| | ᠵᠠᠰᠠᠭ ᠤᠨ ᠣᠷᠳᠣᠨ ᠤ ᠠᠵᠢᠯ ᠤᠨ ᠢᠯᠡᠳᠬᠡᠯ | — 2023 ᠣᠨ ᠤ 3 ᠰᠠᠷ᠎ᠠ ᠶᠢᠨ 5 ᠤ ᠡᠳᠦᠷ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠡᠭᠡᠷ᠎ᠡ | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ | ᠲᠥᠯᠥᠭᠡᠯᠡᠭᠴᠢᠳ ᠠ᠋᠄ | ᠲᠣᠰ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠤᠨ ᠬᠤᠭᠤᠴᠠᠭ᠎ᠠ ᠤᠳᠠᠯ ᠦᠭᠡᠢ ᠳᠠᠭᠤᠰᠬᠤ | ᠭᠡᠵᠦ ᠪᠠᠶᠢᠨ᠎ᠠ᠃ ᠤᠳᠤ ᠪᠢ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠡᠮᠦᠨ᠎ᠡ ᠠᠴᠠ ᠶᠡᠭᠡ ᠬᠤᠷᠠᠯ ᠳᠤ ᠵᠠᠰᠠᠭ ᠤᠨ | ᠣᠷᠳᠣᠨ ᠤ ᠠᠵᠢᠯ ᠢᠶᠠᠨ ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠ ᠤᠤ᠂ ᠪᠦᠭᠦ ᠤᠯᠤᠰ ᠤᠨ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠳ ᠴᠦ ᠰᠠᠨᠠᠯ ᠢᠶᠠᠨ ᠳᠤᠷᠠᠳᠬᠤ ᠪᠣᠯᠪᠠ ᠤᠤ᠃ | ᠨᠢᠭᠡ᠂ ᠥᠩᠭᠡᠷᠡᠭᠰᠡᠨ ᠨᠢᠭᠡ ᠵᠢᠯ ᠪᠠ ᠲᠠᠪᠤᠨ ᠵᠢᠯ ᠤᠨ ᠠᠵᠢᠯ ᠤᠨ ᠡᠷᠭᠢᠴᠡᠭᠦᠯᠦᠯ | 2022 ᠣᠨ ᠪᠣᠯ ᠨᠠᠮ ᠪᠣᠯᠣᠨ ᠤᠯᠤᠰ ᠤᠨ ᠲᠡᠦᠬᠡᠨ ᠳᠡᠭᠡᠷᠡᠬᠢ ᠲᠤᠶᠢᠯ ᠤᠨ ᠴᠢᠬᠤᠯᠠ ᠨᠢᠭᠡ ᠵᠢᠯ | ᠪᠣᠯᠣᠨ᠎ᠠ᠃ ᠨᠠᠮ ᠤᠨ ᠬᠤᠷᠢᠳᠤᠭᠠᠷ ᠶᠡᠭᠡ ᠬᠤᠷᠠᠯ ᠢᠯᠠᠯᠲᠠ ᠲᠠᠢ ᠪᠠᠷ ᠬᠤᠷᠠᠯᠳᠤᠵᠤ᠂ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠠᠤᠭ᠎ᠠ ᠵᠢᠷᠤᠭ ᠲᠥᠰᠥᠪ ᠢ ᠵᠢᠷᠤᠭᠯᠠᠪᠠ᠃ | ᠰᠠᠯᠬᠢ ᠳᠠᠪᠠᠯᠭᠠᠨ ᠶᠡᠬᠡᠲᠡᠢ ᠣᠯᠠᠨ ᠤᠯᠤᠰ ᠤᠨ ᠣᠷᠴᠢᠨ ᠨᠥᠬᠦᠴᠡᠯ ᠪᠣᠯᠣᠨ ᠤᠯᠤᠰ ᠤᠨ ᠳᠣᠲᠣᠭᠠᠳᠤ ᠶᠢᠨ | ᠥᠭᠡᠷᠡᠴᠢᠯᠡᠯᠲᠡ ᠬᠢᠬᠦ ᠬᠥᠭᠵᠢᠭᠦᠯᠬᠦ ᠲᠣᠭᠲᠠᠭᠤᠨ ᠪᠠᠶᠢᠯᠭᠠᠬᠤ ᠬᠠᠲᠠᠭᠤ ᠪᠡᠷᠬᠡ ᠡᠭᠦᠷᠭᠡ ᠶᠢᠨ ᠡᠮᠦᠨ᠎ᠡ᠂ ᠰᠢ ᠶᠢᠨ | ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠪᠦᠭᠦ ᠤᠯᠤᠰ ᠤᠨ ᠦᠨᠳᠦᠰᠦᠲᠡᠨ ᠨᠦᠭᠦᠳ ᠤᠨ | ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠦᠴᠢᠷ ᠢ ᠰᠥᠷᠦᠨ ᠤᠷᠤᠭᠰᠢᠯᠠᠵᠤ᠂ ᠬᠢᠵᠢᠭ ᠢ ᠰᠡᠷᠭᠡᠶᠢᠯᠡᠵᠦ | ᠴᠢᠳᠠᠬᠤ᠂ ᠠᠵᠤ ᠠᠬᠤᠢ ᠶᠢ ᠲᠣᠭᠲᠠᠭᠤᠨ ᠪᠠᠶᠢᠯᠭᠠᠬᠤ᠂ ᠠᠮᠤᠷ ᠲᠦᠪᠰᠢᠨ ᠢᠶᠠᠷ ᠬᠥᠭᠵᠢᠭᠦᠯᠬᠦ ᠱᠠᠭᠠᠷᠳᠠᠯᠭ᠎ᠠ ᠶᠢ | ᠪᠦᠭᠦ ᠲᠠᠯ᠎ᠠ ᠪᠠᠷ ᠨᠠᠶᠢᠳᠠᠪᠤᠷᠢᠵᠢᠭᠤᠯᠤᠨ᠂ ᠬᠤᠷᠸ᠎ᠠ ᠲᠣᠬᠢᠷᠠᠭᠤᠯᠤᠯ ᠡᠵᠡᠮᠳᠡᠯ ᠤᠨ ᠡᠷᠴᠢᠮ ᠢ ᠴᠢᠩᠭᠠᠷᠠᠭᠤᠯᠵᠤ᠂ | ᠠᠵᠤ ᠠᠬᠤᠢ ᠶᠢᠨ ᠠᠵᠢᠯᠯᠠᠭᠠᠨ ᠢ ᠲᠣᠭᠲᠠᠭᠤᠨ ᠢᠶᠠᠷ ᠶᠠᠪᠤᠭᠳᠠᠭᠤᠯᠬᠤ᠂ ᠬᠥᠭᠵᠢᠯᠲᠡ ᠶᠢᠨ ᠶᠠᠰᠤ ᠴᠢᠨᠠᠷ ᠢ | ᠯᠠᠪᠳᠠᠭᠤᠨ ᠢᠶᠠᠷ ᠳᠡᠭᠡᠭᠰᠢᠯᠡᠭᠦᠯᠭᠦ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠪᠠᠲᠤᠯᠠᠬᠤ ᠶᠢ | ᠪᠡᠶᠡᠯᠡᠭᠦᠯᠦᠭᠡᠳ᠂ ᠮᠠᠨ ᠤ ᠤᠯᠤᠰ ᠤᠨ ᠬᠥᠭᠵᠢᠯᠲᠡ ᠲᠤᠶᠢᠯ ᠤᠨ ᠭᠢᠯᠪᠠᠷ ᠪᠤᠰᠤ ᠰᠢᠨ᠎ᠡ ᠠᠮᠵᠢᠯᠲᠠ ᠪᠦᠲᠦᠮᠵᠢ ᠶᠢ | ᠣᠯᠪᠠ᠃ | ᠥᠩᠭᠡᠷᠡᠭᠰᠡᠨ ᠨᠢᠭᠡ ᠵᠢᠯ ᠳᠤ᠂ ᠮᠠᠨ ᠤ ᠤᠯᠤᠰ ᠤᠨ ᠠᠵᠤ ᠠᠬᠤᠢ ᠶᠢᠨ ᠬᠥᠭᠵᠢᠯᠲᠡ ᠬᠢᠵᠢᠭ ᠤᠨ ᠪᠠᠶᠢᠳᠠᠯ | ᠵᠡᠷᠭᠡ ᠤᠯᠤᠰ ᠤᠨ ᠳᠣᠲᠣᠭᠠᠳᠤ ᠭᠠᠳᠠᠭᠠᠳᠤ ᠶᠢᠨ ᠤᠯᠠᠨ ᠳᠠᠪᠬᠤᠷ ᠵᠢᠱᠢᠯᠲᠡ ᠠᠴᠠ ᠳᠠᠪᠠᠭᠰᠠᠨ ᠬᠦᠴᠦᠨ | ᠵᠦᠢᠯ ᠤᠨ ᠳᠠᠭᠠᠷᠢᠯᠲᠠ ᠳᠤ ᠤᠴᠠᠷᠠᠪᠠ᠃ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ | ᠂ ᠪᠢᠳᠡ ᠬᠢᠵᠢᠭ ᠢ ᠰᠡᠷᠭᠡᠶᠢᠯᠡᠨ ᠬᠢᠵᠠᠭᠠᠷᠯᠠᠬᠤ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠥᠨᠳᠥᠷ | ᠪᠦᠲᠦᠮᠵᠢᠲᠡᠶ ᠪᠠᠷ ᠨᠢᠭᠡᠳᠦᠯᠲᠡᠢ ᠲᠥᠯᠥᠪᠯᠡᠵᠦ᠂ ᠸᠢᠷᠦ᠋ᠰ ᠤᠨ ᠬᠤᠪᠢᠷᠠᠯᠲᠠ ᠪᠣᠯᠣᠨ ᠬᠢᠵᠢᠭ ᠢ ᠰᠡᠷᠭᠡᠶᠢᠯᠡᠬᠦ | ᠪᠠᠶᠢᠳᠠᠯ ᠢ ᠦᠨᠳᠦᠰᠦᠯᠡᠨ᠂ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠰᠢᠯᠢᠳᠡᠭᠵᠢᠭᠦᠯᠦᠨ | ᠲᠣᠬᠢᠷᠠᠭᠤᠯᠪᠠ᠃ ᠠᠵᠤ ᠠᠬᠤᠢ ᠶᠢᠨ ᠰᠢᠨ᠎ᠡ ᠪᠠᠭᠤᠷᠠᠯᠲᠠ ᠶᠢᠨ ᠳᠠᠷᠤᠯᠲᠠ ᠶᠢᠨ ᠡᠮᠦᠨ᠎ᠡ᠂ ᠡᠷᠡᠰ ᠰᠢᠭᠤᠷᠬᠠᠢ ᠪᠠᠷ | ᠠᠷᠭᠠᠴᠠᠭᠠᠨ᠂ ᠴᠠᠭ ᠲᠤᠬᠠᠢ ᠳᠤᠨᠢ ᠲᠣᠬᠢᠷᠠᠭᠤᠯᠤᠨ ᠡᠵᠡᠮᠳᠡᠵᠦ᠂ ᠣᠷᠴᠢᠮ ᠤᠨ ᠵᠢᠯ ᠳᠤ ᠨᠥᠭᠡᠴᠡᠯᠡᠭᠰᠡᠨ | ᠲᠥᠷᠥ ᠶᠢᠨ ᠪᠣᠳᠣᠯᠭ᠎ᠠ ᠶᠢᠨ ᠪᠠᠭᠠᠵᠢ ᠶᠢ ᠬᠡᠷᠡᠭᠯᠡᠨ᠂ ᠨᠢᠭᠡᠨᠲᠡ ᠲᠣᠭᠲᠠᠭᠰᠠᠨ ᠲᠥᠷᠥ ᠶᠢᠨ ᠪᠣᠳᠣᠯᠭ᠎ᠠ ᠠᠷᠭ᠎ᠠ | ᠬᠡᠮᠵᠢᠶ᠎ᠡ ᠶᠢ ᠤᠷᠢᠳᠴᠢᠯᠠᠨ ᠬᠡᠷᠡᠭᠵᠢᠭᠦᠯᠵᠦ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ | ᠥᠭᠡᠷᠡᠴᠢᠯᠡᠯᠲᠡ ᠶᠢ ᠭᠤᠶᠢᠪᠢᠰᠢ ᠦᠭᠡᠢ ᠠᠬᠢᠭᠤᠯᠤᠨ᠂ ᠠᠵᠤ ᠠᠬᠤᠢ ᠶᠢ ᠲᠣᠭᠲᠠᠭᠤᠨ ᠪᠠᠶᠢᠯᠭᠠᠬᠤ ᠬᠠᠮ | ᠲᠥᠷᠥ ᠶᠢᠨ ᠪᠣᠳᠣᠯᠭ᠎ᠠ ᠪᠣᠯᠣᠨ ᠵᠠᠯᠭᠠᠮᠵᠢ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ᠂ ᠠᠵᠤ ᠠᠬᠤᠢ ᠶᠢᠨ | ᠶᠡᠭᠡ ᠲᠠᠯ᠎ᠠ ᠶᠢ ᠲᠣᠭᠲᠠᠭᠤᠨ ᠪᠠᠶᠢᠯᠭᠠᠬᠤ ᠠᠵᠢᠯ ᠢ ᠪᠠᠶᠢᠷᠢᠯᠠᠭᠤᠯᠤᠨ᠂ ᠣᠷᠣᠨ ᠨᠤᠲᠤᠭ ᠤᠨ ᠬᠢᠨ ᠤ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠬᠢᠨᠠᠨ ᠵᠢᠯᠤᠭᠤᠳᠬᠤ ᠪᠠ ᠲᠡᠭᠦᠨ ᠳᠤ ᠦᠢᠯᠡᠴᠢᠯᠡᠬᠦ ᠪᠠᠨ ᠴᠢᠩᠭᠠᠳᠬᠠᠵᠤ᠂ | ᠡᠯ᠎ᠡ ᠭᠠᠵᠠᠷ ᠤᠨ ᠬᠢᠨ ᠤ ᠲᠥᠷᠥ ᠶᠢᠨ ᠪᠣᠳᠣᠯᠭ᠎ᠠ ᠶᠢᠨ ᠳᠠᠯᠳᠠ ᠬᠦᠴᠦᠨ ᠢ ᠠᠭᠤᠳᠠᠯᠬᠤ ᠪᠠᠷ ᠳᠡᠮᠵᠢᠨ᠂ ᠠᠵᠤ | ᠠᠬᠤᠢ ᠶᠢᠨ ᠲᠣᠮᠣ ᠮᠤᠵᠢ ᠶᠢᠨ ᠵᠣᠷᠢᠭᠲᠠᠢ ᠪᠠᠷ ᠬᠦᠨᠳᠦ ᠡᠭᠦᠷᠭᠡ ᠡᠭᠦᠷᠭᠡᠯᠡᠬᠦ ᠶᠢ ᠳᠠᠮᠵᠢᠵᠤ᠂ ᠨᠡᠮᠡᠭᠳᠡᠯ ᠢ | ᠲᠣᠭᠲᠠᠭᠤᠨ ᠪᠠᠶᠢᠯᠭᠠᠬᠤ᠂ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ᠂ ᠪᠠᠷᠠᠭᠠᠨ ᠤ ᠦᠨ᠎ᠡ ᠶᠢ ᠲᠣᠭᠲᠠᠭᠤᠨ | ᠪᠠᠶᠢᠯᠭᠠᠬᠤ ᠶᠢ ᠲᠣᠪᠤᠶᠢᠯᠭᠠᠨ᠂ ᠠᠵᠤ ᠠᠬᠤᠢ ᠶᠢᠨ ᠲᠣᠭᠲᠠᠪᠤᠷᠢᠵᠢᠨ ᠰᠡᠷᠭᠦᠨ ᠳᠡᠭᠡᠭᠰᠢᠯᠡᠬᠦ ᠶᠢ ᠠᠬᠢᠭᠤᠯᠪᠠ᠃ ᠪᠦᠭᠦ | ᠵᠢᠯ ᠤᠨ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠭᠦ ᠥᠷᠲᠡᠭ 3% ᠪᠠᠷ ᠨᠡᠮᠡᠭᠳᠡᠵᠦ᠂ ᠬᠤᠲᠠ | ᠪᠠᠯᠭᠠᠰᠤᠨ ᠳᠤ ᠠᠵᠢᠯ ᠣᠯᠣᠭᠰᠠᠨ ᠬᠥᠮᠥᠨ 1206 ᠲᠦᠮᠡ ᠰᠢᠨ᠎ᠡ ᠪᠠᠷ ᠨᠡᠮᠡᠭᠳᠡᠵᠦ᠂ ᠵᠢᠯ ᠤᠨ ᠡᠴᠦᠰ ᠤᠨ | ᠬᠤᠳᠠ ᠪᠠᠯᠭᠠᠰᠤᠨ ᠤ ᠪᠠᠶᠢᠴᠠᠭᠠᠭᠰᠠᠨ ᠠᠵᠢᠯ ᠠᠯᠳᠠᠯᠲᠠ ᠶᠢᠨ ᠨᠤᠷᠮ᠎ᠠ 5.5% ᠪᠤᠯᠲᠠᠯ᠎ᠠ ᠪᠠᠭᠤᠷᠠᠵᠤ᠂ ᠰᠠᠭᠤᠭᠠᠯᠢ | ᠠᠷᠠᠳ ᠤᠨ ᠬᠡᠷᠡᠭᠯᠡᠭᠡ ᠶᠢᠨ ᠦᠨ᠎ᠡ 2% ᠢᠶᠠᠷ ᠥᠰᠪᠡ᠃ ᠡᠳ᠋ ᠪᠠᠷᠠᠭᠠᠨ ᠤ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠭᠰᠠᠨ ᠶᠡᠷᠦᠩᠬᠡᠢ ᠲᠤᠭ᠎ᠠ 7.7% ᠪᠠᠷ ᠨᠡᠮᠡᠭᠳᠡᠪᠡ᠃ ᠡᠳ᠋ ᠤᠨ ᠵᠠᠰᠠᠭ ᠤᠨ ᠤᠯᠠᠭᠠᠨ | ᠲᠤᠭ᠎ᠠ ᠶᠢᠨ ᠨᠤᠷᠮ᠎ᠠ ᠶᠢ 2.8% ᠪᠠᠷ ᠬᠢᠵᠠᠭᠠᠷᠯᠠᠵᠤ᠂ ᠲᠥᠪ ᠤᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ | ᠲᠥᠰᠥᠪ ᠲᠤ ᠨᠡᠶᠢᠴᠡᠵᠦ᠂ ᠵᠠᠷᠤᠯᠭ᠎ᠠ ᠵᠢᠭᠠᠬᠠᠨ ᠦᠯᠡᠳᠡᠪᠦᠷᠢ ᠲᠠᠢ ᠪᠣᠯᠪᠠ᠃ ᠤᠯᠤᠰ ᠤᠨ ᠬᠤᠭᠤᠷᠣᠨᠳᠣᠭᠢ | ᠣᠷᠣᠯᠭ᠎ᠠ ᠵᠠᠷᠤᠯᠭ᠎ᠠ ᠲᠡᠩᠴᠡᠭᠦᠷᠢᠲᠡᠢ ᠪᠠᠶᠢᠵᠤ᠂ ᠠᠷᠠᠳ ᠤᠨ ᠵᠣᠭᠤᠰᠤᠨ ᠤ ᠭᠤᠪᠢᠭᠤᠯᠭ᠎ᠠ ᠶᠢᠨ ᠨᠤᠷᠮ᠎ᠠ ᠪᠦᠭᠦ | ᠪᠥᠮᠪᠥᠷᠴᠡᠭ ᠤᠨ ᠭᠤᠣᠯ ᠭᠤᠣᠯ ᠵᠣᠭᠤᠰᠤᠨ ᠤ ᠳᠣᠲᠣᠷ᠎ᠠ ᠬᠠᠷᠢᠴᠠᠩᠭᠤᠢ ᠪᠠᠷ ᠲᠣᠭᠲᠠᠭᠤᠨ ᠪᠠᠶᠢᠨ᠎ᠠ᠃ ᠠᠮᠤ | ᠪᠤᠳᠠᠭᠠᠨ ᠤ ᠤᠨᠠᠯᠲᠠ 1.37 ᠲᠦᠮᠡᠨ ᠳ᠋ᠦᠩᠰᠢᠭᠤᠷ ᠵᠢᠩ ᠳᠤ ᠬᠦᠷᠴᠦ᠂ 74 ᠳ᠋ᠦᠩᠰᠢᠭᠤᠷ ᠵᠢᠩ ᠨᠡᠮᠡᠭᠳᠡᠪᠡ᠃ | ᠠᠮᠢ ᠠᠬᠤᠢ ᠶᠢᠨ ᠣᠷᠴᠢᠨ ᠨᠥᠬᠦᠴᠡᠯ ᠤᠨ ᠶᠠᠰᠤ ᠴᠢᠨᠠᠷ ᠦᠷᠭᠦᠯᠵᠢᠯᠡᠨ ᠰᠠᠶᠢᠵᠢᠷᠠᠪᠠ᠃ ᠪᠢᠳᠡ ᠬᠦᠴᠢᠷ ᠢ | ᠲᠤᠭᠤᠯᠤᠨ ᠪᠡᠷᠬᠡ ᠶᠢ ᠳᠠᠪᠠᠭ᠋ᠤ ᠳᠤᠮᠳᠠ ᠠᠵᠤ ᠠᠬᠤᠢ ᠶᠢᠨ ᠶᠡᠭᠡ ᠲᠠᠯ᠎ᠠ ᠶᠢ ᠲᠣᠭᠲᠠᠪᠤᠷᠢᠵᠢᠭᠤᠯᠤᠨ᠂ ᠨᠠᠷᠢᠨ | ᠪᠤᠳᠤᠯᠢᠶᠠᠨᠲᠠᠢ ᠪᠥᠭᠡᠳ ᠬᠤᠪᠢᠷᠠᠯᠲᠠ ᠶᠡᠬᠡᠲᠡᠢ ᠣᠷᠴᠢᠨ ᠨᠥᠬᠦᠴᠡᠯ ᠳᠤ ᠪᠦᠭᠦ ᠵᠢᠯ ᠤᠨ ᠬᠥᠭᠵᠢᠯᠲᠡ ᠶᠢᠨ ᠭᠤᠣᠯ | ᠭᠤᠣᠯ ᠬᠠᠷᠠᠯᠲᠠ ᠡᠭᠦᠷᠭᠡ ᠶᠢ ᠦᠨᠳᠦᠰᠦᠨ ᠳᠡᠭᠡᠨ ᠪᠡᠶᠡᠯᠡᠭᠦᠯᠵᠦ᠂ ᠮᠠᠨ ᠤ ᠤᠯᠤᠰ ᠤᠨ ᠠᠵᠤ ᠠᠬᠤᠢ ᠡᠷᠡᠰ | ᠴᠢᠩᠭ᠎ᠠ ᠤᠶᠠᠨ ᠬᠠᠳᠠᠨ ᠴᠢᠨᠠᠷ ᠢᠶᠠᠨ ᠢᠯᠡᠷᠡᠭᠦᠯᠦᠭᠰᠡᠨ ᠪᠠᠶᠢᠨ᠎ᠠ᠃ | ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠬᠦᠴᠢᠷᠳᠡᠯ ᠰᠢᠷᠦᠭᠦᠰᠦᠭᠰᠡᠨ ᠪᠠᠶᠢᠳᠠᠯ ᠳᠤ | ᠴᠢᠭᠯᠡᠭᠦᠯᠦᠨ᠂ ᠬᠦᠴᠢᠷᠳᠡᠯ ᠢ ᠨᠢ ᠰᠢᠢᠳᠪᠦᠷᠢᠯᠡᠨ ᠳᠡᠮᠵᠢᠭᠦ ᠡᠷᠴᠢᠮ ᠢᠶᠠᠨ ᠴᠢᠩᠭᠠᠷᠠᠭᠤᠯᠪᠠ᠃ ᠬᠢᠵᠢᠭ ᠤᠨ ᠪᠠᠶᠢᠳᠠᠯ | ᠵᠡᠷᠭᠡ ᠬᠦᠴᠦᠨ ᠵᠦᠢᠯ ᠤᠨ ᠳᠠᠭᠠᠷᠢᠯᠲᠠ ᠠᠴᠠ ᠪᠣᠯᠵᠤ᠂ ᠴᠥᠭᠡᠨ ᠪᠤᠰᠤ ᠠᠵᠤ ᠠᠬᠤᠶᠢᠯᠠᠯ ᠪᠣᠯᠣᠨ ᠬᠤᠪᠢ ᠶᠢᠨ | ᠦᠢᠯᠡᠳᠪᠦᠷᠢ ᠬᠤᠳᠠᠯᠳᠤᠭᠠᠨ ᠤ ᠡᠷᠦᠭᠡ ᠣᠨᠴᠠᠭᠠᠶ ᠬᠦᠴᠢᠷᠳᠡᠯ ᠳᠤ ᠲᠤᠯᠭᠠᠷᠠᠪᠠ᠃ ᠪᠦᠭᠦ ᠵᠢᠯ ᠳᠤ ᠦᠷᠳᠡᠭ | ᠨᠡᠮᠡᠭᠳᠡᠯ ᠤᠨ ᠭᠠᠶᠢᠯᠢ ᠶᠢᠨ ᠦᠯᠡᠳᠡᠭᠰᠡᠨ ᠰᠠᠭᠤᠳᠬᠠᠯ ᠭᠠᠶᠢᠯᠢ ᠶᠢ ᠪᠤᠴᠠᠭᠠᠭᠰᠠᠨ ᠲᠤᠭ᠎ᠠ 2.4 ᠲᠦᠮᠡᠨ | ᠳ᠋ᠦᠩᠰᠢᠭᠤᠷ ᠲᠥᠭᠦᠷᠢᠭ ᠢ ᠳᠠᠪᠠᠵᠤ᠂ ᠰᠢᠨ᠎ᠡ ᠪᠠᠷ ᠨᠡᠮᠡᠭᠳᠡᠭᠰᠡᠨ ᠭᠠᠶᠢᠯᠢ ᠬᠥᠩᠭᠡᠯᠡᠵᠦ ᠰᠦᠢᠳᠬᠡᠯ | ᠪᠠᠭᠤᠷᠠᠭᠤᠯᠤᠭᠰᠠᠨ ᠲᠤᠭ᠎ᠠ ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ᠂ ᠭᠠᠶᠢᠯᠢ ᠰᠦᠢᠳᠬᠡᠯ ᠢ | ᠬᠤᠶᠢᠰᠢᠯᠠᠭᠤᠯᠤᠭᠰᠠᠨ ᠲᠤᠭ᠎ᠠ 7500 ᠭᠠᠷᠤᠢ ᠳ᠋ᠦᠩᠰᠢᠭᠤᠷ ᠲᠥᠭᠦᠷᠢᠭ ᠲᠤ ᠭᠦᠷᠪᠡ᠃ ᠭᠠᠶᠢᠯᠢ ᠬᠥᠩᠭᠡᠯᠡᠵᠦ | ᠰᠦᠢᠳᠬᠡᠯ ᠪᠠᠭᠤᠷᠠᠭᠤᠯᠬᠤ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠬᠦᠴᠦᠲᠡᠢ ᠳᠡᠮᠵᠢᠭᠦ ᠶᠢᠨ | ᠲᠥᠯᠥᠭᠡ᠂ ᠲᠥᠪ ᠠᠴᠠ ᠣᠷᠣᠨ ᠨᠤᠲᠤᠭ ᠲᠤ ᠰᠢᠯᠵᠢᠭᠦᠯᠦᠨ ᠥᠭᠬᠦ ᠪᠠᠨ ᠶᠡᠭᠡ ᠪᠠᠷ ᠨᠡᠮᠡᠭᠳᠡᠭᠦᠯᠪᠡ᠃ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠢᠲᠡᠭᠡᠮᠵᠢᠲᠦ ᠵᠢᠭᠡᠯᠡᠯᠭᠡ ᠲᠠᠯᠪᠢᠬᠤ ᠬᠡᠮᠵᠢᠶ᠎ᠡ ᠶᠢ ᠨᠢ | ᠨᠡᠮᠡᠭᠳᠡᠭᠦᠯᠦᠨ᠂ ᠪᠡᠯᠡ ᠲᠣᠬᠢᠷᠠᠭᠤᠯᠬᠤ ᠥᠪᠡᠷ ᠤᠨ ᠥᠷᠲᠡᠭ ᠢ ᠪᠠᠭᠤᠷᠠᠭᠤᠯᠵᠤ᠂ ᠰᠢᠨ᠎ᠡ ᠪᠠᠷ ᠲᠠᠯᠪᠢᠭᠰᠠᠨ ᠠᠵᠤ | ᠠᠬᠤᠶᠢᠯᠠᠯ ᠤᠨ ᠵᠢᠭᠡᠯᠡᠯᠭᠡ ᠶᠢᠨ ᠳᠤᠮᠳᠠᠴᠢ ᠬᠦᠦ ᠮᠥᠩᠭᠦ ᠶᠢᠨ ᠨᠣᠷᠮ᠎ᠠ ᠶᠢ ᠪᠦᠷᠢᠳᠬᠡᠯ ᠲᠠᠢ ᠪᠣᠯᠤᠭᠰᠠᠨ ᠠᠴᠠ | ᠨᠠᠭᠠᠰᠢᠬᠢ ᠬᠠᠮᠤᠭ ᠤᠨ ᠳᠣᠣᠷ᠎ᠠ ᠬᠡᠮᠵᠢᠶᠡᠨ ᠳᠤ ᠭᠦᠷᠲᠡᠯ᠎ᠡ ᠪᠠᠭᠤᠷᠠᠭᠤᠯᠤᠨ᠂ ᠬᠢᠵᠢᠭ ᠲᠤ ᠬᠦᠨᠳᠦ ᠨᠣᠴᠢᠲᠠᠢ | ᠨᠥᠯᠥᠭᠡᠯᠡᠭᠳᠡᠭᠰᠡᠨ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ | ᠡᠷᠦᠭᠡ ᠪᠠ ᠢᠳᠡᠭᠡᠨ ᠤᠮᠳᠠᠭᠠᠨ᠂ ᠵᠢᠭᠤᠯᠴᠢᠯᠠᠯ᠂ ᠪᠠᠷᠠᠭ᠎ᠠ ᠲᠡᠭᠡᠭᠡᠪᠦᠷᠢ ᠵᠡᠷᠭᠡ ᠳᠤ ᠵᠢᠭᠡᠯᠡᠯᠭᠡ ᠶᠢᠨ ᠡᠬᠡ ᠬᠦᠦ ᠶᠢ | ᠬᠤᠶᠢᠰᠢᠯᠠᠭᠤᠯᠤᠨ ᠲᠦᠯᠦᠭᠦ ᠶᠢ ᠱᠠᠲᠤ ᠦᠶᠡᠴᠢ ᠴᠢᠨᠠᠷᠲᠠᠢ ᠪᠠᠷ ᠬᠡᠷᠡᠭᠵᠢᠭᠦᠯᠵᠦ᠂ ᠲᠦᠭᠡᠮᠡᠯ ᠬᠠᠷᠠᠭᠠᠯᠵᠠᠯᠲᠤ ᠵᠢᠵᠢᠭ | ᠪᠢᠴᠢᠯ ᠵᠢᠭᠡᠯᠡᠯᠭᠡ ᠶᠢᠨ ᠬᠦᠦ ᠮᠥᠩᠭᠦ ᠶᠢ ᠱᠠᠲᠤ ᠦᠶᠡᠴᠢ ᠴᠢᠨᠠᠷᠲᠠᠢ ᠪᠠᠷ ᠪᠠᠭᠤᠷᠠᠭᠤᠯᠪᠠ᠃ ᠥᠭᠡᠷᠡᠴᠢᠯᠡᠯᠲᠡ ᠶᠢᠨ | ᠠᠷᠭ᠎ᠠ ᠪᠠᠷ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠪᠡ᠃ ᠬᠡᠮᠵᠢᠶ᠎ᠡ ᠪᠠᠷ ᠶᠡᠭᠡ ᠬᠡᠪᠴᠢᠶ᠎ᠡ ᠪᠠᠷ | ᠥᠷᠭᠡᠨ ᠳᠤᠮᠳᠠ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ | ᠨᠡᠶᠢᠳᠡᠮ ᠳᠡᠭᠡᠨ ᠠᠰᠢᠭ ᠭᠦᠷᠲᠡᠪᠡ᠃ | ᠪᠦᠲᠦᠮᠵᠢᠲᠡᠶ ᠬᠡᠷᠡᠭᠴᠡᠭᠡ ᠬᠦᠷᠦᠯᠴᠡᠬᠦ ᠦᠭᠡᠢ ᠪᠠᠶᠢᠬᠤ ᠲᠣᠪᠣᠶᠢᠮ᠎ᠠ ᠵᠥᠷᠢᠴᠡᠯ ᠳᠤ ᠴᠢᠭᠯᠡᠭᠦᠯᠦᠨ᠂ ᠤᠯᠠᠨ | ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠪᠡᠯᠡ ᠣᠷᠣᠭᠤᠯᠤᠯᠲᠠ ᠶᠢ ᠥᠷᠭᠡᠳᠬᠡᠵᠦ ᠬᠡᠷᠡᠭᠯᠡᠭᠡ ᠶᠢ ᠠᠬᠢᠭᠤᠯᠤᠨ | ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠪᠠ᠃ ᠨᠢᠳᠤᠨᠤᠨ ᠡᠴᠦᠰ ᠤᠨ ᠬᠡᠷᠡᠭᠯᠡᠭᠡ ᠰᠢᠭᠤᠳ ᠳᠠᠭᠠᠷᠢᠯᠲᠠ ᠳᠤ | ᠤᠴᠠᠷᠠᠵᠤ᠂ ᠪᠡᠯᠡ ᠣᠷᠣᠭᠤᠯᠤᠯᠲᠠ ᠴᠤ ᠨᠥᠯᠥᠭᠡᠯᠡᠭᠳᠡᠪᠡ᠃ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠦᠪᠵᠢᠭᠦᠯᠭᠡ ᠶᠢᠨ ᠬᠡᠰᠡᠭ ᠴᠢᠬᠤᠯᠠ ᠶᠡᠭᠡ ᠢᠨᠵᠧᠨᠧᠷᠢᠩ ᠤᠨ ᠲᠥᠰᠥᠯ ᠢ ᠤᠷᠢᠳᠴᠢᠯᠠᠨ ᠬᠡᠷᠡᠭᠵᠢᠭᠦᠯᠵᠦ᠂ | ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ ᠲᠠᠷᠬᠠᠭᠠᠨ | ᠬᠡᠷᠡᠭᠯᠡᠬᠦ ᠶᠢ ᠲᠦᠷᠭᠡᠳᠬᠡᠨ᠂ ᠲᠤᠰᠬᠠᠢ ᠵᠦᠢᠯ ᠤᠨ ᠥᠭᠴᠡᠭᠡ ᠶᠢᠨ ᠲᠠᠰᠤᠯᠤᠨ ᠪᠤᠳᠤᠬᠰᠠᠨ ᠦᠯᠡᠳᠡᠪᠦᠷᠢ ᠬᠢᠵᠠᠭᠠᠷ | ᠲᠤᠭ᠎ᠠ ᠶᠢ ᠬᠠᠤᠯᠢ ᠶᠣᠰᠣᠭᠠᠷ ᠠᠮᠢᠳᠤᠯᠢᠭ ᠪᠣᠯᠭᠠᠨ ᠰᠠᠶᠢᠲᠤᠷ ᠬᠡᠷᠡᠭᠯᠡᠵᠦ᠂ ᠲᠦᠷᠦ ᠶᠢᠨ ᠪᠣᠳᠣᠯᠭ᠎ᠠ ᠶᠢᠨ ᠴᠢᠨᠠᠷᠲᠠᠢ | ᠨᠡᠭᠡᠭᠡᠨ ᠬᠥᠭᠵᠢᠭᠦᠯᠬᠦ ᠴᠢᠨᠠᠷᠲᠠᠢ ᠮᠥᠩᠭᠦᠨ ᠭᠦᠢᠯᠭᠡᠭᠡᠨ ᠤ ᠪᠠᠭᠠᠵᠢ ᠶᠢ ᠬᠤᠶᠠᠷ ᠬᠤᠭᠤᠴᠠᠭ᠎ᠠ ᠬᠤᠪᠢᠶᠠᠨ 7400 | ᠳ᠋ᠦᠩᠰᠢᠭᠤᠷ ᠲᠥᠭᠦᠷᠢᠭ ᠲᠠᠯᠪᠢᠨ᠂ ᠴᠢᠬᠤᠯᠠ ᠶᠡᠭᠡ ᠲᠥᠰᠥᠯ ᠤᠨ ᠪᠦᠲᠦᠭᠡᠨ ᠪᠠᠶᠢᠭᠤᠯᠤᠯᠲᠠ ᠳᠤ ᠬᠥᠷᠥᠩᠭᠡ | ᠮᠥᠩᠭᠦ ᠨᠥᠬᠦᠪᠦᠷᠢᠯᠡᠪᠡ᠃ ᠲᠤᠰᠬᠠᠢ ᠵᠦᠢᠯ ᠤᠨ ᠳᠠᠭᠢᠨ ᠵᠢᠭᠡᠯᠡᠯᠭᠡ ᠥᠭᠬᠦ᠂ ᠡᠳ᠋ ᠤᠨ ᠵᠠᠰᠠᠭ ᠠᠴᠠ ᠳᠡᠮ ᠬᠦᠦ | ᠮᠥᠩᠭᠦ ᠥᠭᠬᠦ ᠵᠡᠷᠭᠡ ᠲᠥᠷᠥ ᠶᠢᠨ ᠪᠣᠳᠣᠯᠭ᠎ᠠ ᠶᠢ ᠬᠡᠷᠡᠭᠯᠡᠨ᠂ ᠭᠤᠣᠯᠳᠠᠯᠭ᠎ᠠ ᠲᠠᠢ ᠬᠦᠷᠢᠶᠡᠨ ᠤ ᠲᠤᠨᠤᠭ | ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ ᠶᠢ ᠳᠠᠮᠵᠢᠪᠡ᠃ ᠬᠠᠮᠲᠤᠷᠠᠨ ᠠᠵᠢᠯᠯᠠᠬᠤ᠂ ᠣᠷᠣᠨ ᠨᠤᠲᠤᠭ ᠠᠴᠠ | ᠠᠮᠠᠯᠠᠬᠤ ᠵᠡᠷᠭᠡ ᠠᠷᠭ᠎ᠠ ᠶᠢ ᠠᠪᠴᠤ᠂ ᠲᠥᠰᠥᠯ ᠢ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ | ᠪᠦᠭᠦ ᠵᠢᠯ ᠳᠤ ᠰᠠᠭᠤᠷᠢ ᠲᠥᠬᠦᠭᠡᠷᠦᠮᠵᠢ᠂ ᠦᠢᠯᠡᠳᠭᠦ ᠦᠢᠯᠡᠰ ᠤᠨ ᠪᠡᠯᠡ ᠣᠷᠣᠭᠤᠯᠤᠯᠲᠠ ᠲᠣᠰ ᠲᠣᠰ 9.4%᠂ | 9.1% ᠪᠠᠷ ᠨᠡᠮᠡᠭᠳᠡᠨ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠳᠠᠶᠢᠴᠢᠯᠠᠨ 5.1% ᠪᠠᠷ | ᠨᠡᠮᠡᠭᠳᠡᠭᠦᠯᠵᠦ᠂ ᠬᠡᠷᠡᠭᠯᠡᠭᠡ ᠪᠠᠭᠠᠰᠤᠭᠰᠠᠨ ᠳᠤᠲᠠᠭᠤᠳᠠᠯ ᠢ ᠵᠣᠬᠢᠬᠤ ᠬᠡᠮᠵᠢᠶ᠎ᠡ ᠪᠠᠷ ᠨᠥᠬᠦᠪᠦᠷᠢᠯᠡᠪᠡ᠃ ᠬᠡᠷᠡᠭᠯᠡᠭᠡᠨ ᠤ | ᠰᠢᠨ᠎ᠡ ᠡᠵᠡᠩᠨᠡᠯᠲᠡ ᠶᠢᠨ ᠭᠡᠯᠪᠡᠷᠢ ᠪᠠᠶᠢᠳᠠᠯ ᠰᠢᠨ᠎ᠡ ᠬᠡᠪ ᠵᠠᠭᠪᠤᠷ ᠢ ᠬᠥᠭᠵᠢᠭᠦᠯᠵᠦ᠂ ᠲᠡᠷᠭᠡ ᠬᠥᠰᠬᠡ ᠬᠤᠳᠠᠯᠳᠤᠨ | ᠠᠪᠬᠤ ᠭᠠᠶᠢᠯᠢ ᠶᠢ ᠬᠡᠯᠲᠦᠷᠢᠭᠦᠯᠬᠦ ᠵᠡᠷᠭᠡ ᠠᠷᠭ᠎ᠠ ᠬᠡᠮᠵᠢᠶ᠎ᠡ ᠶᠢ ᠠᠪᠴᠤ ᠮᠠᠰᠢᠨ ᠲᠡᠷᠭᠡᠨ ᠤ ᠬᠡᠷᠡᠭᠯᠡᠭᠡ ᠶᠢ | ᠠᠬᠢᠭᠤᠯᠤᠨ᠂ ᠰᠢᠨ᠎ᠡ ᠡᠨᠧᠷᠭᠢ ᠶᠢᠨ ᠰᠣᠷᠪᠤᠯᠵᠢ ᠬᠡᠷᠡᠭᠯᠡᠬᠦ ᠮᠠᠰᠢᠨ ᠲᠡᠷᠭᠡᠨ ᠤ ᠪᠣᠷᠤᠯᠠᠭᠤᠯᠭ᠎ᠠ 93.4% ᠪᠠᠷ | ᠨᠡᠮᠡᠭᠳᠡᠵᠦ᠂ ᠨᠣᠭᠤᠭᠠᠨ ᠣᠶᠤᠨᠯᠢᠭ ᠭᠡᠷ ᠤᠨ ᠴᠠᠭᠢᠯᠭᠠᠨ ᠬᠡᠷᠡᠭᠰᠡᠯ᠂ ᠨᠣᠭᠤᠭᠠᠨ ᠪᠠᠷᠢᠯᠭ᠎ᠠ ᠶᠢᠨ ᠮᠠᠲ᠋ᠧᠷᠢᠶᠠᠯ ᠢ | ᠬᠥᠳᠡᠭᠡ ᠪᠠᠭᠤᠯᠭᠠᠬᠤ ᠠᠵᠢᠯᠯᠠᠭ᠎ᠠ ᠶᠢ ᠥᠷᠨᠢᠭᠦᠯᠦᠨ᠂ ᠨᠡᠶᠢᠭᠡᠮ ᠤᠨ ᠬᠡᠷᠡᠭᠯᠡᠭᠡ ᠶᠢᠨ ᠵᠦᠢᠯ ᠤᠨ ᠵᠢᠵᠢᠭᠯᠡᠨ | ᠬᠤᠳᠠᠯᠳᠤᠭᠰᠠᠨ ᠶᠡᠷᠦᠩᠬᠡᠢ ᠲᠤᠭ᠎ᠠ ᠶᠢ ᠦᠨᠳᠦᠰᠦᠨ ᠳᠡᠭᠡᠨ ᠲᠣᠭᠲᠠᠭᠤᠨ ᠪᠠᠶᠢᠯᠭᠠᠪᠠ᠃ ᠮᠥᠩᠭᠦᠨ ᠭᠦᠢᠯᠭᠡᠭᠡ ᠪᠠᠷ | ᠳᠡᠮᠵᠢᠭᠦ ᠠᠷᠭ᠎ᠠ ᠬᠡᠮᠵᠢᠶ᠎ᠡ ᠶᠢ ᠨᠡᠶᠢᠲᠡᠯᠡᠨ᠂ ᠣᠷᠣᠨ ᠰᠠᠭᠤᠴᠠ ᠶᠢᠨ ᠵᠠᠶᠢᠯᠠᠰᠢ ᠦᠭᠡᠢ ᠴᠢᠨᠠᠷᠲᠠᠢ ᠬᠡᠷᠡᠭᠴᠡᠭᠡ ᠪᠠ | ᠰᠠᠶᠢᠵᠢᠷᠠᠭᠤᠯᠬᠤ ᠴᠢᠨᠠᠷᠲᠠᠢ ᠬᠡᠷᠡᠭᠴᠡᠭᠡ ᠶᠢ ᠳᠡᠮᠵᠢᠵᠦ᠂ ᠬᠤᠳᠠᠯᠳᠤᠨ ᠠᠪᠤᠭᠰᠠᠨ ᠣᠷᠣᠨ ᠰᠠᠭᠤᠴᠠ ᠶᠢ ᠭᠡᠷ᠎ᠡ | ᠶᠣᠰᠣᠭᠠᠷ ᠲᠤᠰᠢᠶᠠᠨ ᠥᠭᠴᠦ ᠠᠷᠠᠳ ᠤᠨ ᠠᠮᠢᠳᠤᠷᠠᠯ ᠢ ᠲᠣᠭᠲᠠᠭᠤᠨ ᠪᠠᠶᠢᠯᠭᠠᠬᠤ ᠠᠵᠢᠯ ᠢ ᠯᠠᠪᠳᠠᠭᠤᠨ ᠪᠠᠲᠤᠲᠠᠢ | ᠠᠬᠢᠭᠤᠯᠪᠠ᠃ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠢ ᠬᠠᠪᠰᠤᠷᠤᠨ ᠲᠦᠭᠦᠬᠡᠢ ᠮᠠᠲ᠋ᠧᠷᠢᠶᠠᠯ᠂ ᠠᠵᠢᠯᠴᠢᠨ | ᠬᠡᠷᠡᠭᠯᠡᠬᠦ᠂ ᠡᠳ᠋ ᠪᠠᠷᠠᠭᠠᠨ ᠤ ᠭᠦᠢᠯᠭᠡᠭᠡ ᠵᠡᠷᠭᠡ ᠬᠦᠴᠢᠷ ᠠᠰᠠᠭᠤᠳᠠᠯ ᠢ ᠨᠢ ᠰᠢᠢᠳᠪᠦᠷᠢᠯᠡᠨ ᠥᠭᠴᠦ᠂ ᠭᠠᠷᠠᠮ ᠤᠨ | ᠲᠥᠪᠯᠡᠷᠡᠭᠦᠯᠬᠦ ᠲᠠᠷᠬᠠᠭᠠᠬᠤ ᠲᠡᠭᠡᠭᠡᠪᠦᠷᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠭᠠᠳᠠᠭᠠᠳᠤ ᠪᠡᠯᠡ ᠶᠢᠨ ᠠᠵᠤ | ᠠᠬᠤᠶᠢᠯᠠᠯ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠴᠠᠭ ᠲᠤᠬᠠᠢ ᠳᠤᠨᠢ ᠬᠠᠷᠢᠭᠤᠯᠲᠠ ᠥᠭᠴᠦ | ᠰᠢᠢᠳᠪᠦᠷᠢᠯᠡᠨ᠂ ᠡᠳ᠋ ᠪᠠᠷᠠᠭ᠎ᠠ ᠶᠢᠨ ᠭᠠᠳᠠᠭᠠᠳᠤ ᠣᠷᠣᠭᠤᠯᠤᠯᠲᠠ ᠪᠠ ᠭᠠᠳᠠᠭᠠᠳᠤ ᠭᠠᠷᠭᠠᠯᠲᠠ ᠵᠢᠱᠢᠯᠲᠡ ᠠᠴᠠ | ᠰᠠᠶᠢᠨ ᠪᠠᠶᠢᠵᠤ᠂ ᠪᠣᠳᠠᠲᠠᠢ ᠬᠡᠷᠡᠭᠯᠡᠭᠰᠡᠨ ᠭᠠᠳᠠᠭᠠᠳᠤ ᠪᠡᠯᠡ ᠲᠣᠭᠲᠠᠭᠤᠨ ᠢᠶᠠᠷ ᠨᠡᠮᠡᠭᠳᠡᠪᠡ᠃ | ᠠᠵᠢᠯ ᠣᠯᠭᠤᠯᠲᠠ ᠶᠢᠨ ᠳᠠᠷᠤᠯᠲᠠ ᠲᠣᠪᠣᠶᠢᠮ᠎ᠠ ᠪᠣᠯᠤᠭᠰᠠᠨ ᠪᠠᠶᠢᠳᠠᠯ ᠳᠤ ᠴᠢᠭᠯᠡᠭᠦᠯᠦᠨ᠂ ᠠᠵᠢᠯ ᠤᠨ | ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠯᠲᠠ ᠶᠢ ᠥᠷᠭᠡᠳᠬᠡᠬᠦ ᠲᠦᠷᠦ ᠶᠢᠨ ᠪᠣᠳᠣᠯᠭ᠎ᠠ ᠶᠢᠨ ᠳᠡᠮᠵᠢᠯᠭᠡ ᠶᠢ | ᠴᠢᠩᠭᠠᠳᠬᠠᠪᠠ᠃ ᠨᠢᠳᠤᠨᠤᠨ ᠬᠤᠲᠠ ᠪᠠᠯᠭᠠᠰᠤᠨ ᠤ ᠪᠠᠶᠢᠴᠠᠭᠠᠭᠰᠠᠨ ᠠᠵᠢᠯ ᠠᠯᠳᠠᠯᠲᠠ ᠶᠢᠨ ᠨᠣᠷᠮ᠎ᠠ ᠨᠢᠭᠡ ᠦᠶ᠎ᠡ | ᠢᠯᠡᠳᠲᠡ ᠳᠡᠭᠡᠭᠰᠢᠯᠡᠪᠡ᠃ ᠡᠳ᠋ ᠤᠨ ᠵᠠᠰᠠᠭ ᠭᠠᠶᠢᠯᠢ᠂ ᠮᠥᠩᠭᠦᠨ ᠭᠦᠢᠯᠭᠡᠭᠡ᠂ ᠪᠡᠯᠡ ᠣᠷᠣᠭᠤᠯᠤᠯᠲᠠ ᠵᠡᠷᠭᠡ | ᠲᠦᠷᠦ ᠶᠢᠨ ᠪᠣᠳᠣᠯᠭ᠎ᠠ ᠶᠢᠨ ᠲᠠᠯ᠎ᠠ ᠪᠠᠷ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠶᠢ ᠨᠡᠩ ᠴᠢᠬᠤᠯᠠᠴᠢᠯᠠᠪᠠ᠃ | ᠬᠦᠴᠢᠷᠳᠡᠯ ᠲᠠᠢ ᠠᠵᠢᠯ ᠲᠥᠷᠥᠯ ᠤᠨ ᠠᠵᠤ ᠠᠬᠤᠶᠢᠯᠠᠯ ᠤᠨ ᠨᠡᠶᠢᠭᠡᠮ ᠤᠨ ᠳᠠᠭᠠᠳᠬᠠᠯ ᠤᠨ ᠵᠠᠷᠤᠳᠠᠯ ᠢᠶᠠᠨ | ᠬᠤᠶᠢᠰᠢᠯᠠᠭᠤᠯᠤᠨ ᠲᠤᠰᠢᠶᠠᠵᠤ ᠪᠤᠯᠬᠤ ᠶᠢ ᠬᠡᠷᠡᠭᠵᠢᠭᠦᠯᠦᠨ᠂ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ | ᠮᠥᠩᠭᠦ ᠶᠢᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠪᠤᠴᠠᠭᠠᠯᠲᠠ ᠶᠢᠨ ᠬᠠᠷᠢᠴᠠᠯ ᠢ ᠶᠡᠭᠡ ᠪᠠᠷ | ᠳᠡᠭᠡᠭᠰᠢᠯᠡᠭᠦᠯᠵᠦ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠤᠨ ᠪᠠᠶᠢᠷᠢ ᠶᠢ ᠥᠷᠭᠡᠳᠬᠡᠬᠦ | ᠨᠥᠬᠦᠪᠦᠷᠢ ᠶᠢ ᠨᠡᠮᠡᠭᠳᠡᠭᠦᠯᠪᠡ᠃ ᠲᠠᠭᠠᠭᠠᠯᠲᠠᠲᠤ ᠵᠢᠭᠡᠯᠡᠯᠭᠡ᠂ ᠲᠦᠷᠢᠶᠡᠰᠦᠨ ᠮᠥᠩᠭᠦ ᠶᠢ ᠬᠠᠰᠤᠵᠤ ᠬᠡᠯᠲᠦᠷᠢᠭᠦᠯᠬᠦ | ᠵᠡᠷᠭᠡ ᠠᠳᠠᠯ ᠦᠢᠯᠡᠰ ᠴᠣᠭᠴᠠᠯᠠᠬᠤ ᠶᠢ ᠳᠡᠮᠵᠢᠭᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠪᠠ᠃ ᠶᠡᠭᠡ | ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠠᠵᠢᠯ ᠢ ᠲᠣᠪᠣᠶᠢᠮ᠎ᠠ ᠰᠠᠶᠢᠲᠤᠷ ᠬᠢᠵᠦ᠂ ᠠᠵᠢᠯ | ᠣᠯᠬᠤ ᠳᠤ ᠬᠦᠴᠢᠷᠲᠡᠢ ᠬᠥᠮᠥᠰ ᠢ ᠲᠤᠰᠬᠠᠢ ᠵᠦᠢᠯ ᠢᠶᠠᠷ ᠬᠠᠪᠰᠤᠷᠤᠨ ᠲᠡᠳᠭᠦᠭᠦ ᠶᠢ ᠥᠷᠨᠢᠭᠦᠯᠪᠡ᠃ | ᠭᠤᠣᠯᠳᠠᠯᠭ᠎ᠠ ᠲᠠᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠤᠮᠳᠠ ᠠᠵᠢᠯ ᠣᠯᠭᠤᠬᠤ ᠪᠠᠷ ᠲᠡᠳᠬᠦᠮᠵᠢ ᠶᠢ | ᠣᠷᠣᠯᠠᠭᠤᠯᠬᠤ ᠶᠢ ᠳᠡᠯᠭᠡᠷᠡᠭᠦᠯᠪᠡ᠃ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠠᠵᠢᠯ ᠭᠦᠳᠡᠯᠮᠤᠷᠢ ᠬᠢᠬᠦ | ᠬᠡᠪᠴᠢᠶ᠎ᠡ 3200 ᠲᠦᠮᠡᠨ ᠬᠥᠮᠥᠨ ᠢ ᠳᠠᠪᠠᠵᠤ᠂ ᠲᠣᠭᠲᠠᠭᠤᠨ ᠪᠠᠶᠢᠬᠤ ᠶᠢᠨ ᠵᠡᠷᠭᠡ ᠳᠤ ᠨᠡᠮᠡᠭᠳᠡᠪᠡ᠃ ᠠᠵᠢᠯ | ᠣᠯᠭᠤᠯᠲᠠ ᠶᠢᠨ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠨ᠎ᠠ᠃ | ᠪᠦᠭᠦ ᠪᠥᠮᠪᠥᠷᠴᠡᠭ ᠤᠨ ᠵᠣᠭᠤᠰ ᠮᠠᠭᠤᠳᠠᠬᠤ ᠶᠠᠪᠤᠳᠠᠯ ᠬᠡᠴᠡᠭᠦᠳᠡᠭᠰᠡᠨ ᠠᠴᠠ ᠪᠣᠯᠤᠭᠰᠠᠨ ᠨᠥᠯᠥᠭᠡ ᠳᠤ | ᠴᠢᠭᠯᠡᠭᠦᠯᠦᠨ᠂ ᠠᠮᠤ ᠪᠤᠳᠠᠭ᠎ᠠ ᠪᠠ ᠡᠨᠧᠷᠭᠢ ᠶᠢᠨ ᠰᠤᠷᠪᠤᠯᠵᠢ ᠪᠠᠷ ᠭᠤᠣᠯᠳᠠᠯᠭ᠎ᠠ ᠪᠣᠯᠭᠠᠨ ᠬᠠᠩᠭᠠᠯᠭ᠎ᠠ ᠶᠢ ᠪᠠᠲᠤᠯᠠᠵᠤ | ᠦᠨ᠎ᠡ ᠬᠠᠩᠰᠢ ᠶᠢ ᠲᠣᠭᠲᠠᠭᠤᠨ ᠪᠠᠶᠢᠯᠭᠠᠬᠤ ᠠᠵᠢᠯ ᠢ ᠰᠠᠶᠢᠲᠤᠷ ᠬᠢᠪᠡ᠃ ᠨᠢᠳᠤᠨᠤᠨ ᠪᠦᠭᠦ ᠪᠥᠮᠪᠥᠷᠴᠡᠭ ᠤᠨ | ᠵᠣᠭᠤᠰ ᠮᠠᠭᠤᠳᠠᠬᠤ ᠶᠠᠪᠤᠳᠠᠯ 40 ᠭᠠᠷᠤᠢ ᠵᠢᠯ ᠤᠨ ᠲᠤᠷᠰᠢᠬᠢ ᠰᠢᠨ᠎ᠡ ᠥᠨᠳᠥᠷᠴᠡ ᠳᠤ ᠬᠦᠷᠴᠦ᠂ ᠤᠯᠤᠰ ᠤᠨ | ᠳᠣᠲᠣᠭᠠᠳᠤ ᠶᠢᠨ ᠦᠨ᠎ᠡ ᠬᠠᠩᠰᠢ ᠶᠢ ᠲᠣᠭᠲᠠᠭᠤᠨ ᠪᠠᠶᠢᠯᠭᠠᠬᠤ ᠳᠤ ᠨᠡᠯᠢᠶᠡᠳ ᠶᠡᠭᠡ ᠳᠠᠷᠤᠯᠲᠠ ᠤᠴᠠᠷᠠᠭᠤᠯᠪᠠ᠃ | ᠪᠢᠳᠡ ᠦᠶᠡᠷ ᠤᠰᠤᠲᠤᠯ᠂ ᠭᠠᠩ ᠬᠠᠭᠰᠠᠷᠠᠭᠠᠨ ᠵᠡᠷᠭᠡ ᠬᠦᠨᠳᠦ ᠨᠣᠴᠢᠲᠠᠢ ᠪᠠᠶᠢᠭᠠᠯᠢ ᠶᠢᠨ ᠭᠠᠮᠰᠢᠭ ᠢ ᠪᠦᠲᠦᠮᠵᠢᠲᠡᠶ | ᠠᠷᠭᠠᠴᠠᠵᠤ᠂ ᠲᠠᠷᠢᠶᠠᠯᠠᠬᠤ ᠴᠠᠭ ᠢ ᠰᠠᠭᠠᠲᠠᠭᠠᠯ ᠦᠭᠡᠢ ᠪᠠᠷ ᠠᠮᠤ ᠪᠤᠳᠠᠭ᠎ᠠ ᠲᠠᠷᠢᠬᠤ ᠪᠠ ᠬᠤᠷᠢᠶᠠᠬᠤ ᠶᠢ | ᠰᠢᠮᠳᠠᠭᠤᠯᠤᠨ ᠠᠳᠬᠤᠵᠤ᠂ ᠲᠠᠷᠢᠶᠠᠯᠠᠩ ᠤᠨ ᠮᠠᠰᠢᠨ ᠤ ᠨᠡᠪᠲᠡᠷᠡᠯᠲᠡ ᠶᠢ ᠰᠢᠪᠠᠳᠠᠨ ᠵᠣᠬᠢᠴᠠᠭᠤᠯᠵᠤ᠂ | ᠲᠠᠷᠢᠶᠠᠯᠠᠩ ᠤᠨ ᠶᠠᠪᠤᠳᠠᠯ ᠤᠨ ᠠᠵᠢᠯᠯᠠᠭᠠᠨ ᠤ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠨ᠂ ᠠᠮᠤ ᠪᠤᠳᠠᠭ᠎ᠠ | ᠲᠠᠷᠢᠬᠤ ᠲᠠᠷᠢᠶᠠᠴᠢᠳ ᠲᠤ ᠭᠤᠷᠪᠠᠨ ᠪᠦᠯᠦᠭ ᠬᠤᠪᠢᠶᠠᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ | ᠨᠥᠬᠦᠪᠦᠷᠢ ᠣᠯᠭᠤᠵᠤ᠂ ᠠᠮᠤ ᠪᠤᠳᠠᠭᠠᠨ ᠤ ᠡᠯᠪᠡᠭ ᠬᠤᠷᠢᠶᠠᠯᠲᠠ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ | ᠲᠣᠭᠲᠠᠭᠤᠨ ᠬᠠᠩᠭᠠᠯᠭ᠎ᠠ ᠶᠢ ᠪᠠᠲᠤᠯᠠᠪᠠ᠃ ᠨᠡᠭᠦᠷᠡᠰᠦᠨ ᠤ ᠭᠤᠣᠯ ᠴᠣᠭᠴᠠ ᠡᠨᠧᠷᠭᠢ ᠶᠢᠨ ᠰᠤᠷᠪᠤᠯᠵᠢ ᠪᠤᠯᠬᠤ | ᠦᠢᠯᠡᠳᠦᠯ ᠢ ᠪᠠᠳᠠᠷᠠᠭᠤᠯᠤᠨ᠂ ᠨᠡᠭᠦᠷᠡᠰᠦᠨ ᠤ ᠲᠡᠷᠢᠭᠦᠨ ᠤ ᠦᠢᠯᠡᠳᠪᠦᠷᠢᠯᠡᠯ ᠤᠨ ᠴᠢᠳᠠᠪᠤᠷᠢ ᠶᠢ ᠨᠡᠮᠡᠭᠳᠡᠭᠦᠯᠵᠦ᠂ | ᠴᠠᠭᠢᠯᠭᠠᠨ ᠭᠠᠷᠭᠠᠵᠤ ᠢᠯᠴᠢ ᠬᠠᠩᠭᠠᠬᠤ ᠠᠵᠤ ᠠᠬᠤᠶᠢᠯᠠᠯ ᠢ ᠳᠡᠮᠵᠢᠭᠦ ᠡᠷᠴᠢᠮ ᠢ ᠴᠢᠩᠭᠠᠷᠠᠭᠤᠯᠤᠨ᠂ ᠡᠨᠧᠷᠭᠢ ᠶᠢᠨ | ᠰᠤᠷᠪᠤᠯᠵᠢ ᠶᠢᠨ ᠬᠡᠪ ᠤᠨ ᠬᠠᠩᠭᠠᠯᠭ᠎ᠠ ᠶᠢ ᠪᠠᠲᠤᠯᠠᠪᠠ᠃ ᠪᠦᠭᠦ ᠪᠥᠮᠪᠥᠷᠴᠡᠭ ᠤᠨ ᠵᠣᠭᠤᠰ ᠶᠡᠭᠡ ᠪᠠᠷ ᠮᠠᠭᠤᠳᠠᠭᠰᠠᠨ | ᠠᠬᠤᠢ ᠪᠠᠶᠢᠳᠠᠯ ᠳᠣᠣᠷ᠎ᠠ᠂ ᠮᠠᠨ ᠤ ᠤᠯᠤᠰ ᠤᠨ ᠪᠠᠷᠠᠭᠠᠨ ᠤ ᠦᠨ᠎ᠡ ᠨᠡᠯᠢᠶᠡᠳ ᠳᠣᠣᠷ᠎ᠠ ᠲᠦᠪᠰᠢᠨ ᠢᠶᠠᠨ ᠪᠠᠲᠤᠯᠠᠵᠤ | ᠴᠢᠳᠠᠭᠰᠠᠨ ᠨᠢ ᠨᠡᠩ ᠴᠦ ᠠᠮᠠᠷ ᠦᠭᠡᠢ ᠶᠠᠪᠤᠳᠠᠯ ᠶᠤᠮ᠃ | ᠬᠡᠰᠡᠭ ᠣᠯᠠᠨ ᠲᠦᠮᠡᠨ ᠤ ᠠᠮᠢᠳᠤᠷᠠᠯ ᠤᠨ ᠬᠦᠴᠢᠷᠳᠡᠯ ᠨᠡᠮᠡᠭᠳᠡᠭᠰᠡᠨ ᠪᠠᠶᠢᠳᠠᠯ ᠳᠤ ᠴᠢᠭᠯᠡᠭᠦᠯᠦᠨ᠂ | ᠠᠷᠠᠳ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢ ᠴᠢᠩᠭᠠᠳᠬᠠᠪᠠ᠃ ᠠᠮᠢᠳᠤᠷᠠᠯ ᠤᠨ ᠨᠠᠭᠠᠲᠤ ᠵᠠᠬ᠎ᠠ ᠶᠢᠨ | ᠪᠠᠲᠤᠯᠠᠭ᠎ᠠ ᠵᠡᠷᠭᠡ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠬᠠᠮᠤᠷᠬᠤ ᠬᠡᠪᠴᠢᠶ᠎ᠡ ᠶᠢ ᠱᠠᠲᠤ | ᠦᠶᠡᠴᠢ ᠴᠢᠨᠠᠷᠲᠠᠢ ᠪᠠᠷ ᠥᠷᠭᠡᠳᠬᠡᠵᠦ᠂ ᠨᠠᠩ ᠣᠯᠠᠨ ᠬᠦᠴᠢᠷᠳᠡᠯ ᠲᠠᠢ ᠬᠠᠮᠲᠤᠯᠢᠭ ᠢ ᠪᠠᠲᠤᠯᠠᠭ᠎ᠠ ᠶᠢᠨ | ᠬᠡᠪᠴᠢᠶᠡᠨ ᠳᠤ ᠣᠷᠣᠭᠤᠯᠪᠠ᠃ ᠠᠵᠢᠯ ᠠᠯᠳᠠᠯᠲᠠ ᠶᠢᠨ ᠳᠠᠭᠠᠳᠬᠠᠯ ᠤᠨ ᠪᠠᠲᠤᠯᠠᠭ᠎ᠠ ᠶᠢᠨ ᠬᠦᠷᠢᠶ᠎ᠡ ᠬᠡᠪᠴᠢᠶ᠎ᠡ ᠶᠢ | ᠥᠷᠭᠡᠳᠬᠡᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠨᠡᠶᠢᠲᠡ 1000 ᠭᠠᠷᠤᠢ ᠲᠦᠮᠡᠨ | ᠠᠵᠢᠯ ᠠᠯᠳᠠᠭᠰᠠᠨ ᠬᠥᠮᠥᠰ ᠲᠤ ᠠᠵᠢᠯ ᠠᠯᠳᠠᠯᠲᠠ ᠶᠢᠨ ᠳᠠᠭᠠᠳᠬᠠᠯ ᠤᠨ ᠬᠠᠷᠠᠭᠠᠯᠵᠠᠯ ᠣᠯᠭᠤᠪᠠ᠃ ᠨᠠᠩ ᠣᠯᠠᠨ | ᠣᠷᠣᠯᠭ᠎ᠠ ᠪᠠᠭᠠᠲᠠᠢ ᠣᠯᠠᠨ ᠲᠦᠮᠡᠨ ᠳᠤ ᠦᠨ᠎ᠡ ᠬᠠᠩᠰᠢ ᠶᠢᠨ ᠨᠥᠬᠦᠪᠦᠷᠢ ᠣᠯᠭᠤᠵᠤ᠂ ᠪᠠᠷᠤᠭ 6700 ᠲᠦᠮᠡᠨ | ᠬᠥᠮᠥᠨ ᠳᠤ ᠠᠰᠢᠭ ᠬᠦᠷᠲᠡᠭᠡᠪᠡ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠠᠮᠢᠳᠤᠷᠠᠯ ᠨᠢ ᠬᠦᠴᠢᠷᠲᠡᠢ | ᠰᠤᠷᠤᠬᠴᠢᠳ ᠤᠨ 2022 ᠣᠨ ᠤ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠬᠦᠦ | ᠮᠥᠩᠭᠦ ᠶᠢ ᠬᠡᠯᠲᠦᠷᠢᠭᠦᠯᠦᠭᠰᠡᠨ ᠤ ᠬᠠᠮᠲᠤ ᠡᠬᠡ ᠮᠥᠩᠭᠦ ᠶᠢ ᠨᠢ ᠬᠤᠶᠢᠰᠢᠯᠠᠭᠤᠯᠤᠨ ᠪᠤᠴᠠᠭᠠᠵᠤ ᠪᠤᠯᠬᠤ ᠶᠢ | ᠵᠥᠪᠰᠢᠶᠡᠷᠡᠪᠡ᠃ ᠬᠢᠵᠢᠭ ᠪᠠ ᠭᠠᠮᠰᠢᠭ ᠠᠴᠠ ᠪᠣᠯᠵᠤ ᠬᠦᠴᠢᠷᠳᠡᠯ ᠳᠤ ᠲᠤᠯᠭᠠᠷᠠᠭᠰᠠᠨ ᠣᠯᠠᠨ ᠲᠦᠮᠡᠨ ᠢ ᠲᠦᠷ | ᠴᠠᠭ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠵᠦ᠂ ᠠᠷᠠᠳ ᠤᠨ ᠠᠮᠢᠳᠤᠷᠠᠯ ᠢ ᠪᠠᠲᠤᠯᠠᠬᠤ ᠬᠢᠵᠠᠭᠠᠷ ᠱᠤᠭᠤᠮ ᠢ | ᠦᠨᠡᠨ ᠬᠦ ᠪᠠᠲᠤ ᠰᠠᠬᠢᠪᠠ᠃ | ᠡᠭᠦᠨ ᠤ ᠬᠠᠮᠲᠤ᠂ ᠪᠢᠳᠡ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠢ | ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠠᠴᠠ ᠵᠥᠪᠰᠢᠶᠡᠷᠡᠭᠰᠡᠨ ᠵᠠᠰᠠᠭ ᠤᠨ ᠣᠷᠳᠣᠨ ᠤ | ᠠᠵᠢᠯ ᠤᠨ ᠢᠯᠡᠳᠬᠡᠯ ᠤᠨ ᠲᠣᠬᠢᠷᠠᠭᠤᠯᠤᠯᠲᠠ ᠶᠣᠰᠣᠭᠠᠷ᠂ ᠠᠵᠤ ᠠᠬᠤᠢ ᠨᠡᠶᠢᠭᠡᠮ ᠤᠨ ᠡᠯ᠎ᠡ ᠬᠦᠷᠢᠶᠡᠨ ᠤ ᠠᠵᠢᠯ ᠢ | ᠨᠢᠭᠡᠳᠦᠯᠲᠡᠢ ᠲᠥᠯᠥᠪᠯᠡᠨ ᠠᠬᠢᠭᠤᠯᠪᠠ᠃ ᠬᠠᠲᠠᠭᠤᠵᠢᠯᠲᠠᠢ ᠴᠢᠷᠮᠠᠶᠢᠯᠭ᠎ᠠ ᠪᠠᠷ ᠳᠠᠮᠵᠢᠨ᠂ ᠣᠳᠣᠬᠠᠨ ᠳᠤ | ᠬᠡᠷᠡᠭᠯᠡᠭᠡ ᠶᠢᠨ ᠬᠡᠷᠡᠭᠴᠡᠭᠡ᠂ ᠵᠠᠬ᠎ᠠ ᠳᠡᠯᠭᠡᠭᠦᠷ ᠤᠨ ᠭᠦᠢᠯᠭᠡᠭᠡ᠂ ᠠᠵᠤ ᠦᠢᠯᠡᠳᠪᠦᠷᠢ ᠶᠢᠨ ᠦᠢᠯᠡᠳᠪᠦᠷᠢᠯᠡᠯ᠂ ᠠᠵᠤ | ᠠᠬᠤᠶᠢᠯᠠᠯ ᠤᠨ ᠵᠢᠱᠢᠯᠲᠡ ᠵᠡᠷᠭᠡ ᠢᠯᠡᠳᠲᠡ ᠰᠠᠶᠢᠵᠢᠷᠠᠨ᠂ ᠠᠵᠤ ᠠᠬᠤᠢ ᠶᠢᠨ ᠨᠡᠮᠡᠭᠳᠡᠯ ᠶᠠᠭ ᠲᠣᠭᠲᠠᠪᠤᠷᠢᠵᠢᠨ | ᠳᠡᠭᠡᠭᠰᠢᠯᠡᠵᠦ ᠪᠠᠶᠢᠭ᠎ᠠ ᠪᠥᠭᠡᠳ ᠮᠠᠨ ᠤ ᠤᠯᠤᠰ ᠤᠨ ᠠᠵᠤ ᠠᠬᠤᠢ ᠳᠤ ᠯᠤᠲᠤ ᠶᠡᠭᠡ ᠳᠠᠯᠳᠠ ᠬᠦᠴᠦᠨ ᠪᠠ | ᠬᠥᠭᠵᠢᠯᠲᠡ ᠶᠢᠨ ᠬᠥᠳᠡᠯᠭᠡᠭᠴᠢ ᠬᠦᠴᠦᠨ ᠲᠠᠢ ᠪᠠᠶᠢᠨ᠎ᠠ᠃ | ᠲᠥᠯᠥᠭᠡᠯᠡᠭᠴᠢᠳ ᠠ᠋︕ | ᠥᠩᠭᠡᠷᠡᠭᠰᠡᠨ ᠲᠠᠪᠤᠨ ᠵᠢᠯ ᠪᠣᠯ ᠲᠤᠶᠢᠯ ᠤᠨ ᠶᠡᠷᠦ ᠪᠤᠰᠤ᠂ ᠲᠤᠶᠢᠯ ᠤᠨ ᠡᠭᠡᠯ ᠪᠤᠰᠤ ᠶᠢᠨ ᠲᠠᠪᠤᠨ ᠵᠢᠯ | ᠶᠤᠮ᠃ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠪᠢᠳᠡ ᠳᠡᠯᠡᠬᠡᠢ ᠶᠢᠨ ᠬᠤᠪᠢᠰᠤᠯᠲᠠ ᠶᠢᠨ ᠲᠦᠷᠭᠡᠰᠦᠭᠰᠡᠨ ᠤᠯᠠᠷᠢᠯᠲᠠ᠂ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠳᠠᠭᠠᠷᠢᠯᠲᠠ᠂ ᠤᠯᠤᠰ ᠤᠨ ᠳᠣᠲᠣᠭᠠᠳᠤ ᠶᠢᠨ ᠠᠵᠤ | ᠠᠬᠤᠢ ᠶᠢᠨ ᠪᠠᠭᠤᠷᠠᠯᠲᠠ ᠵᠡᠷᠭᠡ ᠤᠯᠠᠨ ᠳᠠᠪᠬᠤᠷ ᠰᠢᠯᠭᠠᠯᠲᠠ ᠶᠢ ᠳᠠᠭᠠᠭᠠᠨ᠂ ᠶᠠᠳᠠᠭᠤ ᠠᠴᠠ ᠠᠩᠭᠢᠵᠢᠷᠠᠭᠤᠯᠬᠤ | ᠪᠡᠷᠬᠡ ᠰᠡᠳᠦᠪ ᠢ ᠰᠢᠢᠳᠪᠦᠷᠢᠯᠡᠬᠦ ᠳᠠᠶᠢᠨ ᠳᠤ ᠬᠤᠭᠤᠴᠠᠭ᠎ᠠ ᠶᠣᠰᠣᠭᠠᠷ ᠢᠯᠠᠯᠲᠠ ᠣᠯᠵᠤ᠂ ᠴᠢᠨᠡᠭᠡᠯᠢᠭ ᠨᠡᠶᠢᠭᠡᠮ ᠢ | ᠬᠤᠭᠤᠴᠠᠭ᠎ᠠ ᠶᠣᠰᠣᠭᠠᠷ ᠪᠦᠭᠦ ᠲᠠᠯ᠎ᠠ ᠪᠠᠷ ᠪᠠᠶᠢᠭᠤᠯᠤᠨ ᠪᠦᠲᠦᠭᠡᠵᠦ᠂ ᠨᠢᠭᠡᠳᠦᠭᠡᠷ ᠵᠠᠭᠤᠨ ᠵᠢᠯ ᠤᠨ ᠲᠡᠮᠡᠴᠡᠯ ᠤᠨ | ᠬᠠᠷᠠᠯᠲᠠ ᠶᠢ ᠪᠡᠶᠡᠯᠡᠭᠦᠯᠦᠨ᠂ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠲᠡᠶᠢᠰᠢ ᠤᠷᠤᠭᠰᠢᠯᠠᠬᠤ | ᠰᠢᠨ᠎ᠡ ᠠᠶᠠᠯᠠᠯ ᠢᠶᠠᠨ ᠡᠬᠢᠯᠡᠭᠦᠯᠪᠡ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠨ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ | ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠨ᠂ ︽ᠳᠥᠷᠪᠡᠨ ᠢᠲᠡᠭᠡᠯ︾ | ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠂ ᠨᠠᠮ ᠤᠨ ᠠᠷᠪᠠ ᠶᠢᠰᠦᠳᠦᠭᠡᠷ ᠶᠡᠭᠡ | ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠤᠳᠠᠭ᠎ᠠ ᠪᠦᠷᠢ ᠶᠢᠨ ᠪᠦᠭᠦᠳᠡ ᠬᠤᠷᠠᠯ ᠤᠨ | ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ | ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ | ᠪᠦᠲᠦᠨ᠂ ᠣᠨᠣᠪᠴᠢᠲᠠᠶ᠂ ᠪᠦᠭᠦ ᠲᠠᠯ᠎ᠠ ᠪᠠᠷ ᠲᠤᠭᠤᠰᠢᠯᠠᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠢ | ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ | ᠲᠥᠯᠥᠪᠯᠡᠵᠦ᠂ ᠮᠠᠨ ᠤ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠡᠯᠡᠬᠡᠢ ᠳ᠋ᠠᠬᠢᠨ ᠤ ᠠᠩᠬᠠᠷᠤᠯ ᠢ | ᠲᠠᠲᠠᠭᠰᠠᠨ ᠴᠢᠬᠤᠯᠠ ᠶᠡᠭᠡ ᠠᠮᠵᠢᠯᠲᠠ ᠪᠦᠲᠦᠮᠵᠢ ᠶᠢ ᠣᠯᠪᠠ᠃ | — ᠠᠵᠤ ᠠᠬᠤᠢ ᠶᠢᠨ ᠬᠥᠭᠵᠢᠯᠲᠡ ᠲᠠᠭᠢᠨ ᠰᠢᠨ᠎ᠡ ᠳᠡᠭᠲᠡᠷ ᠲᠤ ᠭᠠᠷᠪᠠ᠃ ᠤᠯᠤᠰ ᠤᠨ | ᠳᠣᠲᠣᠭᠠᠳᠤ ᠶᠢᠨ ᠦᠢᠯᠡᠳᠪᠦᠷᠢᠯᠡᠯ ᠤᠨ ᠪᠦᠭᠦ ᠥᠷᠲᠡᠭ 121 ᠲᠦᠮᠡᠨ ᠳ᠋ᠦᠩᠰᠢᠭᠤᠷ ᠲᠥᠭᠦᠷᠢᠭ ᠪᠣᠯᠵᠤ ᠨᠡᠮᠡᠭᠳᠡᠨ | ᠂ ᠲᠠᠪᠤᠨ ᠵᠢᠯ ᠳᠤ ᠵᠢᠯ ᠳᠤᠮᠳᠠᠴᠢ ᠪᠠᠷ 5.2% ᠢᠶᠠᠷ ᠨᠡᠮᠡᠭᠳᠡᠵᠦ᠂ ᠠᠷᠪᠠᠨ ᠵᠢᠯ ᠳᠤ 70 ᠲᠦᠮᠡᠨ ᠳ᠋ᠦᠩᠰᠢᠭᠤᠷ | ᠲᠥᠭᠦᠷᠢᠭ ᠰᠢᠬᠠᠮ ᠨᠡᠮᠡᠭᠳᠡᠨ᠂ ᠵᠢᠯ ᠳᠤᠮᠳᠠᠴᠢ ᠪᠠᠷ 6.2% ᠢᠶᠠᠷ ᠨᠡᠮᠡᠭᠳᠡᠵᠦ᠂ ᠥᠨᠳᠥᠷ ᠰᠠᠭᠤᠷᠢ ᠲᠤᠭ᠎ᠠ ᠶᠢᠨ | ᠰᠠᠭᠤᠷᠢᠨ ᠳᠡᠭᠡᠷ᠎ᠡ ᠳᠤᠮᠳᠠ ᠳᠡᠭᠡᠳᠦ ᠬᠤᠷᠳᠤᠴᠠ ᠪᠠᠷ ᠨᠡᠮᠡᠭᠳᠡᠭᠡᠳ ᠴᠢᠨᠠᠷ ᠰᠠᠶᠢᠲᠠᠢ ᠬᠥᠭᠵᠢᠯᠲᠡ ᠲᠡᠶᠢᠰᠢ ᠲᠠᠪᠰᠢᠪᠠ | ᠃ ᠡᠳ᠋ ᠤᠨ ᠵᠠᠰᠠᠭ ᠤᠨ ᠣᠷᠣᠯᠭ᠎ᠠ 20.4 ᠲᠦᠮᠡᠨ ᠳ᠋ᠦᠩᠰᠢᠭᠤᠷ ᠲᠥᠭᠦᠷᠢᠭ ᠪᠣᠯᠵᠤ ᠨᠡᠮᠡᠭᠳᠡᠪᠡ᠃ ᠠᠮᠤ | ᠪᠤᠳᠠᠭᠠᠨ ᠤ ᠤᠨᠠᠯᠲᠠ ᠵᠢᠯ ᠳᠠᠷᠠᠭᠠᠯᠠᠨ 1.3 ᠲᠦᠮᠡᠨ ᠳ᠋ᠦᠩᠰᠢᠭᠤᠷ ᠵᠢᠩ ᠠᠴᠠ ᠳᠡᠭᠡᠭᠰᠢ ᠳᠤ ᠲᠣᠭᠲᠠᠪᠤᠷᠢᠵᠢᠪᠠ᠃ | ᠠᠵᠤ ᠦᠢᠯᠡᠳᠪᠦᠷᠢ ᠶᠢᠨ ᠨᠡᠮᠡᠭᠳᠡᠯ ᠥᠷᠲᠡᠭ 40 ᠲᠦᠮᠡᠨ ᠳ᠋ᠦᠩᠰᠢᠭᠤᠷ ᠲᠥᠭᠦᠷᠢᠭ ᠢ ᠳᠠᠪᠠᠪᠠ᠃ ᠬᠤᠳᠠ | ᠪᠠᠯᠭᠠᠰᠤᠨ ᠳᠤ ᠠᠵᠢᠯ ᠣᠯᠣᠭᠰᠠᠨ ᠬᠥᠮᠥᠨ ᠵᠢᠯ ᠳᠤᠮᠳᠠᠴᠢ ᠪᠠᠷ 1270 ᠭᠠᠷᠤᠢ ᠲᠦᠮᠡ ᠰᠢᠨ᠎ᠡ ᠪᠠᠷ ᠨᠡᠮᠡᠭᠳᠡᠪᠡ᠃ | ᠭᠠᠳᠠᠭᠠᠳᠤ ᠭᠤᠪᠢᠭᠤᠯᠭ᠎ᠠ ᠶᠢᠨ ᠨᠥᠭᠡᠴᠡ 3 ᠲᠦᠮᠡᠨ ᠳ᠋ᠦᠩᠰᠢᠭᠤᠷ ᠳ᠋ᠣᠯᠯᠠᠷ ᠠᠴᠠ ᠳᠡᠭᠡᠭᠰᠢ ᠳᠤ ᠲᠣᠭᠲᠠᠪᠤᠷᠢᠵᠢᠪᠠ | ᠃ ᠮᠠᠨ ᠤ ᠤᠯᠤᠰ ᠤᠨ ᠠᠵᠤ ᠠᠬᠤᠢ ᠶᠢᠨ ᠪᠣᠳᠠᠲᠤ ᠬᠦᠴᠦᠨ ᠢᠯᠡᠳᠲᠡ ᠳᠡᠭᠡᠭᠰᠢᠯᠡᠪᠡ᠃ | — ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠡᠭᠦᠷᠭᠡ ᠶᠢ ᠢᠯᠠᠯᠲᠠ ᠲᠠᠢ ᠪᠠᠷ | ᠪᠡᠶᠡᠯᠡᠭᠦᠯᠪᠡ᠃ ᠨᠠᠢᠮᠠᠨ ᠵᠢᠯ ᠤᠨ ᠦᠷᠭᠦᠯᠵᠢᠯᠡᠭᠰᠡᠨ ᠴᠢᠷᠮᠠᠶᠢᠯᠭ᠎ᠠ ᠪᠠᠷ ᠬᠥᠳᠡᠭᠡ ᠲᠣᠰᠬᠤᠨ ᠤ ᠳ᠋ᠦᠩᠰᠢᠭᠤᠷ ᠰᠢᠬᠠᠮ | ᠶᠠᠳᠠᠭᠤ ᠬᠦᠴᠢᠷᠳᠡᠯ ᠲᠠᠢ ᠬᠥᠮᠥᠨ ᠠᠮᠠ ᠶᠢ ᠶᠠᠳᠠᠭᠤ ᠠᠴᠠ ᠠᠩᠭᠢᠵᠢᠷᠠᠭᠤᠯᠵᠤ᠂ ᠪᠦᠭᠦ ᠤᠯᠤᠰ ᠤᠨ 832 ᠶᠠᠳᠠᠭᠤ | ᠬᠦᠴᠢᠷᠳᠡᠯ ᠲᠠᠢ ᠰᠢᠶᠠᠨ ᠢ ᠴᠥᠮ ᠶᠠᠳᠠᠭᠤ ᠠᠴᠠ ᠠᠩᠭᠢᠵᠢᠷᠠᠭᠤᠯᠤᠨ᠂ 960 ᠭᠠᠷᠤᠢ ᠲᠦᠮᠡᠨ ᠶᠠᠳᠠᠭᠤ | ᠬᠦᠴᠢᠷᠳᠡᠯ ᠲᠠᠢ ᠬᠥᠮᠥᠨ ᠠᠮᠠ ᠶᠢ ᠣᠨᠳᠣᠣ ᠭᠠᠵᠠᠷ ᠨᠡᠭᠦᠯᠭᠡᠵᠦ᠂ ᠲᠤᠶᠢᠯ ᠤᠨ ᠶᠠᠳᠠᠭᠤ ᠬᠦᠴᠢᠷᠳᠡᠯ ᠲᠠᠢ ᠪᠠᠶᠢᠭᠰᠠᠨ | ᠠᠰᠠᠭᠤᠳᠠᠯ ᠢ ᠲᠡᠦᠬᠡᠲᠦ ᠴᠢᠨᠠᠷᠲᠠᠢ ᠪᠠᠷ ᠰᠢᠢᠳᠪᠦᠷᠢᠯᠡᠪᠡ᠃ | — ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠡᠯᠪᠡᠭ ᠪᠠᠶᠠᠯᠢᠭ ᠦᠷ᠎ᠡ ᠪᠦᠲᠦᠭᠡᠯ ᠣᠯᠪᠠ᠃ | ᠰᠢᠨ᠎ᠡ ᠭᠡᠯᠪᠡᠷᠢ ᠶᠢᠨ ᠤᠯᠤᠰ ᠳᠠᠶᠠᠭᠠᠷ ᠤᠨ ᠪᠠᠶᠢᠭᠤᠯᠤᠯ ᠢ ᠪᠠᠶᠢᠭᠤᠯᠤᠨ᠂ ᠤᠯᠤᠰ ᠤᠨ ᠲᠤᠷᠰᠢᠯᠲᠠ ᠶᠢᠨ | ᠲᠠᠰᠤᠭ ᠢ ᠵᠣᠬᠢᠶᠠᠨ ᠪᠠᠶᠢᠭᠤᠯᠵᠤ᠂ ᠪᠦᠭᠦ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠢ ᠲᠠᠭᠢᠨ | ᠵᠣᠬᠢᠶᠠᠨ ᠪᠠᠶᠢᠭᠤᠯᠬᠤ ᠠᠵᠢᠯ ᠢ ᠪᠦᠯᠦᠭ ᠬᠤᠪᠢᠶᠠᠨ ᠠᠬᠢᠭᠤᠯᠪᠠ᠃ ᠵᠠᠷᠢᠮ ᠵᠠᠩᠭᠢᠯᠠᠭ᠎ᠠ ᠶᠢᠨ ᠭᠤᠣᠯᠯᠠᠬᠤ | ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠠᠵᠢᠯ ᠳᠤ ᠰᠢᠨ᠎ᠡ ᠰᠢᠪᠲᠤᠯᠤᠯᠲᠠ ᠲᠠᠢ ᠪᠣᠯᠵᠤ᠂ ᠬᠥᠮᠥᠨ | ᠰᠠᠭᠤᠯᠭᠠᠭᠰᠠᠨ ᠰᠠᠨᠰᠠᠷ ᠤᠨ ᠠᠶᠠᠯᠠᠯ᠂ ᠰᠠᠷᠠᠨ ᠪᠥᠮᠪᠥᠷᠴᠡᠭ ᠭᠠᠯ ᠭᠠᠷᠠᠭ ᠢ ᠬᠠᠶᠢᠨ ᠰᠢᠨᠵᠢᠯᠡᠬᠦ᠂ ᠭᠦᠨ ᠳᠠᠯᠠᠢ | ᠭᠦᠨ ᠭᠠᠵᠠᠷ ᠢ ᠬᠠᠶᠢᠨ ᠭᠡᠮᠵᠢᠭᠦ᠂ ᠭᠡᠳᠦ ᠺᠤᠮᠫᠢᠦ᠋ᠲ᠋ᠧᠷ᠂ ᠳᠠᠭᠠᠭᠤᠯᠢ ᠤᠳᠤ ᠪᠠᠷ ᠠᠶᠠᠯᠠᠯ ᠵᠠᠮᠴᠢᠯᠠᠬᠤ᠂ | ᠺᠸᠠᠨ᠋ᠲ ᠤᠨ ᠮᠡᠳᠡᠭᠡ ᠵᠠᠩᠭᠢ᠂ ᠴᠥᠮ᠎ᠡ ᠶᠢᠨ ᠴᠠᠭᠢᠯᠭᠠᠨ ᠤ ᠮᠡᠷᠭᠡᠵᠢᠯ᠂ ᠲᠣᠮᠣ ᠨᠢᠰᠬᠡᠯ ᠦᠢᠯᠡᠳᠭᠦ᠂ ᠵᠣᠬᠢᠶᠠᠮᠠᠯ | ᠣᠶᠤᠨᠯᠢᠭ᠂ ᠠᠮᠢᠳᠤ ᠪᠣᠳᠠᠰ ᠤᠨ ᠡᠮ ᠡᠮᠨᠡᠯᠭᠡ ᠵᠡᠷᠭᠡ ᠬᠦᠷᠢᠶᠡᠨ ᠳᠠᠬᠢ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ | ᠲᠠᠰᠤᠷᠠᠯᠳᠠ ᠦᠭᠡᠢ ᠢᠯᠡᠷᠡᠨ ᠭᠠᠷᠪᠠ᠃ ᠪᠦᠭᠦ ᠨᠡᠶᠢᠭᠡᠮ ᠤᠨ ᠰᠤᠳᠤᠯᠤᠨ ᠨᠡᠭᠡᠭᠡᠬᠦ ᠵᠠᠷᠤᠳᠠᠯ ᠤᠨ | ᠣᠷᠣᠭᠤᠯᠤᠯᠲᠠ ᠶᠢᠨ ᠡᠷᠴᠢᠮ 2.1% ᠪᠠᠶᠢᠭᠰᠠᠨ ᠠᠴᠠ ᠪᠠᠨ 2.5% ᠠᠴᠠ ᠳᠡᠭᠡᠭᠰᠢ ᠪᠣᠯᠵᠤ ᠳᠡᠭᠡᠭᠰᠢᠯᠡᠨ᠂ | ᠰᠢᠨᠵᠢᠯᠡᠬᠦ ᠤᠬᠠᠭᠠᠨ ᠮᠡᠷᠭᠡᠵᠢᠯ ᠤᠨ ᠲᠠᠪᠰᠢᠯᠳᠠ ᠶᠢᠨ ᠬᠤᠪᠢ ᠨᠡᠮᠡᠷᠢ ᠶᠢᠨ ᠨᠤᠷᠮ᠎ᠠ 60% ᠠᠴᠠ ᠳᠡᠭᠡᠭᠰᠢ ᠪᠣᠯᠵᠤ | ᠳᠡᠭᠡᠭᠰᠢᠯᠡᠨ᠂ ᠰᠢᠨ᠎ᠡ ᠡᠭᠦᠳᠦᠯᠲᠡ ᠶᠢᠨ ᠬᠥᠭᠵᠢᠯᠲᠡ ᠶᠢ ᠲᠤᠯᠭᠠᠭᠤᠷᠢᠯᠠᠬᠤ ᠴᠢᠳᠠᠪᠤᠷᠢ ᠲᠠᠰᠤᠷᠠᠯᠳᠠ ᠦᠭᠡᠢ | ᠴᠢᠩᠭᠠᠷᠠᠪᠠ᠃ | — ᠠᠵᠤ ᠠᠬᠤᠢ ᠶᠢᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠪᠡ᠃ ᠳᠡᠭᠡᠳᠦ | ᠮᠡᠷᠭᠡᠵᠢᠯ ᠤᠨ ᠦᠢᠯᠡᠳᠭᠦ ᠦᠢᠯᠡᠰ᠂ ᠲᠣᠨᠤᠭ ᠲᠥᠬᠦᠭᠡᠷᠦᠮᠵᠢ ᠦᠢᠯᠡᠳᠭᠦ ᠦᠢᠯᠡᠰ ᠤᠨ ᠨᠡᠮᠡᠭᠳᠡᠯ ᠥᠷᠲᠡᠭ ᠵᠢᠯ | ᠳᠤᠮᠳᠠᠴᠢ ᠪᠠᠷ ᠳᠤᠰ ᠳᠤᠰ 10.6%᠂ 7.9% ᠪᠠᠷ ᠨᠡᠮᠡᠭᠳᠡᠵᠦ᠂ ᠳ᠋ᠢᠵᠢᠲ᠋ᠠᠯ ᠠᠵᠤ ᠠᠬᠤᠢ ᠳᠠᠰᠤᠷᠠᠯᠳᠠ ᠦᠭᠡᠢ | ᠪᠤᠵᠠᠭᠠᠶᠢᠷᠠᠵᠤ᠂ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠭᠡᠯᠪᠡᠷᠢ ᠪᠠᠶᠢᠳᠠᠯ ᠰᠢᠨ᠎ᠡ ᠬᠡᠪ ᠵᠠᠭᠪᠤᠷ ᠤᠨ | ᠨᠡᠮᠡᠭᠳᠡᠯ ᠥᠷᠲᠡᠭ ᠤᠨ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠭᠦ ᠥᠷᠲᠡᠭ ᠲᠤ ᠡᠵᠡᠯᠡᠭᠦ | ᠬᠤᠪᠢ ᠶᠢᠨ ᠵᠢᠩ 17% ᠠᠴᠠ ᠳᠡᠭᠡᠭᠰᠢ ᠳᠤ ᠭᠦᠷᠪᠡ᠃ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ | ᠪᠠᠶᠢᠯᠳᠤᠬᠤ ᠪᠣᠳᠣᠯᠭ᠎ᠠ᠂ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ ᠭᠦᠨᠵᠡᠭᠡᠢ | ᠬᠡᠷᠡᠭᠵᠢᠭᠦᠯᠪᠡ᠃ ᠪᠠᠶᠢᠩᠭᠤ ᠰᠠᠭᠤᠭ᠎ᠠ ᠬᠥᠮᠥᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ 60.2% | ᠪᠠᠶᠢᠭᠰᠠᠨ ᠠᠴᠠ ᠪᠠᠨ 65.2% ᠪᠣᠯᠵᠤ ᠳᠡᠭᠡᠭᠰᠢᠯᠡᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠣᠳᠣᠯᠭ᠎ᠠ ᠶᠢ ᠪᠦᠭᠦ ᠲᠠᠯ᠎ᠠ ᠪᠠᠷ ᠬᠡᠷᠡᠭᠵᠢᠭᠦᠯᠪᠡ᠃ ᠠᠵᠤ ᠠᠬᠤᠢ ᠶᠢᠨ ᠬᠥᠭᠵᠢᠯᠲᠡ ᠶᠢᠨ ᠰᠢᠨ᠎ᠡ | ᠬᠥᠳᠡᠯᠭᠡᠭᠴᠢ ᠡᠨᠧᠷᠭᠢ ᠶᠢ ᠲᠦᠷᠭᠡᠯᠡᠨ ᠪᠣᠶᠢᠵᠢᠭᠤᠯᠪᠠ᠃ | — ᠰᠠᠭᠤᠷᠢ ᠲᠥᠬᠦᠭᠡᠷᠦᠮᠵᠢ ᠶᠢ ᠨᠠᠩ ᠢᠯᠡᠭᠦᠦ ᠲᠡᠭᠦᠯᠳᠡᠷᠵᠢᠭᠦᠯᠪᠡ᠃ ᠦᠶᠡᠷ ᠢ ᠰᠡᠷᠭᠡᠶᠢᠯᠡᠵᠦ ᠭᠠᠩ | ᠬᠠᠭᠰᠠᠷᠠᠭᠠᠨ ᠲᠠᠢ ᠲᠡᠮᠡᠴᠡᠬᠦ᠂ ᠤᠰᠤ ᠲᠠᠲᠠᠵᠤ ᠤᠰᠤ ᠲᠣᠬᠢᠷᠠᠭᠤᠯᠬᠤ ᠵᠡᠷᠭᠡ ᠨᠢᠭᠡ ᠪᠦᠯᠦᠭ ᠴᠢᠬᠤᠯᠠ ᠶᠡᠭᠡ | ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠪᠡ᠃ ᠳᠡᠭᠡᠳᠦ ᠬᠤᠷᠳᠤᠴᠠᠲᠤ | ᠲᠡᠮᠦᠷ ᠵᠠᠮ ᠤᠨ ᠲᠡᠭᠡᠭᠡᠪᠦᠷᠢ ᠡᠵᠡᠩᠨᠡᠯᠲᠡ ᠶᠢᠨ ᠵᠠᠮ ᠤᠨ ᠤᠷᠳᠤ 2.5 ᠲᠦᠮᠡᠨ ᠺᠢᠯᠣᠮᠧᠲᠷ ᠪᠠᠶᠢᠭᠰᠠᠨ ᠠᠴᠠ ᠪᠠᠨ | 4.2 ᠲᠦᠮᠡᠨ ᠺᠢᠯᠣᠮᠧᠲᠷ ᠪᠣᠯᠵᠤ ᠨᠡᠮᠡᠭᠳᠡᠨ᠂ ᠲᠦᠷᠭᠡᠨ ᠳᠠᠪᠬᠢᠬᠤ ᠵᠠᠰᠠᠮᠠᠯ ᠵᠠᠮ ᠤᠨ ᠤᠷᠳᠤ ᠶᠢᠨ ᠬᠡᠮᠵᠢᠶ᠎ᠡ 13.6 | ᠲᠦᠮᠡᠨ ᠺᠢᠯᠣᠮᠧᠲᠷ ᠪᠠᠶᠢᠭᠰᠠᠨ ᠠᠴᠠ ᠪᠠᠨ 17.7 ᠲᠦᠮᠡᠨ ᠺᠢᠯᠣᠮᠧᠲᠷ ᠪᠣᠯᠵᠤ ᠨᠡᠮᠡᠭᠳᠡᠪᠡ᠃ ᠬᠥᠳᠡᠭᠡ | ᠲᠣᠰᠬᠤᠨ ᠤ ᠵᠠᠰᠠᠮᠠᠯ ᠵᠠᠮ ᠢ 125 ᠲᠦᠮᠡᠨ ᠺᠢᠯᠣᠮᠧᠲᠷ ᠰᠢᠨ᠎ᠡ ᠪᠠᠷ ᠳᠡᠪᠢᠰᠦᠭᠰᠡᠨ ᠪᠤᠶᠤ ᠵᠠᠰᠠᠵᠤ ᠳᠡᠪᠢᠰᠪᠡ᠃ | ᠨᠢᠰᠬᠡᠯ ᠤᠨ ᠪᠠᠭᠤᠳᠠᠯ ᠤᠨ ᠪᠠᠭᠲᠠᠭᠠᠮᠵᠢ ᠶᠢ 4 ᠳ᠋ᠦᠩᠰᠢᠭᠤᠷ ᠬᠥᠮᠥᠨ ᠤᠳᠠᠭ᠎ᠠ ᠰᠢᠨ᠎ᠡ ᠪᠠᠷ ᠨᠡᠮᠡᠭᠳᠡᠭᠦᠯᠪᠡ᠃ | ᠴᠠᠭᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢ 40% ᠠᠴᠠ ᠳᠡᠭᠡᠭᠰᠢ ᠨᠡᠮᠡᠭᠳᠡᠭᠦᠯᠪᠡ᠃ ᠪᠤᠢ | ᠪᠦᠬᠦᠢ ᠲᠤᠰᠬᠠᠢ ᠣᠷᠣᠨ ᠤ ᠲᠡᠰ ᠤᠨ ᠬᠤᠲᠠ ᠳᠤ ᠮᠢᠩᠭᠠᠨ ᠮᠧᠭ᠎ᠠ ᠶᠢᠨ ᠭᠡᠷᠡᠯᠯᠢᠭ ᠰᠦᠯᠵᠢᠶ᠎ᠡ ᠶᠢ ᠪᠦᠷᠬᠦᠭᠦᠯᠵᠦ᠂ | ᠪᠤᠢ ᠪᠦᠬᠦᠢ ᠵᠠᠰᠠᠭ ᠵᠠᠬᠢᠷᠭᠠᠨ ᠤ ᠲᠣᠰᠬᠤᠨ ᠳᠤ ᠥᠷᠭᠡᠨ ᠪᠦᠰᠡᠲᠦ ᠰᠦᠯᠵᠢᠶ᠎ᠡ ᠶᠢ ᠨᠡᠪᠲᠡᠷᠡᠭᠦᠯᠪᠡ᠃ | — ᠥᠭᠡᠷᠡᠴᠢᠯᠡᠯᠲᠡ ᠨᠡᠭᠡᠭᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠪᠡ᠃ ᠥᠭᠡᠷᠡᠴᠢᠯᠡᠯᠲᠡ | ᠨᠡᠭᠡᠭᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠦᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠶᠢ | ᠠᠬᠢᠭᠤᠯᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠢ | ᠬᠡᠷᠡᠭᠵᠢᠭᠦᠯᠦᠨ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠪᠠᠭᠤᠯᠭᠠᠬᠤ ᠪᠠ ᠬᠠᠮᠢᠶᠠᠷᠬᠤ ᠶᠢ | ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠥᠭᠡᠷᠡᠴᠢᠯᠡᠯᠲᠡ ᠶᠢ ᠲᠠᠰᠤᠷᠠᠯᠲᠠ ᠦᠭᠡᠢ | ᠭᠦᠨᠵᠡᠭᠡᠶᠢᠷᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠢᠯᠡᠳᠲᠡ ᠰᠠᠶᠢᠵᠢᠷᠠᠭᠤᠯᠪᠠ᠃ ︽ᠨᠢᠭᠡ | ᠪᠦᠰᠡ ᠨᠢᠭᠡ ᠵᠠᠮ︾ ᠢ ᠬᠠᠮᠲᠤ ᠪᠠᠷ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠪᠠ᠃ ᠣᠷᠣᠨ | ᠪᠦᠰᠡ ᠶᠢᠨ ᠪᠦᠭᠦ ᠲᠠᠯ᠎ᠠ ᠶᠢᠨ ᠠᠵᠤ ᠠᠬᠤᠢ ᠶᠢᠨ ᠬᠠᠨᠢᠲᠠᠨ ᠤ ᠬᠠᠷᠢᠴᠠᠭ᠎ᠠ ᠶᠢᠨ ᠬᠡᠯᠡᠯᠴᠡᠭᠡᠷ ︵RCEP︶ ᠢ | ᠬᠦᠴᠦᠨ ᠲᠠᠢ ᠪᠤᠯᠭᠠᠵᠤ ᠬᠡᠷᠡᠭᠵᠢᠭᠦᠯᠬᠦ ᠶᠢ ᠠᠬᠢᠭᠤᠯᠤᠨ᠂ ᠪᠦᠭᠦ ᠪᠥᠮᠪᠥᠷᠴᠡᠭ ᠤᠨ ᠬᠠᠮᠤᠭ ᠤᠨ ᠲᠣᠮᠣ ᠴᠢᠯᠦᠭᠡᠲᠦ | ᠠᠷᠠᠯᠵᠢᠶᠠᠨ ᠤ ᠣᠷᠣᠨ ᠢ ᠪᠠᠶᠢᠭᠤᠯᠪᠠ᠃ ᠡᠳ᠋ ᠪᠠᠷᠠᠭ᠎ᠠ ᠶᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ | ᠭᠠᠷᠭᠠᠭᠰᠠᠨ ᠪᠦᠭᠦ ᠲᠤᠭ᠎ᠠ ᠵᠢᠯ ᠳᠤᠮᠳᠠᠴᠢ ᠪᠠᠷ 8.6% ᠪᠠᠷ ᠨᠡᠮᠡᠭᠳᠡᠨ᠂ 40 ᠲᠦᠮᠡᠨ ᠳ᠋ᠦᠩᠰᠢᠭᠤᠷ | ᠲᠥᠭᠦᠷᠢᠭ ᠢ ᠳᠠᠪᠠᠭᠰᠠᠨ ᠪᠥᠭᠡᠳ ᠤᠯᠠᠨ ᠵᠢᠯ ᠳᠠᠷᠠᠭᠠᠯᠠᠨ ᠳᠡᠯᠡᠬᠡᠢ ᠶᠢᠨ ᠲᠡᠷᠢᠭᠦᠨ ᠪᠠᠶᠢᠷᠢᠨ ᠳᠤ ᠣᠷᠣᠵᠤ᠂ | ᠭᠠᠳᠠᠭᠠᠳᠤ ᠪᠡᠯᠡ ᠶᠢ ᠲᠠᠲᠠᠬᠤ ᠪᠠ ᠭᠠᠳᠠᠭᠠᠳᠤ ᠳᠤ ᠪᠡᠯᠡ ᠣᠷᠣᠭᠤᠯᠬᠤ ᠶᠠᠪᠤᠳᠠᠯ ᠳᠡᠯᠡᠬᠡᠢ ᠶᠢᠨ ᠡᠮᠦᠨ᠎ᠡ | ᠡᠩᠨᠡᠭᠡᠨ ᠳᠤ ᠣᠷᠣᠪᠠ᠃ | — ᠠᠮᠢ ᠠᠬᠤᠢ ᠶᠢᠨ ᠣᠷᠴᠢᠨ ᠨᠥᠬᠦᠴᠡᠯ ᠢ ᠢᠯᠡᠳᠲᠡ ᠰᠠᠶᠢᠵᠢᠷᠠᠭᠤᠯᠪᠠ᠃ ᠨᠢᠭᠡᠴᠢ ᠤᠯᠤᠰ ᠤᠨ | ᠳᠣᠲᠣᠭᠠᠳᠤ ᠶᠢᠨ ᠦᠢᠯᠡᠳᠪᠦᠷᠢᠯᠡᠯ ᠤᠨ ᠪᠦᠭᠦ ᠦᠷᠲᠡᠭ ᠤᠨ ᠡᠨᠧᠷᠭᠢ ᠶᠢᠨ ᠬᠤᠷᠣᠭᠳᠠᠭᠤᠯᠤᠯ 8.1% ᠪᠠᠷ | ᠪᠠᠭᠤᠷᠠᠵᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ 14.1% ᠪᠠᠷ ᠪᠠᠭᠤᠷᠠᠪᠠ᠃ | ᠲᠤᠰᠬᠠᠢ ᠣᠷᠣᠨ ᠤ ᠲᠠᠰ ᠵᠢᠴᠢ ᠲᠡᠭᠦᠨ ᠠᠴᠠ ᠳᠡᠭᠡᠭᠰᠢᠬᠢ ᠬᠤᠲᠠ ᠶᠢᠨ ᠵᠢᠵᠢᠭ ᠮᠥᠬᠦᠯᠢᠭᠲᠦ ᠪᠣᠳᠠᠰ ︵PM2. | 5︶ ᠤᠨ ᠳᠤᠮᠳᠠᠴᠢ ᠥᠳᠬᠡᠴᠡ 27.5% ᠪᠠᠷ ᠪᠠᠭᠤᠷᠠᠨ᠂ ᠬᠦᠨᠳᠦ ᠪᠣᠬᠢᠷᠳᠤᠯ ᠲᠠᠢ ᠡᠳᠦᠷ ᠤᠨ ᠲᠤᠭ᠎ᠠ ᠲᠠᠪᠤᠨ | ᠬᠤᠪᠢ ᠠᠴᠠ ᠳᠡᠭᠡᠭᠰᠢ ᠪᠠᠭᠠᠰᠴᠤ᠂ ᠪᠦᠭᠦ ᠤᠯᠤᠰ ᠤᠨ ᠭᠠᠵᠠᠷ ᠤᠨ ᠭᠠᠳᠠᠷᠭᠤ ᠶᠢᠨ ᠤᠰᠤᠨ ᠤ ᠰᠢᠯᠢᠳᠡᠭ ᠰᠠᠶᠢᠨ | ᠤᠰᠤᠨ ᠴᠣᠭᠴᠠ ᠶᠢᠨ ᠬᠠᠷᠢᠴᠠᠯ 67.9% ᠪᠠᠶᠢᠭᠰᠠᠨ ᠠᠴᠠ ᠪᠠᠨ 87.9% ᠪᠣᠯᠵᠤ ᠳᠡᠭᠡᠭᠰᠢᠯᠡᠪᠡ᠃ | ᠲᠦᠷᠦᠭᠦᠦ ᠪᠦᠯᠦᠭ ᠤᠯᠤᠰ ᠤᠨ ᠴᠡᠴᠡᠷᠯᠢᠭ ᠢ 5 ᠪᠠᠶᠢᠭᠤᠯᠵᠤ᠂ ᠡᠯ᠎ᠡ ᠱᠠᠲᠤᠨ ᠤ ᠡᠯ᠎ᠡ ᠲᠦᠷᠦᠯ ᠤᠨ | ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ 9000 ᠭᠠᠷᠤᠢ ᠪᠠᠶᠢᠭᠤᠯᠪᠠ᠃ ᠦᠵᠡᠰᠬᠦᠯᠡᠩᠲᠦ ᠰᠠᠶᠢᠬᠠᠨ | ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠴᠢᠬᠤᠯᠠ ᠶᠡᠭᠡ ᠠᠯᠬᠤᠮ ᠢ ᠠᠯᠬᠤᠪᠠ᠃ | — ᠠᠷᠠᠳ ᠤᠨ ᠠᠮᠢᠳᠤᠷᠠᠯ ᠤᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠰᠠᠭᠤᠭᠠᠯᠢ | ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ ᠲᠠᠢ ᠦᠨᠳᠦᠰᠦᠨ ᠳᠡᠭᠡᠨ ᠵᠢᠭᠳᠡ ᠪᠠᠶᠢᠯᠭᠠᠵᠤ᠂ | ᠪᠦᠭᠦ ᠤᠯᠤᠰ ᠤᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠤᠯᠬᠤ ᠤᠷᠤᠯᠭ᠎ᠠ ᠵᠢᠯ | ᠳᠤᠮᠳᠠᠴᠢ ᠪᠠᠷ 5.1% ᠪᠠᠷ ᠨᠡᠮᠡᠭᠳᠡᠪᠡ᠃ ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ ᠵᠢᠯ ᠳᠤᠮᠳᠠᠴᠢ ᠪᠠᠷ 2. | 1% ᠪᠠᠷ ᠥᠰᠪᠡ᠃ ᠰᠢᠨ᠎ᠡ ᠪᠠᠷ ᠨᠡᠮᠡᠭᠳᠡᠭᠰᠡᠨ ᠭᠦᠳᠡᠯᠮᠦᠷᠢ ᠶᠢᠨ ᠬᠦᠴᠦᠨ ᠤ ᠰᠤᠷᠭᠠᠨ ᠬᠥᠮᠦᠵᠢᠯ ᠭᠦᠷᠲᠡᠭᠦ | ᠳᠤᠮᠳᠠᠴᠢ ᠵᠢᠯ ᠬᠤᠭᠤᠴᠠᠭ᠎ᠠ 13.5 ᠵᠢᠯ ᠪᠠᠶᠢᠭᠰᠠᠨ ᠠᠴᠠ ᠪᠠᠨ 14 ᠵᠢᠯ ᠪᠣᠯᠵᠤ ᠳᠡᠭᠡᠭᠰᠢᠯᠡᠪᠡ᠃ ᠨᠠᠰᠤᠵᠢᠯ ᠤᠨ | ᠦᠨᠳᠦᠰᠦᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠬᠰᠠᠨ ᠬᠥᠮᠥᠨ ᠤ ᠲᠤᠭ᠎ᠠ 1.4 ᠳ᠋ᠦᠩᠰᠢᠭᠤᠷ ᠨᠡᠮᠡᠭᠳᠡᠨ᠂ | 10.5 ᠳ᠋ᠦᠩᠰᠢᠭᠤᠷ ᠬᠥᠮᠥᠨ ᠢ ᠬᠠᠮᠤᠷᠴᠤ᠂ ᠡᠮᠨᠡᠯᠭᠡ ᠶᠢᠨ ᠦᠨᠳᠦᠰᠦᠨ ᠳᠠᠭᠠᠳᠬᠠᠯ ᠤᠨ ᠲᠦᠪᠰᠢᠨ | ᠲᠣᠭᠲᠠᠭᠤᠨ ᠢᠶᠠᠷ ᠳᠡᠭᠡᠭᠰᠢᠯᠡᠪᠡ᠃ ᠣᠯᠠᠨ ᠵᠢᠯ ᠳᠤ ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠤᠨ | ᠨᠡᠶᠢᠲᠡ 4200 ᠭᠠᠷᠤᠢ ᠲᠦᠮᠡᠨ ᠢᠵᠢ ᠣᠷᠣᠨ ᠰᠠᠭᠤᠴᠠ ᠶᠢ ᠥᠭᠡᠷᠡᠴᠢᠯᠡᠨ ᠵᠠᠰᠠᠵᠤ᠂ ᠳ᠋ᠦᠩᠰᠢᠭᠤᠷ ᠭᠠᠷᠤᠢ | ᠬᠥᠮᠥᠨ ᠳᠥᠭᠦᠮ ᠪᠦᠲᠦᠴᠡᠲᠦ ᠣᠷᠣᠨ ᠰᠠᠭᠤᠴᠠ ᠠᠴᠠ ᠪᠠᠨ ᠠᠰᠠᠷ ᠲᠤ ᠨᠡᠭᠦᠵᠦ ᠣᠷᠣᠭᠠᠳ ᠠᠮᠤᠭᠤᠯᠠᠩ | ᠰᠠᠭᠤᠴᠠ ᠲᠠᠢ ᠪᠣᠯᠪᠠ᠃ | ᠣᠯᠠᠨ ᠵᠢᠯ ᠨᠠᠷᠢᠨ ᠨᠢᠮᠪᠠᠢ ᠪᠡᠯᠡᠳᠬᠡᠯ ᠬᠢᠬᠦ ᠪᠠᠷ ᠳᠠᠮᠵᠢᠭᠠᠳ᠂ ᠠᠷᠪᠢᠴᠢ ᠭᠠᠮᠲᠠᠢ᠂ ᠠᠮᠤᠷ ᠲᠦᠪᠰᠢᠨ᠂ | ᠭᠠᠶᠢᠬᠠᠯᠲᠠᠢ ᠰᠠᠶᠢᠬᠠᠨ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ᠂ | ᠵᠡᠮᠳᠡᠭᠴᠦᠳ ᠤᠨ ᠡᠪᠦᠯ ᠤᠨ ᠤᠯᠠᠷᠢᠯ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠠᠮᠵᠢᠯᠲᠠ ᠲᠠᠢ | ᠡᠷᠭᠢᠯᠡᠨ᠂ ᠤᠯᠠᠨ ᠲᠦᠮᠡᠨᠴᠢ ᠴᠢᠨᠠᠷᠲᠠᠢ ᠮᠥᠰᠥ ᠴᠠᠰᠤᠨ ᠳᠡᠭᠡᠷᠡᠬᠢ ᠬᠥᠳᠡᠯᠭᠡᠭᠡᠨ ᠢ ᠠᠬᠢᠭᠤᠯᠬᠤ᠂ ᠣᠯᠢᠮᠫᠢᠺ ᠤᠨ | ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠥᠭᠵᠢᠯᠲᠡ ᠶᠢ ᠠᠬᠢᠭᠤᠯᠬᠤ᠂ ᠳᠡᠯᠡᠬᠡᠢ ᠶᠢᠨ ᠠᠷᠠᠳ ᠲᠦᠮᠡᠨ ᠤ ᠪᠦᠯᠬᠦᠮᠳᠡᠯ | ᠨᠥᠬᠦᠷᠯᠡᠯ ᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠪᠡ᠃ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠡᠭᠦᠰᠦᠭᠰᠡᠨ ᠭᠤᠷᠪᠠᠨ ᠵᠢᠯ ᠭᠠᠷᠤᠢ ᠶᠢᠨ ᠲᠤᠷᠰᠢ᠂ | ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠠᠷᠠᠳ ᠲᠦᠮᠡᠨ ᠢ ᠳᠡᠭᠡᠳᠦᠯᠡᠬᠦ᠂ ᠠᠮᠢ | ᠨᠠᠰᠤ ᠶᠢ ᠳᠡᠭᠡᠳᠦᠯᠡᠬᠦ ᠶᠢ ᠢᠮᠠᠭᠲᠠ ᠪᠠᠷᠢᠮᠲᠠᠯᠠᠵᠤ᠂ ᠡᠮᠨᠡᠯᠭᠡ ᠶᠢᠨ ᠡᠬᠢ ᠪᠠᠶᠠᠯᠢᠭ ᠪᠠ ᠡᠳ᠋ ᠪᠣᠳᠠᠰ ᠤᠨ | ᠪᠠᠲᠤᠯᠠᠭ᠎ᠠ ᠶᠢ ᠴᠢᠩᠭᠠᠳᠬᠠᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠳᠤ ᠨᠡᠷᠪᠡᠭᠳᠡᠭᠰᠡᠳ ᠢ ᠪᠦᠭᠦ | ᠬᠦᠴᠦᠨ ᠢᠶᠠᠷ ᠢᠶᠠᠨ ᠠᠪᠤᠷᠠᠨ ᠵᠠᠰᠠᠵᠤ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ | ᠮᠠᠬᠠᠪᠤᠳ ᠤᠨ ᠡᠷᠡᠭᠦᠯ ᠮᠡᠨᠳᠦ ᠶᠢ ᠪᠦᠲᠦᠮᠵᠢᠲᠡᠶ ᠬᠠᠮᠠᠭᠠᠯᠠᠵᠤ᠂ ᠴᠠᠭ ᠪᠠ ᠪᠠᠶᠢᠳᠠᠯ ᠳᠤ ᠲᠣᠬᠢᠷᠠᠭᠤᠯᠤᠨ ᠰᠡᠷᠭᠡᠶᠢᠯᠡᠨ | ᠬᠢᠵᠠᠭᠠᠷᠯᠠᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠬᠢᠷᠠᠭᠤᠯᠤᠨ ᠰᠢᠯᠢᠳᠡᠭᠵᠢᠭᠦᠯᠵᠦ᠂ ᠪᠦᠭᠦ ᠤᠯᠤᠰ ᠤᠨ | ᠠᠷᠠᠳ ᠲᠦᠮᠡᠨ ᠰᠢᠨᠲᠠᠷᠠᠰᠢ ᠦᠭᠡᠢ ᠴᠢᠷᠮᠠᠶᠢᠵᠤ᠂ ᠴᠢᠬᠤᠯᠠ ᠶᠡᠭᠡ ᠰᠢᠢᠳᠪᠦᠷᠢᠯᠡᠭᠴᠢ ᠴᠢᠨᠠᠷᠲᠠᠢ ᠢᠯᠠᠯᠲᠠ ᠶᠢ ᠣᠯᠪᠠ | ᠃ ᠬᠢᠵᠢᠭ ᠢ ᠡᠰᠡᠷᠭᠦᠴᠡᠬᠦ ᠲᠤᠶᠢᠯ ᠤᠨ ᠶᠡᠷᠦ ᠪᠤᠰᠤ ᠶᠢᠨ ᠥᠩᠭᠡᠷᠡᠯᠲᠡ ᠳᠤᠮᠳᠠ᠂ ᠡᠯ᠎ᠡ ᠭᠠᠵᠠᠷ ᠣᠷᠣᠨ ᠡᠯ᠎ᠡ | ᠰᠠᠯᠠᠭ᠎ᠠ ᠮᠥᠴᠢᠷ ᠡᠯ᠎ᠡ ᠨᠢᠭᠡᠴᠢ ᠶᠡᠭᠡ ᠬᠡᠮᠵᠢᠶᠡᠨ ᠤ ᠠᠵᠢᠯ ᠬᠢᠵᠦ᠂ ᠡᠯ᠎ᠡ ᠠᠵᠢᠯ ᠲᠥᠷᠥᠯ ᠤᠨ ᠬᠢᠨ ᠴᠠᠭ ᠤᠨ | ᠪᠡᠷᠬᠡ ᠶᠢ ᠬᠠᠮᠲᠤ ᠪᠠᠷ ᠲᠤᠭᠤᠯᠵᠤ᠂ ᠥᠷᠭᠡᠨ ᠣᠯᠠᠨ ᠡᠮᠨᠡᠯᠭᠡ ᠶᠢᠨ ᠠᠵᠢᠯᠲᠠᠨ ᠬᠦᠴᠢᠷ ᠪᠡᠷᠬᠡ ᠠᠴᠠ ᠦᠯᠦ | ᠰᠦᠷᠳᠡᠨ᠂ ᠢᠯᠠᠩᠭᠤᠶ᠎ᠠ ᠲᠦᠭ ᠲᠦᠮᠡᠨ ᠠᠷᠠᠳ ᠲᠦᠮᠡᠨ ᠤᠯᠠᠨ ᠳᠠᠪᠬᠤᠷ ᠪᠡᠷᠬᠡᠰᠢᠶᠡᠯ ᠢ ᠢᠯᠡᠨ ᠳᠠᠪᠠᠵᠤ᠂ | ᠬᠤᠪᠢ ᠨᠡᠮᠡᠷᠢ ᠣᠷᠣᠭᠤᠯᠵᠤ ᠬᠠᠷᠠᠮ ᠦᠭᠡᠢ ᠵᠣᠷᠢᠭᠤᠯᠤᠭᠰᠠᠨ ᠨᠢ ᠴᠥᠮ ᠲᠤᠶᠢᠯ ᠤᠨ ᠭᠢᠯᠪᠡᠷ ᠪᠤᠰᠤ ᠶᠠᠪᠤᠳᠠᠯ ᠶᠤᠮ | ᠂ ᠤᠯᠡᠨ ᠢᠶᠠᠷ ᠢᠶᠠᠨ ᠬᠢᠵᠢᠭ ᠤᠨ ᠬᠦᠨᠳᠦ ᠶᠡᠭᠡ ᠰᠢᠯᠭᠠᠯᠲᠠ ᠶᠢ ᠬᠠᠮᠲᠤ ᠪᠠᠷ ᠡᠰᠡᠷᠭᠦᠴᠡᠨ ᠬᠤᠷᠢᠭᠯᠠᠵᠤ᠂ ᠬᠠᠷᠠᠬᠠᠨ | ᠳᠠᠭᠤᠰᠤᠭᠠᠳᠤᠢ ᠬᠢᠵᠢᠭ ᠤᠨ ᠡᠮᠦᠨ᠎ᠡ᠂ ᠮᠥᠨ ᠯᠡ ᠬᠢᠵᠢᠭ ᠢ ᠰᠡᠷᠭᠡᠶᠢᠯᠡᠨ ᠬᠢᠵᠠᠭᠠᠷᠯᠠᠬᠤ ᠪᠠ ᠠᠵᠤ ᠠᠬᠤᠢ | ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠭᠡᠳ ᠣᠯᠣᠭᠰᠠᠨ ᠦᠷ᠎ᠡ ᠪᠦᠲᠦᠭᠡᠯ ᠢ ᠲᠠᠰᠤᠷᠠᠯᠲᠠ ᠦᠭᠡᠢ | ᠪᠠᠬᠢᠵᠢᠭᠦᠯᠵᠦ ᠪᠠᠶᠢᠨ᠎ᠠ᠃ | ᠲᠥᠯᠥᠭᠡᠯᠡᠭᠴᠢᠳ ᠠ᠋︕ | ᠲᠠᠪᠤᠨ ᠵᠢᠯ ᠤᠨ ᠲᠤᠷᠰᠢ᠂ ᠪᠢᠳᠡ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ | ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠵᠤ᠂ ᠭᠤᠣᠯᠳᠠᠭᠤ | ᠳᠣᠣᠷᠠᠬᠢ ᠠᠵᠢᠯ ᠤᠳ ᠢ ᠬᠢᠪᠡ᠃ | ︵ᠨᠢᠭᠡ︶ ᠬᠤᠷᠸ᠎ᠠ ᠲᠣᠬᠢᠷᠠᠭᠤᠯᠤᠯ ᠡᠵᠡᠮᠳᠡᠯ ᠤᠨ ᠰᠢᠨ᠎ᠡ ᠶᠢ ᠡᠭᠦᠳᠴᠦ᠂ ᠠᠵᠤ ᠠᠬᠤᠢ ᠶᠢᠨ | ᠠᠵᠢᠯᠯᠠᠭᠠᠨ ᠢ ᠵᠦᠢ ᠵᠣᠬᠢᠰᠲᠠᠢ ᠬᠡᠪᠴᠢᠶᠡᠨ ᠳᠤ ᠪᠠᠶᠢᠯᠭᠠᠪᠠ᠃ ᠠᠷᠠᠯᠵᠢᠶᠠᠨ ᠤ ᠬᠠᠮᠠᠭᠠᠯᠠᠬᠤ ᠦᠵᠡᠯ ᠲᠣᠯᠣᠭᠠᠢ | ᠥᠨᠳᠡᠶᠢᠭᠰᠡᠨ᠂ ᠬᠢᠵᠢᠭ ᠤᠨ ᠳᠠᠭᠠᠷᠢᠯᠲᠠ ᠢᠷᠡᠭᠰᠡᠨ ᠵᠡᠷᠭᠡ ᠬᠤᠶᠢᠨ᠎ᠠ ᠬᠤᠶᠢᠨ᠎ᠠ ᠠᠴᠠ ᠪᠠᠨ ᠵᠠᠯᠭᠠᠯᠳᠤᠭᠰᠠᠨ | ᠬᠠᠲᠠᠭᠤ ᠴᠢᠩᠭ᠎ᠠ ᠰᠢᠯᠭᠠᠯᠲᠠ ᠶᠢᠨ ᠡᠮᠦᠨ᠎ᠡ᠂ ᠬᠤᠷᠸ᠎ᠠ ᠲᠣᠬᠢᠷᠠᠭᠤᠯᠤᠯ ᠡᠵᠡᠮᠳᠡᠯ ᠤᠨ ᠠᠷᠭ᠎ᠠ ᠮᠠᠶ᠋ᠢᠭ ᠤᠨ ᠰᠢᠨ᠎ᠡ ᠶᠢ | ᠡᠭᠦᠳᠴᠦ᠂ ᠪᠡᠯᠡ ᠣᠷᠣᠭᠤᠯᠤᠯᠲᠠ ᠳᠤ ᠬᠡᠲᠦᠷᠬᠡᠢ ᠲᠦᠰᠢᠭᠯᠡᠬᠦ ᠦᠭᠡᠢ ᠪᠠᠶᠢᠵᠤ᠂ ᠡᠳ᠋ ᠤᠨ ᠵᠠᠰᠠᠭ ᠤᠨ ᠪᠠ | ᠵᠣᠭᠤᠰᠤᠨ ᠤ ᠵᠡᠷᠭᠡ ᠲᠦᠷᠦ ᠶᠢᠨ ᠪᠣᠳᠣᠯᠭ᠎ᠠ ᠶᠢ ᠨᠢᠭᠡᠳᠦᠯᠲᠡᠢ ᠲᠥᠯᠥᠪᠯᠡᠨ ᠬᠡᠷᠡᠭᠯᠡᠵᠦ᠂ ᠬᠠᠨᠳᠤᠯᠭᠠᠲᠤ ᠴᠢᠨᠠᠷ ᠪᠠ | ᠪᠦᠲᠦᠮᠵᠢᠲᠦ ᠴᠢᠨᠠᠷ ᠢ ᠨᠢ ᠨᠡᠮᠡᠭᠳᠡᠭᠦᠯᠦᠨ᠂ ᠵᠠᠬ᠎ᠠ ᠳᠡᠯᠭᠡᠭᠦᠷ ᠤᠨ ᠬᠤᠪᠢᠷᠠᠯᠲᠠ ᠳᠤ ᠰᠢᠭᠤᠳ ᠬᠠᠨᠳᠤᠵᠤ᠂ ᠵᠠᠬ᠎ᠠ | ᠳᠡᠯᠭᠡᠭᠦᠷ ᠤᠨ ᠪᠡᠶᠡᠴᠢ ᠴᠣᠭᠴᠠ ᠶᠢᠨ ᠬᠦᠴᠢᠷᠳᠡᠯ ᠢᠶᠠᠨ ᠰᠢᠢᠳᠪᠦᠷᠢᠯᠡᠨ ᠭᠦᠭᠵᠢᠭᠦ ᠶᠢ ᠭᠤᠣᠯᠳᠠᠯᠭ᠎ᠠ ᠲᠠᠢ | ᠲᠡᠮᠵᠢᠭᠦ ᠶᠢᠨ ᠤᠯᠠᠮ ᠠᠴᠠ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠵᠤ ᠠᠷᠠᠳ ᠤᠨ ᠠᠮᠢᠳᠤᠷᠠᠯ ᠢ ᠪᠠᠲᠤᠯᠠᠪᠠ᠃ | ᠣᠨ ᠤ ᠭᠤᠣᠯ ᠭᠤᠣᠯ ᠵᠢᠱᠢᠭᠰᠡᠨ ᠬᠠᠷᠠᠯᠲᠠ ᠶᠢ ᠨᠢᠭᠡᠨ ᠣᠷᠭᠠᠨᠢᠭ ᠪᠦᠬᠦᠯᠢ ᠴᠣᠭᠴᠠ ᠪᠣᠯᠭᠠᠨ ᠡᠵᠡᠮᠳᠡᠵᠦ᠂ | ᠬᠡᠪᠴᠢᠶᠡᠲᠦ ᠲᠣᠬᠢᠷᠠᠭᠤᠯᠤᠯ ᠡᠵᠡᠮᠳᠡᠯ᠂ ᠬᠠᠨᠳᠤᠯᠭᠠᠲᠤ ᠲᠣᠬᠢᠷᠠᠭᠤᠯᠤᠯ ᠡᠵᠡᠮᠳᠡᠯ᠂ ᠲᠣᠬᠢᠶᠠᠯᠳᠤ ᠲᠣᠬᠢᠷᠠᠭᠤᠯᠤᠯ | ᠡᠵᠡᠮᠳᠡᠯ᠂ ᠨᠠᠷᠢᠯᠢᠭ ᠤᠨᠤᠴᠠᠳᠤ ᠲᠣᠬᠢᠷᠠᠭᠤᠯᠤᠯ ᠡᠵᠡᠮᠳᠡᠯ ᠢ ᠴᠢᠩᠭᠠᠳᠬᠠᠵᠤ᠂ ᠡᠷᠡᠰ ᠰᠢᠭᠤᠷᠬᠠᠢ ᠪᠠᠷ ᠡᠷᠴᠢᠮ ᠢᠶᠠᠨ | ᠴᠢᠩᠭᠠᠷᠠᠭᠤᠯᠤᠭᠰᠠᠨ ᠮᠥᠷᠲᠡᠭᠡᠨ ︽ᠨᠡᠯᠦᠶᠢᠯᠭᠡᠨ ᠤᠰᠤᠯᠠᠬᠤ ᠦᠭᠡᠢ︾᠂ ᠬᠡᠲᠦᠷᠡᠲᠡᠯ᠎ᠡ ᠤᠷᠢᠳᠴᠢᠯᠠᠨ | ᠵᠠᠷᠤᠴᠠᠭᠤᠯᠬᠤ ᠦᠭᠡᠢ ᠪᠠᠶᠢᠵᠤ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾᠂ ︽ᠵᠢᠷᠭᠤᠭ᠎ᠠ ᠶᠢ ᠪᠠᠲᠤᠯᠠᠬᠤ︾ | ᠠᠵᠢᠯ ᠢ ᠦᠷᠭᠦᠯᠵᠢᠯᠡᠨ ᠰᠠᠶᠢᠲᠤᠷ ᠬᠢᠵᠦ᠂ ᠰᠠᠭᠤᠭᠠᠯᠢ ᠠᠷᠠᠳ ᠤᠨ ᠠᠵᠢᠯ ᠣᠯᠭᠤᠯᠲᠠ ᠶᠢ ᠪᠠᠲᠤᠯᠠᠬᠤ᠂ | ᠦᠨᠳᠦᠰᠦᠨ ᠠᠷᠠᠳ ᠤᠨ ᠠᠮᠢᠳᠤᠷᠠᠯ ᠢ ᠪᠠᠲᠤᠯᠠᠬᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠪᠠᠲᠤᠯᠠᠬᠤ᠂ ᠠᠮᠤ | ᠪᠤᠳᠠᠭ᠎ᠠ ᠡᠨᠧᠷᠭᠢ ᠶᠢᠨ ᠰᠤᠷᠪᠤᠯᠵᠢ ᠶᠢᠨ ᠠᠮᠤᠷ ᠲᠦᠪᠰᠢᠨ ᠢ ᠪᠠᠲᠤᠯᠠᠬᠤ᠂ ᠠᠵᠤ ᠦᠢᠯᠡᠰ ᠤᠨ ᠬᠡᠯᠬᠢᠶ᠎ᠡ | ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠪᠠᠶᠢᠬᠤ ᠶᠢ ᠪᠠᠲᠤᠯᠠᠬᠤ᠂ ᠦᠨᠳᠦᠰᠦᠨ ᠱᠠᠲᠤᠨ ᠤ ᠠᠵᠢᠯᠯᠠᠭᠠᠨ ᠢ | ᠪᠠᠲᠤᠯᠠᠬᠤ ᠶᠢ ᠴᠢᠩᠭᠠᠳᠬᠠᠨ᠂ ᠥᠭᠡᠷᠡᠴᠢᠯᠡᠯᠲᠡ ᠨᠡᠭᠡᠭᠡᠯᠲᠡ ᠶᠢᠨ ᠠᠷᠭ᠎ᠠ ᠪᠠᠷ ᠠᠵᠤ ᠠᠬᠤᠢ ᠶᠢᠨ ᠰᠠᠭᠠᠳ | ᠲᠣᠳᠬᠠᠷ ᠢ ᠳᠠᠪᠠᠵᠤ᠂ ᠦᠷᠭᠦᠯᠵᠢᠯᠡᠨ ᠤᠷᠤᠭᠰᠢᠯᠠᠬᠤ ᠶᠢ ᠠᠬᠢᠭᠤᠯᠪᠠ᠃ | ᠡᠳ᠋ ᠤᠨ ᠵᠠᠰᠠᠭ ᠤᠨ ᠢᠳᠡᠪᠬᠢᠲᠡᠢ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠶᠢ ᠪᠠᠷᠢᠮᠲᠠᠯᠠᠪᠠ᠃ ᠤᠯᠠᠭᠠᠨ | ᠲᠤᠭ᠎ᠠ ᠶᠢᠨ ᠬᠡᠪᠴᠢᠶ᠎ᠡ ᠶᠢ ᠵᠦᠢ ᠵᠣᠬᠢᠰᠲᠠᠢ ᠡᠵᠡᠮᠳᠡᠵᠦ᠂ ᠲᠠᠪᠤᠨ ᠵᠢᠯ ᠤᠨ ᠶᠡᠷᠦᠩᠬᠡᠢ ᠤᠯᠠᠭᠠᠨ ᠲᠤᠭ᠎ᠠ ᠶᠢᠨ | ᠨᠤᠷᠮ᠎ᠠ ᠶᠢ 3% ᠶᠢᠨ ᠳᠣᠲᠣᠷ᠎ᠠ ᠬᠢᠵᠠᠭᠠᠷᠯᠠᠵᠤ᠂ ᠵᠠᠰᠠᠭ ᠤᠨ ᠣᠷᠳᠣᠨ ᠤ ᠥᠭᠴᠡᠭᠡᠨ ᠤ ᠨᠤᠷᠮ᠎ᠠ ᠶᠢ 50% | ᠣᠷᠴᠢᠮ ᠳᠤ ᠬᠢᠵᠠᠭᠠᠷᠯᠠᠪᠠ᠃ ᠵᠠᠷᠤᠯᠭ᠎ᠠ ᠶᠢᠨ ᠪᠦᠲᠦᠴᠡ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠰᠤᠷᠭᠠᠨ | ᠬᠥᠮᠦᠵᠢᠯ ᠰᠢᠨᠵᠢᠯᠡᠬᠦ ᠤᠬᠠᠭᠠᠨ ᠮᠡᠷᠭᠡᠵᠢᠯ᠂ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ᠂ | ᠦᠨᠳᠦᠰᠦᠨ ᠠᠷᠠᠳ ᠤᠨ ᠠᠮᠢᠳᠤᠷᠠᠯ ᠵᠡᠷᠭᠡ ᠭᠤᠣᠯᠳᠠᠯᠭ᠎ᠠ ᠲᠠᠢ ᠬᠦᠷᠢᠶ᠎ᠡ ᠶᠢ ᠬᠦᠴᠦᠲᠡᠢ ᠪᠠᠲᠤᠯᠠᠪᠠ᠃ ᠶᠡᠭᠡ | ᠬᠡᠪᠴᠢᠶᠡᠨ ᠤ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ | ᠳᠦᠷᠢᠮ ᠤᠨ ᠴᠢᠨᠠᠷᠲᠠᠢ ᠲᠣᠬᠢᠷᠠᠭᠤᠯᠤᠯᠲᠠ ᠪᠣᠯᠣᠨ ᠱᠠᠲᠤ ᠦᠶᠡᠴᠢ ᠴᠢᠨᠠᠷᠲᠠᠢ ᠠᠷᠭ᠎ᠠ ᠬᠡᠮᠵᠢᠶ᠎ᠡ ᠶᠢ ᠤᠶᠠᠯᠳᠤᠭᠤᠯᠵᠤ | ᠂ ᠬᠢᠵᠢᠭ ᠡᠭᠦᠰᠦᠭᠰᠡᠨ ᠤ ᠳᠠᠷᠠᠭ᠎ᠠ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠡᠷᠴᠢᠮ ᠢ ᠤᠯᠠᠮ ᠨᠢᠭᠡ | ᠠᠯᠬᠤᠮ ᠴᠢᠩᠭᠠᠷᠠᠭᠤᠯᠵᠤ᠂ ᠳᠠᠭᠠᠷᠢᠯᠲᠠ ᠶᠢ ᠠᠷᠭᠠᠴᠠᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠣᠯᠭᠠᠪᠠ᠃ | ᠡᠵᠡᠩᠨᠡᠯᠲᠡ ᠶᠢᠨ ᠭᠠᠶᠢᠯᠢ ᠲᠠᠲᠠᠪᠤᠷᠢᠯᠠᠵᠤ ᠪᠠᠶᠢᠭᠰᠠᠨ ᠢ ᠦᠷᠳᠡᠭ ᠨᠡᠮᠡᠭᠳᠡᠯ ᠤᠨ ᠭᠠᠶᠢᠯᠢ ᠲᠠᠲᠠᠪᠤᠷᠢᠯᠠᠬᠤ ᠪᠣᠯᠭᠠᠨ | ᠥᠭᠡᠷᠡᠴᠢᠯᠡᠬᠦ ᠡᠭᠦᠷᠭᠡ ᠶᠢ ᠲᠤᠭᠤᠰᠢᠲᠠᠢ ᠪᠡᠶᠡᠯᠡᠭᠦᠯᠵᠦ᠂ ᠡᠵᠡᠩᠨᠡᠯᠲᠡ ᠶᠢᠨ ᠭᠠᠶᠢᠯᠢ ᠶᠢ ᠬᠦᠴᠦᠨ ᠦᠭᠡᠢ ᠪᠤᠯᠭᠠᠵᠤ᠂ | ᠥᠷᠲᠡᠭ ᠨᠡᠮᠡᠭᠳᠡᠯ ᠤᠨ ᠭᠠᠶᠢᠯᠢ ᠶᠢᠨ ᠣᠷᠣᠯᠭ᠎ᠠ ᠶᠢᠨ ᠡᠵᠡᠯᠡᠭᠦ ᠬᠠᠷᠢᠴᠠᠯ ᠢᠶᠠᠷ ᠬᠠᠮᠤᠭ ᠤᠨ ᠥᠨᠳᠥᠷ᠂ | ᠬᠤᠯᠪᠣᠭᠳᠠᠬᠤ ᠠᠵᠢᠯ ᠲᠥᠷᠥᠯ ᠨᠢ ᠥᠷᠭᠡᠨ ᠳᠡᠯᠭᠡᠷ ᠪᠠᠶᠢᠳᠠᠭ ᠭᠠᠶᠢᠯᠢ ᠶᠢᠨ ᠨᠣᠷᠮ᠎ᠠ ᠶᠢ 17% ᠪᠠᠶᠢᠭᠰᠠᠨ ᠠᠴᠠ | 13% ᠪᠤᠯᠳᠠᠯ᠎ᠠ ᠪᠠᠭᠤᠷᠠᠭᠤᠯᠵᠤ᠂ ᠪᠠᠭ᠎ᠠ ᠬᠡᠮᠵᠢᠶᠡᠨ ᠤ ᠭᠠᠶᠢᠯᠢ ᠲᠤᠰᠢᠶᠠᠭᠴᠢ ᠶᠢᠨ ᠥᠷᠲᠡᠭ ᠨᠡᠮᠡᠭᠳᠡᠯ ᠤᠨ | ᠭᠠᠶᠢᠯᠢ ᠶᠢᠨ ᠡᠬᠢᠯᠡᠵᠦ ᠲᠠᠲᠠᠪᠤᠷᠢᠯᠠᠬᠤ ᠴᠡᠭ ᠢ ᠰᠠᠷ᠎ᠠ ᠶᠢᠨ ᠪᠣᠷᠣᠯᠠᠭᠤᠯᠤᠯᠲᠠ ᠶᠢᠨ ᠬᠡᠮᠵᠢᠶ᠎ᠡ ᠨᠢ 3 ᠲᠦᠮᠡᠨ | ᠲᠥᠭᠦᠷᠢᠭ ᠪᠠᠶᠢᠭᠰᠠᠨ ᠠᠴᠠ 15 ᠲᠦᠮᠡᠨ ᠲᠥᠭᠦᠷᠢᠭ ᠪᠤᠯᠳᠠᠯ᠎ᠠ ᠱᠠᠲᠤ ᠦᠶᠡᠴᠢ ᠴᠢᠨᠠᠷᠲᠠᠢ ᠪᠠᠷ ᠳᠡᠭᠡᠭᠰᠢᠯᠡᠭᠦᠯᠵᠦ᠂ | ᠵᠢᠵᠢᠭ ᠪᠢᠴᠢᠯ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠶᠢᠨ ᠪᠣᠳᠠᠲᠠᠢ ᠬᠠᠮᠤᠭ ᠤᠨ ᠳᠣᠣᠷ᠎ᠠ | ᠭᠠᠶᠢᠯᠢ ᠶᠢᠨ ᠡᠭᠦᠷᠭᠡᠯᠡᠯ ᠤᠨ ᠨᠣᠷᠮ᠎ᠠ ᠶᠢ 10% ᠪᠠᠶᠢᠭᠰᠠᠨ ᠠᠴᠠ 2.5% ᠪᠤᠯᠲᠠᠯ᠎ᠠ ᠱᠠᠲᠤ ᠦᠶᠡᠴᠢ | ᠴᠢᠨᠠᠷᠲᠠᠢ ᠪᠠᠷ ᠪᠠᠭᠤᠷᠠᠭᠤᠯᠪᠠ᠃ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠳᠤ ᠭᠤᠤᠯᠴᠢ ᠪᠥᠭᠡᠳ | ᠲᠦᠭᠡᠮᠡᠯ ᠬᠠᠷᠠᠭᠠᠯᠵᠠᠯ ᠦᠵᠡᠭᠦᠯᠦᠨ᠂ ᠥᠨᠳᠥᠷ ᠪᠦᠲᠦᠮᠵᠢᠲᠡᠶ ᠪᠥᠭᠡᠳ ᠰᠢᠭᠤᠳ ᠪᠠᠭᠤᠯᠭᠠᠵᠤ᠂ ᠲᠠᠪᠤᠨ ᠵᠢᠯ ᠳᠤ | ᠨᠡᠶᠢᠲᠡ 5.4 ᠲᠦᠮᠡᠨ ᠳ᠋ᠦᠩᠰᠢᠭᠤᠷ ᠲᠥᠭᠦᠷᠢᠭ ᠤᠨ ᠭᠠᠶᠢᠯᠢ ᠶᠢ ᠬᠥᠩᠭᠡᠯᠡᠨ᠂ 2.8 ᠲᠦᠮᠡᠨ ᠳ᠋ᠦᠩᠰᠢᠭᠤᠷ | ᠲᠥᠭᠦᠷᠢᠭ ᠤᠨ ᠰᠦᠢᠳᠬᠡᠯ ᠢ ᠪᠠᠭᠤᠷᠠᠭᠤᠯᠵᠤ᠂ ᠠᠵᠤ ᠠᠬᠤᠶᠢᠯᠠᠯ ᠢ ᠬᠠᠪᠰᠤᠷᠤᠨ ᠬᠦᠴᠢᠷ ᠪᠡᠷᠬᠡ ᠶᠢ | ᠲᠤᠭᠤᠯᠤᠭᠤᠯᠵᠤ᠂ ᠬᠦᠴᠦ ᠲᠠᠮᠢᠷ ᠢ ᠨᠢ ᠬᠠᠳᠠᠭᠠᠯᠠᠵᠤ ᠴᠢᠳᠠᠭᠰᠠᠨ ᠮᠥᠷᠲᠡᠭᠡᠨ ᠡᠳ᠋ ᠤᠨ ᠢᠷᠡᠯᠲᠡ ᠶᠢ ᠲᠡᠳᠬᠦᠨ | ᠪᠣᠶᠢᠵᠢᠭᠤᠯᠵᠤ᠂ ᠭᠠᠶᠢᠯᠢ ᠶᠢᠨ ᠢᠷᠡᠯᠲᠡ ᠶᠢ ᠬᠠᠳᠠᠭᠠᠯᠠᠨ ᠬᠠᠮᠠᠭᠠᠯᠠᠪᠠ᠂ ᠢᠩᠭᠢᠭᠰᠡᠨ ᠢᠶᠠᠷ ᠵᠢᠯ ᠳᠤᠮᠳᠠᠴᠢ ᠪᠠᠷ | ᠰᠢᠨ᠎ᠡ ᠪᠠᠷ ᠨᠡᠮᠡᠭᠳᠡᠭᠰᠡᠨ ᠭᠠᠶᠢᠯᠢ ᠳᠤ ᠬᠤᠯᠪᠣᠭᠳᠠᠬᠤ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ | ᠬᠤᠳᠠᠯᠳᠤᠭᠠᠨ ᠤ ᠡᠷᠦᠭᠡ 1100 ᠲᠦᠮᠡ ᠶᠢ ᠳᠠᠪᠠᠵᠤ᠂ ᠡᠯ᠎ᠡ ᠣᠨ ᠤ ᠲᠥᠪ ᠤᠨ ᠡᠳ᠋ ᠤᠨ ᠵᠠᠰᠠᠭ ᠤᠨ | ᠣᠷᠣᠯᠭ᠎ᠠ ᠶᠢᠨ ᠲᠥᠰᠥᠪ ᠢ ᠴᠥᠮ ᠤᠷᠤᠭᠰᠢᠲᠠᠢ ᠪᠡᠶᠡᠯᠡᠭᠦᠯᠪᠡ᠂ ᠦᠯᠡᠳᠡᠭᠰᠡᠨ ᠰᠠᠭᠤᠳᠬᠠᠯ ᠭᠠᠶᠢᠯᠢ ᠶᠢ | ᠪᠤᠴᠠᠭᠠᠭᠰᠠᠨ ᠬᠦᠴᠦᠨ ᠵᠦᠢᠯ ᠢ ᠪᠣᠳᠣᠯᠬᠢᠯᠠᠪᠠᠯ᠂ ᠪᠦᠭᠦ ᠤᠯᠤᠰ ᠤᠨ ᠡᠳ᠋ ᠤᠨ ᠵᠠᠰᠠᠭ ᠤᠨ ᠤᠷᠤᠯᠭ᠎ᠠ ᠠᠷᠪᠠᠨ | ᠵᠢᠯ ᠳᠤ ᠬᠤᠶᠠᠷ ᠳᠠᠭᠢᠨ ᠰᠢᠬᠠᠮ ᠪᠤᠯᠳᠠᠯ᠎ᠠ ᠨᠡᠮᠡᠭᠳᠡᠪᠡ᠃ ᠡᠳ᠋ ᠤᠨ ᠬᠦᠴᠦᠨ ᠢ ᠳᠣᠷᠣᠭᠰᠢ ᠪᠠᠭᠤᠯᠭᠠᠬᠤ ᠶᠢ | ᠠᠬᠢᠭᠤᠯᠵᠤ᠂ ᠲᠥᠪ ᠤᠨ ᠡᠩ ᠤᠨ ᠤᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠳᠠᠬᠢ ᠣᠷᠣᠨ ᠨᠤᠲᠤᠭ ᠲᠤ | ᠰᠢᠯᠵᠢᠭᠦᠯᠦᠨ ᠥᠭᠬᠦ ᠵᠠᠷᠤᠯᠭ᠎ᠠ ᠶᠢᠨ ᠡᠵᠡᠯᠡᠭᠦ ᠬᠠᠷᠢᠴᠠᠯ ᠢ 70% ᠣᠷᠴᠢᠮ ᠪᠤᠯᠲᠠᠯ᠎ᠠ ᠳᠡᠭᠡᠭᠰᠢᠯᠡᠭᠦᠯᠵᠦ᠂ | ᠲᠥᠪ ᠤᠨ ᠡᠳ᠋ ᠤᠨ ᠵᠠᠰᠠᠭ ᠤᠨ ᠪᠡᠯᠡ ᠮᠥᠩᠭᠦ ᠶᠢᠨ ᠰᠢᠭᠤᠳ ᠪᠠᠭᠤᠯᠭᠠᠬᠤ ᠲᠣᠭᠲᠠᠴᠠ ᠶᠢ ᠪᠠᠶᠢᠭᠤᠯᠬᠤ ᠶᠢᠨ | ᠬᠠᠮᠲᠤ ᠪᠠᠶᠢᠩᠭᠤᠵᠢᠭᠤᠯᠤᠨ ᠬᠡᠷᠡᠭᠵᠢᠭᠦᠯᠪᠡ᠃ ᠡᠯ᠎ᠡ ᠱᠠᠲᠤᠨ ᠤ ᠵᠠᠰᠠᠭ ᠤᠨ ᠣᠷᠳᠣᠨ ᠭᠠᠮᠨᠠᠵᠤ ᠠᠮᠢᠳᠤᠷᠠᠬᠤ ᠶᠢ | ᠪᠠᠷᠢᠮᠲᠠᠯᠠᠨ᠂ ᠡᠩ ᠤᠨ ᠴᠢᠨᠠᠷᠲᠠᠢ ᠵᠠᠷᠤᠯᠭ᠎ᠠ ᠶᠢ ᠴᠢᠩᠭ᠎ᠠ ᠬᠢᠵᠠᠭᠠᠷᠯᠠᠨ᠂ ᠲᠥᠪ ᠤᠨ ᠰᠠᠯᠠᠭ᠎ᠠ ᠮᠥᠴᠢᠷ ᠲᠦᠷᠦᠭᠦᠯᠡᠨ | ᠵᠠᠷᠤᠯᠭ᠎ᠠ ᠪᠠᠨ ᠪᠠᠭᠠᠰᠬᠠᠵᠤ᠂ ᠬᠠᠳᠠᠭᠠᠯᠠᠯᠲᠠ ᠪᠡᠯᠡ ᠮᠥᠩᠭᠦ ᠪᠠ ᠰᠤᠯᠠ ᠪᠠᠶᠢᠭ᠎ᠠ ᠪᠡᠯᠡ ᠬᠥᠷᠥᠩᠭᠡ ᠶᠢ ᠠᠮᠢᠳᠤᠯᠢᠭ | ᠪᠣᠯᠭᠠᠨ᠂ ᠶᠡᠭᠦᠯᠡᠵᠦ ᠭᠠᠷᠭᠠᠭᠰᠠᠨ ᠪᠡᠯᠡ ᠮᠥᠩᠭᠦ ᠪᠠᠷ ᠠᠷᠭ᠎ᠠ ᠪᠦᠭᠦᠨ ᠢ ᠰᠦᠪᠡᠭᠴᠢᠯᠡᠨ ᠠᠵᠤ ᠠᠬᠤᠶᠢᠯᠠᠯ ᠳᠤ | ᠠᠰᠢᠭ ᠬᠦᠷᠲᠡᠭᠡᠨ ᠠᠷᠠᠳ ᠢ ᠪᠠᠶᠠᠵᠢᠭᠤᠯᠵᠤ᠂ ᠪᠦᠭᠦ ᠤᠯᠤᠰ ᠤᠨ ᠡᠳ᠋ ᠤᠨ ᠵᠠᠰᠠᠭ ᠤᠨ ᠵᠠᠷᠤᠯᠭ᠎ᠠ ᠶᠢᠨ | 70% ᠠᠴᠠ ᠳᠡᠭᠡᠭᠰᠢᠬᠢ ᠶᠢ ᠨᠢ ᠠᠷᠠᠳ ᠤᠨ ᠠᠮᠢᠳᠤᠷᠠᠯ ᠳᠤ ᠬᠡᠷᠡᠭᠯᠡᠪᠡ᠃ | ᠵᠣᠭᠤᠰᠤᠨ ᠤ ᠯᠠᠪᠳᠠᠭᠤᠨ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠶᠢ ᠪᠠᠷᠢᠮᠲᠠᠯᠠᠪᠠ᠃ ᠪᠠᠶᠢᠳᠠᠯ ᠤᠨ | ᠬᠤᠪᠢᠷᠠᠯᠲᠠ ᠶᠢ ᠦᠨᠳᠦᠰᠦᠯᠡᠨ ᠲᠥᠷᠥ ᠶᠢᠨ ᠪᠣᠳᠣᠯᠭ᠎ᠠ ᠶᠢᠨ ᠡᠷᠴᠢᠮ ᠢ ᠠᠮᠢᠳᠤᠯᠢᠭ ᠢᠶᠠᠷ ᠡᠵᠡᠮᠳᠡᠵᠦ᠂ | ᠭᠦᠢᠯᠭᠡᠭᠡᠨ ᠤ ᠴᠢᠨᠠᠷ ᠢ ᠵᠦᠢ ᠵᠣᠬᠢᠰᠲᠠᠢ ᠪᠥᠭᠡᠳ ᠭᠦᠢᠴᠡᠳ ᠲᠡᠭᠦᠯᠳᠡᠷ ᠪᠠᠶᠢᠯᠭᠠᠵᠤ᠂ ᠬᠠᠳᠠᠭᠠᠯᠠᠮᠵᠢ ᠶᠢᠨ | ᠪᠡᠯᠡᠳᠬᠡᠯ ᠮᠥᠩᠭᠦ ᠶᠢᠨ ᠨᠤᠷᠮ᠎ᠠ ᠶᠢ ᠪᠠᠭᠤᠷᠠᠭᠤᠯᠬᠤ᠂ ᠳᠠᠭᠢᠨ ᠵᠢᠭᠡᠯᠡᠯᠭᠡ ᠥᠭᠬᠦ ᠵᠡᠷᠭᠡ ᠲᠥᠷᠥ ᠶᠢᠨ ᠪᠣᠳᠣᠯᠭ᠎ᠠ ᠶᠢᠨ | ᠪᠠᠭᠠᠵᠢ ᠶᠢ ᠰᠠᠶᠢᠲᠤᠷ ᠬᠡᠷᠡᠭᠯᠡᠵᠦ᠂ ᠪᠣᠳᠠᠲᠤ ᠴᠣᠭᠴᠠ ᠶᠢᠨ ᠠᠵᠤ ᠠᠬᠤᠢ ᠳᠤ ᠦᠵᠡᠭᠦᠯᠭᠦ ᠪᠦᠲᠦᠮᠵᠢᠲᠡᠶ | ᠳᠡᠮᠵᠢᠯᠭᠡ ᠪᠠᠨ ᠴᠢᠩᠭᠠᠳᠬᠠᠨ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠳᠤ | ᠬᠦᠴᠢᠷᠲᠡᠢ ᠪᠡᠯᠡ ᠲᠣᠬᠢᠷᠠᠭᠤᠯᠬᠤ ᠳᠤ ᠦᠨᠡᠲᠡᠢ ᠪᠠᠶᠢᠬᠤ ᠵᠡᠷᠭᠡ ᠠᠰᠠᠭᠤᠳᠠᠯ ᠢ ᠨᠠᠮᠳᠠᠭᠤᠯᠪᠠ᠃ ᠦᠢᠯᠡᠳᠭᠦ | ᠦᠢᠯᠡᠰ ᠤᠨ ᠵᠢᠭᠡᠯᠡᠯᠭᠡ ᠶᠢᠨ ᠦᠯᠡᠳᠡᠪᠦᠷᠢ 16.3 ᠲᠦᠮᠡᠨ ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ 27. | 4 ᠲᠦᠮᠡᠨ ᠳ᠋ᠦᠩᠰᠢᠭᠤᠷ ᠲᠥᠭᠦᠷᠢᠭ ᠪᠤᠯᠲᠠᠯ᠎ᠠ ᠨᠡᠮᠡᠭᠳᠡᠪᠡ᠃ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ | ᠵᠢᠭᠡᠯᠡᠯᠭᠡ ᠶᠢᠨ ᠦᠯᠡᠳᠡᠪᠦᠷᠢ 8.2 ᠲᠦᠮᠡᠨ ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ 23.8 ᠲᠦᠮᠡᠨ | ᠳ᠋ᠦᠩᠰᠢᠭᠤᠷ ᠲᠥᠭᠦᠷᠢᠭ ᠪᠤᠯᠳᠠᠯ᠎ᠠ ᠨᠡᠮᠡᠭᠳᠡᠵᠦ᠂ ᠵᠢᠯ ᠳᠤᠮᠳᠠᠴᠢ ᠪᠠᠷ 24% ᠪᠠᠷ ᠨᠡᠮᠡᠭᠳᠡᠵᠦ᠂ ᠵᠢᠭᠡᠯᠡᠯᠭᠡ ᠶᠢᠨ | ᠳᠤᠮᠳᠠᠴᠢ ᠬᠦᠦ ᠶᠢᠨ ᠨᠤᠷᠮ᠎ᠠ ᠲᠠᠪᠤᠨ ᠵᠢᠯ ᠤᠨ ᠡᠮᠦᠨᠡᠬᠢ ᠠᠴᠠ 1.5 ᠵᠠᠭᠤᠨ ᠤ ᠨᠢᠭᠡᠴᠢ ᠪᠠᠷ ᠪᠠᠭᠤᠷᠠᠪᠠ᠃ | ᠳᠤᠮᠳᠠ ᠵᠢᠵᠢᠭ ᠠᠵᠤ ᠠᠬᠤᠶᠢᠯᠠᠯ ᠤᠨ ᠠᠪᠴᠠᠭᠠᠨ ᠤ ᠵᠣᠭᠤᠰ ᠢ ᠦᠷᠢᠳᠦᠭᠦ ᠶᠢ ᠢᠯᠭᠠᠷᠠᠭᠤᠯᠤᠨ ᠲᠢᠭᠯᠡᠭᠦ | ᠡᠷᠴᠢᠮ ᠢ ᠴᠢᠩᠭᠠᠷᠠᠭᠤᠯᠪᠠ᠃ ᠠᠷᠠᠳ ᠤᠨ ᠵᠣᠭᠤᠰᠤᠨ ᠤ ᠭᠤᠪᠢᠭᠤᠯᠭ᠎ᠠ ᠶᠢᠨ ᠨᠤᠷᠮ᠎ᠠ ᠵᠦᠢ ᠵᠣᠬᠢᠰᠲᠠᠢ ᠪᠥᠭᠡᠳ | ᠲᠡᠩᠴᠡᠭᠦᠷᠢᠲᠡᠢ ᠲᠦᠪᠰᠢᠨ ᠳᠡᠭᠡᠷ᠎ᠡ ᠬᠠᠷᠢᠮᠠᠬᠠᠢ ᠴᠢᠨᠠᠷ ᠨᠢ ᠴᠢᠩᠭᠠᠷᠠᠵᠤ᠂ ᠦᠨᠳᠦᠰᠦᠨ ᠳᠡᠭᠡᠨ ᠲᠣᠭᠲᠠᠭᠤᠨ | ᠪᠠᠶᠢᠨ᠎ᠠ᠃ ᠤᠯᠤᠰ ᠤᠨ ᠦᠮᠴᠢᠯᠡᠯ ᠤᠨ ᠬᠤᠳᠠᠯᠳᠤᠭᠠᠨ ᠤ ᠪᠠᠩᠬᠢ ᠪᠠ ᠬᠥᠳᠡᠭᠡ ᠳᠤᠰᠬᠤᠨ ᠤ ᠢᠲᠡᠭᠡᠮᠵᠢ ᠶᠢᠨ | ᠬᠤᠷᠰᠢᠶ᠎ᠠ ᠵᠡᠷᠭᠡ ᠶᠢᠨ 14486 ᠳ᠋ᠦᠡᠭᠰᠢᠭᠤᠷ ᠲᠥᠭᠦᠷᠢᠭ ᠤᠨ ᠮᠥᠩᠭᠦᠨ ᠭᠦᠢᠯᠭᠡᠭᠡᠨ ᠤ ᠥᠭᠡᠷᠡᠴᠢᠯᠡᠯᠲᠡ ᠶᠢᠨ | ᠲᠡᠦᠬᠡᠨ ᠥᠪᠡᠷ ᠤᠨ ᠦᠷᠳᠡᠭ ᠢ ᠪᠦᠷᠢᠮᠦᠰᠦᠨ ᠰᠢᠢᠳᠪᠦᠷᠢᠯᠡᠪᠡ᠃ ᠵᠠᠬ᠎ᠠ ᠳᠡᠯᠭᠡᠭᠦᠷᠴᠢᠯᠡᠬᠦ ᠠᠷᠭ᠎ᠠ ᠮᠠᠶ᠋ᠢᠭ | ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠬᠡᠷᠡᠭᠯᠡᠨ᠂ ᠨᠢᠭᠡ ᠪᠦᠯᠦᠭ ᠲᠣᠮᠣ ᠭᠡᠯᠪᠡᠷᠢ ᠶᠢᠨ ᠠᠵᠤ ᠠᠬᠤᠶᠢᠯᠠᠯ ᠤᠨ | ᠪᠦᠯᠦᠭᠯᠡᠯ ᠤᠨ ᠠᠶᠤᠯ ᠲᠦᠭᠰᠢᠭᠦᠷᠢ ᠶᠢ ᠨᠠᠷᠢᠯᠢᠭ ᠣᠨᠣᠴᠠᠲᠠᠢ ᠰᠢᠢᠳᠪᠦᠷᠢᠯᠡᠵᠦ᠂ ᠠᠶᠤᠯ ᠲᠦᠭᠰᠢᠭᠦᠷᠢ ᠶᠡᠬᠡᠲᠡᠢ | ᠳᠤᠮᠳᠠ ᠵᠢᠵᠢᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠶᠤᠯ ᠲᠦᠭᠰᠢᠭᠦᠷᠢ ᠶᠢ ᠲᠣᠭᠲᠠᠭᠤᠨ ᠢᠶᠠᠷ | ᠠᠷᠢᠯᠭᠠᠵᠤ᠂ ᠲᠣᠮᠣ ᠭᠡᠯᠪᠡᠷᠢ ᠶᠢᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠡᠷᠡᠭᠦᠯ ᠢᠶᠠᠷ ᠬᠥᠭᠵᠢᠵᠦ᠂ ᠮᠥᠩᠭᠦᠨ | ᠭᠦᠢᠯᠭᠡᠭᠡᠨ ᠤ ᠰᠢᠰᠲ᠋ᠧᠮ ᠤᠨ ᠠᠵᠢᠯᠯᠠᠭᠠᠨ ᠯᠠᠪᠳᠠᠭᠤᠨ ᠲᠣᠭᠲᠠᠭᠤᠨ ᠪᠣᠯᠵᠤ᠂ ᠰᠢᠰᠲ᠋ᠧᠮ ᠤᠨ ᠴᠢᠨᠠᠷᠲᠠᠢ ᠠᠶᠤᠯ | ᠲᠦᠭᠰᠢᠭᠦᠷᠢ ᠦᠯᠦ ᠡᠭᠦᠰᠬᠡᠬᠦ ᠬᠢᠵᠠᠭᠠᠷ ᠱᠤᠭᠤᠮ ᠢ ᠰᠠᠬᠢᠵᠤ ᠲᠡᠶᠢᠯᠪᠡ᠃ | ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ ᠪᠣᠳᠣᠯᠭ᠎ᠠ ᠶᠢᠨ ᠤᠳᠤᠷᠢᠳᠤᠮᠵᠢ ᠶᠢ | ᠴᠢᠩᠭᠠᠳᠬᠠᠪᠠ᠃ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠶᠢ ᠠᠵᠤ ᠠᠬᠤᠢ ᠶᠢᠨ ᠠᠵᠢᠯᠯᠠᠭᠠᠨ ᠢ ᠵᠦᠢ | ᠵᠣᠬᠢᠰᠲᠠᠢ ᠬᠡᠪᠴᠢᠶᠡᠨ ᠳᠤ ᠪᠠᠶᠢᠯᠭᠠᠬᠤ ᠶᠢᠨ ᠵᠠᠩᠭᠢᠯᠠᠭ᠎ᠠ ᠶᠢᠨ ᠭᠦᠢᠴᠡᠳᠬᠡᠯ ᠲᠤᠭ᠎ᠠ ᠪᠣᠯᠭᠠᠪᠠ᠃ ᠵᠠᠬ᠎ᠠ | ᠳᠡᠯᠭᠡᠭᠦᠷᠴᠢᠯᠡᠭᠰᠡᠨ ᠨᠡᠶᠢᠭᠡᠮᠴᠢᠯᠡᠭᠰᠡᠨ ᠠᠵᠢᠯ ᠣᠯᠭᠤᠯᠲᠠ ᠶᠢ ᠬᠦᠴᠦᠯᠡᠨ ᠠᠬᠢᠭᠤᠯᠵᠤ᠂ ᠠᠵᠤ ᠠᠬᠤᠶᠢᠯᠠᠯ ᠤᠨ | ᠠᠵᠢᠯ ᠤᠨ ᠪᠠᠶᠢᠷᠢ ᠪᠠᠨ ᠲᠣᠭᠲᠠᠪᠤᠷᠢᠵᠢᠭᠤᠯᠤᠨ ᠠᠵᠢᠯ ᠤᠨ ᠪᠠᠶᠢᠷᠢ ᠪᠠᠨ ᠥᠷᠭᠡᠳᠬᠡᠬᠦ ᠶᠢ ᠳᠡᠮᠵᠢᠭᠦ ᠡᠷᠴᠢᠮ ᠢ | ᠴᠢᠩᠭᠠᠷᠠᠭᠤᠯᠪᠠ᠃ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠨᠢᠭᠡᠴᠢ ᠶᠢᠨ ᠰᠦᠢᠳᠬᠡᠯ ᠲᠤᠰᠢᠶᠠᠬᠤ | ᠬᠠᠷᠢᠴᠠᠯ ᠢ 20% ᠪᠠᠶᠢᠭᠰᠠᠨ ᠠᠴᠠ 16% ᠪᠣᠯᠭᠠᠨ ᠪᠠᠭᠤᠷᠠᠭᠤᠯᠬᠤ ᠶᠢᠨ ᠬᠠᠮᠲᠤ ᠪᠦᠭᠦ ᠤᠯᠤᠰ ᠤᠨ | ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢ ᠲᠡᠭᠦᠯᠳᠡᠷᠵᠢᠭᠦᠯᠵᠦ᠂ ᠨᠥᠭᠡᠴᠡᠯᠡᠯᠳᠡ ᠶᠢᠨ ᠬᠡᠪᠴᠢᠶ᠎ᠡ 1.8 | ᠲᠦᠮᠡᠨ ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ 2.5 ᠲᠦᠮᠡᠨ ᠳ᠋ᠦᠩᠰᠢᠭᠤᠷ ᠲᠥᠭᠦᠷᠢᠭ ᠠᠴᠠ ᠳᠡᠭᠡᠭᠰᠢ | ᠪᠣᠯᠵᠤ ᠨᠡᠮᠡᠭᠳᠡᠪᠡ᠃ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠬᠤ ᠪᠤᠴᠠᠭᠠᠯᠲᠠ᠂ ᠠᠵᠢᠯᠲᠠᠨ ᠦᠯᠡᠳᠡᠭᠡᠬᠦ ᠪᠣᠯᠪᠠᠰᠤᠷᠠᠭᠤᠯᠤᠯ ᠤᠨ ᠨᠥᠬᠦᠪᠦᠷᠢ ᠵᠡᠷᠭᠡ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠪᠡ᠃ ᠪᠦᠭᠦᠳᠡ ᠤᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ ᠲᠦᠮᠡᠨ | ᠤᠯᠠᠨ ᠢᠶᠠᠷ ᠢᠶᠠᠨ ᠰᠢᠨ᠎ᠡ ᠶᠢ ᠡᠭᠦᠳᠭᠦ ᠶᠢ ᠦᠷᠭᠦᠯᠵᠢᠯᠡᠨ ᠠᠬᠢᠭᠤᠯᠵᠤ᠂ ᠪᠦᠭᠦ ᠤᠯᠤᠰ ᠤᠨ ᠴᠣᠭᠴᠠᠯᠠᠬᠤ ᠡᠭᠦᠳᠭᠦ | ᠭᠠᠷᠠᠭ ᠤᠨ ᠠᠵᠢᠯᠯᠠᠭ᠎ᠠ ᠶᠢ ᠵᠠᠯᠭᠠᠭ᠎ᠠ ᠪᠠᠷ 8 ᠬᠤᠭᠤᠴᠠᠭ᠎ᠠ ᠡᠷᠭᠢᠯᠡᠵᠦ᠂ ᠤᠷᠤᠯᠴᠠᠬᠰᠠᠨ ᠬᠥᠮᠥᠨ ᠤ ᠲᠤᠭ᠎ᠠ 5.2 | ᠳ᠋ᠦᠡᠭᠰᠢᠭᠤᠷ ᠭᠠᠷᠤᠢ ᠬᠥᠮᠥᠨ ᠤᠳᠠᠭ᠎ᠠ ᠳᠤ ᠬᠦᠷᠴᠦ᠂ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ | ᠳᠠᠶᠢᠴᠢᠯᠠᠬᠤ ᠶᠢ ᠵᠣᠷᠢᠭᠵᠢᠭᠤᠯᠵᠤ᠂ ᠬᠥᠳᠡᠯᠮᠦᠷᠢᠴᠢᠳ ᠤᠨ ᠡᠷᠬᠡ ᠠᠰᠢᠭ ᠤᠨ ᠬᠠᠮᠠᠭᠠᠯᠠᠯᠲᠠ ᠶᠢ ᠴᠢᠩᠭᠠᠳᠬᠠᠵᠤ᠂ | ᠠᠵᠢᠯ ᠣᠯᠬᠤ ᠰᠢᠨ᠎ᠡ ᠭᠡᠯᠪᠡᠷᠢ ᠪᠠᠶᠢᠳᠠᠯ ᠪᠠ ᠠᠮᠢᠳᠤᠯᠢᠭ ᠢᠶᠠᠷ ᠠᠵᠢᠯ ᠣᠯᠬᠤ ᠨᠢ ᠠᠵᠢᠯ ᠣᠯᠵᠤ ᠣᠷᠣᠯᠭ᠎ᠠ ᠪᠠᠨ | ᠨᠡᠮᠡᠭᠳᠡᠭᠦᠯᠬᠦ ᠶᠢᠨ ᠴᠢᠬᠤᠯᠠ ᠠᠷᠭ᠎ᠠ ᠵᠠᠮ ᠪᠣᠯᠪᠠ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠴᠡᠷᠢᠭ ᠤᠨ | ᠠᠯᠪᠠ ᠠᠴᠠ ᠪᠠᠭᠤᠭᠰᠠᠳ᠂ ᠬᠥᠯᠥᠰᠦᠨ ᠠᠵᠢᠯᠴᠢᠨ ᠵᠡᠷᠭᠡ ᠬᠠᠮᠲᠤᠯᠢᠭ ᠲᠤ ᠠᠵᠢᠯ ᠣᠯᠭᠤᠬᠤ ᠠᠵᠢᠯ ᠢ ᠰᠠᠶᠢᠲᠤᠷ | ᠬᠢᠪᠡ᠃ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠵᠡᠷᠭᠡ ᠪᠡᠯᠡ ᠮᠥᠩᠭᠦ ᠪᠠᠷ ᠤᠷ᠎ᠠ ᠴᠢᠳᠠᠪᠤᠷᠢ ᠶᠢᠨ | ᠪᠣᠯᠪᠠᠰᠤᠷᠠᠭᠤᠯᠤᠯ ᠢ ᠳᠡᠮᠵᠢᠪᠡ᠃ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠬᠴᠢ ᠨᠡᠮᠡᠵᠦ | ᠡᠯᠰᠡᠭᠦ ᠪᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠭᠦ ᠭᠤᠷᠪᠠᠨ ᠵᠢᠯ ᠤᠨ ᠠᠵᠢᠯᠯᠠᠭ᠎ᠠ ᠶᠢ | ᠬᠡᠷᠡᠭᠵᠢᠭᠦᠯᠵᠦ᠂ ᠨᠡᠶᠢᠳᠡ 413 ᠲᠦᠮᠡᠨ ᠰᠤᠷᠤᠬᠴᠢ ᠨᠡᠮᠡᠨ ᠡᠯᠰᠡᠵᠦ᠂ 8300 ᠭᠠᠷᠤᠢ ᠲᠦᠮᠡᠨ ᠬᠥᠮᠥᠨ | ᠤᠳᠠᠭ᠎ᠠ ᠪᠣᠯᠪᠠᠰᠤᠷᠠᠭᠤᠯᠪᠠ᠃ ᠠᠵᠢᠯ ᠣᠯᠭᠤᠯᠲᠠ ᠪᠣᠯ ᠠᠷᠠᠳ ᠤᠨ ᠠᠮᠢᠳᠤᠷᠠᠯ ᠤᠨ ᠦᠨᠳᠦᠰᠦ᠂ ᠡᠳ᠋ | ᠪᠠᠶᠠᠯᠢᠭ ᠤᠨ ᠰᠤᠷᠪᠤᠯᠵᠢ ᠮᠥᠨ᠃ 14 ᠳ᠋ᠦᠩᠰᠢᠭᠤᠷ ᠭᠠᠷᠤᠢ ᠬᠥᠮᠥᠨ ᠠᠮᠠ ᠲᠠᠢ ᠲᠣᠮᠣ ᠤᠯᠤᠰ ᠠᠵᠢᠯ | ᠣᠯᠭᠤᠯᠲᠠ ᠶᠢᠨ ᠲᠣᠭᠲᠠᠭᠤᠨ ᠪᠠᠶᠢᠬᠤ ᠶᠢ ᠪᠠᠲᠤᠯᠠᠵᠤ ᠴᠢᠳᠠᠭᠰᠠᠨ ᠶᠠᠪᠤᠳᠠᠯ ᠪᠣᠯ ᠲᠤᠩ ᠭᠢᠯᠪᠠᠷ ᠪᠤᠰᠤ ᠪᠥᠭᠡᠳ | ᠲᠡᠭᠦᠨ ᠳᠤ ᠯᠤᠲᠤ ᠶᠡᠭᠡ ᠪᠦᠲᠦᠭᠡᠯᠴᠢ ᠬᠦᠴᠦᠨ ᠠᠭᠤᠯᠤᠭᠳᠠᠵᠤ ᠪᠠᠶᠢᠭ᠎ᠠ ᠶᠤᠮ᠃ | ᠪᠠᠷᠠᠭᠠᠨ ᠤ ᠦᠨ᠎ᠡ ᠶᠡᠷᠦᠩᠬᠡᠢ ᠳᠡᠭᠡᠨ ᠲᠣᠭᠲᠠᠭᠤᠨ ᠪᠠᠶᠢᠬᠤ ᠶᠢ ᠪᠠᠲᠤᠯᠠᠪᠠ᠃ ᠳᠠᠭᠠᠷᠢᠯᠲᠠ ᠶᠢ ᠠᠷᠭᠠᠴᠠᠬᠤ | ᠳᠤᠮᠳᠠ ᠤᠯᠠᠭᠠᠨ ᠲᠤᠭ᠎ᠠ ᠶᠢᠨ ᠬᠡᠪᠴᠢᠶ᠎ᠡ ᠶᠢ ᠦᠷᠭᠦᠯᠵᠢᠯᠡᠨ ᠶᠡᠭᠡ ᠬᠡᠮᠵᠢᠶ᠎ᠡ ᠪᠠᠷ ᠨᠡᠮᠡᠭᠳᠡᠭᠦᠯᠦᠭᠰᠡᠨ ᠦᠭᠡᠢ᠂ | ᠵᠣᠭᠤᠰ ᠢ ᠴᠦ ᠬᠡᠲᠦᠷᠡᠭᠦᠯᠦᠨ ᠲᠠᠷᠬᠠᠭᠠᠭᠰᠠᠨ ᠦᠭᠡᠢ ᠶᠠᠪᠤᠳᠠᠯ ᠨᠢ ᠪᠠᠷᠠᠭᠠᠨ ᠤ ᠦᠨ᠎ᠡ ᠶᠢ ᠲᠣᠭᠲᠠᠭᠤᠨ | ᠪᠠᠶᠢᠯᠭᠠᠬᠤ ᠳᠤ ᠬᠤᠷᠸ᠎ᠠ ᠨᠥᠬᠦᠴᠡᠯ ᠢ ᠪᠦᠷᠢᠯᠳᠦᠭᠦᠯᠵᠦ ᠥᠭᠭᠦᠭᠰᠡᠨ ᠪᠠᠶᠢᠨ᠎ᠠ᠃ ᠲᠠᠷᠢᠶᠠᠯᠠᠩ ᠤᠨ | ᠦᠢᠯᠡᠳᠪᠦᠷᠢᠯᠡᠯ ᠢ ᠶᠡᠭᠡ ᠬᠦᠴᠦ ᠣᠷᠣᠭᠤᠯᠤᠨ ᠠᠳᠬᠤᠵᠤ᠂ ᠦᠢᠯᠡᠳᠪᠦᠷᠢᠯᠡᠯ ᠪᠣᠷᠤᠯᠠᠭᠤᠯᠭ᠎ᠠ ᠶᠢ | ᠵᠣᠯᠭᠠᠯᠳᠤᠭᠤᠯᠬᠤ ᠪᠠ ᠨᠥᠭᠡᠴᠡᠯᠡᠨ ᠲᠣᠬᠢᠷᠠᠭᠤᠯᠬᠤ ᠶᠢ ᠴᠢᠩᠭᠠᠳᠬᠠᠵᠤ᠂ ᠠᠮᠤ ᠪᠤᠳᠠᠭ᠎ᠠ ᠪᠣᠯᠣᠨ ᠭᠠᠭ᠋ᠠᠢ᠂ | ᠢᠳᠡᠰᠢᠨ ᠨᠣᠭᠤᠭ᠎ᠠ ᠵᠡᠷᠭᠡ ᠶᠢᠨ ᠲᠣᠭᠲᠠᠭᠤᠨ ᠬᠠᠩᠭᠠᠯᠭ᠎ᠠ ᠶᠢ ᠦᠨᠡᠨ ᠬᠦ ᠪᠠᠲᠤᠯᠠᠵᠤ᠂ ᠨᠡᠭᠦᠷᠡᠰᠦ ᠴᠠᠭᠢᠯᠭᠠᠨ | ᠬᠦᠴᠦᠨ ᠤ ᠬᠠᠩᠭᠠᠯᠭ᠎ᠠ ᠪᠠᠴᠢᠮ ᠪᠠᠶᠢᠬᠤ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠠᠷᠠᠳ ᠤᠨ | ᠠᠮᠢᠳᠤᠷᠠᠯ ᠪᠠ ᠦᠢᠯᠡᠳᠪᠦᠷᠢᠯᠡᠯ ᠤᠨ ᠡᠨᠧᠷᠭᠢ ᠬᠡᠷᠡᠭᠯᠡᠬᠦ ᠬᠡᠷᠡᠭᠴᠡᠭᠡ ᠶᠢ ᠬᠠᠩᠭᠠᠵᠤ᠂ ᠵᠠᠮ ᠬᠠᠷᠢᠯᠴᠠᠭ᠎ᠠ ᠡᠳ᠋ | ᠪᠠᠷᠠᠭᠠᠨ ᠤ ᠭᠦᠢᠯᠭᠡᠭᠡᠨ ᠤ ᠰᠠᠭᠠᠳ ᠦᠭᠡᠢ ᠨᠡᠪᠲᠡᠷᠡᠬᠦ ᠶᠢ ᠪᠠᠲᠤᠯᠠᠪᠠ᠃ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠦᠨ᠎ᠡ ᠬᠠᠩᠰᠢ ᠶᠢᠨ ᠬᠡᠪ ᠤᠨ ᠡᠮᠬᠢ ᠵᠢᠷᠤᠮ ᠢ ᠬᠠᠮᠠᠭᠠᠯᠠᠪᠠ᠃ ᠠᠷᠪᠠᠨ | ᠵᠢᠯ ᠤᠨ ᠲᠤᠷᠰᠢ ᠮᠠᠨ ᠤ ᠤᠯᠤᠰ ᠤᠨ ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ ᠶᠢᠨ ᠥᠰᠦᠯᠲᠡ 2% | ᠣᠷᠴᠢᠮ ᠤᠨ ᠨᠡᠯᠢᠶᠡᠳ ᠳᠣᠣᠷ᠎ᠠ ᠲᠦᠪᠰᠢᠨ ᠳᠤ ᠲᠣᠭᠲᠠᠪᠤᠷᠢᠵᠢᠭᠰᠠᠨ ᠨᠢ ᠭᠢᠯᠪᠠᠷᠬᠠᠨ ᠪᠡᠶᠡᠯᠡᠭᠳᠡᠭᠰᠡᠨ ᠰᠢᠭ | ᠪᠤᠯᠪᠠᠴᠤ ᠦᠨᠡᠨ ᠳᠡᠭᠡᠨ ᠪᠡᠷᠬᠡ ᠬᠠᠲᠠᠭᠤᠵᠢᠯᠲᠠᠢ ᠪᠠᠶᠢᠵᠤ᠂ ᠵᠠᠬ᠎ᠠ ᠳᠡᠯᠭᠡᠭᠦᠷ ᠤᠨ ᠠᠵᠤ ᠠᠬᠤᠢ ᠶᠢᠨ ᠡᠮᠬᠢ | ᠵᠢᠷᠤᠮ ᠢ ᠬᠠᠮᠠᠭᠠᠯᠠᠨ᠂ ᠬᠤᠷᠸ᠎ᠠ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠳᠤ ᠣᠷᠣᠨ ᠵᠠᠢ ᠬᠠᠩᠭᠠᠭᠰᠠᠨ | ᠮᠥᠷᠲᠡᠭᠡᠨ ᠦᠨᠳᠦᠰᠦᠨ ᠠᠷᠠᠳ ᠤᠨ ᠠᠮᠢᠳᠤᠷᠠᠯ ᠢ ᠨᠡᠩ ᠰᠠᠶᠢᠲᠤᠷ ᠪᠠᠲᠤᠯᠠᠬᠤ ᠳᠤ ᠴᠤ ᠠᠰᠢᠭᠲᠠᠢ ᠪᠣᠯᠤᠭᠰᠠᠨ | ᠶᠤᠮ᠃ | ︵ᠬᠤᠶᠠᠷ︶ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠲᠠᠶᠢᠨ ᠳᠤ ᠬᠤᠭᠤᠴᠠᠭ᠎ᠠ | ᠶᠣᠰᠣᠭᠠᠷ ᠢᠯᠠᠯᠲᠠ ᠣᠯᠵᠤ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠲᠠᠶᠢᠨ ᠤ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠪᠡ᠃ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠠᠶᠢᠭᠤᠯᠤᠨ ᠪᠦᠲᠦᠭᠡᠬᠦ ᠶᠢᠨ | ᠬᠠᠮᠤᠭ ᠤᠨ ᠬᠠᠲᠠᠭᠤ ᠪᠡᠷᠬᠡ ᠬᠠᠮᠤᠭ ᠤᠨ ᠨᠦᠰᠡᠷ ᠬᠦᠨᠳᠦ ᠡᠭᠦᠷᠭᠡ ᠨᠢ ᠬᠥᠳᠡᠭᠡ ᠲᠣᠰᠬᠤᠨ ᠢᠯᠠᠩᠭᠤᠶ᠎ᠠ ᠶᠠᠳᠠᠭᠤ | ᠬᠦᠴᠢᠷᠳᠡᠯ ᠲᠠᠢ ᠭᠠᠵᠠᠷ ᠣᠷᠣᠨ ᠳᠤ ᠪᠠᠶᠢᠬᠤ ᠶᠤᠮ᠃ ᠨᠠᠷᠢᠯᠢᠭ ᠣᠨᠣᠴᠠᠲᠠᠢ ᠪᠠᠷ ᠶᠠᠳᠠᠭᠤ ᠶᠢ ᠲᠡᠳᠭᠦᠭᠦ ᠶᠢ | ᠪᠠᠷᠢᠮᠲᠠᠯᠠᠵᠤ᠂ ︽ᠭᠤᠷᠪᠠᠨ ᠣᠷᠣᠨ ᠭᠤᠷᠪᠠᠨ ᠵᠧᠦ︾ ᠵᠡᠷᠭᠡ ᠣᠨᠴᠠ ᠶᠠᠳᠠᠭᠤ ᠬᠦᠴᠢᠷᠳᠡᠯ ᠲᠠᠢ ᠭᠠᠵᠠᠷ | ᠣᠷᠣᠨ ᠳᠤ ᠠᠩᠬᠠᠷᠤᠯ ᠢᠶᠠᠨ ᠲᠥᠪᠯᠡᠷᠡᠭᠦᠯᠵᠦ᠂ ᠲᠦᠷᠦ ᠶᠢᠨ ᠪᠣᠳᠣᠯᠭ᠎ᠠ ᠶᠢ ᠬᠡᠯᠪᠡᠶᠢᠯᠭᠡᠬᠦ ᠳᠡᠮᠵᠢᠯᠭᠡ ᠪᠠᠨ | ᠴᠢᠩᠭᠠᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠪᠡᠯᠡ ᠮᠥᠩᠭᠦ ᠶᠢᠨ | ᠣᠷᠣᠭᠤᠯᠤᠯᠲᠠ ᠶᠢ ᠤᠷᠢᠳ ᠢᠶᠠᠷ ᠪᠠᠲᠤᠯᠠᠵᠤ᠂ ᠶᠠᠳᠠᠭᠤ ᠠᠴᠠ ᠠᠩᠭᠢᠵᠢᠷᠠᠭᠤᠯᠬᠤ ᠳᠤ ᠬᠦᠴᠢᠷᠳᠡᠯ ᠶᠡᠬᠡᠲᠡᠢ ᠰᠢᠶᠠᠨ | ᠪᠠ ᠲᠣᠰᠬᠤᠨ ᠢ ᠪᠣᠯ ᠫᠠᠶᠢᠰᠠ ᠡᠯᠭᠦᠨ ᠰᠢᠪᠠᠳᠠᠨ ᠬᠢᠯᠭᠡᠪᠡ᠃ ᠠᠵᠤ ᠦᠢᠯᠡᠰ᠂ ᠠᠵᠢᠯ ᠣᠯᠭᠤᠯᠲᠠ᠂ ᠠᠮᠢ ᠠᠬᠤᠢ | ᠂ ᠰᠤᠷᠭᠠᠨ ᠬᠥᠮᠦᠵᠢᠯ᠂ ᠡᠷᠡᠭᠦᠯ ᠮᠡᠨᠳᠦ᠂ ᠨᠡᠶᠢᠭᠡᠮ ᠤᠨ ᠪᠠᠲᠤᠯᠠᠭ᠎ᠠ ᠵᠡᠷᠭᠡ ᠲᠠᠯ᠎ᠠ ᠪᠠᠷ ᠬᠠᠪᠰᠤᠷᠤᠨ ᠲᠡᠳᠭᠦᠭᠦ ᠶᠢ | ᠭᠦᠨᠵᠡᠭᠡᠢ ᠬᠡᠷᠡᠭᠵᠢᠭᠦᠯᠵᠦ᠂ ᠣᠨᠳᠣᠣ ᠭᠠᠵᠠᠷ ᠨᠡᠭᠦᠯᠭᠡᠭᠰᠡᠨ ᠤ ᠳᠠᠷᠠᠭᠠᠬᠢ ᠲᠡᠳᠬᠦᠨ ᠲᠠᠮᠵᠢᠭᠦ ᠠᠵᠢᠯ ᠢ | ᠴᠢᠩᠭᠠᠳᠬᠠᠵᠤ᠂ ︽ᠬᠤᠶᠠᠷ ᠤᠨ ᠲᠥᠯᠥᠭᠡ ᠵᠣᠪᠠᠭ᠋ᠤ ᠦᠭᠡᠢ᠂ ᠭᠤᠷᠪᠠ ᠶᠢ ᠪᠠᠲᠤᠯᠠᠭ᠎ᠠ ᠲᠠᠢ ᠪᠠᠶᠢᠯᠭᠠᠬᠤ︾ | ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠭᠰᠡᠨ ᠢᠶᠠᠷ᠂ ᠶᠠᠳᠠᠭᠤ ᠠᠴᠠ ᠠᠩᠭᠢᠵᠢᠷᠠᠭᠰᠠᠨ ᠣᠯᠠᠨ ᠲᠦᠮᠡᠨ | ᠢᠳᠡᠵᠦ ᠡᠮᠦᠰᠭᠦ ᠳᠡᠭᠡᠨ ᠵᠣᠪᠠᠭ᠋ᠤ ᠦᠭᠡᠢ ᠪᠣᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ᠂ ᠦᠨᠳᠦᠰᠦᠨ | ᠡᠮᠨᠡᠯᠭᠡ᠂ ᠣᠷᠣᠨ ᠰᠠᠭᠤᠴᠠ ᠶᠢᠨ ᠠᠮᠤᠷ ᠲᠦᠪᠰᠢᠨ ᠤ ᠲᠠᠯ᠎ᠠ ᠪᠠᠷ ᠪᠠᠲᠤᠯᠠᠭ᠎ᠠ ᠲᠠᠢ ᠪᠣᠯᠤᠭᠰᠠᠨ ᠪᠥᠭᠡᠳ ᠢᠳᠡᠬᠦ | ᠤᠰᠤᠨ ᠤ ᠠᠮᠤᠷ ᠲᠦᠪᠰᠢᠨ ᠨᠢ ᠴᠦ ᠪᠠᠲᠤᠯᠠᠭ᠎ᠠ ᠲᠠᠢ ᠪᠣᠯᠪᠠ᠃ ᠶᠠᠳᠠᠭᠤ ᠬᠦᠴᠢᠷᠳᠡᠯ ᠲᠠᠢ ᠭᠠᠵᠠᠷ ᠣᠷᠣᠨ ᠤ | ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠣᠷᠣᠯᠭ᠎ᠠ ᠢᠯᠡᠳᠲᠡ ᠨᠡᠮᠡᠭᠳᠡᠵᠦ᠂ ᠦᠢᠯᠡᠳᠪᠦᠷᠢᠯᠡᠯ ᠠᠮᠢᠳᠤᠷᠠᠯ ᠤᠨ | ᠨᠥᠬᠦᠴᠡᠯ ᠨᠢ ᠢᠯᠡᠳᠲᠡ ᠰᠠᠶᠢᠵᠢᠷᠠᠪᠠ᠃ | ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠯᠳᠤᠭᠤᠯᠬᠤ ᠶᠢ | ᠠᠬᠢᠭᠤᠯᠪᠠ᠃ ᠰᠢᠯᠵᠢᠯᠲᠡ ᠶᠢᠨ ᠬᠤᠭᠤᠴᠠᠭᠠᠨ ᠳᠤ ᠭᠤᠣᠯ ᠪᠤᠯᠬᠤ ᠬᠠᠪᠰᠤᠷᠤᠨ ᠲᠡᠳᠭᠦᠭᠦ ᠲᠥᠷᠥ ᠶᠢᠨ | ᠪᠣᠳᠣᠯᠭ᠎ᠠ ᠶᠢ ᠶᠡᠷᠦᠩᠬᠡᠢ ᠳᠡᠭᠡᠨ ᠲᠣᠭᠲᠠᠭᠤᠨ ᠪᠠᠶᠢᠯᠭᠠᠵᠤ᠂ ︽ᠳᠥᠷᠪᠡ ᠶᠢ ᠦᠯᠦ ᠬᠤᠪᠢᠷᠠᠭᠤᠯᠬᠤ︾ | ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠳᠠᠭᠢᠨ ᠶᠠᠳᠠᠭᠤᠷᠠᠬᠤ ᠠᠴᠠ ᠰᠡᠷᠭᠡᠶᠢᠯᠡᠬᠦ ᠬᠥᠳᠡᠯᠦᠩᠭᠦᠢ ᠬᠢᠨᠠᠨ | ᠭᠡᠮᠵᠢᠭᠦ ᠪᠠ ᠬᠠᠪᠰᠤᠷᠤᠨ ᠲᠡᠳᠭᠦᠭᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠢᠵᠢᠭ᠂ ᠭᠠᠮᠰᠢᠭ ᠵᠡᠷᠭᠡ | ᠠᠰᠢᠭ ᠦᠭᠡᠢ ᠨᠥᠯᠥᠭᠡ ᠶᠢ ᠬᠦᠴᠦᠲᠡᠢ ᠠᠷᠭᠠᠴᠠᠵᠤ᠂ ᠬᠡᠪᠴᠢᠶᠡᠲᠦ ᠴᠢᠨᠠᠷᠲᠠᠢ ᠲᠠᠭᠢᠨ ᠶᠠᠳᠠᠭᠤᠷᠠᠯ ᠦᠯᠦ | ᠡᠭᠦᠰᠭᠦ ᠶᠢ ᠦᠨᠡᠨ ᠬᠦ ᠪᠠᠲᠤᠯᠠᠪᠠ᠃ 160 ᠰᠢᠶᠠᠨ ᠢ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠭᠦᠭᠦ ᠰᠢᠶᠠᠨ ᠢᠶᠠᠷ ᠲᠣᠭᠲᠠᠭᠠᠬᠤ ᠶᠢᠨ ᠬᠠᠮᠲᠤ ᠲᠥᠪᠯᠡᠷᠡᠭᠦᠯᠦᠨ | ᠳᠠᠮᠵᠢᠵᠤ᠂ ᠣᠨᠳᠣᠣ ᠭᠠᠵᠠᠷ ᠨᠡᠭᠦᠯᠭᠡᠵᠦ ᠲᠥᠪᠯᠡᠷᠡᠭᠦᠯᠦᠨ ᠲᠥᠪᠬᠢᠨᠡᠭᠦᠯᠬᠦ ᠣᠷᠣᠨ ᠵᠡᠷᠭᠡ ᠭᠤᠣᠯᠳᠠᠯᠭ᠎ᠠ ᠲᠠᠢ | ᠣᠷᠣᠨ ᠪᠦᠰᠡ ᠶᠢ ᠳᠡᠮᠵᠢᠭᠦ ᠡᠷᠴᠢᠮ ᠢᠶᠠᠨ ᠴᠢᠩᠭᠠᠷᠠᠭᠤᠯᠵᠤ᠂ ᠵᠡᠭᠦᠨ ᠬᠡᠰᠡᠭ ᠪᠠ ᠪᠠᠷᠠᠭᠤᠨ ᠬᠡᠰᠡᠭ ᠤᠨ ᠭᠠᠵᠠᠷ | ᠣᠷᠣᠨ ᠬᠠᠮᠵᠢᠯᠴᠠᠬᠤ᠂ ᠠᠵᠢᠯ ᠲᠦᠷᠦᠯ ᠤᠨ ᠰᠢᠰᠲ᠋ᠧᠮ ᠢᠶᠠᠷ ᠲᠤᠰᠠᠯᠠᠬᠤ᠂ ᠴᠡᠭ ᠲᠣᠭᠲᠠᠭᠠᠨ ᠬᠠᠪᠰᠤᠷᠤᠨ | ᠲᠡᠳᠭᠦᠭᠦ ᠵᠡᠷᠭᠡ ᠲᠣᠭᠲᠠᠴᠠ ᠶᠢ ᠪᠠᠷᠢᠮᠲᠠᠯᠠᠨ ᠲᠡᠭᠦᠯᠳᠡᠷᠵᠢᠭᠦᠯᠵᠦ᠂ ᠡᠮᠴᠢᠯᠡᠭᠡ᠂ ᠰᠤᠷᠭᠠᠨ ᠬᠥᠮᠦᠵᠢᠯ ᠤᠨ ︽ | ᠪᠦᠯᠭᠦᠮ ᠮᠠᠶ᠋ᠢᠭ︾ ᠤᠨ ᠬᠠᠪᠰᠤᠷᠤᠨ ᠲᠡᠳᠭᠦᠭᠦ ᠺᠠᠳ᠋ᠷ ᠴᠢᠳᠠᠪᠤᠷᠢᠲᠠᠨ ᠪᠠ ᠰᠢᠨᠵᠢᠯᠡᠬᠦ ᠤᠬᠠᠭᠠᠨ ᠮᠡᠷᠭᠡᠵᠢᠯ ᠤᠨ | ᠣᠨᠴᠠ ᠲᠣᠮᠢᠯᠠᠭᠳᠠᠭᠰᠠᠳ ᠢ ᠰᠣᠩᠭᠤᠨ ᠲᠣᠮᠢᠯᠠᠵᠤ ᠰᠠᠶᠢᠲᠤᠷ ᠬᠡᠷᠡᠭᠯᠡᠨ᠂ ᠶᠠᠳᠠᠭᠤ ᠠᠴᠠ ᠠᠩᠭᠢᠵᠢᠷᠠᠭᠰᠠᠨ ᠭᠠᠵᠠᠷ | ᠣᠷᠣᠨ ᠤ ᠬᠥᠭᠵᠢᠯᠲᠡ ᠪᠠᠨ ᠲᠦᠷᠭᠡᠳᠬᠡᠬᠦ ᠪᠠ ᠤᠯᠠᠨ ᠲᠦᠮᠡᠨ ᠤ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠶᠢ | ᠠᠬᠢᠭᠤᠯᠪᠠ᠃ | ︵ᠭᠤᠷᠪᠠ︶ ᠭᠤᠣᠯᠳᠠᠯᠭ᠎ᠠ ᠲᠠᠢ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠳᠠᠬᠢ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠬ᠎ᠠ ᠳᠡᠯᠭᠡᠭᠦᠷ ᠤᠨ ᠠᠮᠢᠳᠤᠯᠢᠭ ᠬᠦᠴᠦᠨ ᠪᠠ ᠨᠡᠶᠢᠭᠡᠮ | ᠤᠨ ᠪᠦᠲᠦᠭᠡᠯᠴᠢ ᠬᠦᠴᠦᠨ ᠢ ᠨᠡᠩ ᠶᠡᠭᠡ ᠪᠠᠷ ᠬᠥᠭᠵᠢᠭᠡᠪᠡ᠃ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ | ᠠᠬᠤᠢ ᠶᠢᠨ ᠥᠭᠡᠷᠡᠴᠢᠯᠡᠯᠲᠡ ᠶᠢᠨ ᠴᠢᠭᠯᠡᠯ ᠢ ᠪᠠᠷᠢᠮᠲᠠᠯᠠᠵᠤ᠂ ᠵᠠᠰᠠᠭ ᠤᠨ ᠣᠷᠳᠣᠨ ᠪᠣᠯᠣᠨ ᠵᠠᠬ᠎ᠠ ᠳᠡᠯᠭᠡᠭᠦᠷ ᠤᠨ | ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠵᠠᠬ᠎ᠠ ᠳᠡᠯᠭᠡᠭᠦᠷ ᠢ ᠡᠬᠢ ᠪᠠᠶᠠᠯᠢᠭ ᠤᠨ ᠲᠣᠬᠢᠷᠠᠭᠤᠯᠤᠯᠲᠠ ᠶᠢᠨ | ᠳᠤᠮᠳᠠ ᠰᠢᠢᠳᠪᠦᠷᠢᠯᠡᠭᠴᠢ ᠴᠢᠨᠠᠷᠲᠠᠢ ᠦᠢᠯᠡᠳᠦᠯ ᠭᠠᠷᠭᠠᠭᠤᠯᠵᠤ᠂ ᠵᠠᠰᠠᠭ ᠤᠨ ᠣᠷᠳᠣᠨ ᠤ ᠦᠢᠯᠡᠳᠦᠯ ᠢ ᠨᠡᠩ | ᠰᠠᠶᠢᠨ ᠪᠠᠳᠠᠷᠠᠭᠤᠯᠤᠨ᠂ ᠪᠦᠲᠦᠮᠵᠢᠲᠡᠶ ᠵᠠᠬ᠎ᠠ ᠳᠡᠯᠭᠡᠭᠦᠷ ᠪᠣᠯᠣᠨ ᠴᠢᠷᠮᠠᠶᠢᠯᠲᠠ ᠲᠠᠢ ᠵᠠᠰᠠᠭ ᠤᠨ ᠣᠷᠳᠣᠨ ᠢ ᠨᠡᠩ | ᠰᠠᠶᠢᠨ ᠤᠶᠠᠯᠳᠤᠭᠤᠯᠬᠤ ᠶᠢ ᠠᠬᠢᠭᠤᠯᠪᠠ᠃ | ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠦᠷᠭᠦᠯᠵᠢᠯᠡᠨ ᠠᠬᠢᠭᠤᠯᠪᠠ᠃ | ᠲᠦᠷᠦ ᠶᠢᠨ ᠶᠠᠪᠤᠳᠠᠯ ᠤᠨ ᠬᠤᠷᠢᠶ᠎ᠠ ᠵᠢᠴᠢ ᠣᠷᠣᠨ ᠨᠤᠲᠤᠭ ᠤᠨ ᠵᠠᠰᠠᠭ ᠤᠨ ᠣᠷᠳᠣᠨ ᠤ ᠪᠠᠶᠢᠭᠤᠯᠤᠮᠵᠢ ᠶᠢᠨ | ᠥᠭᠡᠷᠡᠴᠢᠯᠡᠯᠲᠡ ᠶᠢ ᠪᠡᠶᠡᠯᠡᠭᠦᠯᠪᠡ᠃ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠢ ᠲᠦᠷᠭᠡᠯᠡᠨ | ᠪᠠᠶᠢᠭᠤᠯᠵᠤ᠂ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ ᠤᠨ ᠰᠢᠰᠲ᠋ᠧᠮ ᠢ ᠪᠠᠶᠢᠭᠤᠯᠵᠤ᠂ ᠵᠠᠬ᠎ᠠ ᠳᠡᠯᠭᠡᠭᠦᠷᠴᠢᠯᠡᠭᠰᠡᠨ | ᠬᠠᠤᠯᠢ ᠪᠠᠷ ᠵᠠᠰᠠᠭᠰᠠᠨ ᠤᠯᠠᠨ ᠤᠯᠤᠰᠴᠢᠯᠠᠭᠰᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠤᠢ ᠪᠣᠯᠭᠠᠪᠠ᠃ | ᠶᠡᠭᠡ ᠶᠣᠰᠣᠨ ᠠᠨᠤ ᠶᠠᠪᠤᠭᠤᠯᠬᠤᠢ ᠳᠤᠷ ᠲᠦᠭᠦᠮ᠂ ᠵᠠᠰᠠᠭ ᠴᠣᠮᠬᠠᠨ ᠪᠦᠭᠡᠰᠦ ᠭᠦᠢᠴᠡᠳᠬᠡᠬᠦᠢ ᠳᠤᠷ ᠭᠢᠯᠪᠠᠷ᠃ | ᠵᠠᠰᠠᠭ ᠤᠨ ᠣᠷᠳᠣᠨ ᠤ ᠳᠤᠰ ᠪᠡᠶ᠎ᠡ ᠶᠢᠨ ᠠᠰᠢᠭ ᠲᠤᠰᠠ ᠶᠢ ᠭᠦᠨᠳᠡᠭᠦ ᠥᠭᠡᠷᠡᠴᠢᠯᠡᠯᠲᠡ ᠶᠢ ᠰᠢᠨᠲᠠᠷᠠᠰᠢ ᠦᠭᠡᠢ | ᠠᠬᠢᠭᠤᠯᠪᠠ᠃ ᠤᠯᠠᠮ ᠨᠢᠭᠡ ᠠᠯᠬᠤᠮ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ᠂ ᠵᠠᠬ᠎ᠠ | ᠳᠡᠯᠭᠡᠭᠦᠷ ᠲᠤ ᠣᠷᠣᠬᠤ ᠵᠥᠪᠰᠢᠶᠡᠷᠡᠯ ᠢ ᠠᠭᠤᠵᠢᠭᠤ ᠲᠠᠯᠪᠢᠵᠤ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ | ᠨᠠᠵᠠᠭᠠᠢ ᠲᠠᠯ᠎ᠠ ᠶᠢᠨ ᠲᠣᠳᠣᠷᠬᠠᠢ ᠬᠠᠭᠤᠳᠠᠰᠤ ᠶᠢᠨ ᠳᠦᠷᠢᠮ ᠢ ᠪᠦᠭᠦ ᠲᠠᠯ᠎ᠠ ᠪᠠᠷ ᠬᠡᠷᠡᠭᠵᠢᠭᠦᠯᠦᠨ᠂ ᠲᠣᠳᠣᠷᠬᠠᠢ | ᠬᠠᠭᠤᠳᠠᠰᠤ ᠶᠢᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠳᠦᠷᠢᠮ ᠢ ᠪᠠᠶᠢᠭᠤᠯᠬᠤ ᠡᠬᠢᠨ ᠤ ᠦᠶ᠎ᠡ ᠶᠢᠨ ᠬᠢ ᠲᠠᠢ | ᠠᠳᠠᠯᠢᠳᠬᠠᠪᠠᠯ 64% ᠪᠠᠷ ᠴᠥᠭᠡᠳᠬᠡᠵᠦ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠴᠥᠮ | ᠲᠣᠳᠣᠷᠬᠠᠢ ᠬᠠᠭᠤᠳᠠᠰᠤ ᠶᠢᠨ ᠬᠠᠮᠢᠶᠠᠷᠤᠯᠲᠠ ᠳᠤ ᠣᠷᠣᠭᠤᠯᠪᠠ᠃ ᠤᠯᠠᠨ ᠵᠢᠯ ᠤᠨ ᠲᠤᠷᠰᠢ 1000 ᠭᠠᠷᠤᠢ | ᠵᠦᠢᠯ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠬᠦᠴᠦᠨ ᠦᠭᠡᠢ ᠪᠤᠯᠭᠠᠬᠰᠠᠨ ᠪᠠ ᠳᠣᠷᠣᠭᠰᠢ | ᠪᠠᠭᠤᠯᠭᠠᠵᠤ᠂ ᠲᠥᠪ ᠵᠠᠰᠠᠭ ᠤᠨ ᠣᠷᠳᠣᠨ ᠤ ᠳᠡᠰ ᠳᠠᠪᠬᠤᠷᠭ᠎ᠠ ᠠᠴᠠ ᠬᠢᠨᠠᠨ ᠵᠥᠪᠰᠢᠶᠡᠷᠡᠬᠦ ᠪᠡᠯᠡ | ᠤᠷᠤᠭᠤᠯᠤᠯᠳᠠ ᠶᠢᠨ ᠲᠥᠰᠥᠯ ᠢ 90% ᠠᠴᠠ ᠳᠡᠭᠡᠭᠰᠢ ᠴᠥᠭᠡᠳᠬᠡᠨ᠂ ᠠᠵᠤ ᠦᠢᠯᠡᠳᠪᠦᠷᠢ ᠶᠢᠨ ᠦᠢᠯᠡᠳᠬᠦᠨ | ᠤ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ 60 ᠲᠥᠷᠥᠯ ᠪᠠᠶᠢᠭᠰᠠᠨ ᠠᠴᠠ ᠨᠢ ᠴᠥᠭᠡᠳᠬᠡᠭᠡᠳ 10 | ᠲᠥᠷᠥᠯ ᠪᠤᠯᠭᠠᠵᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠰᠥᠯ ᠤᠨ ᠪᠦᠭᠦ ᠶᠠᠪᠤᠴᠠ ᠶᠢᠨ ᠬᠢᠨᠠᠨ | ᠵᠥᠪᠰᠢᠶᠡᠷᠡᠬᠦ ᠴᠠᠭ ᠢ 120 ᠠᠵᠢᠯ ᠤᠨ ᠡᠳᠦᠷ ᠠᠴᠠ ᠬᠡᠲᠦᠷᠡᠭᠦᠯᠬᠦ ᠦᠭᠡᠢ ᠪᠣᠯᠭᠠᠨ ᠪᠣᠭᠤᠨᠢᠰᠬᠠᠪᠠ᠃ | ᠬᠤᠳᠠᠯᠳᠤᠭᠠᠨ ᠤ ᠶᠠᠪᠤᠳᠠᠯ ᠤᠨ ᠳᠦᠷᠢᠮ ᠢ ᠥᠭᠡᠷᠡᠴᠢᠯᠡᠵᠦ᠂ ︽ᠦᠨᠡᠮᠯᠡᠯ ᠭᠡᠷᠡᠴᠢ ᠶᠢ ᠰᠠᠯᠭᠠᠬᠤ︾ | ᠥᠭᠡᠷᠡᠴᠢᠯᠡᠯᠲᠡ ᠶᠢ ᠬᠡᠷᠡᠭᠵᠢᠭᠦᠯᠵᠦ᠂ ᠠᠵᠤ ᠠᠬᠤᠶᠢᠯᠠᠯ ᠨᠡᠭᠡᠭᠡᠨ ᠡᠷᠭᠢᠯᠡᠭᠦ ᠭᠠᠷ ᠭᠦᠢᠴᠡᠳᠬᠡᠯ ᠤᠨ ᠴᠠᠭ ᠢ ᠨᠢᠭᠡ | ᠰᠠᠷ᠎ᠠ ᠭᠠᠷᠤᠢ ᠪᠠᠶᠢᠭᠰᠠᠨ ᠠᠴᠠ ᠤᠳᠤ ᠶᠢᠨ ᠳᠤᠮᠳᠠᠴᠢ ᠪᠠᠷ 4 ᠠᠵᠢᠯᠯᠠᠬᠤ ᠡᠳᠦᠷ ᠤᠨ ᠳᠣᠲᠣᠷ᠎ᠠ ᠪᠣᠯᠭᠠᠨ | ᠪᠣᠭᠤᠨᠢᠰᠬᠠᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠳᠠᠩᠰᠠᠨ ᠠᠴᠠ ᠬᠠᠰᠤᠭᠤᠯᠬᠤ ᠳᠦᠭᠦᠮ ᠳᠦᠷᠢᠮ | ᠢ ᠬᠡᠷᠡᠭᠵᠢᠭᠦᠯᠪᠡ᠃ ᠪᠠᠭᠤᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ ᠶᠢ ᠪᠠᠷᠢᠮᠲᠠᠯᠠᠨ᠂ ᠬᠡᠷᠡᠭ ᠤᠨ ᠳᠤᠮᠳᠠᠬᠢ | ᠬᠢᠨᠠᠯᠲᠠ ᠪᠠ ᠬᠡᠷᠡᠭ ᠤᠨ ᠳᠠᠷᠠᠭᠠᠬᠢ ᠬᠢᠨᠠᠯᠲᠠ ᠶᠢ ᠴᠢᠩᠭᠠᠳᠬᠠᠵᠤ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠬᠢᠨᠠᠯᠲᠠ ᠬᠠᠮᠢᠶᠠᠷᠤᠯᠲᠠ ᠳᠤᠲᠠᠭᠳᠠᠬᠤ᠂ ᠡᠷᠬᠡ ᠶᠢ ᠪᠠᠭᠤᠯᠭᠠᠬᠤ ᠶᠢ ᠴᠢᠬᠤᠯᠠᠴᠢᠯᠠᠨ | ᠬᠠᠮᠢᠶᠠᠷᠤᠯᠲᠠ ᠶᠢ ᠬᠥᠩᠭᠡᠪᠴᠢᠯᠡᠬᠦ ᠶᠢ ᠰᠡᠷᠭᠡᠶᠢᠯᠡᠨ ᠬᠤᠷᠢᠭᠯᠠᠵᠤ᠂ ᠢᠳᠡᠭᠡᠨ ᠤ ᠵᠦᠢᠯ ᠡᠮ ᠤᠨ ᠵᠦᠢᠯ ᠵᠡᠷᠭᠡ | ᠭᠤᠣᠯᠳᠠᠯᠭ᠎ᠠ ᠲᠠᠢ ᠬᠦᠷᠢᠶ᠎ᠡ ᠶᠢᠨ ᠶᠠᠰᠤ ᠴᠢᠨᠠᠷ ᠪᠣᠯᠣᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ︽ᠬᠤᠶᠠᠷ ᠢ ᠲᠣᠬᠢᠶᠠᠯᠳᠤᠯ ᠢᠶᠠᠷ ᠰᠣᠩᠭᠤᠬᠤ᠂ ᠨᠢᠭᠡ ᠶᠢ ᠢᠯᠡ ᠪᠤᠯᠭᠠᠬᠤ︾ ᠵᠡᠷᠭᠡ ᠠᠷᠭ᠎ᠠ | ᠮᠠᠶ᠋ᠢᠭ ᠢ ᠬᠡᠷᠡᠭᠵᠢᠭᠦᠯᠦᠨ ᠲᠥᠪ ᠭᠤᠤᠯᠴᠢ ᠬᠢᠨᠠᠨ ᠬᠠᠮᠢᠶᠠᠷᠬᠤ ᠶᠢ ᠴᠢᠩᠭᠠᠳᠬᠠᠵᠤ᠂ ᠵᠠᠰᠠᠭ ᠵᠠᠬᠢᠷᠭᠠᠨ ᠤ | ᠲᠠᠰᠤᠯᠤᠯᠲᠠ ᠶᠢᠨ ᠡᠷᠬᠡ ᠶᠢ ᠵᠢᠷᠤᠮᠵᠢᠭᠤᠨ ᠬᠡᠷᠡᠭᠵᠢᠭᠦᠯᠪᠡ᠃ ᠮᠣᠨᠣᠫᠤᠯᠢᠴᠢᠯᠠᠯ ᠢ ᠡᠰᠡᠷᠭᠦᠴᠡᠬᠦ ᠪᠠ ᠵᠦᠢ ᠪᠤᠰᠤ | ᠥᠷᠢᠰᠦᠯᠳᠦᠭᠡᠨ ᠢ ᠡᠰᠡᠷᠭᠦᠴᠡᠬᠦ ᠠᠵᠢᠯ ᠢ ᠴᠢᠩᠭᠠᠳᠬᠠᠵᠤ᠂ ᠭᠤᠤᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ | ᠶᠢᠨ ᠳᠦᠷᠢᠮ ᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠮᠣᠨᠣᠫᠤᠯᠢᠴᠢᠯᠠᠯ ᠢ ᠡᠰᠡᠷᠭᠦᠴᠡᠬᠦ ᠬᠠᠤᠯᠢ | ᠬᠡᠷᠡᠭᠵᠢᠭᠦᠯᠦᠯᠲᠡ ᠶᠢᠨ ᠪᠠᠶᠢᠭᠤᠯᠤᠯ ᠢ ᠥᠭᠡᠷᠡᠴᠢᠯᠡᠪᠡ᠃ ᠬᠥᠷᠥᠩᠭᠡ ᠶᠢᠨ ᠡᠷᠡᠭᠦᠯ ᠢᠶᠠᠷ ᠭᠦᠭᠵᠢᠭᠦ ᠶᠢ ᠬᠠᠤᠯᠢ | ᠶᠣᠰᠣᠭᠠᠷ ᠵᠢᠷᠤᠮᠵᠢᠭᠤᠯᠬᠤ ᠪᠠ ᠬᠥᠲᠥᠯᠥᠨ ᠵᠢᠯᠤᠭᠤᠳᠴᠤ᠂ ᠬᠥᠷᠥᠩᠭᠡ ᠶᠢᠨ ᠡᠮᠬᠢ ᠵᠢᠷᠤᠮ ᠦᠭᠡᠢ ᠥᠷᠭᠡᠵᠢᠬᠦ ᠶᠢ | ᠬᠠᠤᠯᠢ ᠶᠣᠰᠣᠭᠠᠷ ᠡᠷᠡᠰ ᠬᠠᠮᠢᠶᠠᠷᠤᠨ ᠡᠵᠡᠮᠳᠡᠪᠡ᠃ ᠦᠢᠯᠡᠴᠢᠯᠡᠭᠡ ᠪᠠᠨ ᠲᠠᠰᠤᠷᠠᠯᠲᠠ ᠦᠭᠡᠢ ᠰᠢᠯᠢᠳᠡᠭᠵᠢᠭᠦᠯᠵᠦ᠂ | ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠬᠤᠷᠠᠭᠤᠯᠤᠨ ᠭᠦᠢᠴᠡᠳᠬᠡᠬᠦ ᠶᠢ ᠠᠬᠢᠭᠤᠯᠵᠤ᠂ ᠡᠯ᠎ᠡ ᠲᠥᠷᠥᠯ ᠤᠨ | ᠭᠡᠷᠡᠴᠢᠯᠡᠬᠦ ᠵᠦᠢᠯᠡᠰ ᠢ ᠪᠠᠭᠠᠰᠬᠠᠨ᠂ ᠳ᠋ᠢᠵᠢᠲ᠋ᠠᠯ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠷᠭᠡᠳᠬᠡᠵᠦ᠂ | 90% ᠠᠴᠠ ᠳᠡᠭᠡᠭᠰᠢᠬᠢ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠦᠯᠵᠢᠶᠡᠨ ᠳᠡᠭᠡᠷ᠎ᠡ ᠭᠦᠢᠴᠡᠳᠬᠡᠵᠦ | ᠪᠤᠯᠬᠤ ᠪᠤᠯᠭᠠᠵᠦ᠂ ᠡᠷᠦᠭᠡ ᠠᠮᠠ ᠶᠢᠨ ᠭᠡᠷᠡᠴᠢᠯᠡᠯ᠂ ᠨᠡᠶᠢᠭᠡᠮ ᠤᠨ ᠳᠠᠭᠠᠳᠬᠠᠯ ᠢ ᠰᠢᠯᠵᠢᠭᠦᠯᠦᠨ ᠵᠠᠯᠭᠠᠭᠤᠯᠬᠤ ᠵᠡᠷᠭᠡ | 200 ᠭᠠᠷᠤᠢ ᠵᠦᠢᠯ ᠤᠨ ᠣᠯᠠᠨ ᠲᠦᠮᠡᠨ ᠤ ᠦᠷᠭᠦᠯᠵᠢ ᠭᠦᠢᠴᠡᠳᠬᠡᠳᠡᠭ ᠵᠦᠢᠯᠡᠰ ᠢ ᠮᠤᠵᠢ ᠠᠯᠤᠰᠯᠠᠨ | ᠭᠦᠢᠴᠡᠳᠬᠡᠬᠦ ᠪᠣᠯᠭᠠᠪᠠ᠃ ᠲᠦᠷᠭᠡᠨ ᠳᠠᠪᠬᠢᠬᠤ ᠵᠠᠰᠠᠮᠠᠯ ᠵᠠᠮ ᠤᠨ ᠮᠤᠵᠢ ᠶᠢᠨ ᠵᠠᠭᠠᠭ ᠲᠠᠬᠢ ᠪᠤᠶ ᠪᠦᠬᠦᠢ | ᠰᠦᠢᠳᠬᠡᠯ ᠬᠤᠷᠢᠶᠠᠬᠤ ᠥᠷᠲᠡᠭᠡ ᠶᠢ ᠬᠠᠰᠤᠪᠠ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ | ᠰᠢᠯᠢᠳᠡᠭᠵᠢᠭᠦᠯᠬᠦ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠳᠠᠩᠰᠠᠯᠠᠨ ᠬᠠᠮᠢᠶᠠᠷᠬᠤ᠂ ᠬᠤᠪᠢ ᠶᠢᠨ | ᠦᠢᠯᠡᠳᠪᠦᠷᠢ ᠬᠤᠳᠠᠯᠳᠤᠭᠠᠨ ᠤ ᠡᠷᠦᠭᠡ ᠶᠢᠨ ᠬᠥᠭᠵᠢᠯᠲᠡ ᠶᠢ ᠠᠬᠢᠭᠤᠯᠬᠤ᠂ ᠳᠤᠮᠳᠠ ᠵᠢᠵᠢᠭ ᠠᠵᠤ ᠠᠬᠤᠶᠢᠯᠠᠯ | ᠤᠨ ᠵᠣᠭᠤᠰ ᠢ ᠦᠭᠭᠦ ᠶᠢ ᠪᠠᠲᠤᠯᠠᠬᠤ ᠵᠡᠷᠭᠡ ᠳᠦᠷᠢᠮ ᠢ ᠲᠣᠭᠲᠠᠭᠠᠨ ᠬᠡᠷᠡᠭᠵᠢᠭᠦᠯᠪᠡ᠃ ᠥᠭᠡᠷᠡᠴᠢᠯᠡᠯᠲᠡ ᠨᠢ | ᠬᠥᠮᠥᠰ ᠤᠨ ᠠᠷᠠᠯᠵᠢᠶ᠎ᠠ ᠬᠤᠳᠠᠯᠳᠤᠭ᠎ᠠ ᠬᠢᠵᠦ ᠠᠵᠤ ᠠᠬᠤᠶᠢᠯᠠᠯ ᠡᠷᠭᠢᠯᠡᠭᠦ ᠳᠤ ᠨᠠᠩ ᠤᠯᠠᠨ ᠳᠥᠭᠦᠮ ᠨᠥᠬᠦᠴᠡᠯ | ᠪᠠ ᠣᠷᠣᠨ ᠵᠠᠢ ᠬᠠᠩᠭᠠᠵᠤ᠂ ᠨᠢᠳᠤᠨᠤᠨ ᠤ ᠵᠢᠯ ᠤᠨ ᠡᠴᠦᠰ ᠲᠤ ᠠᠵᠤ ᠠᠬᠤᠶᠢᠯᠠᠯ ᠤᠨ ᠲᠤᠭ᠎ᠠ 5200 ᠲᠦᠮᠡ | ᠶᠢ ᠳᠠᠪᠠᠵᠤ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ 1.1 ᠳ᠋ᠦᠩᠰᠢᠭᠤᠷ ᠢ ᠳᠠᠪᠠᠵᠤ᠂ ᠵᠠᠬ᠎ᠠ | ᠳᠡᠯᠭᠡᠭᠦᠷ ᠤᠨ ᠪᠡᠶᠡᠴᠢ ᠴᠣᠭᠴᠠ ᠶᠢᠨ ᠶᠡᠷᠦᠩᠬᠡᠢ ᠲᠤᠭ᠎ᠠ 1.6 ᠳ᠋ᠦᠡᠭᠰᠢᠭᠤᠷ ᠢ ᠳᠠᠪᠠᠵᠤ᠂ ᠠᠷᠪᠠᠨ ᠵᠢᠯ ᠤᠨ | ᠡᠮᠦᠨᠡᠬᠢ ᠠᠴᠠ 3 ᠳᠠᠭᠢᠨ ᠪᠣᠯᠣᠭᠠᠳ᠂ ᠬᠥᠭᠵᠢᠯᠲᠡ ᠶᠢᠨ ᠳᠣᠲᠣᠭᠠᠳᠤ ᠬᠥᠳᠡᠯᠭᠡᠭᠴᠢ ᠬᠦᠴᠦᠨ ᠨᠢ ᠢᠯᠡᠳᠲᠡ | ᠴᠢᠩᠭᠠᠷᠠᠪᠠ᠃ | ᠤᠯᠠᠨ ᠲᠦᠷᠦᠯ ᠤᠨ ᠥᠮᠴᠢᠯᠡᠯ ᠤᠨ ᠠᠵᠤ ᠠᠬᠤᠢ ᠶᠢᠨ ᠬᠠᠮᠲᠤ ᠪᠠᠷ ᠭᠦᠭᠵᠢᠭᠦ ᠶᠢ ᠠᠬᠢᠭᠤᠯᠪᠠ᠃ | ᠨᠡᠶᠢᠭᠡᠮ ᠵᠢᠷᠤᠮ ᠤᠨ ᠦᠨᠳᠦᠰᠦᠨ ᠠᠵᠤ ᠠᠬᠤᠢ ᠶᠢᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ︽ᠬᠤᠶᠠᠷ | ᠥᠴᠥᠬᠡᠨ ᠴᠦ ᠭᠤᠶᠢᠪᠢᠰᠢ ᠦᠭᠡᠢ︾ ᠶᠢ ᠪᠠᠷᠢᠮᠲᠠᠯᠠᠪᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭᠠᠨ ᠤ ᠡᠭᠦᠷᠭᠡ ᠶᠢ ᠪᠡᠶᠡᠯᠡᠭᠦᠯᠵᠦ᠂ ᠤᠳᠤ ᠦᠶ᠎ᠡ ᠶᠢᠨ ᠠᠵᠤ | ᠠᠬᠤᠶᠢᠯᠠᠯ ᠤᠨ ᠳᠦᠷᠢᠮ ᠢ ᠪᠦᠷᠢᠨᠰᠢᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠭᠤᠣᠯ | ᠬᠠᠷᠢᠭᠤᠴᠠᠯᠭ᠎ᠠ ᠭᠤᠣᠯ ᠠᠵᠢᠯ ᠳᠠᠭᠠᠨ ᠠᠩᠬᠠᠷᠤᠯ ᠢᠶᠠᠨ ᠲᠥᠪᠯᠡᠷᠡᠭᠦᠯᠵᠦ ᠰᠢᠯᠢᠳᠡᠭᠵᠢᠭᠦᠯᠦᠨ ᠲᠠᠭᠢᠨ ᠵᠣᠬᠢᠶᠠᠨ | ᠪᠠᠶᠢᠭᠤᠯᠬᠤ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢᠶᠠᠨ ᠨᠡᠮᠡᠭᠳᠡᠭᠦᠯᠬᠦ ᠶᠢ ᠠᠬᠢᠭᠤᠯᠪᠠ᠃ ᠠᠷᠠᠳ | ᠠᠴᠠ ᠡᠵᠡᠩᠨᠡᠭᠰᠡᠨ ᠠᠵᠤ ᠠᠬᠤᠶᠢᠯᠠᠯ ᠤᠨ ᠡᠷᠡᠭᠦᠯ ᠢᠶᠠᠷ ᠭᠦᠭᠵᠢᠭᠦ ᠶᠢ ᠠᠬᠢᠭᠤᠯᠵᠤ᠂ ᠡᠯ᠎ᠡ ᠵᠦᠢᠯ ᠤᠨ ᠳᠠᠯᠳᠠ | ᠪᠠᠬᠢᠯᠡᠯᠲᠡ ᠶᠢ ᠡᠪᠳᠡᠵᠦ᠂ ᠨᠢᠭᠡ ᠯᠡ ᠠᠳᠠᠯᠢ ᠪᠠᠷ ᠲᠦᠷᠦ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠵᠦ᠂ ᠠᠷᠠᠳ | ᠤᠨ ᠪᠡᠯᠡ ᠣᠷᠣᠭᠤᠯᠤᠯᠲᠠ ᠶᠢᠨ ᠢᠲᠡᠭᠡᠯ ᠵᠣᠷᠢᠭ ᠢ ᠬᠥᠪᠴᠢᠯᠡᠪᠡ᠃ ᠥᠮᠴᠢᠯᠡᠯ ᠤᠨ ᠡᠷᠬᠡ ᠶᠢ ᠬᠠᠮᠠᠭᠠᠯᠠᠬᠤ | ᠳᠦᠷᠢᠮ ᠢ ᠲᠡᠭᠦᠯᠳᠡᠷᠵᠢᠭᠦᠯᠵᠦ᠂ ᠠᠵᠤ ᠠᠬᠤᠶᠢᠯᠠᠯᠲᠠᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ | ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠪᠠᠳᠠᠷᠠᠭᠤᠯᠪᠠ᠃ | ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢ ᠠᠬᠢᠭᠤᠯᠪᠠ᠃ | ᠲᠥᠰᠥᠪ ᠤᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠥᠰᠥᠪ ᠢ ᠢᠯᠡ | ᠪᠤᠯᠭᠠᠬᠤ ᠡᠷᠴᠢᠮ ᠢ ᠴᠢᠩᠭᠠᠷᠠᠭᠤᠯᠵᠤ᠂ ᠲᠥᠪ ᠪᠣᠯᠣᠨ ᠣᠷᠣᠨ ᠨᠤᠲᠤᠭ ᠤᠨ ᠡᠳ᠋ ᠤᠨ ᠵᠠᠰᠠᠭ ᠤᠨ ᠠᠵᠢᠯ ᠶᠠᠪᠤᠳᠠᠯ | ᠤᠨ ᠡᠷᠬᠡ ᠪᠣᠯᠣᠨ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢ ᠠᠬᠢᠭᠤᠯᠵᠤ᠂ ᠣᠷᠣᠨ | ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ | ᠶᠡᠷᠦᠩᠬᠡᠶᠢᠯᠡᠬᠦ ᠪᠠ ᠲᠦᠷᠦᠯ ᠬᠤᠪᠢᠶᠠᠬᠤ ᠶᠢ ᠤᠶᠠᠯᠳᠤᠭᠤᠯᠤᠭᠰᠠᠨ ᠬᠤᠪᠢ ᠬᠥᠮᠥᠨ ᠤ ᠠᠰᠢᠭ ᠣᠷᠣᠯᠭ᠎ᠠ ᠶᠢᠨ | ᠭᠠᠶᠢᠯᠢ ᠶᠢᠨ ᠳᠦᠷᠢᠮ ᠢ ᠪᠠᠶᠢᠭᠤᠯᠤᠨ᠂ ᠭᠠᠶᠢᠯᠢ ᠲᠠᠲᠠᠪᠤᠷᠢ ᠲᠠᠲᠠᠪᠤᠷᠢᠯᠠᠨ ᠬᠠᠮᠢᠶᠠᠷᠬᠤ ᠥᠭᠡᠷᠡᠴᠢᠯᠡᠯᠲᠡ ᠶᠢ ᠤᠯᠠᠮ | ᠨᠢᠭᠡ ᠠᠯᠬᠤᠮ ᠭᠦᠨᠵᠡᠭᠡᠶᠢᠷᠡᠭᠦᠯᠪᠡ᠃ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠤᠨ | ᠥᠭᠡᠷᠡᠴᠢᠯᠡᠯᠲᠡ ᠶᠢ ᠠᠬᠢᠭᠤᠯᠵᠤ᠂ ᠳᠤᠮᠳᠠ ᠵᠢᠵᠢᠭ ᠪᠠᠩᠬᠢ ᠶᠢᠨ ᠬᠥᠷᠥᠩᠭᠡ ᠪᠠᠨ ᠨᠥᠬᠦᠪᠦᠷᠢᠯᠡᠬᠦ ᠪᠠ | ᠥᠭᠡᠷᠡᠴᠢᠯᠡᠯᠲᠡ ᠬᠢᠵᠦ ᠲᠦᠭᠰᠢᠭᠦᠷᠢ ᠶᠢ ᠠᠷᠢᠯᠭᠠᠬᠤ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠰᠲ᠋ᠣᠺ | ᠲᠠᠷᠬᠠᠭᠠᠬᠤ ᠳᠠᠩᠰᠠᠯᠠᠭᠤᠯᠬᠤ ᠳᠦᠷᠢᠮᠲᠦ ᠥᠭᠡᠷᠡᠴᠢᠯᠡᠯᠲᠡ ᠶᠢ ᠠᠬᠢᠭᠤᠯᠵᠤ᠂ ᠬᠥᠷᠥᠩᠭᠡ ᠶᠢᠨ ᠵᠠᠬ᠎ᠠ ᠳᠡᠯᠭᠡᠭᠦᠷ ᠤᠨ | ᠰᠠᠭᠤᠷᠢ ᠳᠦᠷᠢᠮ ᠢ ᠲᠡᠭᠦᠯᠳᠡᠷᠵᠢᠭᠦᠯᠵᠦ᠂ ᠮᠥᠩᠭᠦᠨ ᠭᠦᠢᠯᠭᠡᠭᠡᠨ ᠢ ᠲᠣᠭᠲᠠᠭᠤᠨ ᠪᠠᠶᠢᠯᠭᠠᠬᠤ ᠬᠠᠤᠯᠢ ᠪᠠᠷ ᠵᠠᠰᠠᠬᠤ | ᠪᠠᠶᠢᠭᠤᠯᠤᠯᠲᠠ ᠶᠢ ᠴᠢᠩᠭᠠᠳᠬᠠᠪᠠ᠃ | ︵ᠳᠥᠷᠪᠡ︶ ᠰᠢᠨ᠎ᠡ ᠶᠢ ᠡᠭᠦᠳᠭᠦ ᠪᠠᠷ ᠬᠥᠭᠵᠢᠯᠲᠡ ᠶᠢᠨ ᠬᠥᠳᠡᠯᠭᠡᠭᠦᠷ ᠪᠤᠯᠭᠠᠬᠤ ᠪᠠᠶᠢᠯᠳᠤᠬᠤ ᠪᠣᠳᠣᠯᠭ᠎ᠠ | ᠶᠢ ᠭᠦᠨᠵᠡᠭᠡᠢ ᠬᠡᠷᠡᠭᠵᠢᠭᠦᠯᠵᠦ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠲᠡᠰ ᠳᠡᠪᠰᠢᠭᠦᠯᠭᠦ ᠶᠢ | ᠠᠬᠢᠭᠤᠯᠪᠠ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠤᠯᠤᠰ ᠤᠨ ᠪᠠ ᠣᠷᠣᠨ ᠨᠤᠲᠤᠭ ᠤᠨ ᠰᠢᠨ᠎ᠡ ᠶᠢ ᠡᠭᠦᠳᠭᠦ ᠰᠢᠰᠲ᠋ᠧᠮ ᠢ ᠲᠡᠭᠦᠯᠳᠡᠷᠵᠢᠭᠦᠯᠵᠦ᠂ ᠰᠢᠨᠵᠢᠯᠡᠬᠦ | ᠤᠬᠠᠭᠠᠨ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠠᠬᠢᠭᠤᠯᠵᠤ᠂ ᠰᠢᠨ᠎ᠡ ᠶᠢ ᠡᠭᠦᠳᠭᠦ ᠳᠤ | ᠴᠢᠩᠭ᠎ᠠ ᠲᠦᠰᠢᠭᠯᠡᠨ ᠪᠣᠳᠠᠲᠤ ᠴᠣᠭᠴᠠ ᠶᠢᠨ ᠠᠵᠤ ᠠᠬᠤᠢ ᠶᠢᠨ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠵᠦ | ᠂ ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠶᠢ ᠲᠠᠰᠤᠷᠠᠯᠲᠠ ᠦᠭᠡᠢ ᠪᠣᠶᠢᠵᠢᠭᠤᠯᠤᠨ ᠪᠤᠵᠠᠭᠠᠶᠢᠷᠠᠭᠤᠯᠵᠤ᠂ | ᠭᠠᠳᠠᠨ᠎ᠠ ᠠᠴᠠ ᠢᠷᠡᠬᠦ ᠳᠠᠷᠤᠯᠲᠠ ᠬᠤᠷᠢᠭᠯᠠᠯᠲᠠ ᠶᠢ ᠪᠦᠲᠦᠮᠵᠢᠲᠡᠶ ᠠᠷᠭᠠᠴᠠᠪᠠ᠃ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠭᠦ ᠶᠢᠨ ᠬᠥᠲᠥᠯᠥᠨ ᠳᠠᠭᠠᠭᠤᠯᠬᠤ ᠦᠢᠯᠡᠳᠦᠯ ᠢ | ᠴᠢᠩᠭᠠᠷᠠᠭᠤᠯᠪᠠ᠃ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠢ | ᠴᠢᠩᠭᠠᠷᠠᠭᠤᠯᠵᠤ᠂ ᠨᠢᠭᠡ ᠪᠦᠯᠦᠭ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠭᠦ ᠴᠢᠬᠤᠯᠠ ᠶᠡᠭᠡ | ᠲᠥᠰᠥᠯ ᠢ ᠬᠡᠷᠡᠭᠵᠢᠭᠦᠯᠵᠦ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠶᠢ | ᠴᠢᠩᠭᠠᠳᠬᠠᠪᠠ᠃ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ | ᠦᠢᠯᠡᠳᠦᠯ ᠢ ᠰᠠᠶᠢᠲᠤᠷ ᠪᠠᠳᠠᠷᠠᠭᠤᠯᠵᠤ᠂ ᠰᠢᠨ᠎ᠡ ᠭᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠶᠢᠨ | ᠬᠥᠭᠵᠢᠯᠲᠡ ᠶᠢ ᠲᠡᠮᠵᠢᠪᠡ᠃ ᠤᠯᠠᠨ ᠤᠯᠤᠰ ᠤᠨ ᠪᠠ ᠣᠷᠣᠨ ᠪᠦᠰᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠭᠦ ᠲᠥᠪ ᠤᠨ ᠪᠠᠶᠢᠭᠤᠯᠤᠯᠲᠠ ᠶᠢ ᠠᠬᠢᠭᠤᠯᠵᠤ᠂ ᠶᠡᠷᠦᠩᠬᠡᠶᠢᠯᠡᠭᠰᠡᠨ ᠴᠢᠨᠠᠷᠲᠠᠢ ᠤᠯᠤᠰ ᠤᠨ | ᠰᠢᠨᠵᠢᠯᠡᠬᠦ ᠤᠬᠠᠭᠠᠨ ᠤ ᠲᠥᠪ ᠢ ᠪᠠᠶᠢᠷᠢᠯᠠᠭᠤᠯᠵᠤ ᠪᠦᠲᠦᠭᠡᠨ ᠪᠠᠶᠢᠭᠤᠯᠪᠠ᠃ ᠰᠠᠭᠤᠷᠢ ᠰᠤᠳᠤᠯᠭᠠᠨ ᠪᠠ ᠬᠡᠷᠡᠭᠯᠡᠭᠡᠨ | ᠤ ᠰᠠᠭᠤᠷᠢ ᠰᠤᠳᠤᠯᠭᠠᠨ ᠢ ᠳᠡᠮᠵᠢᠵᠦ᠂ ᠪᠦᠭᠦ ᠤᠯᠤᠰ ᠤᠨ ᠰᠠᠭᠤᠷᠢ ᠰᠤᠳᠤᠯᠭᠠᠨ ᠤ ᠵᠠᠷᠤᠳᠠᠯ ᠢ ᠲᠠᠪᠤᠨ ᠵᠢᠯ ᠳᠤ | 1 ᠲᠠᠭᠢᠨ ᠨᠡᠮᠡᠭᠳᠡᠭᠦᠯᠪᠡ᠃ ᠰᠢᠨᠵᠢᠯᠡᠬᠦ ᠤᠬᠠᠭᠠᠨ ᠤ ᠰᠤᠳᠤᠯᠭᠠᠨ ᠤ ᠲᠥᠰᠥᠯ ᠪᠠ ᠵᠠᠷᠤᠳᠠᠯ ᠤᠨ ᠬᠠᠮᠢᠶᠠᠷᠤᠯᠲᠠ | ᠶᠢᠨ ᠳᠦᠷᠢᠮ ᠢ ᠥᠭᠡᠷᠡᠴᠢᠯᠡᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠢ ᠪᠠ ᠰᠢᠨᠵᠢᠯᠡᠬᠦ ᠤᠬᠠᠭᠠᠨ ᠤ | ᠰᠤᠳᠤᠯᠭᠠᠨ ᠤ ᠠᠵᠢᠯᠲᠠᠨ ᠳᠤ ᠨᠡᠩ ᠶᠡᠭᠡ ᠡᠵᠡᠨ ᠮᠡᠳᠡᠭᠦ ᠡᠷᠬᠡ ᠣᠯᠭᠤᠵᠤ᠂ ᠥᠷᠭᠡᠨ ᠤᠯᠠᠨ ᠰᠢᠨᠵᠢᠯᠡᠬᠦ ᠤᠬᠠᠭᠠᠨ | ᠮᠡᠷᠭᠡᠵᠢᠯ ᠤᠨ ᠠᠵᠢᠯᠲᠠᠨ ᠢ ᠲᠦᠪᠡᠭ ᠪᠤᠳᠤᠯᠢᠶᠠᠨᠲᠠᠢ ᠵᠠᠰᠠᠭ ᠵᠠᠬᠢᠷᠭᠠᠨ ᠤ ᠠᠵᠢᠯ ᠶᠠᠪᠤᠳᠠᠯ ᠠᠴᠠ ᠴᠢᠯᠦᠭᠡᠯᠡᠬᠦ ᠪᠠᠷ | ᠴᠢᠷᠮᠠᠶᠢᠪᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠵᠤ᠂ ᠰᠢᠨ᠎ᠡ | ᠶᠢ ᠡᠭᠦᠳᠭᠦ ᠬᠥᠳᠡᠯᠭᠡᠭᠴᠢ ᠬᠦᠴᠦᠨ ᠢ ᠬᠥᠭᠵᠢᠭᠡᠪᠡ᠃ ᠤᠯᠠᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠪᠠ᠃ ᠵᠠᠬ᠎ᠠ ᠳᠡᠯᠭᠡᠭᠦᠷᠴᠢᠯᠡᠭᠰᠡᠨ ᠲᠣᠭᠲᠠᠴᠠ ᠪᠠᠷ ᠠᠵᠤ ᠠᠬᠤᠶᠢᠯᠠᠯ ᠤᠨ | ᠰᠢᠨ᠎ᠡ ᠶᠢ ᠡᠭᠦᠳᠭᠦ ᠶᠢ ᠤᠷᠮᠠᠰᠢᠭᠤᠯᠤᠨ ᠵᠣᠷᠢᠭᠵᠢᠭᠤᠯᠵᠤ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠵᠠᠷᠤᠳᠠᠯ | ᠤᠨ ᠨᠡᠮᠡᠨ ᠪᠤᠳᠣᠵᠤ ᠰᠠᠭᠤᠯᠭᠠᠨ ᠬᠠᠰᠤᠬᠤ ᠬᠠᠷᠢᠴᠠᠯ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠢᠯᠡᠳᠭᠦ | ᠦᠢᠯᠡᠰ ᠤᠨ ᠠᠵᠤ ᠠᠬᠤᠶᠢᠯᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠭᠡᠯᠪᠡᠷᠢ ᠶᠢᠨ ᠳᠤᠮᠳᠠ ᠵᠢᠵᠢᠭ ᠠᠵᠤ | ᠠᠬᠤᠶᠢᠯᠠᠯ ᠤᠨ ᠬᠢ ᠶᠢ ᠲᠤᠰ ᠲᠤᠰ 50%᠂ 75% ᠪᠠᠶᠢᠭᠰᠠᠨ ᠠᠴᠠ ᠨᠢ 100% ᠪᠤᠯᠲᠠᠯ᠎ᠠ | ᠳᠡᠭᠡᠭᠰᠢᠯᠡᠭᠦᠯᠦᠭᠰᠡᠨ ᠪᠥᠭᠡᠳ ᠲᠣᠬᠢᠷᠠᠭᠤᠯᠤᠨ ᠬᠡᠷᠡᠭᠯᠡᠵᠦ ᠪᠤᠯᠬᠤ ᠪᠤᠢ ᠪᠦᠬᠦᠢ ᠠᠵᠢᠯ ᠲᠦᠷᠦᠯ ᠳᠤ ᠭᠦᠷᠳᠡᠯ᠎ᠠ | ᠱᠠᠲᠤ ᠦᠶᠡᠴᠢ ᠴᠢᠨᠠᠷᠲᠠᠢ ᠪᠠᠷ ᠥᠷᠭᠡᠳᠬᠡᠵᠦ᠂ ᠠᠵᠤ ᠠᠬᠤᠶᠢᠯᠠᠯ ᠤᠨ ᠰᠠᠭᠤᠷᠢ ᠰᠤᠳᠤᠯᠭᠠᠨ ᠳᠤ ᠤᠷᠤᠭᠤᠯᠤᠯᠳᠠ | ᠬᠢᠬᠦ᠂ ᠲᠥᠬᠦᠭᠡᠷᠦᠮᠵᠢ ᠬᠤᠳᠠᠯᠳᠤᠨ ᠠᠪᠬᠤ ᠳᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠵᠦ᠂ ᠰᠢᠨ᠎ᠡ | ᠶᠢ ᠡᠭᠦᠳᠭᠦ ᠶᠢ ᠳᠡᠮᠵᠢᠭᠦ ᠡᠯ᠎ᠡ ᠲᠥᠷᠥᠯ ᠤᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ | ᠶᠢᠨ ᠣᠨ ᠤ ᠬᠡᠪᠴᠢᠶ᠎ᠡ ᠨᠢᠭᠡᠨᠲᠡ ᠲᠦᠮᠡᠨ ᠳ᠋ᠦᠩᠰᠢᠭᠤᠷ ᠲᠥᠭᠦᠷᠢᠭ ᠢ ᠳᠠᠪᠠᠪᠠ᠃ ᠰᠢᠨ᠎ᠡ ᠶᠢ ᠡᠭᠦᠳᠭᠦ ᠶᠢ | ᠳᠡᠮᠵᠢᠭᠦ ᠮᠥᠩᠭᠦᠨ ᠭᠦᠢᠯᠭᠡᠭᠡᠨ ᠤ ᠲᠦᠷᠦ ᠶᠢᠨ ᠪᠣᠳᠣᠯᠭ᠎ᠠ ᠶᠢᠨ ᠪᠠᠭᠠᠵᠢ ᠶᠢ ᠡᠭᠦᠳᠦᠨ ᠪᠠᠶᠢᠭᠤᠯᠵᠤ᠂ ᠠᠳᠠᠯ | ᠦᠢᠯᠡᠰ ᠴᠣᠭᠴᠠᠯᠠᠬᠤ ᠪᠡᠯᠡ ᠣᠷᠣᠭᠤᠯᠤᠯᠲᠠ ᠵᠡᠷᠭᠡ ᠶᠢᠨ ᠬᠥᠭᠵᠢᠯᠲᠡ ᠶᠢ ᠬᠥᠲᠥᠯᠥᠨ ᠵᠢᠯᠣᠭᠤᠳᠪᠠ᠃ ᠠᠵᠤ | ᠠᠬᠤᠶᠢᠯᠠᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠬᠤᠶᠠᠷ ᠣᠷᠣᠨᠲᠤ ᠲᠤᠭ᠎ᠠ ᠪᠠᠷ ᠨᠡᠮᠡᠭᠳᠡᠬᠦ ᠪᠠᠨ ᠪᠠᠲᠤᠯᠠᠵᠤ᠂ | ᠰᠢᠨ᠎ᠡ ᠶᠢ ᠡᠭᠦᠳᠭᠦ ᠠᠵᠤ ᠠᠬᠤᠶᠢᠯᠠᠯ ᠦᠯᠡᠮᠵᠢ ᠤᠯᠠᠨ ᠴᠣᠯᠭᠤᠷᠠᠨ ᠭᠠᠷᠪᠠ᠃ | ᠠᠵᠤ ᠦᠢᠯᠡᠰ ᠤᠨ ᠳᠤᠮᠳᠠ ᠳᠡᠭᠡᠳᠦ ᠲᠡᠰ ᠲᠤ ᠳᠠᠪᠰᠢᠭᠦ ᠶᠢ ᠠᠬᠢᠭᠤᠯᠪᠠ᠃ ᠦᠢᠯᠡᠳᠭᠦ ᠦᠢᠯᠡᠰ ᠢ | ᠪᠣᠳᠠᠲᠤ ᠴᠣᠭᠴᠠ ᠶᠢᠨ ᠠᠵᠤ ᠠᠬᠤᠢ ᠶᠢ ᠬᠥᠭᠵᠢᠭᠦᠯᠬᠦ ᠶᠢᠨ ᠭᠤᠣᠯᠳᠠᠯᠭ᠎ᠠ ᠪᠤᠯᠭᠠᠵᠤ᠂ ᠠᠵᠤ ᠦᠢᠯᠡᠳᠪᠦᠷᠢ ᠶᠢᠨ | ᠠᠵᠤ ᠠᠬᠤᠢ ᠶᠢᠨ ᠲᠣᠭᠲᠠᠭᠤᠨ ᠠᠵᠢᠯᠯᠠᠭᠠᠨ ᠢ ᠠᠬᠢᠭᠤᠯᠵᠤ᠂ ᠦᠢᠯᠡᠳᠭᠦ ᠦᠢᠯᠡᠰ ᠤᠨ ᠬᠤᠪᠢ ᠶᠢᠨ ᠵᠢᠩ ᠢ | ᠦᠨᠳᠦᠰᠦᠨ ᠳᠡᠭᠡᠨ ᠲᠣᠭᠲᠠᠭᠤᠨ ᠪᠠᠶᠢᠯᠭᠠᠪᠠ᠃ ᠣᠷᠴᠢᠨ ᠠᠬᠤᠢ ᠶᠢᠨ ᠬᠠᠮᠠᠭᠠᠯᠠᠯᠲᠠ᠂ ᠶᠠᠰᠤ ᠴᠢᠨᠠᠷ᠂ ᠠᠮᠤᠷ | ᠲᠦᠪᠰᠢᠨ ᠵᠡᠷᠭᠡ ᠲᠠᠯ᠎ᠠ ᠪᠠᠷ ᠬᠢ ᠬᠠᠤᠯᠢ ᠲᠣᠭᠲᠠᠭᠠᠯ ᠤᠨ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ | ᠬᠤᠴᠤᠷᠤᠩᠭᠤᠢ ᠦᠢᠯᠡᠳᠪᠦᠷᠢᠯᠡᠯ ᠤᠨ ᠴᠢᠳᠠᠪᠤᠷᠢ ᠶᠢ ᠰᠢᠭᠰᠢᠭᠳᠡᠭᠦᠯᠪᠡ᠃ ᠭᠤᠣᠯᠳᠠᠯᠭ᠎ᠠ ᠲᠠᠢ ᠠᠵᠤ ᠦᠢᠯᠡᠰ ᠤᠨ | ᠬᠡᠯᠬᠢᠶ᠎ᠡ ᠶᠢ ᠴᠢᠩᠭᠠᠳᠬᠠᠵᠤ ᠬᠡᠯᠬᠢᠶ᠎ᠡ ᠶᠢ ᠨᠥᠬᠦᠪᠦᠷᠢᠯᠡᠬᠦ ᠠᠵᠢᠯᠯᠠᠭ᠎ᠠ ᠥᠷᠨᠢᠭᠦᠯᠪᠡ᠃ ᠠᠵᠤ ᠦᠢᠯᠡᠰ ᠤᠨ ᠰᠠᠭᠤᠷᠢ | ᠶᠢ ᠲᠠᠭᠢᠨ ᠴᠣᠭᠴᠠᠯᠠᠬᠤ ᠨᠢᠭᠡ ᠪᠦᠯᠦᠭ ᠢᠨᠵᠧᠨᠧᠷᠢᠩ ᠢ ᠡᠬᠢᠯᠡᠭᠦᠯᠪᠡ᠃ ᠠᠵᠤ ᠠᠬᠤᠶᠢᠯᠠᠯ ᠤᠨ | ᠲᠥᠬᠦᠭᠡᠷᠦᠮᠵᠢ ᠪᠠᠨ ᠰᠢᠨᠡᠳᠬᠡᠬᠦ ᠪᠠ ᠮᠡᠷᠭᠡᠵᠢᠯ ᠤᠨ ᠥᠭᠡᠷᠡᠴᠢᠯᠡᠯᠲᠡ ᠪᠠᠨ ᠲᠦᠷᠭᠡᠳᠬᠡᠬᠦ ᠶᠢ ᠵᠣᠷᠢᠭᠵᠢᠭᠤᠯᠵᠤ᠂ | ᠲᠣᠭᠲᠠᠮᠠᠯ ᠡᠳ᠋ ᠬᠥᠷᠥᠩᠭᠡ ᠶᠢᠨ ᠡᠯᠡᠭᠳᠡᠯ ᠢ ᠪᠤᠳᠤᠬᠤ ᠬᠤᠭᠤᠴᠠᠭ᠎ᠠ ᠶᠢ ᠪᠣᠭᠤᠨᠢᠰᠬᠠᠬᠤ ᠬᠠᠷᠠᠭᠠᠯᠵᠠᠯ ᠤᠨ ᠲᠦᠷᠦ | ᠶᠢᠨ ᠪᠣᠳᠣᠯᠭ᠎ᠠ ᠶᠢ ᠬᠡᠷᠡᠭᠵᠢᠭᠦᠯᠬᠦ ᠬᠡᠪᠴᠢᠶ᠎ᠡ ᠶᠢ ᠪᠦᠭᠦ ᠦᠢᠯᠡᠳᠭᠦ ᠦᠢᠯᠡᠰ ᠲᠤ ᠭᠦᠷᠳᠡᠯ᠎ᠡ ᠥᠷᠭᠡᠳᠬᠡᠪᠡ᠃ | ᠳᠡᠭᠡᠳᠦ ᠲᠡᠰ ᠤᠨ ᠲᠣᠨᠣᠭᠯᠠᠯ᠂ ᠠᠮᠢᠳᠤ ᠪᠣᠳᠠᠰ ᠤᠨ ᠡᠮ ᠡᠮᠨᠡᠯᠭᠡ᠂ ᠭᠡᠷᠡᠯ ᠡᠯᠧᠺᠲᠷᠣᠨ ᠤ ᠮᠡᠳᠡᠭᠡ ᠵᠠᠩᠭᠢ᠂ | ᠰᠢᠨ᠎ᠡ ᠡᠨᠧᠷᠭᠢ ᠶᠢᠨ ᠰᠤᠷᠪᠤᠯᠵᠢ ᠶᠢᠨ ᠮᠠᠰᠢᠨ ᠲᠡᠷᠭᠡ᠂ ᠭᠡᠷᠡᠯ ᠴᠠᠭᠢᠯᠭᠠᠨ᠂ ᠰᠠᠯᠬᠢᠨ ᠴᠠᠭᠢᠯᠭᠠᠨ ᠵᠡᠷᠭᠡ ᠰᠢᠨ᠎ᠡ ᠪᠠᠷ | ᠬᠥᠭᠵᠢᠭᠰᠡᠨ ᠠᠵᠤ ᠦᠢᠯᠡᠰ ᠤᠨ ᠲᠦᠷᠭᠡᠯᠡᠨ ᠭᠦᠭᠵᠢᠭᠦ ᠶᠢ ᠠᠬᠢᠭᠤᠯᠪᠠ᠃ ᠳ᠋ᠢᠵᠢᠲ᠋ᠠᠯ ᠠᠵᠤ ᠠᠬᠤᠢ ᠪᠣᠯᠣᠨ | ᠪᠣᠳᠠᠲᠤ ᠴᠣᠭᠴᠠ ᠶᠢᠨ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠪᠠ᠃ ᠰᠦᠯᠵᠢᠶᠡᠨ ᠤ ᠬᠤᠷᠳᠤᠴᠠ | ᠶᠢ ᠳᠡᠭᠡᠭᠰᠢᠯᠡᠭᠦᠯᠦᠨ ᠰᠦᠢᠳᠬᠡᠯ ᠢ ᠪᠠᠭᠤᠷᠠᠭᠤᠯᠬᠤ ᠶᠢ ᠦᠷᠭᠦᠯᠵᠢᠯᠡᠨ ᠠᠬᠢᠭᠤᠯᠵᠤ᠂ ︽ᠢᠨᠲ᠋ᠧᠷ ᠰᠦᠯᠵᠢᠶ᠎ᠡ +︾ | ᠶᠢ ᠬᠥᠭᠵᠢᠭᠦᠯᠪᠡ᠃ ᠰᠢᠯᠵᠢᠮᠡᠯ ᠢᠨᠲ᠋ᠧᠷ ᠰᠦᠯᠵᠢᠶ᠎ᠡ ᠬᠡᠷᠡᠭᠯᠡᠬᠦ ᠡᠷᠥᠭᠡ ᠶᠢᠨ ᠲᠤᠭ᠎ᠠ 14.5 ᠳ᠋ᠦᠩᠰᠢᠭᠤᠷ | ᠪᠤᠯᠳᠠᠯ᠎ᠠ ᠨᠡᠮᠡᠭᠳᠡᠪᠡ᠃ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠬᠥᠭᠵᠢᠯᠲᠡ ᠶᠢ ᠳᠠᠮᠵᠢᠵᠤ᠂ ᠥᠢᠯᠡᠳᠭᠦ | ᠦᠢᠯᠡᠰ ᠤᠨ ᠳ᠋ᠢᠵᠢᠲ᠋ᠠᠯᠴᠢᠯᠠᠯᠳᠠ ᠣᠶᠤᠨᠴᠢᠯᠠᠯᠲᠠ ᠶᠢ ᠬᠦᠴᠦᠲᠡᠢ ᠠᠬᠢᠭᠤᠯᠪᠠ᠃ ᠲᠤᠰᠬᠠᠢ ᠨᠠᠷᠢᠯᠢᠭ ᠥᠪᠡᠷᠮᠢᠴᠡ | ᠰᠢᠨ᠎ᠡ ᠳᠤᠮᠳᠠ ᠵᠢᠵᠢᠭ ᠠᠵᠤ ᠠᠬᠤᠶᠢᠯᠠᠯ 7 ᠲᠦᠮᠡ ᠭᠠᠷᠤᠢ ᠪᠣᠯᠪᠠ᠃ ᠲᠠᠪᠴᠠᠩ ᠤᠨ ᠠᠵᠤ ᠠᠬᠤᠢ ᠶᠢᠨ ᠡᠷᠡᠭᠦᠯ | ᠢᠶᠠᠷ ᠦᠷᠭᠦᠯᠵᠢᠯᠡᠨ ᠭᠦᠭᠵᠢᠭᠦ ᠶᠢ ᠠᠬᠢᠭᠤᠯᠵᠤ᠂ ᠠᠵᠢᠯ ᠣᠯᠭᠤᠬᠤ ᠠᠳᠠᠯ ᠦᠢᠯᠡᠰ ᠴᠣᠭᠴᠠᠯᠠᠬᠤ ᠶᠢ ᠳᠠᠶᠢᠴᠢᠯᠠᠬᠤ | ᠂ ᠬᠡᠷᠡᠭᠯᠡᠭᠡᠨ ᠤ ᠵᠠᠬ᠎ᠠ ᠳᠡᠯᠭᠡᠭᠦᠷ ᠢ ᠥᠷᠭᠡᠳᠬᠡᠬᠦ᠂ ᠦᠢᠯᠡᠳᠪᠦᠷᠢᠯᠡᠯ ᠤᠨ ᠵᠠᠭᠪᠤᠷ ᠤᠨ ᠰᠢᠨ᠎ᠡ ᠶᠢ ᠡᠭᠦᠳᠭᠦ ᠵᠡᠷᠭᠡ | ᠦᠢᠯᠡᠳᠦᠯ ᠢ ᠨᠢ ᠪᠠᠳᠠᠷᠠᠭᠤᠯᠪᠠ᠃ ᠰᠤᠳᠤᠯᠤᠨ ᠨᠡᠭᠡᠭᠡᠵᠦ ᠵᠢᠷᠤᠵᠤ ᠲᠥᠯᠥᠪᠯᠡᠬᠦ᠂ ᠤᠳᠤ ᠦᠶ᠎ᠡ ᠶᠢᠨ ᠡᠳ᠋ ᠪᠠᠷᠠᠭᠠᠨ | ᠤ ᠭᠦᠢᠯᠭᠡᠭᠡ᠂ ᠪᠠᠶᠢᠴᠠᠭᠠᠨ ᠰᠢᠯᠭᠠᠬᠤ ᠪᠠᠶᠢᠴᠠᠭᠠᠨ ᠭᠡᠮᠵᠢᠭᠦ ᠭᠡᠷᠡᠴᠢᠯᠡᠭᠡ ᠬᠢᠬᠦ ᠵᠡᠷᠭᠡ ᠦᠢᠯᠡᠳᠪᠦᠷᠢᠯᠡᠯ ᠤᠨ | ᠴᠢᠨᠠᠷᠲᠠᠢ ᠦᠢᠯᠡᠴᠢᠯᠡᠭᠡᠨ ᠤ ᠦᠢᠯᠡᠰ ᠢ ᠬᠥᠭᠵᠢᠭᠦᠯᠪᠡ᠃ ᠶᠠᠰᠤ ᠴᠢᠨᠠᠷ ᠤᠨ ᠪᠦᠭᠦ ᠲᠠᠯ᠎ᠠ ᠶᠢᠨ ᠬᠠᠮᠢᠶᠠᠷᠤᠯᠲᠠ ᠪᠠ | ᠶᠠᠰᠤ ᠴᠢᠨᠠᠷ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠪᠠ᠃ ᠳᠤᠮᠳᠠᠳᠤ | ᠤᠯᠤᠰ ᠤᠨ ᠦᠢᠯᠡᠳᠭᠦ ᠦᠢᠯᠡᠰ ᠤᠨ ᠶᠠᠰᠤ ᠴᠢᠨᠠᠷ ᠪᠣᠯᠣᠨ ᠥᠷᠢᠰᠦᠯᠳᠦᠬᠦ ᠬᠦᠴᠦᠨ ᠢ ᠲᠠᠰᠤᠷᠠᠯᠲᠠ ᠦᠭᠡᠢ | ᠳᠡᠭᠡᠭᠰᠢᠯᠡᠭᠦᠯᠪᠡ᠃ | ︵ᠲᠠᠪᠤ︶ ᠤᠯᠤᠰ ᠤᠨ ᠳᠣᠲᠣᠭᠠᠳᠤ ᠶᠢᠨ ᠪᠦᠲᠦᠮᠵᠢᠲᠡᠶ ᠬᠡᠷᠡᠭᠴᠡᠭᠡ ᠶᠢ ᠥᠷᠭᠡᠳᠬᠡᠵᠦ᠂ ᠣᠷᠣᠨ ᠪᠦᠰᠡ | ᠶᠢᠨ ᠵᠣᠬᠢᠴᠠᠩᠭᠤᠢ ᠬᠥᠭᠵᠢᠯᠲᠡ ᠪᠠ ᠰᠢᠨ᠎ᠡ ᠭᠡᠯᠪᠡᠷᠢ ᠶᠢᠨ ᠬᠤᠳᠠ ᠪᠠᠯᠭᠠᠰᠤᠵᠢᠯᠲᠠ ᠶᠢ ᠠᠬᠢᠭᠤᠯᠪᠠ᠃ ᠰᠢᠨ᠎ᠡ | ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠲᠠᠢ ᠤᠶᠠᠯᠳᠤᠭᠤᠯᠤᠨ᠂ ᠭᠡᠲᠦ ᠶᠡᠭᠡ ᠬᠡᠪᠴᠢᠶᠡᠨ ᠤ ᠵᠠᠬ᠎ᠠ ᠳᠡᠯᠭᠡᠭᠦᠷ | ᠤᠨ ᠳᠠᠪᠠᠭᠤᠯᠢᠭ ᠲᠤ ᠰᠠᠭᠤᠷᠢᠯᠠᠵᠤ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠣᠳᠣᠯᠭ᠎ᠠ ᠶᠢ | ᠬᠡᠷᠡᠭᠵᠢᠭᠦᠯᠬᠦ ᠶᠢ ᠪᠠᠷᠢᠮᠲᠠᠯᠠᠵᠤ᠂ ᠠᠵᠤ ᠠᠬᠤᠢ ᠶᠢᠨ ᠨᠡᠮᠡᠭᠳᠡᠯ ᠤᠨ ᠬᠥᠳᠡᠯᠭᠡᠭᠴᠢ ᠬᠦᠴᠦᠨ ᠤ ᠡᠬᠢ ᠰᠤᠷᠪᠤᠯᠵᠢ ᠶᠢ | ᠨᠡᠩ ᠤᠯᠠᠨ ᠪᠣᠶᠢᠵᠢᠭᠤᠯᠪᠠ᠃ | ᠬᠡᠷᠡᠭᠯᠡᠭᠡ ᠪᠠ ᠪᠦᠲᠦᠮᠵᠢᠲᠡᠶ ᠪᠡᠯᠡ ᠣᠷᠣᠭᠤᠯᠤᠯᠲᠠ ᠶᠢ ᠬᠦᠴᠦᠯᠡᠨ ᠥᠷᠭᠡᠳᠬᠡᠪᠡ᠃ ᠬᠢᠵᠢᠭ ᠡᠭᠦᠰᠭᠦ ᠠᠴᠠ | ᠡᠮᠦᠨ᠎ᠡ᠂ ᠬᠡᠷᠡᠭᠯᠡᠭᠡ ᠨᠢ ᠨᠢᠭᠡᠨᠲᠡ ᠮᠠᠨ ᠤ ᠤᠯᠤᠰ ᠤᠨ ᠠᠵᠤ ᠠᠬᠤᠢ ᠶᠢᠨ ᠨᠡᠮᠡᠭᠳᠡᠯ ᠤᠨ ᠭᠤᠣᠯ ᠳᠠᠶᠢᠴᠢᠯᠠᠬᠤ | ᠬᠦᠴᠦᠨ ᠪᠣᠯᠵᠠᠢ᠃ ᠬᠡᠷᠡᠭᠴᠡᠭᠡ ᠬᠦᠷᠦᠯᠴᠡᠬᠦ ᠦᠭᠡᠢ ᠴᠢᠨᠠᠭᠰᠢᠯᠠᠪᠠᠯ ᠪᠠᠭᠠᠰᠤᠭᠰᠠᠨ ᠪᠠᠶᠢᠳᠠᠯ ᠳᠤ ᠬᠠᠨᠳᠤᠭᠤᠯᠤᠨ᠂ | ᠪᠢᠳᠡ ᠬᠡᠷᠡᠭᠯᠡᠭᠡ ᠶᠢ ᠠᠯᠢ ᠲᠦᠷᠭᠡᠨ ᠢᠶᠠᠷ ᠰᠡᠷᠭᠦᠭᠡᠬᠦ ᠶᠢ ᠠᠬᠢᠭᠤᠯᠪᠠ᠃ ᠰᠠᠭᠤᠭᠠᠯᠢ ᠠᠷᠠᠳ ᠤᠨ ᠣᠷᠣᠯᠭ᠎ᠠ ᠶᠢᠨ | ᠨᠡᠮᠡᠭᠳᠡᠯ ᠢ ᠤᠯᠠᠨ ᠠᠷᠭ᠎ᠠ ᠵᠠᠮ ᠢᠶᠠᠷ ᠠᠬᠢᠭᠤᠯᠵᠤ᠂ ᠳᠤᠮᠳᠠ ᠳᠣᠣᠷ᠎ᠠ ᠣᠷᠣᠯᠭ᠎ᠠ ᠲᠠᠢ ᠬᠠᠮᠲᠤᠯᠢᠭ ᠤᠨ ᠣᠷᠣᠯᠭ᠎ᠠ | ᠶᠢ ᠳᠡᠭᠡᠭᠰᠢᠯᠡᠭᠦᠯᠪᠡ᠃ ᠮᠠᠰᠢᠨ ᠲᠡᠷᠭᠡ᠂ ᠭᠡᠷ ᠤᠨ ᠴᠠᠭᠢᠯᠭᠠᠨ ᠬᠡᠷᠡᠭᠰᠡᠯ ᠵᠡᠷᠭᠡ ᠪᠥᠭᠡᠮ ᠬᠡᠷᠡᠭᠯᠡᠭᠡ ᠶᠢ ᠳᠠᠮᠵᠢᠵᠤ᠂ | ᠮᠠᠰᠢᠨ ᠲᠡᠷᠭᠡᠨ ᠤ ᠬᠠᠳᠠᠭᠠᠯᠠᠯᠲᠠ ᠶᠢᠨ ᠬᠡᠮᠵᠢᠶ᠎ᠡ 3 ᠳ᠋ᠦᠩᠰᠢᠭᠤᠷ ᠢ ᠳᠠᠪᠠᠵᠤ᠂ 46.7% ᠪᠠᠷ ᠨᠡᠮᠡᠭᠳᠡᠪᠡ᠃ | ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠬᠡᠷᠡᠭᠯᠡᠭᠡ ᠶᠢ ᠭᠦᠨᠵᠡᠭᠡᠢ ᠠᠭᠤᠰᠤᠯᠴᠠᠭᠤᠯᠬᠤ ᠶᠢ ᠠᠬᠢᠭᠤᠯᠵᠤ᠂ | ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠭᠦ ᠲᠤᠭ᠎ᠠ ᠳᠤ ᠡᠵᠡᠯᠡᠭᠦ ᠪᠣᠳᠠᠲᠤ ᠲᠠᠸᠠᠷ | ᠤᠨ ᠰᠦᠯᠵᠢᠶᠡᠨ ᠳᠡᠭᠡᠷ᠎ᠡ ᠵᠢᠵᠢᠭᠯᠡᠨ ᠬᠤᠳᠠᠯᠳᠤᠭᠰᠠᠨ ᠲᠤᠭ᠎ᠠ ᠶᠢᠨ ᠬᠤᠪᠢ ᠶᠢᠨ ᠵᠢᠩ 15.8% ᠪᠠᠶᠢᠭᠰᠠᠨ | ᠠᠴᠠ ᠪᠠᠨ 27.2% ᠪᠤᠯᠳᠡᠯ᠎ᠠ ᠳᠡᠭᠡᠭᠰᠢᠯᠡᠪᠡ᠃ ᠬᠤᠲᠠ ᠶᠢᠨ ᠨᠡᠶᠢᠭᠡᠮ ᠲᠣᠭᠤᠷᠢᠭ ᠤᠨ ᠠᠷᠠᠳ ᠲᠤ ᠳᠥᠭᠦᠮ | ᠦᠵᠡᠭᠦᠯᠭᠦ ᠬᠤᠳᠠᠯᠳᠤᠭ᠎ᠠ ᠶᠢ ᠬᠥᠭᠵᠢᠭᠦᠯᠵᠦ᠂ ᠬᠥᠳᠡᠭᠡ ᠲᠣᠰᠬᠤᠨ ᠤ ᠲᠦᠷᠭᠡᠨ ᠬᠦᠷᠭᠡᠯᠲᠡ ᠶᠢᠨ ᠡᠳ᠋ ᠪᠠᠷᠠᠭᠠᠨ | ᠤ ᠭᠦᠢᠯᠭᠡᠭᠡ ᠶᠢᠨ ᠲᠣᠬᠢᠷᠠᠭᠤᠯᠤᠨ ᠭᠦᠷᠭᠡᠭᠦ ᠰᠢᠰᠲ᠋ᠧᠮ ᠢ ᠲᠡᠭᠦᠯᠳᠡᠷᠵᠢᠭᠦᠯᠪᠡ᠃ ᠵᠢᠭᠤᠯᠴᠢᠯᠠᠯ ᠤᠨ ᠦᠢᠯᠡᠰ ᠢ | ᠬᠠᠪᠰᠤᠷᠤᠨ ᠲᠡᠳᠬᠦᠵᠦ ᠬᠥᠭᠵᠢᠭᠦᠯᠪᠡ᠃ ᠳᠤᠲᠠᠭᠤᠳᠠᠯ ᠢ ᠨᠥᠬᠦᠪᠦᠷᠢᠯᠡᠬᠦ᠂ ᠪᠦᠲᠦᠴᠡ ᠶᠢ ᠲᠣᠬᠢᠷᠠᠭᠤᠯᠬᠤ᠂ | ᠰᠡᠯᠭᠦᠭᠦ ᠬᠦᠴᠦᠨ ᠢ ᠨᠡᠮᠡᠭᠳᠡᠭᠦᠯᠬᠦ ᠲᠠᠢ ᠤᠶᠠᠯᠳᠤᠭᠤᠯᠤᠨ ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠪᠡ᠃ | ᠪᠡᠯᠡ ᠤᠷᠤᠭᠤᠯᠤᠯᠳᠠ ᠪᠡᠯᠡ ᠲᠣᠬᠢᠷᠠᠭᠤᠯᠭ᠎ᠠ ᠶᠢᠨ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠴᠦ᠂ ᠲᠥᠰᠥᠪ | ᠤᠨ ᠳᠣᠲᠣᠷᠠᠬᠢ ᠪᠡᠯᠡ ᠣᠷᠣᠭᠤᠯᠤᠯᠲᠠ ᠶᠢᠨ ᠬᠥᠲᠥᠯᠥᠨ ᠵᠢᠯᠣᠭᠤᠳᠤᠭᠰᠠᠨ ᠪᠠ ᠬᠥᠰᠢᠨ ᠬᠥᠳᠡᠯᠭᠡᠭᠰᠡᠨ ᠨᠡᠶᠢᠭᠡᠮ | ᠤᠨ ᠪᠡᠯᠡ ᠤᠷᠤᠭᠤᠯᠤᠯᠳᠠ ᠳᠠᠭᠢᠨ ᠢᠶᠠᠷ ᠨᠡᠮᠡᠭᠳᠡᠵᠦ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ | ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠲᠤᠭ᠎ᠠ ᠬᠡᠮᠵᠢᠶ᠎ᠡ ᠶᠢ ᠨᠡᠮᠡᠭᠳᠡᠭᠦᠯᠵᠦ᠂ ᠵᠠᠮ ᠬᠠᠷᠢᠯᠴᠠᠭ᠎ᠠ᠂ ᠤᠰᠤᠨ | ᠠᠰᠢᠭᠯᠠᠯᠲᠠ᠂ ᠡᠨᠧᠷᠭᠢ ᠶᠢᠨ ᠰᠤᠷᠪᠤᠯᠵᠢ᠂ ᠮᠡᠳᠡᠭᠡ ᠵᠠᠩᠭᠢ ᠵᠡᠷᠭᠡ ᠰᠠᠭᠤᠷᠢ ᠲᠥᠬᠦᠭᠡᠷᠦᠮᠵᠢ ᠪᠣᠯᠣᠨ ᠠᠷᠠᠳ ᠤᠨ | ᠠᠮᠢᠳᠤᠷᠠᠯ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠳᠡᠮᠵᠢᠵᠥ᠂ ᠨᠡᠶᠢᠭᠡᠮ ᠤᠨ | ᠬᠥᠷᠥᠩᠭᠡ ᠶᠢᠨ ᠪᠦᠲᠦᠭᠡᠨ ᠪᠠᠶᠢᠭᠤᠯᠤᠯᠲᠠ ᠡᠵᠡᠩᠨᠡᠯᠲᠡ ᠳᠤ ᠣᠷᠤᠯᠴᠠᠬᠤ ᠶᠢ ᠵᠣᠷᠢᠭᠵᠢᠭᠤᠯᠤᠨ᠂ ᠠᠷᠠᠳ ᠤᠨ ᠪᠡᠯᠡ | ᠣᠷᠣᠭᠤᠯᠤᠯᠲᠠ ᠶᠢᠨ ᠢᠳᠡᠪᠬᠢᠵᠢᠯ ᠢ ᠳᠠᠶᠢᠴᠢᠯᠠᠪᠡ᠃ | ᠣᠷᠣᠨ ᠪᠦᠰᠡ ᠶᠢᠨ ᠬᠥᠭᠵᠢᠯᠲᠡ ᠶᠢᠨ ᠲᠡᠩᠴᠡᠭᠦᠷᠢᠲᠦ ᠴᠢᠨᠠᠷ ᠪᠠ ᠵᠣᠬᠢᠴᠠᠯᠳᠤ ᠴᠢᠨᠠᠷ ᠢ ᠴᠢᠩᠭᠠᠳᠬᠠᠪᠠ᠃ | ᠪᠠᠷᠠᠭᠤᠨ ᠬᠡᠰᠡᠭ ᠤᠨ ᠭᠠᠵᠠᠷ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ᠂ ᠵᠡᠭᠦᠨ ᠬᠤᠶᠢᠲᠤ ᠣᠷᠣᠨ ᠢ ᠪᠦᠭᠦ | ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂ ᠳᠤᠮᠳᠠ ᠬᠡᠰᠡᠭ ᠤᠨ ᠭᠠᠵᠠᠷ ᠣᠷᠣᠨ ᠢ ᠮᠠᠨᠳᠤᠭᠤᠯᠤᠨ ᠬᠥᠭᠵᠢᠭᠦᠯᠬᠦ᠂ | ᠵᠡᠭᠦᠨ ᠬᠡᠰᠡᠭ ᠤᠨ ᠭᠠᠵᠠᠷ ᠣᠷᠣᠨ ᠢ ᠤᠷᠢᠳ ᠢᠶᠠᠷ ᠬᠥᠭᠵᠢᠭᠦᠯᠬᠦ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ | ᠳᠤᠮᠳᠠ ᠬᠡᠰᠡᠭ ᠪᠠ ᠪᠠᠷᠠᠭᠤᠨ ᠬᠡᠰᠡᠭ ᠤᠨ ᠭᠠᠵᠠᠷ ᠣᠷᠣᠨ ᠤ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠵᠡᠭᠦᠨ | ᠬᠡᠰᠡᠭ ᠤᠨ ᠭᠠᠵᠠᠷ ᠣᠷᠣᠨ ᠠᠴᠠ ᠶᠡᠷᠦᠩᠬᠡᠢ ᠳᠡᠭᠡᠨ ᠥᠨᠳᠥᠷ ᠪᠣᠯᠪᠠ᠃ ᠬᠤᠪᠢᠰᠬᠠᠯ ᠤᠨ ᠬᠠᠭᠤᠴᠢᠨ ᠰᠠᠭᠤᠷᠢᠨ | ᠭᠠᠵᠠᠷ᠂ ᠦᠨᠳᠦᠰᠦᠲᠡᠨ ᠤ ᠭᠠᠵᠠᠷ ᠣᠷᠣᠨ᠂ ᠬᠢᠯᠢ ᠬᠢᠵᠠᠭᠠᠷ ᠣᠷᠣᠨ ᠢ ᠳᠡᠮᠵᠢᠭᠦ ᠡᠷᠴᠢᠮ ᠢᠶᠠᠨ ᠴᠢᠩᠭᠠᠷᠠᠭᠤᠯᠵᠤ᠂ | ᠲᠥᠪ ᠤᠨ ᠡᠳ᠋ ᠤᠨ ᠵᠠᠰᠠᠭ ᠠᠴᠠ ᠬᠤᠯᠪᠣᠭᠳᠠᠯ ᠪᠦᠬᠦᠢ ᠭᠠᠵᠠᠷ ᠣᠷᠣᠨ ᠳᠤ ᠰᠢᠯᠵᠢᠭᠦᠯᠦᠨ ᠥᠭᠬᠦ ᠪᠡᠯᠡ ᠮᠥᠩᠭᠦ | ᠶᠢ ᠲᠠᠪᠤᠨ ᠵᠢᠯ ᠤᠨ ᠡᠮᠦᠨᠡᠬᠢ ᠠᠴᠠ 66.8% ᠪᠠᠷ ᠨᠡᠮᠡᠭᠳᠡᠭᠦᠯᠪᠡ᠃ ᠪᠡᠭᠡᠵᠢᠩ ᠲᠢᠶᠠᠨᠵᠢᠨ ᠾᠧᠪᠧᠢ ᠶᠢᠨ | ᠬᠠᠮᠵᠢᠯᠴᠠᠭᠰᠠᠨ ᠬᠥᠭᠵᠢᠯᠲᠡ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ᠂ ᠬᠥᠬᠡᠮᠥ᠋ᠷᠡᠨ ᠤ | ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢ ᠠᠬᠢᠭᠤᠯᠵᠤ᠂ ᠬᠠᠳᠤᠨ ᠭᠤᠣᠯ ᠤᠨ ᠰᠠᠪᠠ | ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ᠃ ᠰᠢᠶᠦ᠋ᠩ ᠠᠨ | ᠰᠢᠨ᠎ᠡ ᠲᠣᠭᠤᠷᠢᠭ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠪᠠ᠃ ᠳᠠᠯᠠᠢ ᠲᠠᠩᠭᠢᠰ ᠤᠨ | ᠠᠵᠤ ᠠᠬᠤᠢ ᠶᠢ ᠬᠥᠭᠵᠢᠭᠦᠯᠪᠡ᠃ ᠠᠵᠤ ᠠᠬᠤᠢ ᠨᠢ ᠬᠦᠴᠢᠷᠳᠡᠯ ᠲᠠᠢ ᠭᠠᠵᠠᠷ ᠣᠷᠣᠨ ᠤ ᠬᠥᠭᠵᠢᠯᠲᠡ ᠶᠢ | ᠳᠠᠮᠵᠢᠵᠤ᠂ ᠡᠬᠢ ᠪᠠᠶᠠᠯᠢᠭ ᠤᠨ ᠭᠡᠯᠪᠡᠷᠢ ᠶᠢᠨ ᠭᠠᠵᠠᠷ ᠣᠷᠣᠨ ᠤ ᠭᠡᠯᠪᠡᠷᠢ ᠪᠠᠨ ᠬᠤᠪᠢᠷᠠᠭᠤᠯᠤᠨ ᠭᠦᠭᠵᠢᠭᠦ ᠶᠢ | ᠠᠬᠢᠭᠤᠯᠵᠤ᠂ ᠨᠥᠬᠦᠴᠡᠯ ᠲᠠᠢ ᠭᠠᠵᠠᠷ ᠣᠷᠣᠨ ᠤ ᠳᠠᠶᠢᠴᠢᠯᠠᠬᠤ ᠦᠢᠯᠡᠳᠦᠯ ᠢᠶᠠᠨ ᠨᠠᠩ ᠶᠡᠭᠡ ᠪᠠᠳᠠᠷᠠᠭᠤᠯᠬᠤ ᠶᠢ | ᠵᠣᠷᠢᠭᠵᠢᠭᠤᠯᠵᠤ᠂ ᠨᠠᠩ ᠣᠯᠠᠨ ᠰᠢᠨ᠎ᠡ ᠨᠡᠮᠡᠭᠳᠡᠯ ᠤᠨ ᠲᠤᠶᠢᠯ ᠨᠡᠮᠡᠭᠳᠡᠯ ᠤᠨ ᠪᠦᠰᠡ ᠶᠢ ᠪᠤᠶ ᠪᠤᠯᠭᠠᠬᠤ ᠶᠢ | ᠠᠬᠢᠭᠤᠯᠪᠠ᠃ | ᠬᠥᠮᠥᠨ ᠢᠶᠠᠷ ᠭᠤᠣᠯ ᠪᠤᠯᠭᠠᠬᠰᠠᠨ ᠰᠢᠨ᠎ᠡ ᠭᠡᠯᠪᠡᠷᠢ ᠶᠢᠨ ᠬᠤᠳᠠ ᠪᠠᠯᠭᠠᠰᠤᠵᠢᠯᠲᠠ ᠶᠢ ᠦᠷᠭᠦᠯᠵᠢᠯᠡᠨ | ᠠᠬᠢᠭᠤᠯᠪᠠ᠃ ᠮᠠᠨ ᠤ ᠤᠯᠤᠰ ᠮᠥᠨ ᠬᠦ ᠬᠤᠲᠠ ᠪᠠᠯᠭᠠᠰᠤᠵᠢᠯᠲᠠ ᠶᠢᠨ ᠶᠠᠪᠤᠴᠠ ᠳᠤ ᠣᠷᠣᠰᠢᠵᠤ᠂ ᠵᠢᠯ ᠪᠦᠷᠢ | ᠬᠥᠳᠡᠭᠡ ᠲᠣᠰᠬᠤᠨ ᠤ ᠮᠢᠩᠭ᠎ᠠ ᠭᠠᠷᠤᠢ ᠲᠦᠮᠡᠨ ᠬᠥᠮᠥᠨ ᠠᠮᠠ ᠬᠤᠲᠠ ᠪᠠᠯᠭᠠᠰᠤ ᠳᠤ ᠰᠢᠯᠵᠢᠵᠦ ᠪᠠᠶᠢᠨ᠎ᠠ᠃ | ᠬᠤᠲᠠ ᠢᠯᠠᠩᠭᠤᠶ᠎ᠠ ᠰᠢᠶᠠᠨ ᠤ ᠬᠤᠲᠠ ᠶᠢᠨ ᠴᠢᠳᠠᠮᠵᠢ ᠶᠢ ᠲᠡᠭᠦᠯᠳᠡᠷᠵᠢᠭᠦᠯᠵᠦ᠂ ᠶᠡᠷᠦᠩᠬᠡᠶᠢᠯᠡᠭᠰᠡᠨ ᠳᠠᠭᠠᠭᠠᠬᠤ | ᠴᠢᠳᠠᠪᠤᠷᠢ ᠶᠢ ᠨᠢ ᠨᠡᠮᠡᠭᠳᠡᠭᠦᠯᠪᠡ᠃ ᠬᠤᠲᠠ ᠪᠠᠯᠭᠠᠰᠤᠨ ᠳᠤ ᠡᠷᠦᠭᠡ ᠠᠮᠠ ᠣᠷᠣᠭᠤᠯᠬᠤ ᠬᠢᠵᠠᠭᠠᠷᠯᠠᠯ ᠢ ᠲᠥᠷᠥᠯ | ᠬᠤᠪᠢᠶᠠᠨ ᠠᠭᠤᠵᠢᠭᠤ ᠲᠠᠯᠪᠢᠭᠰᠠᠨ ᠪᠤᠶᠤ ᠬᠦᠴᠦᠨ ᠦᠭᠡᠢ ᠪᠤᠯᠭᠠᠵᠤ᠂ ᠠᠷᠪᠠᠨ ᠵᠢᠯ ᠳᠤ ᠬᠥᠳᠡᠭᠡ ᠳᠤᠰᠬᠤᠨ ᠤ | 1.4 ᠳ᠋ᠦᠡᠭᠰᠢᠭᠤᠷ ᠬᠥᠮᠥᠨ ᠠᠮᠠ ᠬᠤᠳᠠ ᠪᠠᠯᠭᠠᠰᠤᠨ ᠳᠤ ᠡᠷᠦᠭᠡ ᠠᠮᠠ ᠪᠠᠨ ᠣᠷᠣᠭᠤᠯᠪᠠ᠃ ᠬᠤᠳᠠ ᠶᠢᠨ | ᠪᠥᠭᠡᠭᠡᠨᠡᠷᠡᠯ ᠪᠠ ᠶᠡᠭᠡ ᠬᠤᠳᠠ ᠶᠢᠨ ᠴᠠᠭᠠᠷᠢᠭ ᠢ ᠡᠮᠬᠢ ᠵᠢᠷᠤᠮ ᠲᠠᠢ ᠪᠠᠷ ᠬᠥᠭᠵᠢᠭᠦᠯᠵᠦ᠂ ᠲᠣᠮᠣ ᠳᠤᠮᠳᠠ ᠵᠢᠵᠢᠭ | ᠬᠤᠳᠠ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠪᠠ᠃ ᠴᠧᠩᠳᠦ ᠴᠦᠩᠴᠢᠩ ᠣᠷᠣᠨ ᠤ ᠬᠤᠣᠰ ᠬᠤᠲᠠ ᠶᠢᠨ | ᠠᠵᠤ ᠠᠬᠤᠢ ᠶᠢᠨ ᠬᠦᠷᠢᠶ᠎ᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠪᠠ᠃ ᠭᠡᠷ ᠪᠠᠶᠢᠰᠢᠩ ᠢ ᠰᠠᠭᠤᠬᠤ ᠶᠢᠨ | ᠲᠥᠯᠥᠭᠡ ᠪᠠᠷᠢᠭᠰᠠᠨ ᠠᠴᠠ ᠪᠢᠰᠢ ᠰᠠᠷᠢᠯᠭᠠᠬᠤ ᠶᠢᠨ ᠲᠥᠯᠥᠭᠡ ᠪᠠᠷᠢᠭᠰᠠᠨ ᠪᠢᠰᠢ ᠭᠡᠬᠦ ᠪᠠᠶᠢᠷᠢ ᠲᠣᠭᠲᠠᠭᠠᠯᠲᠠ ᠶᠢ | ᠪᠠᠷᠢᠮᠲᠠᠯᠠᠨ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠤᠷᠲᠤ ᠬᠤᠭᠤᠴᠠᠭᠠᠨ ᠤ ᠪᠦᠲᠦᠮᠵᠢᠲᠡᠶ | ᠲᠣᠭᠲᠠᠴᠠ ᠶᠢ ᠪᠠᠶᠢᠭᠤᠯᠤᠨ ᠬᠡᠷᠡᠭᠵᠢᠭᠦᠯᠵᠦ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠬᠠᠩᠭᠠᠯᠭ᠎ᠠ ᠶᠢ | ᠥᠷᠭᠡᠳᠬᠡᠵᠦ᠂ ᠤᠷᠲᠤ ᠬᠤᠭᠤᠴᠠᠭᠠᠨ ᠤ ᠲᠦᠷᠢᠶᠡᠰᠦᠨ ᠣᠷᠣᠨ ᠰᠠᠭᠤᠴᠠ ᠶᠢᠨ ᠵᠠᠬ᠎ᠠ ᠳᠡᠯᠭᠡᠭᠦᠷ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ᠭᠠᠵᠠᠷ ᠰᠢᠷᠣᠢ ᠶᠢᠨ ᠦᠨ᠎ᠡ᠂ ᠭᠡᠷ ᠪᠠᠶᠢᠰᠢᠩ ᠤᠨ ᠦᠨ᠎ᠡ ᠪᠠ ᠵᠢᠱᠢᠯᠲᠡ ᠶᠢ | ᠲᠣᠭᠲᠠᠭᠤᠨ ᠪᠠᠶᠢᠯᠭᠠᠵᠤ᠂ ᠬᠤᠲᠠ ᠶᠢᠨ ᠪᠠᠶᠢᠳᠠᠯ ᠳᠤᠨᠢ ᠲᠣᠬᠢᠷᠠᠭᠤᠯᠤᠨ ᠠᠷᠭ᠎ᠠ ᠪᠣᠳᠣᠯᠭ᠎ᠠ ᠠᠪᠴᠤ ᠭᠡᠷ ᠪᠠᠶᠢᠰᠢᠩ | ᠭᠠᠵᠠᠷ ᠰᠢᠷᠣᠢ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠡᠷᠡᠭᠦᠯ ᠬᠥᠭᠵᠢᠯᠲᠡ ᠶᠢ ᠠᠬᠢᠭᠤᠯᠪᠠ᠃ ᠬᠤᠲᠠ ᠶᠢᠨ | ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠲᠡᠮᠦᠷ ᠵᠠᠮᠲᠤ ᠵᠠᠮ ᠬᠠᠷᠢᠯᠴᠠᠭᠠᠨ ᠤ | ᠡᠵᠡᠩᠨᠡᠯᠲᠡ ᠶᠢᠨ ᠵᠠᠮ ᠤᠨ ᠤᠷᠳᠤ 4500 ᠭᠠᠷᠤᠢ ᠺᠢᠯᠣᠮᠧᠲᠷ ᠪᠠᠶᠢᠭᠰᠠᠨ ᠠᠴᠠ ᠪᠠᠨ ᠨᠡᠮᠡᠭᠳᠡᠭᠡᠳ ᠲᠦᠮᠡ | ᠰᠢᠬᠠᠮ ᠺᠢᠯᠣᠮᠧᠲᠷ ᠲᠤ ᠬᠦᠷᠴᠦ᠂ ᠤᠰᠤ ᠵᠠᠯᠠᠬᠤ ᠬᠤᠭᠤᠯᠠᠢ 63 ᠲᠦᠮᠡᠨ ᠺᠢᠯᠣᠮᠧᠲᠷ ᠪᠠᠶᠢᠭᠰᠠᠨ ᠠᠴᠠ ᠪᠠᠨ | ᠨᠡᠮᠡᠭᠳᠡᠭᠡᠳ 89 ᠲᠦᠮᠡᠨ ᠺᠢᠯᠣᠮᠧᠲᠷ ᠪᠣᠯᠪᠠ᠃ ᠬᠤᠲᠠ ᠪᠠᠯᠭᠠᠰᠤᠨ ᠤ 16.7 ᠲᠦᠮᠡᠨ ᠬᠠᠭᠤᠴᠢᠨ ᠰᠠᠭᠤᠭᠠᠯᠢ | ᠲᠣᠭᠤᠷᠢᠭ ᠢ ᠥᠭᠡᠷᠡᠴᠢᠯᠡᠨ ᠪᠠᠶᠢᠭᠤᠯᠵᠤ᠂ 2900 ᠭᠠᠷᠤᠢ ᠲᠦᠮᠡᠨ ᠭᠡᠷ ᠪᠦᠯᠢ ᠳᠤ ᠠᠰᠢᠭ ᠬᠦᠷᠲᠡᠭᠡᠪᠡ᠃ | ︵ᠵᠢᠷᠭᠤᠭ᠎ᠠ︶ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠶᠡᠭᠡ ᠪᠠᠷ ᠬᠡᠷᠡᠭᠵᠢᠭᠦᠯᠪᠡ᠃ ᠲᠠᠷᠢᠶᠠᠯᠠᠩ ᠢ | ᠬᠦᠴᠦᠷᠬᠡᠭᠵᠢᠭᠦᠯᠦᠨ ᠲᠠᠷᠢᠶᠠᠴᠢᠳ ᠲᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ | ᠲᠠᠷᠢᠶᠠᠯᠠᠩ ᠤᠨ ᠦᠢᠯᠡᠳᠪᠦᠷᠢᠯᠡᠯ ᠢ ᠦᠷᠭᠦᠯᠵᠢᠯᠡᠨ ᠴᠢᠩᠭ᠎ᠠ ᠠᠳᠬᠤᠨ ᠰᠠᠶᠢᠲᠤᠷ ᠠᠳᠬᠤᠵᠤ᠂ ᠲᠠᠷᠢᠶᠠᠯᠠᠩ | ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠯᠡᠨ ᠠᠬᠢᠭᠤᠯᠪᠠ᠃ | ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠪᠡ᠃ ᠠᠮᠤ ᠪᠤᠳᠠᠭ᠎ᠠ | ᠲᠠᠷᠢᠬᠤ ᠲᠠᠯᠠᠪᠠᠢ ᠶᠢ ᠲᠣᠭᠲᠠᠭᠤᠨ ᠪᠠᠶᠢᠯᠭᠠᠬᠤ ᠪᠠ ᠥᠷᠭᠡᠳᠬᠡᠵᠦ᠂ ᠰᠢᠷ᠎ᠠ ᠪᠤᠷᠴᠠᠭ ᠪᠠ ᠲᠣᠰᠣᠯᠢᠭ ᠲᠠᠷᠢᠮᠠᠯ | ᠲᠠᠷᠢᠬᠤ ᠶᠢ ᠥᠷᠭᠡᠳᠬᠡᠵᠦ᠂ ᠦᠢᠯᠡᠳᠪᠦᠷᠢᠯᠡᠯ ᠤᠨ ᠪᠦᠲᠦᠴᠡ ᠶᠢᠨ ᠪᠠᠶᠢᠷᠢᠰᠢᠯ ᠢ ᠰᠢᠯᠢᠳᠡᠭᠵᠢᠭᠦᠯᠵᠦ᠂ ᠲᠠᠯᠠᠪᠠᠢ | ᠨᠢᠭᠡᠴᠢ ᠶᠢᠨ ᠤᠨᠠᠯᠲᠠ ᠪᠠ ᠶᠠᠰᠤ ᠴᠢᠨᠠᠷ ᠢ ᠳᠡᠭᠡᠭᠰᠢᠯᠡᠭᠦᠯᠪᠡ᠃ ᠠᠮᠤ ᠪᠤᠳᠠᠭᠠᠨ ᠤ ᠦᠢᠯᠡᠳᠪᠦᠷᠢᠯᠡᠯ ᠢ ᠳᠡᠮᠵᠢᠭᠦ | ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠠᠮᠤ ᠪᠤᠳᠠᠭ᠎ᠠ ᠲᠠᠷᠢᠬᠤ ᠲᠠᠷᠢᠶᠠᠴᠢᠳ ᠲᠤ ᠥᠭᠬᠦ ᠨᠥᠬᠦᠪᠦᠷᠢ ᠶᠢ | ᠲᠣᠭᠲᠠᠪᠤᠷᠢᠵᠢᠭᠤᠯᠵᠤ᠂ ᠲᠤᠲᠤᠷᠭ᠎ᠠ᠂ ᠪᠤᠭᠤᠳᠠᠢ ᠬᠤᠳᠠᠯᠳᠤᠨ ᠠᠪᠬᠤ ᠨᠠᠭᠠᠲᠤ ᠵᠠᠬ᠎ᠠ ᠶᠢᠨ ᠦᠨ᠎ᠡ ᠶᠢ ᠵᠦᠢ | ᠵᠣᠬᠢᠰᠲᠠᠢ ᠲᠣᠭᠲᠠᠭᠠᠵᠤ᠂ ᠠᠮᠤ ᠪᠤᠳᠠᠭᠠᠨ ᠤ ᠭᠠᠷᠤᠯᠲᠠ ᠶᠡᠬᠡᠲᠡᠢ ᠰᠢᠶᠠᠨ ᠢ ᠱᠠᠩᠨᠠᠨ ᠭᠦᠭᠢᠭᠦᠯᠭᠦ ᠡᠷᠴᠢᠮ ᠢᠶᠠᠨ | ᠴᠢᠩᠭᠠᠷᠠᠭᠤᠯᠵᠤ᠂ ᠲᠦᠷᠦ ᠶᠢᠨ ᠪᠣᠳᠣᠯᠭ᠎ᠠ ᠶᠢᠨ ᠴᠢᠨᠠᠷᠲᠠᠢ ᠲᠠᠷᠢᠶᠠᠯᠠᠩ ᠤᠨ ᠳᠠᠭᠠᠳᠬᠠᠯ ᠤᠨ ᠳᠦᠷᠢᠮ ᠢ | ᠪᠦᠷᠢᠨᠰᠢᠭᠦᠯᠪᠡ᠃ ᠲᠠᠷᠢᠶᠠᠨ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠵᠤ᠂ ᠬᠠᠷ᠎ᠠ ᠬᠥᠷᠥᠰᠥᠲᠦ ᠭᠠᠵᠠᠷ ᠰᠢᠷᠣᠢ | ᠶᠢ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠵᠦ᠂ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢ | ᠲᠡᠭᠦᠯᠳᠡᠷᠵᠢᠭᠦᠯᠵᠦ᠂ 4.56 ᠳ᠋ᠦᠩᠰᠢᠭᠤᠷ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ | ᠪᠠᠶᠢᠭᠤᠯᠪᠠ᠃ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠠᠵᠤ ᠦᠢᠯᠡᠰ ᠤᠨ ᠪᠦᠰᠡ ᠶᠢᠨ ᠪᠦᠲᠦᠭᠡᠨ | ᠪᠠᠶᠢᠭᠤᠯᠤᠯᠲᠠ ᠶᠢ ᠠᠬᠢᠭᠤᠯᠪᠠ᠃ ᠦᠷ᠎ᠡ ᠶᠢᠨ ᠦᠢᠯᠡᠰ᠂ ᠲᠠᠷᠢᠶᠠᠯᠠᠩ ᠤᠨ ᠮᠠᠰᠢᠨ ᠵᠡᠷᠭᠡ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠭᠦ ᠪᠠ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠵᠦ᠂ ᠲᠠᠷᠢᠮᠠᠯ ᠤᠨ | ᠬᠠᠭᠠᠯᠪᠤᠷᠢᠯᠠᠬᠤ ᠲᠠᠷᠢᠬᠤ ᠬᠤᠷᠢᠶᠠᠬᠤ ᠠᠵᠢᠯ ᠤᠨ ᠶᠡᠷᠦᠩᠬᠡᠶᠢᠯᠡᠭᠰᠡᠨ ᠮᠧᠬᠠᠨᠢᠭᠵᠢᠯᠲᠠ ᠶᠢᠨ ᠨᠤᠷᠮ᠎ᠠ 67% | ᠪᠠᠶᠢᠭᠰᠠᠨ ᠠᠴᠠ ᠪᠠᠨ ᠳᠡᠭᠡᠭᠰᠢᠯᠡᠭᠡᠳ 73% ᠪᠣᠯᠪᠠ᠃ ᠠᠮᠤ ᠪᠤᠳᠠᠭᠠᠨ ᠤ ᠠᠮᠤᠷ ᠲᠦᠪᠰᠢᠨ ᠳᠤ ᠨᠠᠮ ᠵᠠᠰᠠᠭ | ᠠᠳᠠᠯᠢ ᠬᠠᠷᠢᠭᠤᠴᠠᠯᠭ᠎ᠠ ᠡᠭᠦᠷᠭᠡᠯᠡᠬᠦ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠮᠤ ᠪᠤᠳᠠᠭ᠎ᠠ ᠪᠠ ᠴᠢᠬᠤᠯᠠ | ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢ ᠲᠣᠭᠲᠠᠪᠤᠷᠢᠵᠢᠭᠤᠯᠵᠤ ᠬᠠᠩᠭᠠᠯᠭ᠎ᠠ ᠶᠢ ᠪᠠᠲᠤᠯᠠᠬᠤ ᠶᠢ | ᠴᠢᠩᠭᠠᠳᠬᠠᠪᠠ᠂ ᠢᠮᠠᠭᠲᠠ ᠴᠥᠬᠦᠷᠡᠰᠢ ᠦᠭᠡᠢ ᠪᠠᠷ 14 ᠳ᠋ᠥᠡᠭᠰᠢᠭᠤᠷ ᠭᠠᠷᠤᠢ ᠳᠤᠮᠳᠠᠳᠤ ᠤᠯᠤᠰ ᠤᠨ ᠬᠥᠮᠥᠨ ᠤ | ᠬᠤᠭᠤᠯᠠ ᠬᠦᠨᠡᠰᠦ ᠪᠠᠨ ᠥᠪᠡᠷ ᠤᠨ ᠬᠦᠴᠦᠨ ᠳᠡᠭᠡᠨ ᠪᠠᠲᠤ ᠲᠦᠰᠢᠭᠯᠡᠨ ᠰᠢᠢᠳᠪᠦᠷᠢᠯᠡᠬᠦ ᠶᠢ ᠪᠠᠲᠤᠯᠠᠪᠠ᠃ | ᠬᠥᠳᠡᠭᠡ ᠲᠣᠰᠬᠤᠨ ᠤ ᠥᠭᠡᠷᠡᠴᠢᠯᠡᠯᠲᠡ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠪᠠ᠃ ᠬᠥᠳᠡᠭᠡ | ᠲᠣᠰᠬᠤᠨ ᠤ ᠦᠨᠳᠦᠰᠦᠨ ᠡᠵᠡᠩᠨᠡᠯᠲᠡ ᠶᠢᠨ ᠳᠦᠷᠢᠮ ᠢ ᠪᠠᠬᠢᠵᠢᠭᠦᠯᠦᠨ ᠲᠡᠭᠦᠯᠳᠡᠷᠵᠢᠭᠦᠯᠵᠦ᠂ ᠳᠠᠭᠠᠭᠠᠴᠢᠯᠠᠯᠲᠠ | ᠶᠢᠨ ᠭᠠᠵᠠᠷ ᠤᠨ ᠡᠷᠬᠡ ᠶᠢ ᠨᠤᠲᠠᠯᠠᠨ ᠲᠣᠭᠲᠠᠭᠠᠵᠤ ᠳᠠᠩᠰᠠᠯᠠᠨ ᠦᠨᠡᠮᠯᠡᠯ ᠣᠯᠭᠤᠬᠤ ᠪᠠ ᠬᠥᠳᠡᠭᠡ ᠲᠣᠰᠬᠤᠨ ᠤ | ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢᠨ ᠱᠠᠲᠤ ᠥᠶᠡᠴᠢ ᠴᠢᠨᠠᠷᠲᠠᠢ ᠡᠭᠦᠷᠭᠡ | ᠶᠢ ᠪᠡᠶᠡᠯᠡᠭᠦᠯᠵᠦ᠂ ᠣᠯᠠᠨ ᠵᠦᠢᠯ ᠤᠨ ᠭᠡᠯᠪᠡᠷᠢ ᠶᠢᠨ ᠲᠣᠬᠢᠷᠠᠮᠵᠢᠲᠠᠢ ᠬᠡᠪᠴᠢᠶᠡᠲᠦ ᠡᠵᠡᠩᠨᠡᠯᠲᠡ ᠶᠢ ᠯᠠᠪᠳᠠᠭᠤᠨ ᠢᠶᠠᠷ | ᠠᠬᠢᠭᠤᠯᠵᠤ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ ᠪᠠ ᠲᠠᠷᠢᠶᠠᠴᠢᠳ ᠤᠨ ᠬᠤᠷᠰᠢᠶ᠎ᠠ ᠶᠢᠨ ᠬᠥᠭᠵᠢᠯᠲᠡ ᠶᠢ | ᠰᠠᠶᠢᠲᠤᠷ ᠠᠳᠬᠤᠵᠤ᠂ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡ ᠶᠢ ᠲᠦᠷᠭᠡᠯᠡᠨ ᠬᠥᠭᠵᠢᠭᠦᠯᠪᠡ᠃ | ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠡᠬᠢᠯᠡᠭᠦᠯᠵᠦ᠂ ᠬᠥᠳᠡᠭᠡ ᠲᠣᠰᠬᠤᠨ ᠤ | ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠦᠷᠭᠦᠯᠵᠢᠯᠡᠨ ᠴᠡᠭᠴᠡᠯᠡᠨ ᠵᠠᠰᠠᠵᠤ᠂ ᠤᠰᠤ ᠴᠠᠭᠢᠯᠭᠠᠨ ᠵᠠᠮ ᠬᠡᠢ | ᠮᠡᠳᠡᠭᠡ ᠵᠠᠩᠭᠢ ᠰᠢᠤᠳᠠᠨ ᠬᠤᠯᠪᠤᠭ᠎ᠠ ᠵᠡᠷᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠵᠤ᠂ ᠨᠥᠬᠦᠴᠡᠯ ᠳᠤ ᠨᠡᠶᠢᠴᠡᠭᠦ ᠰᠢᠶᠠᠩ ᠪᠠᠯᠭᠠᠰᠤ ᠪᠣᠯᠣᠨ ᠪᠠᠶᠢᠭᠤᠯᠤᠯᠲᠤ ᠲᠣᠰᠬᠤᠨ ᠳᠤ | ᠬᠠᠲᠠᠭᠤᠷᠠᠭᠤᠯᠤᠭᠰᠠᠨ ᠵᠠᠮ᠂ ᠠᠶᠠᠨᠴᠢᠳ ᠤᠨ ᠮᠠᠰᠢᠨ ᠲᠡᠷᠭᠡ ᠨᠡᠪᠲᠡᠷᠡᠭᠦᠯᠬᠦ ᠶᠢ ᠪᠡᠶᠡᠯᠡᠭᠦᠯᠵᠦ᠂ ᠬᠥᠳᠡᠭᠡ ᠲᠣᠰᠬᠤᠨ | ᠤ ᠲᠦᠭᠡᠭᠡᠯ ᠤᠰᠤ ᠶᠢ ᠲᠦᠭᠡᠮᠡᠯᠵᠢᠭᠦᠯᠦᠭᠰᠡᠨ ᠨᠤᠷᠮ᠎ᠠ 80% ᠪᠠᠶᠢᠭᠰᠠᠨ ᠠᠴᠠ ᠪᠠᠨ ᠳᠡᠭᠡᠭᠰᠢᠯᠡᠭᠡᠳ 87% | ᠪᠣᠯᠵᠤ᠂ ᠤᠯᠠᠨ ᠵᠢᠯ ᠳᠤ ᠬᠥᠳᠡᠭᠡ ᠲᠣᠰᠬᠤᠨ ᠤ ᠨᠡᠶᠢᠳᠠ 2400 ᠭᠠᠷᠤᠢ ᠲᠦᠮᠡᠨ ᠡᠷᠦᠭᠡ ᠶᠢᠨ ᠨᠤᠷᠠᠬᠤ | ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠪᠠ᠃ ᠬᠠᠩᠭᠠᠨ ᠪᠣᠷᠣᠯᠠᠭᠤᠯᠬᠤ ᠬᠤᠷᠰᠢᠶ᠎ᠠ᠂ ᠬᠠᠮᠲᠤ ᠶᠢᠨ ᠣᠢ | ᠰᠢᠭᠤᠢ ᠶᠢᠨ ᠡᠷᠬᠡ᠂ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠵᠡᠷᠭᠡ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠪᠡ᠃ ᠣᠨᠴᠠᠯᠢᠭᠲᠤ ᠡᠬᠢ ᠪᠠᠶᠠᠯᠢᠭ ᠲᠤ ᠰᠠᠭᠤᠷᠢᠯᠠᠨ ᠬᠥᠳᠡᠭᠡ ᠲᠣᠰᠬᠤᠨ ᠤ ᠠᠵᠤ ᠦᠢᠯᠡᠰ ᠢ | ᠬᠥᠭᠵᠢᠭᠦᠯᠵᠦ᠂ ᠲᠠᠷᠢᠶᠠᠴᠢᠳ ᠤᠨ ᠠᠵᠢᠯ ᠣᠯᠵᠤ ᠠᠳᠠᠯ ᠦᠢᠯᠡᠰ ᠴᠣᠭᠴᠠᠯᠠᠵᠤ ᠣᠷᠣᠯᠭ᠎ᠠ ᠪᠠᠨ ᠨᠡᠮᠡᠭᠳᠡᠭᠦᠯᠬᠦ ᠶᠢ | ᠠᠬᠢᠭᠤᠯᠪᠠ᠃ ᠬᠥᠯᠥᠰᠦᠨ ᠠᠵᠢᠯᠴᠢᠨ ᠤ ᠣᠯᠬᠤ ᠶᠣᠰᠣᠲᠠᠢ ᠬᠥᠯᠥᠰᠦ ᠣᠯᠭᠤᠮᠵᠢ ᠪᠠᠨ ᠴᠠᠭ ᠲᠤᠬᠠᠢ ᠳᠤᠨᠢ | ᠣᠯᠬᠤ ᠶᠢ ᠪᠠᠲᠤᠯᠠᠬᠤ ᠶᠢᠨ ᠲᠥᠯᠥᠭᠡ᠂ ᠬᠥᠯᠥᠰᠦᠨ ᠠᠵᠢᠯᠴᠢᠨ ᠤ ᠴᠠᠯᠢᠩ ᠢ ᠥᠷᠢᠲᠦᠵᠦ ᠬᠤᠶᠢᠰᠢᠯᠠᠭᠤᠯᠬᠤ ᠶᠢ | ᠵᠠᠰᠠᠬᠤ ᠠᠵᠢᠯ ᠢ ᠦᠷᠭᠦᠯᠵᠢᠯᠡᠨ ᠴᠢᠩᠭᠠᠳᠬᠠᠵᠤ᠂ ᠬᠥᠯᠥᠰᠦᠨ ᠠᠵᠢᠯᠴᠢᠨ ᠤ ᠴᠠᠯᠢᠩ ᠢ ᠥᠭᠬᠦ ᠶᠢ ᠪᠠᠲᠤᠯᠠᠬᠤ | ᠳᠦᠷᠢᠮ ᠢ ᠨᠡᠶᠢᠲᠡᠯᠡᠨ ᠬᠡᠷᠡᠭᠵᠢᠭᠦᠯᠵᠦ᠂ ᠮᠠᠭᠤ ᠰᠠᠨᠠᠭ᠎ᠠ ᠲᠠᠢ ᠪᠠᠷ ᠥᠷᠢᠲᠦᠵᠦ ᠬᠤᠶᠢᠰᠢᠯᠠᠭᠤᠯᠬᠤ ᠦᠢᠯᠡ | ᠠᠵᠢᠯᠯᠠᠭ᠎ᠠ ᠳᠤ ᠴᠢᠩᠭ᠎ᠠ ᠴᠣᠬᠢᠯᠲᠠ ᠥᠭᠪᠡ᠃ | ︵ᠲᠤᠯᠤᠭ᠎ᠠ︶ ᠭᠠᠳᠠᠭᠰᠢ ᠨᠡᠭᠡᠭᠡᠯᠲᠡ ᠬᠢᠬᠦ ᠶᠢ ᠡᠷᠡᠰ ᠭᠤᠶᠢᠪᠢᠰᠢ ᠦᠭᠡᠢ ᠥᠷᠭᠡᠳᠬᠡᠵᠦ᠂ ᠬᠠᠷᠢᠯᠴᠠᠨ | ᠠᠰᠢᠭ ᠣᠯᠭᠤᠵᠤ ᠬᠠᠮᠲᠤ ᠪᠠᠷ ᠲᠤᠰᠠ ᠭᠦᠷᠳᠡᠭᠦ ᠤᠯᠠᠨ ᠤᠯᠤᠰ ᠤᠨ ᠠᠵᠤ ᠠᠬᠤᠢ ᠠᠷᠠᠯᠵᠢᠶᠠᠨ ᠤ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠪᠡ᠃ ᠭᠠᠳᠠᠭᠠᠳᠤ ᠣᠷᠴᠢᠨ ᠨᠥᠬᠦᠴᠡᠯ ᠤᠨ ᠬᠤᠪᠢᠷᠠᠯᠲᠠ ᠶᠢᠨ ᠡᠮᠦᠨ᠎ᠡ᠂ | ᠪᠢᠳᠡ ᠨᠡᠩ ᠢᠳᠡᠪᠬᠢᠲᠡᠢ ᠪᠥᠭᠡᠳ ᠰᠠᠨᠠᠭᠠᠴᠢᠯᠠᠭ᠎ᠠ ᠲᠠᠢ ᠨᠡᠭᠡᠭᠡᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ | ᠂ ᠥᠨᠳᠥᠷ ᠲᠦᠪᠰᠢᠨ ᠤ ᠨᠡᠭᠡᠭᠡᠯᠲᠡ ᠪᠠᠷ ᠥᠭᠡᠷᠡᠴᠢᠯᠡᠯᠲᠡ ᠬᠥᠭᠵᠢᠯᠲᠡ ᠶᠢ ᠨᠡᠩ ᠬᠦᠴᠦᠲᠡᠢ ᠠᠬᠢᠭᠤᠯᠪᠠ᠃ | ᠭᠠᠳᠠᠭᠠᠳᠤ ᠤᠷᠤᠭᠤᠯᠤᠯᠳᠠ ᠪᠠ ᠭᠠᠳᠠᠭᠠᠳᠤ ᠭᠠᠷᠭᠠᠯᠲᠠ ᠶᠢ ᠲᠣᠭᠲᠠᠭᠤᠨ ᠪᠠᠶᠢᠯᠭᠠᠬᠤ ᠶᠢᠨ ᠵᠡᠷᠭᠡ ᠳᠤ | ᠴᠢᠨᠠᠷ ᠢ ᠨᠢ ᠳᠡᠭᠡᠭᠰᠢᠯᠡᠭᠦᠯᠭᠦ ᠶᠢ ᠠᠬᠢᠭᠤᠯᠪᠠ᠃ ᠭᠠᠳᠠᠭᠠᠳᠤ ᠭᠠᠷᠭᠠᠯᠲᠠ ᠶᠢᠨ ᠭᠠᠶᠢᠯᠢ ᠶᠢᠨ ᠪᠤᠴᠠᠭᠠᠯᠲᠠ᠂ | ᠢᠲᠡᠭᠡᠮᠵᠢᠲᠦ ᠳᠠᠭᠠᠳᠬᠠᠯ᠂ ᠢᠲᠡᠭᠡᠮᠵᠢᠲᠦ ᠵᠢᠭᠡᠯᠡᠯᠭᠡ ᠵᠡᠷᠭᠡ ᠲᠦᠷᠦ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ | ᠢ ᠴᠢᠩᠭᠠᠷᠠᠭᠤᠯᠵᠤ᠂ ᠠᠵᠤ ᠠᠬᠤᠶᠢᠯᠠᠯ ᠤᠨ ᠭᠠᠳᠠᠭᠠᠳᠤ ᠭᠠᠷᠭᠠᠯᠲᠠ ᠶᠢᠨ ᠭᠠᠶᠢᠯᠢ ᠶᠢᠨ ᠪᠤᠴᠠᠭᠠᠯᠲᠠ ᠶᠢ | ᠭᠦᠢᠴᠡᠳᠬᠡᠬᠦ ᠴᠠᠭ ᠢ ᠪᠣᠭᠤᠨᠢᠰᠬᠠᠭᠠᠳ 6 ᠠᠵᠢᠯ ᠤᠨ ᠡᠳᠦᠷ ᠢᠶᠠᠷ ᠬᠢᠵᠠᠭᠠᠷᠯᠠᠪᠠ᠃ ᠭᠠᠳᠠᠭᠠᠳᠤ ᠭᠤᠪᠢᠭᠤᠯᠭ᠎ᠠ | ᠶᠢᠨ ᠦᠢᠯᠡᠴᠢᠯᠡᠭᠡ ᠶᠢ ᠰᠢᠯᠢᠳᠡᠭᠵᠢᠭᠦᠯᠪᠡ᠃ ᠭᠠᠳᠠᠭᠠᠳᠤ ᠠᠷᠠᠯᠵᠢᠶᠠᠨ ᠤ ᠰᠢᠨ᠎ᠡ ᠡᠵᠡᠩᠨᠡᠯᠲᠡ ᠶᠢᠨ ᠭᠡᠯᠪᠡᠷᠢ ᠪᠠᠶᠢᠳᠠᠯ | ᠢ ᠬᠥᠭᠵᠢᠭᠦᠯᠵᠦ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠲᠤᠷᠰᠢᠯᠲᠠ ᠶᠢᠨ | ᠣᠷᠣᠨ ᠢ 152 ᠰᠢᠨ᠎ᠡ ᠪᠠᠷ ᠪᠠᠶᠢᠭᠤᠯᠵᠤ᠂ ᠨᠢᠭᠡ ᠪᠦᠯᠦᠭ ᠭᠠᠳᠠᠭᠠᠳᠤ ᠳᠠᠬᠢ ᠬᠥᠮᠥᠷᠭᠡ ᠪᠠᠶᠢᠭᠤᠯᠬᠤ ᠶᠢ ᠳᠡᠮᠵᠢᠪᠡ | ᠃ ᠭᠠᠳᠠᠭᠠᠳᠤ ᠣᠷᠣᠭᠤᠯᠤᠯᠲᠠ ᠶᠢᠨ ᠦᠵᠡᠰᠭᠦᠯᠡᠩ᠂ ᠭᠤᠸᠠᠩᠵᠧᠦ ᠶᠢᠨ ᠠᠷᠠᠯᠵᠢᠶᠠᠨ ᠤ ᠴᠤᠭᠯᠠᠭᠠᠨ᠂ | ᠦᠢᠯᠡᠴᠢᠯᠡᠭᠡᠨ ᠤ ᠠᠷᠠᠯᠵᠢᠶᠠᠨ ᠤ ᠴᠤᠭᠯᠠᠭᠠᠨ᠂ ᠬᠡᠷᠡᠭᠯᠡᠭᠡᠨ ᠤ ᠵᠦᠢᠯ ᠤᠨ ᠦᠵᠡᠰᠭᠦᠯᠡᠩ ᠵᠡᠷᠭᠡ ᠴᠢᠬᠤᠯᠠ ᠶᠡᠭᠡ | ᠦᠵᠡᠰᠭᠦᠯᠡᠩ ᠤᠨ ᠦᠢᠯᠡᠳᠦᠯ ᠢ ᠪᠠᠳᠠᠷᠠᠭᠤᠯᠪᠠ᠃ ᠪᠣᠭᠤᠮᠲᠠ ᠪᠠᠷ ᠥᠩᠭᠡᠷᠡᠬᠦ ᠶᠢ ᠳᠥᠲᠡᠴᠢᠯᠡᠬᠦ ᠶᠢ ᠠᠬᠢᠭᠤᠯᠵᠤ᠂ | ᠭᠠᠳᠠᠭᠠᠳᠤ ᠤᠷᠤᠭᠤᠯᠤᠯᠳᠠ ᠪᠠ ᠭᠠᠳᠠᠭᠠᠳᠤ ᠭᠠᠷᠭᠠᠯᠲᠠ ᠶᠢᠨ ᠪᠣᠭᠤᠮᠲᠠ ᠪᠠᠷ ᠥᠩᠭᠡᠷᠡᠬᠦ ᠴᠠᠭ ᠢ ᠲᠤᠰ ᠲᠤᠰ | 67% ᠪᠠ 92% ᠢᠶᠠᠷ ᠪᠣᠭᠤᠨᠢᠰᠬᠠᠵᠤ᠂ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ | ᠭᠤᠭᠴᠤᠭ᠎ᠠ ᠶᠢᠨ ᠲᠣᠭᠲᠠᠭᠠᠯ ᠳᠤ ᠨᠡᠶᠢᠴᠡᠭᠦᠯᠬᠦ ᠥᠪᠡᠷ ᠤᠨ ᠦᠷᠳᠡᠭ ᠢᠯᠡᠳᠲᠡ ᠪᠠᠭᠤᠷᠠᠪᠠ᠃ ᠪᠣᠭᠤᠮᠲᠠ ᠶᠢᠨ | ᠭᠠᠶᠢᠯᠢ ᠶᠢᠨ ᠶᠡᠷᠦᠩᠬᠡᠢ ᠲᠦᠪᠰᠢᠨ 9.8% ᠪᠠᠶᠢᠭᠰᠠᠨ ᠠᠴᠠ ᠪᠠᠨ ᠪᠠᠭᠤᠷᠠᠭᠠᠳ 7.4% ᠪᠣᠯᠪᠠ᠃ | ᠦᠢᠯᠡᠴᠢᠯᠡᠭᠡᠨ ᠤ ᠠᠷᠠᠯᠵᠢᠶ᠎ᠠ ᠶᠢ ᠰᠢᠨ᠎ᠡ ᠶᠢ ᠡᠭᠦᠳᠦᠨ ᠬᠥᠭᠵᠢᠭᠦᠯᠬᠦ ᠲᠤᠷᠰᠢᠯᠲᠠ ᠶᠢ ᠪᠦᠭᠦ ᠲᠠᠯ᠎ᠠ ᠪᠠᠷ | ᠭᠦᠨᠵᠡᠭᠡᠶᠢᠷᠡᠭᠦᠯᠵᠦ᠂ ᠬᠢᠯᠢ ᠠᠯᠤᠰᠯᠠᠭᠰᠠᠨ ᠦᠢᠯᠡᠴᠢᠯᠡᠭᠡᠨ ᠤ ᠠᠷᠠᠯᠵᠢᠶ᠎ᠠ ᠶᠢᠨ ᠨᠠᠵᠠᠭᠠᠢ ᠲᠠᠯ᠎ᠠ ᠶᠢᠨ ᠲᠣᠳᠣᠷᠬᠠᠢ | ᠬᠠᠭᠤᠳᠠᠰᠤ ᠶᠢ ᠬᠡᠷᠡᠭᠵᠢᠭᠦᠯᠪᠡ᠃ ᠭᠠᠳᠠᠭᠠᠳᠤ ᠣᠷᠣᠭᠤᠯᠤᠯᠲᠠ ᠪᠠ ᠭᠠᠳᠠᠭᠠᠳᠤ ᠭᠠᠷᠭᠠᠯᠲᠠ ᠶᠢᠨ ᠲᠣᠭᠲᠠᠭᠤᠨ | ᠨᠡᠮᠡᠭᠳᠡᠯ ᠨᠢ ᠠᠵᠤ ᠠᠬᠤᠢ ᠶᠢᠨ ᠬᠥᠭᠵᠢᠯᠲᠡ ᠶᠢ ᠬᠦᠴᠦᠲᠡᠢ ᠲᠤᠯᠭᠠᠭᠤᠷᠢᠯᠠᠪᠠ᠃ | ᠭᠠᠳᠠᠭᠠᠳᠤ ᠪᠡᠯᠡ ᠶᠢ ᠢᠳᠡᠪᠬᠢᠲᠡᠢ ᠪᠥᠭᠡᠳ ᠪᠦᠲᠦᠮᠵᠢᠲᠡᠶ ᠠᠰᠢᠭᠯᠠᠪᠠ᠃ ᠭᠠᠳᠠᠭᠠᠳᠤ ᠶᠢᠨ | ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢᠨ ᠬᠠᠤᠯᠢ ᠶᠢ ᠬᠡᠷᠡᠭᠵᠢᠭᠦᠯᠬᠦ ᠳᠦᠷᠢᠮ ᠢ ᠨᠡᠶᠢᠲᠡᠯᠡᠵᠦ᠂ ᠭᠠᠳᠠᠭᠠᠳᠤ | ᠶᠢᠨ ᠬᠤᠳᠠᠯᠳᠤᠭᠠᠴᠢᠨ ᠤ ᠪᠡᠯᠡ ᠣᠷᠣᠭᠤᠯᠤᠯᠳᠠ ᠶᠢᠨ ᠣᠷᠴᠢᠨ ᠨᠥᠬᠦᠴᠡᠯ ᠢ ᠲᠠᠰᠤᠷᠠᠯᠳᠠ ᠦᠭᠡᠢ | ᠰᠢᠯᠢᠳᠡᠭᠵᠢᠭᠦᠯᠪᠡ᠃ ᠭᠠᠳᠠᠭᠠᠳᠤ ᠪᠡᠯᠡ ᠶᠢᠨ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠦᠷᠭᠦᠯᠵᠢᠯᠡᠨ | ᠠᠭᠤᠵᠢᠭᠤ ᠲᠠᠯᠪᠢᠵᠤ᠂ ᠪᠦᠭᠦ ᠤᠯᠤᠰ ᠪᠠ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠨᠠᠵᠠᠭᠠᠢ ᠲᠠᠯ᠎ᠠ | ᠶᠢᠨ ᠲᠣᠳᠣᠷᠬᠠᠢ ᠬᠠᠭᠤᠳᠠᠰᠤ ᠶᠢᠨ ᠵᠦᠢᠯ ᠤᠨ ᠲᠤᠭ᠎ᠠ ᠶᠢ ᠲᠣᠰ ᠲᠤᠰ 51% ᠪᠠ 72% ᠢᠶᠠᠷ ᠪᠠᠭᠠᠰᠬᠠᠨ᠂ | ᠥᠢᠯᠡᠳᠭᠦ ᠦᠢᠯᠡᠰ ᠤᠨ ᠬᠦᠷᠢᠶ᠎ᠡ ᠶᠢ ᠦᠨᠳᠦᠰᠦᠨ ᠳᠡᠭᠡᠨ ᠪᠦᠭᠦ ᠲᠠᠯ᠎ᠠ ᠪᠠᠷ ᠴᠢᠯᠦᠭᠡᠲᠡᠢ ᠲᠠᠯᠪᠢᠵᠤ᠂ ᠮᠥᠩᠭᠦᠨ | ᠭᠦᠢᠯᠭᠡᠭᠡ ᠵᠡᠷᠭᠡ ᠦᠢᠯᠡᠴᠢᠯᠡᠭᠡᠨ ᠤ ᠦᠢᠯᠡᠰ ᠤᠨ ᠨᠡᠭᠡᠭᠡᠯᠲᠡ ᠶᠢᠨ ᠲᠦᠪᠰᠢᠨ ᠢ ᠲᠠᠰᠤᠷᠠᠯᠲᠠ ᠦᠭᠡᠢ | ᠳᠡᠭᠡᠭᠰᠢᠯᠡᠭᠦᠯᠪᠡ᠃ ᠨᠢᠭᠡᠨᠲᠡ 21 ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠪᠠᠶᠢᠭᠤᠯᠵᠤ᠂ ᠬᠠᠶᠢᠨᠠᠨ | ᠤ ᠴᠢᠯᠦᠭᠡᠲᠦ ᠠᠷᠠᠯᠵᠢᠶᠠᠨ ᠤ ᠭᠠᠷᠠᠮ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠪᠠ᠃ ᠡᠯ᠎ᠡ | ᠭᠠᠵᠠᠷ ᠣᠷᠣᠨ ᠤ ᠬᠢᠨ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠦᠨ ᠭᠠᠳᠠᠭᠠᠳᠤ ᠪᠡᠯᠡ ᠶᠢ ᠠᠬᠢᠭᠤᠯᠬᠤ | ᠦᠢᠯᠡᠴᠢᠯᠡᠭᠡ ᠪᠠᠨ ᠴᠢᠩᠭᠠᠳᠬᠠᠨ᠂ ᠬᠤᠳᠠᠯᠳᠤᠭᠠᠴᠢᠨ ᠤᠷᠢᠵᠤ ᠪᠡᠯᠡ ᠲᠠᠲᠠᠬᠤ ᠪᠠ ᠲᠥᠰᠥᠯ ᠢ ᠵᠣᠯᠭᠠᠯᠳᠤᠭᠤᠯᠬᠤ | ᠡᠷᠴᠢᠮ ᠢᠶᠠᠨ ᠴᠢᠩᠭᠠᠷᠠᠭᠤᠯᠪᠠ᠃ ᠭᠠᠳᠠᠭᠠᠳᠤ ᠪᠡᠯᠡ ᠶᠢᠨ ᠨᠢᠭᠡ ᠪᠦᠯᠦᠭ ᠲᠣᠮᠣ ᠲᠥᠰᠥᠯ ᠢ ᠨᠠᠶᠢᠳᠠᠪᠤᠷᠢᠵᠢᠭᠤᠯᠵᠤ᠂ | ᠮᠠᠨ ᠤ ᠤᠯᠤᠰ ᠦᠷᠭᠦᠯᠵᠢᠯᠡᠨ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠵᠤ ᠠᠵᠢᠯ ᠦᠢᠯᠡᠰ | ᠬᠥᠭᠵᠢᠭᠦᠯᠬᠦ ᠬᠠᠯᠠᠭᠤᠨ ᠥᠯᠥᠭᠡᠢ ᠪᠣᠯᠪᠠ᠃ | ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠠᠶᠢᠭᠤᠯᠬᠤ ᠶᠢ ᠠᠬᠢᠭᠤᠯᠪᠠ᠃ ᠬᠠᠮᠲᠤ ᠪᠠᠷ | ᠵᠥᠪᠳᠡᠭᠦ ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠭᠦ ᠶᠢ ᠪᠠᠷᠢᠮᠲᠠᠯᠠᠵᠤ᠂ ᠵᠠᠬ᠎ᠠ ᠳᠡᠯᠭᠡᠭᠦᠷ ᠤᠨ ᠵᠠᠷᠴᠢᠮ ᠪᠠ | ᠣᠯᠠᠨ ᠤᠯᠤᠰ ᠤᠨ ᠨᠡᠶᠢᠳᠡᠮ ᠬᠡᠷᠡᠭᠯᠡᠬᠦ ᠳᠦᠷᠢᠮ ᠢ ᠵᠢᠷᠤᠮᠯᠠᠵᠤ᠂ ᠨᠢᠭᠡ ᠪᠦᠯᠦᠭ ᠬᠤᠯᠪᠣᠨ ᠨᠡᠪᠲᠡᠷᠡᠭᠦᠯᠬᠦ ᠪᠠ | ᠦᠢᠯᠡᠳᠪᠦᠷᠢᠯᠡᠬᠦ ᠴᠢᠳᠠᠪᠤᠷᠢ ᠶᠢᠨ ᠬᠠᠮᠲᠤᠷᠠᠯᠴᠠᠭᠠᠨ ᠤ ᠲᠥᠰᠥᠯ ᠢ ᠬᠡᠷᠡᠭᠵᠢᠭᠦᠯᠵᠦ᠂ ᠵᠠᠮ ᠳᠠᠭᠠᠤ ᠶᠢᠨ ᠤᠯᠤᠰ | ᠯᠤᠭ᠎ᠠ ᠶᠢᠨ ᠡᠳ᠋ ᠪᠠᠷᠠᠭᠠᠨ ᠤ ᠭᠠᠳᠠᠭᠠᠳᠤ ᠣᠷᠣᠭᠤᠯᠥᠯᠳᠡ ᠪᠠ ᠭᠠᠳᠠᠭᠠᠳᠤ ᠭᠠᠷᠭᠠᠯᠲᠠ ᠶᠢᠨ ᠲᠤᠭ᠎ᠠ ᠵᠢᠯ ᠳᠤᠮᠳᠠᠴᠢ | ᠪᠠᠷ 13.4% ᠪᠠᠷ ᠨᠡᠮᠡᠭᠳᠡᠵᠦ᠂ ᠡᠯ᠎ᠡ ᠬᠦᠷᠢᠶᠡᠨ ᠤ ᠰᠣᠯᠢᠯᠴᠠᠭ᠎ᠠ ᠬᠠᠮᠲᠤᠷᠠᠯᠴᠠᠭ᠎ᠠ ᠲᠠᠰᠤᠷᠠᠯᠲᠠ ᠦᠭᠡᠢ | ᠭᠦᠨᠵᠡᠭᠡᠶᠢᠷᠡᠪᠡ᠃ ᠪᠠᠷᠠᠭᠤᠨ ᠬᠡᠰᠡᠭ ᠤᠨ ᠭᠠᠵᠠᠷ ᠣᠷᠣᠨ ᠤ ᠳᠠᠯᠠᠢ ᠬᠠᠭᠤᠷᠠᠢ ᠶᠢᠨ ᠰᠢᠨ᠎ᠡ ᠨᠡᠪᠲᠡᠷᠡᠬᠦ ᠵᠠᠮ ᠤᠨ | ᠪᠦᠲᠦᠭᠡᠨ ᠪᠠᠶᠢᠭᠤᠯᠤᠯᠲᠠ ᠶᠢ ᠠᠬᠢᠭᠤᠯᠪᠠ᠃ ᠭᠠᠳᠠᠭᠠᠳᠤ ᠪᠡᠯᠡ ᠣᠷᠣᠭᠤᠯᠥᠯᠳᠡ ᠶᠢᠨ ᠡᠷᠡᠭᠦᠯ ᠪᠥᠭᠡᠳ ᠡᠮᠬᠢ | ᠵᠢᠷᠤᠮ ᠲᠠᠢ ᠭᠦᠭᠵᠢᠭᠦ ᠶᠢ ᠬᠥᠲᠥᠯᠥᠨ ᠵᠢᠯᠤᠭᠤᠳᠴᠤ᠂ ᠬᠢᠯᠢ ᠶᠢᠨ ᠭᠠᠳᠠᠨᠠᠬᠢ ᠠᠶᠤᠯ ᠲᠦᠭᠰᠢᠭᠦᠷᠢ ᠶᠢ ᠰᠡᠷᠭᠡᠶᠢᠯᠡᠨ | ᠡᠵᠡᠮᠳᠡᠬᠦ ᠶᠢ ᠴᠢᠩᠭᠠᠳᠬᠠᠪᠠ᠃ 6 ᠴᠢᠯᠦᠭᠡᠲᠦ ᠠᠷᠠᠯᠵᠢᠶᠠᠨ ᠤ ᠬᠡᠯᠡᠯᠴᠡᠭᠡᠷ ᠢ ᠰᠢᠨ᠎ᠡ ᠪᠠᠷ ᠲᠣᠭᠲᠠᠭᠠᠭᠰᠠᠨ ᠪᠠ ᠲᠡᠰ | ᠢ ᠨᠢ ᠳᠡᠪᠰᠢᠭᠦᠯᠵᠦ᠂ ᠴᠢᠯᠦᠭᠡᠲᠦ ᠠᠷᠠᠯᠵᠢᠶᠠᠨ ᠤ ᠬᠠᠨᠢᠲᠠᠨ ᠯᠤᠭ᠎ᠠ ᠶᠢᠨ ᠡᠳ᠋ ᠪᠠᠷᠠᠭᠠᠨ ᠤ ᠭᠠᠳᠠᠭᠠᠳᠤ | ᠣᠷᠣᠭᠤᠯᠤᠯᠳᠠ ᠪᠠ ᠭᠠᠳᠠᠭᠠᠳᠤ ᠭᠠᠷᠭᠠᠯᠲᠠ ᠶᠢᠨ ᠲᠤᠭ᠎ᠠ ᠶᠢᠨ ᠡᠵᠡᠯᠡᠭᠦ ᠬᠠᠷᠢᠴᠠᠯ 26% ᠪᠠᠶᠢᠭᠰᠠᠨ ᠠᠴᠠ ᠪᠠᠨ | 35% ᠣᠷᠴᠢᠮ ᠪᠤᠯᠳᠡᠯ᠎ᠠ ᠳᠡᠭᠡᠭᠰᠢᠯᠡᠪᠡ᠃ ᠤᠯᠠᠨ ᠲᠠᠯᠠᠲᠤ ᠠᠷᠠᠯᠵᠢᠶᠠᠨ ᠤ ᠪᠠᠶᠢᠭᠤᠯᠤᠯ ᠢ ᠡᠷᠡᠰ ᠪᠠᠲᠤ | ᠬᠠᠮᠠᠭᠠᠯᠠᠵᠤ᠂ ᠠᠷᠠᠯᠵᠢᠶᠠᠨ ᠤ ᠬᠠᠮᠠᠭᠠᠯᠠᠬᠤ ᠦᠵᠡᠯ ᠢ ᠡᠰᠡᠷᠭᠦᠴᠡᠵᠦ᠂ ᠠᠵᠤ ᠠᠬᠤᠢ ᠠᠷᠠᠯᠵᠢᠶᠠᠨ ᠤ ᠥᠷᠥᠯᠳᠥᠭᠡᠨ | ᠢ ᠯᠠᠪᠳᠠᠭᠤᠨ ᠲᠣᠬᠢᠲᠠᠢ ᠠᠷᠭᠠᠴᠠᠵᠤ᠂ ᠠᠷᠠᠯᠵᠢᠶ᠎ᠠ ᠪᠠ ᠪᠡᠯᠡ ᠣᠷᠣᠭᠤᠯᠤᠯᠲᠠ ᠶᠢᠨ ᠴᠢᠯᠦᠭᠡᠵᠢᠯᠲᠡ ᠳᠥᠳᠡᠴᠢᠯᠡᠯᠳᠡ | ᠶᠢ ᠠᠬᠢᠭᠤᠯᠪᠠ᠃ | ︵ᠨᠠᠢᠮᠠ︶ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢ ᠴᠢᠩᠭᠠᠳᠬᠠᠵᠤ᠂ ᠨᠣᠭᠤᠭᠠᠨ | ᠪᠥᠭᠡᠳ ᠨᠡᠭᠦᠷᠡᠰᠦᠲᠥ᠋ᠷᠥᠭᠴᠢ ᠪᠠᠭᠠᠲᠠᠢ ᠬᠥᠭᠵᠢᠯᠲᠡ ᠶᠢ ᠠᠬᠢᠭᠤᠯᠪᠠ᠃ ᠨᠣᠮᠢᠨ ᠤᠰᠤ ᠬᠥᠬᠡᠮᠳᠦᠭ ᠠᠭᠤᠯᠠ ᠪᠣᠯ | ᠠᠯᠲᠡᠠ ᠠᠭᠤᠯᠠ ᠮᠥᠩᠭᠦᠨ ᠬᠠᠶᠢᠷᠬᠠᠨ ᠮᠥᠨ ᠭᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ᠠᠮᠢ ᠠᠬᠤᠢ ᠶᠢᠨ | ᠪᠣᠯᠪᠠᠰᠤᠨ ᠤ ᠳᠦᠷᠢᠮ ᠤᠨ ᠰᠢᠰᠲ᠋ᠧᠮ ᠢ ᠪᠦᠷᠢᠨᠰᠢᠭᠦᠯᠦᠨ᠂ ᠬᠥᠭᠵᠢᠭᠦᠯᠬᠦ ᠪᠠ ᠬᠠᠮᠠᠭᠠᠯᠠᠬᠤ ᠶᠢᠨ ᠬᠠᠷᠢᠴᠠᠭ᠎ᠠ ᠶᠢ | ᠰᠠᠶᠢᠲᠤᠷ ᠰᠢᠢᠳᠪᠦᠷᠢᠯᠡᠵᠦ᠂ ᠦᠷᠭᠦᠯᠵᠢᠯᠡᠬᠦ ᠬᠥᠭᠵᠢᠯᠲᠡ ᠶᠢᠨ ᠴᠢᠳᠠᠪᠤᠷᠢ ᠪᠠᠨ ᠲᠠᠰᠤᠷᠠᠯᠲᠠ ᠦᠭᠡᠢ | ᠳᠡᠭᠡᠭᠰᠢᠯᠡᠭᠦᠯᠪᠡ᠃ | ᠪᠣᠬᠢᠷᠳᠤᠯ ᠢ ᠵᠠᠰᠠᠬᠤ ᠪᠠ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠪᠠ᠃ ᠪᠣᠬᠢᠷᠳᠤᠯ ᠢ | ᠨᠠᠷᠢᠯᠢᠭ ᠣᠨᠣᠴᠠᠲᠠᠢ ᠪᠠᠷ᠂ ᠰᠢᠨᠵᠢᠯᠡᠬᠦ ᠤᠬᠠᠭᠠᠨᠴᠢ ᠪᠠᠷ᠂ ᠬᠠᠤᠯᠢ ᠶᠣᠰᠣᠭᠠᠷ ᠵᠠᠰᠠᠬᠤ ᠶᠢ ᠪᠠᠷᠢᠮᠲᠠᠯᠠᠵᠤ᠂ | ᠪᠣᠬᠢᠷᠳᠤᠯ ᠢ ᠰᠡᠷᠭᠡᠶᠢᠯᠡᠨ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠭᠦᠨᠵᠡᠭᠡᠢ ᠠᠬᠢᠭᠤᠯᠪᠠ᠃ ᠤᠯᠠᠨ | ᠪᠣᠬᠢᠷᠲᠤᠭᠤᠯᠬᠤ ᠪᠣᠳᠠᠰ ᠢ ᠬᠠᠮᠵᠢᠯᠴᠠᠨ ᠵᠠᠰᠠᠬᠤ ᠪᠠ ᠣᠷᠣᠨ ᠪᠦᠰᠡ ᠪᠠᠷ ᠢᠶᠠᠨ ᠬᠠᠮᠲᠤ ᠪᠠᠷ ᠰᠡᠷᠭᠡᠶᠢᠯᠡᠵᠦ ᠬᠠᠮᠲᠤ | ᠪᠠᠷ ᠬᠢᠵᠠᠭᠠᠷᠯᠠᠬᠤ ᠶᠢ ᠴᠢᠬᠤᠯᠠᠴᠢᠯᠠᠵᠤ᠂ ᠲᠤᠰᠬᠠᠢ ᠣᠷᠣᠨ ᠤ ᠳᠡᠰ ᠵᠢᠴᠢ ᠲᠡᠭᠦᠨ ᠠᠴᠠ ᠳᠡᠭᠡᠭᠰᠢᠬᠢ ᠬᠤᠳᠠ ᠶᠢᠨ | ᠠᠭᠠᠷ ᠤᠨ ᠶᠠᠰᠤ ᠴᠢᠨᠠᠷ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ 86.5% ᠳᠤ ᠬᠦᠷᠴᠦ᠂ 4 | ᠵᠠᠭᠤᠨ ᠤ ᠨᠢᠭᠡᠴᠢ ᠪᠠᠷ ᠳᠡᠭᠡᠭᠰᠢᠯᠡᠪᠡ᠃ ᠲᠤᠰᠬᠠᠢ ᠣᠷᠣᠨ ᠤ ᠲᠠᠰ ᠵᠢᠴᠢ ᠲᠡᠭᠦᠨ ᠠᠴᠠ ᠳᠡᠭᠡᠭᠰᠢᠬᠢ ᠬᠤᠲᠠ ᠶᠢᠨ | ᠪᠣᠬᠢᠷ ᠦᠮᠡᠬᠡᠢ ᠤᠰᠤᠨ ᠴᠣᠭᠴᠠ ᠶᠢ ᠦᠨᠳᠦᠰᠦᠨ ᠳᠡᠭᠡᠨ ᠠᠷᠢᠯᠭᠠᠵᠤ᠂ ᠴᠢᠬᠤᠯᠠ ᠭᠤᠣᠯ ᠮᠥᠷᠡᠨ ᠨᠠᠭᠤᠷ | ᠴᠥᠭᠦᠷᠥᠮ᠂ ᠡᠷᠭᠢ ᠣᠶᠢᠷᠠᠯᠴᠠᠭ᠎ᠠ ᠲᠡᠯᠡᠶ ᠶᠢᠨ ᠣᠷᠣᠨ ᠤ ᠪᠣᠬᠢᠷᠳᠤᠯ ᠢ ᠰᠡᠷᠭᠡᠶᠢᠯᠡᠨ ᠵᠠᠰᠠᠬᠤ ᠶᠢ ᠠᠬᠢᠭᠤᠯᠪᠠ᠃ | ᠬᠥᠷᠥᠰᠥ ᠰᠢᠷᠣᠢ ᠶᠢᠨ ᠪᠣᠬᠢᠷᠳᠤᠯ ᠤᠨ ᠲᠦᠭᠰᠢᠭᠦᠷᠢ ᠶᠢ ᠰᠡᠷᠭᠡᠶᠢᠯᠡᠨ ᠬᠢᠵᠠᠭᠠᠷᠯᠠᠬᠤ ᠪᠠ ᠵᠠᠰᠠᠨ ᠰᠡᠷᠭᠦᠭᠡᠬᠦ ᠡᠷᠴᠢᠮ | ᠢ ᠴᠢᠩᠭᠠᠷᠠᠭᠤᠯᠵᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠪᠠ ᠰᠢᠨ᠎ᠡ ᠪᠣᠬᠢᠷᠲᠤᠭᠤᠯᠬᠤ ᠪᠣᠳᠠᠰ ᠤᠨ ᠵᠠᠰᠠᠯᠲᠠ ᠶᠢ | ᠴᠢᠩᠭᠠᠳᠬᠠᠪᠠ᠃ ᠲᠠᠷᠢᠶᠠᠨ ᠭᠠᠵᠠᠷ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ | ᠤᠯᠠᠭᠠᠨ ᠱᠤᠭᠤᠮ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠪᠠ ᠬᠤᠲᠠ ᠪᠠᠯᠭᠠᠰᠤᠨ ᠤ ᠨᠡᠭᠡᠭᠡᠨ | ᠬᠥᠭᠵᠢᠭᠦᠯᠦᠯᠲᠡ ᠶᠢᠨ ᠵᠠᠭᠠᠭ ᠬᠢᠵᠠᠭᠠᠷ ᠢ ᠪᠦᠭᠦ ᠲᠠᠯ᠎ᠠ ᠪᠠᠷ ᠵᠠᠭᠠᠭᠯᠠᠨ ᠲᠣᠭᠲᠠᠭᠠᠪᠠ᠃ ᠠᠭᠤᠯᠠ ᠤᠰᠤ ᠣᠢ | ᠮᠣᠳᠣ ᠭᠠᠵᠠᠷ ᠲᠠᠷᠢᠶ᠎ᠠ ᠨᠠᠭᠤᠷ ᠲᠣᠭᠤᠷᠢᠮ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ | ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠨᠢᠭᠡ ᠪᠦᠯᠦᠭ ᠴᠢᠬᠤᠯᠠ ᠶᠡᠭᠡ ᠠᠮᠢ ᠠᠬᠤᠢ ᠶᠢᠨ | ᠢᠨᠵᠧᠨᠧᠷᠢᠩ ᠢ ᠬᠡᠷᠡᠭᠵᠢᠭᠦᠯᠵᠦ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ᠂ ᠤᠢ ᠰᠢᠭᠤᠢ | ᠶᠢᠨ ᠳᠠᠷᠤᠭ᠎ᠠ ᠶᠢᠨ ᠳᠦᠷᠢᠮ ᠢ ᠪᠦᠭᠦ ᠲᠠᠯ᠎ᠠ ᠪᠠᠷ ᠬᠡᠷᠡᠭᠵᠢᠭᠦᠯᠪᠡ᠃ ᠬᠥᠬᠡᠮᠥ᠋ᠷᠡᠨ ᠢ ᠶᠡᠭᠡ ᠪᠠᠷ ᠬᠠᠮᠠᠭᠠᠯᠠᠬᠤ ᠶᠢ | ᠬᠠᠮᠲᠤ ᠪᠠᠷ ᠠᠳᠬᠤᠬᠤ ᠶᠢ ᠠᠬᠢᠭᠤᠯᠵᠤ᠂ ᠬᠥᠬᠡᠮᠥ᠋ᠷᠡᠨ ᠤ ᠰᠠᠪᠠ ᠭᠠᠵᠠᠷ ᠤᠨ ᠭᠤᠣᠯᠳᠠᠯᠭ᠎ᠠ ᠲᠠᠢ ᠤᠰᠤᠨ ᠣᠷᠣᠨ | ᠳᠤ ᠵᠢᠭᠠᠰᠤ ᠠᠩᠨᠠᠬᠤ ᠶᠢ ᠠᠷᠪᠠᠨ ᠵᠢᠯ ᠴᠠᠭᠠᠵᠠᠯᠠᠬᠤ ᠶᠢ ᠭᠦᠨᠵᠡᠭᠡᠢ ᠬᠡᠷᠡᠭᠵᠢᠭᠦᠯᠪᠡ᠃ ᠠᠮᠢᠳᠤ ᠪᠣᠳᠠᠰ ᠤᠨ ᠤᠯᠠᠨ | ᠶᠠᠩᠵᠤᠲᠤ ᠴᠢᠨᠠᠷ ᠤᠨ ᠬᠠᠮᠠᠭᠠᠯᠠᠯᠲᠠ ᠶᠢ ᠴᠢᠩᠭᠠᠳᠬᠠᠪᠠ᠃ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠶᠢᠨ | ᠳᠦᠷᠢᠮ ᠢ ᠲᠡᠭᠦᠯᠳᠡᠷᠵᠢᠭᠦᠯᠪᠡ᠃ ᠣᠢ ᠰᠢᠭᠤᠢ ᠶᠢᠨ ᠪᠦᠷᠬᠦᠴᠡ 24% ᠳᠤ ᠬᠦᠷᠴᠦ᠂ ᠨᠤᠲᠤᠭ ᠪᠡᠯᠴᠢᠭᠡᠷ ᠤᠨ | ᠤᠷᠭᠤᠮᠠᠯ ᠤᠨ ᠶᠡᠷᠦᠩᠬᠡᠢ ᠪᠦᠷᠬᠦᠴᠡ ᠪᠠ ᠨᠤᠭᠤ ᠭᠠᠵᠠᠷ ᠤᠨ ᠬᠠᠮᠠᠭᠠᠯᠠᠯᠲᠠ ᠶᠢᠨ ᠨᠣᠷᠮ᠎ᠠ ᠴᠥᠮ 50% ᠠᠴᠠ | ᠳᠡᠭᠡᠭᠰᠢ ᠳᠤ ᠬᠦᠷᠴᠦ᠂ ᠬᠥᠷᠥᠰᠥ ᠰᠢᠷᠣᠢ ᠢᠳᠡᠭᠳᠡᠭᠰᠡᠨ᠂ ᠴᠦᠯᠵᠢᠭᠰᠡᠨ᠂ ᠡᠯᠡᠰᠦᠷᠬᠡᠭᠵᠢᠭᠰᠡᠨ ᠭᠠᠵᠠᠷ ᠰᠢᠷᠣᠢ | ᠶᠢᠨ ᠲᠠᠯᠠᠪᠠᠢ ᠶᠢ ᠲᠣᠰ ᠲᠣᠰ 10.6 ᠲᠦᠮᠡ᠂ 3.8 ᠲᠦᠮᠡ ᠪᠠ 3.3 ᠲᠦᠮᠡᠨ ᠲᠡᠭᠰᠢ ᠳᠥᠷᠪᠡᠯᠵᠢᠨ | ᠺᠢᠯᠣᠮᠧᠲᠷ ᠪᠠᠭᠠᠰᠬᠠᠪᠠ᠃ ᠠᠷᠠᠳ ᠤᠯᠠᠨ ᠳᠤ ᠬᠥᠬᠡ ᠣᠭᠲᠠᠷᠭᠤᠢ ᠬᠥᠪᠥᠩ ᠴᠠᠭᠠᠨ ᠡᠭᠦᠯᠡ᠂ ᠬᠥᠬᠡᠮᠳᠦᠭ | ᠠᠭᠤᠯᠠ ᠨᠣᠮᠢᠨ ᠴᠡᠩᠬᠡᠷ ᠤᠰᠤ ᠶᠢ ᠶᠠᠪᠤᠬᠤ ᠲᠤᠳᠤᠮ ᠤᠯᠠᠨ ᠡᠳ᠋ᠯᠡᠭᠦᠯᠭᠦ ᠪᠣᠯᠪᠠ᠃ | ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠶᠢ ᠯᠠᠪᠳᠠᠭᠤᠨ | ᠢᠶᠠᠷ ᠠᠬᠢᠭᠤᠯᠪᠠ᠃ ᠡᠨᠧᠷᠭᠢ ᠶᠢᠨ ᠰᠤᠷᠪᠤᠯᠵᠢ ᠶᠢᠨ ᠠᠮᠤᠷ ᠲᠦᠪᠰᠢᠨ ᠲᠣᠭᠲᠠᠪᠤᠷᠢᠲᠠᠢ ᠬᠠᠩᠭᠠᠯᠭ᠎ᠠ ᠪᠠ ᠨᠣᠭᠤᠭᠠᠨ | ᠪᠥᠭᠡᠳ ᠨᠡᠭᠦᠷᠡᠰᠦᠲᠥ᠋ᠷᠥᠭᠴᠢ ᠪᠠᠭᠠᠲᠠᠢ ᠬᠥᠭᠵᠢᠯᠲᠡ ᠶᠢ ᠨᠢᠭᠡᠳᠦᠯᠲᠡᠢ ᠲᠥᠯᠥᠪᠯᠡᠨ᠂ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠲᠠ ᠶᠢ ᠤᠷᠭᠢᠯ ᠬᠡᠮᠵᠢᠭᠳᠡᠯ ᠳᠤᠨᠢ ᠭᠦᠷᠭᠡᠭᠦ ᠪᠠ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ | ᠶᠢ ᠰᠠᠭᠠᠷᠮᠠᠭᠵᠢᠭᠤᠯᠬᠤ ᠠᠵᠢᠯ ᠢ ᠰᠢᠨᠵᠢᠯᠡᠬᠦ ᠤᠬᠠᠭᠠᠨᠴᠢ ᠪᠥᠭᠡᠳ ᠡᠮᠬᠢ ᠵᠢᠷᠤᠮ ᠲᠠᠢ ᠪᠠᠷ ᠠᠬᠢᠭᠤᠯᠪᠠ᠃ ᠡᠨᠧᠷᠭᠢ | ᠶᠢᠨ ᠰᠤᠷᠪᠤᠯᠵᠢ ᠶᠢᠨ ᠪᠦᠲᠦᠴᠡ ᠶᠢ ᠰᠢᠯᠢᠳᠡᠭᠵᠢᠭᠦᠯᠦᠨ᠂ ᠭᠡᠲᠦ ᠳᠣᠣᠷ᠎ᠠ ᠭᠠᠳᠠᠭᠰᠢᠯᠠᠭᠤᠯᠤᠯᠲᠠ ᠶᠢ | ᠪᠡᠶᠡᠯᠡᠭᠦᠯᠦᠭᠰᠡᠨ ᠨᠡᠭᠦᠷᠡᠰᠦᠨ ᠴᠠᠭᠢᠯᠭᠠᠨ ᠤ ᠮᠠᠰᠢᠨ ᠴᠣᠭᠴᠠᠯᠠᠪᠤᠷᠢ 10.5 ᠳ᠋ᠦᠩᠰᠢᠭᠤᠷ ᠺᠢᠯᠣᠸᠠᠲ ᠢ ᠳᠠᠪᠠᠵᠤ᠂ | ᠳᠠᠭᠢᠨ ᠡᠭᠦᠰᠴᠦ ᠪᠤᠯᠬᠤ ᠡᠨᠧᠷᠭᠢ ᠶᠢᠨ ᠰᠤᠷᠪᠤᠯᠵᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ 6.5 | ᠳ᠋ᠦᠩᠰᠢᠭᠤᠷ ᠺᠢᠯᠣᠸᠠᠲ ᠪᠠᠶᠢᠭᠰᠠᠨ ᠠᠴᠠ ᠪᠠᠨ ᠨᠡᠮᠡᠭᠳᠡᠭᠡᠳ 12 ᠳ᠋ᠦᠩᠰᠢᠭᠤᠷ ᠺᠢᠯᠣᠸᠠᠲ ᠢ ᠳᠠᠪᠠᠵᠤ᠂ ᠠᠷᠢᠭᠤᠨ | ᠴᠡᠪᠡᠷ ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡᠨ ᠤ ᠡᠵᠡᠯᠡᠭᠦ ᠬᠠᠷᠢᠴᠠᠯ 20.8% ᠪᠠᠶᠢᠭᠰᠠᠨ ᠠᠴᠠ ᠪᠠᠨ | ᠳᠡᠭᠡᠭᠰᠢᠯᠡᠭᠡᠳ 25% ᠠᠴᠠ ᠳᠡᠭᠡᠭᠰᠢ ᠪᠣᠯᠪᠠ᠃ ᠡᠬᠢ ᠪᠠᠶᠠᠯᠢᠭ ᠢ ᠠᠷᠪᠢᠯᠠᠬᠤ ᠠᠵᠢᠯ ᠢ ᠪᠦᠭᠦ ᠲᠠᠯ᠎ᠠ ᠪᠠᠷ | ᠴᠢᠩᠭᠠᠳᠬᠠᠵᠤ᠂ ᠨᠣᠭᠤᠭᠠᠨ ᠠᠵᠤ ᠦᠢᠯᠡᠰ ᠪᠠ ᠣᠷᠴᠢᠯ ᠠᠵᠤ ᠠᠬᠤᠢ ᠶᠢ ᠬᠥᠭᠵᠢᠭᠦᠯᠵᠦ᠂ ᠡᠨᠧᠷᠭᠢ ᠠᠷᠪᠢᠯᠠᠵᠤ | ᠣᠷᠴᠢᠨ ᠠᠬᠤᠢ ᠶᠢ ᠬᠠᠮᠠᠭᠠᠯᠠᠬᠤ ᠮᠡᠷᠭᠡᠵᠢᠯ ᠪᠠ ᠦᠢᠯᠡᠳᠬᠦᠨ ᠢ ᠰᠤᠳᠤᠯᠤᠨ ᠨᠡᠭᠡᠭᠡᠵᠦ ᠬᠡᠷᠡᠭᠯᠡᠬᠦ ᠶᠢ ᠠᠬᠢᠭᠤᠯᠪᠠ᠃ | ᠠᠮᠢ ᠠᠬᠤᠢ ᠶᠢᠨ ᠰᠢᠰᠲ᠋ᠧᠮ ᠤᠨ ᠨᠡᠭᠦᠷᠡᠰᠦᠳᠦ᠋ᠷᠦᠭᠴᠢ ᠶᠢᠨ ᠳᠠᠪᠬᠤᠷ ᠢᠰᠦᠯ ᠢ ᠬᠤᠷᠠᠭᠤᠯᠤᠨ ᠰᠢᠩᠭᠡᠭᠡᠬᠦ | ᠴᠢᠳᠠᠪᠤᠷᠢ ᠶᠢ ᠳᠡᠭᠡᠭᠰᠢᠯᠡᠭᠦᠯᠵᠦ᠂ ᠨᠣᠭᠤᠭᠠᠨ ᠬᠥᠭᠵᠢᠯᠲᠡ ᠳᠠᠬᠢ ᠮᠥᠩᠭᠦᠨ ᠭᠦᠢᠯᠭᠡᠭᠡᠨ ᠤ ᠳᠡᠮᠵᠢᠯᠭᠡ ᠶᠢ | ᠴᠢᠩᠭᠠᠳᠬᠠᠪᠠ᠃ ᠡᠨᠧᠷᠭᠢ ᠶᠢᠨ ᠬᠤᠷᠣᠭᠳᠠᠭᠤᠯᠤᠯ ᠢ ᠬᠢᠨᠠᠨ ᠰᠢᠯᠭᠠᠬᠤ ᠠᠷᠭ᠎ᠠ ᠮᠠᠶ᠋ᠢᠭ ᠢ ᠲᠡᠭᠦᠯᠳᠡᠷᠵᠢᠭᠦᠯᠪᠡ᠃ | ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠤᠯᠠᠨ ᠤᠯᠤᠰ ᠤᠨ ᠬᠠᠮᠲᠤᠷᠠᠯᠴᠠᠭ᠎ᠠ ᠳᠤ ᠢᠳᠡᠪᠬᠢᠲᠡᠢ | ᠣᠷᠣᠯᠴᠠᠵᠤ᠂ ᠪᠦᠭᠦ ᠪᠥᠮᠪᠥᠷᠴᠡᠭ ᠤᠨ ᠠᠭᠤᠷ ᠠᠮᠢᠰᠬᠤᠯ ᠤᠨ ᠵᠠᠰᠠᠯᠲᠠ ᠶᠢ ᠠᠬᠢᠭᠤᠯᠬᠤ ᠳᠤ ᠳᠤᠮᠳᠠᠳᠤ ᠤᠯᠤᠰ | ᠤᠨ ᠬᠤᠪᠢ ᠨᠡᠮᠡᠷᠢ ᠪᠠᠨ ᠦᠵᠡᠭᠦᠯᠪᠡ᠃ | ︵ᠶᠢᠰᠦ︶ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠵᠤ᠂ ᠨᠡᠶᠢᠭᠡᠮ ᠤᠨ ᠦᠢᠯᠡᠰ ᠤᠨ | ᠬᠥᠭᠵᠢᠯᠲᠡ ᠶᠢ ᠲᠦᠷᠭᠡᠳᠬᠡᠪᠡ᠃ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ | ᠲᠤᠭᠤᠰᠢᠯᠠᠭᠤᠯᠵᠤ᠂ ᠠᠷᠠᠳ ᠤᠨ ᠠᠮᠢᠳᠤᠷᠠᠯ ᠤᠨ ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠵᠦ᠂ ᠦᠨᠳᠦᠰᠦᠨ | ᠵᠦᠢᠯ ᠢ ᠪᠠᠲᠤᠯᠠᠬᠤ᠂ ᠬᠢᠵᠠᠭᠠᠷ ᠱᠤᠭᠤᠮ ᠢ ᠪᠠᠲᠤᠯᠠᠬᠤ᠂ ᠲᠥᠪ ᠭᠤᠤᠯᠴᠢ ᠪᠠᠶᠢᠬᠤ ᠶᠢ ᠠᠬᠢᠭᠤᠯᠬᠤ ᠶᠢ ᠬᠦᠴᠦᠯᠡᠨ | ᠪᠡᠶᠡᠯᠡᠭᠦᠯᠵᠦ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠥ᠂ ᠤᠯᠠᠨ ᠨᠠᠶᠢᠳᠠ ᠶᠢᠨ | ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠤᠯᠭᠠᠬᠤ ᠶᠢ ᠠᠬᠢᠭᠤᠯᠵᠤ᠂ ᠬᠥᠭᠵᠢᠭᠦᠯᠬᠦ ᠳᠤᠮᠳᠠ ᠠᠷᠠᠳ ᠤᠨ | ᠠᠮᠢᠳᠤᠷᠠᠯ ᠤᠨ ᠠᠵᠠ ᠵᠢᠷᠭᠠᠯ ᠢ ᠲᠠᠰᠤᠷᠠᠯᠲᠠ ᠦᠭᠡᠢ ᠨᠡᠮᠡᠭᠳᠡᠭᠦᠯᠪᠡ᠃ | ᠰᠤᠷᠭᠠᠨ ᠬᠥᠮᠦᠵᠢᠯ ᠤᠨ ᠭᠤᠤᠯᠴᠢ ᠪᠠᠶᠢᠬᠤ ᠪᠠ ᠶᠠᠰᠤ ᠴᠢᠨᠠᠷ ᠢ ᠳᠡᠭᠡᠭᠰᠢᠯᠡᠭᠦᠯᠭᠦ ᠶᠢ ᠠᠬᠢᠭᠤᠯᠪᠠ᠃ | ᠥᠨᠢᠳᠡ ᠶᠢᠨ ᠶᠡᠭᠡ ᠪᠣᠳᠣᠯᠭ᠎ᠠ ᠶᠢ ᠲᠣᠭᠲᠠᠭᠠᠬᠤ ᠳᠤ ᠰᠤᠷᠭᠠᠨ ᠬᠥᠮᠦᠵᠢᠯ ᠪᠣᠯ ᠦᠨᠳᠦᠰᠦ ᠪᠣᠯᠣᠨ᠎ᠠ᠃ ᠤᠯᠤᠰ | ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠭᠦ ᠦᠷᠳᠡᠭ ᠲᠤ ᠡᠵᠡᠯᠡᠭᠦ ᠡᠳ᠋ ᠤᠨ ᠵᠠᠰᠠᠭ ᠤᠨ ᠴᠢᠨᠠᠷᠲᠠᠢ | ᠰᠤᠷᠭᠠᠨ ᠬᠥᠮᠦᠵᠢᠯ ᠤᠨ ᠵᠠᠷᠤᠳᠠᠯ ᠤᠨ ᠬᠠᠷᠢᠴᠠᠯ ᠢ ᠵᠢᠯ ᠪᠦᠷᠢ ᠴᠥᠮ 4% ᠠᠴᠠ ᠳᠡᠭᠡᠭᠰᠢ ᠪᠠᠶᠢᠯᠭᠠᠬᠤ ᠶᠢ | ᠪᠠᠲᠤᠯᠠᠵᠤ᠂ ᠰᠤᠷᠤᠬᠴᠢ ᠶᠢᠨ ᠬᠥᠮᠥᠨ ᠳᠤᠮᠳᠠᠴᠢ ᠶᠢᠨ ᠵᠠᠷᠤᠳᠠᠯ ᠤᠨ ᠪᠡᠯᠡ ᠤᠷᠤᠭᠤᠯᠤᠯᠳᠠ ᠶᠡᠭᠡ ᠬᠡᠮᠵᠢᠶ᠎ᠡ ᠪᠠᠷ | ᠨᠡᠮᠡᠭᠳᠡᠪᠡ᠃ ᠬᠥᠳᠡᠭᠡ ᠲᠣᠰᠬᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠢ ᠭᠤᠭᠴᠤᠭ᠎ᠠ ᠶᠢᠨ | ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠬᠤᠲᠠ ᠪᠠᠯᠭᠠᠰᠤᠨ ᠤ ᠰᠤᠷᠤᠬᠴᠢ ᠣᠯᠠᠨᠲᠠᠢ ᠲᠣᠮᠣ ᠠᠩᠭᠢ ᠶᠢ | ᠦᠨᠳᠦᠰᠦᠨ ᠳᠡᠭᠡᠨ ᠠᠷᠢᠯᠭᠠᠵᠤ᠂ ᠬᠤᠲᠠ ᠣᠷᠣᠵᠤ ᠠᠵᠢᠯ ᠭᠦᠳᠡᠯᠮᠤᠷᠢ ᠬᠢᠭᠰᠡᠳ ᠤᠨ ᠦᠷ᠎ᠡ ᠬᠡᠦᠬᠡᠳ ᠤᠨ | ᠰᠤᠷᠭᠠᠭᠤᠯᠢ ᠳᠤ ᠣᠷᠣᠬᠤ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠠᠯᠪᠠᠨ ᠵᠢᠷᠤᠮ ᠤᠨ ᠰᠤᠷᠭᠠᠨ | ᠬᠥᠮᠦᠵᠢᠯ ᠢ ᠪᠠᠬᠢᠵᠢᠭᠦᠯᠦᠭᠰᠡᠨ ᠨᠣᠷᠮ᠎ᠠ ᠶᠢ 93.8% ᠪᠠᠶᠢᠭᠰᠠᠨ ᠠᠴᠠ 95.5% ᠪᠤᠯᠲᠠᠯ᠎ᠠ ᠳᠡᠭᠡᠭᠰᠢᠯᠡᠭᠦᠯᠪᠡ᠃ | ᠠᠯᠪᠠᠨ ᠵᠢᠷᠤᠮ ᠤᠨ ᠰᠤᠷᠭᠠᠨ ᠬᠥᠮᠦᠵᠢᠯ ᠢ ᠤᠯᠤᠰ ᠠᠴᠠ ᠨᠢᠭᠡᠳᠦᠯᠲᠡᠢ ᠬᠡᠷᠡᠭᠵᠢᠭᠦᠯᠬᠦ ᠶᠢ ᠪᠠᠷᠢᠮᠲᠠᠯᠠᠵᠤ᠂ ᠠᠷᠠᠳ | ᠠᠴᠠ ᠡᠷᠭᠢᠯᠡᠭᠰᠡᠨ ᠰᠤᠷᠭᠠᠨ ᠬᠥᠮᠦᠵᠢᠯ ᠤᠨ ᠬᠥᠭᠵᠢᠯᠲᠡ ᠶᠢ ᠬᠥᠲᠥᠯᠥᠨ ᠵᠢᠯᠤᠭᠤᠳᠴᠤ ᠵᠢᠷᠤᠮᠵᠢᠭᠤᠯᠪᠠ᠃ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠤᠬᠴᠢᠳ ᠤᠨ ᠳᠠᠷᠤᠭᠠᠰᠤ ᠶᠢ ᠬᠥᠩᠭᠡᠷᠡᠭᠦᠯᠪᠡ᠃ | ᠵᠠᠯᠠᠭᠤᠴᠤᠳ ᠪᠠᠭᠠᠴᠤᠳ ᠤᠨ ᠡᠷᠡᠭᠦᠯ ᠮᠡᠨᠳᠦ ᠶᠢᠨ ᠲᠦᠪᠰᠢᠨ ᠢ ᠳᠡᠭᠡᠭᠰᠢᠯᠡᠭᠦᠯᠪᠡ᠃ ᠰᠢᠮ᠎ᠡ ᠲᠡᠵᠢᠭᠡᠯ ᠢ | ᠰᠠᠶᠢᠵᠢᠷᠠᠭᠤᠯᠬᠤ ᠲᠥᠯᠥᠪᠯᠡᠭᠡ ᠶᠢ ᠦᠷᠭᠦᠯᠵᠢᠯᠡᠨ ᠬᠡᠷᠡᠭᠵᠢᠭᠦᠯᠵᠦ᠂ ᠵᠢᠯ ᠪᠦᠷᠢ 3700 ᠭᠠᠷᠤᠢ ᠲᠦᠮᠡᠨ | ᠰᠤᠷᠤᠬᠴᠢ ᠳᠤ ᠠᠰᠢᠭ ᠬᠦᠷᠲᠡᠭᠡᠪᠡ᠃ ᠪᠠᠭᠰᠢ ᠢᠯᠠᠩᠭᠤᠶ᠎ᠠ ᠬᠥᠳᠡᠭᠡ ᠲᠣᠰᠬᠤᠨ ᠤ ᠪᠠᠭᠰᠢ ᠶᠢᠨ ᠴᠠᠯᠢᠩ | ᠬᠠᠷᠠᠭᠠᠯᠵᠠᠯ ᠢ ᠪᠠᠲᠤᠯᠠᠪᠠ᠃ ᠬᠡᠦᠬᠡᠳ ᠤᠨ ᠴᠡᠴᠡᠷᠯᠢᠭ ᠤᠨ ᠬᠠᠩᠭᠠᠯᠭ᠎ᠠ ᠶᠢ ᠤᠯᠠᠨ ᠠᠷᠭ᠎ᠠ ᠵᠠᠮ ᠢᠶᠠᠷ ᠨᠡᠮᠡᠭᠳᠡᠭᠦᠯᠪᠡ | ᠃ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠤᠨ ᠰᠤᠷᠭᠠᠭᠤᠯᠢ ᠳᠤ | ᠣᠷᠣᠭᠰᠠᠨ ᠪᠦᠭᠦ ᠨᠤᠷᠮ᠎ᠠ ᠶᠢ 90% ᠠᠴᠠ ᠳᠡᠭᠡᠭᠰᠢ ᠪᠤᠯᠳᠠᠯ᠎ᠠ ᠳᠡᠭᠡᠭᠰᠢᠯᠡᠭᠦᠯᠪᠡ᠃ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠤᠨ ᠵᠣᠬᠢᠴᠠᠬᠤ ᠴᠢᠨᠠᠷ ᠢ ᠴᠢᠩᠭᠠᠷᠠᠭᠤᠯᠵᠤ᠂ ᠠᠵᠢᠯ ᠮᠡᠷᠭᠡᠵᠢᠯ ᠤᠨ ᠶᠡᠭᠡ ᠳᠡᠭᠡᠳᠦ ᠰᠤᠷᠭᠠᠭᠤᠯᠢ | ᠶᠢᠨ ᠰᠤᠷᠭᠠᠭᠤᠯᠢ ᠡᠷᠭᠢᠯᠡᠭᠦ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠪᠠ᠃ ᠳᠡᠭᠡᠳᠦ ᠰᠤᠷᠭᠠᠭᠤᠯᠢ ᠶᠢᠨ | ᠰᠤᠷᠤᠬᠴᠢ ᠡᠯᠰᠡᠭᠦ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠢᠳᠡᠪᠬᠢᠲᠡᠢ ᠯᠠᠪᠳᠠᠭᠤᠨ ᠢᠶᠠᠷ | ᠠᠬᠢᠭᠤᠯᠵᠤ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠤᠷᠭᠠᠭᠤᠯᠢ ᠳᠤ ᠣᠷᠣᠭᠰᠠᠨ ᠪᠦᠭᠦ ᠨᠣᠷᠮ᠎ᠠ ᠶᠢ 45. | 7% ᠪᠠᠶᠢᠭᠰᠠᠨ ᠠᠴᠠ 59.6% ᠪᠤᠯᠳᠡᠯ᠎ᠠ ᠳᠡᠭᠡᠭᠰᠢᠯᠡᠭᠦᠯᠵᠦ᠂ ᠶᠡᠭᠡ ᠳᠡᠭᠡᠳᠦ ᠰᠤᠷᠭᠠᠭᠤᠯᠢ ᠳᠤ ᠰᠤᠷᠤᠬᠴᠢ | ᠡᠯᠰᠡᠭᠦ ᠳᠤ ᠳᠤᠮᠳᠠ ᠬᠡᠰᠡᠭ ᠪᠠᠷᠠᠭᠤᠨ ᠬᠡᠰᠡᠭ ᠤᠨ ᠭᠠᠵᠠᠷ ᠣᠷᠣᠨ ᠪᠠ ᠬᠥᠳᠡᠭᠡ ᠲᠣᠰᠬᠤᠨ ᠤ ᠭᠠᠵᠠᠷ ᠣᠷᠣᠨ | ᠲᠡᠶᠢᠰᠢ ᠬᠡᠯᠪᠡᠶᠢᠯᠭᠡᠬᠦ ᠡᠷᠴᠢᠮ ᠢ ᠦᠷᠭᠦᠯᠵᠢᠯᠡᠨ ᠴᠢᠩᠭᠠᠷᠠᠭᠤᠯᠪᠠ᠃ ᠠᠵᠤ ᠠᠮᠢᠳᠤᠷᠠᠯ ᠨᠢ ᠬᠦᠴᠢᠷᠲᠡᠢ ᠶᠡᠭᠡ | ᠳᠡᠭᠡᠳᠦ ᠰᠤᠷᠭᠠᠭᠤᠯᠢ ᠶᠢᠨ ᠰᠤᠷᠤᠬᠴᠢᠳ ᠲᠤ ᠥᠭᠬᠦ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ | ᠶᠢᠨ ᠲᠤᠭ᠎ᠠ ᠬᠡᠮᠵᠢᠶ᠎ᠡ ᠶᠢ ᠶᠡᠭᠡ ᠪᠠᠷ ᠳᠡᠭᠡᠭᠰᠢᠯᠡᠭᠦᠯᠪᠡ᠃ ︽ᠰᠠᠭᠤᠷᠢ ᠰᠢᠨᠵᠢᠯᠡᠭᠡᠨ ᠤ ᠰᠠᠯᠠᠭ᠎ᠠ ᠶᠢ ᠴᠢᠩᠭᠠᠳᠬᠠᠬᠤ | ᠲᠥᠯᠥᠪᠯᠡᠭᠡ︾ ᠪᠣᠯᠣᠨ ᠰᠠᠭᠤᠷᠢ ᠰᠢᠨᠵᠢᠯᠡᠭᠡᠨ ᠤ ᠰᠠᠯᠠᠭᠠᠨ ᠤ ᠣᠷᠣᠶᠢᠯᠠᠭᠰᠠᠨ ᠴᠢᠳᠠᠪᠤᠷᠢᠲᠠᠨ ᠢ ᠬᠥᠮᠥᠵᠢᠭᠦᠯᠬᠦ | ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ ᠰᠠᠭᠤᠷᠢ ᠰᠢᠨᠵᠢᠯᠡᠭᠡᠨ ᠤ ᠰᠠᠯᠠᠭᠠᠨ ᠤ ᠣᠷᠣᠶᠢᠯᠠᠭᠰᠠᠨ ᠰᠤᠷᠤᠬᠴᠢᠳ | ᠢ ᠬᠥᠮᠥᠵᠢᠭᠦᠯᠬᠦ ᠰᠠᠭᠤᠷᠢᠨ ᠭᠠᠵᠠᠷ ᠢ 288 ᠪᠠᠶᠢᠭᠤᠯᠵᠤ᠂ ᠳᠡᠯᠡᠬᠡᠢ ᠶᠢᠨ ᠲᠡᠷᠢᠭᠦᠨ ᠵᠡᠷᠭᠡ ᠶᠢᠨ ᠶᠡᠭᠡ ᠰᠤᠷᠭᠠᠭᠤᠯᠢ | ᠪᠣᠯᠣᠨ ᠲᠡᠷᠢᠭᠦᠨ ᠵᠡᠷᠭᠡ ᠶᠢᠨ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ | ᠬᠥᠭᠵᠢᠯᠲᠡ ᠶᠢᠨ ᠴᠢᠳᠠᠪᠤᠷᠢᠲᠠᠨ ᠤ ᠰᠠᠭᠤᠷᠢ ᠶᠢ ᠲᠠᠰᠤᠷᠠᠯᠲᠠ ᠦᠭᠡᠢ ᠪᠠᠲᠤᠳᠬᠠᠪᠠ᠃ | ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠪᠡ᠃ ᠡᠷᠡᠭᠦᠯ ᠡᠩᠬᠡ | ᠳᠤᠮᠳᠠᠳᠤ ᠤᠯᠤᠰ ᠤᠨ ᠠᠵᠢᠯᠯᠠᠭ᠎ᠠ ᠶᠢ ᠭᠦᠨᠵᠡᠭᠡᠢ ᠠᠬᠢᠭᠤᠯᠤᠨ ᠴᠢᠷᠮᠠᠶᠢᠨ ᠲᠦᠭᠡᠮᠡᠯᠵᠢᠭᠦᠯᠵᠦ᠂ ᠡᠮ ᠡᠮᠨᠡᠯᠭᠡ | ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠦᠨᠳᠦᠰᠦᠨ ᠡᠮᠨᠡᠯᠭᠡ ᠡᠷᠡᠭᠦᠯ | ᠬᠠᠮᠠᠭᠠᠯᠠᠯ ᠤᠨ ᠳᠦᠷᠢᠮ ᠢ ᠣᠯᠠᠨ ᠨᠡᠶᠢᠲᠡ ᠶᠢᠨ ᠦᠢᠯᠡᠳᠬᠦᠨ ᠤ ᠬᠤᠪᠢ ᠪᠠᠷ ᠪᠦᠭᠦ ᠠᠷᠠᠳ ᠲᠤ ᠬᠠᠩᠭᠠᠵᠤ᠂ | ᠣᠯᠠᠨ ᠲᠦᠮᠡᠨ ᠤ ᠡᠪᠡᠳᠴᠢᠨ ᠦᠵᠡᠭᠦᠯᠭᠦ ᠳᠤ ᠬᠦᠴᠢᠷᠲᠡᠢ ᠡᠪᠡᠳᠴᠢᠨ ᠦᠵᠡᠭᠦᠯᠭᠦ ᠳᠤ ᠦᠨᠡᠲᠡᠢ ᠪᠠᠶᠢᠬᠤ | ᠠᠰᠠᠭᠤᠳᠠᠯ ᠢ ᠤᠯᠠᠮ ᠨᠢᠭᠡ ᠠᠯᠬᠤᠮ ᠨᠠᠮᠳᠠᠭᠤᠯᠪᠠ᠃ ᠡᠮᠨᠡᠯᠭᠡ ᠶᠢᠨ ᠦᠨᠳᠦᠰᠦᠨ ᠳᠠᠭᠠᠳᠬᠠᠯ ᠪᠠ ᠬᠦᠨᠳᠦ | ᠡᠪᠡᠳᠴᠢᠨ ᠤ ᠳᠠᠭᠠᠳᠬᠠᠯ ᠤᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠬᠤᠳᠠ ᠬᠥᠳᠡᠭᠡ ᠶᠢᠨ ᠰᠠᠭᠤᠭᠠᠯᠢ | ᠠᠷᠠᠳ ᠤᠨ ᠡᠮᠨᠡᠯᠭᠡ ᠶᠢᠨ ᠳᠠᠭᠠᠳᠬᠠᠯ ᠤᠨ ᠬᠥᠮᠥᠨ ᠳᠤᠮᠳᠠᠴᠢ ᠶᠢᠨ ᠡᠳ᠋ ᠤᠨ ᠵᠠᠰᠠᠭ ᠤᠨ ᠨᠥᠬᠦᠪᠦᠷᠢ ᠶᠢᠨ | ᠪᠠᠷᠢᠮᠵᠢᠶ᠎ᠠ ᠶᠢ 450 ᠲᠥᠭᠦᠷᠢᠭ ᠪᠠᠶᠢᠭᠰᠠᠨ ᠠᠴᠠ 610 ᠲᠥᠭᠦᠷᠢᠭ ᠪᠤᠯᠳᠡᠯ᠎ᠠ ᠳᠡᠭᠡᠭᠰᠢᠯᠡᠭᠦᠯᠪᠡ᠃ ᠣᠯᠠᠨ | ᠲᠦᠮᠡᠨ ᠤ ᠪᠠᠴᠢᠮ ᠬᠡᠷᠡᠭᠰᠡᠬᠦ ᠨᠠᠩ ᠣᠯᠠᠨ ᠡᠮ ᠤᠨ ᠵᠦᠢᠯ ᠢ ᠡᠮᠨᠡᠯᠭᠡ ᠶᠢᠨ ᠳᠠᠭᠠᠳᠬᠠᠯ ᠤᠨ ᠲᠠᠩᠰᠠ ᠲᠠᠶᠢᠯᠬᠤ | ᠬᠡᠪᠴᠢᠶᠡᠨ ᠳᠤ ᠣᠷᠣᠭᠤᠯᠪᠠ᠃ ᠡᠮᠨᠡᠯᠭᠡ ᠳᠤ ᠰᠠᠭᠤᠭᠰᠠᠨ ᠵᠠᠷᠤᠳᠠᠯ ᠪᠠ ᠡᠭᠦᠳᠡᠨ ᠡᠮᠨᠡᠯᠭᠡ ᠶᠢᠨ ᠵᠠᠷᠤᠳᠠᠯ ᠢ ᠮᠤᠵᠢ | ᠠᠯᠤᠰᠯᠠᠨ ᠰᠢᠭᠤᠳ ᠲᠠᠰᠤᠯᠤᠨ ᠪᠤᠳᠤᠬᠤ ᠪᠤᠯᠭᠠᠵᠥ᠂ ᠠᠰᠢᠭ ᠬᠦᠷᠲᠡᠭᠡᠭᠰᠡᠨ ᠬᠡᠮᠵᠢᠶ᠎ᠡ 5700 ᠭᠠᠷᠤᠢ ᠲᠦᠮᠡᠨ | ᠬᠥᠮᠥᠨ ᠤᠳᠠᠭ᠎ᠠ ᠳᠤ ᠭᠦᠷᠪᠡ᠃ ᠡᠮ ᠤᠨ ᠵᠦᠢᠯ ᠪᠠ ᠡᠮᠨᠡᠯᠭᠡ ᠶᠢᠨ ᠬᠡᠷᠡᠭᠯᠡᠭᠡᠨ ᠤ ᠬᠤᠷᠣᠭᠳᠠᠯ ᠮᠠᠲ᠋ᠧᠷᠢᠶᠠᠯ ᠢ | ᠲᠥᠪᠯᠡᠷᠡᠭᠦᠯᠦᠨ ᠬᠡᠮᠵᠢᠶᠡᠵᠢᠭᠦᠯᠵᠦ ᠬᠤᠳᠠᠯᠳᠤᠨ ᠠᠪᠬᠤ ᠶᠢ ᠬᠡᠷᠡᠭᠵᠢᠭᠦᠯᠵᠦ᠂ ᠵᠠᠷᠤᠳᠠᠯ ᠤᠨ ᠳᠠᠷᠤᠭᠠᠰᠤ ᠶᠢ | ᠬᠥᠩᠭᠡᠷᠡᠭᠦᠯᠦᠭᠰᠡᠨ ᠬᠡᠮᠵᠢᠶ᠎ᠡ 4000 ᠳ᠋ᠦᠩᠰᠢᠭᠤᠷ ᠲᠥᠭᠦᠷᠢᠭ ᠠᠴᠠ ᠬᠡᠲᠦᠷᠡᠪᠡ᠃ ᠤᠯᠤᠰ ᠤᠨ ᠠᠨᠠᠭᠠᠬᠤ | ᠤᠬᠠᠭᠠᠨ ᠤ ᠲᠥᠪ ᠢ 13 ᠪᠠᠶᠢᠭᠤᠯᠵᠤ᠂ ᠤᠯᠤᠰ ᠤᠨ ᠣᠷᠣᠨ ᠪᠦᠰᠡ ᠶᠢᠨ ᠡᠮᠨᠡᠯᠭᠡ ᠶᠢᠨ ᠲᠥᠪ ᠢ 76 | ᠪᠠᠶᠢᠷᠢᠯᠠᠭᠤᠯᠤᠨ ᠪᠦᠲᠦᠭᠡᠨ ᠪᠠᠶᠢᠭᠤᠯᠪᠠ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ | ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠬᠡᠷᠡᠭᠵᠢᠭᠦᠯᠵᠦ᠂ ᠰᠢᠶᠠᠨ ᠤ ᠪᠦᠰᠡ ᠶᠢᠨ ᠡᠮᠨᠡᠯᠭᠡ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠱᠠᠲᠤ ᠬᠤᠪᠢᠶᠠᠨ ᠣᠨᠣᠰᠢᠯᠠᠨ | ᠡᠮᠨᠡᠭᠦ ᠰᠢᠰᠲ᠋ᠧᠮ ᠢ ᠲᠡᠭᠦᠯᠳᠡᠷᠵᠢᠭᠦᠯᠪᠡ᠃ ᠨᠠᠰᠤᠲᠠᠶᠢᠴᠤᠳ ᠵᠡᠷᠭᠡ ᠬᠠᠮᠲᠤᠯᠢᠭ ᠤᠨ ᠡᠪᠡᠳᠴᠢᠨ ᠦᠵᠡᠭᠦᠯᠭᠦ ᠳᠤ | ᠦᠢᠯᠡᠴᠢᠯᠡᠬᠦ ᠦᠢᠯᠡᠴᠢᠯᠡᠭᠡ ᠶᠢ ᠰᠢᠯᠢᠳᠡᠭᠵᠢᠭᠦᠯᠪᠡ᠃ ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ | ᠶᠢ ᠡᠭᠦᠳᠦᠨ ᠬᠥᠭᠵᠢᠭᠦᠯᠬᠦ ᠪᠠ ᠠᠷᠠᠳ ᠤᠨ ᠠᠮᠢᠳᠤᠷᠠᠯ ᠳᠤ ᠠᠰᠢᠭ ᠲᠤᠰᠠ ᠬᠦᠷᠲᠡᠭᠡᠬᠦ ᠶᠢ ᠠᠬᠢᠭᠤᠯᠪᠠ᠃ ᠤᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠦᠨᠳᠦᠰᠦᠨ ᠦᠢᠯᠡᠴᠢᠯᠡᠭᠡᠨ ᠤ ᠵᠠᠷᠤᠳᠠᠯ ᠤᠨ ᠬᠥᠮᠥᠨ ᠳᠤᠮᠳᠠᠴᠢ ᠶᠢᠨ ᠡᠳ᠋ | ᠤᠨ ᠵᠠᠰᠠᠭ ᠤᠨ ᠨᠥᠬᠦᠪᠦᠷᠢ ᠶᠢᠨ ᠪᠠᠷᠢᠮᠵᠢᠶ᠎ᠠ ᠶᠢ 50 ᠲᠥᠭᠦᠷᠢᠭ ᠪᠠᠶᠢᠭᠰᠠᠨ ᠠᠴᠠ 84 ᠲᠥᠭᠦᠷᠢᠭ ᠪᠤᠯᠳᠡᠯ᠎ᠠ | ᠳᠡᠭᠡᠭᠰᠢᠯᠡᠭᠦᠯᠪᠡ᠃ ᠰᠡᠷᠭᠡᠶᠢᠯᠡᠬᠦ ᠪᠠᠷ ᠭᠤᠣᠯ ᠪᠤᠯᠭᠠᠬᠤ ᠶᠢ ᠪᠠᠷᠢᠮᠲᠠᠯᠠᠨ᠂ ᠬᠦᠨᠳᠦ ᠶᠡᠭᠡ ᠤᠵᠢᠭ ᠡᠪᠡᠳᠴᠢᠨ ᠤ | ᠡᠷᠡᠭᠦᠯ ᠮᠡᠨᠳᠦ ᠶᠢᠨ ᠬᠠᠮᠢᠶᠠᠷᠤᠯᠲᠠ ᠶᠢ ᠴᠢᠩᠭᠠᠳᠬᠠᠪᠠ᠃ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ | ᠰᠢᠰᠲ᠋ᠧᠮ ᠢ ᠥᠭᠡᠷᠡᠴᠢᠯᠡᠨ ᠲᠡᠭᠦᠯᠳᠡᠷᠵᠢᠭᠦᠯᠵᠦ᠂ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ | ᠲᠣᠪᠴᠢᠶ᠎ᠠ ᠶᠢ ᠪᠠᠶᠢᠭᠤᠯᠵᠤ᠂ ᠬᠦᠨᠳᠦ ᠶᠡᠭᠡ ᠬᠢᠵᠢᠭ ᠢ ᠰᠡᠷᠭᠡᠶᠢᠯᠡᠨ ᠬᠢᠵᠠᠭᠠᠷᠯᠠᠵᠤ ᠠᠪᠤᠷᠠᠨ ᠵᠠᠰᠠᠬᠤ ᠪᠠ ᠪᠠᠴᠢᠮ | ᠪᠠᠶᠢᠳᠠᠯ ᠢ ᠠᠷᠭᠠᠴᠠᠬᠤ ᠡᠳ᠋ ᠪᠣᠳᠠᠰ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠵᠦ᠂ ᠠᠷᠠᠳ ᠲᠦᠮᠡᠨ ᠤ | ᠡᠷᠡᠭᠦᠯ ᠮᠡᠨᠳᠦ ᠶᠢ ᠴᠢᠷᠮᠠᠶᠢᠨ ᠪᠠᠲᠤᠯᠠᠪᠠ᠃ | ᠨᠡᠶᠢᠭᠡᠮ ᠤᠨ ᠪᠠᠲᠤᠯᠠᠭ᠎ᠠ ᠪᠠ ᠦᠢᠯᠡᠴᠢᠯᠡᠭᠡ ᠶᠢ ᠴᠢᠩᠭᠠᠳᠬᠠᠪᠠ᠃ ᠨᠠᠰᠤᠵᠢᠯ ᠤᠨ ᠦᠨᠳᠦᠰᠦᠨ ᠠᠰᠠᠷᠠᠮᠵᠢ | ᠶᠢᠨ ᠳᠠᠭᠠᠳᠬᠠᠯ ᠤᠨ ᠰᠠᠭᠤᠷᠢ ᠮᠥᠩᠭᠦ ᠶᠢ ᠲᠥᠪ ᠠᠴᠠ ᠲᠣᠬᠢᠷᠠᠭᠤᠯᠬᠤ ᠳᠦᠷᠢᠮ ᠢ ᠪᠠᠶᠢᠭᠤᠯᠵᠤ᠂ ᠠᠵᠢᠯ | ᠠᠴᠠ ᠪᠠᠨ ᠪᠠᠭᠤᠵᠤ ᠠᠮᠠᠷᠠᠭᠰᠠᠳ ᠤᠨ ᠨᠠᠰᠤᠵᠢᠯ ᠤᠨ ᠦᠨᠳᠦᠰᠦᠨ ᠠᠰᠠᠷᠠᠮᠵᠢ ᠶᠢᠨ ᠮᠥᠩᠭᠦ ᠶᠢ ᠦᠷᠭᠦᠯᠵᠢᠯᠡᠨ | ᠨᠡᠮᠡᠭᠳᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠰᠠᠭᠤᠷᠢ ᠠᠰᠠᠷᠠᠮᠵᠢ ᠶᠢᠨ ᠮᠥᠩᠭᠦ | ᠶᠢᠨ ᠬᠠᠮᠤᠭ ᠳᠣᠣᠷ᠎ᠠ ᠪᠠᠷᠢᠮᠵᠢᠶ᠎ᠠ ᠶᠢ ᠳᠡᠭᠡᠭᠰᠢᠯᠡᠭᠦᠯᠵᠦ᠂ ᠬᠤᠳᠠ ᠬᠥᠳᠡᠭᠡ ᠶᠢᠨ ᠨᠠᠭᠠᠲᠤ ᠵᠠᠬ᠎ᠠ ᠶᠢᠨ ᠠᠮᠢᠳᠤᠷᠠᠯ | ᠤᠨ ᠪᠠᠲᠤᠯᠠᠭ᠎ᠠ᠂ ᠬᠠᠷᠠᠭᠠᠯᠵᠠᠯ ᠠᠰᠠᠷᠠᠮᠵᠢ᠂ ᠠᠵᠢᠯ ᠠᠯᠳᠠᠭᠰᠠᠨ ᠪᠠ ᠠᠵᠢᠯ ᠠᠴᠠ ᠪᠣᠯᠤᠭᠰᠠᠨ ᠭᠡᠮᠲᠦᠯ ᠤᠨ | ᠪᠠᠲᠤᠯᠠᠭ᠎ᠠ ᠵᠡᠷᠭᠡ ᠶᠢᠨ ᠪᠠᠷᠢᠮᠵᠢᠶ᠎ᠠ ᠶᠢ ᠯᠠᠪᠳᠠᠭᠤᠨ ᠢᠶᠠᠷ ᠳᠡᠭᠡᠭᠰᠢᠯᠡᠭᠦᠯᠪᠡ᠃ ᠬᠥᠮᠥᠨ ᠠᠮᠠ ᠶᠢᠨ ᠨᠠᠰᠤᠵᠢᠯᠲᠠ ᠶᠢ | ᠢᠳᠡᠪᠬᠢᠲᠡᠢ ᠠᠷᠭᠠᠴᠠᠵᠤ᠂ ᠨᠠᠰᠤᠵᠢᠯ ᠤᠨ ᠦᠢᠯᠡᠰ ᠪᠣᠯᠣᠨ ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠤᠨ | ᠬᠥᠭᠵᠢᠯᠲᠡ ᠶᠢ ᠠᠬᠢᠭᠤᠯᠪᠠ᠃ ᠨᠠᠰᠤᠲᠠᠨ ᠢ ᠨᠡᠶᠢᠭᠡᠮ ᠲᠣᠭᠤᠷᠢᠭ ᠲᠤ ᠪᠠ ᠭᠡᠷ ᠲᠤᠨᠢ ᠠᠰᠠᠷᠠᠬᠤ ᠦᠢᠯᠡᠴᠢᠯᠡᠭᠡ ᠶᠢ | ᠬᠥᠭᠵᠢᠭᠦᠯᠵᠦ᠂ ᠢᠵᠢ ᠪᠦᠷᠢᠳᠦᠭᠦᠯᠬᠦ ᠲᠥᠬᠦᠭᠡᠷᠦᠮᠵᠢ ᠪᠠ ᠰᠠᠭᠠᠳ ᠦᠭᠡᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠵᠤ᠂ ᠭᠠᠶᠢᠯᠢ ᠰᠦᠢᠳᠬᠡᠯ᠂ ᠬᠡᠷᠡᠭᠯᠡᠬᠦ ᠭᠡᠷ ᠪᠠᠶᠢᠰᠢᠩ᠂ ᠤᠰᠤ ᠴᠠᠭᠢᠯᠭᠠᠨ ᠬᠡᠢ ᠶᠢᠨ | ᠦᠨ᠎ᠡ ᠬᠠᠩᠰᠢ ᠵᠡᠷᠭᠡ ᠲᠠᠯ᠎ᠠ ᠪᠠᠷ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠪᠡ᠃ ᠡᠮᠨᠡᠭᠦ ᠪᠠ ᠠᠰᠠᠷᠠᠬᠤ | ᠶᠢ ᠤᠶᠠᠯᠳᠤᠭᠤᠯᠬᠤ ᠶᠢ ᠠᠬᠢᠭᠤᠯᠵᠤ᠂ ᠤᠷᠳᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠳᠦᠷᠢᠮ ᠤᠨ | ᠲᠤᠷᠰᠢᠯᠲᠠ ᠶᠢ ᠯᠠᠪᠳᠠᠭᠤᠨ ᠢᠶᠠᠷ ᠠᠬᠢᠭᠤᠯᠪᠠ᠃ ᠭᠤᠷᠪᠠᠨ ᠬᠡᠦᠬᠡᠳ ᠠᠪᠴᠤ ᠪᠤᠯᠬᠤ ᠦᠷᠡᠵᠢᠯ ᠤᠨ ᠲᠥᠷᠥ ᠶᠢᠨ | ᠪᠣᠳᠣᠯᠭ᠎ᠠ ᠵᠢᠴᠢ ᠢᠵᠢ ᠪᠦᠷᠢᠳᠦᠭᠦᠯᠦᠨ ᠳᠡᠮᠵᠢᠭᠦ ᠠᠷᠭ᠎ᠠ ᠬᠡᠮᠵᠢᠶ᠎ᠡ ᠶᠢ ᠬᠡᠷᠡᠭᠵᠢᠭᠦᠯᠪᠡ᠃ ᠴᠡᠷᠢᠭ ᠤᠨ ᠠᠯᠪᠠ ᠠᠴᠠ | ᠪᠠᠭᠤᠭᠰᠠᠳ ᠤᠨ ᠬᠠᠮᠢᠶᠠᠷᠤᠯᠲᠠ ᠪᠠ ᠪᠠᠲᠤᠯᠠᠭ᠎ᠠ ᠶᠢᠨ ᠳᠦᠷᠢᠮ ᠢ ᠲᠡᠭᠦᠯᠳᠡᠷᠵᠢᠭᠦᠯᠵᠦ᠂ ᠪᠠᠲᠤᠯᠠᠭ᠎ᠠ ᠶᠢᠨ ᠲᠦᠪᠰᠢᠨ | ᠢ ᠳᠡᠭᠡᠭᠰᠢᠯᠡᠭᠦᠯᠪᠡ᠃ ᠡᠮᠡᠭᠲᠡᠶᠢᠴᠦᠳ᠂ ᠬᠡᠦᠬᠡᠳ ᠤᠨ ᠡᠷᠬᠡ ᠠᠰᠢᠭ ᠤᠨ ᠪᠠᠲᠤᠯᠠᠭ᠎ᠠ ᠶᠢ ᠴᠢᠩᠭᠠᠳᠬᠠᠪᠠ᠃ ᠨᠠᠰᠤᠨ | ᠳᠤ ᠦᠯᠦ ᠭᠦᠷᠦᠭᠰᠡᠳ ᠢ ᠬᠠᠮᠠᠭᠠᠯᠠᠬᠤ ᠳᠦᠷᠢᠮ ᠢ ᠲᠡᠭᠦᠯᠳᠡᠷᠵᠢᠭᠦᠯᠪᠡ᠃ ᠵᠡᠮᠳᠡᠭᠴᠦᠳ ᠢ ᠪᠠᠲᠤᠯᠠᠬᠤ ᠪᠠ | ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠪᠡ᠃ ᠨᠡᠶᠢᠭᠡᠮ ᠤᠨ ᠠᠪᠤᠷᠠᠨ ᠲᠤᠰᠠᠯᠠᠬᠤ | ᠰᠢᠰᠲ᠋ᠧᠮ ᠢ ᠪᠦᠷᠢᠨᠰᠢᠭᠦᠯᠵᠦ᠂ ᠣᠷᠣᠯᠭ᠎ᠠ ᠪᠠᠭᠠᠲᠠᠢ ᠬᠥᠮᠥᠨ ᠠᠮᠠ ᠶᠢᠨ ᠬᠥᠳᠡᠯᠦᠩᠭᠦᠢ ᠬᠢᠨᠠᠨ ᠬᠡᠮᠵᠢᠯᠲᠡ ᠶᠢ | ᠴᠢᠩᠭᠠᠳᠬᠠᠵᠤ᠂ ᠬᠦᠴᠢᠷᠳᠡᠯ ᠳᠤ ᠤᠴᠠᠷᠠᠭᠰᠠᠨ ᠬᠥᠮᠥᠰ ᠢ ᠴᠠᠭ ᠲᠤᠬᠠᠢ ᠳᠤᠨᠢ ᠬᠠᠪᠰᠤᠷᠤᠨ ᠲᠡᠳᠬᠦᠵᠦ᠂ ᠵᠢᠯ | ᠪᠦᠷᠢ ᠳᠤᠮᠳᠠᠴᠢ ᠪᠠᠷ 1100 ᠲᠦᠮᠡᠨ ᠬᠥᠮᠥᠨ ᠤᠳᠠᠭ᠎ᠠ ᠲᠦᠷ ᠴᠠᠭ ᠠᠪᠤᠷᠠᠨ ᠲᠤᠰᠠᠯᠠᠵᠤ᠂ ᠬᠦᠴᠢᠷᠳᠡᠯ ᠲᠠᠢ | ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠲᠣᠣᠷ ᠢ ᠡᠷᠡᠰ ᠪᠠᠲᠤ ᠰᠦᠯᠵᠢᠨ ᠪᠠᠬᠢᠯᠡᠪᠡ᠃ | ᠠᠷᠠᠳ ᠤᠯᠠᠨ ᠤ ᠤᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠪᠠ᠃ ᠨᠡᠶᠢᠭᠡᠮ ᠵᠢᠷᠤᠮ ᠤᠨ | ᠭᠤᠣᠯᠯᠠᠬᠤ ᠥᠷᠲᠡᠭ ᠤᠨ ᠦᠵᠡᠯᠲᠡ ᠶᠢ ᠪᠣᠶᠢᠵᠢᠭᠤᠯᠤᠨ ᠦᠢᠯᠡᠳᠦᠯᠭᠡᠵᠢᠭᠦᠯᠪᠡ᠃ ᠤᠯᠠᠨ ᠲᠦᠮᠡᠨᠴᠢ ᠴᠢᠨᠠᠷᠲᠠᠢ | ᠤᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠶᠢ ᠭᠦᠨᠵᠡᠭᠡᠶᠢᠷᠡᠭᠦᠯᠪᠡ᠃ ᠰᠣᠨᠢᠨ ᠮᠡᠳᠡᠭᠡᠯᠡᠯ ᠬᠡᠪᠯᠡᠯ᠂ ᠷᠠᠳᠢᠣ᠋ | ᠨᠡᠪᠲᠡᠷᠡᠭᠦᠯᠭᠡ ᠺᠢᠨᠣ᠋ ᠲᠧᠯᠸᠢᠰ᠂ ᠤᠳᠬ᠎ᠠ ᠵᠣᠬᠢᠶᠠᠯ ᠤᠷᠠᠯᠢᠭ᠂ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ | ᠪᠠ ᠳᠠᠩᠰᠠ ᠡᠪᠬᠡᠮᠡᠯ ᠵᠡᠷᠭᠡ ᠶᠢᠨ ᠦᠢᠯᠡᠰ ᠢ ᠬᠥᠭᠵᠢᠭᠦᠯᠵᠦ᠂ ᠤᠶᠤᠨ ᠤ ᠬᠥᠮᠥᠷᠭᠡ ᠶᠢᠨ ᠪᠠᠶᠢᠭᠤᠯᠤᠯᠲᠠ ᠶᠢ | ᠴᠢᠩᠭᠠᠳᠬᠠᠪᠠ᠃ ᠵᠠᠭᠤᠴᠢᠯᠠᠭᠤᠷ ᠤᠨ ᠭᠦᠨᠵᠡᠭᠡᠢ ᠠᠭᠤᠰᠤᠯᠴᠠᠯ ᠢ ᠯᠠᠪᠳᠠᠭᠤᠨ ᠪᠠᠲᠤᠲᠠᠢ ᠠᠬᠢᠭᠤᠯᠪᠠ᠃ ᠤᠯᠠᠨ | ᠤᠯᠤᠰ ᠲᠤ ᠤᠯᠠᠮᠵᠢᠯᠠᠨ ᠲᠠᠷᠬᠠᠭᠠᠬᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠪᠡ᠃ ᠢᠨᠲ᠋ᠧᠷ ᠰᠦᠯᠵᠢᠶᠡᠨ ᠤ | ᠠᠭᠤᠯᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ ᠢᠨᠲ᠋ᠧᠷ ᠰᠦᠯᠵᠢᠶᠡᠨ ᠤ ᠠᠭᠤᠯᠭ᠎ᠠ ᠶᠢᠨ ᠪᠠᠶᠢᠭᠤᠯᠤᠯᠲᠠ ᠶᠢᠨ | ᠰᠢᠨ᠎ᠡ ᠶᠢ ᠡᠭᠦᠳᠪᠡ᠃ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠲᠡᠦᠬᠡ ᠶᠢᠨ | ᠳᠤᠷᠠᠰᠬᠠᠯᠲᠤ ᠵᠦᠢᠯ ᠪᠣᠯᠣᠨ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠶᠢ ᠴᠢᠩᠭᠠᠳᠬᠠᠪᠠ᠃ | ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠬᠡᠷᠡᠭᠵᠢᠭᠦᠯᠵᠦ᠂ ᠣᠯᠠᠨ ᠨᠡᠶᠢᠲᠡ ᠶᠢᠨ ᠨᠣᠮ ᠤᠨ | ᠰᠠᠩ᠂ ᠮᠦᠽᠧᠢ᠂ ᠤᠷᠠᠨ ᠵᠢᠷᠤᠭ ᠤᠨ ᠣᠷᠳᠣᠨ᠂ ᠰᠣᠶᠣᠯ ᠤᠨ ᠣᠷᠳᠣᠨ ᠥᠷᠲᠡᠭᠡ ᠶᠢ ᠨᠡᠶᠢᠭᠡᠮ ᠨᠠᠶᠢᠳᠡ ᠳᠤ | ᠰᠦᠢᠳᠬᠡᠯ ᠬᠤᠷᠢᠶᠠᠬᠤ ᠦᠭᠡᠢ ᠪᠠᠷ ᠨᠡᠭᠡᠭᠡᠪᠡ᠃ ᠠᠷᠠᠳ ᠨᠠᠶᠢᠳᠡ ᠪᠠᠷ ᠢᠶᠠᠨ ᠨᠣᠮ ᠤᠩᠰᠢᠬᠤ ᠶᠢ ᠭᠦᠨᠵᠡᠭᠡᠢ | ᠠᠬᠢᠭᠤᠯᠪᠠ᠃ ᠰᠣᠶᠣᠯ ᠤᠨ ᠠᠵᠤ ᠦᠢᠯᠡᠰ ᠤᠨ ᠬᠥᠭᠵᠢᠯᠲᠡ ᠶᠢ ᠲᠡᠮᠵᠢᠪᠡ᠃ ᠤᠯᠤᠰ ᠤᠨ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠪᠠ᠃ ᠲᠠᠮᠢᠷᠴᠢᠳ ᠡᠷᠡᠯᠬᠡᠭᠯᠡᠨ ᠴᠢᠷᠮᠠᠶᠢᠵᠤ | ᠰᠢᠯᠢᠳᠡᠭ ᠬᠢᠷᠢ ᠪᠦᠳᠦᠮᠵᠢ ᠣᠯᠵᠤ᠂ ᠠᠷᠠᠳ ᠨᠡᠶᠢᠲᠡ ᠶᠢᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠠᠵᠢᠯᠯᠠᠭ᠎ᠠ | ᠶᠢ ᠥᠷᠭᠡᠨ ᠢᠶᠠᠷ ᠥᠷᠨᠢᠭᠦᠯᠪᠡ᠃ | ︵ᠠᠷᠪᠠ︶ ᠵᠠᠰᠠᠭ ᠤᠨ ᠣᠷᠳᠣᠨ ᠤ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠬᠦ ᠪᠠ | ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠭᠦ ᠶᠢ ᠠᠬᠢᠭᠤᠯᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ | ᠪᠠᠶᠢᠳᠠᠯ ᠢ ᠪᠠᠲᠤᠯᠠᠪᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠵᠤ᠂ ᠠᠵᠤ | ᠠᠬᠤᠢ ᠨᠡᠶᠢᠭᠡᠮ ᠤᠨ ᠠᠵᠢᠯᠯᠠᠭ᠎ᠠ ᠶᠢ ᠬᠠᠤᠯᠢ ᠪᠠᠷ ᠵᠠᠰᠠᠬᠤ ᠵᠠᠮ ᠢᠶᠠᠷ ᠨᠡᠩ ᠰᠠᠶᠢᠨ ᠶᠠᠪᠤᠭᠳᠠᠭᠤᠯᠪᠠ᠃ ᠬᠠᠤᠯᠢ | ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ᠂ ᠶᠡᠭᠡ ᠶᠣᠰᠣ ᠶᠢ ᠲᠦᠮᠡᠨ ᠤ ᠲᠥᠯᠥᠭᠡ ᠪᠤᠯᠭᠠᠵᠤ᠂ ᠬᠠᠤᠯᠢ ᠶᠢ | ᠴᠢᠩᠭ᠎ᠠ ᠵᠢᠷᠦᠮᠵᠢᠭᠤᠨ ᠭᠤᠤᠯᠴᠢ ᠪᠣᠯᠪᠠᠰᠤᠨ ᠢᠶᠠᠷ ᠬᠡᠷᠡᠭᠵᠢᠭᠦᠯᠵᠦ᠂ ᠵᠠᠰᠠᠭ ᠤᠨ ᠣᠷᠳᠣᠨ ᠤ ᠡᠷᠬᠡ ᠶᠢ ᠠᠷᠠᠳ | ᠲᠦᠮᠡᠨ ᠣᠯᠭᠤᠭᠰᠠᠨ ᠪᠣᠯᠬᠤᠷ᠂ ᠡᠷᠬᠡ ᠠᠳᠬᠤᠭᠠᠳ ᠳᠤᠷ᠎ᠠ ᠪᠠᠷ ᠢᠶᠠᠨ ᠪᠠᠶᠢᠵᠤ ᠪᠤᠯᠬᠤ ᠦᠭᠡᠢ᠂ ᠡᠷᠬᠡ | ᠬᠡᠷᠡᠭᠯᠡᠬᠦ ᠳᠡᠭᠡᠨ ᠡᠷᠬᠡᠪᠰᠢ ᠬᠢᠨᠠᠯᠲᠠ ᠬᠦᠯᠢᠶᠡᠬᠦ ᠬᠡᠷᠡᠭᠲᠡᠢ ᠪᠠᠶᠢᠬᠤ ᠶᠢ ᠬᠡᠷᠡᠭᠵᠢᠭᠦᠯᠪᠡ᠃ ᠬᠠᠤᠯᠢ ᠴᠠᠭᠠᠵᠠ ᠬᠠᠤᠯᠢ | ᠲᠣᠭᠲᠠᠭᠠᠯ ᠪᠠ ᠳᠦᠷᠢᠮ ᠲᠣᠭᠲᠠᠭᠠᠯ ᠢ ᠲᠡᠭᠦᠯᠳᠡᠷᠵᠢᠭᠦᠯᠬᠦ ᠶᠢ ᠠᠬᠢᠭᠤᠯᠵᠤ᠂ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ 50 ᠬᠤᠪᠢ ᠬᠠᠤᠯᠢ ᠴᠠᠭᠠᠵᠠ ᠶᠢᠨ ᠰᠠᠨᠠᠯ | ᠵᠥᠪᠯᠡᠯᠭᠡ ᠶᠢ ᠬᠢᠨᠠᠨ ᠶᠠᠷᠢᠯᠴᠠᠭᠤᠯᠬᠤ ᠪᠠᠷ ᠳᠡᠪᠰᠢᠭᠦᠯᠵᠦ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠢ 180 | ᠬᠤᠪᠢ ᠤᠳᠠᠭ᠎ᠠ ᠲᠣᠭᠲᠠᠭᠠᠭᠰᠠᠨ ᠪᠠ ᠵᠠᠰᠠᠨ ᠲᠣᠭᠲᠠᠭᠠᠪᠠ᠃ ᠠᠳᠠᠯᠢ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠢᠨᠠᠯᠲᠠ ᠶᠢ ᠬᠠᠤᠯᠢ ᠶᠣᠰᠣᠭᠠᠷ | ᠬᠦᠯᠢᠶᠡᠵᠦ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ | ᠬᠦᠯᠢᠶᠡᠵᠦ᠂ ᠨᠡᠶᠢᠭᠡᠮ ᠨᠡᠶᠢᠳᠡ ᠶᠢᠨ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠪᠡ | ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠪᠠ ᠤᠯᠤᠰ | ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠬᠢᠨᠠᠮᠠᠭᠠᠢ ᠰᠢᠢᠳᠪᠦᠷᠢᠯᠡᠪᠡ᠃ ᠬᠢᠨᠠᠨ | ᠪᠣᠳᠣᠯᠲᠠ ᠶᠢᠨ ᠪᠠ ᠲᠤᠭ᠎ᠠ ᠪᠦᠷᠢᠳᠬᠡᠯ ᠤᠨ ᠬᠢᠨᠠᠯᠲᠠ ᠶᠢ ᠴᠢᠩᠭᠠᠳᠬᠠᠪᠠ᠃ ᠵᠠᠰᠠᠭ ᠤᠨ ᠶᠠᠪᠤᠳᠠᠯ ᠢ ᠢᠯᠡ | ᠪᠤᠯᠭᠠᠬᠤ ᠶᠢ ᠦᠷᠭᠦᠯᠵᠢᠯᠡᠨ ᠭᠦᠨᠵᠡᠭᠡᠶᠢᠷᠡᠭᠦᠯᠪᠡ᠃ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠭᠡ ᠰᠢᠪᠠᠳᠠᠨ | ᠪᠠᠶᠢᠴᠠᠭᠠᠯᠲᠠ ᠶᠢ ᠥᠷᠨᠢᠭᠦᠯᠪᠡ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ | ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ ᠤᠯᠠᠨ ᠲᠦᠮᠡᠨ ᠤ ᠪᠦᠯᠭᠦᠮ ᠤᠨ ᠵᠣᠬᠢᠶᠠᠨ ᠪᠠᠶᠢᠭᠤᠯᠤᠯᠲᠠ ᠶᠢᠨ | ᠦᠢᠯᠡᠳᠦᠯ ᠢᠶᠠᠨ ᠨᠡᠩ ᠰᠠᠶᠢᠨ ᠪᠠᠳᠠᠷᠠᠭᠤᠯᠬᠤ ᠶᠢ ᠳᠡᠮᠵᠢᠪᠡ᠃ | ᠨᠡᠶᠢᠭᠡᠮ ᠤᠨ ᠵᠠᠰᠠᠯᠲᠠ ᠶᠢ ᠴᠢᠩᠭᠠᠳᠬᠠᠵᠤ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠪᠡ᠃ | ᠬᠤᠲᠠ ᠶᠢᠨ ᠪᠦᠰᠡ ᠶᠢᠨ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠠᠬᠢᠭᠤᠯᠵᠤ᠂ ᠦᠨᠳᠦᠰᠦᠨ ᠱᠠᠲᠤᠨ ᠤ | ᠵᠠᠰᠠᠯᠲᠠ ᠶᠢ ᠲᠡᠭᠦᠯᠳᠡᠷᠵᠢᠭᠦᠯᠦᠨ᠂ ᠨᠡᠶᠢᠭᠡᠮ ᠲᠣᠭᠤᠷᠢᠭ ᠤᠨ ᠦᠢᠯᠡᠴᠢᠯᠡᠭᠡ ᠶᠢ ᠰᠢᠯᠢᠳᠡᠭᠵᠢᠭᠦᠯᠪᠡ᠃ ᠨᠡᠶᠢᠭᠡᠮ ᠤᠨ | ᠵᠣᠬᠢᠶᠠᠨ ᠪᠠᠶᠢᠭᠤᠯᠤᠯᠲᠠ᠂ ᠬᠥᠮᠦᠯᠢᠭ ᠠᠪᠤᠷᠠᠨ ᠲᠤᠰᠠᠯᠠᠯᠲᠠ᠂ ᠨᠡᠶᠢᠭᠡᠮ ᠤᠨ ᠠᠵᠢᠯ᠂ ᠰᠠᠶᠢᠨ ᠳᠤᠷ᠎ᠠ ᠶᠢᠨ | ᠦᠢᠯᠡᠴᠢᠯᠡᠭᠡ᠂ ᠨᠡᠶᠢᠲᠡ ᠶᠢᠨ ᠠᠰᠠᠷᠠᠮᠵᠢ ᠨᠢᠭᠦᠯᠡᠰᠦᠩᠭᠦᠢ ᠶᠢᠨ ᠦᠢᠯᠡᠰ ᠵᠡᠷᠭᠡ ᠶᠢᠨ ᠡᠷᠡᠭᠦᠯ ᠢᠶᠠᠷ ᠭᠦᠭᠵᠢᠭᠦ ᠶᠢ | ᠲᠡᠮᠵᠢᠪᠡ᠃ ᠵᠠᠬᠢᠳᠠᠯ ᠰᠣᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠠᠷᠢᠯᠭᠠᠬᠤ ᠶᠢ ᠭᠦᠨᠵᠡᠭᠡᠢ ᠠᠬᠢᠭᠤᠯᠪᠠ᠃ | ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠪᠠ᠃ ᠤᠯᠠᠨ ᠨᠡᠶᠢᠲᠡ ᠶᠢᠨ ᠬᠠᠤᠯᠢ | ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠪᠡ᠃ ᠢᠳᠡᠭᠡᠨ ᠤ ᠵᠦᠢᠯ᠂ ᠡᠮ ᠤᠨ ᠵᠦᠢᠯ | ᠢᠯᠠᠩᠭᠤᠶ᠎ᠠ ᠸᠠᠺᠼᠢᠨ ᠤ ᠬᠢᠨᠠᠯᠲᠠ ᠬᠠᠮᠢᠶᠠᠷᠤᠯᠲᠠ ᠶᠢ ᠴᠢᠩᠳᠠᠯᠠᠪᠠ᠃ ᠠᠶᠤᠯ ᠦᠭᠡᠢ ᠦᠢᠯᠡᠳᠪᠦᠷᠢᠯᠡᠯ ᠤᠨ ᠲᠤᠰᠬᠠᠢ | ᠴᠡᠭᠴᠡᠯᠡᠨ ᠵᠠᠰᠠᠯᠲᠠ ᠶᠢ ᠥᠷᠨᠢᠭᠦᠯᠪᠡ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢ ᠥᠭᠡᠷᠡᠴᠢᠯᠡᠨ | ᠴᠢᠩᠭᠠᠳᠬᠠᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠪᠠ ᠭᠠᠮᠰᠢᠭ ᠠᠴᠠ ᠠᠪᠤᠷᠠᠬᠤ ᠴᠢᠳᠠᠪᠤᠷᠢ ᠪᠠᠨ | ᠳᠡᠭᠡᠭᠰᠢᠯᠡᠭᠦᠯᠵᠦ᠂ ᠦᠶᠡᠷ ᠤᠰᠤᠲᠤᠯ ᠭᠠᠩ ᠬᠠᠭᠰᠠᠷᠠᠭᠠᠨ᠂ ᠣᠢ ᠰᠢᠭᠤᠢ ᠨᠤᠲᠤᠭ ᠪᠡᠯᠴᠢᠭᠡᠷ ᠤᠨ ᠲᠦᠢᠮᠡᠷ᠂ | ᠭᠠᠵᠠᠷ ᠤᠨ ᠭᠠᠢ ᠭᠠᠮᠰᠢᠭ᠂ ᠭᠠᠵᠠᠷ ᠬᠥᠳᠡᠯᠦᠯᠲᠡ ᠵᠡᠷᠭᠡ ᠶᠢᠨ ᠰᠡᠷᠭᠡᠶᠢᠯᠡᠯᠲᠡ ᠪᠠ ᠴᠠᠭ ᠠᠭᠤᠷ ᠤᠨ | ᠦᠢᠯᠡᠴᠢᠯᠡᠭᠡ ᠶᠢ ᠰᠠᠶᠢᠲᠤᠷ ᠬᠢᠪᠡ᠃ ᠤᠯᠤᠰ ᠤᠨ ᠠᠮᠤᠷ ᠲᠦᠪᠰᠢᠨ ᠤ ᠰᠢᠰᠲ᠋ᠧᠮ ᠪᠠ ᠴᠢᠳᠠᠪᠤᠷᠢ ᠶᠢᠨ | ᠪᠠᠶᠢᠭᠤᠯᠤᠯᠲᠠ ᠶᠢ ᠭᠦᠨᠵᠡᠭᠡᠢ ᠠᠬᠢᠭᠤᠯᠪᠠ᠃ ᠰᠦᠯᠵᠢᠶ᠎ᠡ᠂ ᠳ᠋ᠠᠶᠢᠲ᠋ᠠ ᠶᠢᠨ ᠠᠮᠤᠷ ᠲᠦᠪᠰᠢᠨ ᠪᠠ ᠬᠤᠪᠢ ᠬᠥᠮᠥᠨ ᠤ | ᠮᠡᠳᠡᠭᠡ ᠵᠠᠩᠭᠢ ᠶᠢᠨ ᠬᠠᠮᠠᠭᠠᠯᠠᠯᠲᠠ ᠶᠢ ᠴᠢᠩᠭᠠᠳᠬᠠᠪᠠ᠃ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ | ᠠᠵᠢᠯ ᠢ ᠦᠷᠭᠦᠯᠵᠢᠯᠡᠨ ᠴᠢᠩᠭᠠᠳᠬᠠᠵᠤ᠂ ᠬᠠᠤᠯᠢ ᠠᠴᠠ ᠵᠥᠷᠢᠴᠡᠭᠰᠡᠨ ᠡᠯ᠎ᠡ ᠲᠥᠷᠥᠯ ᠤᠨ ᠶᠠᠯᠠᠲᠤ ᠠᠵᠢᠯᠯᠠᠭ᠎ᠠ ᠳᠤ | ᠴᠢᠩᠭ᠎ᠠ ᠴᠣᠬᠢᠯᠲᠠ ᠥᠭᠴᠦ᠂ ᠬᠠᠷ᠎ᠠ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠥᠷᠨᠢᠭᠦᠯᠵᠦ᠂ ᠬᠠᠷ᠎ᠠ | ᠬᠠᠷᠭᠢᠰ ᠬᠦᠴᠦᠨ ᠵᠢᠴᠢ ︽ᠥᠮᠥᠭ ᠬᠠᠯᠬᠠᠪᠴᠢ︾ ᠶᠢ ᠨᠢ ᠬᠠᠤᠯᠢ ᠶᠣᠰᠣᠭᠠᠷ ᠴᠢᠩᠭ᠎ᠠ ᠰᠢᠢᠳᠬᠡᠵᠦ᠂ ᠠᠮᠤᠷ | ᠠᠮᠤᠭᠤᠯᠠᠩ ᠳᠤᠮᠳᠠᠳᠤ ᠤᠯᠤᠰ᠂ ᠬᠠᠤᠯᠢ ᠪᠠᠷ ᠵᠠᠰᠠᠬᠤ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠰᠢᠨ᠎ᠡ | ᠠᠬᠢᠴᠠ ᠲᠠᠢ ᠪᠣᠯᠪᠠ᠃ | ᠲᠥᠯᠥᠭᠡᠯᠡᠭᠴᠢᠳ ᠠ᠋︕ | ᠲᠠᠪᠤᠨ ᠵᠢᠯ ᠤᠨ ᠲᠤᠷᠰᠢ᠂ ᠡᠯ᠎ᠡ ᠱᠠᠲᠤᠨ ᠤ ᠵᠠᠰᠠᠭ ᠤᠨ ᠣᠷᠳᠣᠨ ᠨᠠᠮ ᠤᠨ ᠲᠥᠪ ᠬᠤᠷᠢᠶ᠎ᠠ ᠶᠢᠨ ᠪᠦᠭᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠲᠤᠯᠭᠤᠷ ᠵᠣᠷᠢᠯᠲᠠ ᠪᠠᠨ ᠦᠯᠦ ᠮᠠᠷᠲᠠᠨ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠪᠠ ᠨᠠᠮ ᠤᠨ ᠲᠡᠦᠬᠡ ᠶᠢᠨ ᠰᠤᠷᠤᠯᠴᠠᠯᠭ᠎ᠠ | ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ | ᠪᠠᠳᠠᠷᠠᠭᠤᠯᠤᠨ᠂ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ︽ᠳᠥᠷᠪᠡᠨ ᠰᠤᠷᠲᠠᠯ︾ ᠢ ᠰᠢᠨᠲᠠᠷᠠᠰᠢ ᠦᠭᠡᠢ ᠵᠠᠯᠠᠷᠠᠭᠤᠯᠤᠨ ᠵᠠᠰᠠᠵᠤ᠂ ᠭᠡᠯᠪᠡᠷᠢ ᠶᠢᠨ | ᠦᠵᠡᠯ᠂ ᠨᠣᠶᠠᠨᠴᠢ ᠰᠤᠷᠲᠠᠯ ᠢ ᠭᠤᠣᠯᠳᠠᠯᠭ᠎ᠠ ᠲᠠᠢ ᠵᠠᠯᠠᠷᠠᠭᠤᠯᠤᠨ ᠵᠠᠰᠠᠵᠤ᠂ ︽ᠭᠤᠷᠪᠠᠨ ᠵᠦᠢᠯ ᠤᠨ ᠠᠯᠪᠠᠨ ᠤ | ᠵᠠᠷᠤᠳᠠᠯ︾ ᠢ ᠶᠡᠭᠡ ᠪᠠᠷ ᠪᠠᠭᠠᠰᠬᠠᠨ ᠬᠠᠰᠤᠪᠠ᠃ ᠲᠣᠭᠲᠠᠭᠠᠯ ᠠᠴᠠ ᠵᠥᠷᠢᠴᠡᠨ ᠠᠰᠠᠷ ᠲᠠᠭᠲᠤ ᠲᠠᠩᠬᠢᠮ ᠪᠠᠭᠤᠳᠠᠯ | ᠪᠠᠶᠢᠭᠤᠯᠤᠭᠰᠠᠨ ᠪᠠ ᠭᠠᠶᠢᠯᠢ ᠶᠢ ᠳᠠᠷᠤᠵᠤ ᠭᠠᠶᠢᠯᠢ ᠠᠴᠠ ᠵᠠᠶᠢᠯᠠᠭᠰᠠᠨ ᠵᠡᠷᠭᠡ ᠦᠢᠯᠡ ᠠᠵᠢᠯᠯᠠᠭ᠎ᠠ ᠶᠢ ᠴᠢᠩᠭ᠎ᠠ | ᠵᠠᠯᠬᠠᠭᠠᠨ ᠰᠢᠢᠳᠬᠡᠪᠡ᠃ ᠠᠷᠢᠭᠤᠨ ᠴᠢᠬᠡᠴᠢ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠪᠠ᠃ | ᠵᠠᠰᠠᠭ ᠤᠨ ᠣᠷᠳᠣᠨ ᠤ ᠠᠵᠢᠯᠲᠠᠨ ᠬᠠᠤᠯᠢ ᠴᠠᠭᠠᠵᠠ ᠶᠢᠨ ᠬᠢᠨᠠᠯᠲᠠ᠂ ᠬᠢᠨᠠᠨ ᠪᠠᠶᠢᠴᠠᠭᠠᠬᠤ ᠬᠢᠨᠠᠯᠲᠠ ᠪᠠ ᠠᠷᠠᠳ | ᠲᠦᠮᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠪᠡ᠃ | ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠵᠢᠯ ᠢ ᠰᠠᠶᠢᠲᠤᠷ ᠬᠢᠬᠦ ᠳᠤ ᠳᠥᠲᠡ ᠵᠠᠮ ᠭᠡᠵᠦ ᠪᠠᠶᠢᠳᠠᠭ | ᠦᠭᠡᠢ᠂ ᠪᠣᠳᠠᠲᠠᠢ ᠪᠠᠷ ᠠᠵᠢᠯᠯᠠᠬᠤ ᠨᠢ ᠮᠠᠰᠢ ᠴᠢᠬᠤᠯᠠ ᠶᠤᠮ᠃ ᠲᠠᠪᠤᠨ ᠵᠢᠯ ᠤᠨ ᠲᠤᠷᠰᠢ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠦᠨᠳᠦᠰᠦᠨ ᠤᠨᠤᠯ᠂ ᠦᠨᠳᠦᠰᠦᠨ ᠱᠤᠭᠤᠮ᠂ | ᠦᠨᠳᠦᠰᠦᠨ ᠠᠷᠭ᠎ᠠ ᠪᠣᠳᠣᠯᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠪᠠ᠃ ᠠᠵᠤ ᠠᠬᠤᠢ ᠶᠢᠨ ᠪᠦᠲᠦᠭᠡᠨ | ᠪᠠᠶᠢᠭᠤᠯᠤᠯᠲᠠ ᠪᠠᠷ ᠭᠤᠣᠯᠳᠠᠯᠭ᠎ᠠ ᠪᠤᠯᠭᠠᠬᠤ ᠶᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ | ᠠᠬᠢᠭᠤᠯᠵᠤ᠂ ᠤᠴᠢᠷ ᠶᠠᠪᠤᠳᠠᠯ ᠤᠨ ᠡᠮᠦᠨ᠎ᠡ ᠬᠦᠴᠢᠷ ᠲᠦᠪᠡᠭ ᠠᠴᠠ ᠦᠯᠦ ᠡᠮᠢᠶᠡᠨ᠂ ᠠᠵᠢᠯ ᠶᠠᠪᠤᠳᠠᠯ | ᠪᠦᠲᠦᠭᠡᠬᠦ ᠳᠡᠭᠡᠨ ᠭᠠᠴᠢᠭ ᠪᠡᠷᠬᠡᠰᠢᠶᠡᠯ ᠠᠴᠠ ᠦᠯᠦ ᠳᠠᠯᠳᠢᠷᠠᠵᠤ᠂ ᠪᠣᠳᠠᠲᠠᠢ ᠠᠵᠢᠯᠯᠠᠬᠤ ᠪᠠᠷ ᠠᠮᠠᠯᠠᠯᠲᠠ ᠪᠠᠨ | ᠦᠢᠯᠡᠳᠦᠯᠭᠡᠵᠢᠭᠦᠯᠬᠦ ᠶᠢ ᠱᠠᠭᠠᠷᠳᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠲᠥᠪᠯᠡᠷᠡᠭᠦᠯᠦᠨ ᠬᠥᠭᠵᠢᠯᠲᠡ ᠶᠢ | ᠠᠳᠬᠤᠪᠠ︔ ᠠᠷᠠᠳ ᠲᠦᠮᠡᠨ ᠤ ᠬᠦᠰᠡᠯ ᠡᠷᠡᠮᠡᠯᠵᠡᠯ ᠢᠶᠠᠷ ᠵᠠᠰᠠᠭ ᠶᠠᠪᠤᠭᠤᠯᠬᠤ ᠬᠠᠨᠳᠤᠰᠢ ᠪᠤᠯᠭᠠᠵᠤ᠂ ᠠᠷᠠᠳ | ᠲᠦᠮᠡᠨ ᠢ ᠢᠮᠠᠭᠲᠠ ᠰᠡᠳᠬᠢᠯ ᠵᠢᠷᠦᠬᠡᠨ ᠤ ᠪᠠᠨ ᠬᠠᠮᠤᠭ ᠤᠨ ᠳᠡᠭᠡᠳᠦ ᠪᠠᠶᠢᠷᠢᠨ ᠳᠤ ᠲᠠᠯᠪᠢᠵᠤ᠂ ᠠᠯᠢᠪᠠ | ᠪᠦᠭᠦᠨ ᠳᠤ ᠠᠷᠠᠳ ᠲᠦᠮᠡᠨ ᠤ ᠠᠰᠢᠭ ᠲᠤᠰᠠ ᠶᠢ ᠴᠢᠬᠤᠯᠠᠴᠢᠯᠠᠨ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ | ᠨᠠᠷᠢᠨ ᠨᠢᠮᠪᠠᠢ ᠰᠣᠨᠣᠰᠴᠤ᠂ ᠤᠯᠠᠨ ᠲᠦᠮᠡᠨ ᠤ ᠵᠣᠪᠠᠯ ᠵᠢᠷᠭᠠᠯ ᠢ ᠭᠦᠨᠵᠡᠭᠡᠢ ᠣᠶᠢᠯᠠᠭᠠᠵᠤ᠂ ᠠᠷᠠᠳ ᠤᠯᠠᠨ ᠤ | ᠪᠠᠴᠢᠮᠳᠠᠵᠤ ᠬᠦᠴᠢᠷᠳᠡᠵᠦ ᠵᠣᠪᠠᠵᠤ ᠬᠦᠰᠡᠵᠦ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠪᠡ︔ ᠦᠨᠡᠨ ᠠᠴᠠ | ᠵᠥᠪ ᠢ ᠡᠷᠢᠬᠦ ᠶᠢ ᠪᠠᠷᠢᠮᠲᠠᠯᠠᠵᠤ᠂ ᠪᠤᠰᠤᠳᠴᠢ ᠵᠢᠮ᠎ᠡ ᠶᠣᠰᠣ ᠶᠢ ᠬᠦᠨᠳᠦᠳᠬᠡᠨ᠂ ᠬᠡᠢ ᠬᠤᠭᠤᠰᠤᠨ ᠶᠠᠷᠢᠵᠤ | ᠣᠩᠭᠢᠷᠠᠬᠤ᠂ ᠥᠩᠭᠡᠪᠴᠢ ᠠᠵᠢᠯ ᠬᠢᠬᠦ᠂ ᠳᠦᠷᠢ ᠲᠥᠷᠬᠦ ᠶᠢᠨ ᠢᠨᠵᠧᠨᠧᠷᠢᠩ ᠬᠢᠬᠦ ᠴᠢᠨᠠᠭᠰᠢᠯᠠᠪᠠᠯ ᠰᠣᠬᠤᠷ | ᠪᠠᠯᠠᠢ ᠪᠠᠷ ᠠᠵᠢᠯᠯᠠᠬᠤ ᠶᠢ ᠡᠷᠡᠰ ᠡᠰᠡᠷᠭᠦᠴᠡᠪᠡ︔ ᠥᠭᠡᠷᠡᠴᠢᠯᠡᠯᠲᠡ ᠶᠢᠨ ᠠᠷᠭ᠎ᠠ ᠪᠠ ᠰᠢᠨᠲᠠᠷᠠᠰᠢ ᠦᠭᠡᠢ ᠵᠣᠷᠢᠭ | ᠰᠠᠨᠠᠭ᠎ᠠ ᠪᠠᠷ ᠬᠦᠴᠢᠷ ᠠᠰᠠᠭᠤᠳᠠᠯ ᠢ ᠰᠢᠢᠳᠪᠦᠷᠢᠯᠡᠨ᠂ ᠠᠮᠢᠵᠢᠷᠠᠯ ᠤᠨ ᠬᠦᠴᠦᠨ ᠢ ᠬᠥᠭᠵᠢᠭᠡᠵᠦ᠂ ᠵᠣᠷᠢᠭᠲᠠᠢ ᠪᠠᠷ | ᠬᠠᠷᠢᠭᠤᠴᠠᠯᠭ᠎ᠠ ᠡᠭᠦᠷᠭᠡᠯᠡᠬᠦ ᠶᠢ ᠤᠷᠮᠠᠰᠢᠭᠤᠯᠤᠨ ᠵᠣᠷᠢᠭᠵᠢᠭᠤᠯᠵᠤ᠂ ᠵᠠᠰᠠᠭ ᠤᠨ ᠠᠵᠢᠯ ᠳᠤ ᠦᠬᠡᠨᠴᠡ ᠵᠠᠯᠬᠠᠭᠤ | ᠬᠥᠮᠥᠰ ᠠᠴᠠ ᠬᠠᠷᠢᠭᠤᠴᠠᠯᠭ᠎ᠠ ᠨᠡᠬᠡᠮᠵᠢᠯᠡᠪᠡ᠃ ᠠᠷᠠᠳ ᠣᠯᠠᠨ ᠤ ᠡᠭᠦᠳᠦᠨ ᠪᠦᠲᠦᠭᠡᠬᠦ ᠵᠣᠷᠢᠭ ᠰᠠᠨᠠᠭ᠎ᠠ ᠶᠢ | ᠭᠦᠨᠳᠦᠳᠭᠡᠵᠦ᠂ ᠡᠯ᠎ᠡ ᠲᠠᠯ᠎ᠠ ᠶᠢᠨ ᠬᠢᠨ ᠤ ᠢᠳᠡᠪᠬᠢᠵᠢᠯ ᠢ ᠭᠦᠢᠴᠡᠳ ᠳᠠᠶᠢᠴᠢᠯᠠᠬᠤ ᠶᠢᠨ ᠤᠯᠠᠮ ᠠᠴᠠ | ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠦᠴᠦᠨ ᠢ ᠨᠢᠭᠲᠠᠷᠠᠭᠤᠯᠪᠠ᠃ | ᠲᠥᠯᠥᠭᠡᠯᠡᠭᠴᠢᠳ ᠠ᠋︕ | ᠥᠩᠭᠡᠷᠡᠭᠰᠡᠨ ᠲᠠᠪᠤᠨ ᠵᠢᠯ ᠳᠤ᠂ ᠦᠨᠳᠦᠰᠦᠲᠡᠨ᠂ ᠱᠠᠰᠢᠨ ᠰᠤᠷᠲᠠᠬᠤᠨ᠂ ᠬᠠᠷᠢᠶᠠᠲᠤ ᠨᠠᠷ ᠤᠨ ᠶᠠᠪᠤᠳᠠᠯ | ᠵᠡᠷᠭᠡ ᠶᠢᠨ ᠠᠵᠢᠯ ᠢ ᠰᠢᠨ᠎ᠡ ᠶᠢ ᠡᠭᠦᠳᠦᠨ ᠲᠡᠭᠦᠯᠳᠡᠷᠵᠢᠭᠦᠯᠪᠡ᠃ ᠡᠷᠬᠡ ᠲᠡᠭᠰᠢ ᠪᠦᠯᠬᠦᠮᠳᠡᠯ ᠲᠠᠢ ᠬᠠᠷᠢᠯᠴᠠᠨ | ᠬᠠᠪᠰᠤᠷᠤᠯᠴᠠᠭᠰᠠᠨ ᠡᠶ᠎ᠡ ᠵᠣᠬᠢᠴᠠᠯ ᠲᠠᠢ ᠨᠡᠶᠢᠭᠡᠮ ᠵᠢᠷᠤᠮ ᠤᠨ ᠦᠨᠳᠦᠰᠦᠲᠡᠨ ᠤ ᠬᠠᠷᠢᠴᠠᠭ᠎ᠠ ᠶᠢ ᠪᠠᠬᠢᠵᠢᠭᠦᠯᠦᠨ | ᠬᠥᠭᠵᠢᠭᠦᠯᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠳᠤ ᠰᠢᠨ᠎ᠡ ᠪᠠᠶᠢᠳᠠᠯ ᠢᠯᠡᠷᠡᠪᠡ᠃ ᠨᠠᠮ ᠤᠨ ᠱᠠᠰᠢᠨ | ᠰᠤᠷᠲᠠᠬᠤᠨ ᠤ ᠠᠵᠢᠯ ᠤᠨ ᠦᠨᠳᠦᠰᠦᠨ ᠴᠢᠭᠯᠡᠯᠲᠡ ᠶᠢ ᠲᠤᠭᠤᠰᠢᠯᠠᠭᠤᠯᠵᠤ᠂ ᠮᠠᠨ ᠤ ᠤᠯᠤᠰ ᠤᠨ ᠱᠠᠰᠢᠨ | ᠰᠤᠷᠲᠠᠬᠤᠨ ᠤ ᠳᠤᠮᠳᠠᠳᠤ ᠤᠯᠤᠰᠴᠢᠯᠠᠯᠳᠡ ᠶᠢ ᠠᠯᠬᠤᠮ ᠠᠯᠬᠤᠮ ᠢᠶᠠᠷ ᠭᠦᠨᠵᠡᠭᠡᠶᠢᠷᠡᠭᠦᠯᠬᠦ ᠶᠢ ᠠᠬᠢᠭᠤᠯᠪᠠ᠃ | ᠬᠠᠷᠢᠶᠠᠲᠤ ᠨᠠᠷ ᠤᠨ ᠶᠠᠪᠤᠳᠠᠯ ᠤᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠭᠠᠳᠠᠭᠠᠳᠤ ᠳᠤ ᠰᠠᠭᠤᠭ᠎ᠠ | ᠬᠠᠷᠢᠶᠠᠲᠤ ᠠᠬ᠎ᠠ ᠳᠡᠭᠦᠦ ᠨᠠᠷ ᠤᠨ ᠡᠬᠡ ᠤᠯᠤᠰ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠳᠤ ᠣᠷᠤᠯᠴᠠᠬᠤ | ᠶᠠᠪᠤᠴᠠ ᠳᠠᠬᠢ ᠥᠪᠡᠷᠮᠢᠴᠡ ᠳᠠᠪᠠᠭᠤᠯᠢᠭ ᠪᠠ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠪᠠ᠃ | ᠠᠷᠠᠳ ᠤᠨ ᠴᠡᠷᠢᠭ ᠠᠩᠭᠢ ᠳᠠᠬᠢ ᠨᠠᠮ ᠤᠨ ᠬᠠᠷᠢᠴᠠᠯᠠᠰᠢ ᠦᠭᠡᠢ ᠤᠳᠤᠷᠢᠳᠤᠯᠭ᠎ᠠ ᠶᠢ ᠪᠠᠷᠢᠮᠲᠠᠯᠠᠵᠤ᠂ | ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠠᠶᠢᠭᠤᠯᠤᠯᠲᠠ ᠠᠯᠢ ᠤᠯᠠᠨ ᠴᠢᠬᠤᠯᠠ ᠶᠡᠭᠡ ᠰᠢᠨ᠎ᠡ | ᠠᠮᠵᠢᠯᠲᠠ ᠪᠦᠲᠦᠮᠵᠢ ᠶᠢ ᠣᠯᠵᠤ᠂ ᠠᠯᠢ ᠤᠯᠠᠨ ᠴᠢᠬᠤᠯᠠ ᠶᠡᠭᠡ ᠬᠤᠪᠢᠰᠤᠯᠲᠠ ᠭᠠᠷᠪᠠ᠃ ᠠᠷᠠᠳ ᠤᠨ ᠴᠡᠷᠢᠭ | ᠠᠩᠭᠢ ᠤᠯᠤᠰ ᠲᠥᠷᠥ ᠪᠠᠷ ᠴᠡᠷᠢᠭ ᠪᠠᠶᠢᠭᠤᠯᠬᠤ᠂ ᠥᠭᠡᠷᠡᠴᠢᠯᠡᠯᠲᠡ ᠪᠠᠷ ᠴᠡᠷᠢᠭ ᠢ ᠬᠦᠴᠦᠷᠬᠡᠭᠵᠢᠭᠦᠯᠬᠦ᠂ ᠰᠢᠨᠵᠢᠯᠡᠬᠦ | ᠤᠬᠠᠭᠠᠨ ᠮᠡᠷᠭᠡᠵᠢᠯ ᠢᠶᠠᠷ ᠴᠡᠷᠢᠭ ᠢ ᠬᠦᠴᠦᠷᠬᠡᠭᠵᠢᠭᠦᠯᠬᠦ᠂ ᠴᠢᠳᠠᠪᠤᠷᠢᠲᠠᠨ ᠢᠶᠠᠷ ᠴᠡᠷᠢᠭ ᠢ ᠬᠦᠴᠦᠷᠬᠡᠭᠵᠢᠭᠦᠯᠬᠦ᠂ | ᠬᠠᠤᠯᠢ ᠶᠣᠰᠣᠭᠠᠷ ᠴᠡᠷᠢᠭ ᠢ ᠵᠠᠰᠠᠬᠤ ᠶᠢ ᠭᠦᠨᠵᠡᠭᠡᠢ ᠠᠬᠢᠭᠤᠯᠵᠤ᠂ ᠴᠡᠷᠢᠭ ᠪᠤᠯᠪᠠᠰᠤᠷᠠᠭᠤᠯᠵᠤ ᠲᠠᠶᠢᠨ ᠳᠤ | ᠪᠡᠯᠡᠳᠬᠡᠬᠦ ᠶᠢ ᠭᠦᠨᠵᠡᠭᠡᠢ ᠠᠬᠢᠭᠤᠯᠤᠨ᠂ ᠣᠳᠣᠬᠢᠴᠢᠯᠠᠯᠲᠠ ᠶᠢᠨ ᠬᠢᠷᠢ ᠬᠡᠮᠵᠢᠶ᠎ᠡ ᠪᠠ ᠪᠣᠳᠠᠲᠤ ᠪᠠᠶᠢᠯᠳᠤᠭᠠᠨ ᠤ | ᠴᠢᠳᠠᠪᠤᠷᠢ ᠨᠢ ᠢᠯᠡᠳᠲᠡ ᠳᠡᠭᠡᠭᠰᠢᠯᠡᠪᠡ᠃ ᠴᠡᠷᠢᠭ ᠤᠨ ᠶᠠᠪᠤᠳᠠᠯ ᠤᠨ ᠲᠡᠮᠡᠴᠡᠯ ᠢ ᠡᠷᠡᠰ ᠪᠠᠲᠤ ᠪᠥᠭᠡᠳ | ᠠᠮᠢᠳᠤᠯᠢᠭ ᠢᠶᠠᠷ ᠥᠷᠨᠢᠭᠦᠯᠵᠦ᠂ ᠬᠢᠯᠢ ᠶᠢᠨ ᠬᠠᠮᠠᠭᠠᠯᠠᠯᠲᠠ ᠶᠢᠨ ᠲᠡᠮᠡᠴᠡᠯ ᠬᠢᠬᠦ᠂ ᠳᠠᠯᠠᠶ ᠳᠡᠭᠡᠷᠡᠬᠢ ᠡᠷᠬᠡ ᠪᠠᠨ | ᠬᠠᠮᠠᠭᠠᠯᠠᠬᠤ᠂ ᠰᠦᠷᠳᠡᠭᠦᠯᠦᠯ ᠢ ᠡᠰᠡᠷᠭᠦᠴᠡᠨ ᠲᠣᠭᠲᠠᠭᠤᠨ ᠪᠠᠶᠢᠳᠠᠯ ᠢ ᠬᠠᠮᠠᠭᠠᠯᠠᠬᠤ᠂ ᠠᠶᠤᠯ ᠠᠴᠠ ᠠᠪᠤᠷᠠᠵᠤ | ᠭᠠᠮᠰᠢᠭ ᠠᠴᠠ ᠲᠡᠩᠬᠡᠷᠡᠭᠦᠯᠬᠦ᠂ ᠬᠢᠵᠢᠭ ᠢ ᠡᠰᠡᠷᠭᠦᠴᠡᠬᠦ᠂ ᠡᠩᠬᠡ ᠲᠠᠶᠢᠪᠤᠩ ᠢ ᠬᠠᠮᠠᠭᠠᠯᠠᠵᠤ ᠠᠶᠠᠯᠠᠯ ᠢ ᠬᠠᠮᠠᠭᠠᠯᠠᠬᠤ | ᠵᠡᠷᠭᠡ ᠴᠢᠬᠤᠯᠠ ᠶᠡᠭᠡ ᠡᠭᠦᠷᠭᠡ ᠶᠢ ᠪᠦᠲᠦᠮᠵᠢᠲᠡᠶ ᠭᠦᠢᠴᠡᠳᠬᠡᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠳᠠᠶᠢᠴᠢᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ | ᠠᠰᠢᠭ ᠲᠤᠰᠠ ᠶᠢ ᠬᠦᠴᠦᠲᠡᠢ ᠬᠠᠮᠠᠭᠠᠯᠠᠪᠠ᠃ | ᠰᠢᠶᠠᠩᠭᠠᠩ ᠣᠣᠮᠧᠨ ᠲᠠᠶᠢᠸᠠᠨ ᠤ ᠠᠵᠢᠯ ᠰᠢᠨ᠎ᠡ ᠠᠬᠢᠴᠠ ᠲᠠᠢ ᠪᠣᠯᠪᠠ᠃ ᠦᠨᠳᠦᠰᠦᠨ ᠬᠠᠤᠯᠢ ᠪᠣᠯᠣᠨ | ᠭᠤᠣᠯ ᠬᠠᠤᠯᠢ ᠶᠢᠨ ᠶᠣᠰᠣᠭᠠᠷ ᠵᠠᠰᠠᠭ ᠵᠠᠬᠢᠷᠭᠠᠨ ᠤ ᠣᠨᠴᠠᠭᠠᠶ ᠣᠷᠣᠨ ᠢ ᠪᠦᠭᠦ ᠲᠠᠯ᠎ᠠ ᠪᠠᠷ ᠬᠠᠮᠢᠶᠠᠷᠤᠨ ᠵᠠᠰᠠᠬᠤ | ᠡᠷᠬᠡ ᠪᠠᠨ ᠪᠦᠲᠦᠮᠵᠢᠲᠡᠶ ᠬᠡᠷᠡᠭᠵᠢᠭᠦᠯᠵᠦ᠂ ᠰᠢᠶᠠᠩᠭᠠᠩ ᠤᠨ ᠵᠠᠰᠠᠭ ᠵᠠᠬᠢᠷᠭᠠᠨ ᠤ ᠣᠨᠴᠠᠭᠠᠶ ᠣᠷᠣᠨ ᠤ ᠤᠯᠤᠰ ᠤᠨ | ᠠᠮᠤᠷ ᠲᠦᠪᠰᠢᠨ ᠢ ᠬᠠᠮᠠᠭᠠᠯᠠᠬᠤ ᠬᠠᠤᠯᠢ ᠶᠢ ᠲᠣᠭᠲᠠᠭᠠᠨ ᠬᠡᠷᠡᠭᠵᠢᠭᠦᠯᠵᠦ᠂ ︽ᠡᠬᠡ ᠣᠷᠣᠨᠴᠢ ᠬᠥᠮᠥᠰ ᠢᠶᠠᠷ | ᠰᠢᠶᠠᠩᠭᠠᠩ ᠢ ᠵᠠᠰᠠᠭᠤᠯᠬᠤ︾᠂ ︽ᠡᠬᠡ ᠣᠷᠣᠨᠴᠢ ᠬᠥᠮᠥᠰ ᠢᠶᠠᠷ ᠣᠣᠮᠧᠨ ᠢ ᠵᠠᠰᠠᠭᠤᠯᠬᠤ︾ ᠵᠠᠷᠴᠢᠮ ᠢ | ᠨᠠᠶᠢᠳᠠᠪᠤᠷᠢᠵᠢᠭᠤᠯᠤᠭᠠᠳ᠂ ᠰᠢᠶᠠᠩᠭᠠᠩ ᠤᠨ ᠰᠠᠮᠠᠭᠤᠷᠠᠯ ᠠᠴᠠ ᠵᠠᠰᠠᠯᠲᠠ ᠳᠤ ᠭᠦᠷᠦᠭᠰᠡᠨ ᠠᠴᠠ ᠪᠠᠨ ᠵᠠᠰᠠᠯᠲᠠ ᠠᠴᠠ | ᠪᠠᠳᠠᠷᠠᠯ ᠳᠤ ᠬᠦᠷᠬᠦ ᠰᠢᠨ᠎ᠡ ᠱᠠᠲᠤ ᠦᠶ᠎ᠡ ᠳᠤ ᠣᠷᠣᠬᠤ ᠶᠢ ᠠᠬᠢᠭᠤᠯᠪᠠ᠃ ᠭᠤᠸᠠᠩᠳᠦ᠋ᠩ ᠰᠢᠶᠠᠩᠭᠠᠩ ᠣᠣᠮᠧᠨ ᠤ | ᠲᠣᠮᠣ ᠪᠤᠯᠤᠩ ᠤᠨ ᠣᠷᠣᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠰᠢᠶᠠᠩᠭᠠᠩ᠂ ᠣᠣᠮᠧᠨ ᠤ | ᠠᠵᠤ ᠠᠬᠤᠢ ᠪᠠᠨ ᠬᠥᠭᠵᠢᠭᠦᠯᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠬᠢᠵᠢᠭ ᠢ ᠰᠡᠷᠭᠡᠶᠢᠯᠡᠨ | ᠬᠢᠵᠠᠭᠠᠷᠯᠠᠬᠤ᠂ ᠲᠣᠭᠲᠠᠭᠤᠨ ᠪᠠᠶᠢᠳᠠᠯ ᠢ ᠪᠠᠲᠤᠯᠠᠬᠤ ᠶᠢ ᠲᠡᠮᠵᠢᠪᠡ᠃ ᠰᠢᠨ᠎ᠡ ᠴᠠᠭ ᠦᠶ᠎ᠡ ᠶᠢᠨ ᠨᠠᠮ ᠤᠨ | ᠲᠠᠶᠢᠸᠠᠨ ᠤ ᠠᠰᠠᠭᠤᠳᠠᠯ ᠢ ᠰᠢᠢᠳᠪᠦᠷᠢᠯᠡᠬᠦ ᠶᠡᠷᠦᠩᠬᠡᠢ ᠠᠷᠭ᠎ᠠ ᠪᠣᠳᠣᠯᠭ᠎ᠠ ᠶᠢ ᠲᠤᠭᠤᠰᠢᠯᠠᠭᠤᠯᠵᠤ᠂ | ᠬᠠᠭᠠᠴᠠᠭᠤᠯᠬᠤ ᠶᠢ ᠡᠰᠡᠷᠭᠦᠴᠡᠬᠦ᠂ ᠭᠠᠷ ᠲᠦᠷᠦᠭᠦ ᠶᠢ ᠡᠰᠡᠷᠭᠦᠴᠡᠬᠦ ᠴᠢᠬᠤᠯᠠ ᠶᠡᠭᠡ ᠲᠡᠮᠡᠴᠡᠯ ᠢ ᠡᠷᠡᠰ ᠥᠷᠨᠢᠭᠦᠯᠵᠦ᠂ | ᠲᠠᠶᠢᠸᠠᠨ ᠬᠤᠭᠤᠯᠠᠢ ᠶᠢᠨ ᠬᠤᠶᠠᠷ ᠲᠠᠯ᠎ᠠ ᠶᠢᠨ ᠬᠠᠷᠢᠴᠠᠭᠠᠨ ᠤ ᠨᠠᠶᠢᠷᠠᠮᠳᠠᠯ ᠢᠶᠠᠷ ᠭᠦᠭᠵᠢᠭᠦ ᠶᠢ ᠦᠷᠭᠦᠯᠵᠢᠯᠡᠨ | ᠠᠬᠢᠭᠤᠯᠪᠠ᠃ | ᠳᠤᠮᠳᠠᠳᠤ ᠤᠯᠤᠰ ᠤᠨ ᠣᠨᠴᠠᠯᠢᠭ ᠪᠦᠬᠦᠢ ᠲᠣᠮᠣ ᠤᠯᠤᠰ ᠤᠨ ᠭᠠᠳᠠᠭᠠᠳᠤ ᠬᠠᠷᠢᠯᠴᠠᠭ᠎ᠠ ᠶᠢ ᠪᠦᠭᠦ | ᠲᠠᠯ᠎ᠠ ᠪᠠᠷ ᠠᠬᠢᠭᠤᠯᠪᠠ᠃ ᠲᠡᠷᠢᠭᠦᠯᠡᠭᠴᠢ ᠰᠢ ᠶᠢᠨ ᠫᠢᠩ ᠵᠡᠷᠭᠡ ᠨᠠᠮ ᠪᠠ ᠲᠦᠷᠦ ᠶᠢᠨ ᠤᠳᠤᠷᠢᠳᠬᠤ ᠬᠥᠮᠥᠰ | ᠤᠯᠠᠨ ᠤᠯᠤᠰ ᠲᠤ ᠠᠶᠢᠯᠴᠢᠯᠠᠯᠳᠡ ᠬᠢᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠷᠭ᠎ᠠ | ᠭᠡᠯᠪᠡᠷᠢ ᠪᠠᠷ ᠬᠤᠷᠢᠨ ᠤᠯᠤᠰ ᠤᠨ ᠪᠦᠯᠦᠭᠯᠡᠯ ᠤᠨ ᠤᠳᠤᠷᠢᠳᠬᠤ ᠬᠥᠮᠥᠰ ᠤᠨ ᠲᠦᠷᠦᠭᠦᠴᠦᠳ ᠤᠨ ᠬᠤᠷᠠᠯ᠂ | ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ ᠶᠢᠨ ᠤᠳᠤᠷᠢᠳᠬᠤ ᠬᠥᠮᠥᠰ ᠤᠨ ᠠᠯᠪᠠᠨ ᠶᠣᠰᠣᠨ ᠤ ᠪᠤᠰᠤ ᠬᠤᠷᠠᠯ᠂ ᠤᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠪᠠᠶᠢᠭᠤᠯᠤᠭᠳᠠᠭᠰᠠᠨ 75 ᠵᠢᠯ ᠤᠨ ᠤᠢ ᠶᠢᠨ ᠰᠢᠷᠢᠰ ᠳᠡᠭᠡᠳᠦ ᠳᠡᠰ ᠤᠨ ᠬᠤᠷᠠᠯ᠂ | ᠵᠡᠭᠦᠨ ᠠᠽᠢᠶ᠎ᠠ ᠶᠢᠨ ᠬᠠᠮᠲᠤᠷᠠᠯᠴᠠᠭᠠᠨ ᠤ ᠤᠳᠤᠷᠢᠳᠬᠤ ᠬᠥᠮᠥᠰ ᠤᠨ ᠰᠢᠷᠢᠰ ᠬᠤᠷᠠᠯ᠂ ᠳᠤᠮᠳᠠᠳᠤ ᠡᠸᠦ᠋ᠷᠦᠫᠡ ᠶᠢᠨ | ᠤᠳᠤᠷᠢᠳᠬᠤ ᠬᠥᠮᠥᠰ ᠤᠨ ᠠᠭᠤᠯᠵᠠᠯᠲᠠ ᠵᠡᠷᠭᠡ ᠠᠯᠢ ᠤᠯᠠᠨ ᠴᠢᠬᠤᠯᠠ ᠶᠡᠭᠡ ᠭᠠᠳᠠᠭᠠᠳᠤ ᠬᠠᠷᠢᠯᠴᠠᠭᠠᠨ ᠤ | ᠠᠵᠢᠯᠯᠠᠭ᠎ᠠ ᠳᠤ ᠣᠷᠣᠯᠴᠠᠪᠠ᠃ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠴᠢᠩᠳᠣᠣ ᠳᠠᠬᠢ | ᠲᠦᠷᠦᠭᠦᠴᠦᠳ ᠤᠨ ᠬᠤᠷᠠᠯ᠂ BRICS ᠤᠯᠤᠰ ᠤᠳ ᠤᠨ ᠤᠳᠤᠷᠢᠳᠬᠤ ᠬᠥᠮᠥᠰ ᠤᠨ ᠠᠭᠤᠯᠵᠠᠯᠲᠠ᠂ ᠪᠦᠭᠦ | ᠪᠥᠮᠪᠥᠷᠴᠡᠭ ᠤᠨ ᠬᠥᠭᠵᠢᠯᠲᠡ ᠶᠢᠨ ᠳᠡᠭᠡᠳᠦ ᠳᠠᠪᠬᠤᠷᠭ᠎ᠠ ᠶᠢᠨ ᠶᠠᠷᠢᠯᠴᠠᠭᠠᠨ ᠤ ᠬᠤᠷᠠᠯ᠂ ︽ᠨᠢᠭᠡ ᠪᠦᠰᠡ ᠨᠢᠭᠡ ᠵᠠᠮ | ︾ ᠤᠨ ᠤᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠯᠴᠠᠭᠠᠨ ᠤ ᠲᠠᠪᠴᠠᠩ᠂ ᠳᠤᠮᠳᠠᠳᠤ | ᠠᠹᠷᠢᠺᠠ ᠶᠢᠨ ᠬᠠᠮᠲᠤᠷᠠᠯᠴᠠᠭᠠᠨ ᠤ ᠶᠠᠷᠢᠯᠴᠠᠭᠠᠨ ᠤ ᠲᠠᠪᠴᠠᠩ ᠤᠨ ᠪᠡᠭᠡᠵᠢᠩ ᠳᠠᠬᠢ ᠲᠦᠷᠦᠭᠦᠴᠦᠳ ᠤᠨ ᠬᠤᠷᠠᠯ | ᠵᠡᠷᠭᠡ ᠤᠯᠠᠨ ᠤᠳᠠᠭᠠᠨ ᠤ ᠴᠢᠬᠤᠯᠠ ᠶᠡᠭᠡ ᠡᠵᠡᠨ ᠲᠠᠯᠠᠪᠤᠷ ᠤᠨ ᠭᠠᠳᠠᠭᠠᠳᠤ ᠬᠠᠷᠢᠯᠴᠠᠭᠠᠨ ᠤ ᠠᠵᠢᠯᠯᠠᠭ᠎ᠠ ᠶᠢ | ᠠᠮᠵᠢᠯᠲᠠ ᠲᠠᠢ ᠡᠷᠭᠢᠯᠡᠪᠡ᠃ ᠵᠣᠷᠢᠭᠲᠠᠢ ᠪᠠᠷ ᠲᠡᠮᠡᠴᠡᠯ ᠬᠢᠬᠦ᠂ ᠴᠢᠳᠠᠮᠠᠭᠠᠢ ᠪᠠᠷ ᠲᠡᠮᠡᠴᠡᠯ ᠬᠢᠬᠦ ᠶᠢ ᠪᠠᠷᠢᠮᠲᠠᠯᠠᠵᠤ᠂ | ᠮᠠᠨ ᠤ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠡᠷᠡᠰ ᠬᠠᠮᠠᠭᠠᠯᠠᠪᠠ᠃ | ᠪᠦᠭᠦ ᠪᠥᠮᠪᠥᠷᠴᠡᠭ ᠤᠨ ᠬᠠᠨᠢᠲᠠᠨ ᠤ ᠬᠠᠷᠢᠴᠠᠭ᠎ᠠ ᠶᠢ ᠢᠳᠡᠪᠬᠢᠲᠡᠢ ᠥᠷᠭᠡᠳᠬᠡᠵᠦ᠂ ᠨᠡᠭᠡᠭᠡᠯᠲᠡᠲᠤ ᠭᠡᠯᠪᠡᠷᠢ ᠶᠢᠨ | ᠳᠡᠯᠡᠬᠡᠢ ᠶᠢᠨ ᠠᠵᠤ ᠠᠬᠤᠢ ᠶᠢ ᠪᠦᠲᠦᠭᠡᠨ ᠪᠠᠶᠢᠭᠤᠯᠬᠤ ᠪᠠᠷ ᠴᠢᠷᠮᠠᠶᠢᠵᠤ᠂ ᠤᠯᠠᠨ ᠲᠠᠯᠠᠲᠤ ᠦᠵᠡᠯ ᠢ ᠬᠠᠮᠠᠭᠠᠯᠠᠵᠤ᠂ | ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠪᠠ᠃ ᠳᠤᠮᠳᠠᠳᠤ | ᠤᠯᠤᠰ ᠬᠠᠷᠢᠭᠤᠴᠠᠯᠭ᠎ᠠ ᠲᠠᠢ ᠲᠣᠮᠣ ᠤᠯᠤᠰ ᠪᠣᠯᠤᠭᠰᠠᠨ ᠤ ᠬᠤᠪᠢ ᠳᠤ᠂ ᠣᠯᠠᠨ ᠤᠯᠤᠰ ᠤᠨ ᠬᠢᠵᠢᠭ ᠢ | ᠡᠰᠡᠷᠭᠦᠴᠡᠬᠦ ᠬᠠᠮᠲᠤᠷᠠᠯᠴᠠᠭ᠎ᠠ ᠶᠢ ᠠᠬᠢᠭᠤᠯᠬᠤ᠂ ᠪᠦᠭᠦ ᠪᠥᠮᠪᠥᠷᠴᠡᠭ ᠤᠨ ᠴᠢᠨᠠᠷᠲᠠᠢ ᠰᠢᠯᠭᠠᠯᠲᠠ ᠪᠣᠯᠣᠨ ᠭᠠᠵᠠᠷ | ᠣᠷᠣᠨ ᠤ ᠬᠠᠯᠠᠮᠰᠢᠯ ᠠᠰᠠᠭᠤᠳᠠᠯ ᠢ ᠰᠢᠢᠳᠪᠦᠷᠢᠯᠡᠬᠦ ᠲᠠᠯ᠎ᠠ ᠪᠠᠷ ᠴᠢᠬᠤᠯᠠ ᠪᠦᠲᠦᠭᠡᠯᠴᠢ ᠴᠢᠨᠠᠷᠲᠠᠢ ᠦᠢᠯᠡᠳᠦᠯ | ᠪᠠᠳᠠᠷᠠᠭᠤᠯᠵᠤ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ | ᠦᠵᠡᠭᠦᠯᠪᠡ᠃ | ᠲᠥᠯᠥᠭᠡᠯᠡᠭᠴᠢᠳ ᠠ᠋︕ | ᠡᠳᠡᠭᠡᠷ ᠵᠢᠯ ᠤᠳ ᠲᠤ ᠮᠠᠨ ᠤ ᠤᠯᠤᠰ ᠤᠨ ᠬᠥᠭᠵᠢᠯᠲᠡ ᠶᠢᠨ ᠣᠯᠣᠭᠰᠠᠨ ᠠᠮᠵᠢᠯᠲᠠ ᠪᠦᠲᠦᠮᠵᠢ ᠪᠣᠯ ᠰᠢ | ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠡᠷᠡᠰ ᠴᠢᠩᠭ᠎ᠠ ᠤᠳᠤᠷᠢᠳᠤᠭᠰᠠᠨ ᠤ | ᠦᠷ᠎ᠡ ᠳ᠋ᠦᠩ ᠮᠥᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠰᠢᠨᠵᠢᠯᠡᠬᠦ ᠤᠬᠠᠭᠠᠨᠴᠢ ᠪᠠᠷ ᠵᠢᠯᠣᠭᠤᠳᠤᠭᠰᠠᠨ ᠤ ᠦᠷ᠎ᠡ ᠳ᠋ᠦᠩ ᠮᠥᠨ᠂ | ᠪᠦᠭᠦ ᠨᠠᠮ ᠪᠦᠭᠦ ᠴᠡᠷᠢᠭ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠨ | ᠲᠡᠮᠡᠴᠡᠭᠰᠡᠨ ᠤ ᠦᠷ᠎ᠡ ᠳ᠋ᠦᠩ ᠮᠥᠨ᠃ ᠪᠢ ᠲᠥᠷᠥ ᠶᠢᠨ ᠶᠠᠪᠤᠳᠠᠯ ᠤᠨ ᠬᠤᠷᠢᠶᠠᠨ ᠤ ᠡᠮᠦᠨ᠎ᠡ ᠠᠴᠠ ᠪᠦᠭᠦ | ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ᠂ ᠡᠯ᠎ᠡ ᠠᠷᠠᠳᠴᠢᠯᠠᠭᠰᠠᠨ ᠨᠠᠮ ᠪᠦᠯᠦᠭ᠂ ᠡᠯ᠎ᠡ | ᠠᠷᠠᠳ ᠤᠨ ᠪᠦᠯᠭᠦᠮ ᠪᠣᠯᠣᠨ ᠡᠯ᠎ᠡ ᠡᠲᠡᠭᠡᠳ ᠤᠨ ᠬᠥᠮᠥᠰ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ | ︕ ᠰᠢᠶᠠᠩᠭᠠᠩ ᠤᠨ ᠵᠠᠰᠠᠭ ᠵᠠᠬᠢᠷᠭᠠᠨ ᠤ ᠣᠨᠴᠠᠭᠠᠶ ᠣᠷᠣᠨ ᠤ ᠠᠬ᠎ᠠ ᠳᠡᠭᠦᠦ ᠨᠠᠷ᠂ ᠣᠣᠮᠧᠨ ᠤ ᠵᠠᠰᠠᠭ | ᠵᠠᠬᠢᠷᠭᠠᠨ ᠤ ᠣᠨᠴᠠᠭᠠᠶ ᠣᠷᠣᠨ ᠤ ᠠᠬ᠎ᠠ ᠳᠡᠭᠦᠦ ᠨᠠᠷ᠂ ᠲᠠᠶᠢᠸᠠᠨ ᠤ ᠠᠬ᠎ᠠ ᠳᠡᠭᠦᠦ ᠨᠠᠷ ᠪᠣᠯᠣᠨ ᠭᠠᠳᠠᠭᠠᠳᠤ ᠳᠤ | ᠰᠠᠭᠤᠭ᠎ᠠ ᠬᠠᠷᠢᠶᠠᠲᠤ ᠠᠬ᠎ᠠ ᠳᠡᠭᠦᠦ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ ᠳᠤᠮᠳᠠᠳᠤ | ᠤᠯᠤᠰ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠬᠠᠯᠠᠮᠵᠢᠯᠠᠨ ᠳᠠᠮᠵᠢᠵᠤ ᠪᠠᠶᠢᠭ᠎ᠠ ᠡᠯ᠎ᠡ ᠤᠯᠤᠰ ᠤᠨ | ᠵᠠᠰᠠᠭ ᠤᠨ ᠣᠷᠳᠣᠨ᠂ ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠪᠣᠯᠣᠨ ᠡᠯ᠎ᠡ ᠤᠯᠤᠰ ᠤᠨ ᠨᠠᠶᠢᠵᠠ ᠨᠠᠷ ᠲᠤ | ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠬᠥᠭᠵᠢᠯᠲᠡ ᠶᠢᠨ ᠠᠮᠵᠢᠯᠲᠠ ᠪᠦᠳᠦᠮᠵᠢ ᠶᠢ ᠣᠯᠵᠤ ᠬᠠᠷᠠᠬᠤ ᠶᠢᠨ ᠬᠠᠮᠲᠤ ᠪᠢᠳᠡ ᠪᠠᠰᠠ ᠮᠠᠨ ᠤ ᠤᠯᠤᠰ | ᠪᠣᠯ ᠨᠢᠭᠡᠨ ᠬᠥᠭᠵᠢᠵᠦ ᠪᠠᠶᠢᠭ᠎ᠠ ᠲᠣᠮᠣ ᠤᠯᠤᠰ ᠮᠥᠨ᠂ ᠮᠥᠨ ᠯᠡ ᠨᠡᠶᠢᠭᠡᠮ ᠵᠢᠷᠤᠮ ᠤᠨ ᠠᠩᠬᠠᠨ ᠤ ᠱᠠᠲᠤᠨ ᠳᠤ | ᠣᠷᠣᠰᠢᠵᠤ᠂ ᠬᠥᠭᠵᠢᠯᠲᠡ ᠶᠢᠨ ᠲᠡᠩᠴᠡᠭᠦᠷᠢ ᠦᠭᠡᠢ ᠭᠦᠢᠴᠡᠳ ᠦᠭᠡᠢ ᠪᠠᠶᠢᠬᠤ ᠠᠰᠠᠭᠤᠳᠠᠯ ᠮᠥᠨ ᠯᠡ | ᠲᠣᠪᠣᠶᠢᠮ᠎ᠠ ᠪᠠᠶᠢᠨ᠎ᠠ ᠭᠡᠳᠡᠭ ᠢ ᠰᠡᠷᠭᠡᠭ ᠢᠶᠠᠷ ᠲᠠᠨᠢᠵᠤ ᠣᠯᠪᠠ᠃ ᠣᠳᠣᠬᠠᠨ ᠤ ᠬᠥᠭᠵᠢᠯᠲᠡ ᠳᠤ ᠮᠠᠰᠢ ᠤᠯᠠᠨ | ᠬᠦᠴᠢᠷ ᠪᠡᠷᠬᠡᠰᠢᠶᠡᠯ ᠪᠠ ᠰᠢᠯᠭᠠᠯᠲᠠ ᠲᠤᠯᠭᠠᠷᠠᠵᠤ ᠪᠠᠶᠢᠨ᠎ᠠ᠃ ᠭᠠᠳᠠᠭᠠᠳᠤ ᠣᠷᠴᠢᠨ ᠨᠥᠬᠦᠴᠡᠯ ᠤᠨ ᠮᠠᠭᠠᠳ ᠪᠤᠰᠤ | ᠴᠢᠨᠠᠷ ᠶᠡᠬᠡᠰᠴᠦ᠂ ᠪᠦᠭᠦ ᠪᠥᠮᠪᠥᠷᠴᠡᠭ ᠤᠨ ᠵᠣᠭᠤᠰ ᠮᠠᠭᠤᠳᠠᠬᠤ ᠪᠠᠶᠢᠳᠠᠯ ᠮᠥᠨ ᠬᠡᠴᠡᠭᠦᠦ ᠪᠠᠶᠢᠵᠤ᠂ ᠳᠡᠯᠡᠬᠡᠢ ᠶᠢᠨ | ᠠᠵᠤ ᠠᠬᠤᠢ ᠪᠣᠯᠣᠨ ᠠᠷᠠᠯᠵᠢᠶᠠᠨ ᠤ ᠨᠡᠮᠡᠭᠳᠡᠯ ᠤᠨ ᠬᠥᠳᠡᠯᠭᠡᠭᠴᠢ ᠡᠨᠧᠷᠭᠢ ᠪᠠᠭᠤᠷᠠᠵᠤ᠂ ᠭᠠᠳᠠᠨ᠎ᠠ ᠠᠴᠠ ᠢᠷᠡᠬᠦ | ᠳᠠᠷᠤᠯᠲᠠ ᠬᠤᠷᠢᠭᠯᠠᠯᠲᠠ ᠲᠠᠰᠤᠷᠠᠯᠳᠠ ᠦᠭᠡᠢ ᠰᠢᠷᠦᠭᠦᠰᠴᠦ ᠪᠠᠶᠢᠨ᠎ᠠ᠃ ᠤᠯᠤᠰ ᠤᠨ ᠳᠣᠲᠣᠭᠠᠳᠤ ᠶᠢᠨ ᠠᠵᠤ | ᠠᠬᠤᠢ ᠶᠢᠨ ᠨᠡᠮᠡᠭᠳᠡᠯ ᠤᠨ ᠲᠣᠭᠲᠠᠪᠤᠷᠢᠵᠢᠨ ᠰᠠᠶᠢᠵᠢᠷᠠᠬᠤ ᠰᠠᠭᠤᠷᠢ ᠶᠢ ᠪᠠᠰᠠ ᠪᠠᠲᠤᠳᠬᠠᠬᠤ ᠴᠢᠬᠤᠯᠠᠲᠠᠢ ᠪᠠᠶᠢᠵᠤ᠂ | ᠬᠡᠷᠡᠭᠴᠡᠭᠡ ᠬᠦᠷᠦᠯᠴᠡᠬᠦ ᠦᠭᠡᠢ ᠪᠠᠶᠢᠬᠤ ᠨᠢ ᠮᠥᠨ ᠬᠦ ᠲᠣᠪᠣᠶᠢᠮ᠎ᠠ ᠵᠥᠷᠢᠴᠡᠯ ᠪᠣᠯᠵᠤ᠂ ᠠᠷᠠᠳ ᠤᠨ ᠪᠡᠯᠡ | ᠣᠷᠣᠭᠤᠯᠤᠯᠲᠠ ᠪᠣᠯᠣᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠵᠢᠱᠢᠯᠲᠡ ᠲᠣᠭᠲᠠᠭᠤᠨ ᠪᠤᠰᠤ ᠪᠠᠶᠢᠵᠤ᠂ | ᠴᠥᠭᠡᠨ ᠪᠤᠰᠤ ᠳᠤᠮᠳᠠ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ | ᠡᠷᠦᠭᠡ ᠨᠡᠯᠢᠶᠡᠳ ᠶᠡᠭᠡ ᠬᠦᠴᠢᠷᠳᠡᠯ ᠳᠤ ᠲᠤᠯᠭᠠᠷᠠᠵᠤ᠂ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠡᠭᠦᠷᠭᠡ | ᠬᠠᠲᠠᠭᠤ ᠪᠡᠷᠬᠡ ᠪᠣᠯᠵᠤ᠂ ᠵᠠᠷᠢᠮ ᠦᠨᠳᠦᠰᠦᠨ ᠱᠠᠲᠤᠨ ᠤ ᠤᠷᠤᠯᠭ᠎ᠠ ᠵᠠᠷᠤᠯᠭ᠎ᠠ ᠶᠢᠨ ᠵᠥᠷᠢᠴᠡᠯ ᠨᠡᠯᠢᠶᠡᠳ ᠶᠡᠭᠡ | ᠪᠠᠶᠢᠨ᠎ᠠ᠃ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠲᠦᠭᠰᠢᠭᠦᠷᠢ ᠶᠢᠨ ᠳᠠᠯᠳᠠ | ᠭᠡᠮ ᠨᠡᠯᠢᠶᠡᠳ ᠣᠯᠠᠨ ᠪᠠᠶᠢᠵᠤ᠂ ᠵᠠᠷᠢᠮ ᠳᠤᠮᠳᠠ ᠵᠢᠵᠢᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠦᠭᠰᠢᠭᠦᠷᠢ | ᠢᠯᠡᠷᠡᠨ ᠭᠠᠷᠪᠠ᠃ ᠬᠥᠭᠵᠢᠯᠲᠡ ᠳᠤ ᠮᠥᠨ ᠯᠡ ᠪᠠᠶᠢᠭᠤᠯᠤᠯ ᠲᠣᠭᠲᠠᠴᠠ ᠶᠢᠨ ᠬᠠᠷᠰᠢ ᠰᠠᠭᠠᠳ ᠴᠥᠭᠡᠨ ᠪᠤᠰᠤ | ᠣᠷᠣᠰᠢᠵᠤ ᠪᠠᠶᠢᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠭᠦ ᠴᠢᠳᠠᠪᠤᠷᠢ ᠪᠠᠰᠠ ᠴᠢᠩᠭ᠎ᠠ ᠪᠢᠰᠢ | ᠪᠠᠶᠢᠨ᠎ᠠ᠃ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢᠨ ᠡᠭᠦᠷᠭᠡ ᠬᠦᠨᠳᠦ ᠵᠠᠮ ᠬᠤᠯᠠ ᠪᠠᠶᠢᠨ᠎ᠠ᠃ | ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠵᠡᠷᠭᠡ ᠬᠤᠳᠠ ᠬᠥᠳᠡᠭᠡ ᠶᠢᠨ ᠰᠠᠭᠤᠷᠢ ᠲᠥᠬᠦᠭᠡᠷᠦᠮᠵᠢ ᠳᠤ | ᠮᠥᠨ ᠢᠯᠡᠳᠲᠡ ᠪᠠᠭᠤᠷᠠᠢ ᠭᠤᠭᠴᠤᠭ᠎ᠠ ᠣᠷᠣᠰᠢᠵᠤ ᠪᠠᠶᠢᠨ᠎ᠠ᠃ ᠠᠷᠠᠳ ᠤᠨ ᠠᠮᠢᠳᠤᠷᠠᠯ ᠤᠨ ᠬᠦᠷᠢᠶᠡᠨ ᠳᠤ | ᠴᠥᠭᠡᠨ ᠪᠤᠰᠤ ᠳᠤᠲᠠᠭᠤᠳᠠᠯ ᠣᠷᠣᠰᠢᠵᠤ ᠪᠠᠶᠢᠨ᠎ᠠ᠃ ᠭᠡᠯᠪᠡᠷᠢ ᠶᠢᠨ ᠦᠵᠡᠯ᠂ ᠨᠣᠶᠠᠨᠴᠢ ᠰᠤᠷᠲᠠᠯ ᠤᠨ ᠦᠵᠡᠭᠳᠡᠯ | ᠮᠥᠨ ᠨᠡᠯᠢᠶᠡᠳ ᠲᠣᠪᠣᠶᠢᠮ᠎ᠠ ᠪᠠᠶᠢᠵᠤ᠂ ᠵᠠᠷᠢᠮ ᠭᠠᠵᠠᠷ ᠣᠷᠣᠨ ᠤ ᠬᠢᠨ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠬᠦ ᠳᠡᠭᠡᠨ ᠪᠦᠭᠦᠳᠡ ᠶᠢ ᠨᠢᠭᠡ ᠯᠡ ᠪᠠᠷᠢᠮᠵᠢᠶ᠎ᠠ ᠪᠠᠷ ᠱᠠᠭᠠᠷᠳᠠᠵᠤ᠂ ᠱᠠᠲᠤ ᠱᠠᠲᠤ ᠪᠠᠷ ᠨᠥᠬᠦᠴᠡᠯ ᠨᠡᠮᠡᠵᠦ | ᠪᠠᠶᠢᠨ᠎ᠠ᠂ ᠵᠠᠷᠢᠮ ᠺᠠᠳ᠋ᠷ ᠠᠵᠢᠯ ᠬᠢᠬᠦ ᠦᠭᠡᠢ᠂ ᠳᠤᠷ᠎ᠠ ᠪᠠᠷ ᠢᠶᠠᠨ ᠦᠢᠯᠡᠳᠭᠦ᠂ ᠳᠥᠭᠦᠮᠴᠢᠯᠡᠬᠦ ᠪᠠᠶᠢᠳᠠᠯ ᠲᠠᠢ ᠪᠠᠶᠢᠵᠤ | ᠂ ᠪᠣᠳᠠᠲᠤ ᠪᠠᠶᠢᠳᠠᠯ ᠠᠴᠠ ᠰᠠᠯᠤᠩᠭᠢᠷᠠᠬᠤ᠂ ᠤᠯᠠᠨ ᠲᠦᠮᠡᠨ ᠤ ᠬᠦᠰᠡᠯ ᠰᠠᠨᠠᠭ᠎ᠠ ᠠᠴᠠ ᠲᠡᠷᠰᠯᠡᠬᠦ᠂ ᠤᠯᠠᠨ | ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠯᠦ ᠬᠠᠶᠢᠬᠤᠷᠬᠤ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ | ᠵᠠᠷᠢᠮ ᠬᠦᠷᠢᠶ᠎ᠡ᠂ ᠠᠵᠢᠯ ᠲᠦᠷᠦᠯ᠂ ᠣᠷᠣᠨ ᠨᠤᠲᠤᠭ ᠲᠤ ᠢᠯᠵᠢᠷᠡᠮᠡᠯ ᠦᠵᠡᠭᠳᠡᠯ ᠪᠠᠶᠢᠨ ᠪᠠᠶᠢᠨ ᠭᠠᠷᠴᠤ ᠪᠠᠶᠢᠨ᠎ᠠ᠃ | ᠵᠠᠰᠠᠭ ᠤᠨ ᠣᠷᠳᠣᠨ ᠤ ᠠᠵᠢᠯ ᠳᠤ ᠠᠷᠠᠳ ᠤᠯᠠᠨ ᠪᠠᠰᠠ ᠵᠠᠷᠢᠮ ᠰᠠᠨᠠᠯ ᠪᠠ ᠰᠠᠨᠠᠭᠤᠯᠭ᠎ᠠ ᠪᠠᠶᠢᠬᠤ ᠶᠢ | ᠴᠢᠬᠤᠯᠠᠴᠢᠯᠠᠨ ᠦᠵᠡᠬᠦ ᠬᠡᠷᠡᠭᠲᠡᠢ᠃ ᠠᠰᠠᠭᠤᠳᠠᠯ ᠪᠠ ᠰᠢᠯᠭᠠᠯᠲᠠ ᠳᠤ ᠰᠢᠭᠤᠳ ᠬᠠᠨᠳᠤᠨ᠂ ᠪᠦᠭᠦ ᠰᠡᠳᠬᠢᠯ ᠪᠦᠭᠦ | ᠴᠢᠳᠠᠯ ᠢᠶᠠᠷ ᠢᠶᠠᠨ ᠵᠠᠰᠠᠭ ᠤᠨ ᠣᠷᠳᠣᠨ ᠤ ᠠᠵᠢᠯ ᠢ ᠰᠠᠶᠢᠵᠢᠷᠠᠭᠤᠯᠵᠤ᠂ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ | ᠬᠥᠰᠡᠷᠳᠡᠭᠦᠯᠬᠦ ᠦᠭᠡᠢ ᠪᠠᠶᠢᠬᠤ ᠬᠡᠷᠡᠭᠲᠡᠢ᠃ | ᠬᠤᠶᠠᠷ᠂ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠲᠤᠬᠠᠢ ᠰᠠᠨᠠᠭᠤᠯᠭ᠎ᠠ | ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ | ᠲᠤᠭᠤᠰᠢᠯᠠᠭᠤᠯᠬᠤ ᠡᠭᠢᠯᠡᠯᠳᠡ ᠶᠢᠨ ᠵᠢᠯ ᠮᠥᠨ᠃ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠳᠤ ᠰᠢ ᠶᠢᠨ | ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠳᠣᠣᠷ᠎ᠠ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ | ᠬᠤᠷᠠᠯ ᠤᠨ ᠪᠠᠶᠢᠷᠢᠯᠠᠭᠤᠯᠤᠯᠲᠠ ᠶᠣᠰᠣᠭᠠᠷ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠯᠠᠪᠳᠠᠭᠤᠨ | ᠪᠠᠲᠤᠲᠠᠢ ᠠᠬᠢᠭᠤᠯᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠢ ᠭᠦᠭ | ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠭᠦ | ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠯᠡᠨ ᠪᠠᠶᠢᠭᠤᠯᠵᠤ᠂ ᠴᠢᠨᠠᠷ ᠰᠠᠶᠢᠲᠠᠢ | ᠬᠥᠭᠵᠢᠯᠲᠡ ᠶᠢ ᠬᠦᠴᠦᠯᠡᠨ ᠠᠬᠢᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠬᠤᠶᠠᠷ ᠶᠡᠭᠡ ᠲᠠᠯ᠎ᠠ ᠶᠢ ᠨᠡᠩ | ᠰᠠᠶᠢᠲᠤᠷ ᠨᠢᠭᠡᠳᠦᠯᠲᠡᠢ ᠲᠥᠯᠥᠪᠯᠡᠵᠦ᠂ ᠬᠢᠵᠢᠭ ᠢ ᠰᠡᠷᠭᠡᠶᠢᠯᠡᠨ ᠬᠢᠵᠠᠭᠠᠷᠯᠠᠬᠤ ᠪᠠ ᠠᠵᠤ ᠠᠬᠤᠢ ᠨᠡᠶᠢᠭᠡᠮ ᠤᠨ | ᠬᠥᠭᠵᠢᠯᠲᠡ ᠶᠢ ᠨᠡᠩ ᠰᠠᠶᠢᠲᠤᠷ ᠨᠢᠭᠡᠳᠦᠯᠲᠡᠢ ᠲᠥᠯᠥᠪᠯᠡᠵᠦ᠂ ᠬᠥᠭᠵᠢᠯᠲᠡ ᠪᠣᠯᠣᠨ ᠠᠮᠤᠷ ᠲᠦᠪᠰᠢᠨ ᠢ ᠨᠡᠩ | ᠰᠠᠶᠢᠲᠤᠷ ᠨᠢᠭᠡᠳᠦᠯᠲᠡᠢ ᠲᠥᠯᠥᠪᠯᠡᠵᠦ᠂ ᠥᠭᠡᠷᠡᠴᠢᠯᠡᠯᠲᠡ ᠨᠡᠭᠡᠭᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠦᠨ᠂ | ᠵᠠᠬ᠎ᠠ ᠳᠡᠯᠭᠡᠭᠦᠷ ᠤᠨ ᠢᠲᠡᠭᠡᠯ ᠢ ᠶᠡᠭᠡ ᠪᠠᠷ ᠬᠥᠪᠴᠢᠯᠡᠵᠦ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ | ᠪᠣᠳᠣᠯᠭ᠎ᠠ ᠶᠢ ᠬᠡᠷᠡᠭᠵᠢᠭᠦᠯᠬᠦ ᠶᠢ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠯᠦᠭᠡ ᠣᠷᠭᠠᠨᠢᠭ ᠢᠶᠠᠷ ᠤᠶᠠᠯᠳᠤᠭᠤᠯᠵᠤ᠂ ᠨᠡᠮᠡᠭᠳᠡᠯ ᠢ ᠲᠣᠭᠲᠠᠭᠤᠨ ᠪᠠᠶᠢᠯᠭᠠᠬᠤ᠂ ᠠᠵᠢᠯ | ᠣᠯᠭᠤᠯᠲᠠ ᠶᠢ ᠲᠣᠭᠲᠠᠭᠤᠨ ᠪᠠᠶᠢᠯᠭᠠᠬᠤ᠂ ᠪᠠᠷᠠᠭᠠᠨ ᠤ ᠦᠨ᠎ᠡ ᠶᠢ ᠲᠣᠭᠲᠠᠭᠤᠨ ᠪᠠᠶᠢᠯᠭᠠᠬᠤ ᠠᠵᠢᠯ ᠢ ᠲᠣᠪᠤᠶᠢᠯᠭᠠᠨ | ᠰᠠᠶᠢᠲᠤᠷ ᠬᠢᠵᠦ᠂ ᠬᠦᠨᠳᠦ ᠶᠡᠭᠡ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠵᠤ᠂ ᠠᠵᠤ ᠠᠬᠤᠢ ᠶᠢᠨ | ᠠᠵᠢᠯᠯᠠᠭᠠᠨ ᠤ ᠪᠦᠬᠦᠯᠢ ᠴᠣᠭᠴᠠ ᠶᠢᠨ ᠰᠠᠶᠢᠵᠢᠷᠠᠯᠲᠠ ᠶᠢ ᠠᠬᠢᠭᠤᠯᠵᠤ᠂ ᠶᠠᠰᠤ ᠴᠢᠨᠠᠷ ᠢ ᠪᠦᠲᠦᠮᠵᠢᠲᠡᠶ | ᠳᠡᠭᠡᠭᠰᠢᠯᠡᠭᠦᠯᠭᠦ ᠪᠠ ᠲᠤᠭ᠎ᠠ ᠬᠡᠮᠵᠢᠶ᠎ᠡ ᠶᠢ ᠵᠦᠢ ᠵᠣᠬᠢᠰᠲᠠᠢ ᠨᠡᠮᠡᠭᠳᠡᠭᠦᠯᠬᠦ ᠶᠢ ᠪᠡᠶᠡᠯᠡᠭᠦᠯᠵᠦ᠂ ᠠᠷᠠᠳ ᠤᠨ | ᠠᠮᠢᠳᠤᠷᠠᠯ ᠢ ᠦᠷᠭᠦᠯᠵᠢᠯᠡᠨ ᠰᠠᠶᠢᠵᠢᠷᠠᠭᠤᠯᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ | ᠪᠠᠲᠤᠯᠠᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ | ᠡᠭᠢᠯᠡᠯᠲᠡ ᠤᠷᠤᠭᠰᠢᠲᠠᠢ ᠭᠠᠷᠤᠭ᠎ᠠ ᠰᠠᠶᠢᠲᠠᠢ ᠪᠠᠶᠢᠯᠭᠠᠬᠤ ᠬᠡᠷᠡᠭᠲᠡᠢ᠃ | ᠡᠨᠡ ᠵᠢᠯ ᠤᠨ ᠬᠥᠭᠵᠢᠯᠲᠡ ᠶᠢᠨ ᠭᠤᠣᠯ ᠭᠤᠣᠯ ᠵᠢᠱᠢᠭᠰᠡᠨ ᠬᠠᠷᠠᠯᠲᠠ ᠭᠡᠪᠡᠯ᠄ ᠤᠯᠤᠰ ᠤᠨ | ᠳᠣᠲᠣᠭᠠᠳᠤ ᠶᠢᠨ ᠦᠢᠯᠡᠳᠪᠦᠷᠢᠯᠡᠯ ᠤᠨ ᠪᠦᠭᠦ ᠦᠷᠲᠡᠭ ᠢ 5% ᠣᠷᠴᠢᠮ ᠨᠡᠮᠡᠭᠳᠡᠭᠦᠯᠦᠨ᠎ᠡ︔ ᠬᠤᠳᠠ | ᠪᠠᠯᠭᠠᠰᠤᠨ ᠳᠤ ᠠᠵᠢᠯ ᠣᠯᠣᠭᠰᠠᠨ ᠬᠥᠮᠥᠨ ᠢ 1200 ᠲᠦᠮᠡ ᠣᠷᠴᠢᠮ ᠰᠢᠨ᠎ᠡ ᠪᠠᠷ ᠨᠡᠮᠡᠭᠳᠡᠭᠦᠯᠵᠦ᠂ ᠬᠤᠳᠠ | ᠪᠠᠯᠭᠠᠰᠤᠨ ᠤ ᠪᠠᠶᠢᠴᠠᠭᠠᠭᠰᠠᠨ ᠠᠵᠢᠯ ᠠᠯᠳᠠᠯᠲᠠ ᠶᠢᠨ ᠨᠤᠷᠮ᠎ᠠ ᠶᠢ 5.5% ᠣᠷᠴᠢᠮ ᠪᠠᠶᠢᠯᠭᠠᠨ᠎ᠠ︔ ᠰᠠᠭᠤᠭᠠᠯᠢ | ᠠᠷᠠᠳ ᠤᠨ ᠬᠡᠷᠡᠭᠯᠡᠭᠡᠨ ᠤ ᠦᠨ᠎ᠡ ᠶᠢᠨ ᠥᠰᠦᠯᠲᠡ ᠶᠢᠨ ᠬᠡᠮᠵᠢᠶ᠎ᠡ ᠶᠢ 3% ᠣᠷᠴᠢᠮ ᠪᠠᠶᠢᠯᠭᠠᠨ᠎ᠠ︔ ᠰᠠᠭᠤᠭᠠᠯᠢ | ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ ᠲᠠᠢ ᠦᠨᠳᠦᠰᠦᠨ ᠳᠡᠭᠡᠨ ᠵᠢᠭᠳᠡ ᠪᠠᠶᠢᠯᠭᠠᠨ᠎ᠠ︔ | ᠭᠠᠳᠠᠭᠠᠳᠤ ᠣᠷᠣᠭᠤᠯᠤᠯᠲᠠ ᠪᠠ ᠭᠠᠳᠠᠭᠠᠳᠤ ᠭᠠᠷᠭᠠᠯᠲᠠ ᠶᠢᠨ ᠲᠣᠭᠲᠠᠭᠤᠨ ᠪᠠᠶᠢᠳᠠᠯ ᠢ ᠠᠬᠢᠭᠤᠯᠤᠨ ᠶᠠᠰᠤ | ᠴᠢᠨᠠᠷ ᠢ ᠨᠢ ᠳᠡᠭᠡᠭᠰᠢᠯᠡᠭᠦᠯᠵᠦ᠂ ᠤᠯᠤᠰ ᠤᠨ ᠬᠤᠭᠤᠷᠣᠨᠳᠣᠭᠢ ᠣᠷᠣᠯᠭ᠎ᠠ ᠵᠠᠷᠤᠯᠭ᠎ᠠ ᠶᠢ ᠦᠨᠳᠦᠰᠦᠨ ᠳᠡᠭᠡᠨ | ᠲᠡᠩᠴᠡᠭᠦᠷᠢᠲᠡᠢ ᠪᠠᠶᠢᠯᠭᠠᠨ᠎ᠠ︔ ᠠᠮᠤ ᠪᠤᠳᠠᠭᠠᠨ ᠤ ᠤᠨᠠᠯᠲᠠ ᠶᠢ 1.3 ᠲᠦᠮᠡᠨ ᠳ᠋ᠦᠩᠰᠢᠭᠤᠷ ᠵᠢᠩ ᠠᠴᠠ ᠳᠡᠭᠡᠭᠰᠢ | ᠪᠠᠶᠢᠯᠭᠠᠨ᠎ᠠ︔ ᠨᠢᠭᠡᠴᠢ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠭᠦ ᠥᠷᠲᠡᠭ ᠤᠨ ᠡᠨᠧᠷᠭᠢ ᠶᠢᠨ | ᠬᠤᠷᠣᠭᠳᠠᠭᠤᠯᠤᠯ ᠪᠣᠯᠣᠨ ᠭᠤᠣᠯ ᠪᠤᠯᠬᠤ ᠪᠣᠬᠢᠷᠲᠤᠭᠤᠯᠬᠤ ᠪᠣᠳᠠᠰ ᠤᠨ ᠭᠠᠳᠠᠭᠰᠢᠯᠠᠭᠤᠯᠤᠯᠲᠠ ᠶᠢᠨ ᠬᠡᠮᠵᠢᠶ᠎ᠡ ᠶᠢ | ᠦᠷᠭᠦᠯᠵᠢᠯᠡᠨ ᠪᠠᠭᠤᠷᠠᠭᠤᠯᠵᠤ᠂ ᠴᠢᠯᠠᠭᠤᠵᠢᠮᠠᠯ ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡ ᠶᠢ ᠭᠤᠣᠯᠳᠠᠯᠭ᠎ᠠ ᠲᠠᠢ | ᠬᠢᠵᠠᠭᠠᠷᠯᠠᠵᠤ᠂ ᠠᠮᠢ ᠠᠬᠤᠢ ᠶᠢᠨ ᠣᠷᠴᠢᠨ ᠨᠥᠬᠦᠴᠡᠯ ᠤᠨ ᠶᠠᠰᠤ ᠴᠢᠨᠠᠷ ᠢ ᠲᠣᠭᠲᠠᠭᠤᠨ ᠢᠶᠠᠷ ᠰᠠᠶᠢᠵᠢᠷᠠᠭᠤᠯᠤᠨ᠎ᠠ᠃ | | ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ | ᠤᠷᠤᠭᠰᠢᠯᠠᠭᠤᠯᠬᠤ ᠪᠠᠷ ᠴᠢᠷᠮᠠᠶᠢᠬᠤ ᠶᠢ ᠪᠠᠷᠢᠮᠲᠠᠯᠠᠨ᠂ ᠪᠠᠶᠢᠯᠳᠤᠬᠤ ᠪᠣᠳᠣᠯᠭ᠎ᠠ ᠶᠢᠨ ᠳᠤᠭᠢᠶᠠᠯ ᠪᠣᠯᠣᠨ ᠲᠦᠭᠰᠢᠭᠦᠷᠢ | ᠰᠢᠯᠭᠠᠯᠲᠠ ᠵᠡᠷᠭᠡ ᠪᠠᠷ ᠣᠷᠣᠰᠢᠵᠤ᠂ ᠮᠠᠭᠠᠳ ᠪᠤᠰᠤ ᠪᠠ ᠲᠥᠰᠥᠭᠡᠯᠡᠬᠦᠶ᠎ᠡ ᠪᠡᠷᠬᠡ ᠬᠦᠴᠦᠨ ᠵᠦᠢᠯ ᠤᠳ ᠨᠡᠮᠡᠭᠳᠡᠵᠦ | ᠪᠠᠶᠢᠭ᠎ᠠ ᠪᠠᠶᠢᠳᠠᠯ ᠤᠨ ᠡᠮᠦᠨ᠎ᠡ ᠲᠥᠷᠥ ᠶᠢᠨ ᠪᠣᠳᠣᠯᠭ᠎ᠠ ᠶᠢᠨ ᠦᠷᠭᠦᠯᠵᠢᠯᠡᠬᠦ ᠴᠢᠨᠠᠷ᠂ ᠲᠣᠭᠲᠠᠪᠤᠷᠢᠲᠤ ᠴᠢᠨᠠᠷ ᠪᠠ | ᠬᠠᠨᠳᠤᠯᠭᠠᠲᠤ ᠴᠢᠨᠠᠷ ᠢ ᠪᠠᠲᠤᠯᠠᠵᠤ᠂ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢᠨ ᠵᠣᠬᠢᠴᠠᠭᠤᠯᠭ᠎ᠠ | ᠬᠠᠮᠵᠢᠯᠴᠠᠭ᠎ᠠ ᠶᠢ ᠴᠢᠩᠭᠠᠳᠬᠠᠵᠤ᠂ ᠴᠢᠨᠠᠷ ᠰᠠᠶᠢᠲᠠᠢ ᠬᠥᠭᠵᠢᠯᠲᠡ ᠶᠢ ᠬᠠᠮᠲᠤ ᠪᠠᠷ ᠠᠬᠢᠭᠤᠯᠬᠤ ᠨᠡᠶᠢᠯᠡᠯ ᠬᠦᠴᠦᠨ ᠢ | ᠪᠦᠷᠢᠯᠳᠦᠭᠦᠯᠦᠨ᠎ᠡ᠃ ᠡᠳ᠋ ᠤᠨ ᠵᠠᠰᠠᠭ ᠤᠨ ᠢᠳᠡᠪᠬᠢᠲᠡᠢ ᠲᠦᠷᠦ ᠶᠢᠨ ᠪᠣᠳᠣᠯᠭ᠎ᠠ ᠶᠢᠨ ᠦᠷ᠎ᠡ ᠪᠦᠲᠦᠮᠵᠢ ᠶᠢ | ᠬᠦᠴᠦᠯᠡᠨ ᠳᠡᠭᠡᠭᠰᠢᠯᠡᠭᠦᠯᠤᠨ᠎ᠠ᠃ ᠤᠯᠠᠭᠠᠨ ᠲᠤᠭ᠎ᠠ ᠶᠢᠨ ᠨᠤᠷᠮ᠎ᠠ ᠶᠢ 3% ᠪᠠᠷ ᠲᠣᠬᠢᠷᠠᠭᠤᠯᠬᠤ ᠪᠠᠷ ᠲᠥᠯᠥᠪᠯᠡᠵᠦ | ᠪᠠᠶᠢᠨ᠎ᠠ᠃ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠣᠳᠣ ᠶᠢᠨ | ᠬᠡᠷᠡᠭᠵᠢᠭᠦᠯᠵᠦ ᠪᠠᠶᠢᠭ᠎ᠠ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ᠂ ᠭᠠᠶᠢᠯᠢ ᠪᠤᠴᠠᠭᠠᠬᠤ ᠭᠠᠶᠢᠯᠢ | ᠬᠤᠶᠢᠰᠢᠯᠠᠭᠤᠯᠬᠤ ᠵᠡᠷᠭᠡ ᠠᠷᠭ᠎ᠠ ᠬᠡᠮᠵᠢᠶ᠎ᠡ ᠶᠢᠨ ᠦᠷᠭᠦᠯᠵᠢᠯᠡᠭᠦᠯᠬᠦ ᠶᠣᠰᠣᠲᠠᠢ ᠶᠢ ᠨᠢ ᠦᠷᠭᠦᠯᠵᠢᠯᠡᠭᠦᠯᠵᠦ᠂ | ᠰᠢᠯᠢᠳᠡᠭᠵᠢᠭᠦᠯᠬᠦ ᠴᠢᠬᠤᠯᠠᠲᠠᠢ ᠶᠢ ᠨᠢ ᠰᠢᠯᠢᠳᠡᠭᠵᠢᠭᠦᠯᠦᠨ᠎ᠡ᠃ ᠦᠨᠳᠦᠰᠦᠨ ᠱᠠᠲᠤᠨ ᠤ ︽ᠭᠤᠷᠪᠠ ᠶᠢ ᠪᠠᠲᠤᠯᠠᠬᠤ︾ | ᠠᠵᠢᠯ ᠢ ᠰᠠᠶᠢᠲᠤᠷ ᠬᠢᠨ᠎ᠡ᠃ ᠵᠣᠭᠤᠰᠤᠨ ᠤ ᠯᠠᠪᠳᠠᠭᠤᠨ ᠲᠦᠷᠦ ᠶᠢᠨ ᠪᠣᠳᠣᠯᠭ᠎ᠠ ᠶᠢ ᠨᠠᠷᠢᠯᠢᠭ ᠣᠨᠣᠴᠠᠲᠠᠢ ᠪᠥᠭᠡᠳ | ᠬᠦᠴᠦᠲᠡᠢ ᠪᠠᠶᠢᠯᠭᠠᠨ᠎ᠠ᠃ ᠳᠡᠯᠭᠡᠷᠡᠩᠭᠦᠢ ᠤᠳᠬ᠎ᠠ ᠶᠢᠨ ᠵᠣᠭᠤᠰᠤᠨ ᠤ ᠬᠠᠩᠭᠠᠯᠭ᠎ᠠ ᠶᠢᠨ ᠬᠡᠮᠵᠢᠶ᠎ᠡ ᠪᠠ ᠨᠡᠶᠢᠭᠡᠮ ᠤᠨ | ᠪᠡᠯᠡ ᠲᠣᠬᠢᠷᠠᠭᠤᠯᠭ᠎ᠠ ᠶᠢᠨ ᠬᠡᠪᠴᠢᠶ᠎ᠡ ᠶᠢᠨ ᠨᠡᠮᠡᠭᠳᠡᠯ ᠤᠨ ᠬᠤᠷᠳᠤᠴᠠ ᠶᠢ ᠨᠡᠷᠡᠯᠡᠭᠰᠡᠨ ᠠᠵᠤ ᠠᠬᠤᠢ ᠶᠢᠨ | ᠨᠡᠮᠡᠭᠳᠡᠯ ᠤᠨ ᠬᠤᠷᠳᠤᠴᠠ ᠲᠠᠢ ᠦᠨᠳᠦᠰᠦᠨ ᠳᠡᠭᠡᠨ ᠵᠣᠬᠢᠴᠠᠯᠳᠤᠭᠤᠯᠵᠤ᠂ ᠪᠣᠳᠠᠲᠤ ᠴᠣᠭᠴᠠ ᠶᠢᠨ ᠠᠵᠤ | ᠠᠬᠤᠢ ᠶᠢᠨ ᠬᠥᠭᠵᠢᠯᠲᠡ ᠶᠢ ᠳᠠᠮᠵᠢᠨ᠎ᠠ᠃ ᠠᠷᠠᠳ ᠤᠨ ᠵᠣᠭᠤᠰᠤᠨ ᠤ ᠭᠤᠪᠢᠭᠤᠯᠭ᠎ᠠ ᠶᠢᠨ ᠨᠤᠷᠮ᠎ᠠ ᠶᠢᠨ ᠵᠦᠢ | ᠵᠣᠬᠢᠰᠲᠠᠢ ᠪᠥᠭᠡᠳ ᠲᠡᠩᠴᠡᠭᠦᠷᠢᠲᠡᠢ ᠲᠦᠪᠰᠢᠨ ᠳᠡᠭᠡᠷ᠎ᠡ ᠦᠨᠳᠦᠰᠦᠨ ᠳᠡᠭᠡᠨ ᠲᠣᠭᠲᠠᠪᠤᠷᠢᠲᠠᠢ ᠪᠠᠶᠢᠬᠤ ᠶᠢ | ᠪᠠᠲᠤᠯᠠᠨ᠎ᠠ᠃ ᠠᠵᠤ ᠦᠢᠯᠡᠰ ᠤᠨ ᠲᠦᠷᠦ ᠶᠢᠨ ᠪᠣᠳᠣᠯᠭ᠎ᠠ ᠳᠤ ᠬᠥᠭᠵᠢᠯᠲᠡ ᠪᠣᠯᠣᠨ ᠠᠮᠤᠷ ᠲᠦᠪᠰᠢᠨ ᠢ ᠵᠡᠷᠭᠡ ᠪᠠᠷ | ᠴᠢᠬᠤᠯᠠᠴᠢᠯᠠᠨ᠎ᠠ᠃ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠲᠡᠰ ᠳᠡᠪᠰᠢᠭᠦᠯᠭᠦ ᠶᠢ ᠠᠬᠢᠭᠤᠯᠵᠤ᠂ | ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠪᠣᠶᠢᠵᠢᠭᠤᠯᠤᠨ | ᠪᠤᠵᠠᠭᠠᠶᠢᠷᠠᠭᠤᠯᠵᠤ᠂ ᠠᠵᠤ ᠦᠢᠯᠡᠰ ᠤᠨ ᠬᠡᠯᠬᠢᠶ᠎ᠡ ᠶᠢᠨ ᠪᠠᠭᠤᠷᠠᠢ ᠭᠤᠭᠴᠤᠭ᠎ᠠ ᠶᠢ ᠬᠦᠴᠦᠯᠡᠨ ᠨᠥᠬᠦᠪᠦᠷᠢᠯᠡᠵᠦ | ᠴᠢᠩᠭᠠᠳᠬᠠᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠲᠦᠷᠦ ᠶᠢᠨ ᠪᠣᠳᠣᠯᠭ᠎ᠠ ᠳᠤ ᠪᠡᠶ᠎ᠡ ᠪᠠᠨ ᠳᠠᠭᠠᠭᠠᠵᠤ | ᠥᠪᠡᠷ ᠢ ᠪᠠᠨ ᠬᠦᠴᠦᠷᠬᠡᠭᠵᠢᠭᠦᠯᠬᠦ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠬᠦ ᠪᠥᠭᠡᠳ ᠤᠯᠠᠨ ᠤᠯᠤᠰ ᠤᠨ | ᠬᠠᠮᠲᠤᠷᠠᠯᠴᠠᠭ᠎ᠠ ᠶᠢ ᠪᠠᠷᠢᠮᠲᠠᠯᠠᠨ᠎ᠠ᠃ ᠰᠢᠨ᠎ᠡ ᠭᠡᠯᠪᠡᠷᠢ ᠶᠢᠨ ᠤᠯᠤᠰ ᠳᠠᠶᠠᠭᠠᠷ ᠤᠨ ᠪᠠᠶᠢᠭᠤᠯᠤᠯ ᠢ ᠲᠡᠭᠦᠯᠳᠡᠷᠵᠢᠭᠦᠯᠵᠦ | ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠳᠤᠮᠳᠠᠬᠢ ᠵᠠᠰᠠᠭ ᠤᠨ ᠣᠷᠳᠣᠨ ᠤ | ᠵᠣᠬᠢᠶᠠᠨ ᠪᠠᠶᠢᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠭᠦ ᠪᠡᠶᠡᠴᠢ ᠴᠣᠭᠴᠠ ᠶᠢᠨ ᠪᠠᠶᠢᠷᠢ ᠰᠠᠭᠤᠷᠢ ᠶᠢ ᠳᠡᠮᠵᠢᠭᠦ ᠪᠠ ᠲᠤᠪᠤᠶᠢᠯᠭᠠᠵᠤ᠂ | ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠵᠢᠴᠢ ᠪᠦᠯᠭᠦᠮ ᠨᠡᠶᠢᠳᠠ ᠶᠢ ᠬᠥᠮᠥᠵᠢᠭᠦᠯᠬᠦ ᠶᠢ ᠳᠡᠮᠵᠢᠭᠦ | ᠡᠷᠴᠢᠮ ᠢ ᠴᠢᠩᠭᠠᠷᠠᠭᠤᠯᠤᠨ᠎ᠠ᠃ ᠨᠡᠶᠢᠭᠡᠮ ᠤᠨ ᠲᠦᠷᠦ ᠶᠢᠨ ᠪᠣᠳᠣᠯᠭ᠎ᠠ ᠳᠤ ᠠᠷᠠᠳ ᠤᠨ ᠠᠮᠢᠳᠤᠷᠠᠯ ᠢ ᠪᠠᠲᠤᠯᠠᠬᠤ | ᠬᠢᠵᠠᠭᠠᠷ ᠱᠤᠭᠤᠮ ᠢ ᠪᠠᠲᠤ ᠰᠠᠬᠢᠨ᠎ᠠ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ | ᠪᠣᠳᠠᠲᠠᠢ ᠪᠥᠭᠡᠳ ᠨᠠᠷᠢᠯᠢᠭ ᠨᠠᠶᠢᠳᠠᠪᠤᠷᠢᠵᠢᠭᠤᠯᠤᠨ᠂ ᠵᠠᠯᠠᠭᠤᠴᠤᠳ ᠢᠯᠠᠩᠭᠤᠶ᠎ᠠ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠲᠤ ᠠᠵᠢᠯ ᠣᠯᠭᠤᠬᠤ ᠶᠢ ᠠᠬᠢᠭᠤᠯᠬᠤ ᠠᠵᠢᠯ ᠢ ᠨᠠᠩ ᠲᠣᠪᠣᠶᠢᠮ᠎ᠠ ᠪᠠᠶᠢᠷᠢᠨ ᠳᠤ ᠲᠠᠯᠪᠢᠵᠤ᠂ | ᠠᠷᠠᠳ ᠤᠨ ᠦᠨᠳᠦᠰᠦᠨ ᠠᠮᠢᠳᠤᠷᠠᠯ ᠢ ᠦᠨᠡᠨ ᠬᠦ ᠪᠠᠲᠤᠯᠠᠨ᠎ᠠ᠃ | ᠣᠳᠣᠬᠠᠨ ᠳᠤ ᠮᠠᠨ ᠤ ᠤᠯᠤᠰ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ | ᠬᠢᠵᠠᠭᠠᠷᠯᠠᠬᠤ ᠠᠵᠢᠯ ᠨᠢᠭᠡᠨᠲᠡ ︽ᠬᠥᠬᠡᠭᠴᠢᠨ ᠲᠥᠷᠥᠯ ᠬᠥᠬᠡᠭᠴᠢᠨ ᠬᠠᠮᠢᠶᠠᠷᠤᠯᠲᠠ︾ ᠪᠠᠷ ᠪᠠᠶᠢᠩᠭᠤᠵᠢᠭᠤᠯᠤᠨ | ᠰᠡᠷᠭᠡᠶᠢᠯᠡᠨ ᠬᠢᠵᠠᠭᠠᠷᠯᠠᠬᠤ ᠱᠠᠲᠤᠨ ᠳᠤ ᠣᠷᠣᠪᠠ᠂ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠪᠦᠭᠦ ᠲᠠᠯ᠎ᠠ ᠪᠠᠷ | ᠰᠢᠨᠵᠢᠯᠡᠬᠦ ᠤᠬᠠᠭᠠᠨᠴᠢ ᠪᠠᠷ ᠳ᠋ᠦᠩᠨᠡᠭᠰᠡᠨ ᠰᠠᠭᠤᠷᠢᠨ ᠳᠡᠭᠡᠷ᠎ᠡ᠂ ᠰᠡᠷᠭᠡᠶᠢᠯᠡᠨ ᠬᠢᠵᠠᠭᠠᠷᠯᠠᠬᠤ ᠠᠵᠢᠯ ᠢ ᠨᠡᠩ ᠰᠢᠨᠵᠢᠯᠡᠬᠦ | ᠤᠬᠠᠭᠠᠨᠴᠢ᠂ ᠨᠠᠷᠢᠯᠢᠭ ᠣᠨᠣᠴᠠᠲᠠᠢ᠂ ᠥᠨᠳᠥᠷ ᠪᠦᠲᠦᠮᠵᠢᠲᠡᠶ ᠪᠠᠷ ᠰᠠᠶᠢᠲᠤᠷ ᠬᠢᠵᠦ᠂ ᠡᠷᠡᠭᠦᠯ ᠮᠡᠨᠳᠦ ᠶᠢ | ᠪᠠᠲᠤᠯᠠᠬᠤ᠂ ᠬᠦᠨᠳᠦ ᠡᠪᠡᠳᠴᠢᠨ ᠢ ᠰᠡᠷᠭᠡᠶᠢᠯᠡᠬᠦ ᠶᠢᠨ ᠲᠣᠭᠤᠷᠢᠨ ᠳᠤ ᠨᠠᠰᠤᠲᠠᠶᠢᠴᠤᠳ᠂ ᠬᠡᠦᠬᠡᠳ ᠪᠠᠭᠠᠴᠤᠳ᠂ | ᠬᠠᠭᠤᠴᠢᠨ ᠠᠷᠬᠠᠭ ᠲᠠᠢ ᠬᠠᠮᠲᠤᠯᠢᠭ ᠤᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠪᠠ ᠡᠮᠨᠡᠨ ᠵᠠᠰᠠᠬᠤ ᠠᠵᠢᠯ ᠢ | ᠭᠤᠣᠯᠳᠠᠯᠭ᠎ᠠ ᠲᠠᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠬᠢᠨᠠᠨ ᠭᠡᠮᠵᠢᠭᠦ ᠬᠢᠷᠢ ᠬᠡᠮᠵᠢᠶ᠎ᠡ ᠪᠠᠨ ᠳᠡᠭᠡᠭᠰᠢᠯᠡᠭᠦᠯᠦᠨ | ᠂ ᠸᠠᠺᠼᠢᠨ ᠢ ᠦᠶ᠎ᠡ ᠰᠣᠯᠢᠭᠳᠠᠭᠤᠯᠵᠤ ᠲᠡᠰ ᠳᠡᠪᠰᠢᠭᠦᠯᠭᠦ ᠪᠠ ᠰᠢᠨ᠎ᠡ ᠡᠮ ᠰᠤᠳᠤᠯᠤᠨ ᠦᠢᠯᠡᠳᠭᠦ ᠶᠢ ᠠᠬᠢᠭᠤᠯᠵᠤ᠂ | ᠤᠯᠠᠨ ᠲᠦᠮᠡᠨ ᠤ ᠡᠪᠡᠳᠴᠢᠨ ᠦᠵᠡᠭᠦᠯᠭᠦ ᠡᠮ ᠬᠡᠷᠡᠭᠯᠡᠬᠦ ᠬᠡᠷᠡᠭᠴᠡᠭᠡ ᠶᠢ ᠦᠨᠡᠨ ᠬᠦ ᠪᠠᠲᠤᠯᠠᠵᠤ᠂ ᠠᠷᠠᠳ | ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠰᠠᠶᠢᠲᠤᠷ ᠰᠠᠬᠢᠨ | ᠬᠠᠮᠠᠭᠠᠯᠠᠨ᠎ᠠ᠃ | ᠡᠨᠡ ᠵᠢᠯ ᠪᠣᠯ ᠵᠠᠰᠠᠭ ᠤᠨ ᠣᠷᠳᠣᠨ ᠤ ᠬᠤᠭᠤᠴᠠᠭ᠎ᠠ ᠰᠣᠯᠢᠬᠤ ᠵᠢᠯ ᠪᠣᠯᠣᠨ᠎ᠠ᠂ ᠳᠡᠭᠡᠷ᠎ᠡ ᠮᠡᠳᠡᠭᠦᠯᠦᠭᠰᠡᠨ | ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠤᠯᠡᠨ ᠬᠦᠷᠢᠶ᠎ᠡ ᠡᠯ᠎ᠡ ᠲᠠᠯ᠎ᠠ ᠶᠢᠨ ᠠᠵᠢᠯ ᠤᠨ ᠲᠠᠯ᠎ᠠ ᠪᠠᠷ ᠬᠤᠶᠢᠰᠢᠳᠠ | ᠪᠠᠰᠠ ᠰᠢᠨᠲᠠᠷᠠᠰᠢ ᠦᠭᠡᠢ ᠴᠢᠷᠮᠠᠶᠢᠬᠤ ᠴᠢᠬᠤᠯᠠᠲᠠᠢ᠂ ᠳᠣᠣᠷ᠎ᠠ ᠬᠡᠳᠦᠨ ᠭᠤᠣᠯᠳᠠᠯᠭ᠎ᠠ ᠶᠢ ᠲᠣᠪᠴᠢᠯᠠᠨ ᠲᠣᠭᠠᠴᠢᠶ᠎ᠠ᠃ | | ︵ᠨᠢᠭᠡ︶ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠬᠦᠴᠦᠯᠡᠨ ᠥᠷᠭᠡᠳᠬᠡᠨ᠎ᠡ᠃ ᠬᠡᠷᠡᠭᠯᠡᠭᠡ ᠶᠢ | ᠰᠡᠷᠭᠦᠭᠡᠬᠦ ᠪᠠ ᠥᠷᠭᠡᠳᠬᠡᠬᠦ ᠶᠢ ᠲᠡᠷᠢᠭᠦᠨ ᠪᠠᠶᠢᠷᠢᠨ ᠳᠤ ᠲᠠᠯᠪᠢᠨ᠎ᠠ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ | ᠣᠷᠣᠯᠭ᠎ᠠ ᠶᠢ ᠤᠯᠠᠨ ᠠᠷᠭ᠎ᠠ ᠵᠠᠮ ᠢᠶᠠᠷ ᠨᠡᠮᠡᠭᠳᠡᠭᠦᠯᠦᠨ᠎ᠡ᠃ ᠮᠠᠰᠢᠨ ᠲᠡᠷᠭᠡ ᠵᠡᠷᠭᠡ ᠶᠢᠨ ᠪᠥᠭᠡᠮ ᠬᠡᠷᠡᠭᠯᠡᠭᠡ ᠶᠢ | ᠲᠣᠭᠲᠠᠭᠤᠨ ᠪᠠᠶᠢᠯᠭᠠᠵᠤ᠂ ᠢᠳᠡᠭᠡᠨ ᠤᠮᠳᠠᠭᠠᠨ᠂ ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ ᠵᠡᠷᠭᠡ | ᠠᠮᠢᠳᠤᠷᠠᠯ ᠤᠨ ᠦᠢᠯᠡᠴᠢᠯᠡᠭᠡᠨ ᠤ ᠬᠡᠷᠡᠭᠯᠡᠭᠡ ᠶᠢ ᠰᠡᠷᠭᠦᠭᠡᠬᠦ ᠶᠢ ᠠᠬᠢᠭᠤᠯᠤᠨ᠎ᠠ᠃ ᠵᠠᠰᠠᠭ ᠤᠨ ᠣᠷᠳᠣᠨ ᠤ ᠪᠡᠯᠡ | ᠣᠷᠣᠭᠤᠯᠤᠯᠲᠠ ᠪᠠ ᠲᠥᠷᠥ ᠶᠢᠨ ᠪᠣᠳᠣᠯᠭ᠎ᠠ ᠶᠢᠨ ᠤᠷᠮᠠᠰᠢᠭᠤᠯᠤᠯ ᠨᠢ ᠪᠦᠭᠦ ᠨᠡᠶᠢᠭᠡᠮ ᠤᠨ ᠪᠡᠯᠡ ᠣᠷᠣᠭᠤᠯᠤᠯᠲᠠ ᠶᠢ | ᠪᠦᠲᠦᠮᠵᠢᠲᠡᠶ ᠳᠠᠶᠢᠴᠢᠯᠠᠵᠤ᠂ ᠡᠨᠡ ᠵᠢᠯ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠢᠭᠡᠯᠡᠯᠭᠡ ᠶᠢᠨ | ᠲᠡᠮᠳᠡᠭᠲᠦ ᠶᠢ 3.8 ᠲᠦᠮᠡᠨ ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠦᠪᠵᠢᠭᠦᠯᠭᠡ ᠶᠢᠨ ᠴᠢᠬᠤᠯᠠ ᠶᠡᠭᠡ ᠢᠨᠵᠧᠨᠧᠷᠢᠩ ᠢ ᠲᠦᠷᠭᠡᠯᠡᠨ ᠬᠡᠷᠡᠭᠵᠢᠭᠦᠯᠵᠦ᠂ ᠬᠤᠳᠠ ᠶᠢ ᠰᠢᠨᠡᠳᠬᠡᠬᠦ | ᠠᠵᠢᠯᠯᠠᠭ᠎ᠠ ᠶᠢ ᠬᠡᠷᠡᠭᠵᠢᠭᠦᠯᠦᠨ᠂ ᠣᠷᠣᠨ ᠪᠦᠰᠡ ᠶᠢᠨ ᠳᠠᠪᠠᠭᠤᠯᠢᠭ ᠢᠶᠠᠷ ᠢᠶᠠᠨ ᠬᠠᠷᠢᠯᠴᠠᠨ ᠨᠥᠬᠦᠪᠦᠷᠢᠯᠡᠬᠦ᠂ ᠥᠪᠡᠷ | ᠥᠪᠡᠷ ᠤᠨ ᠳᠠᠪᠠᠭᠤᠯᠢᠭ ᠢᠶᠠᠨ ᠪᠠᠳᠠᠷᠠᠭᠤᠯᠬᠤ ᠶᠢ ᠠᠬᠢᠭᠤᠯᠵᠤ᠂ ᠬᠢᠵᠢᠭ ᠤᠨ ᠳᠠᠭᠠᠷᠢᠯᠲᠠ ᠨᠡᠯᠢᠶᠡᠳ ᠬᠦᠨᠳᠦ | ᠨᠣᠴᠢᠲᠠᠢ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠳᠡᠮᠵᠢᠭᠦ ᠡᠷᠴᠢᠮ ᠢ ᠦᠷᠭᠦᠯᠵᠢᠯᠡᠨ | ᠴᠢᠩᠭᠠᠷᠠᠭᠤᠯᠵᠤ᠂ ᠤᠯᠤᠰ ᠤᠨ ᠴᠢᠬᠤᠯᠠ ᠶᠡᠭᠡ ᠢᠨᠵᠧᠨᠧᠷᠢᠩ ᠪᠣᠯᠣᠨ ᠳᠤᠲᠠᠭᠤᠳᠠᠯ ᠢ ᠨᠥᠬᠦᠪᠦᠷᠢᠯᠡᠬᠦ ᠲᠥᠰᠥᠯ ᠤᠨ | ᠪᠦᠲᠦᠭᠡᠨ ᠪᠠᠶᠢᠭᠤᠯᠤᠯᠲᠠ ᠳᠤ ᠨᠠᠩ ᠣᠯᠠᠨ ᠠᠷᠠᠳ ᠤᠨ ᠬᠥᠷᠥᠩᠭᠡ ᠶᠢ ᠵᠣᠷᠢᠭᠵᠢᠭᠤᠯᠤᠨ ᠲᠡᠳᠡᠨ ᠣᠷᠣᠯᠴᠠᠭᠤᠯᠵᠤ᠂ | ᠠᠷᠠᠳ ᠤᠨ ᠪᠡᠯᠡ ᠣᠷᠣᠭᠤᠯᠤᠯᠲᠠ ᠶᠢᠨ ᠠᠮᠢᠳᠤᠯᠢᠭ ᠬᠦᠴᠦᠨ ᠢ ᠬᠥᠭᠵᠢᠭᠡᠬᠦ ᠪᠠᠷ ᠲᠥᠯᠥᠪᠯᠡᠵᠦ ᠪᠠᠶᠢᠨ᠎ᠠ᠃ | ︵ᠬᠤᠶᠠᠷ︶ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠯᠡᠨ ᠪᠠᠶᠢᠭᠤᠯᠤᠨ᠎ᠠ᠃ ᠠᠵᠤ | ᠦᠢᠯᠡᠰ ᠤᠨ ᠬᠥᠭᠵᠢᠯᠲᠡ ᠳᠤ ᠦᠵᠡᠭᠦᠯᠭᠦ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢᠨ | ᠲᠤᠯᠭᠠᠭᠤᠷᠢᠯᠠᠬᠤ ᠦᠢᠯᠡᠳᠦᠯ ᠢ ᠴᠢᠩᠭᠠᠳᠬᠠᠨ᠎ᠠ᠃ ᠠᠵᠤ ᠦᠢᠯᠡᠰ ᠤᠨ ᠬᠡᠯᠬᠢᠶ᠎ᠡ ᠶᠢ ᠴᠢᠩᠭᠠᠳᠬᠠᠨ ᠨᠥᠬᠦᠪᠦᠷᠢᠯᠡᠬᠦ | ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠦᠢᠯᠡᠳᠭᠦ ᠦᠢᠯᠡᠰ ᠤᠨ ᠭᠤᠣᠯᠳᠠᠯᠭ᠎ᠠ ᠲᠠᠢ ᠠᠵᠤ ᠦᠢᠯᠡᠰ ᠤᠨ | ᠬᠡᠯᠬᠢᠶ᠎ᠡ ᠶᠢᠨ ᠲᠣᠭᠤᠷᠢᠨ ᠳᠤ᠂ ᠴᠢᠨᠠᠷ ᠰᠠᠶᠢᠲᠠᠢ ᠡᠬᠢ ᠪᠠᠶᠠᠯᠢᠭ ᠢ ᠲᠥᠪᠯᠡᠷᠡᠭᠦᠯᠦᠨ ᠵᠠᠩᠭᠢᠯᠠᠭ᠎ᠠ ᠶᠢᠨ ᠭᠤᠣᠯᠯᠠᠬᠤ | ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠬᠦᠴᠦᠨ ᠢᠶᠠᠨ ᠬᠠᠮᠲᠤᠳᠬᠠᠨ ᠠᠬᠢᠭᠤᠯᠵᠤ᠂ ᠰᠢᠨ᠎ᠡ ᠶᠢ | ᠡᠭᠦᠳᠭᠦ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠨ᠎ᠡ᠃ ᠴᠢᠬᠤᠯᠠ ᠡᠨᠧᠷᠭᠢ ᠶᠢᠨ ᠰᠤᠷᠪᠤᠯᠵᠢ᠂ | ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠤᠯᠤᠰ ᠤᠨ ᠳᠣᠲᠣᠭᠠᠳᠤ ᠳᠠᠭᠠᠨ ᠬᠠᠶᠢᠨ ᠰᠢᠨᠵᠢᠯᠡᠵᠦ ᠨᠡᠭᠡᠭᠡᠨ | ᠠᠰᠢᠭᠯᠠᠬᠤ ᠪᠠ ᠨᠥᠭᠡᠴᠡ ᠶᠢ ᠨᠡᠮᠡᠭᠳᠡᠭᠦᠯᠦᠨ ᠦᠢᠯᠡᠳᠪᠦᠷᠢᠯᠡᠬᠦ ᠴᠢᠳᠠᠪᠤᠷᠢ ᠶᠢ ᠨᠡᠮᠡᠭᠳᠡᠭᠦᠯᠬᠦ ᠶᠢ ᠴᠢᠩᠭᠠᠳᠬᠠᠨ᠎ᠠ᠃ | ᠤᠯᠠᠮᠵᠢᠯᠠᠯᠲᠤ ᠠᠵᠤ ᠦᠢᠯᠡᠰ ᠪᠠ ᠳᠤᠮᠳᠠ ᠵᠢᠵᠢᠭ ᠠᠵᠤ ᠠᠬᠤᠶᠢᠯᠠᠯ ᠤᠨ ᠳ᠋ᠢᠵᠢᠲ᠋ᠠᠯᠴᠢᠯᠠᠨ ᠭᠡᠯᠪᠡᠷᠢ ᠪᠠᠨ | ᠬᠤᠪᠢᠷᠠᠭᠤᠯᠬᠤ ᠶᠢ ᠲᠦᠷᠭᠡᠳᠬᠡᠵᠦ᠂ ᠳᠡᠭᠡᠳᠦ ᠲᠡᠰᠴᠢᠯᠡᠯᠲᠡ᠂ ᠣᠶᠤᠨᠴᠢᠯᠠᠯᠲᠠ᠂ ᠨᠣᠭᠤᠭᠠᠨᠵᠢᠭᠤᠯᠤᠯᠲᠠ ᠶᠢᠨ | ᠲᠦᠪᠰᠢᠨ ᠢ ᠬᠦᠴᠦᠯᠡᠨ ᠳᠡᠭᠡᠭᠰᠢᠯᠡᠭᠦᠯᠦᠨ᠎ᠡ᠃ ᠬᠤᠰᠢᠭᠤᠷᠠᠯ ᠮᠡᠷᠭᠡᠵᠢᠯ ᠤᠨ ᠰᠤᠳᠤᠯᠤᠨ ᠨᠡᠭᠡᠭᠡᠯᠲᠡ ᠪᠠ | ᠬᠡᠷᠡᠭᠯᠡᠯᠲᠡ ᠳᠡᠯᠭᠡᠷᠡᠭᠦᠯᠦᠯᠲᠡ ᠶᠢ ᠲᠦᠷᠭᠡᠳᠬᠡᠵᠦ᠂ ᠰᠢᠨᠵᠢᠯᠡᠬᠦ ᠤᠬᠠᠭᠠᠨ ᠤ ᠦᠷ᠎ᠡ ᠪᠦᠲᠦᠭᠡᠯ ᠤᠨ | ᠬᠤᠪᠢᠷᠠᠭᠤᠯᠤᠯᠲᠠ ᠶᠢ ᠠᠬᠢᠭᠤᠯᠤᠨ᠎ᠠ᠃ ᠥᠨᠳᠥᠷ ᠪᠦᠳᠦᠮᠵᠢᠳᠠᠢ ᠪᠥᠭᠡᠳ ᠰᠠᠭᠠᠳ ᠦᠭᠡᠢ ᠨᠡᠪᠲᠡᠷᠡᠬᠦ ᠡᠳ᠋ | ᠪᠠᠷᠠᠭᠠᠨ ᠤ ᠭᠦᠢᠯᠭᠡᠭᠡᠨ ᠤ ᠰᠢᠰᠲ᠋ᠧᠮ ᠢ ᠪᠠᠶᠢᠭᠤᠯᠤᠨ᠎ᠠ᠃ ᠳ᠋ᠢᠵᠢᠲ᠋ᠠᠯ ᠠᠵᠤ ᠠᠬᠤᠢ ᠶᠢ ᠶᠡᠭᠡ ᠪᠠᠷ ᠬᠥᠭᠵᠢᠭᠦᠯᠵᠦ᠂ | ᠪᠠᠶᠢᠩᠭᠤᠵᠢᠭᠤᠯᠤᠭᠰᠠᠨ ᠬᠢᠨᠠᠯᠲᠠ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠦᠨ᠂ ᠲᠠᠪᠴᠠᠩ ᠤᠨ ᠠᠵᠤ | ᠠᠬᠤᠢ ᠶᠢᠨ ᠬᠥᠭᠵᠢᠯᠲᠡ ᠶᠢ ᠳᠡᠮᠵᠢᠨ᠎ᠡ᠃ | ︵ᠭᠤᠷᠪᠠ︶ ︽ᠬᠤᠶᠠᠷ ᠥᠴᠥᠬᠡᠨ ᠴᠦ ᠭᠤᠶᠢᠪᠢᠰᠢ ᠦᠭᠡᠢ︾ ᠪᠠᠶᠢᠬᠤ ᠶᠢ ᠦᠨᠡᠨ ᠬᠦ | ᠨᠠᠶᠢᠳᠠᠪᠤᠷᠢᠵᠢᠭᠤᠯᠤᠨ᠎ᠠ᠃ ᠤᠯᠤᠰ ᠤᠨ ᠥᠮᠴᠢᠯᠡᠯ ᠤᠨ ᠬᠥᠷᠥᠩᠭᠡ ᠪᠠ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠭᠤᠣᠯᠯᠠᠬᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠲᠥᠷᠥᠯ ᠬᠤᠪᠢᠶᠠᠭᠰᠠᠨ ᠥᠭᠡᠷᠡᠴᠢᠯᠡᠯᠲᠡ ᠶᠢᠨ | ᠴᠢᠭᠯᠡᠯ ᠢ ᠪᠠᠷᠢᠮᠲᠠᠯᠠᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠠᠵᠤ ᠠᠬᠤᠢ ᠶᠢᠨ ᠬᠠᠷᠢᠭᠤᠴᠠᠯᠭ᠎ᠠ | ᠪᠠ ᠨᠡᠶᠢᠭᠡᠮ ᠤᠨ ᠬᠠᠷᠢᠭᠤᠴᠠᠯᠭ᠎ᠠ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠳᠤᠮᠳᠠᠳᠤ ᠤᠯᠤᠰ ᠤᠨ | ᠣᠨᠴᠠᠯᠢᠭ ᠪᠦᠬᠦᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠤᠳᠤ ᠦᠶ᠎ᠡ ᠶᠢᠨ ᠺᠤᠮᠫᠠᠨᠢ ᠶᠢᠨ ᠵᠠᠰᠠᠯᠲᠠ ᠶᠢ | ᠲᠡᠭᠦᠯᠳᠡᠷᠵᠢᠭᠦᠯᠦᠨ᠎ᠡ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠥᠮᠴᠢᠯᠡᠬᠦ ᠡᠷᠬᠡ ᠪᠠ ᠠᠵᠤ | ᠠᠬᠤᠶᠢᠯᠠᠯᠲᠠᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ᠂ ᠬᠤᠯᠪᠣᠭᠳᠠᠯ ᠪᠦᠬᠦᠢ ᠲᠦᠷᠦ ᠶᠢᠨ | ᠪᠣᠳᠣᠯᠭ᠎ᠠ ᠶᠢ ᠲᠡᠭᠦᠯᠳᠡᠷᠵᠢᠭᠦᠯᠦᠨ᠂ ᠠᠷᠠᠳ ᠠᠴᠠ ᠡᠵᠡᠩᠨᠡᠭᠰᠡᠨ ᠠᠵᠤ ᠠᠬᠤᠢ ᠪᠣᠯᠣᠨ ᠠᠷᠠᠳ ᠠᠴᠠ ᠡᠵᠡᠩᠨᠡᠭᠰᠡᠨ | ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠶᠢ ᠵᠣᠷᠢᠭᠵᠢᠭᠤᠯᠤᠨ ᠳᠡᠮᠵᠢᠵᠦ᠂ ᠳᠤᠮᠳᠠ ᠵᠢᠵᠢᠭ ᠪᠢᠴᠢᠯ ᠠᠵᠤ | ᠠᠬᠤᠶᠢᠯᠠᠯ ᠪᠣᠯᠣᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ᠬᠥᠭᠵᠢᠯᠲᠡ ᠶᠢ ᠳᠡᠮᠵᠢᠵᠦ᠂ | ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠤᠭᠤᠷᠣᠨᠳᠣᠭᠢ ᠳᠣᠲᠣᠨᠣ ᠴᠢᠬᠡᠴᠢ ᠬᠠᠷᠢᠴᠠᠭ᠎ᠠ ᠶᠢ ᠪᠠᠶᠢᠭᠤᠯᠵᠤ᠂ | ᠡᠯ᠎ᠡ ᠲᠥᠷᠥᠯ ᠤᠨ ᠥᠮᠴᠢᠯᠡᠯ ᠤᠨ ᠠᠵᠤ ᠠᠬᠤᠶᠢᠯᠠᠯ ᠳᠤ ᠡᠷᠬᠡ ᠲᠡᠭᠰᠢ ᠪᠠᠷ ᠥᠷᠢᠰᠦᠯᠳᠦᠨ᠂ ᠮᠥᠴᠡᠭᠡᠷᠬᠡᠨ | ᠭᠦᠭᠵᠢᠭᠦ ᠣᠷᠴᠢᠨ ᠨᠥᠬᠦᠴᠡᠯ ᠢ ᠪᠤᠶ ᠪᠣᠯᠭᠠᠨ ᠥᠭᠴᠦ᠂ ᠦᠨᠡᠨ ᠪᠣᠳᠠᠲᠠᠢ ᠠᠷᠭ᠎ᠠ ᠪᠣᠳᠣᠯᠭ᠎ᠠ ᠪᠠᠷ ᠵᠠᠬ᠎ᠠ | ᠳᠡᠯᠭᠡᠭᠦᠷ ᠤᠨ ᠵᠢᠱᠢᠯᠲᠡ ᠶᠢ ᠲᠣᠭᠲᠠᠪᠤᠷᠢᠵᠢᠭᠤᠯᠤᠨ᠂ ᠵᠠᠬ᠎ᠠ ᠳᠡᠯᠭᠡᠭᠦᠷ ᠤᠨ ᠢᠲᠡᠭᠡᠯ ᠢ ᠬᠥᠪᠴᠢᠯᠡᠨ᠎ᠡ᠃ | ︵ᠳᠥᠷᠪᠡ︶ ᠭᠠᠳᠠᠭᠠᠳᠤ ᠪᠡᠯᠡ ᠶᠢ ᠨᠠᠩ ᠶᠡᠭᠡ ᠡᠷᠴᠢᠮ ᠢᠶᠠᠷ ᠲᠠᠲᠠᠵᠤ ᠠᠰᠢᠭᠯᠠᠨ᠎ᠠ᠃ ᠵᠠᠬ᠎ᠠ ᠳᠡᠯᠭᠡᠭᠦᠷ ᠲᠤ | ᠣᠷᠣᠬᠤ ᠵᠥᠪᠰᠢᠶᠡᠷᠡᠯ ᠢ ᠥᠷᠭᠡᠳᠬᠡᠵᠦ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠦᠷᠢᠶᠡᠨ ᠳᠠᠬᠢ | ᠨᠡᠭᠡᠭᠡᠯᠲᠡ ᠶᠢᠨ ᠡᠷᠴᠢᠮ ᠢ ᠴᠢᠩᠭᠠᠷᠠᠭᠤᠯᠤᠨ᠎ᠠ᠃ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠠᠷᠠᠳ ᠢᠷᠭᠡᠨ ᠤ | ᠬᠠᠷᠠᠭᠠᠯᠵᠠᠯ ᠢ ᠰᠠᠶᠢᠲᠤᠷ ᠨᠠᠶᠢᠳᠠᠪᠤᠷᠢᠵᠢᠭᠤᠯᠤᠨ᠎ᠠ᠃ ᠪᠦᠭᠦ ᠲᠠᠯ᠎ᠠ ᠶᠢᠨ ᠬᠢᠭᠡᠳ ᠳᠠᠪᠰᠢᠩᠭᠤᠢ ᠨᠣᠮᠣᠬᠠᠨ ᠳᠠᠯᠠᠢ | ᠠᠯᠤᠰᠯᠠᠭᠰᠠᠨ ᠬᠠᠨᠢᠲᠠᠨ ᠤ ᠬᠠᠷᠢᠴᠠᠭ᠎ᠠ ᠶᠢᠨ ᠬᠡᠯᠡᠯᠴᠡᠭᠡᠷ ︵CPTPP︶ ᠵᠡᠷᠭᠡ ᠥᠨᠳᠥᠷ ᠪᠠᠷᠢᠮᠵᠢᠶᠠᠲᠤ ᠠᠵᠤ | ᠠᠬᠤᠢ ᠠᠷᠠᠯᠵᠢᠶᠠᠨ ᠤ ᠬᠡᠯᠡᠯᠴᠡᠭᠡᠷ ᠲᠤ ᠣᠷᠣᠬᠤ ᠶᠢ ᠢᠳᠡᠪᠬᠢᠲᠡᠢ ᠠᠬᠢᠭᠤᠯᠵᠤ᠂ ᠰᠠᠨᠠᠭᠠᠴᠢᠯᠠᠭ᠎ᠠ ᠠᠴᠠ ᠪᠠᠨ ᠬᠠᠮᠢᠶ᠎ᠠ | ᠪᠦᠬᠦᠢ ᠳᠦᠷᠢᠮᠯᠡᠯ᠂ ᠳᠦᠷᠢᠮ ᠲᠣᠭᠲᠠᠭᠠᠯ᠂ ᠬᠠᠮᠢᠶᠠᠷᠤᠯᠲᠠ᠂ ᠪᠠᠷᠢᠮᠵᠢᠶ᠎ᠠ ᠲᠠᠢ ᠬᠠᠷᠢᠴᠠᠭᠤᠯᠤᠨ᠂ ᠳᠦᠷᠢᠮ ᠤᠨ | ᠭᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠨ᠎ᠡ᠃ ᠣᠷᠣᠨ ᠪᠦᠰᠡ ᠶᠢᠨ ᠨᠡᠭᠡᠭᠡᠯᠲᠡ ᠶᠢᠨ ᠪᠠᠶᠢᠷᠢᠰᠢᠯ ᠢ | ᠰᠢᠯᠢᠳᠡᠭᠵᠢᠭᠦᠯᠵᠦ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠳᠡᠭᠡᠭᠰᠢᠯᠡᠭᠦᠯᠭᠦ ᠪᠠᠶᠢᠯᠳᠤᠬᠤ | ᠪᠣᠳᠣᠯᠭ᠎ᠠ ᠶᠢ ᠬᠡᠷᠡᠭᠵᠢᠭᠦᠯᠦᠨ᠂ ᠬᠠᠶᠢᠨᠠᠨ ᠤ ᠴᠢᠯᠦᠭᠡᠲᠦ ᠠᠷᠠᠯᠵᠢᠶᠠᠨ ᠤ ᠭᠠᠷᠠᠮ᠂ ᠡᠯ᠎ᠡ ᠲᠥᠰᠥᠯ ᠤᠨ ᠨᠡᠭᠡᠭᠡᠨ | ᠬᠥᠭᠵᠢᠭᠦᠯᠬᠦ ᠣᠷᠣᠨ ᠵᠡᠷᠭᠡ ᠨᠡᠭᠡᠭᠡᠯᠲᠡᠲᠤ ᠲᠠᠪᠴᠠᠩ ᠤᠨ ᠤᠷᠢᠳ ᠢᠶᠠᠷ ᠬᠢᠵᠦ ᠤᠷᠢᠳ ᠢᠶᠠᠷ ᠲᠤᠷᠰᠢᠬᠤ | ᠦᠢᠯᠡᠳᠦᠯ ᠢ ᠰᠠᠶᠢᠲᠤᠷ ᠪᠠᠳᠠᠷᠠᠭᠤᠯᠤᠨ᠎ᠠ᠃ ᠭᠠᠳᠠᠭᠠᠳᠤ ᠣᠷᠣᠭᠤᠯᠤᠯᠲᠠ ᠪᠠ ᠭᠠᠳᠠᠭᠠᠳᠤ ᠭᠠᠷᠭᠠᠯᠲᠠ ᠶᠢᠨ ᠠᠵᠤ | ᠠᠬᠤᠢ ᠳᠤ ᠦᠵᠡᠭᠦᠯᠭᠦ ᠲᠤᠯᠭᠠᠭᠤᠷᠢᠯᠠᠬᠤ ᠦᠢᠯᠡᠳᠦᠯ ᠢ ᠦᠷᠭᠦᠯᠵᠢᠯᠡᠨ ᠪᠠᠳᠠᠷᠠᠭᠤᠯᠤᠨ᠎ᠠ᠃ ᠭᠠᠳᠠᠭᠠᠳᠤ ᠪᠡᠯᠡ ᠶᠢᠨ | ᠠᠵᠤ ᠠᠬᠤᠶᠢᠯᠠᠯ ᠳᠤ ᠦᠢᠯᠡᠴᠢᠯᠡᠬᠦ ᠠᠵᠢᠯ ᠢ ᠰᠠᠶᠢᠲᠤᠷ ᠬᠢᠵᠦ᠂ ᠭᠠᠳᠠᠭᠠᠳᠤ ᠪᠡᠯᠡ ᠶᠢᠨ ᠪᠡᠯᠭᠡ ᠲᠡᠮᠳᠡᠭ ᠤᠨ | ᠴᠢᠨᠠᠷᠲᠠᠢ ᠲᠥᠰᠥᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠪᠦᠲᠦᠭᠡᠨ ᠪᠠᠶᠢᠭᠤᠯᠬᠤ ᠶᠢ ᠠᠬᠢᠭᠤᠯᠤᠨ᠎ᠠ᠃ | ᠨᠡᠭᠡᠭᠡᠯᠲᠡᠲᠡᠢ ᠳᠤᠮᠳᠠᠳᠤ ᠤᠯᠤᠰ ᠤᠨ ᠲᠣᠮᠣ ᠵᠠᠬ᠎ᠠ ᠳᠡᠯᠭᠡᠭᠦᠷ ᠯᠠᠪᠲᠠᠢ ᠡᠯ᠎ᠡ ᠤᠯᠤᠰ ᠤᠨ ᠠᠵᠤ ᠠᠬᠤᠶᠢᠯᠠᠯ ᠤᠨ | ᠳᠤᠮᠳᠠᠳᠤ ᠤᠯᠤᠰ ᠲᠠᠬᠢ ᠬᠥᠭᠵᠢᠯᠲᠡ ᠳᠤ ᠨᠡᠩ ᠤᠯᠠᠨ ᠲᠣᠭᠢᠶᠠᠯ ᠬᠠᠩᠭᠠᠵᠤ ᠴᠢᠳᠠᠨ᠎ᠠ᠃ | ︵ᠲᠠᠪᠤ︶ ᠠᠵᠤ ᠠᠬᠤᠢ ᠮᠥᠩᠭᠦᠨ ᠭᠦᠢᠯᠭᠡᠭᠡᠨ ᠤ ᠬᠦᠨᠳᠦ ᠶᠡᠭᠡ ᠲᠦᠭᠰᠢᠭᠦᠷᠢ ᠶᠢ ᠪᠦᠲᠦᠮᠵᠢᠲᠡᠶ | ᠰᠡᠷᠭᠡᠶᠢᠯᠡᠨ ᠠᠷᠢᠯᠭᠠᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠲᠡᠭᠦᠯᠳᠡᠷᠵᠢᠭᠦᠯᠦᠨ᠂ ᠡᠯ᠎ᠡ ᠲᠠᠯ᠎ᠠ ᠶᠢᠨ ᠬᠢᠨ ᠤ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠣᠷᠣᠨ ᠪᠦᠰᠡ ᠶᠢᠨ ᠴᠢᠨᠠᠷᠲᠠᠢ᠂ ᠰᠢᠰᠲ᠋ᠧᠮ ᠤᠨ ᠴᠢᠨᠠᠷᠲᠠᠢ ᠮᠥᠩᠭᠦᠨ | ᠭᠦᠢᠯᠭᠡᠭᠡᠨ ᠤ ᠠᠶᠤᠯ ᠲᠦᠭᠰᠢᠭᠦᠷᠢ ᠪᠤᠢ ᠪᠤᠯᠬᠤ ᠠᠴᠠ ᠰᠡᠷᠭᠡᠶᠢᠯᠡᠨ᠎ᠡ᠃ ᠭᠡᠷ ᠪᠠᠶᠢᠰᠢᠩ ᠭᠠᠵᠠᠷ ᠰᠢᠷᠣᠢ ᠶᠢᠨ | ᠬᠥᠷᠥᠩᠭᠡ ᠶᠢᠨ ᠴᠢᠨᠠᠷ ᠰᠠᠶᠢᠲᠠᠢ ᠲᠣᠯᠣᠭᠠᠶᠢᠯᠠᠭᠰᠠᠨ ᠠᠵᠤ ᠠᠬᠤᠶᠢᠯᠠᠯ ᠤᠨ ᠠᠶᠤᠯ ᠲᠦᠭᠰᠢᠭᠦᠷᠢ ᠶᠢ ᠪᠦᠲᠦᠮᠵᠢᠲᠡᠶ | ᠰᠡᠷᠭᠡᠶᠢᠯᠡᠨ ᠠᠷᠢᠯᠭᠠᠵᠤ᠂ ᠡᠳ᠋ ᠬᠥᠷᠥᠩᠭᠡ ᠶᠢᠨ ᠥᠷᠢ ᠥᠭᠴᠡᠭᠡ ᠶᠢᠨ ᠪᠠᠶᠢᠳᠠᠯ ᠢ ᠰᠠᠶᠢᠵᠢᠷᠠᠭᠤᠯᠵᠤ᠂ ᠡᠮᠬᠢ ᠵᠢᠷᠤᠮ | ᠦᠭᠡᠢ ᠥᠷᠭᠡᠵᠢᠬᠦ ᠠᠴᠠ ᠰᠡᠷᠭᠡᠶᠢᠯᠡᠨ ᠬᠤᠷᠢᠭᠯᠠᠵᠤ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ | ᠦᠢᠯᠡᠰ ᠤᠨ ᠲᠣᠭᠲᠠᠭᠤᠨ ᠢᠶᠠᠷ ᠭᠦᠭᠵᠢᠭᠦ ᠶᠢ ᠠᠬᠢᠭᠤᠯᠤᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ ᠤ | ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠥᠷᠢ ᠥᠭᠴᠡᠭᠡ ᠶᠢᠨ ᠬᠤᠭᠤᠴᠠᠭ᠎ᠠ ᠶᠢᠨ | ᠪᠦᠲᠦᠴᠡ ᠶᠢ ᠰᠢᠯᠢᠳᠡᠭᠵᠢᠭᠦᠯᠦᠨ᠂ ᠬᠦᠦ ᠮᠥᠩᠭᠦ ᠶᠢᠨ ᠳᠠᠷᠤᠭᠠᠰᠤ ᠶᠢ ᠬᠥᠩᠭᠡᠷᠡᠭᠦᠯᠵᠦ᠂ ᠨᠡᠮᠡᠭᠳᠡᠯ ᠢ ᠬᠤᠷᠢᠭᠯᠠᠵᠤ᠂ | ᠬᠠᠳᠠᠭᠠᠯᠠᠯᠲᠠ ᠬᠡᠮᠵᠢᠶ᠎ᠡ ᠶᠢ ᠠᠷᠢᠯᠭᠠᠨ᠎ᠠ᠃ | ︵ᠵᠢᠷᠭᠤᠭ᠎ᠠ︶ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠪᠤᠷᠢᠵᠢᠭᠤᠯᠬᠤ ᠪᠠ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃ ᠲᠠᠷᠢᠶᠠᠯᠠᠩ ᠤᠨ ᠣᠳᠣᠬᠢᠴᠢᠯᠠᠯᠲᠠ ᠪᠠ ᠬᠥᠳᠡᠭᠡ ᠳᠤᠰᠬᠤᠨ ᠤ | ᠣᠳᠣᠬᠢᠴᠢᠯᠠᠯᠲᠠ ᠶᠢ ᠨᠢᠭᠡ ᠴᠣᠭᠴᠠᠵᠢᠭᠤᠯᠤᠨ ᠠᠬᠢᠭᠤᠯᠤᠨ᠎ᠠ᠃ ᠠᠮᠤ ᠪᠤᠳᠠᠭ᠎ᠠ ᠲᠠᠷᠢᠬᠤ ᠲᠠᠯᠠᠪᠠᠢ ᠶᠢ | ᠲᠣᠭᠲᠠᠪᠤᠷᠢᠵᠢᠭᠤᠯᠵᠤ᠂ ᠲᠣᠰᠣᠯᠢᠭ ᠲᠠᠷᠢᠮᠠᠯ ᠤᠨ ᠦᠢᠯᠡᠳᠪᠦᠷᠢᠯᠡᠯ ᠢ ᠰᠠᠶᠢᠲᠤᠷ ᠠᠳᠬᠤᠵᠤ᠂ ᠮᠢᠩᠭᠠᠨ | ᠳ᠋ᠦᠩᠰᠢᠭᠤᠷ ᠵᠢᠩ ᠠᠮᠤ ᠪᠤᠳᠠᠭ᠎ᠠ ᠦᠢᠯᠡᠳᠪᠦᠷᠢᠯᠡᠬᠦ ᠴᠢᠳᠠᠪᠤᠷᠢ ᠨᠡᠮᠡᠭᠳᠡᠭᠦᠯᠬᠦ ᠰᠢᠨ᠎ᠡ ᠨᠢᠭᠡᠨ ᠡᠭᠡᠯᠵᠢ ᠶᠢᠨ | ᠠᠵᠢᠯᠯᠠᠭ᠎ᠠ ᠶᠢ ᠬᠡᠷᠡᠭᠵᠢᠭᠦᠯᠦᠨ᠎ᠡ᠃ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠶᠢ ᠪᠠᠲᠤᠯᠠᠵᠤ | ᠦᠨ᠎ᠡ ᠬᠠᠩᠰᠢ ᠶᠢ ᠲᠣᠭᠲᠠᠭᠤᠨ ᠪᠠᠶᠢᠯᠭᠠᠬᠤ ᠠᠷᠭᠠᠴᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠲᠠᠷᠢᠶᠠᠨ | ᠭᠠᠵᠠᠷ ᠤᠨ ᠬᠠᠮᠠᠭᠠᠯᠠᠯᠲᠠ ᠶᠢ ᠴᠢᠩᠭᠠᠳᠬᠠᠵᠤ᠂ ᠲᠠᠷᠢᠶᠠᠯᠠᠩ ᠤᠨ ᠤᠰᠤᠨ ᠠᠰᠢᠭᠯᠠᠯᠲᠠ ᠪᠠ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠵᠡᠷᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠦᠷ᠎ᠡ ᠶᠢᠨ | ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠦᠨ᠎ᠡ᠃ ᠲᠠᠷᠢᠶᠠᠯᠠᠩ ᠤᠨ ᠰᠢᠨᠵᠢᠯᠡᠬᠦ | ᠤᠬᠠᠭᠠᠨ ᠮᠡᠷᠭᠡᠵᠢᠯ ᠪᠠ ᠲᠣᠨᠣᠭᠯᠠᠯ ᠤᠨ ᠲᠤᠯᠭᠠᠭᠤᠷᠢᠯᠠᠯ ᠢ ᠴᠢᠩᠭᠠᠳᠬᠠᠨ᠎ᠠ᠃ ᠠᠮᠤ ᠪᠤᠳᠠᠭ᠎ᠠ ᠳᠠᠷᠢᠬᠤ | ᠲᠠᠷᠢᠶᠠᠴᠢᠳ ᠤᠨ ᠠᠰᠢᠭ ᠤᠷᠤᠯᠭ᠎ᠠ ᠶᠢ ᠪᠠᠲᠤᠯᠠᠬᠤ ᠲᠣᠭᠲᠠᠴᠠ ᠪᠠ ᠭᠤᠣᠯ ᠭᠠᠷᠤᠯᠲᠠ ᠶᠢᠨ ᠣᠷᠣᠨ ᠤ ᠠᠰᠢᠭ | ᠲᠤᠰᠠ ᠶᠢ ᠨᠥᠬᠦᠪᠦᠷᠢᠯᠡᠬᠦ ᠲᠣᠭᠲᠠᠴᠠ ᠶᠢ ᠪᠦᠷᠢᠨᠰᠢᠭᠦᠯᠦᠨ᠎ᠡ᠃ ᠬᠠᠮ ᠢᠳᠡᠭᠡᠨ ᠤ ᠦᠵᠡᠯᠲᠡ ᠶᠢ ᠪᠤᠢ ᠪᠤᠯᠭᠠᠵᠤ᠂ | ᠤᠯᠠᠨ ᠡᠰᠢᠴᠢᠯᠡᠭᠰᠡᠨ ᠢᠳᠡᠭᠡᠨ ᠤ ᠬᠠᠩᠭᠠᠯᠭ᠎ᠠ ᠶᠢᠨ ᠰᠢᠰᠲ᠋ᠧᠮ ᠢ ᠪᠠᠶᠢᠭᠤᠯᠤᠨ᠎ᠠ᠃ ᠬᠥᠳᠡᠭᠡ ᠲᠣᠰᠬᠤᠨ ᠤ | ᠣᠨᠴᠠᠯᠢᠭᠲᠤ ᠠᠵᠤ ᠦᠢᠯᠡᠰ ᠢ ᠬᠥᠭᠵᠢᠭᠦᠯᠵᠦ᠂ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ | ᠠᠷᠭ᠎ᠠ ᠵᠠᠮ ᠢ ᠨᠢ ᠥᠷᠭᠡᠳᠬᠡᠨ᠎ᠡ᠃ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠡᠪᠴᠢᠶᠡᠲᠦ ᠴᠢᠨᠠᠷᠲᠠᠢ ᠳᠠᠭᠢᠨ ᠶᠠᠳᠠᠭᠤᠷᠠᠯ ᠡᠭᠦᠰᠭᠦ ᠠᠴᠠ ᠡᠷᠡᠰ | ᠰᠡᠷᠭᠡᠶᠢᠯᠡᠨ᠎ᠡ᠃ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠲᠦᠯᠬᠢᠨ | ᠤᠷᠤᠭᠰᠢᠯᠠᠭᠤᠯᠤᠨ᠎ᠠ᠃ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠬᠤᠭᠤᠴᠠᠭ᠎ᠠ ᠶᠢ ᠳᠠᠭᠢᠭᠠᠳ ᠭᠤᠴᠢᠨ ᠵᠢᠯ | ᠤᠷᠲᠤᠳᠬᠠᠬᠤ ᠲᠤᠬᠠᠢ ᠤᠯᠤᠰ ᠤᠨ ᠲᠦᠷᠦ ᠶᠢᠨ ᠪᠣᠳᠣᠯᠭ᠎ᠠ ᠶᠢ ᠡᠷᠬᠡᠪᠰᠢ ᠨᠠᠷᠢᠨ ᠨᠢᠮᠪᠠᠢ ᠠᠵᠢᠯᠯᠠᠬᠤ ᠪᠠᠷ | ᠳᠠᠮᠵᠢᠭᠤᠯᠤᠨ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠬᠡᠷᠡᠭᠲᠡᠢ᠃ | ︵ᠳᠣᠯᠤᠭ᠎ᠠ︶ ᠬᠥᠭᠵᠢᠯᠲᠡ ᠶᠢᠨ ᠠᠷᠭ᠎ᠠ ᠮᠠᠶ᠋ᠢᠭ ᠤᠨ ᠨᠣᠭᠤᠭᠠᠨ ᠬᠤᠪᠢᠷᠠᠭᠤᠯᠤᠯᠲᠠ ᠶᠢ ᠠᠬᠢᠭᠤᠯᠤᠨ᠎ᠠ᠃ | ᠣᠷᠴᠢᠨ ᠠᠬᠤᠢ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠶᠢ ᠭᠦᠨᠵᠡᠭᠡᠢ ᠠᠬᠢᠭᠤᠯᠤᠨ᠎ᠠ᠃ ᠰᠠᠪᠠ ᠭᠠᠵᠠᠷ ᠤᠨ | ᠶᠡᠷᠦᠩᠬᠡᠶᠢᠯᠡᠭᠰᠡᠨ ᠵᠠᠰᠠᠯᠲᠠ ᠶᠢ ᠴᠢᠩᠭᠠᠳᠬᠠᠨ᠂ ᠬᠤᠳᠠ ᠬᠥᠳᠡᠭᠡ ᠶᠢᠨ ᠣᠷᠴᠢᠨ ᠠᠬᠤᠢ ᠶᠢᠨ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠴᠢᠬᠤᠯᠠ ᠠᠮᠢ ᠠᠬᠤᠢ ᠶᠢᠨ ᠰᠢᠰᠲ᠋ᠧᠮ ᠢ | ᠬᠠᠮᠠᠭᠠᠯᠠᠬᠤ ᠪᠠ ᠵᠠᠰᠠᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠦᠨ᠎ᠡ᠃ | ᠡᠨᠧᠷᠭᠢ ᠶᠢᠨ ᠰᠤᠷᠪᠤᠯᠵᠢ ᠶᠢ ᠠᠷᠢᠭᠤᠨ ᠴᠡᠪᠡᠷ ᠥᠨᠳᠥᠷ ᠪᠦᠲᠦᠮᠵᠢᠲᠡᠶ ᠪᠠᠷ ᠠᠰᠢᠭᠯᠠᠬᠤ ᠮᠡᠷᠭᠡᠵᠢᠯ ᠤᠨ ᠰᠤᠳᠤᠯᠤᠨ | ᠨᠡᠭᠡᠭᠡᠯᠲᠡ ᠶᠢ ᠠᠬᠢᠭᠤᠯᠵᠤ᠂ ᠰᠢᠨ᠎ᠡ ᠭᠡᠯᠪᠡᠷᠢ ᠶᠢᠨ ᠡᠨᠧᠷᠭᠢ ᠶᠢᠨ ᠰᠤᠷᠪᠤᠯᠵᠢ ᠶᠢᠨ ᠰᠢᠰᠲ᠋ᠧᠮ ᠢ ᠲᠦᠷᠭᠡᠯᠡᠨ | ᠪᠠᠶᠢᠭᠤᠯᠵᠤ᠂ ᠳᠠᠭᠢᠨ ᠡᠭᠦᠰᠴᠦ ᠪᠤᠯᠬᠤ ᠡᠨᠧᠷᠭᠢ ᠶᠢᠨ ᠰᠤᠷᠪᠤᠯᠵᠢ ᠶᠢᠨ ᠡᠵᠡᠯᠡᠭᠦ ᠬᠠᠷᠢᠴᠠᠯ ᠢ ᠳᠡᠭᠡᠭᠰᠢᠯᠡᠭᠦᠯᠦᠨ᠎ᠠ᠃ | ᠨᠣᠭᠤᠭᠠᠨ ᠬᠥᠭᠵᠢᠯᠲᠡ ᠶᠢ ᠳᠡᠮᠵᠢᠭᠦ ᠲᠥᠷᠥ ᠶᠢᠨ ᠪᠣᠳᠣᠯᠭ᠎ᠠ ᠪᠠ ᠮᠥᠩᠭᠦᠨ ᠭᠦᠢᠯᠭᠡᠭᠡᠨ ᠤ ᠪᠠᠭᠠᠵᠢ ᠶᠢ | ᠲᠡᠭᠦᠯᠳᠡᠷᠵᠢᠭᠦᠯᠵᠦ᠂ ᠣᠷᠴᠢᠯ ᠠᠵᠤ ᠠᠬᠤᠢ ᠶᠢ ᠬᠥᠭᠵᠢᠭᠦᠯᠦᠨ᠂ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ | ᠠᠰᠢᠭᠯᠠᠬᠤ ᠶᠢ ᠠᠬᠢᠭᠤᠯᠵᠤ᠂ ᠭᠤᠣᠯᠳᠠᠯᠭ᠎ᠠ ᠲᠠᠢ ᠬᠦᠷᠢᠶᠡᠨ ᠤ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠲᠠ ᠶᠢ ᠪᠠᠭᠤᠷᠠᠭᠤᠯᠤᠨ ᠪᠣᠬᠢᠷᠳᠤᠯ ᠢ ᠪᠠᠭᠠᠰᠬᠠᠬᠤ ᠶᠢ ᠠᠬᠢᠭᠤᠯᠵᠤ᠂ ᠴᠡᠯᠮᠡᠭ ᠲᠡᠭᠷᠢ᠂ ᠲᠤᠩᠭᠠᠯᠠᠭ | ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠨ ᠢ ᠦᠷᠭᠦᠯᠵᠢᠯᠡᠨ ᠰᠠᠶᠢᠲᠤᠷ ᠬᠢᠨ᠎ᠡ᠃ | ︵ᠨᠠᠢᠮᠠ︶ ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠵᠤ ᠨᠡᠶᠢᠭᠡᠮ ᠤᠨ ᠠᠵᠢᠯ ᠦᠢᠯᠡᠰ ᠢ | ᠬᠥᠭᠵᠢᠭᠦᠯᠦᠨ᠎ᠡ᠃ ᠣᠷᠣᠨ ᠰᠠᠭᠤᠴᠠ ᠶᠢᠨ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ | ᠣᠷᠣᠨ ᠰᠠᠭᠤᠴᠠ ᠶᠢᠨ ᠵᠠᠶᠢᠯᠠᠰᠢ ᠦᠭᠡᠢ ᠴᠢᠨᠠᠷᠲᠠᠢ ᠪᠠ ᠰᠠᠶᠢᠵᠢᠷᠠᠭᠤᠯᠬᠤ ᠴᠢᠨᠠᠷᠲᠠᠢ ᠬᠡᠷᠡᠭᠴᠡᠭᠡ ᠶᠢ ᠳᠡᠮᠵᠢᠵᠦ᠂ | ᠰᠢᠨ᠎ᠡ ᠬᠤᠳᠠ ᠶᠢᠨ ᠠᠷᠠᠳ᠂ ᠵᠠᠯᠠᠭᠤᠴᠤᠳ ᠵᠡᠷᠭᠡ ᠬᠥᠮᠥᠰ ᠤᠨ ᠣᠷᠣᠨ ᠰᠠᠭᠤᠴᠠ ᠶᠢᠨ ᠠᠰᠠᠭᠤᠳᠠᠯ ᠢ | ᠰᠢᠢᠳᠪᠦᠷᠢᠯᠡᠵᠦ᠂ ᠬᠠᠭᠤᠴᠢᠨ ᠰᠠᠭᠤᠭᠠᠯᠢ ᠲᠣᠭᠤᠷᠢᠭ ᠪᠠ ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ ᠢ | ᠰᠢᠨᠡᠳᠬᠡᠨ ᠵᠠᠰᠠᠬᠤ ᠠᠵᠢᠯ ᠢ ᠲᠦᠷᠭᠡᠯᠡᠨ ᠠᠬᠢᠭᠤᠯᠤᠨ᠎ᠠ᠃ ᠴᠢᠨᠠᠷ ᠰᠠᠶᠢᠲᠠᠢ ᠰᠤᠷᠭᠠᠨ ᠬᠥᠮᠦᠵᠢᠯ ᠤᠨ ᠰᠢᠰᠲ᠋ᠧᠮ ᠢ | ᠲᠦᠷᠭᠡᠯᠡᠨ ᠪᠠᠶᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ | ᠬᠥᠭᠵᠢᠯᠲᠡ ᠪᠠ ᠬᠤᠲᠠ ᠬᠥᠳᠡᠭᠡ ᠶᠢᠨ ᠨᠢᠭᠡ ᠴᠣᠭᠴᠠᠵᠢᠯᠲᠠ ᠶᠢ ᠠᠬᠢᠭᠤᠯᠵᠤ᠂ ᠰᠤᠷᠭᠠᠭᠤᠯᠢ ᠳᠤ ᠣᠷᠣᠬᠤ | ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠤᠨᠴᠠᠭᠠᠢ ᠰᠤᠷᠭᠠᠨ ᠬᠥᠮᠦᠵᠢᠯ ᠤᠨ ᠲᠦᠭᠡᠮᠡᠯ ᠬᠠᠷᠠᠭᠠᠯᠵᠠᠯᠲᠤ | ᠬᠥᠭᠵᠢᠯᠲᠡ ᠶᠢ ᠠᠬᠢᠭᠤᠯᠤᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠶᠡᠭᠡ ᠪᠠᠷ ᠬᠥᠭᠵᠢᠭᠦᠯᠵᠦ᠂ ᠳᠡᠭᠡᠳᠦ | ᠵᠡᠷᠭᠡ ᠶᠢᠨ ᠰᠤᠷᠭᠠᠨ ᠬᠥᠮᠦᠵᠢᠯ ᠤᠨ ᠰᠢᠨ᠎ᠡ ᠡᠭᠦᠳᠦᠯᠲᠡ ᠶᠢ ᠠᠬᠢᠭᠤᠯᠵᠤ᠂ ᠳᠤᠮᠳᠠ ᠬᠡᠰᠡᠭ ᠪᠠ ᠪᠠᠷᠠᠭᠤᠨ | ᠬᠡᠰᠡᠭ ᠤᠨ ᠭᠠᠵᠠᠷ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠬᠥᠭᠵᠢᠯᠲᠡ ᠶᠢ ᠳᠡᠮᠵᠢᠵᠦ᠂ ᠪᠡᠶ᠎ᠡ ᠶᠢᠨ ᠲᠠᠮᠢᠷ ᠪᠠ | ᠰᠤᠷᠭᠠᠨ ᠬᠥᠮᠦᠵᠢᠯ ᠤᠨ ᠠᠭᠤᠰᠤᠯᠴᠠᠭ᠎ᠠ ᠶᠢ ᠭᠦᠨᠵᠡᠭᠡᠶᠢᠷᠡᠭᠦᠯᠦᠨ᠎ᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ | ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠮᠨᠡᠯᠭᠡ ᠶᠢᠨ ᠳᠠᠭᠠᠳᠬᠠᠯ᠂ ᠡᠮᠴᠢᠯᠡᠭᠡ᠂ ᠡᠮ | ᠡᠮᠨᠡᠯᠭᠡ ᠶᠢ ᠬᠠᠮᠵᠢᠯᠴᠠᠭᠤᠯᠤᠨ ᠬᠥᠭᠵᠢᠭᠦᠯᠬᠦ ᠪᠠ ᠵᠠᠰᠠᠬᠤ ᠶᠢ ᠠᠬᠢᠭᠤᠯᠤᠨ᠎ᠠ᠃ ᠴᠢᠨᠠᠷ ᠰᠠᠶᠢᠲᠠᠢ ᠡᠮᠴᠢᠯᠡᠭᠡᠨ ᠤ ᠡᠬᠢ | ᠪᠠᠶᠠᠯᠢᠭ ᠤᠨ ᠬᠡᠪᠴᠢᠶ᠎ᠡ ᠶᠢ ᠥᠷᠭᠡᠳᠬᠡᠵᠦ ᠳᠣᠷᠣᠭᠰᠢ ᠪᠠᠭᠤᠯᠭᠠᠬᠤ ᠪᠠ ᠣᠷᠣᠨ ᠪᠦᠰᠡ ᠳᠤ ᠲᠡᠩᠴᠡᠭᠦᠷᠢᠲᠡᠢ | ᠪᠠᠶᠢᠷᠢᠯᠠᠭᠤᠯᠬᠤ ᠶᠢ ᠠᠬᠢᠭᠤᠯᠤᠨ᠎ᠠ᠃ ᠬᠢᠲᠠᠳ ᠡᠮ ᠡᠮᠨᠡᠯᠭᠡ ᠶᠢ ᠬᠥᠭᠵᠢᠭᠦᠯᠦᠨ ᠮᠠᠨᠳᠤᠭᠤᠯᠬᠤ ᠴᠢᠬᠤᠯᠠ ᠶᠡᠭᠡ | ᠢᠨᠵᠧᠨᠧᠷᠢᠩ ᠢ ᠬᠡᠷᠡᠭᠵᠢᠭᠦᠯᠦᠨ᠎ᠡ᠃ ᠰᠡᠳᠬᠢᠴᠡ ᠶᠢᠨ ᠡᠷᠡᠭᠦᠯ ᠮᠡᠨᠳᠦ ᠪᠠ ᠤᠶᠤᠨ ᠮᠡᠳᠡᠷᠡᠯ ᠤᠨ ᠡᠷᠡᠭᠦᠯ | ᠬᠠᠮᠠᠭᠠᠯᠠᠯ ᠢ ᠴᠢᠬᠤᠯᠠᠴᠢᠯᠠᠨ᠎ᠠ᠃ ᠬᠥᠮᠥᠨ ᠠᠮᠠ ᠶᠢᠨ ᠨᠠᠰᠤᠵᠢᠯᠳᠠ ᠶᠢ ᠢᠳᠡᠪᠬᠢᠲᠡᠢ ᠠᠷᠭᠠᠴᠠᠬᠤ ᠤᠯᠤᠰ ᠤᠨ | ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠨ᠎ᠡ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠪᠠᠲᠤᠯᠠᠭ᠎ᠠ ᠶᠢ | ᠴᠢᠩᠭᠠᠳᠬᠠᠵᠤ᠂ ᠦᠷᠡᠵᠢᠯ ᠢ ᠳᠡᠮᠵᠢᠭᠦ ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ | ᠡᠮᠡᠭᠲᠡᠶᠢᠴᠦᠳ᠂ ᠬᠡᠦᠬᠡᠳ᠂ ᠨᠠᠰᠤᠲᠠᠶᠢᠴᠤᠳ᠂ ᠵᠡᠮᠳᠡᠭᠴᠦᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ | ᠃ ᠴᠡᠷᠢᠭ ᠪᠠ ᠴᠡᠷᠢᠭ ᠤᠨ ᠭᠡᠷ ᠪᠦᠯᠢ᠂ ᠴᠡᠷᠢᠭ ᠤᠨ ᠠᠯᠪᠠ ᠠᠴᠠ ᠪᠠᠭᠤᠭᠰᠠᠳ ᠪᠠ ᠪᠤᠰᠤᠳ ᠠᠰᠠᠷᠠᠨ | ᠬᠠᠷᠠᠭᠠᠯᠵᠠᠭᠳᠠᠬᠤ ᠡᠲᠡᠭᠡᠳ ᠤᠨ ᠬᠠᠷᠠᠭᠠᠯᠵᠠᠯ ᠠᠰᠠᠷᠠᠮᠵᠢ ᠶᠢᠨ ᠠᠵᠢᠯ ᠢ ᠰᠠᠶᠢᠲᠤᠷ ᠬᠢᠨ᠎ᠡ᠃ ᠰᠣᠶᠣᠯ ᠤᠨ ᠠᠵᠢᠯ | ᠦᠢᠯᠡᠰ ᠪᠠ ᠰᠣᠶᠣᠯ ᠤᠨ ᠠᠵᠤ ᠦᠢᠯᠡᠰ ᠢ ᠴᠡᠴᠡᠭᠯᠡᠭᠦᠯᠦᠨ ᠬᠥᠭᠵᠢᠭᠦᠯᠦᠨ᠎ᠡ᠃ ᠨᠡᠶᠢᠭᠡᠮ ᠤᠨ ᠵᠠᠰᠠᠯᠲᠠ ᠶᠢᠨ | ᠦᠢᠯᠡᠳᠦᠯ ᠴᠢᠳᠠᠮᠵᠢ ᠶᠢ ᠳᠡᠭᠡᠭᠰᠢᠯᠡᠭᠦᠯᠦᠨ᠎ᠡ᠃ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠪᠠ | ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠪᠠ ᠭᠠᠮᠰᠢᠭ ᠠᠴᠠ ᠠᠪᠤᠷᠠᠬᠤ ᠠᠵᠢᠯ ᠢ ᠴᠢᠩᠭᠠᠳᠬᠠᠨ᠎ᠠ᠃ | ᠤᠯᠤᠰ ᠤᠨ ᠶᠡᠷᠦᠩᠬᠡᠢ ᠴᠣᠭᠴᠠ ᠶᠢᠨ ᠠᠮᠤᠷ ᠲᠦᠪᠰᠢᠨ ᠤ ᠦᠵᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ | ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠳᠤᠮᠳᠠᠳᠤ ᠤᠯᠤᠰ ᠢ ᠪᠦᠲᠦᠭᠡᠨ ᠪᠠᠶᠢᠭᠤᠯᠤᠨ᠎ᠠ᠃ | ᠵᠠᠰᠠᠭ ᠤᠨ ᠣᠷᠳᠣᠨ ᠤ ᠳᠤᠰ ᠪᠡᠶ᠎ᠡ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ | ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠦᠷᠭᠦᠯᠵᠢᠯᠡᠨ ᠬᠤᠪᠢᠷᠠᠭᠤᠯᠵᠤ᠂ ᠪᠠᠶᠢᠭᠤᠯᠤᠮᠵᠢ ᠶᠢᠨ | ᠥᠭᠡᠷᠡᠴᠢᠯᠡᠯᠲᠡ ᠶᠢ ᠰᠠᠶᠢᠲᠤᠷ ᠬᠢᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ᠂ ᠰᠢᠨ᠎ᠡ ᠶᠢ ᠡᠭᠦᠳᠭᠦ | ᠵᠠᠰᠠᠭ ᠤᠨ ᠣᠷᠳᠣᠨ᠂ ᠠᠷᠢᠭᠤᠨ ᠴᠢᠬᠡᠴᠢ ᠵᠠᠰᠠᠭ ᠤᠨ ᠣᠷᠳᠣᠨ ᠪᠠ ᠦᠢᠯᠡᠴᠢᠯᠡᠭᠡᠨ ᠤ ᠭᠡᠯᠪᠡᠷᠢ ᠶᠢᠨ ᠵᠠᠰᠠᠭ ᠤᠨ | ᠣᠷᠳᠣᠨ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠦᠨᠡᠨ ᠪᠣᠳᠠᠲᠠᠢ ᠠᠵᠢᠯᠯᠠᠬᠤ ᠵᠣᠷᠢᠭ | ᠰᠠᠨᠠᠭ᠎ᠠ ᠶᠢ ᠪᠠᠳᠠᠷᠠᠭᠤᠯᠤᠨ᠂ ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ ᠶᠡᠭᠡ ᠪᠠᠷ ᠪᠠᠳᠠᠷᠠᠭᠤᠯᠵᠤ᠂ ᠵᠠᠰᠠᠭ | ᠵᠠᠬᠢᠷᠭᠠᠨ ᠤ ᠦᠷ᠎ᠡ ᠪᠦᠳᠦᠮᠵᠢ ᠪᠠ ᠤᠯᠠᠨ ᠨᠡᠶᠢᠳᠠ ᠶᠢ ᠢᠳᠡᠭᠡᠭᠦᠯᠭᠦ ᠬᠦᠴᠦᠨ ᠢ ᠳᠡᠭᠡᠭᠰᠢᠯᠡᠭᠦᠯᠦᠨ᠎ᠡ᠃ | ᠲᠥᠯᠥᠭᠡᠯᠡᠭᠴᠢᠳ ᠠ᠋︕ | ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠤᠯᠭᠠᠬᠤ ᠪᠠᠷ | ᠭᠤᠣᠯ ᠰᠢᠵᠢᠮ ᠪᠤᠯᠭᠠᠵᠤ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠨ | ᠲᠡᠭᠦᠯᠳᠡᠷᠵᠢᠭᠦᠯᠵᠦ᠂ ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠬᠦ ᠪᠠ ᠬᠠᠮᠲᠤ ᠪᠠᠷ ᠴᠡᠴᠡᠭᠯᠡᠨ | ᠭᠦᠭᠵᠢᠭᠦ ᠶᠢ ᠠᠬᠢᠭᠤᠯᠤᠨ᠎ᠠ᠃ ᠨᠠᠮ ᠤᠨ ᠱᠠᠰᠢᠨ ᠰᠤᠷᠲᠠᠬᠤᠨ ᠤ ᠠᠵᠢᠯ ᠤᠨ ᠦᠨᠳᠦᠰᠦᠨ ᠴᠢᠭᠯᠡᠯᠲᠡ ᠶᠢ | ᠪᠠᠷᠢᠮᠲᠠᠯᠠᠵᠤ᠂ ᠮᠠᠨ ᠤ ᠤᠯᠤᠰ ᠤᠨ ᠱᠠᠰᠢᠨ ᠰᠤᠷᠲᠠᠬᠤᠨ ᠤ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠵᠤ᠂ | ᠱᠠᠰᠢᠨ ᠰᠤᠷᠲᠠᠬᠤᠨ ᠢ ᠢᠳᠡᠪᠬᠢᠲᠡᠢ ᠬᠥᠲᠥᠯᠥᠨ ᠵᠢᠯᠤᠭᠤᠳᠴᠤ ᠨᠡᠶᠢᠭᠡᠮ ᠵᠢᠷᠤᠮᠲᠤ ᠨᠡᠶᠢᠭᠡᠮ ᠯᠦᠭᠡ | ᠵᠣᠬᠢᠴᠠᠭᠤᠯᠤᠨ᠎ᠠ᠃ ᠬᠠᠷᠢᠶᠠᠲᠤ ᠨᠠᠷ ᠤᠨ ᠶᠠᠪᠤᠳᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠤᠯᠤᠰ ᠤᠨ | ᠳᠣᠲᠣᠭᠠᠳᠤ ᠭᠠᠳᠠᠭᠠᠳᠤ ᠶᠢᠨ ᠳᠤᠮᠳᠠᠳᠤ ᠶᠢᠨ ᠬᠥᠪᠡᠭᠦᠳ ᠥᠬᠢᠳ ᠤᠨ ᠰᠡᠳᠬᠢᠯ ᠨᠢᠭᠡᠳᠦᠨ ᠲᠡᠮᠡᠴᠡᠬᠦ᠂ ᠭᠡᠷᠡᠯ | ᠰᠠᠴᠤᠷᠠᠩᠭᠤᠢ ᠦᠢᠯᠡᠰ ᠢ ᠬᠠᠮᠲᠤ ᠪᠠᠷ ᠴᠣᠭᠴᠠᠯᠠᠬᠤ ᠬᠦᠴᠦᠷᠬᠡᠭ ᠶᠡᠭᠡ ᠬᠦᠴᠦᠨ ᠢ ᠨᠢᠭᠲᠠᠷᠠᠭᠤᠯᠤᠨ᠎ᠠ᠃ | ᠪᠢᠳᠡ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ | ᠂ ᠰᠢᠨ᠎ᠡ ᠴᠠᠭ ᠦᠶ᠎ᠡ ᠶᠢᠨ ᠴᠡᠷᠢᠭ ᠤᠨ ᠶᠠᠪᠤᠳᠠᠯ ᠤᠨ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠲᠤᠭᠤᠰᠢᠯᠠᠭᠤᠯᠵᠤ | ᠂ ᠴᠡᠷᠢᠭ ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ ᠶᠢᠨ ᠲᠣᠭᠤᠷᠢᠨ ᠳᠤ᠂ | ᠲᠡᠮᠡᠴᠡᠯ ᠬᠢᠬᠦ ᠶᠢᠨ ᠳᠠᠭᠠᠤ ᠳᠠᠶᠢᠨ ᠳᠤ ᠪᠡᠯᠡᠳᠬᠡᠬᠦ ᠪᠠ ᠪᠦᠲᠦᠭᠡᠨ ᠪᠠᠶᠢᠭᠤᠯᠤᠯᠲᠠ ᠬᠢᠵᠦ᠂ ᠨᠠᠮ ᠪᠠ ᠠᠷᠠᠳ | ᠲᠦᠮᠡᠨ ᠠᠴᠠ ᠳᠠᠭᠠᠭᠠᠯᠭᠠᠭᠰᠠᠨ ᠡᠯ᠎ᠡ ᠵᠦᠢᠯ ᠤᠨ ᠡᠭᠦᠷᠭᠡ ᠶᠢ ᠰᠠᠶᠢᠲᠤᠷ ᠪᠡᠶᠡᠯᠡᠭᠦᠯᠦᠨ᠎ᠡ᠃ ᠴᠡᠷᠢᠭ | ᠪᠤᠯᠪᠠᠰᠤᠷᠠᠭᠤᠯᠵᠤ ᠳᠠᠶᠢᠨ ᠳᠤ ᠪᠡᠯᠡᠳᠬᠡᠬᠦ ᠶᠢ ᠪᠦᠭᠦ ᠲᠠᠯ᠎ᠠ ᠪᠠᠷ ᠴᠢᠩᠭᠠᠳᠬᠠᠵᠤ᠂ ᠴᠡᠷᠢᠭ ᠤᠨ ᠶᠠᠪᠤᠳᠠᠯ ᠤᠨ | ᠪᠠᠶᠢᠯᠳᠤᠬᠤ ᠪᠣᠳᠣᠯᠭ᠎ᠠ ᠶᠢᠨ ᠵᠢᠯᠣᠭᠤᠳᠤᠯᠭ᠎ᠠ ᠶᠢᠨ ᠰᠢᠨ᠎ᠡ ᠶᠢ ᠡᠭᠦᠳᠴᠦ᠂ ᠪᠣᠳᠠᠲᠤ ᠳᠠᠶᠢᠨ ᠤ ᠮᠠᠶ᠋ᠢᠭ ᠤᠨ | ᠴᠡᠷᠢᠭ ᠤᠨ ᠰᠤᠷᠭᠠᠭᠤᠯᠢᠯᠠᠯ ᠢ ᠶᠡᠭᠡ ᠪᠠᠷ ᠠᠳᠬᠤᠵᠤ᠂ ᠡᠯ᠎ᠡ ᠴᠢᠭᠯᠡᠯ ᠡᠯ᠎ᠡ ᠬᠦᠷᠢᠶᠡᠨ ᠤ ᠴᠡᠷᠢᠭ ᠤᠨ ᠶᠠᠪᠤᠳᠠᠯ ᠤᠨ | ᠲᠡᠮᠡᠴᠡᠯ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠨ᠎ᠠ᠃ ᠴᠡᠷᠢᠭ ᠤᠨ ᠶᠠᠪᠤᠳᠠᠯ ᠤᠨ ᠵᠠᠰᠠᠯᠲᠠ ᠶᠢ ᠪᠦᠭᠦ | ᠲᠠᠯ᠎ᠠ ᠪᠠᠷ ᠴᠢᠩᠭᠠᠳᠬᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠥᠭᠡᠷᠡᠴᠢᠯᠡᠯᠲᠡ ᠶᠢᠨ | ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠴᠢᠬᠤᠯᠠ ᠶᠡᠭᠡ ᠡᠭᠦᠷᠭᠡ ᠶᠢᠨ ᠲᠡᠮᠡᠴᠡᠯ ᠬᠢᠬᠦ ᠪᠦᠲᠦᠭᠡᠨ | ᠪᠠᠶᠢᠭᠤᠯᠤᠯᠲᠠ ᠬᠢᠬᠦ ᠪᠠ ᠳᠠᠶᠢᠨ ᠳᠤ ᠪᠡᠯᠡᠳᠬᠡᠬᠦ ᠶᠢ ᠨᠢᠭᠡᠳᠦᠯᠲᠡᠢ ᠲᠥᠯᠥᠪᠯᠡᠬᠦ ᠶᠢ ᠴᠢᠩᠭᠠᠳᠬᠠᠵᠤ᠂ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠬᠥᠭᠵᠢᠯᠲᠡ ᠶᠢᠨ ᠴᠢᠬᠤᠯᠠ ᠶᠡᠭᠡ ᠢᠨᠵᠧᠨᠧᠷᠢᠩ ᠢ ᠲᠦᠷᠭᠡᠯᠡᠨ ᠬᠡᠷᠡᠭᠵᠢᠭᠦᠯᠦᠨ᠎ᠡ᠃ | ᠨᠢᠭᠡ ᠴᠣᠭᠴᠠᠵᠢᠭᠰᠠᠨ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠰᠲ᠋ᠧᠮ ᠪᠠ ᠴᠢᠳᠠᠪᠤᠷᠢ ᠶᠢ ᠪᠠᠬᠢᠵᠢᠭᠦᠯᠦᠨ | ᠳᠡᠭᠡᠭᠰᠢᠯᠡᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ | ᠦᠢᠯᠡᠳᠪᠦᠷᠢ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠠᠷᠠᠳ ᠨᠡᠶᠢᠳᠠ ᠶᠢᠨ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠭᠦᠨᠵᠡᠭᠡᠶᠢᠷᠡᠭᠦᠯᠦᠨ᠎ᠡ᠃ ᠡᠯ᠎ᠡ ᠱᠠᠲᠤᠨ ᠤ ᠵᠠᠰᠠᠭ ᠤᠨ ᠣᠷᠳᠣᠨ | ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠶᠢ ᠶᠡᠭᠡ ᠪᠠᠷ ᠳᠠᠮᠵᠢᠵᠤ᠂ | ︽ᠬᠤᠶᠠᠷ ᠢ ᠬᠦᠷᠢᠶᠡᠯᠡᠬᠦ︾ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠴᠡᠷᠢᠭ ᠵᠠᠰᠠᠭ ᠴᠡᠷᠢᠭ ᠠᠷᠠᠳ ᠤᠨ | ᠪᠦᠯᠬᠦᠮᠳᠡᠯ ᠤᠨ ᠰᠢᠨ᠎ᠡ ᠬᠠᠭᠤᠳᠠᠰᠤ ᠶᠢ ᠬᠦᠴᠦ ᠪᠠᠨ ᠬᠠᠮᠲᠤᠳᠬᠠᠨ ᠪᠢᠴᠢᠭᠯᠡᠬᠦ ᠬᠡᠷᠡᠭᠲᠡᠢ᠃ | ᠪᠢᠳᠡ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾᠂ ︽ᠰᠢᠶᠠᠩᠭᠠᠩ ᠤᠨ ᠬᠥᠮᠥᠨ ᠢᠶᠠᠷ | ᠰᠢᠶᠠᠩᠭᠠᠩ ᠢ ᠵᠠᠰᠠᠭᠤᠯᠬᠤ︾᠂ ︽ᠣᠣᠮᠧᠨ ᠤ ᠬᠥᠮᠥᠨ ᠢᠶᠠᠷ ᠣᠣᠮᠧᠨ ᠢ ᠵᠠᠰᠠᠭᠤᠯᠬᠤ︾᠂ ᠳᠡᠭᠡᠳᠦ ᠬᠡᠮᠵᠢᠶ᠎ᠡ ᠪᠠᠷ | ᠥᠪᠡᠷᠲᠡᠭᠡᠨ ᠵᠠᠰᠠᠬᠤ ᠴᠢᠭᠯᠡᠯᠲᠡ ᠶᠢ ᠪᠦᠭᠦ ᠲᠠᠯ᠎ᠠ ᠪᠠᠷ ᠣᠨᠣᠪᠴᠢᠲᠠᠶ᠂ ᠡᠷᠡᠰ ᠭᠤᠶᠢᠪᠢᠰᠢ ᠦᠭᠡᠢ ᠲᠤᠭᠤᠰᠢᠯᠠᠭᠤᠯᠵᠤ | ᠂ ᠬᠠᠤᠯᠢ ᠶᠣᠰᠣᠭᠠᠷ ᠰᠢᠶᠠᠩᠭᠠᠩ ᠣᠣᠮᠧᠨ ᠢ ᠵᠠᠰᠠᠬᠤ ᠶᠢ ᠪᠠᠷᠢᠮᠲᠠᠯᠠᠵᠤ᠂ ᠦᠨᠳᠦᠰᠦᠨ ᠬᠠᠤᠯᠢ ᠪᠠ ᠭᠤᠣᠯ | ᠬᠠᠤᠯᠢ ᠳᠤ ᠲᠣᠭᠲᠠᠭᠠᠭᠰᠠᠨ ᠵᠠᠰᠠᠭ ᠵᠠᠬᠢᠷᠭᠠᠨ ᠤ ᠣᠨᠴᠠᠭᠠᠶ ᠣᠷᠣᠨ ᠤ ᠦᠨᠳᠦᠰᠦᠨ ᠬᠠᠤᠯᠢᠲᠤ ᠡᠮᠬᠢ ᠵᠢᠷᠤᠮ ᠢ | ᠬᠠᠮᠠᠭᠠᠯᠠᠵᠤ᠂ ︽ᠡᠬᠡ ᠣᠷᠣᠨᠴᠢ ᠬᠥᠮᠥᠰ ᠢᠶᠠᠷ ᠰᠢᠶᠠᠩᠭᠠᠩ ᠢ ᠵᠠᠰᠠᠭᠤᠯᠬᠤ︾᠂ ︽ᠡᠬᠡ ᠣᠷᠣᠨᠴᠢ ᠬᠥᠮᠥᠰ ᠢᠶᠠᠷ | ᠣᠣᠮᠧᠨ ᠢ ᠵᠠᠰᠠᠭᠤᠯᠬᠤ︾ ᠵᠠᠷᠴᠢᠮ ᠢ ᠨᠠᠶᠢᠳᠠᠪᠤᠷᠢᠵᠢᠭᠤᠯᠤᠨ᠎ᠠ᠃ ᠰᠢᠶᠠᠩᠭᠠᠩ ᠣᠣᠮᠧᠨ ᠤ ᠠᠵᠤ ᠠᠬᠤᠢ ᠪᠠᠨ | ᠬᠥᠭᠵᠢᠭᠦᠯᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠳᠡᠮᠵᠢᠵᠤ᠂ ᠰᠢᠶᠠᠩᠭᠠᠩ ᠣᠣᠮᠧᠨ ᠤ ᠤᠷᠳᠤ | ᠬᠤᠭᠤᠴᠠᠭᠠᠨ ᠤ ᠴᠡᠴᠡᠭᠯᠡᠯ ᠬᠥᠭᠵᠢᠯ ᠪᠠ ᠲᠣᠭᠲᠠᠭᠤᠨ ᠪᠠᠶᠢᠳᠠᠯ ᠢ ᠪᠠᠲᠤᠯᠠᠨ᠎ᠠ᠃ | ᠪᠢᠳᠡ ᠰᠢᠨ᠎ᠡ ᠴᠠᠭ ᠦᠶ᠎ᠡ ᠶᠢᠨ ᠨᠠᠮ ᠤᠨ ᠲᠠᠶᠢᠸᠠᠨ ᠤ ᠠᠰᠠᠭᠤᠳᠠᠯ ᠢ ᠰᠢᠢᠳᠪᠦᠷᠢᠯᠡᠬᠦ ᠶᠡᠷᠦᠩᠬᠡᠢ ᠠᠷᠭ᠎ᠠ | ᠪᠣᠳᠣᠯᠭ᠎ᠠ ᠶᠢ ᠪᠠᠷᠢᠮᠲᠠᠯᠠᠨ ᠲᠤᠭᠤᠰᠢᠯᠠᠭᠤᠯᠵᠤ᠂ ᠨᠢᠭᠡ ᠯᠡ ᠳᠤᠮᠳᠠᠳᠤ ᠤᠯᠤᠰ ᠪᠠᠶᠢᠬᠤ ᠵᠠᠷᠴᠢᠮ ᠪᠠ ︽ᠶᠡᠷᠡᠨ | ᠬᠤᠶᠠᠷ ᠣᠨ ᠤ ᠬᠠᠮᠲᠤ ᠶᠢᠨ ᠲᠠᠨᠢᠯᠲᠠ︾ ᠶᠢ ᠪᠠᠷᠢᠮᠲᠠᠯᠠᠵᠤ᠂ ︽ᠲᠤᠰᠠᠭᠠᠷ ᠲᠣᠭᠲᠠᠨᠢᠭᠤᠯᠬᠤ︾ ᠶᠢ ᠡᠷᠡᠰ | ᠡᠰᠡᠷᠭᠦᠴᠡᠵᠦ ᠨᠢᠭᠡᠳᠦᠯ ᠢ ᠡᠷᠡᠰ ᠠᠬᠢᠭᠤᠯᠤᠨ᠂ ᠲᠠᠶᠢᠸᠠᠨ ᠬᠤᠭᠤᠯᠠᠢ ᠶᠢᠨ ᠬᠤᠶᠠᠷ ᠲᠠᠯ᠎ᠠ ᠶᠢᠨ ᠬᠠᠷᠢᠴᠠᠭ᠎ᠠ ᠶᠢᠨ | ᠨᠠᠶᠢᠷᠠᠮᠳᠠᠯ ᠢᠶᠠᠷ ᠭᠦᠭᠵᠢᠭᠦ ᠶᠢ ᠠᠬᠢᠭᠤᠯᠵᠤ᠂ ᠡᠬᠡ ᠤᠯᠤᠰ ᠢᠶᠠᠨ ᠨᠠᠶᠢᠷᠠᠮᠳᠠᠯ ᠢᠶᠠᠷ ᠨᠢᠭᠡᠳᠬᠡᠬᠦ ᠠᠬᠢᠴᠠ ᠶᠢ | ᠠᠬᠢᠭᠤᠯᠤᠨ᠎ᠠ᠃ ᠲᠠᠶᠢᠸᠠᠨ ᠬᠤᠭᠤᠯᠠᠢ ᠶᠢᠨ ᠬᠤᠶᠠᠷ ᠲᠠᠯ᠎ᠠ ᠶᠢᠨ ᠠᠬ᠎ᠠ ᠳᠡᠭᠦᠦ ᠨᠠᠷ ᠤᠳᠤᠮ ᠤᠭᠰᠠᠭ᠎ᠠ ᠨᠢᠭᠡᠲᠡᠢ | ᠶᠤᠮ᠂ ᠬᠤᠶᠠᠷ ᠲᠠᠯ᠎ᠠ ᠶᠢᠨ ᠠᠵᠤ ᠠᠬᠤᠢ ᠰᠣᠶᠣᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠵᠤ᠂ | ᠲᠠᠶᠢᠸᠠᠨ ᠤ ᠠᠬ᠎ᠠ ᠳᠡᠭᠦᠦ ᠨᠠᠷ ᠤᠨ ᠠᠵᠠ ᠵᠢᠷᠭᠠᠯ ᠢ ᠨᠡᠮᠡᠭᠳᠡᠭᠦᠯᠬᠦ ᠪᠠᠶᠢᠭᠤᠯᠤᠯ ᠪᠠ ᠲᠥᠷᠥ ᠶᠢᠨ ᠪᠣᠳᠣᠯᠭ᠎ᠠ ᠶᠢ | ᠲᠡᠭᠦᠯᠳᠡᠷᠵᠢᠭᠦᠯᠦᠨ᠂ ᠲᠠᠶᠢᠸᠠᠨ ᠬᠤᠭᠤᠯᠠᠢ ᠶᠢᠨ ᠬᠤᠶᠠᠷ ᠲᠠᠯ᠎ᠠ ᠪᠠᠷ ᠢᠶᠠᠨ ᠳᠤᠮᠳᠠᠳᠤ ᠶᠢᠨ ᠰᠣᠶᠣᠯ ᠢ ᠬᠠᠮᠲᠤ ᠪᠠᠷ | ᠪᠠᠳᠠᠷᠠᠭᠤᠯᠬᠤ ᠶᠢ ᠠᠬᠢᠭᠤᠯᠵᠤ᠂ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠰᠡᠳᠬᠢᠯ ᠨᠢᠭᠡᠳᠦᠨ ᠬᠠᠮᠲᠤ ᠪᠠᠷ | ᠪᠡᠶᠡᠯᠡᠭᠦᠯᠬᠦ ᠬᠡᠷᠡᠭᠲᠡᠢ᠃ | ᠪᠢᠳᠡ ᠪᠡᠶ᠎ᠡ ᠪᠠᠨ ᠳᠠᠭᠠᠭᠠᠵᠤ ᠡᠵᠡᠨ ᠮᠡᠳᠡᠭᠦ ᠨᠠᠶᠢᠷᠠᠮᠳᠠᠯ ᠤᠨ ᠭᠠᠳᠠᠭᠠᠳᠤ ᠬᠠᠷᠢᠯᠴᠠᠭᠠᠨ ᠤ ᠲᠥᠷᠥ ᠶᠢᠨ | ᠪᠣᠳᠣᠯᠭ᠎ᠠ ᠶᠢ ᠡᠷᠡᠰ ᠬᠡᠷᠡᠭᠵᠢᠭᠦᠯᠵᠦ᠂ ᠡᠩᠬᠡ ᠲᠠᠶᠢᠪᠤᠩ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ | ᠵᠠᠮᠨᠠᠵᠤ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠤᠨ ᠰᠠᠭᠤᠷᠢᠨ ᠳᠡᠭᠡᠷ᠎ᠡ ᠡᠯ᠎ᠡ ᠤᠯᠤᠰ ᠯᠤᠭ᠎ᠠ | ᠨᠥᠭᠦᠷᠰᠡᠭ ᠬᠠᠮᠲᠤᠷᠠᠯᠴᠠᠭ᠎ᠠ ᠪᠠᠨ ᠬᠥᠭᠵᠢᠭᠦᠯᠬᠦ ᠶᠢ ᠪᠠᠷᠢᠮᠲᠠᠯᠠᠨ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ | ᠭᠦᠷᠲᠡᠭᠦ ᠨᠡᠭᠡᠭᠡᠯᠲᠡ ᠶᠢᠨ ᠪᠠᠶᠢᠯᠳᠤᠬᠤ ᠪᠣᠳᠣᠯᠭ᠎ᠠ ᠶᠢ ᠡᠷᠡᠰ ᠬᠡᠷᠡᠭᠵᠢᠭᠦᠯᠵᠦ᠂ ᠢᠮᠠᠭᠲᠠ ᠳᠡᠯᠡᠬᠡᠢ ᠶᠢᠨ ᠡᠩᠬᠡ | ᠲᠠᠶᠢᠪᠤᠩ ᠤᠨ ᠪᠦᠲᠦᠭᠡᠨ ᠪᠠᠶᠢᠭᠤᠯᠤᠭᠴᠢ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠬᠤᠪᠢ ᠨᠡᠮᠡᠷᠢ | ᠦᠵᠡᠭᠦᠯᠦᠭᠴᠢ᠂ ᠤᠯᠠᠨ ᠤᠯᠤᠰ ᠤᠨ ᠡᠮᠬᠢ ᠳᠢᠭᠯᠢᠮ ᠤᠨ ᠬᠠᠮᠠᠭᠠᠯᠠᠭᠴᠢ ᠪᠣᠯᠣᠨ᠎ᠠ᠃ ᠳᠤᠮᠳᠠᠳᠤ ᠤᠯᠤᠰ ᠳᠤᠷᠠᠲᠠᠶ᠎ᠠ | ᠳᠡᠯᠡᠬᠡᠢ ᠨᠡᠶᠢᠲᠡ ᠲᠠᠢ ᠬᠠᠮᠲᠤ ᠪᠠᠷ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ | ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠵᠤ᠂ ᠪᠦᠭᠦ ᠬᠥᠮᠥᠨ ᠲᠥᠷᠥᠯᠬᠢᠲᠡᠨ ᠤ | ᠬᠠᠮᠲᠤ ᠶᠢᠨ ᠦᠷᠳᠡᠭ ᠢ ᠪᠠᠳᠠᠷᠠᠭᠤᠯᠤᠨ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ | ᠪᠠᠶᠢᠭᠤᠯᠬᠤ ᠶᠢ ᠭᠠᠷ ᠬᠤᠯᠪᠣᠯᠴᠠᠨ ᠠᠬᠢᠭᠤᠯᠵᠤ᠂ ᠳᠡᠯᠡᠬᠡᠢ ᠶᠢᠨ ᠡᠩᠬᠡ ᠲᠠᠶᠢᠪᠤᠩ ᠪᠠ ᠭᠠᠵᠠᠷ ᠣᠷᠣᠨ ᠤ | ᠲᠣᠭᠲᠠᠭᠤᠨ ᠪᠠᠶᠢᠳᠠᠯ ᠢ ᠬᠠᠮᠠᠭᠠᠯᠠᠨ᠎ᠠ᠃ | ᠲᠥᠯᠥᠭᠡᠯᠡᠭᠴᠢᠳ ᠠ᠋︕ | ᠰᠢᠷᠭᠠᠭᠤ ᠲᠡᠮᠡᠴᠡᠵᠦ ᠭᠢᠯᠠᠯᠵᠠᠭᠰᠠᠨ ᠠᠮᠵᠢᠯᠲᠠ ᠶᠢ ᠣᠯᠵᠤ᠂ ᠪᠣᠳᠠᠲᠠᠢ ᠠᠵᠢᠯᠯᠠᠵᠤ ᠢᠷᠡᠭᠡᠳᠦᠢ ᠪᠠᠨ | ᠴᠣᠭᠴᠠᠯᠠᠶ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠶᠢᠨ | ᠲᠣᠭᠤᠷᠢᠨ ᠳᠤ ᠨᠠᠩ ᠢᠯᠡᠭᠦᠦ ᠨᠢᠭᠲᠠᠷᠠᠨ ᠪᠦᠯᠬᠦᠮᠳᠡᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠡᠷᠡᠮᠡᠬᠡᠶᠢᠯᠡᠨ | ᠤᠷᠤᠭᠰᠢᠯᠠᠵᠤ᠂ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠭᠦᠭᠵᠢᠭᠦ ᠶᠢ ᠠᠬᠢᠭᠤᠯᠵᠤ᠂ ᠨᠡᠶᠢᠭᠡᠮ | ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ᠂ ᠮᠠᠨ ᠤ | ᠤᠯᠤᠰ ᠢᠶᠠᠨ ᠪᠠᠶᠠᠨ ᠬᠦᠴᠦᠷᠬᠡᠭ ᠠᠷᠠᠳᠴᠢᠯᠠᠭᠰᠠᠨ ᠪᠣᠯᠪᠠᠰᠤᠨ ᠡᠶ᠎ᠡ ᠵᠣᠬᠢᠴᠠᠯ ᠲᠠᠢ ᠦᠵᠡᠰᠬᠦᠯᠡᠩᠲᠦ ᠰᠠᠶᠢᠬᠠᠨ | ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠪᠣᠯᠭᠠᠨ ᠪᠦᠲᠦᠭᠡᠨ ᠪᠠᠶᠢᠭᠤᠯᠬᠤ ᠶᠢᠨ ᠲᠥᠯᠥᠭᠡ | ᠴᠥᠬᠦᠷᠡᠰᠢ ᠦᠭᠡᠢ ᠲᠡᠮᠡᠴᠡᠵᠡᠭᠡᠶ᠎ᠡ︕ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 14 ᠤ ᠴᠠᠬᠢᠯᠭᠠᠨ ᠮᠡᠳᠡᠭᠡ︶ | ︵ᠳᠤᠮᠳᠠᠳᠤ ᠤᠯᠤᠰ ᠤᠨ ᠦᠨᠳᠦᠰᠦᠲᠡᠨ ᠤ ᠬᠡᠯᠡᠨ ᠤ ᠣᠷᠴᠢᠭᠤᠯᠭ᠎ᠠ ᠶᠢᠨ ᠲᠣᠪᠴᠢᠶ᠎ᠠ ᠣᠷᠴᠢᠭᠤᠯᠪᠠ︶ | |