ᠮᠠᠨ ᠤ ᠰᠢᠶᠠᠨ ᠤ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠢ ᠦᠨᠡᠨ ᠬᠦ ᠪᠠᠲᠤᠯᠠᠬᠤ ᠶᠢᠨ | ᠲᠥᠯᠥᠭᠡ᠂ ᠪᠥᠬᠦ ᠬᠤᠲᠠ ᠶᠢᠨ ᠨᠢᠭᠡᠳᠦᠯᠲᠡᠶ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ︽ᠭᠤᠷᠪᠠᠨ ᠲᠥᠷᠥᠯ ᠠᠷᠪᠠᠨ ᠭᠤᠷᠪᠠᠨ ᠲᠠᠰ︾ ᠤᠨ ᠵᠢᠷᠤᠮᠵᠢᠭᠰᠠᠨ ᠬᠠᠮᠢᠶᠠᠷᠤᠯᠲᠠ ᠶᠢ | ᠪᠡᠶᠡᠯᠡᠭᠦᠯᠦᠨ᠎ᠡ᠃ ᠰᠢᠶᠠᠨ ᠤ ᠵᠠᠰᠠᠭ ᠤᠨ ᠣᠷᠳᠣᠨ ᠤ ᠲᠣᠬᠢᠷᠠᠭᠤᠯᠤᠯᠲᠠ ᠪᠠᠷ᠂ 3 ᠰᠠᠷ᠎ᠠ ᠶᠢᠨ 23 ᠤ ᠡᠳᠦᠷ ᠠᠴᠠ | ᠡᠬᠢᠯᠡᠨ᠂ ᠪᠥᠬᠦ ᠰᠢᠶᠠᠨ ᠤ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠭᠥᠷᠳᠡᠵᠦ | ᠪᠠᠶᠢᠭ᠎ᠠ ᠡᠲᠡᠭᠡᠳ ᠢ ᠳᠠᠬᠢᠨ ᠬᠢᠨᠠᠵᠤ ᠮᠠᠭᠠᠳᠯᠠᠨ ᠲᠣᠭᠲᠠᠭᠠᠬᠤ ᠪᠠᠷ ᠲᠣᠭᠲᠠᠪᠠ᠂ ᠡᠳᠦᠭᠡ ᠬᠤᠯᠪᠣᠭᠳᠠᠯ ᠪᠥᠬᠦᠶ | ᠵᠤᠶᠢᠯᠡᠰ ᠢ ᠳᠣᠤᠷᠠᠬᠢ ᠮᠡᠲᠦ ᠮᠡᠳᠡᠭᠳᠡᠶ᠎ᠡ᠄ | ᠨᠢᠭᠡ᠂ ᠳᠠᠬᠢᠨ ᠬᠠᠷᠭᠤᠭᠤᠯᠵᠤ ᠮᠠᠭᠠᠳᠯᠠᠨ ᠲᠣᠭᠲᠠᠭᠠᠬᠤ ᠬᠡᠪᠴᠢᠶ᠎ᠡ | ᠪᠥᠬᠦ ᠰᠢᠶᠠᠨ ᠤ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠭᠥᠷᠳᠡᠵᠦ | ᠪᠠᠶᠢᠭ᠎ᠠ ᠪᠣᠶ ᠪᠥᠬᠦᠶ ᠡᠲᠡᠭᠡᠳ᠃ | ᠬᠤᠶᠠᠷ᠂ ᠳᠠᠬᠢᠨ ᠬᠠᠷᠭᠤᠭᠤᠯᠵᠤ ᠨᠤᠲᠠᠯᠠᠨ ᠲᠣᠭᠲᠠᠭᠠᠭᠰᠠᠨ ᠴᠠᠭ | 3 ᠰᠠᠷ᠎ᠠ ᠶᠢᠨ 23 ᠤ ᠡᠳᠦᠷ — 6 ᠰᠠᠷ᠎ᠠ ᠶᠢᠨ 30 ᠤ ᠡᠳᠦᠷ᠃ | ᠭᠤᠷᠪᠠ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ ᠤᠨ ᠠᠯᠪᠠᠨ ᠵᠢᠷᠤᠮ ᠤᠨ ᠳᠠᠬᠢᠨ ᠬᠠᠷᠭᠤᠭᠤᠯᠵᠤ | ᠮᠠᠭᠠᠳᠯᠠᠨ ᠲᠣᠭᠲᠠᠭᠠᠬᠤ ᠬᠤᠭᠤᠴᠠᠭᠠᠨ ᠳᠤ᠂ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ | ᠡᠲᠡᠭᠡᠳ ᠨᠢ ᠪᠠᠶᠢᠭ᠎ᠠ ᠰᠢᠶᠠᠩ ᠪᠠᠯᠭᠠᠰᠤ ᠳᠠᠭᠠᠨ ᠳᠣᠤᠷᠠᠬᠢ ᠮᠡᠲᠦ ᠭᠡᠷᠡᠴᠢᠯᠡᠬᠦ ᠮᠠᠲ᠋ᠧᠷᠢᠶᠠᠯ ᠢ ᠢᠳᠡᠪᠬᠢᠲᠡᠶ ᠪᠠᠷ | ᠦᠨᠡᠨ ᠪᠣᠳᠠᠲᠠᠶ ᠪᠠᠷ ᠬᠠᠩᠭᠠᠬᠤ ᠬᠡᠷᠡᠭᠲᠡᠶ᠄ | 1. ᠦᠨᠳᠦᠰᠦᠨ ᠭᠡᠷᠡᠴᠢᠯᠡᠬᠦ ᠮᠠᠲ᠋ᠧᠷᠢᠶᠠᠯ᠄ ᠨᠠᠭᠠᠳᠤ ᠵᠠᠬ᠎ᠠ ᠶᠢᠨ ᠪᠠᠲᠤᠯᠠᠭ᠎ᠠ ᠶᠢ ᠭᠥᠷᠳᠡᠵᠦ ᠪᠠᠶᠢᠭ᠎ᠠ | ᠬᠥᠮᠦᠰ ᠤᠨ ᠡᠷᠦᠬᠡ ᠠᠮᠠ ᠶᠢᠨ ᠳᠡᠪᠲᠡᠷ᠂ ᠪᠡᠶ᠎ᠡ ᠶᠢᠨ ᠦᠨᠡᠮᠯᠡᠯ᠂ ᠣᠷᠤᠭ ᠤᠨ ᠦᠨᠡᠮᠯᠡᠯ ︵ᠣᠷᠤᠭ ᠰᠠᠯᠤᠭᠰᠠᠨ | ᠦᠨᠡᠮᠯᠡᠯ︶᠂ ᠵᠡᠮᠳᠡᠭ ᠤᠨ ᠦᠨᠡᠮᠯᠡᠯ ᠤᠨ ᠬᠠᠭᠤᠯᠪᠤᠷᠢ ᠵᠢᠴᠢ ᠨᠢᠭᠡ 5 ᠢᠮᠠᠬᠤ ᠶᠢᠨ ᠪᠥᠬᠦ ᠬᠡᠷ ᠤᠨ ᠬᠥᠮᠦᠰ ᠤᠨ | ᠪᠤᠳᠤᠭᠲᠤ ᠬᠡᠷᠡᠯ ᠵᠢᠷᠤᠭ ᠢ ᠭᠥᠷᠳᠡᠵᠦ ᠪᠠᠶᠢᠨ᠎ᠠ᠃ | 2. ᠪᠤᠰᠤᠳ ᠭᠡᠷᠡᠴᠢᠯᠡᠬᠦ ᠮᠠᠲ᠋ᠧᠷᠢᠶᠠᠯ᠄ ᠬᠦᠨᠳᠦ ᠡᠪᠡᠳᠴᠢᠨ᠄ ᠥᠩᠭᠡᠷᠡᠭᠰᠡᠨ ᠵᠢᠯ ᠤᠳ ᠤᠨ ᠭᠤᠷᠪᠠᠳᠤᠭᠠᠷ | ᠳᠡᠰ ᠤᠨ ᠬᠥᠬᠡ ᠳᠡᠰ ᠤᠨ ᠡᠮᠨᠡᠯᠭᠡ ᠶᠢᠨ ᠬᠤᠷᠢᠶ᠎ᠠ ᠶᠢᠨ ᠡᠮᠨᠡᠯᠭᠡ ᠳᠤ ᠰᠠᠭᠤᠭᠰᠠᠨ ᠡᠪᠡᠳᠴᠢᠨ ᠤ ᠥᠩᠭᠡᠷᠡᠯᠲᠡ᠂ | ᠣᠨᠣᠰᠢᠯᠠᠭᠰᠠᠨ ᠭᠡᠷᠡᠴᠢ ᠵᠢᠴᠢ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠤᠨ ᠭᠠᠷᠭᠠᠭᠰᠠᠨ ᠳᠠᠩᠰᠠ | ᠲᠠᠶᠢᠯᠬᠤ ᠭᠡᠷᠡᠴᠢ ᠪᠠᠷᠢᠮᠲᠠ ᠶᠢ ᠬᠠᠩᠭᠠᠨ᠎ᠠ᠃ | ᠤᠳᠠᠭᠠᠨ ᠴᠢᠨᠠᠷᠲᠠᠶ ᠡᠪᠡᠳᠴᠢᠨ᠄ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠶᠢᠨ ᠤᠳᠠᠭᠠᠨ ᠴᠢᠨᠠᠷᠲᠠᠶ | ᠡᠪᠡᠳᠴᠢᠨ ᠤ ᠡᠮ ᠬᠤᠳᠠᠯᠳᠤᠨ ᠠᠪᠤᠭᠰᠠᠨ ᠲᠠᠩᠰᠠ ᠲᠠᠶᠢᠯᠬᠤ ᠭᠡᠷᠡᠴᠢ ᠪᠠᠷᠢᠮᠲᠠ ᠶᠢ ᠬᠠᠩᠭᠠᠨ᠎ᠠ ︵ᠡᠪᠡᠳᠴᠢᠨ ᠤ | ᠲᠥᠷᠥᠯ ᠤᠨ ᠬᠡᠷᠡᠭᠴᠡᠭᠡ ᠨᠢ ︽ᠮᠠᠭᠠᠳᠯᠠᠨ ᠲᠣᠭᠲᠠᠭᠠᠬᠤ ᠨᠠᠷᠢᠨ ᠲᠦᠷᠢᠮ︾ ᠤᠨ ᠲᠣᠭᠲᠠᠭᠠᠯ ᠲᠠᠢ ᠨᠡᠶᠢᠴᠡᠬᠦ | ᠪᠥᠭᠡᠳ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠶᠢᠨ ᠤᠳᠠᠭᠠᠨ ᠴᠢᠨᠠᠷᠲᠠᠶ ᠡᠪᠡᠳᠴᠢᠨ ᠤ ᠲᠠᠩᠰᠠ ᠲᠠᠶᠢᠯᠬᠤ | ᠰᠢᠰᠲ᠋ᠧᠮ ᠠᠴᠠ ᠪᠠᠶᠢᠴᠠᠭᠠᠨ ᠯᠠᠪᠯᠠᠵᠤ ᠳᠡᠶᠢᠯᠦᠨ᠎ᠡ︶᠃ | ᠰᠤᠷᠭᠠᠭᠤᠯᠢ ᠳᠤ ᠪᠠᠶᠢᠬᠤ ᠭᠡᠷᠡᠴᠢᠯᠡᠯ᠄ ᠶᠡᠭᠡ ᠰᠤᠷᠭᠠᠭᠤᠯᠢ ᠶᠢᠨ ᠵᠢᠩᠬᠢᠨᠢ ᠠᠩᠭᠢ᠂ ᠲᠤᠰᠬᠠᠶ ᠮᠡᠷᠭᠡᠵᠢᠯ ᠤᠨ | ᠠᠩᠭᠢ ᠳᠤ ᠰᠤᠷᠤᠯᠴᠠᠵᠤ ᠪᠠᠶᠢᠭ᠎ᠠ ᠦᠷ᠎ᠡ ᠬᠡᠤᠬᠡᠳ ᠲᠠᠢ ᠬᠡᠷ ᠪᠦᠯᠢ᠂ ᠰᠤᠷᠤᠯᠭ᠎ᠠ ᠶᠢᠨ ᠢᠲᠡᠭᠡᠮᠵᠢ ᠶᠢᠨ | ᠰᠦᠯᠵᠢᠶ᠎ᠡ ᠪᠠᠷ ᠳᠠᠷᠤᠮᠠᠯᠯᠠᠭᠰᠠᠨ ᠰᠤᠷᠭᠠᠭᠤᠯᠢ ᠳᠤ ᠪᠠᠶᠢᠬᠤ ᠭᠡᠷᠡᠴᠢᠯᠡᠯ ᠢ ᠬᠠᠩᠭᠠᠬᠤ ᠬᠡᠷᠡᠭᠲᠡᠶ᠃ | ᠪᠤᠰᠤᠳ ᠭᠡᠷᠡᠴᠢ᠄ ᠠᠴᠢᠯᠠᠨ ᠲᠡᠵᠢᠭᠡᠭᠴᠢ ᠶᠢᠨ ᠪᠡᠶ᠎ᠡ ᠶᠢᠨ ᠦᠨᠡᠮᠯᠡᠯ ᠤᠨ ᠬᠠᠭᠤᠯᠪᠤᠷᠢ᠃ ︽ᠤᠯᠠᠭᠠᠨᠴᠠᠪ | ᠬᠤᠲᠠ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢ ᠬᠢᠨᠠᠨ ᠬᠠᠷᠭᠤᠭᠤᠯᠵᠤ ᠨᠤᠲᠠᠯᠠᠬᠤ ᠠᠷᠭ᠎ᠠ︾ ᠶᠢᠨ | ᠭᠤᠴᠢᠳᠤᠭᠠᠷ ᠵᠦᠶ᠋ᠯ ᠤᠨ ᠲᠣᠭᠲᠠᠭᠠᠯ ᠶᠣᠰᠣᠭᠠᠷ᠄ ︽ᠬᠡᠷᠪᠡ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠵᠦ ᠪᠠᠶᠢᠭ᠎ᠠ | ᠬᠡᠷ ᠪᠦᠯᠢ ᠭᠦᠶ᠋ᠴᠡᠳᠬᠡᠪᠡᠰᠦ ᠵᠣᠬᠢᠬᠤ ᠡᠭᠦᠷᠭᠡ ᠪᠠᠨ ᠭᠦᠶ᠋ᠴᠡᠳᠬᠡᠭᠰᠡᠨ ᠥᠬᠡᠶ᠂ ᠬᠡᠷ ᠪᠦᠯᠢ ᠶᠢᠨ ᠣᠷᠣᠯᠭ᠎ᠠ ᠪᠠ ᠡᠳ᠋ | ᠬᠥᠷᠥᠩᠭᠡ ᠪᠠᠨ ᠵᠣᠷᠢᠭᠤᠳᠠ ᠮᠡᠳᠡᠭᠦᠯᠬᠦ ᠥᠬᠡᠶ ᠪᠤᠶᠤ ᠬᠤᠳᠠᠯ ᠢᠶᠠᠷ ᠮᠡᠳᠡᠭᠦᠯᠦᠭᠰᠡᠨ ᠪᠠᠶᠢᠳᠠᠯ ᠣᠷᠣᠰᠢᠵᠤ᠂ | ᠨᠡᠶᠢᠭᠡᠮ ᠤᠨ ᠠᠪᠤᠷᠠᠨ ᠲᠤᠰᠠᠯᠠᠯᠲᠠ ᠶᠢ ᠮᠡᠬᠡᠯᠡᠨ ᠣᠯᠤᠭᠰᠠᠨ ᠪᠠᠶᠢᠪᠠᠯ᠂ ᠲᠣᠰ ᠬᠡᠷ ᠪᠦᠯᠢ ᠨᠢ ᠨᠠᠭᠠᠳᠤ ᠵᠠᠬ᠎ᠠ ᠶᠢᠨ | ᠠᠮᠢᠳᠤᠷᠠᠯ ᠤᠨ ᠪᠠᠲᠤᠯᠠᠭ᠎ᠠ ᠶᠢ ᠵᠣᠭᠰᠣᠭᠠᠭᠰᠠᠨ ᠢ ᠮᠡᠳᠡᠭᠳᠡᠬᠦ ᠪᠢᠴᠢᠭ ᠢ ᠬᠦᠷᠭᠡᠵᠦ ᠥᠭᠭᠦᠭᠰᠡᠨ ᠡᠳᠦᠷ ᠠᠴᠠ ᠡᠬᠢᠯᠡᠨ | 6 ᠰᠠᠷ᠎ᠠ ᠶᠢᠨ ᠳᠣᠲᠣᠷ᠎ᠠ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠬᠦ ᠪᠠᠷ ᠭᠤᠶᠤᠴᠢᠯᠠᠬᠤ ᠬᠢᠷᠢ ᠬᠡᠮ ᠥᠬᠡᠶ᠂ | ᠬᠤᠯᠪᠣᠭᠳᠠᠯ ᠪᠥᠬᠦᠶ ᠮᠡᠳᠡᠭᠡ ᠵᠠᠩᠭᠢ ᠶᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠪᠠᠶᠢᠭᠤᠯᠤᠭᠰᠠᠨ ᠦᠨᠡᠨᠴᠢ | ᠢᠲᠡᠭᠡᠮᠵᠢ ᠶᠢᠨ ᠰᠢᠰᠲ᠋ᠧᠮ ᠳᠤ ᠪᠤᠳᠤᠵᠤ ᠣᠷᠣᠭᠤᠯᠤᠭᠠᠳ ᠶᠠᠯ᠎ᠠ ᠪᠣᠯᠵᠣ ᠪᠦᠷᠢᠯᠳᠦᠭᠰᠡᠨ ᠪᠠᠶᠢᠪᠠᠯ᠂ ᠬᠠᠤᠯᠢ | ᠶᠣᠰᠣᠭᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠨ᠎ᠡ︾᠃ |