ᠯᠢᠶᠠᠩᠴᠧᠩ ᠰᠢᠶᠠᠨ ᠤ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠳᠠᠬᠢᠨ ᠬᠢᠨᠠᠵᠤ  ᠮᠠᠭᠠᠳᠯᠠᠨ ᠲᠣᠭᠲᠠᠭᠠᠬᠤ ᠮᠡᠳᠡᠭᠳᠡᠯ ᠤᠨ ᠪᠢᠴᠢᠭ
ᠨᠡᠶᠢᠲᠡᠯᠡᠭᠰᠡᠨ ᠴᠠᠭ᠄
2023/3/30
    ᠮᠠᠨ ᠤ ᠰᠢᠶᠠᠨ ᠤ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠢ ᠦᠨᠡᠨ ᠬᠦ ᠪᠠᠲᠤᠯᠠᠬᠤ ᠶᠢᠨ ᠲᠥᠯᠥᠭᠡ᠂ ᠪᠥᠬᠦ ᠬᠤᠲᠠ ᠶᠢᠨ ᠨᠢᠭᠡᠳᠦᠯᠲᠡᠶ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ︽ᠭᠤᠷᠪᠠᠨ ᠲᠥᠷᠥᠯ ᠠᠷᠪᠠᠨ ᠭᠤᠷᠪᠠᠨ ᠲᠠᠰ︾᠎ ᠤᠨ ᠵᠢᠷᠤᠮᠵᠢᠭᠰᠠᠨ ᠬᠠᠮᠢᠶᠠᠷᠤᠯᠲᠠ ᠶᠢ ᠪᠡᠶᠡᠯᠡᠭᠦᠯᠦᠨ᠎ᠡ᠃ ᠰᠢᠶᠠᠨ ᠤ ᠵᠠᠰᠠᠭ ᠤᠨ ᠣᠷᠳᠣᠨ ᠤ ᠲᠣᠬᠢᠷᠠᠭᠤᠯᠤᠯᠲᠠ ᠪᠠᠷ᠂ 3 ᠰᠠᠷ᠎ᠠ ᠶᠢᠨ 23᠎ ᠤ ᠡᠳᠦᠷ ᠠᠴᠠ ᠡᠬᠢᠯᠡᠨ᠂ ᠪᠥᠬᠦ ᠰᠢᠶᠠᠨ ᠤ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠭᠥᠷᠳᠡᠵᠦ ᠪᠠᠶᠢᠭ᠎ᠠ ᠡᠲᠡᠭᠡᠳ ᠢ ᠳᠠᠬᠢᠨ ᠬᠢᠨᠠᠵᠤ ᠮᠠᠭᠠᠳᠯᠠᠨ ᠲᠣᠭᠲᠠᠭᠠᠬᠤ ᠪᠠᠷ ᠲᠣᠭᠲᠠᠪᠠ᠂ ᠡᠳᠦᠭᠡ ᠬᠤᠯᠪᠣᠭᠳᠠᠯ ᠪᠥᠬᠦᠶ  ᠵᠤᠶᠢᠯᠡᠰ ᠢ ᠳᠣᠤᠷᠠᠬᠢ ᠮᠡᠲᠦ ᠮᠡᠳᠡᠭᠳᠡᠶ᠎ᠡ᠄    ᠨᠢᠭᠡ᠂ ᠳᠠᠬᠢᠨ ᠬᠠᠷᠭᠤᠭᠤᠯᠵᠤ ᠮᠠᠭᠠᠳᠯᠠᠨ ᠲᠣᠭᠲᠠᠭᠠᠬᠤ ᠬᠡᠪᠴᠢᠶ᠎ᠡ         ᠪᠥᠬᠦ ᠰᠢᠶᠠᠨ ᠤ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠭᠥᠷᠳᠡᠵᠦ ᠪᠠᠶᠢᠭ᠎ᠠ ᠪᠣᠶ ᠪᠥᠬᠦᠶ ᠡᠲᠡᠭᠡᠳ᠃   ᠬᠤᠶᠠᠷ᠂ ᠳᠠᠬᠢᠨ ᠬᠠᠷᠭᠤᠭᠤᠯᠵᠤ ᠨᠤᠲᠠᠯᠠᠨ ᠲᠣᠭᠲᠠᠭᠠᠭᠰᠠᠨ ᠴᠠᠭ         3 ᠰᠠᠷ᠎ᠠ ᠶᠢᠨ 23᠎ ᠤ ᠡᠳᠦᠷ — 6 ᠰᠠᠷ᠎ᠠ ᠶᠢᠨ 30᠎ ᠤ ᠡᠳᠦᠷ᠃  ᠭᠤᠷᠪᠠ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ ᠤᠨ ᠠᠯᠪᠠᠨ ᠵᠢᠷᠤᠮ ᠤᠨ ᠳᠠᠬᠢᠨ ᠬᠠᠷᠭᠤᠭᠤᠯᠵᠤ ᠮᠠᠭᠠᠳᠯᠠᠨ ᠲᠣᠭᠲᠠᠭᠠᠬᠤ ᠬᠤᠭᠤᠴᠠᠭᠠᠨ ᠳᠤ᠂ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ ᠨᠢ ᠪᠠᠶᠢᠭ᠎ᠠ ᠰᠢᠶᠠᠩ ᠪᠠᠯᠭᠠᠰᠤ ᠳᠠᠭᠠᠨ ᠳᠣᠤᠷᠠᠬᠢ ᠮᠡᠲᠦ ᠭᠡᠷᠡᠴᠢᠯᠡᠬᠦ ᠮᠠᠲ᠋ᠧᠷᠢᠶᠠᠯ ᠢ ᠢᠳᠡᠪᠬᠢᠲᠡᠶ ᠪᠠᠷ ᠦᠨᠡᠨ ᠪᠣᠳᠠᠲᠠᠶ ᠪᠠᠷ ᠬᠠᠩᠭᠠᠬᠤ ᠬᠡᠷᠡᠭᠲᠡᠶ᠄      1. ᠦᠨᠳᠦᠰᠦᠨ ᠭᠡᠷᠡᠴᠢᠯᠡᠬᠦ ᠮᠠᠲ᠋ᠧᠷᠢᠶᠠᠯ᠄ ᠨᠠᠭᠠᠳᠤ ᠵᠠᠬ᠎ᠠ ᠶᠢᠨ ᠪᠠᠲᠤᠯᠠᠭ᠎ᠠ ᠶᠢ ᠭᠥᠷᠳᠡᠵᠦ ᠪᠠᠶᠢᠭ᠎ᠠ ᠬᠥᠮᠦᠰ ᠤᠨ ᠡᠷᠦᠬᠡ ᠠᠮᠠ ᠶᠢᠨ ᠳᠡᠪᠲᠡᠷ᠂ ᠪᠡᠶ᠎ᠡ ᠶᠢᠨ ᠦᠨᠡᠮᠯᠡᠯ᠂ ᠣᠷᠤᠭ ᠤᠨ ᠦᠨᠡᠮᠯᠡᠯ ︵ᠣᠷᠤᠭ ᠰᠠᠯᠤᠭᠰᠠᠨ ᠦᠨᠡᠮᠯᠡᠯ︶᠂ ᠵᠡᠮᠳᠡᠭ ᠤᠨ ᠦᠨᠡᠮᠯᠡᠯ ᠤᠨ ᠬᠠᠭᠤᠯᠪᠤᠷᠢ ᠵᠢᠴᠢ ᠨᠢᠭᠡ 5 ᠢᠮᠠᠬᠤ ᠶᠢᠨ ᠪᠥᠬᠦ ᠬᠡᠷ ᠤᠨ ᠬᠥᠮᠦᠰ ᠤᠨ ᠪᠤᠳᠤᠭᠲᠤ ᠬᠡᠷᠡᠯ ᠵᠢᠷᠤᠭ ᠢ ᠭᠥᠷᠳᠡᠵᠦ ᠪᠠᠶᠢᠨ᠎ᠠ᠃     2. ᠪᠤᠰᠤᠳ ᠭᠡᠷᠡᠴᠢᠯᠡᠬᠦ ᠮᠠᠲ᠋ᠧᠷᠢᠶᠠᠯ᠄ ᠬᠦᠨᠳᠦ ᠡᠪᠡᠳᠴᠢᠨ᠄ ᠥᠩᠭᠡᠷᠡᠭᠰᠡᠨ ᠵᠢᠯ ᠤᠳ ᠤᠨ ᠭᠤᠷᠪᠠᠳᠤᠭᠠᠷ ᠳᠡᠰ ᠤᠨ ᠬᠥᠬᠡ ᠳᠡᠰ ᠤᠨ ᠡᠮᠨᠡᠯᠭᠡ ᠶᠢᠨ ᠬᠤᠷᠢᠶ᠎ᠠ ᠶᠢᠨ ᠡᠮᠨᠡᠯᠭᠡ ᠳᠤ ᠰᠠᠭᠤᠭᠰᠠᠨ ᠡᠪᠡᠳᠴᠢᠨ ᠤ ᠥᠩᠭᠡᠷᠡᠯᠲᠡ᠂ ᠣᠨᠣᠰᠢᠯᠠᠭᠰᠠᠨ ᠭᠡᠷᠡᠴᠢ ᠵᠢᠴᠢ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠤᠨ ᠭᠠᠷᠭᠠᠭᠰᠠᠨ ᠳᠠᠩᠰᠠ ᠲᠠᠶᠢᠯᠬᠤ ᠭᠡᠷᠡᠴᠢ ᠪᠠᠷᠢᠮᠲᠠ ᠶᠢ ᠬᠠᠩᠭᠠᠨ᠎ᠠ᠃     ᠤᠳᠠᠭᠠᠨ ᠴᠢᠨᠠᠷᠲᠠᠶ ᠡᠪᠡᠳᠴᠢᠨ᠄ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠶᠢᠨ ᠤᠳᠠᠭᠠᠨ ᠴᠢᠨᠠᠷᠲᠠᠶ ᠡᠪᠡᠳᠴᠢᠨ ᠤ ᠡᠮ ᠬᠤᠳᠠᠯᠳᠤᠨ ᠠᠪᠤᠭᠰᠠᠨ ᠲᠠᠩᠰᠠ ᠲᠠᠶᠢᠯᠬᠤ ᠭᠡᠷᠡᠴᠢ ᠪᠠᠷᠢᠮᠲᠠ ᠶᠢ ᠬᠠᠩᠭᠠᠨ᠎ᠠ ︵ᠡᠪᠡᠳᠴᠢᠨ ᠤ ᠲᠥᠷᠥᠯ ᠤᠨ ᠬᠡᠷᠡᠭᠴᠡᠭᠡ ᠨᠢ ︽ᠮᠠᠭᠠᠳᠯᠠᠨ ᠲᠣᠭᠲᠠᠭᠠᠬᠤ ᠨᠠᠷᠢᠨ ᠲᠦᠷᠢᠮ︾᠎ ᠤᠨ ᠲᠣᠭᠲᠠᠭᠠᠯ ᠲᠠᠢ ᠨᠡᠶᠢᠴᠡᠬᠦ ᠪᠥᠭᠡᠳ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠶᠢᠨ ᠤᠳᠠᠭᠠᠨ ᠴᠢᠨᠠᠷᠲᠠᠶ ᠡᠪᠡᠳᠴᠢᠨ ᠤ ᠲᠠᠩᠰᠠ ᠲᠠᠶᠢᠯᠬᠤ ᠰᠢᠰᠲ᠋ᠧᠮ ᠠᠴᠠ ᠪᠠᠶᠢᠴᠠᠭᠠᠨ ᠯᠠᠪᠯᠠᠵᠤ ᠳᠡᠶᠢᠯᠦᠨ᠎ᠡ︶᠃     ᠰᠤᠷᠭᠠᠭᠤᠯᠢ ᠳᠤ ᠪᠠᠶᠢᠬᠤ ᠭᠡᠷᠡᠴᠢᠯᠡᠯ᠄ ᠶᠡᠭᠡ ᠰᠤᠷᠭᠠᠭᠤᠯᠢ ᠶᠢᠨ ᠵᠢᠩᠬᠢᠨᠢ ᠠᠩᠭᠢ᠂ ᠲᠤᠰᠬᠠᠶ ᠮᠡᠷᠭᠡᠵᠢᠯ ᠤᠨ ᠠᠩᠭᠢ ᠳᠤ ᠰᠤᠷᠤᠯᠴᠠᠵᠤ ᠪᠠᠶᠢᠭ᠎ᠠ ᠦᠷ᠎ᠡ ᠬᠡᠤᠬᠡᠳ ᠲᠠᠢ ᠬᠡᠷ ᠪᠦᠯᠢ᠂ ᠰᠤᠷᠤᠯᠭ᠎ᠠ ᠶᠢᠨ ᠢᠲᠡᠭᠡᠮᠵᠢ ᠶᠢᠨ ᠰᠦᠯᠵᠢᠶ᠎ᠡ ᠪᠠᠷ ᠳᠠᠷᠤᠮᠠᠯᠯᠠᠭᠰᠠᠨ ᠰᠤᠷᠭᠠᠭᠤᠯᠢ ᠳᠤ ᠪᠠᠶᠢᠬᠤ ᠭᠡᠷᠡᠴᠢᠯᠡᠯ ᠢ ᠬᠠᠩᠭᠠᠬᠤ ᠬᠡᠷᠡᠭᠲᠡᠶ᠃     ᠪᠤᠰᠤᠳ ᠭᠡᠷᠡᠴᠢ᠄ ᠠᠴᠢᠯᠠᠨ ᠲᠡᠵᠢᠭᠡᠭᠴᠢ ᠶᠢᠨ ᠪᠡᠶ᠎ᠡ ᠶᠢᠨ ᠦᠨᠡᠮᠯᠡᠯ ᠤᠨ ᠬᠠᠭᠤᠯᠪᠤᠷᠢ᠃ ︽ᠤᠯᠠᠭᠠᠨᠴᠠᠪ ᠬᠤᠲᠠ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢ ᠬᠢᠨᠠᠨ ᠬᠠᠷᠭᠤᠭᠤᠯᠵᠤ ᠨᠤᠲᠠᠯᠠᠬᠤ ᠠᠷᠭ᠎ᠠ︾᠎ ᠶᠢᠨ ᠭᠤᠴᠢᠳᠤᠭᠠᠷ ᠵᠦᠶ᠋ᠯ ᠤᠨ ᠲᠣᠭᠲᠠᠭᠠᠯ ᠶᠣᠰᠣᠭᠠᠷ᠄ ︽ᠬᠡᠷᠪᠡ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠵᠦ ᠪᠠᠶᠢᠭ᠎ᠠ ᠬᠡᠷ ᠪᠦᠯᠢ ᠭᠦᠶ᠋ᠴᠡᠳᠬᠡᠪᠡᠰᠦ ᠵᠣᠬᠢᠬᠤ ᠡᠭᠦᠷᠭᠡ ᠪᠠᠨ ᠭᠦᠶ᠋ᠴᠡᠳᠬᠡᠭᠰᠡᠨ ᠥᠬᠡᠶ᠂ ᠬᠡᠷ ᠪᠦᠯᠢ ᠶᠢᠨ ᠣᠷᠣᠯᠭ᠎ᠠ ᠪᠠ ᠡᠳ᠋ ᠬᠥᠷᠥᠩᠭᠡ ᠪᠠᠨ ᠵᠣᠷᠢᠭᠤᠳᠠ ᠮᠡᠳᠡᠭᠦᠯᠬᠦ ᠥᠬᠡᠶ ᠪᠤᠶᠤ ᠬᠤᠳᠠᠯ ᠢᠶᠠᠷ ᠮᠡᠳᠡᠭᠦᠯᠦᠭᠰᠡᠨ ᠪᠠᠶᠢᠳᠠᠯ ᠣᠷᠣᠰᠢᠵᠤ᠂ ᠨᠡᠶᠢᠭᠡᠮ ᠤᠨ ᠠᠪᠤᠷᠠᠨ ᠲᠤᠰᠠᠯᠠᠯᠲᠠ ᠶᠢ ᠮᠡᠬᠡᠯᠡᠨ ᠣᠯᠤᠭᠰᠠᠨ ᠪᠠᠶᠢᠪᠠᠯ᠂ ᠲᠣᠰ ᠬᠡᠷ ᠪᠦᠯᠢ ᠨᠢ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢ ᠵᠣᠭᠰᠣᠭᠠᠭᠰᠠᠨ ᠢ ᠮᠡᠳᠡᠭᠳᠡᠬᠦ ᠪᠢᠴᠢᠭ ᠢ ᠬᠦᠷᠭᠡᠵᠦ ᠥᠭᠭᠦᠭᠰᠡᠨ ᠡᠳᠦᠷ ᠠᠴᠠ ᠡᠬᠢᠯᠡᠨ 6 ᠰᠠᠷ᠎ᠠ ᠶᠢᠨ ᠳᠣᠲᠣᠷ᠎ᠠ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠬᠦ ᠪᠠᠷ ᠭᠤᠶᠤᠴᠢᠯᠠᠬᠤ ᠬᠢᠷᠢ ᠬᠡᠮ ᠥᠬᠡᠶ᠂ ᠬᠤᠯᠪᠣᠭᠳᠠᠯ ᠪᠥᠬᠦᠶ ᠮᠡᠳᠡᠭᠡ ᠵᠠᠩᠭᠢ ᠶᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠪᠠᠶᠢᠭᠤᠯᠤᠭᠰᠠᠨ ᠦᠨᠡᠨᠴᠢ ᠢᠲᠡᠭᠡᠮᠵᠢ ᠶᠢᠨ ᠰᠢᠰᠲ᠋ᠧᠮ ᠳᠤ ᠪᠤᠳᠤᠵᠤ ᠣᠷᠣᠭᠤᠯᠤᠭᠠᠳ ᠶᠠᠯ᠎ᠠ ᠪᠣᠯᠵᠣ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠨ᠎ᠡ︾᠃
 
ᠢᠷᠡᠯᠲᠡ᠄ ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2