ᠨᠠᠢᠮᠠᠳᠤᠭᠠᠷ ᠬᠤᠭᠤᠴᠠᠭᠠᠨ ᠤ ᠪᠦᠬᠦ ᠬᠤᠳᠠ ᠶᠢᠨ ᠨᠠᠰᠤᠲᠠᠨ ᠢᠶᠠᠨ ᠠᠴᠢᠯᠠᠵᠤ ᠲᠦᠷᠦᠯ ᠰᠠᠳᠤᠨ ᠢᠶᠠᠨ ᠬᠠᠶᠢᠷᠠᠯᠠᠬᠤ ᠶᠣᠰᠣ ᠰᠤᠷᠲᠠᠬᠤᠨ ᠤ ᠵᠢᠱᠢᠶᠡᠴᠢ᠄ ︽ᠰᠠᠶᠢᠨ ᠪᠡᠷᠢ︾ ᠪᠤᠯᠬᠤ ᠳ᠋ᠦᠩ ᠼᠦᠢ ᠧ
ᠨᠡᠶᠢᠲᠡᠯᠡᠭᠰᠡᠨ ᠴᠠᠭ᠄
2023/3/30
   ᠯᠢᠶᠠᠩᠴᠧᠩ ᠰᠢᠶᠠᠨ ᠤ ᠬᠤᠩ ᠮᠤᠤ ᠪᠠᠯᠭᠠᠰᠤᠨ ᠤ ᠴᠢᠩᠶᠠᠩ ᠨᠡᠶᠢᠭᠡᠮ ᠲᠣᠭᠤᠷᠢᠭ ᠲᠤ ᠨᠢᠭᠡᠨ ᠠᠵᠢᠯᠴᠢ ᠪᠣᠷᠣᠭᠵᠢᠭᠤᠨ ᠡᠮᠡᠭᠲᠡᠶ ᠪᠠᠶᠢᠳᠠᠭ᠂ ᠲᠡᠭᠦᠨ ᠢ ᠬᠡᠯᠡᠬᠦ ᠳᠤ᠂ ᠵᠡᠷᠭᠡᠯᠡᠳᠡᠭᠡ ᠠᠶᠢᠯ ᠤᠨ ᠬᠢᠨ ᠴᠥᠮ ᠲᠡᠭᠦᠨ ᠢ ᠠᠮᠠ ᠬᠠᠮᠬᠢᠯ ᠦᠭᠡᠢ ᠮᠠᠭᠲᠠᠳᠠᠭ᠂ ᠲᠡᠷᠡ ᠲᠠᠮᠪᠠᠷᠠᠭᠰᠠᠨ ᠬᠠᠳᠠᠮ ᠡᠵᠢ ᠪᠠᠨ ᠠᠷᠪᠠᠨ ᠵᠢᠯ ᠢ ᠨᠢᠭᠡ ᠡᠳᠦᠷ ᠮᠡᠲᠦ ᠪᠠᠷ ᠬᠠᠷᠠᠭᠠᠯᠵᠠᠵᠤ᠂ ᠬᠠᠳᠠᠮ ᠡᠵᠢ ᠪᠠᠨ ᠡᠵᠢ ᠪᠠᠨ ᠪᠣᠯᠭᠠᠵᠠᠶ᠂ ᠲᠡᠭᠦᠨ ᠢ ᠳ᠋ᠦᠩ ᠼᠦᠢ ᠧ ᠭᠡᠳᠡᠭ᠂ 1965 ᠣᠨ ᠳᠤ ᠲᠦᠷᠦᠵᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠯᠢᠶᠠᠩᠴᠧᠩ ᠰᠢᠶᠠᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶᠠᠨ ᠤ ᠬᠤᠯᠪᠣᠭᠠᠲᠤ ᠬᠤᠷᠰᠢᠶᠠᠨ ᠤ ᠨᠠᠰᠤᠨ ᠤ ᠠᠮᠠᠷᠠᠯᠲᠠ ᠪᠠᠨ ᠠᠪᠤᠭᠰᠠᠨ ᠠᠵᠢᠯᠳᠠᠨ ᠠᠵᠢᠯᠴᠢᠨ᠃ ᠲᠡᠷᠡ ᠠᠰᠪᠤᠷ ᠴᠠᠭᠠᠪᠤᠷ ᠰᠡᠳᠬᠢᠯ ᠲᠠᠢ᠂ ᠨᠠᠰᠤᠲᠠᠨ ᠢᠶᠠᠨ ᠠᠴᠢᠯᠠᠵᠤ ᠲᠦᠷᠦᠯ ᠰᠠᠳᠤᠨ ᠢᠶᠠᠨ ᠬᠠᠶᠢᠷᠠᠯᠠᠳᠠᠭ᠂ ᠲᠡᠷᠡ ᠲᠩᠷᠢ ᠭᠠᠵᠠᠷ ᠢ ᠳᠣᠩᠰᠣᠯᠭᠠᠮ᠎ᠠ ᠠᠤᠭ᠎ᠠ ᠠᠵᠢᠯᠯᠠᠭ᠎ᠠ ᠬᠢᠭᠰᠡᠨ ᠦᠭᠡᠢ᠂ ᠦᠭᠡ ᠳᠠᠭᠤᠨ ᠦᠭᠡᠢ ᠪᠠᠷ ᠬᠠᠷᠠᠮ ᠦᠭᠡᠢ ᠵᠣᠷᠢᠭᠤᠯᠤᠭᠰᠠᠨ᠂ ᠭᠡᠪᠡᠴᠦ ᠲᠡᠭᠦᠨ ᠤ ᠠᠴᠢᠯᠠᠯᠲᠤ ᠰᠡᠳᠬᠢᠯ ᠨᠢ ᠳᠡᠷᠭᠡᠳᠡᠬᠢ ᠬᠥᠮᠦᠰ ᠢᠶᠠᠨ ᠳᠣᠭᠳᠣᠯᠤᠭᠤᠯᠤᠨ ᠬᠥᠮᠦᠵᠢᠭᠦᠯᠵᠦ᠂ 2022 ᠣᠨ ᠤ ᠰᠡᠭᠦᠯᠴᠢ ᠪᠠᠷ᠂ ᠨᠠᠢᠮᠠᠳᠤᠭᠠᠷ ᠬᠤᠭᠤᠴᠠᠭᠠᠨ ᠤ ᠤᠯᠠᠭᠠᠨᠴᠠᠪ ᠬᠤᠳᠠ ᠶᠢᠨ ᠶᠣᠰᠣ ᠰᠤᠷᠲᠠᠬᠤᠨ ᠤ ᠵᠢᠱᠢᠶᠡᠴᠢ ᠶᠢᠨ ᠢᠷᠠᠭᠤ ᠠᠯᠳᠠᠷ ᠤᠨ ᠴᠣᠯᠠ ᠶᠢ ᠬᠦᠷᠳᠡᠪᠡ᠃
         ᠪᠦᠷ ᠪᠡᠷᠢ ᠪᠤᠯᠬᠤ  ᠨᠢ ᠬᠦᠴᠢᠷ ᠭᠡᠵᠦ ᠬᠡᠯᠡᠳᠡᠭ᠂ ᠭᠡᠲᠡᠯ᠎ᠡ ᠲᠡᠷᠡ ᠬᠠᠷᠢᠨ ᠥᠪᠡᠷ ᠤᠨ ᠦᠢᠯᠡ ᠠᠵᠢᠯᠯᠠᠭ᠎ᠠ ᠪᠠᠷ ᠢᠶᠠᠨ ︽ᠠᠴᠢᠯᠠᠯ ᠤᠨ ᠶᠣᠰᠣ︾ ᠶᠢᠨ ᠦᠨᠡᠨ ᠤᠳᠬ᠎ᠠ ᠶᠢ ᠲᠣᠪ ᠳᠤᠭᠤᠶ ᠪᠠᠷ ᠲᠠᠶᠢᠯᠪᠤᠷᠢᠯᠠᠵᠤ ᠪᠠᠶᠢᠳᠠᠭ᠃ ᠠᠷᠪᠠᠨ ᠬᠡᠳᠦᠨ ᠵᠢᠯ ᠤᠨ ᠡᠮᠦᠨ᠎ᠡ᠂ ᠬᠠᠳᠠᠮ ᠡᠵᠢ ᠨᠢ ᠭᠡᠨᠡᠳᠲᠡ ᠪᠠᠷ ᠲᠠᠷᠢᠬᠢᠨ ᠳᠤ ᠴᠢᠰᠤ ᠭᠠᠷᠤᠭᠰᠠᠨ ᠠᠴᠠ ᠪᠣᠯᠵᠤ ᠲᠠᠮᠪᠠᠷᠠᠵᠤ᠂ ᠬᠠᠳᠠᠮ ᠡᠵᠢ ᠪᠠᠨ ᠰᠠᠶᠢᠬᠠᠨ ᠬᠠᠷᠠᠭᠠᠯᠵᠠᠬᠤ ᠶᠢᠨ ᠲᠥᠯᠥᠭᠡ᠂ ᠡᠳᠦᠷ ᠪᠦᠷᠢ ᠬᠠᠯᠠᠭᠤᠨ ᠤᠰᠤ ᠪᠠᠷ ᠬᠥᠯ ᠢ ᠨᠢ ᠤᠬᠢᠶᠠᠵᠤ᠂ ᠪᠡᠶ᠎ᠡ ᠶᠢ ᠨᠢ ᠠᠷᠴᠢᠵᠤ᠂ ᠬᠠᠳᠠᠮ ᠡᠵᠢ ᠶᠢᠨ ᠠᠷᠢᠭᠤᠨ ᠴᠡᠪᠡᠷ ᠢ ᠪᠠᠲᠤᠯᠠᠬᠤ ᠶᠢᠨ ᠲᠥᠯᠥᠭᠡ᠂ ᠡᠳᠦᠷ ᠢᠶᠠᠷ ᠴᠦ ᠲᠡᠷᠡ᠂ ᠰᠥᠨᠢ ᠪᠠᠷ ᠴᠦ ᠲᠡᠷᠡ᠂ ᠰᠣᠯᠢᠵᠤ ᠠᠪᠤᠭᠰᠠᠨ ᠣᠷᠣ ᠶᠢᠨ ᠪᠦᠲᠡᠭᠡᠯᠭᠡ᠂ ᠰᠢᠭᠡᠰᠦᠨ ᠳᠡᠪᠢᠰᠬᠡᠷ᠂ ᠪᠤᠵᠠᠷ ᠬᠤᠪᠴᠠᠰᠤ ᠶᠢ ᠨᠢ ᠴᠠᠭ ᠲᠤᠬᠠᠶ ᠳᠤᠨᠢ ᠤᠬᠢᠶᠠᠵᠤ ᠴᠡᠪᠡᠷᠯᠡᠳᠡᠭ ᠪᠠᠶᠢᠭᠰᠠᠨ ᠶᠤᠮ᠃ ᠡᠨᠡ ᠦᠶ᠎ᠡ ᠳᠤ ᠬᠠᠳᠠᠮ ᠡᠵᠢ ᠶᠢᠨ ᠢᠶᠠᠨ ᠠᠷᠢᠭᠤᠨ ᠴᠡᠪᠡᠷ ᠢ ᠪᠠᠲᠤᠯᠠᠬᠤ ᠶᠢᠨ ᠲᠥᠯᠥᠭᠡ᠂ ᠡᠳᠦᠷ ᠢᠶᠠᠷ ᠴᠦ ᠲᠡᠷᠡ᠂ ᠰᠥᠨᠢ ᠪᠠᠷ ᠴᠦ ᠲᠡᠷᠡ᠂ ᠰᠣᠯᠢᠵᠤ ᠠᠪᠤᠭᠰᠠᠨ ᠣᠷᠣ ᠶᠢᠨ ᠪᠦᠲᠡᠭᠡᠯᠭᠡ᠂ ᠰᠢᠭᠡᠰᠦᠨ ᠳᠡᠪᠢᠰᠬᠡᠷ᠂ ᠪᠤᠵᠠᠷ ᠬᠤᠪᠴᠠᠰᠤ ᠶᠢ ᠨᠢ ᠪᠦᠷ ᠴᠠᠭ ᠲᠤᠬᠠᠶ ᠳᠤᠨᠢ ᠤᠬᠢᠶᠠᠵᠤ ᠴᠡᠪᠡᠷᠯᠡᠳᠡᠭ ᠪᠠᠶᠢᠵᠠᠶ᠃ ᠲᠠᠮᠪᠠᠷᠠᠭᠰᠠᠨ ᠬᠠᠳᠠᠮ ᠡᠵᠢ ᠪᠠᠨ ᠳᠠᠷᠤᠯᠲᠠ ᠶᠠᠷ᠎ᠠ ᠭᠠᠷᠭᠠᠯᠭᠠᠬᠤ ᠦᠭᠡᠢ ᠶᠢᠨ ᠲᠥᠯᠥᠭᠡ᠂ ᠲᠡᠷᠡ ᠡᠳᠦᠷ ᠪᠦᠷᠢ ᠠᠳᠠᠭ ᠲᠠᠭᠠᠨ ᠲᠠᠪᠤ ᠵᠢᠷᠭᠤᠭ᠎ᠠ ᠤᠳᠠᠭ᠎ᠠ ᠨᠠᠰᠤᠲᠠᠨ ᠳᠤ ᠡᠷᠬᠡ ᠴᠢᠯᠥᠭᠡ ᠣᠯᠭᠤᠵᠤ ᠥᠭᠲᠡᠭ᠂ ᠡᠨᠡ ᠨᠢ ᠪᠡᠶ᠎ᠡ ᠶᠢᠨ ᠬᠦᠨᠳᠦ ᠨᠢ 90 ᠵᠢᠩ ᠴᠦ ᠬᠦᠷᠬᠦ ᠦᠭᠡᠢ ᠳ᠋ᠦᠩ ᠼᠦᠢ ᠧ ᠳᠤ ᠠᠪᠴᠤ ᠬᠡᠯᠡᠪᠡᠯ᠂ ᠬᠢᠬᠦ ᠳᠤ ᠲᠤᠩ ᠬᠦᠴᠢᠷᠲᠡᠶ᠂ ᠡᠶᠢᠮᠦ ᠪᠠᠶᠢᠭᠰᠠᠨ ᠴᠤ ᠨᠠᠰᠤᠲᠠᠨ ᠳᠤ ᠦᠷᠭᠦᠯᠵᠢ ᠡᠷᠬᠡ ᠴᠢᠯᠥᠭᠡ ᠣᠯᠭᠤᠵᠤ ᠥᠭᠲᠡᠭ᠃ ᠡᠪᠦᠭᠡᠨ ᠤ ᠬᠤᠭᠤᠯᠠ ᠪᠣᠯᠭᠠᠨ ᠢ ᠲᠡᠷᠡ ᠬᠠᠯᠪᠠᠭ᠎ᠠ ᠬᠠᠯᠪᠠᠭ᠎ᠠ ᠪᠠᠷ ᠠᠮᠠᠨ ᠳᠤᠨᠢ ᠬᠢᠵᠦ ᠤᠷᠤᠭᠤᠯᠳᠠᠭ ᠪᠠᠢᠯ᠎ᠠ᠃ ᠡᠨᠡ ᠦᠶ᠎ᠡ ᠳᠤ ᠡᠪᠦᠭᠡᠨ ᠤ ᠬᠤᠭᠤᠯᠠ ᠪᠣᠯᠭᠠᠨ ᠢ ᠲᠡᠷᠡ ᠬᠠᠯᠪᠠᠭ᠎ᠠ ᠬᠠᠯᠪᠠᠭ᠎ᠠ ᠪᠠᠷ ᠬᠠᠯᠪᠠᠭ᠎ᠠ ᠬᠠᠯᠪᠠᠭ᠎ᠠ ᠪᠠᠷ ᠢᠳᠡᠭᠦᠯᠳᠡᠭ ᠪᠠᠢᠯ᠎ᠠ᠃ ᠣᠳᠣ ᠪᠣᠯᠲᠠᠯ᠎ᠠ ᠬᠠᠳᠠᠮ ᠡᠵᠢ ᠨᠢ ᠲᠠᠮᠪᠠᠷᠠᠭᠠᠳ 13 ᠵᠢᠯ ᠪᠣᠯᠵᠤ ᠪᠠᠶᠢᠨ᠎ᠠ᠂ ᠲᠡᠷᠡ ᠥᠩᠭᠡᠷᠡᠭᠰᠡᠨ ᠲᠠᠢ ᠪᠠᠨ ᠠᠳᠠᠯᠢ ᠪᠠᠷ 13 ᠵᠢᠯ ᠬᠠᠷᠠᠭᠠᠯᠵᠠᠵᠤ᠂ ᠶᠡᠷᠦ ᠠᠴᠠ ᠭᠤᠯᠣᠳᠠᠭ ᠦᠭᠡᠶ᠂ ᠶᠡᠷᠦ ᠠᠴᠠ ᠭᠤᠮᠣᠳᠠᠳᠠᠭ ᠦᠭᠡᠶ᠃ ᠪᠤᠰᠤᠳ ᠬᠥᠮᠦᠨ ᠲᠡᠭᠦᠨ ᠤ ᠭᠡᠷ ᠤᠨ ᠬᠥᠮᠦᠰ ᠲᠠᠢ ᠪᠠᠨ ᠬᠠᠷᠢᠯᠴᠠᠭᠰᠠᠨ ᠨᠢᠭᠤᠴᠠ ᠵᠣᠷ ᠢ ᠠᠰᠠᠭᠤᠬᠤ ᠳᠤ ᠲᠡᠷᠡ᠄ ︽ᠬᠡᠨ ᠤ ᠭᠡᠷ ᠲᠤ ᠨᠠᠰᠤᠲᠠᠨ ᠪᠠᠶᠢᠬᠤ ᠦᠭᠡᠢ ᠪᠤᠢ︖ ᠬᠡᠨ ᠳᠤ ᠨᠠᠰᠤᠲᠠᠨ ᠪᠠᠶᠢᠬᠤ ᠦᠭᠡᠢ ᠪᠤᠢ︖ ᠪᠢ ᠵᠥᠪᠬᠡᠨ ᠥᠪᠡᠷ ᠤᠨ ᠡᠭᠦᠷᠭᠡ ᠪᠠᠨ ᠭᠦᠢᠴᠡᠳᠬᠡᠵᠦ᠂ ᠬᠡᠦᠬᠡᠳ ᠲᠡᠭᠡᠨ ᠦᠯᠢᠭᠡᠷ ᠳᠠᠭᠤᠷᠢᠶᠠᠯ ᠪᠤᠯᠵᠤ ᠪᠠᠶᠢᠨ᠎ᠠ︾ ᠭᠡᠵᠦ ᠢᠨᠢᠶᠡᠨ ᠬᠡᠯᠡᠳᠡᠭ᠃
             ᠲᠡᠷᠡ ᠪᠣᠯ ᠨᠢᠭᠡᠨ ᠡᠩ ᠤᠨ ᠡᠮᠡᠭᠲᠡᠶ᠂ ᠳᠡᠮᠡᠶ ᠶᠡᠭᠡ ᠰᠣᠶᠣᠯ ᠦᠭᠡᠶ ᠪᠣᠯᠪᠠᠴᠤ ᠭᠡᠷ ᠪᠦᠯᠢ ᠪᠠ ᠠᠵᠢᠯ ᠳᠠᠭᠠᠨ ᠦᠭᠡ ᠳᠠᠭᠤᠨ ᠦᠭᠡᠶ ᠪᠠᠷ ᠬᠤᠪᠢ ᠨᠡᠮᠡᠷᠢ ᠦᠵᠡᠭᠦᠯᠵᠦ᠂ ᠡᠴᠢᠭᠡ ᠡᠬᠡ ᠪᠣᠯ ᠬᠡᠦᠬᠡᠳ ᠤᠨ ᠢᠶᠠᠨ ᠠᠩᠬᠠᠨ ᠤ ᠪᠠᠭᠰᠢ ᠂ ᠦᠭᠡ ᠶᠠᠷᠢᠶ᠎ᠠ ᠦᠢᠯᠡ ᠠᠵᠢᠯᠯᠠᠭ᠎ᠠ ᠨᠢ ᠦᠷ᠎ᠡ ᠬᠡᠦᠬᠡᠳ ᠤᠨ ᠢᠶᠠᠨ ᠪᠡᠶ᠎ᠡ ᠰᠡᠳᠬᠢᠯ ᠢ ᠰᠢᠭᠤᠳ ᠨᠥᠯᠥᠭᠡᠯᠡᠵᠦ ᠪᠠᠶᠢᠳᠠᠭ ᠭᠡᠳᠡᠭ ᠢ ᠭᠦᠨ ᠣᠶᠢᠯᠠᠭᠠᠳᠠᠭ᠃ ᠲᠡᠭᠦᠨ ᠤ ᠨᠥᠯᠥᠭᠡ ᠪᠠᠷ ᠬᠡᠦᠬᠡᠳ ᠨᠢ ᠬᠠᠷᠠᠬᠠᠨ ᠪᠠᠭ᠎ᠠ ᠠᠴᠠ ᠪᠠᠨ ᠬᠠᠶᠢᠷ᠎ᠠ ᠬᠠᠯᠠᠮᠵᠢ᠂ ᠠᠴᠢᠯᠠᠯ ᠤᠨ ᠰᠡᠳᠬᠢᠯ ᠪᠠ ᠲᠠᠪᠰᠢᠯᠳᠠ ᠶᠢᠨ ᠵᠣᠷᠢᠭ ᠢᠶᠠᠷ ᠪᠢᠯᠬᠠᠮ᠎ᠠ ᠪᠠᠶᠢᠳᠠᠭ᠃ ᠲᠡᠭᠦᠨ ᠳᠤ ᠬᠡᠳᠦ᠋ᠢᠪᠡᠷ ᠰᠦᠷ ᠳᠠᠯᠠᠶᠢᠴᠠᠲᠠᠶ᠂ ᠲᠩᠷᠢ ᠭᠠᠵᠠᠷ ᠢ ᠳᠣᠩᠰᠣᠯᠭᠠᠮ᠎ᠠ ᠦᠢᠯᠡ ᠶᠠᠪᠤᠳᠠᠯ ᠪᠠᠶᠢᠬᠤ ᠦᠭᠡᠢ ᠪᠣᠯᠪᠠᠴᠤ᠂ ᠲᠡᠷᠡ ᠪᠣᠳᠠᠲᠤ ᠠᠵᠢᠯᠯᠠᠭ᠎ᠠ ᠪᠠᠷ ᠢᠶᠠᠨ ᠤᠳᠤ ᠦᠶ᠎ᠡ ᠶᠢᠨ ᠡᠪ ᠬᠠᠮᠲᠤ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠲᠠᠶᠢᠯᠪᠤᠷᠢᠯᠠᠵᠤ᠂ ᠨᠠᠰᠤᠲᠠᠨ ᠢᠶᠠᠨ ᠠᠴᠢᠯᠠᠵᠤ ᠲᠦᠷᠦᠯ ᠰᠠᠳᠤᠨ ᠢᠶᠠᠨ ᠬᠠᠶᠢᠷᠠᠯᠠᠬᠤ ᠡᠷᠬᠢᠮ ᠳᠡᠭᠡᠳᠦ ᠵᠠᠩ ᠮᠣᠷᠠᠯ ᠢ ᠢᠯᠡᠷᠡᠭᠦᠯᠦᠭᠰᠡᠨ ᠪᠠᠶᠢᠨ᠎ᠠ᠃ ᠡᠨᠡ ᠬᠦ ᠦᠢᠯᠡ ᠠᠵᠢᠯᠯᠠᠭ᠎ᠠ ᠪᠠᠷ ᠢᠶᠠᠨ ᠤᠳᠤ ᠦᠶ᠎ᠡ ᠶᠢᠨ ᠡᠪ ᠬᠠᠮᠲᠤ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠲᠠᠶᠢᠯᠪᠤᠷᠢᠯᠠᠵᠤ᠂ ᠨᠠᠰᠤᠲᠠᠨ ᠢᠶᠠᠨ ᠠᠴᠢᠯᠠᠵᠤ ᠲᠦᠷᠦᠯ ᠰᠠᠳᠤᠨ ᠢᠶᠠᠨ ᠬᠠᠶᠢᠷᠠᠯᠠᠬᠤ ᠡᠷᠬᠢᠮ ᠳᠡᠭᠡᠳᠦ ᠵᠠᠩ ᠰᠤᠷᠲᠠᠯ ᠢ ᠢᠯᠡᠷᠡᠭᠦᠯᠦᠭᠰᠡᠨ ᠪᠠᠶᠢᠨ᠎ᠠ᠃                                                ᠨᠠᠶᠢᠷᠠᠭᠤᠯᠤᠭᠴᠢ᠄   ᠶᠠᠩ  ᠿᠦᠢ ᠵᠧᠨ                                                ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2