᠣᠯᠣᠨ ᠪᠠᠶᠢᠳᠧᠨ ᠶᠡᠷᠦᠩᠬᠡᠶᠢᠯᠡᠭᠴᠢ ᠶᠢᠨ ᠨᠢᠳᠤᠨᠤᠨ ᠤ 11 ᠰᠠᠷ᠎ᠠ ᠳᠤ ᠠᠭᠤᠯᠵᠠᠯᠲᠠ ᠬᠢᠬᠦ | ᠦᠶ᠎ᠡ ᠳᠤ ᠲᠣᠬᠢᠷᠠᠯᠴᠠᠭᠰᠠᠨ ᠠᠯᠢ ᠣᠯᠠᠨ ᠴᠢᠬᠤᠯᠠ ᠬᠠᠮᠲᠤ ᠶᠢᠨ ᠲᠠᠨᠢᠯᠲᠠ ᠶᠢ ᠪᠣᠳᠠᠲᠠᠢ ᠲᠥᠷᠥ ᠶᠢᠨ ᠪᠣᠳᠣᠯᠭ᠎ᠠ | ᠪᠣᠯᠣᠨ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠬᠤ ᠶᠠᠪᠤᠳᠠᠯ ᠪᠣᠯᠣᠨ᠎ᠠ᠃ | ᠮᠢᠨᠤ ᠮᠡᠳᠡᠭᠦ ᠪᠠᠷ᠂ ᠡᠨᠡ ᠬᠡᠳᠦᠨ ᠵᠢᠯ ᠳᠤ ᠠᠮᠧᠷᠢᠺᠠ ᠶᠢᠨ ᠤᠯᠤᠰ ᠤᠨ ᠳᠣᠲᠣᠭᠠᠳᠤ ᠶᠢᠨ ᠵᠠᠷᠢᠮ ᠬᠥᠮᠥᠰ | ᠬᠤᠶᠠᠷ ᠤᠯᠤᠰ ᠤᠨ ︽ᠬᠠᠷᠢᠴᠠᠭ᠎ᠠ ᠪᠠᠨ ᠲᠠᠰᠤᠯᠬᠤ︾ ᠶᠠᠷᠢᠶ᠎ᠠ ᠬᠡᠯᠡᠯᠴᠡᠭᠡ ᠶᠢ ᠬᠥᠭᠡᠷᠭᠡᠳᠡᠵᠦ ᠪᠠᠶᠢᠨ᠎ᠠ᠂ | ᠵᠠᠷᠢᠮ ᠳᠠᠭᠠᠨ ᠪᠠᠰᠠ ᠮᠠᠰᠢ ᠶᠡᠭᠡ ᠬᠠᠯᠠᠮᠰᠢᠯ ᠪᠤᠯᠳᠠᠭ ᠪᠠᠶᠢᠨ᠎ᠠ᠂ ᠭᠡᠪᠡᠴᠦ ᠴᠣᠬᠤᠮ ᠬᠡᠳᠦᠢ ᠬᠥᠮᠥᠨ ᠡᠶᠢᠮᠦᠷᠬᠦ | ᠬᠥᠭᠡᠷᠭᠡᠳᠡᠯ ᠠᠴᠠ ᠦᠨᠡᠨ ᠬᠦ ᠠᠰᠢᠭ ᠭᠦᠷᠳᠡᠭᠦ ᠶᠢ ᠪᠢ ᠮᠡᠳᠡᠭᠦ ᠦᠭᠡᠢ ᠪᠠᠶᠢᠨ᠎ᠠ᠃ ᠳᠤᠮᠳᠠᠳᠤ ᠶᠢᠨ ᠲᠠᠯ᠎ᠠ ᠶᠢᠨ | ᠪᠦᠷᠢᠳᠬᠡᠯ ᠢ ᠦᠨᠳᠦᠰᠦᠯᠡᠪᠡᠯ᠂ ᠨᠢᠳᠤᠨᠤᠨ ᠳᠤᠮᠳᠠᠳᠤ ᠠᠮᠧᠷᠢᠺᠠ ᠶᠢᠨ ᠠᠷᠠᠯᠵᠢᠶᠠᠨ ᠤ ᠬᠡᠮᠵᠢᠶ᠎ᠡ 7600 | ᠳ᠋ᠦᠩᠰᠢᠭᠤᠷ ᠭᠠᠷᠤᠢ ᠳ᠋ᠣᠯᠯᠠᠷ ᠲᠤ ᠬᠦᠷᠴᠦ᠂ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃ ᠳᠤᠮᠳᠠᠳᠤ ᠠᠮᠧᠷᠢᠺᠠ | ᠬᠤᠶᠠᠷ ᠤᠯᠤᠰ ᠤᠨ ᠠᠵᠤ ᠠᠬᠤᠢ ᠬᠡᠨ ᠠᠯᠢᠨ ᠠᠴᠠ ᠪᠠᠨ ᠰᠠᠯᠵᠤ ᠴᠢᠳᠠᠬᠤ ᠦᠭᠡᠢ᠂ ᠬᠠᠷᠢᠯᠴᠠᠨ ᠪᠦᠷ ᠨᠦᠭᠦᠭᠡ | ᠡᠲᠡᠭᠡᠳ ᠤᠨ ᠢᠶᠠᠨ ᠬᠥᠭᠵᠢᠯᠲᠡ ᠠᠴᠠ ᠠᠰᠢᠭ ᠬᠦᠷᠲᠡᠵᠦ ᠪᠤᠢ᠃ ᠪᠢ ᠨᠢᠳᠤᠨᠤᠨ ᠶᠡᠬᠡᠩᠬᠢ ᠴᠠᠭ ᠲᠤ ᠱᠠᠩᠬᠠᠢ ᠳᠤ | ᠠᠵᠢᠯᠯᠠᠵᠤ᠂ ᠠᠮᠧᠷᠢᠺᠠ ᠶᠢᠨ ᠪᠡᠯᠡ ᠶᠢ ᠪᠠᠭᠲᠠᠭᠠᠭᠰᠠᠨ ᠴᠥᠭᠡᠨ ᠪᠤᠰᠤ ᠭᠠᠳᠠᠭᠠᠳᠤ ᠪᠡᠯᠡ ᠶᠢᠨ ᠠᠵᠤ ᠠᠬᠤᠶᠢᠯᠠᠯ | ᠤᠨ ᠳᠡᠭᠡᠳᠦ ᠲᠡᠰ ᠤᠨ ᠬᠠᠮᠢᠶᠠᠷᠤᠭᠴᠢ ᠲᠠᠢ ᠠᠭᠤᠯᠵᠠᠵᠤ ᠤᠴᠠᠷᠠᠭᠰᠠᠨ ᠶᠤᠮ᠂ ᠲᠡᠳᠡ ᠪᠦᠷ ᠨᠠᠳᠠ ᠳᠤ ᠱᠠᠩᠬᠠᠢ ᠶᠢ | ᠲᠣᠭᠤᠵᠤ᠂ ᠳᠤᠮᠳᠠᠳᠤ ᠤᠯᠤᠰ ᠢ ᠲᠣᠭᠤᠵᠤ᠂ ᠬᠠᠮᠲᠤᠷᠠᠯᠴᠠᠭ᠎ᠠ ᠶᠢᠨ ᠳᠤᠮᠳᠠ ᠠᠴᠠ ᠬᠠᠮᠲᠤ ᠪᠠᠷ ᠠᠰᠢᠭ ᠭᠦᠷᠳᠡᠭᠦ | ᠶᠢ ᠬᠦᠰᠡᠵᠦ ᠪᠠᠶᠢᠨ᠎ᠠ ᠭᠡᠵᠦ ᠬᠡᠯᠡᠪᠡ᠃ ᠡᠳᠡᠭᠡᠷ ᠨᠢ ᠴᠥᠮ ᠳᠤᠮᠳᠠᠳᠤ ᠠᠮᠧᠷᠢᠺᠠ ᠬᠠᠮᠲᠤᠷᠠᠨ ᠠᠵᠢᠯᠯᠠᠵᠤ ᠪᠤᠯᠬᠤ | ᠪᠥᠭᠡᠳ ᠬᠠᠮᠲᠤᠷᠠᠨ ᠠᠵᠢᠯᠯᠠᠬᠤ ᠴᠤ ᠶᠣᠰᠣᠲᠠᠢ ᠭᠡᠳᠡᠭ ᠢ ᠬᠠᠷᠠᠭᠤᠯᠵᠤ ᠪᠠᠶᠢᠨ᠎ᠠ᠃ ᠳᠤᠮᠳᠠᠳᠤ ᠠᠮᠧᠷᠢᠺᠠ | ᠬᠠᠮᠲᠤᠷᠠᠯᠴᠠᠭ᠎ᠠ ᠬᠢᠬᠦ ᠰᠠᠷᠠᠭᠤᠯ ᠢᠷᠡᠭᠡᠳᠦᠢ ᠲᠠᠢ᠃ ᠪᠦᠰᠡᠯᠡᠯᠲᠡ᠂ ᠳᠠᠷᠤᠯᠲᠠ ᠨᠢ ᠬᠡᠨ ᠳᠤ ᠴᠦ ᠠᠰᠢᠭ ᠦᠭᠡᠢ | ᠶᠤᠮ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ᠄ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ | ᠬᠠᠲᠠᠭᠤ ᠪᠡᠷᠬᠡ ᠬᠦᠨᠳᠦ ᠨᠦᠰᠡᠷ ᠡᠭᠦᠷᠭᠡ ᠳᠤ ᠲᠤᠯᠭᠠᠷᠠᠵᠤ᠂ ᠡᠯ᠎ᠡ ᠲᠠᠯ᠎ᠠ ᠶᠢᠨ ᠬᠢᠨ ᠴᠦ ᠮᠠᠰᠢ ᠥᠨᠳᠥᠷ ᠬᠦᠰᠡᠯ | ᠡᠷᠡᠮᠡᠯᠵᠡᠯ ᠲᠠᠯᠪᠢᠵᠤ ᠪᠠᠶᠢᠨ᠎ᠠ᠂ ᠡᠨᠡ ᠨᠢ ᠵᠠᠰᠠᠭ ᠤᠨ ᠣᠷᠳᠣᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ | ᠴᠢᠳᠠᠪᠤᠷᠢ᠂ ᠠᠵᠢᠯ ᠤᠨ ᠰᠤᠷᠲᠠᠯ ᠳᠤ ᠴᠥᠮ ᠰᠢᠨ᠎ᠡ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠰᠢᠨ᠎ᠡ ᠨᠢᠭᠡ | ᠬᠤᠭᠤᠴᠠᠭᠠᠨ ᠤ ᠵᠠᠰᠠᠭ ᠤᠨ ᠣᠷᠳᠣᠨ ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠲᠠᠯ᠎ᠠ ᠪᠠᠷ ᠶᠠᠮᠠᠷ | ᠶᠠᠮᠠᠷ ᠪᠣᠳᠣᠯᠬᠢᠯᠠᠯ ᠲᠠᠢ ᠪᠤᠶ︖ | ᠯᠢ ᠴᠢᠶᠠᠩ᠄ ᠲᠠᠨ ᠤ ᠬᠡᠯᠡᠭᠰᠡᠨ ᠰᠢᠭ ᠢᠶᠠᠷ᠂ ᠰᠢᠨ᠎ᠡ ᠡᠭᠦᠷᠭᠡ ᠬᠠᠷᠢᠭᠤᠴᠠᠯᠭ᠎ᠠ ᠪᠢᠳᠡᠨ ᠳᠤ ᠨᠠᠩ ᠥᠨᠳᠥᠷ | ᠰᠢᠨ᠎ᠡ ᠱᠠᠭᠠᠷᠳᠠᠯᠭ᠎ᠠ ᠳᠤᠷᠠᠳᠴᠠᠢ᠃ ᠪᠢᠳᠡ ᠰᠢᠨ᠎ᠡ ᠨᠢᠭᠡᠨ ᠡᠭᠡᠯᠵᠢ ᠶᠢᠨ ᠵᠠᠰᠠᠭ ᠤᠨ ᠣᠷᠳᠣᠨ ᠤ ᠪᠠᠶᠢᠭᠤᠯᠤᠮᠵᠢ | ᠶᠢᠨ ᠥᠭᠡᠷᠡᠴᠢᠯᠡᠯᠲᠡ ᠪᠠᠷ ᠲᠣᠭᠢᠶᠠᠯ ᠪᠣᠯᠭᠠᠨ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠪᠠᠨ | ᠦᠨᠡᠨ ᠬᠦ ᠴᠢᠩᠭᠠᠳᠬᠠᠵᠤ᠂ ᠡᠭᠦᠷᠭᠡ ᠴᠢᠳᠠᠪᠤᠷᠢ ᠪᠠᠨ ᠤᠯᠠᠮ ᠨᠢᠭᠡ ᠠᠯᠬᠤᠮ ᠬᠤᠪᠢᠷᠠᠭᠤᠯᠤᠨ᠂ ᠦᠷ᠎ᠡ | ᠪᠦᠲᠦᠮᠵᠢ ᠪᠠᠨ ᠳᠡᠭᠡᠭᠰᠢᠯᠡᠭᠦᠯᠵᠦ᠂ ᠰᠤᠷᠲᠠᠯ ᠢᠶᠠᠨ ᠰᠠᠶᠢᠵᠢᠷᠠᠭᠤᠯᠬᠤ ᠪᠠᠷ ᠲᠥᠯᠥᠪᠯᠡᠵᠦ ᠪᠠᠶᠢᠨ᠎ᠠ᠃ ᠳᠥᠷᠪᠡᠨ | ᠵᠦᠢᠯ ᠤᠨ ᠠᠵᠢᠯ ᠢ ᠲᠣᠪᠣᠶᠢᠮ᠎ᠠ ᠠᠳᠬᠤᠨ᠎ᠠ᠄ | ᠨᠢᠭᠡ ᠳᠤ᠂ ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ ᠶᠡᠬᠡᠪᠡᠷ ᠪᠠᠳᠠᠷᠠᠭᠤᠯᠤᠨ᠎ᠠ᠃ ᠣᠶᠢᠷ᠎ᠠ ᠳᠤ ᠨᠠᠮ ᠤᠨ | ᠲᠥᠪ ᠬᠤᠷᠢᠶ᠎ᠠ ᠠᠴᠠ ᠨᠢᠭᠡᠨᠲᠡ ᠲᠣᠳᠣᠷᠬᠠᠢ ᠱᠠᠭᠠᠷᠳᠠᠯᠭ᠎ᠠ ᠳᠤᠷᠠᠳᠴᠤ᠂ ᠲᠦᠷᠦ ᠶᠢᠨ ᠶᠠᠪᠤᠳᠠᠯ ᠤᠨ ᠬᠤᠷᠢᠶ᠎ᠠ | ᠲᠦᠷᠦᠭᠦᠯᠡᠨ ᠨᠠᠷᠢᠨ ᠬᠢᠨᠠᠮᠠᠭᠠᠢ ᠰᠠᠶᠢᠲᠤᠷ ᠠᠳᠬᠤᠵᠤ ᠨᠠᠶᠢᠳᠠᠪᠤᠷᠢᠵᠢᠭᠤᠯᠬᠤ ᠬᠡᠷᠡᠭᠲᠡᠢ ᠭᠡᠪᠡ᠃ ᠪᠢ ᠤᠷᠲᠤ | ᠬᠤᠭᠤᠴᠠᠭ᠎ᠠ ᠪᠠᠷ ᠣᠷᠣᠨ ᠨᠤᠲᠤᠭ ᠲᠤ ᠠᠵᠢᠯᠯᠠᠵᠤ᠂ ᠡᠨᠡ ᠲᠠᠯ᠎ᠠ ᠪᠠᠷ ᠮᠠᠰᠢ ᠭᠦᠨ ᠲᠥᠷᠥᠭᠳᠡᠯ ᠲᠠᠢ᠄ ᠠᠯᠪᠠᠨ | ᠭᠡᠷ ᠲᠤ ᠰᠠᠭᠤᠪᠠᠯ ᠲᠤᠯᠭᠠᠷᠠᠬᠤ ᠨᠢ ᠴᠥᠮ ᠠᠰᠠᠭᠤᠳᠠᠯ ᠪᠠᠶᠢᠳᠠᠭ᠂ ᠦᠨᠳᠦᠰᠦᠨ ᠱᠠᠲᠤᠨ ᠳᠤ ᠭᠦᠨᠵᠡᠭᠡᠶᠢᠷᠡᠪᠡᠯ | ᠠᠯᠢ ᠤᠯᠠᠨ ᠠᠷᠭ᠎ᠠ ᠣᠯᠳᠠᠳᠠᠭ᠃ ᠮᠡᠷᠭᠡᠳ ᠠᠷᠠᠳ ᠤᠨ ᠳᠤᠮᠳᠠ ᠪᠠᠶᠢᠳᠠᠭ᠃ ᠪᠢᠳᠡ ᠡᠯ᠎ᠡ ᠱᠠᠲᠤᠨ ᠤ ᠺᠠᠳ᠋ᠷᠴᠤᠳ | ᠤᠨ ᠡᠮᠦᠨ᠎ᠡ ᠹᠷᠣᠨᠲ ᠲᠤ ᠢᠯᠡᠭᠦᠬᠡᠨ ᠣᠴᠢᠬᠤ ᠶᠢ ᠠᠬᠢᠭᠤᠯᠵᠤ᠂ ᠬᠡᠷᠡᠭᠴᠡᠭᠡ ᠱᠠᠭᠠᠷᠳᠠᠯᠭ᠎ᠠ ᠶᠢ ᠠᠷᠠᠳ ᠠᠴᠠ | ᠠᠰᠠᠭᠤᠵᠤ᠂ ᠠᠷᠭ᠎ᠠ ᠪᠣᠳᠣᠯᠭ᠎ᠠ ᠶᠢ ᠠᠷᠠᠳ ᠠᠴᠠ ᠠᠰᠠᠭᠤᠵᠤ᠂ ᠠᠷᠠᠳ ᠤᠯᠠᠨ ᠠᠴᠠ ᠰᠤᠷᠤᠯᠴᠠᠵᠤ᠂ | ᠦᠨᠳᠦᠰᠦᠨ ᠱᠠᠲᠤ ᠶᠢ ᠦᠨᠡᠨ ᠬᠦ ᠬᠠᠪᠰᠤᠷᠤᠨ ᠪᠣᠳᠠᠲᠠᠢ ᠠᠰᠠᠭᠤᠳᠠᠯ ᠢ ᠨᠢ ᠰᠢᠢᠳᠪᠦᠷᠢᠯᠡᠵᠦ ᠥᠭᠭᠦ ᠬᠡᠷᠡᠭᠲᠡᠢ᠃ | ᠢᠯᠠᠩᠭᠤᠶ᠎ᠠ ᠤᠷᠳᠤ ᠬᠤᠭᠤᠴᠠᠭ᠎ᠠ ᠪᠠᠷ ᠲᠣᠮᠣ ᠪᠠᠶᠢᠭᠤᠯᠭ᠎ᠠ ᠳᠤ ᠠᠵᠢᠯᠯᠠᠵᠤ ᠪᠠᠶᠢᠭ᠎ᠠ ᠵᠠᠯᠠᠭᠤ ᠨᠥᠬᠦᠳ ᠦᠨᠳᠦᠰᠦᠨ | ᠱᠠᠲᠤᠨ ᠳᠤ ᠭᠦᠨᠵᠡᠭᠡᠶᠢᠷᠡᠵᠦ᠂ ᠦᠨᠳᠦᠰᠦᠨ ᠱᠠᠲᠤᠨ ᠳᠤ ᠰᠡᠳᠬᠢᠯ ᠬᠤᠯᠪᠣᠨ᠂ ᠤᠯᠠᠨ ᠲᠦᠮᠡᠨ ᠲᠠᠢ ᠨᠡᠩ | ᠣᠶᠢᠷᠠᠲᠤᠭᠰᠠᠨ ᠪᠠᠶᠢᠬᠤ ᠬᠡᠷᠡᠭᠲᠡᠢ᠃ | ᠬᠤᠶᠠᠷ ᠲᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ ᠵᠠᠰᠠᠭ | ᠤᠨ ᠣᠷᠳᠣᠨ ᠤ ᠠᠵᠢᠯ ᠢ ᠡᠷᠬᠡᠪᠰᠢ ᠬᠠᠤᠯᠢ ᠴᠠᠭᠠᠵᠠ ᠶᠢᠨ ᠪᠣᠷᠣ ᠲᠥᠯᠥᠪ ᠤᠨ ᠳᠣᠲᠣᠷ᠎ᠠ ᠶᠠᠪᠤᠭᠳᠠᠭᠤᠯᠵᠤ᠂ | ᠠᠯᠢᠪᠠ ᠵᠠᠰᠠᠭ ᠵᠠᠬᠢᠷᠭᠠᠨ ᠤ ᠠᠵᠢᠯᠯᠠᠭ᠎ᠠ ᠶᠢ ᠴᠥᠮ ᠬᠠᠤᠯᠢ ᠶᠢᠨ ᠦᠨᠳᠦᠰᠦᠯᠡᠯ ᠲᠠᠢ ᠪᠠᠶᠢᠯᠭᠠᠬᠤ ᠬᠡᠷᠡᠭᠲᠡᠢ᠃ | ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠤᠯᠠᠮ ᠴᠢᠨᠠᠭᠰᠢᠳᠠ ᠴᠢᠩᠭᠠᠳᠬᠠᠵᠤ᠂ ᠬᠠᠤᠯᠢᠵᠢᠯ ᠤᠨ | ᠰᠡᠳᠬᠢᠬᠦᠢ᠂ ᠬᠠᠤᠯᠢᠵᠢᠯ ᠤᠨ ᠠᠷᠭ᠎ᠠ ᠭᠡᠯᠪᠡᠷᠢ ᠪᠠᠷ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠᠨ ᠲᠠᠰᠤᠷᠠᠯᠲᠠ | ᠦᠭᠡᠢ ᠳᠡᠭᠡᠭᠰᠢᠯᠡᠭᠦᠯᠭᠦ ᠬᠡᠷᠡᠭᠲᠡᠢ᠃ | ᠭᠤᠷᠪᠠ ᠳᠤ᠂ ᠪᠦᠲᠦᠭᠡᠯᠴᠢ ᠴᠢᠨᠠᠷᠲᠠᠢ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠯ᠎ᠡ ᠱᠠᠲᠤᠨ | ᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠪᠠ ᠠᠯᠪᠠᠨ ᠠᠵᠢᠯᠲᠠᠳ ᠴᠥᠮ ᠦᠢᠯᠡᠴᠢᠯᠡᠬᠦ ᠤᠬᠠᠮᠰᠠᠷ᠂ | ᠬᠥᠭᠵᠢᠯᠲᠡ ᠶᠢᠨ ᠤᠬᠠᠮᠰᠠᠷ ᠲᠠᠢ ᠪᠠᠶᠢᠬᠤ ᠬᠡᠷᠡᠭᠲᠡᠢ᠂ ᠢᠯᠠᠩᠭᠤᠶ᠎ᠠ ᠬᠢᠨᠠᠨ ᠵᠥᠪᠰᠢᠶᠡᠷᠡᠬᠦ᠂ ᠬᠠᠮᠢᠶᠠᠷᠬᠤ ᠡᠭᠦᠷᠭᠡ | ᠴᠢᠳᠠᠪᠤᠷᠢ ᠪᠠᠨ ᠭᠦᠢᠴᠡᠳᠬᠡᠬᠦ ᠦᠶ᠎ᠡ ᠳᠤ ᠲᠣᠷᠣᠮᠰᠤᠯᠠᠭᠤᠷ ᠢ ᠯᠠ ᠭᠢᠰᠬᠢᠭᠡᠳ᠂ ᠲᠣᠰᠣ ᠨᠡᠮᠡᠭᠦ ᠪᠠᠨ ᠮᠠᠷᠲᠠᠵᠤ | ᠪᠤᠯᠬᠤ ᠦᠭᠡᠢ︔ ᠵᠦᠪᠭᠡᠨ ᠵᠠᠮ ᠤᠨ ᠬᠤᠷᠢᠭ᠎ᠠ ᠯᠡ ᠭᠠᠷᠭᠠᠵᠤ᠂ ᠵᠠᠮ ᠤᠨ ᠲᠡᠮᠳᠡᠭ ᠲᠠᠯᠪᠢᠬᠤ ᠦᠭᠡᠢ ᠪᠠᠶᠢᠵᠤ | ᠪᠤᠯᠬᠤ ᠦᠭᠡᠢ︔ ᠠᠯᠢᠪᠠ ᠶᠠᠪᠤᠳᠠᠯ ᠳᠤ ︽ᠬᠢᠪᠡᠯ ᠵᠣᠬᠢᠬᠤ ᠡᠰᠡᠬᠦ︾ ᠶᠢᠨ ᠦᠷᠳᠡᠭ ᠤᠨ ᠮᠠᠭᠠᠳᠯᠠᠯᠲᠠ ᠶᠢ | ᠢᠯᠡᠭᠦᠬᠡᠨ ᠬᠢᠬᠦ ᠬᠡᠷᠡᠭᠲᠡᠢ᠂ ᠵᠥᠪᠭᠡᠨ ᠳᠥᠭᠦᠮᠬᠡᠨ ᠢᠶᠠᠷ ︽ᠬᠢᠵᠦ ᠪᠤᠯᠬᠤ ᠡᠰᠡᠬᠦ︾ ᠶᠢᠨ ᠮᠡᠷᠭᠡᠵᠢᠯ ᠤᠨ | ᠮᠠᠭᠠᠳᠯᠠᠯᠲᠠ ᠬᠢᠵᠦ ᠪᠤᠯᠬᠤ ᠦᠭᠡᠢ᠃ ᠠᠯᠢᠪᠠ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠡᠰᠡᠷᠭᠦᠴᠡᠵᠦ᠂ | ᠵᠢᠩᠬᠢᠨᠢ ᠪᠦᠲᠦᠭᠡᠯᠴᠢ ᠴᠢᠳᠠᠪᠤᠷᠢ ᠲᠠᠢ ᠭᠦᠢᠴᠡᠳᠭᠡᠭᠴᠢ ᠪᠤᠯᠬᠤ ᠬᠡᠷᠡᠭᠲᠡᠢ᠃ | ᠳᠥᠷᠪᠡ ᠳᠤ᠂ ᠠᠷᠢᠭᠤᠨ ᠴᠢᠬᠡᠴᠢ ᠶᠢᠨ ᠬᠤᠷᠢᠭ᠎ᠠ ᠱᠤᠭᠤᠮ ᠢ ᠡᠷᠡᠰ ᠰᠠᠬᠢᠨ᠎ᠠ᠃ ᠪᠢᠳᠡ ᠢᠮᠠᠭᠲᠠ ᠴᠢᠩᠭ᠎ᠠ | ᠪᠠᠷᠢᠮᠵᠢᠶ᠎ᠠ᠂ ᠴᠢᠩᠭ᠎ᠠ ᠠᠷᠭ᠎ᠠ ᠬᠡᠮᠵᠢᠶ᠎ᠡ ᠪᠠᠷ ᠠᠷᠢᠭᠤᠨ ᠴᠢᠬᠡᠴᠢ ᠵᠠᠰᠠᠭ ᠤᠨ ᠣᠷᠳᠣᠨ ᠤ ᠪᠠᠶᠢᠭᠤᠯᠤᠯᠲᠠ ᠶᠢ | ᠰᠠᠶᠢᠲᠤᠷ ᠠᠳᠬᠤᠵᠤ᠂ ᠠᠯᠢᠪᠠ ᠢᠯᠵᠢᠷᠡᠯ ᠤᠨ ᠠᠵᠢᠯᠯᠠᠭ᠎ᠠ ᠶᠢ ᠥᠴᠥᠬᠡᠨ ᠴᠦ ᠠᠭᠤᠴᠢᠯᠠᠬᠤ ᠦᠭᠡᠢ᠃ ᠵᠠᠰᠠᠭ | ᠤᠨ ᠣᠷᠳᠣᠨ ᠤ ᠠᠵᠢᠯᠲᠠᠨ ᠨᠢᠭᠡᠪᠦᠷᠢ ᠴᠥᠮ ᠤᠬᠠᠮᠰᠠᠷ ᠠᠴᠠ ᠪᠠᠨ ᠬᠢᠨᠠᠯᠲᠠ ᠶᠢ ᠬᠦᠯᠢᠶᠡᠵᠦ᠂ ᠦᠨᠡᠨᠴᠢ | ᠰᠢᠳᠤᠷᠭᠤ᠂ ᠴᠡᠪᠡᠷ ᠴᠢᠬᠡᠴᠢ᠂ ᠬᠠᠷᠢᠭᠤᠴᠠᠯᠭ᠎ᠠ ᠲᠠᠢ ᠪᠠᠶᠢᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ | ᠰᠤᠷᠪᠤᠯᠵᠢᠯᠠᠬᠴᠢᠳ ᠤᠨ ᠬᠤᠷᠠᠯ ᠠᠷᠠᠳ ᠤᠨ ᠶᠡᠭᠡ ᠬᠤᠷᠠᠯ ᠤᠨ ᠲᠠᠩᠬᠢᠮ ᠤᠨ ᠭᠤᠷᠪᠠᠳᠤᠭᠠᠷ ᠳᠠᠪᠬᠤᠷᠯᠢᠭ | ᠤᠨ ᠠᠯᠲᠠᠨ ᠥᠩᠭᠡᠲᠦ ᠣᠷᠳᠣᠨ ᠳᠤ 80 ᠮᠢᠨᠦ᠋ᠲ ᠶᠠᠪᠤᠭᠳᠠᠵᠤ᠂ ᠳᠣᠲᠣᠭᠠᠳᠤ ᠭᠠᠳᠠᠭᠠᠳᠤ ᠶᠢᠨ 500 ᠭᠠᠷᠤᠢ | ᠰᠤᠷᠪᠤᠯᠵᠢᠯᠠᠬᠴᠢ ᠣᠷᠣᠯᠴᠠᠵᠠᠢ᠃ | |