︽ᠪᠥᠬᠦ ᠣᠷᠣᠨ ᠤ ᠣᠷᠭᠤᠳᠤᠤᠯ ᠬᠡᠷᠡᠭᠲᠡᠨ ᠢ ᠨᠡᠬᠡᠮᠵᠢᠯᠡᠨ ᠪᠠᠷᠢᠪᠴᠢᠯᠠᠬᠤ ᠴᠢᠳᠠᠪᠤᠷᠢᠲᠠᠨ︾ ᠤ ᠢᠷᠠᠭᠤ ᠠᠯᠳᠠᠷ ᠤᠨ ᠴᠣᠯᠠ ᠬᠦᠷᠲᠡᠭᠴᠢ ᠸᠠᠩ ᠷᠦᠢ ᠴᠢᠩ ᠤᠨ ᠲᠤᠬᠠᠶ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2023/3/21
   ᠲᠡᠷᠡ ᠪᠣᠯ ᠬᠡᠬᠦᠳᠡᠭ ᠳᠦᠭᠦᠷᠡᠩ ᠬᠠᠯᠠᠭᠤᠨ ᠰᠡᠳᠬᠢᠯ ᠲᠠᠢ᠂ ᠠᠷᠠᠳ ᠲᠦᠮᠡᠨ ᠲᠠᠢ ᠰᠡᠳᠬᠢᠯ ᠢᠶᠠᠨ ᠨᠢᠭᠡᠳᠬᠡᠳᠡᠭ᠂ ᠲᠥᠪ ᠴᠢᠬᠡᠴᠢ ᠪᠤᠰᠢᠭᠤ ᠱᠠᠯᠠᠮᠠᠭᠠᠶ ᠬᠠᠲᠠᠭᠤ ᠴᠢᠩᠭ᠎ᠠ ᠡᠷᠡᠭᠦᠤ ᠶᠢᠨ ᠴᠠᠭᠳᠠᠭ᠎ᠠ ᠮᠥᠨ︔ ᠲᠡᠷᠡ᠂ ᠦᠨᠳᠦᠰᠦᠨ ᠱᠠᠲᠤᠨ ᠳᠤ ᠦᠨᠳᠦᠰᠦᠯᠡᠵᠦ᠂ ᠡᠭᠡᠯ ᠵᠢᠷ ᠤᠨ ᠪᠠᠶᠢᠳᠠᠯ ᠢ ᠰᠠᠬᠢᠨ ᠬᠠᠮᠠᠭᠠᠯᠠᠬᠤ ᠪᠣᠯ ᠨᠢᠭᠡ ᠭᠠᠵᠠᠷ ᠤᠨ ᠠᠮᠤᠷ ᠠᠮᠤᠭᠤᠯᠠᠩ ᠢ ᠰᠠᠬᠢᠨ ᠬᠠᠮᠠᠭᠠᠯᠠᠬᠤ ᠦᠨᠡᠨᠴᠢ ᠰᠢᠳᠤᠷᠭᠤ ᠬᠠᠮᠠᠭᠠᠯᠠᠭᠴᠢ ᠮᠥᠨ︔ ᠲᠡᠷᠡ᠂ ᠪᠠᠭᠠᠲᠤᠷ ᠬᠥᠮᠦᠨ ᠶᠠᠭᠤᠨ ᠠᠴᠠ ᠴᠤ ᠠᠶᠤᠬᠤ ᠥᠬᠡᠶ᠂ ᠬᠡᠷᠡᠭ ᠰᠢᠶ᠋ᠳᠪᠦᠷᠢᠯᠡᠬᠦ ᠳᠡᠭᠡᠨ ᠴᠢᠩᠭ᠎ᠠ ᠨᠢᠮᠪᠠᠶ ᠪᠠᠶᠢᠵᠤ᠂ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠭᠠᠪᠰᠢᠭᠠᠶ ᠬᠤᠰᠢᠭᠤᠴᠢ ᠮᠥᠨ᠂ ᠲᠡᠷᠡ ᠪᠣᠯ ᠳᠠᠷᠤᠶ ︽ᠪᠥᠬᠦ ᠣᠷᠣᠨ ᠤ ᠣᠷᠭᠤᠳᠤᠤᠯ ᠬᠡᠷᠡᠭᠲᠡᠨ ᠢ ᠨᠡᠬᠡᠮᠵᠢᠯᠡᠨ ᠪᠠᠷᠢᠪᠴᠢᠯᠠᠬᠤ ᠴᠢᠳᠠᠪᠤᠷᠢᠲᠠᠨ︾ ᠤ ᠢᠷᠠᠭᠤ ᠠᠯᠳᠠᠷ ᠤᠨ ᠴᠣᠯᠠ ᠬᠦᠷᠲᠡᠭᠴᠢ — ᠯᠢᠶᠠᠩᠴᠧᠩ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠡᠭᠦᠤ ᠶᠢᠨ ᠬᠡᠷᠡᠭ ᠤᠨ ᠲᠤᠷᠰᠢᠨ ᠪᠠᠶᠢᠴᠠᠭᠠᠬᠤ ᠶᠡᠭᠡ ᠠᠩᠭᠢ ᠶᠢᠨ ᠳᠠᠷᠤᠭ᠎ᠠ ᠪᠥᠭᠡᠳ ᠠᠮᠢ ᠠᠬᠤᠶ ᠶᠢᠨ ᠣᠷᠴᠢᠨ ᠲᠣᠭᠤᠷᠢᠨ ᠤ ᠢᠳᠡᠭᠡᠨ ᠪᠠ ᠡᠮ ᠤᠨ ᠵᠦᠶ᠋ᠯ ᠤᠨ ᠶᠠᠯᠠᠲᠤ ᠠᠵᠢᠯᠯᠠᠭ᠎ᠠ ᠶᠢ ᠲᠤᠷᠰᠢᠨ ᠪᠠᠶᠢᠴᠠᠭᠠᠬᠤ ᠶᠡᠭᠡ ᠠᠩᠭᠢ ᠶᠢᠨ ᠵᠢᠭᠠᠨ ᠵᠢᠯᠣᠭᠤᠳᠣᠭᠴᠢ ᠸᠠᠩ ᠷᠦᠢ ᠴᠢᠩ ᠮᠥᠨ᠃
       ᠡᠷᠡᠭᠦᠦ ᠶᠢᠨ ᠬᠡᠷᠡᠭ ᠤᠨ ᠲᠤᠷᠰᠢᠨ ᠪᠠᠶᠢᠴᠠᠭᠠᠯᠲᠠ ᠶᠢᠨ ᠠᠵᠢᠯ ᠢ ᠬᠢᠭᠰᠡᠨ 18 ᠵᠢᠯ ᠳᠤ᠂ ᠸᠠᠩ ᠷᠦᠢ ᠴᠢᠩ ᠨᠢᠭᠡ ᠰᠡᠳᠬᠢᠯ ᠢᠶᠠᠷ ᠬᠡᠷᠡᠭ ᠲᠤ ᠵᠢᠳᠬᠦᠵᠦ᠂ ᠪᠠᠶᠢᠭᠤᠯᠭ᠎ᠠ ᠪᠠᠨ ᠥᠪᠡᠷ ᠤᠨ ᠭᠡᠷ ᠢᠶᠠᠨ ᠪᠣᠯᠭᠠᠵᠤ᠂ ᠪᠠᠶᠠᠷ ᠳᠤᠷᠠᠰᠬᠠᠯ ᠤᠨ ᠴᠢᠯᠥᠭᠡᠨ ᠤ ᠬᠤᠭᠤᠴᠠᠭ᠎ᠠ ᠶᠢ ᠬᠠᠶᠢᠬᠤᠷᠤᠯ ᠦᠭᠡᠢ ᠪᠠᠷ ᠪᠠᠭ᠎ᠠ ᠭᠡᠷ ᠢᠶᠠᠨ ᠬᠠᠶᠠᠵᠤ᠂ ᠤᠯᠠᠨ ᠢ ᠬᠠᠷᠠᠭᠠᠯᠵᠠᠵᠤ᠂ ᠨᠡᠶᠢᠲᠡ ᠶᠢᠨ ᠲᠥᠯᠥᠭᠡ ᠬᠤᠪᠢ ᠪᠠᠨ ᠪᠤᠳᠤᠬᠤ ᠦᠭᠡᠢ᠂ ᠠᠵᠢᠯᠴᠢ ᠬᠢᠴᠢᠶᠡᠩᠭᠦᠶ ᠪᠠᠷ ᠠᠵᠢᠯᠯᠠᠵᠤ᠂ ᠵᠣᠪᠠᠭᠤᠷᠢ ᠵᠦᠳᠡᠭᠦᠷᠢ ᠶᠢ ᠬᠦᠯᠢᠴᠡᠨ ᠲᠡᠰᠪᠦᠷᠢᠯᠡᠵᠦ᠂ ᠡᠷᠡᠭᠦᠦ ᠶᠢᠨ ᠬᠡᠷᠡᠭ ᠤᠨ ᠲᠤᠷᠰᠢᠨ ᠪᠠᠶᠢᠴᠠᠭᠠᠯᠲᠠ ᠶᠢᠨ ᠡᠮᠦᠨ᠎ᠡ ᠹᠷᠣᠨᠲ ᠲᠤ ᠦᠭᠡ ᠳᠠᠭᠤᠨ ᠦᠭᠡᠢ ᠪᠠᠷ ᠠᠵᠢᠯᠯᠠᠪᠠ᠃ ᠠᠵᠢᠯ ᠳᠤ ᠣᠷᠣᠯᠴᠠᠭᠰᠠᠨ ᠠᠴᠠ ᠨᠠᠰᠢ᠂ ᠸᠠᠩ ᠷᠦᠢ ᠴᠢᠩ ᠤᠷᠢᠳ ᠬᠤᠵᠢᠳ 6 ᠤᠳᠠᠭ᠎ᠠ ᠬᠤᠪᠢ ᠬᠥᠮᠦᠨ ᠤ ᠭᠤᠷᠪᠠᠳᠤᠭᠠᠷ ᠳᠡᠰ ᠤᠨ ᠭᠠᠪᠢᠶ᠎ᠠ ᠪᠠᠶᠢᠭᠤᠯᠵᠤ᠂ 5 ᠤᠳᠠᠭ᠎ᠠ ᠬᠤᠪᠢ ᠬᠥᠮᠦᠨ ᠤ ᠬᠥᠬᠢᠭᠦᠯᠦᠯ ᠰᠠᠶᠢᠰᠢᠶᠠᠯ ᠢ ᠭᠥᠷᠳᠡᠵᠦ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠰᠢᠯᠢᠳᠡᠭ ᠪᠠᠭᠰᠢ ᠱᠠᠪᠢ᠂ ᠯᠢᠶᠠᠩᠴᠧᠩ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠢᠯᠢᠳᠡᠭ ᠠᠯᠪᠠᠲᠠᠨ᠂ ᠯᠢᠶᠠᠩᠴᠧᠩ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠲᠡᠷᠢᠭᠦᠨ ᠤ ᠬᠤᠪᠢ ᠬᠥᠮᠦᠨ ᠵᠡᠷᠭᠡ ᠢᠷᠠᠭᠤ ᠠᠯᠳᠠᠷ ᠢ ᠭᠥᠷᠳᠡᠪᠡ᠃
       31 ᠵᠢᠯ ᠤᠨ ᠡᠮᠦᠨ᠎ᠡ ᠪᠣᠯᠲᠠᠯ᠎ᠠ᠂ 1992 ᠣᠨ ᠤ 3 ᠰᠠᠷ᠎ᠠ ᠶᠢᠨ 16 ᠤ ᠡᠳᠦᠷ᠂ ᠯᠢᠶᠠᠩᠴᠤᠩ ᠰᠢᠶᠠᠨ ᠤ ᠮᠠᠶᠢᠬᠠᠨᠳᠤ ᠪᠠᠯᠭᠠᠰᠤᠨ ᠤ ᠸᠠ ᠶᠣᠣ ᠲᠣᠰᠬᠤᠨ ᠳᠤ ᠠᠮᠢᠨ ᠬᠡᠷᠡᠭ ᠭᠠᠷᠴᠤ᠂ ᠲᠣᠰᠬᠤᠨ ᠤ ᠠᠷᠠᠳ ᡁᠢ ᠣᠪᠣᠭᠲᠤ ᠬᠢᠲᠤᠭ᠎ᠠ ᠪᠠᠷ ᠲᠣᠰ ᠭᠠᠴᠠᠭᠠᠨ ᠤ ᠠᠷᠠᠳ ᠷᠧᠨ ᠣᠪᠣᠭᠲᠤ ᠶᠢ ᠴᠠᠪᠴᠢᠨ ᠰᠢᠷᠬᠠᠲᠤᠭᠤᠯᠵᠤ ᠥᠭᠦᠭᠰᠡᠨ ᠤ ᠳᠠᠷᠠᠭ᠎ᠠ ᠶᠠᠯ᠎ᠠ ᠠᠴᠠ ᠪᠠᠨ ᠠᠶᠤᠵᠤ ᠣᠷᠭᠤᠨ ᠳᠤᠲᠠᠭᠠᠭᠠᠳ ᠲᠦᠢᠯ ᠤᠨ ᠮᠠᠭᠤ ᠨᠡᠶᠢᠭᠡᠮ ᠤᠨ ᠨᠥᠯᠥᠭᠡ ᠭᠠᠷᠭᠠᠭᠰᠠᠨ ᠪᠠᠶᠢᠨ᠎ᠠ᠃ ᠣᠯᠠᠨ ᠵᠢᠯ ᠤᠨ ᠲᠤᠷᠰᠢ᠂ ᠲᠤᠷᠰᠢᠨ ᠪᠠᠶᠢᠴᠠᠭᠠᠬᠤ ᠠᠵᠢᠯᠲᠠᠨ ᠬᠡᠳᠦᠨᠲᠡ ᠰᠣᠯᠢᠭᠳᠠᠭᠰᠠᠨ ᠪᠣᠯᠪᠠᠴᠤ ᠸᠠᠩ ᠷᠦᠢ ᠴᠢᠩ ᠢᠶᠠᠷ ᠲᠣᠯᠣᠭᠠᠶᠢᠯᠠᠭᠤᠯᠤᠭᠰᠠᠨ ᠲᠤᠷᠰᠢᠨ ᠪᠠᠶᠢᠴᠠᠭᠠᠬᠤ ᠠᠵᠢᠯᠲᠠᠨ ᠢᠮᠠᠭᠲᠠ ᠰᠢᠨᠲᠠᠷᠠᠰᠢ ᠦᠭᠡᠶ ᠴᠢᠷᠮᠠᠶᠢᠵᠤ᠂ ᠶᠠᠷᠭᠠᠴᠢᠨ ᠢ ᠨᠡᠬᠡᠮᠵᠢᠯᠡᠬᠦ ᠠᠯᠬᠤᠮ ᠢᠶᠠᠨ ᠶᠡᠷᠦ ᠠᠴᠠ ᠵᠣᠭᠰᠣᠭᠰᠠᠨ ᠦᠭᠡᠶ᠃ ᠬᠡᠷᠡᠭ ᠢ ᠡᠷᠲᠡᠬᠡᠨ ᠢᠯᠡᠷᠡᠭᠦᠯᠬᠦ ᠶᠢᠨ ᠲᠥᠯᠥᠭᠡ᠂ ᠸᠠᠩ ᠷᠦᠢ ᠴᠢᠩ ᠡᠳᠦᠷ ᠰᠥᠨᠢ ᠶᠢᠨ ᠢᠯᠭᠠᠯ ᠦᠭᠡᠶ᠂ ᠬᠠᠯᠠᠭᠤᠨ ᠬᠦᠢᠲᠡᠨ ᠠᠴᠠ ᠠᠶᠤᠬᠤ ᠦᠭᠡᠶ᠂ ᠰᠦᠪᠡᠭᠴᠢ ᠶᠢ ᠲᠠᠬᠢᠨ ᠡᠮᠬᠢᠯᠡᠨ ᠲᠢᠭᠯᠡᠵᠦ᠂ ᠠᠵᠢᠯ ᠤᠨ ᠰᠡᠳᠬᠢᠴᠡ ᠪᠠᠨ ᠲᠣᠬᠢᠷᠠᠭᠤᠯᠵᠤ᠂ ᠲᠤᠷᠰᠢᠨ ᠪᠠᠶᠢᠴᠠᠭᠠᠬᠤ ᠴᠢᠭᠯᠡᠯ ᠢᠶᠠᠨ ᠬᠤᠪᠢᠷᠠᠭᠤᠯᠵᠤ᠂ ᠠᠮᠢᠨ ᠬᠡᠷᠡᠭ ᠳᠠᠷᠤᠭᠳᠠᠮᠠᠯ ᠬᠡᠷᠡᠭ ᠤᠨ ᠲᠤᠰᠬᠠᠶ ᠬᠡᠷᠡᠭ ᠤᠨ ᠳᠤᠭᠤᠶᠢᠯᠠᠩ ᠤᠨ ᠭᠡᠰᠢᠭᠦᠳ ᠢ ᠪᠡᠶ᠎ᠡ ᠪᠠᠷ ᠢᠶᠠᠨ ᠳᠠᠭᠠᠭᠤᠯᠤᠨ ᠪᠤᠭᠤᠲᠤ᠂ ᠤᠷᠳᠤᠰ᠂ ᠪᠠᠶᠠᠨᠨᠠᠭᠤᠷ ᠵᠡᠷᠭᠡ ᠤᠯᠠᠨ ᠭᠠᠵᠠᠷ ᠢᠶᠠᠷ ᠲᠣᠭᠤᠷᠢᠵᠤ᠂ ᠶᠡᠭᠡ ᠬᠡᠮᠵᠢᠶᠡᠨ ᠤ ᠲᠤᠭ᠎ᠠ ᠪᠠᠷᠢᠮᠲᠠ ᠶᠢᠨ ᠳᠣᠲᠣᠷ᠎ᠠ ᠠᠴᠠ ᠬᠦᠷᠢ ᠶᠢᠨ ᠡᠭᠦᠷ ᠢ ᠨᠢ ᠱᠠᠭᠠᠯᠤᠨ ᠰᠦᠪᠡᠭᠴᠢ ᠶᠢ ᠨᠢ ᠡᠷᠢᠵᠦ᠂ ᠪᠠᠶᠢᠴᠠᠭᠠᠨ ᠰᠤᠷᠪᠤᠯᠵᠢᠯᠠᠬᠤ᠂ ᠭᠡᠷᠡᠴᠢ ᠪᠠᠷᠢᠮᠲᠠ ᠴᠤᠭᠯᠠᠭᠤᠯᠤᠨ ᠬᠠᠷᠢᠴᠠᠭᠤᠯᠬᠤ ᠪᠠᠷ ᠳᠠᠮᠵᠢᠭᠤᠯᠤᠨ᠂ ᠰᠡᠵᠢᠭᠳᠡᠨ ᠤ ᠨᠢᠭᠤᠭᠳᠠᠵᠤ ᠪᠠᠶᠢᠭ᠎ᠠ ᠣᠷᠣᠨ ᠪᠠᠶᠢᠷᠢ ᠶᠢ ᠰᠤᠳᠤᠯᠤᠨ ᠮᠠᠭᠠᠳᠯᠠᠵᠤ᠂ ᠠᠷᠭ᠎ᠠ ᠪᠦᠬᠦᠨ ᠢ ᠰᠦᠪᠡᠭᠴᠢᠯᠡᠨ ᠬᠡᠷᠡᠭ ᠢ ᠲᠠᠩᠨᠠᠨ ᠢᠯᠡᠷᠡᠭᠦᠯᠬᠦ ᠰᠢᠪᠲᠤᠯᠤᠯᠲᠠ ᠶᠢᠨ ᠴᠡᠭ ᠢ ᠡᠷᠢᠪᠡ᠃ ᠸᠠᠩ ᠷᠦᠢ ᠴᠢᠩ ᠵᠡᠷᠭᠡ ᠲᠤᠰᠬᠠᠶ ᠬᠡᠷᠡᠭ ᠤᠨ ᠳᠤᠭᠤᠶᠢᠯᠠᠩ ᠤᠨ ᠬᠥᠮᠦᠰ ᠤᠨ ᠬᠡᠵᠢᠶᠡᠳᠡ ᠣᠭᠤᠷᠬᠤ ᠥᠬᠡᠶ ᠪᠠᠷᠢᠮᠲᠠᠯᠠᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠤᠨ ᠬᠦᠴᠦᠲᠡᠶ ᠲᠤᠯᠭᠠᠭᠤᠷᠢᠯᠠᠯ ᠳᠣᠤᠷ᠎ᠠ᠂ ᠡᠴᠦᠰ ᠲᠡᠭᠡᠨ ᠪᠠᠶᠠᠨᠨᠠᠭᠤᠷ ᠬᠤᠲᠠ ᠶᠢᠨ ᠤᠷᠠᠳ ᠤᠨ ᠳᠤᠮᠳᠠᠳᠤ ᠬᠤᠰᠢᠭᠤᠨ ᠤ ᠵᠢᠭᠰᠠᠭᠠᠨ ᠪᠠᠶᠢᠴᠠᠭᠠᠯᠲᠠ ᠶᠢᠨ ᠳᠤᠮᠳᠠ ︽ᠭᠦᠸᠧ ᠮᠡᠳᠡᠷᠡᠯ︾ ᠭᠡᠳᠡᠭ ᠬᠤᠴᠢ ᠨᠡᠷ᠎ᠡ ᠲᠠᠢ ᠡᠷᠡᠭᠲᠡᠶ ᠨᠢ ᠶᠠᠯ᠎ᠠ ᠬᠢᠭᠰᠡᠨ ᠰᠡᠵᠢᠭᠳᠡᠨ ᡁᠢ ᠣᠪᠣᠭᠲᠤ ᠲᠠᠢ ᠠᠳᠠᠯᠢᠪᠲᠤᠷ ᠪᠠᠶᠢᠬᠤ ᠶᠢ ᠣᠯᠵᠤ ᠮᠡᠳᠡᠭᠰᠡᠨ ᠪᠥᠭᠡᠳ ᠡᠴᠦᠰ ᠲᠡᠭᠡᠨ ᠶᠠᠯ᠎ᠠ ᠬᠢᠭᠰᠡᠨ ᠰᠡᠵᠢᠭᠳᠡᠨ ᡁᠢ ᠣᠪᠣᠭᠲᠤ ᠶᠢᠨ ᠨᠢᠭᠤᠨ ᠳᠠᠯᠳᠠᠯᠠᠭᠰᠠᠨ ᠭᠠᠵᠠᠷ ᠢ ᠳᠣᠲᠣᠯᠠᠭᠰᠠᠨ ᠪᠠᠶᠢᠨ᠎ᠠ᠃ 2022 ᠣᠨ ᠤ 8 ᠰᠠᠷ᠎ᠠ ᠶᠢᠨ 14 ᠤ ᠡᠳᠦᠷ᠂ ᠸᠠᠩ ᠷᠦᠢ ᠴᠢᠩ ᠲᠤᠰᠬᠠᠢ ᠬᠡᠷᠡᠭ ᠤᠨ ᠳᠤᠭᠤᠶᠢᠯᠠᠩ ᠤᠨ ᠠᠷᠠᠳ ᠤᠨ ᠴᠠᠭᠳᠠᠭ᠎ᠠ ᠲᠠᠢ ᠬᠠᠮᠲᠤ ᠪᠠᠶᠠᠨᠨᠠᠭᠤᠷ ᠬᠤᠳᠠ ᠶᠢᠨ ᠤᠷᠠᠳ ᠤᠨ ᠳᠤᠮᠳᠠᠳᠤ ᠬᠤᠰᠢᠭᠤᠨ ᠤ ᠬᠠᠶᠢᠯᠦ᠋ᠲ᠋ᠦ᠋ ᠪᠠᠯᠭᠠᠰᠤᠨ ᠳᠤ ︽ᠭᠦᠸᠧ ᠮᠡᠳᠡᠷᠡᠯ︾ ᠭᠡᠵᠦ ᠪᠤᠷᠤᠭᠤᠯᠠᠭᠰᠠᠨ ᠶᠠᠯ᠎ᠠ ᠬᠢᠭᠰᠡᠨ ᠰᠡᠵᠢᠭᠳᠡᠨ ᡁᠢ ᠣᠪᠣᠭᠲᠤ ᠶᠢ ᠠᠮᠵᠢᠯᠲᠠ ᠲᠠᠢ ᠪᠠᠷ ᠪᠠᠷᠢᠪᠴᠢᠯᠠᠵᠤ᠂ ᠯᠢᠶᠠᠩ ᠳᠤ ᠬᠦᠷᠭᠡᠵᠦ᠂ 30 ᠵᠢᠯ ᠤᠨ ᠠᠮᠢᠨ ᠬᠡᠷᠡᠭ ᠳᠠᠷᠤᠭᠳᠠᠮᠠᠯ ᠬᠡᠷᠡᠭ ᠢ ᠠᠮᠵᠢᠯᠲᠠ ᠲᠠᠢ ᠪᠠᠷ ᠢᠯᠡᠷᠡᠭᠦᠯᠪᠡ᠃
       2022 ᠣᠨ ᠳᠤ᠂ ᠸᠠᠩ ᠷᠦᠢ ᠴᠢᠩ ᠡᠯ᠎ᠡ ᠲᠥᠷᠥᠯ ᠤᠨ ᠡᠷᠡᠭᠦᠦ ᠶᠢᠨ ᠬᠡᠷᠡᠭ ᠢ ᠨᠡᠶᠢᠲᠡ 300 ᠭᠠᠷᠤᠶ ᠢᠯᠡᠷᠡᠭᠦᠯᠵᠦ᠂ ᠡᠭᠦᠨ ᠤ ᠳᠣᠲᠣᠷ᠎ᠠ ᠵᠣᠷᠢᠭᠤᠳᠠ ᠬᠥᠮᠦᠨ ᠠᠯᠠᠭᠰᠠᠨ ᠬᠡᠷᠡᠭ 3᠂ 30 ᠵᠢᠯ ᠤᠨ ᠡᠮᠦᠨᠡᠬᠢ ᠠᠮᠢᠨ ᠬᠡᠷᠡᠭ ᠳᠠᠷᠤᠭᠳᠠᠮᠠᠯ ᠬᠡᠷᠡᠭ 2᠂ ᠨᠥᠵᠢᠳᠯᠡᠭᠰᠡᠨ ᠬᠡᠷᠡᠭ 3᠂ ᠬᠤᠯᠠᠭᠠᠶᠢᠯᠠᠭᠰᠠᠨ ᠬᠡᠷᠡᠭ 38᠂ ᠨᠠᠰᠤᠵᠢᠯ ᠤᠨ ᠮᠡᠬᠡᠯᠡᠯ ᠤᠨ ᠬᠡᠷᠡᠭ 11᠂ ᠤᠯᠠᠮᠵᠢᠯᠠᠯᠲᠤ ᠮᠡᠬᠡᠯᠡᠯ ᠤᠨ ᠬᠡᠷᠡᠭ 1᠂ ᠭᠡᠷ᠎ᠡ ᠪᠠᠷ ᠮᠡᠬᠡᠯᠡᠭᠰᠡᠨ ᠬᠡᠷᠡᠭ 1᠂ ᠠᠳᠡᠯ ᠠᠴᠠ ᠪᠣᠯᠵᠣ ᠬᠥᠮᠦᠨ ᠢ ᠦᠬᠦᠭᠦᠯᠦᠭᠰᠡᠨ ᠬᠡᠷᠡᠭ 1᠂ ᠰᠦᠯᠵᠢᠶ᠎ᠡ ᠪᠠᠷ ᠵᠣᠭᠤᠰ ᠨᠠᠭᠠᠳᠤᠭᠰᠠᠨ ᠬᠡᠷᠡᠭ 1᠂ ᠰᠦᠯᠵᠢᠶᠡᠨ ᠤ ᠮᠡᠳᠡᠭᠡ ᠵᠠᠩᠭᠢ ᠶᠢᠨ ᠶᠠᠯᠠᠲᠤ ᠠᠵᠢᠯᠯᠠᠭ᠎ᠠ ᠶᠢ ᠬᠠᠪᠰᠤᠷᠤᠭᠰᠠᠨ ᠬᠡᠷᠡᠭ 5᠂ ᠴᠠᠬᠢᠯᠭᠠᠨ ᠬᠤᠯᠪᠣᠭ᠎ᠠ ᠰᠦᠯᠵᠢᠶ᠎ᠡ ᠪᠠᠷ ᠮᠡᠬᠡᠯᠡᠭᠰᠡᠨ ᠬᠡᠷᠡᠭ 300 ᠭᠠᠷᠤᠶ ᠪᠠᠶᠢᠵᠤ᠂ 80 ᠭᠠᠷᠤᠶ ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠵᠠᠶ᠂ ᠡᠭᠦᠨ ᠤ ᠳᠣᠲᠣᠷ᠎ᠠ ᠳᠤᠲᠠᠭᠠᠵᠤ ᠪᠠᠶᠢᠭ᠎ᠠ 10 ᠬᠥᠮᠦᠨ ᠢ ᠪᠠᠷᠢᠪᠴᠢᠯᠠᠵᠠᠶ᠃  
      ᠤᠯᠠᠨ ᠵᠢᠯ ᠤᠨ ᠡᠮᠦᠨ᠎ᠡ ᠹᠷᠣᠨᠲ ᠲᠠᠬᠢ ᠪᠣᠳᠠᠲᠤ ᠳᠠᠶᠢᠨ ᠤ ᠰᠢᠯᠭᠠᠯᠲᠠ ᠪᠠ ᠳᠠᠪᠲᠠᠯᠲᠠ ᠶᠢ ᠥᠩᠭᠡᠷᠡᠭᠡᠭᠡᠳ᠂ ᠸᠠᠩ ᠷᠦᠢ ᠴᠢᠩ ᠨᠢᠭᠡᠨᠲᠡ ᠯᠢᠶᠠᠩᠴᠧᠩ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠡᠷᠡᠭᠦᠦ ᠶᠢᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠲᠤᠭ ᠪᠣᠯᠤᠭᠰᠠᠨ ᠪᠠᠶᠢᠨ᠎ᠠ᠃ ︽ᠸᠠᠩ ᠠᠩᠬᠢ ᠶᠢᠨ ᠳᠠᠷᠤᠭ᠎ᠠ ᠪᠣᠯ ᠠᠵᠢᠯ ᠳᠠᠭᠠᠨ ᠨᠠᠷᠢᠨ ᠬᠢᠨᠠᠮᠠᠭᠠᠢ ᠬᠠᠷᠢᠭᠤᠴᠠᠯᠭ᠎ᠠ ᠲᠠᠢ᠂ ᠬᠠᠮᠲᠤ ᠠᠵᠢᠯᠯᠠᠭᠰᠠᠳ ᠲᠠᠭᠠᠨ ᠬᠠᠯᠠᠭᠤᠮᠰᠤᠭ ᠦᠨᠡᠨᠴᠢ ᠰᠢᠳᠤᠷᠭᠤ ᠬᠠᠨᠳᠤᠳᠠᠭ ᠬᠥᠮᠦᠨ ᠶᠤᠮ᠂ ᠬᠡᠷᠡᠭ ᠪᠣᠯᠭᠠᠨ ᠢ ᠲᠠᠩᠨᠠᠨ ᠢᠯᠡᠷᠡᠭᠦᠯᠬᠦ ᠶᠠᠪᠤᠴᠠ ᠳᠤ ᠪᠦᠬᠦ ᠬᠦᠴᠦᠨ ᠢᠶᠠᠷ ᠢᠶᠠᠨ ᠴᠢᠷᠮᠠᠶᠢᠳᠠᠭ᠂ ᠡᠨᠡ ᠪᠣᠯ ᠮᠠᠨ ᠤ ᠵᠠᠯᠠᠭᠤ ᠠᠷᠠᠳ ᠤᠨ ᠴᠠᠭᠳᠠᠭ᠎ᠠ ᠶᠢᠨ ᠰᠤᠷᠤᠯᠴᠠᠬᠤ ᠳᠠᠭᠤᠷᠢᠶᠠᠯ ᠮᠥᠨ︾ ᠭᠡᠵᠦ ᠡᠷᠡᠭᠦᠦ ᠶᠢᠨ ᠴᠠᠭᠳᠠᠭ᠎ᠠ ᠶᠢᠨ ᠶᠡᠭᠡ ᠠᠩᠬᠢ ᠶᠢᠨ ᠳᠡᠳ᠋ ᠳᠠᠷᠤᠭ᠎ᠠ ᠯᠢ ᠮᠢᠨ ᠬᠡᠯᠡᠪᠡ᠃    ᠴᠠᠭᠳᠠᠭ᠎ᠠ ᠶᠢᠨ ᠠᠵᠢᠯ ᠠᠴᠠ ᠪᠠᠨ 21 ᠵᠢᠯ ᠳᠤ᠂ ᠸᠠᠩ ᠷᠦᠢ ᠴᠢᠩ ᠦᠨᠡᠨᠴᠢ ᠰᠢᠳᠤᠷᠭᠤ ᠪᠠ ᠬᠦᠴᠦ ᠬᠥᠯᠥᠰᠥ ᠪᠠᠷ ᠢᠶᠠᠨ ᠨᠠᠮ ᠪᠣᠯᠤᠨ ᠠᠷᠠᠳ ᠲᠦᠮᠡᠨ ᠠᠴᠠ ᠳᠠᠭᠠᠭᠠᠯᠭᠠᠭᠰᠠᠨ ᠡᠭᠦᠷᠭᠡ ᠬᠠᠷᠢᠭᠤᠴᠠᠯᠭ᠎ᠠ ᠶᠢ ᠦᠢᠯᠡᠳᠦᠯᠭᠡᠵᠢᠭᠦᠯᠵᠦ᠂ ᠪᠣᠳᠠᠲᠠᠢ ᠠᠵᠢᠯᠯᠠᠬᠤ ᠪᠠ ᠬᠠᠷᠢᠭᠤᠴᠠᠯᠭ᠎ᠠ ᠡᠭᠦᠷᠭᠡᠯᠡᠬᠦ ᠪᠠᠷ ᠠᠮᠤᠷ ᠲᠦᠪᠰᠢᠨ ᠢ ᠬᠠᠮᠠᠭᠠᠯᠠᠬᠤ ᠮᠠᠭᠲᠠᠭᠠᠯ ᠳᠠᠭᠤᠤ ᠶᠢ ᠪᠢᠴᠢᠭᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠡᠭᠡᠯ ᠵᠢᠷ ᠤᠨ ᠠᠵᠢᠯ ᠤᠨ ᠪᠠᠶᠢᠷᠢ ᠳᠡᠭᠡᠷ᠎ᠡ ᠳᠣᠲᠣᠭᠠᠳᠤ ᠶᠢ ᠬᠠᠮᠠᠭᠠᠯᠠᠬᠤ ᠡᠷᠡᠭᠦᠦ ᠶᠢᠨ ᠴᠠᠭᠳᠠᠭ᠎ᠠ ᠶᠢᠨ ᠣᠨᠴᠠᠭᠠᠢ ᠬᠡᠪ ᠨᠠᠮᠪᠠ ᠶᠢ ᠪᠢᠴᠢᠭᠯᠡᠭᠰᠡᠨ ᠪᠠᠶᠢᠨ᠎ᠠ᠃ ᠯᠢᠶᠠᠩᠴᠧᠩ ᠰᠢᠶᠠᠨ ᠤ ᠳᠣᠲᠣᠭᠠᠳᠤ ᠶᠢ ᠬᠠᠮᠠᠭᠠᠯᠠᠬᠤ  ᠲᠤᠪᠴᠢᠶ᠋ᠴ ᠶᠢᠨ ᠡᠷᠡᠭᠦᠦ ᠶᠢᠨ ᠬᠡᠷᠡᠭ ᠢ ᠲᠤᠷᠰᠢᠨ ᠪᠠᠶᠢᠴᠠᠭᠠᠬᠤ ᠶᠡᠭᠡ ᠠᠩᠬᠢ ᠶᠢᠨ ᠳᠠᠷᠤᠭ᠎ᠠ ᠪᠥᠭᠡᠳ ᠠᠮᠢ ᠠᠬᠤᠢ ᠶᠢᠨ ᠣᠷᠴᠢᠨ ᠲᠣᠭᠤᠷᠢᠨ ᠤ ᠢᠳᠡᠭᠡᠨ ᠤ ᠵᠦᠢᠯ ᠡᠮ ᠤᠨ ᠵᠦᠢᠯ ᠤᠨ ᠶᠠᠯᠠᠲᠤ ᠠᠵᠢᠯᠯᠠᠭ᠎ᠠ ᠶᠢ ᠲᠤᠷᠰᠢᠨ ᠪᠠᠶᠢᠴᠠᠭᠠᠬᠤ ᠶᠡᠭᠡ ᠠᠩᠬᠢ ᠶᠢᠨ ᠵᠢᠭᠠᠨ ᠵᠢᠯᠤᠭᠤᠳᠤᠬᠴᠢ ᠸᠠᠩ ᠷᠦᠢ ᠴᠢᠩ᠂ ︽ᠬᠤᠶᠢᠰᠢᠳᠠ ᠪᠢ ᠨᠡᠩ ᠣᠷᠭᠢᠯᠤᠮ᠎ᠠ ᠬᠠᠯᠠᠭᠤᠨ ᠠᠵᠢᠯ ᠤᠨ ᠬᠠᠯᠠᠭᠤᠨ ᠰᠡᠳᠬᠢᠯᠭᠡ᠂ ᠨᠡᠩ ᠯᠠᠪᠳᠠᠭᠤᠨ ᠪᠠᠲᠤᠲᠠᠢ ᠠᠵᠢᠯ ᠤᠨ ᠣᠪᠣᠷ ᠢᠶᠠᠷ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠨ᠎ᠡ ᠡᠭᠡᠯ ᠵᠢᠷ ᠤᠨ ᠴᠠᠭᠳᠠᠭ᠎ᠠ ᠶᠢᠨ ᠠᠵᠢᠯ ᠤᠨ ᠪᠠᠶᠢᠷᠢ ᠳᠡᠭᠡᠷ᠎ᠡ᠂ ᠵᠣᠷᠢᠯᠲᠠ ᠪᠠᠨ ᠪᠠᠲᠤ ᠴᠡᠭᠡᠵᠢᠯᠡᠵᠦ᠂ ᠤᠭ ᠴᠢᠨᠠᠷ ᠢᠶᠠᠨ ᠡᠭᠦᠷᠢᠳᠡ ᠬᠠᠳᠠᠭᠠᠯᠠᠵᠤ᠂ ᠠᠷᠠᠳ ᠤᠯᠠᠨ ᠤ ᠬᠦᠰᠡᠯ ᠡᠷᠡᠮᠡᠯᠵᠡᠯ ᠢᠶᠠᠷ ᠥᠪᠡᠷ ᠤᠨ ᠬᠠᠮᠤᠭ ᠤᠨ ᠶᠡᠭᠡ ᠬᠦᠰᠡᠯ ᠡᠷᠡᠮᠡᠯᠵᠡᠯ ᠢᠶᠠᠨ ᠪᠣᠯᠭᠠᠵᠤ᠂ ᠥᠪᠡᠷ ᠤᠨ ᠬᠦᠰᠡᠯ ᠡᠷᠡᠮᠡᠯᠵᠡᠯ ᠢᠶᠠᠨ ᠮᠢᠩᠭᠠᠨ ᠡᠷᠦᠬᠡ ᠶᠢᠨ ᠪᠠᠶᠠᠷ ᠪᠠᠶᠠᠰᠤᠯ᠂ ᠲᠦᠮᠡᠨ ᠡᠷᠦᠬᠡ ᠶᠢᠨ ᠠᠮᠤᠷ ᠠᠮᠤᠭᠤᠯᠠᠩ ᠪᠣᠯᠭᠠᠨ ᠬᠤᠪᠢᠷᠠᠭᠤᠯᠤᠨ᠎ᠠ︾᠃                                               ᠨᠠᠶᠢᠷᠠᠭᠤᠯᠤᠭᠴᠢ᠄   ᠶᠠᠩ  ᠿᠦᠢ ᠵᠧᠨ                                                ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2