ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 5 ᠤ ᠦᠳᠡ ᠶᠢᠨ ᠬᠤᠶᠢᠨ᠎ᠠ ᠲᠡᠭᠦᠨ ᠤ ᠪᠠᠶᠢᠭ᠎ᠠ | ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠩᠬᠠᠳᠤᠭᠠᠷ ᠬᠤᠷᠠᠯ ᠤᠨ ᠵᠢᠶᠠᠩᠰᠤ ᠶᠢᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠭᠦ ᠳᠤ | ᠣᠷᠤᠯᠴᠠᠬᠤ ᠳᠠᠭᠠᠨ᠂ ᠴᠢᠨᠠᠷ ᠰᠠᠶᠢᠲᠠᠢ ᠬᠥᠭᠵᠢᠯᠲᠡ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ | ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠲᠡᠷᠢᠭᠦᠨ ᠴᠢᠬᠤᠯᠠ ᠡᠭᠦᠷᠭᠡ ᠮᠥᠨ᠃ ᠡᠷᠬᠡᠪᠰᠢ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠢᠮᠠᠭᠲᠠ | ᠰᠢᠨ᠎ᠡ ᠶᠢ ᠡᠭᠦᠳᠭᠦ᠂ ᠵᠣᠬᠢᠴᠠᠩᠭᠤᠢ᠂ ᠪᠣᠬᠢᠷᠳᠤᠯ ᠦᠭᠡᠢ᠂ ᠨᠡᠭᠡᠭᠡᠯᠲᠡᠲᠤ᠂ ᠬᠠᠮᠲᠤ ᠪᠠᠷ ᠡᠳ᠋ᠯᠡᠭᠦ ᠳᠣᠲᠣᠭᠠᠳᠤ | ᠨᠢᠭᠡᠳᠦᠯ ᠢᠶᠠᠷ ᠬᠥᠭᠵᠢᠯᠲᠡ ᠶᠢ ᠡᠵᠡᠮᠳᠡᠵᠦ᠂ ᠬᠥᠭᠵᠢᠯᠲᠡ ᠶᠢ ᠬᠡᠮᠵᠢᠵᠦ᠂ ᠬᠥᠭᠵᠢᠯᠲᠡ ᠶᠢ ᠠᠬᠢᠭᠤᠯᠬᠤ ᠭᠡᠷᠡᠭᠲᠡᠢ︔ | ᠡᠷᠬᠡᠪᠰᠢ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠭᠦ ᠪᠠ ᠲᠤᠭ᠎ᠠ ᠬᠡᠮᠵᠢᠶ᠎ᠡ ᠶᠢ ᠵᠣᠬᠢᠰᠲᠠᠢ ᠨᠡᠮᠡᠭᠳᠡᠭᠦᠯᠬᠦ ᠶᠢ ᠨᠠᠩ | ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠶᠠᠰᠤ ᠴᠢᠨᠠᠷ ᠢ ᠲᠡᠷᠢᠭᠦᠨ ᠳᠤ ᠲᠠᠯᠪᠢᠬᠤ᠂ ᠦᠷ᠎ᠡ ᠠᠰᠢᠭ ᠢ | ᠤᠷᠢᠳ ᠢᠶᠠᠷ ᠪᠣᠳᠣᠯᠬᠢᠯᠠᠬᠤ ᠶᠢ ᠢᠮᠠᠭᠲᠠ ᠪᠠᠷᠢᠮᠲᠠᠯᠠᠵᠤ᠂ ᠶᠠᠰᠤ ᠴᠢᠨᠠᠷ ᠤᠨ ᠤᠬᠠᠮᠰᠠᠷ ᠢᠶᠠᠨ ᠶᠡᠭᠡ ᠪᠠᠷ | ᠴᠢᠩᠭᠠᠳᠬᠠᠵᠤ᠂ ᠶᠠᠰᠤ ᠴᠢᠨᠠᠷ ᠢ ᠠᠮᠢ ᠨᠠᠰᠤ ᠪᠣᠯᠭᠠᠨ ᠦᠵᠡᠵᠦ᠂ ᠴᠢᠨᠠᠷ ᠰᠠᠶᠢᠲᠠᠢ ᠪᠠᠶᠢᠬᠤ ᠪᠠᠷ ᠬᠥᠭᠡᠭᠡᠴᠡᠯᠳᠦᠯ | ᠪᠤᠯᠭᠠᠬᠤ ᠭᠡᠷᠡᠭᠲᠡᠶ︔ ᠡᠷᠬᠡᠪᠰᠢ ᠥᠭᠡᠷᠡᠴᠢᠯᠡᠯᠲᠡ ᠨᠡᠭᠡᠭᠡᠯᠲᠡ ᠶᠢ ᠡᠷᠡᠰ ᠭᠤᠶᠢᠪᠢᠰᠢ ᠦᠭᠡᠢ ᠭᠦᠨᠵᠡᠭᠡᠶᠢᠷᠡᠭᠦᠯᠵᠦ᠂ | ᠬᠥᠭᠵᠢᠯᠲᠡ ᠶᠢᠨ ᠠᠷᠭ᠎ᠠ ᠭᠡᠯᠪᠡᠷᠢ ᠶᠢ ᠭᠦᠨᠵᠡᠭᠡᠢ ᠬᠤᠪᠢᠷᠠᠭᠤᠯᠵᠤ᠂ ᠦᠷ᠎ᠡ ᠠᠰᠢᠭ ᠤᠨ ᠬᠤᠪᠢᠰᠤᠯᠲᠠ᠂ | ᠬᠥᠳᠡᠯᠭᠡᠭᠦ ᠬᠦᠴᠦᠨ ᠤ ᠬᠤᠪᠢᠰᠤᠯᠲᠠ ᠪᠠᠷ ᠶᠠᠰᠤ ᠴᠢᠨᠠᠷ ᠤᠨ ᠬᠤᠪᠢᠰᠤᠯᠲᠠ ᠶᠢ ᠠᠬᠢᠭᠤᠯᠵᠤ᠂ ᠦᠷᠭᠦᠯᠵᠢᠯᠡᠬᠦ | ᠴᠢᠨᠠᠷ ᠰᠠᠶᠢᠲᠠᠢ ᠬᠥᠭᠵᠢᠯᠲᠡ ᠶᠢᠨ ᠪᠠᠶᠢᠭᠤᠯᠤᠮᠵᠢ ᠲᠣᠭᠲᠠᠴᠠ ᠶᠢ ᠲᠦᠷᠭᠡᠳᠬᠡᠨ ᠪᠦᠷᠢᠯᠳᠦᠭᠦᠯᠬᠦ ᠭᠡᠷᠡᠭᠲᠡᠶ︔ | ᠡᠷᠬᠡᠪᠰᠢ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ | ᠬᠠᠩᠭᠠᠬᠤ ᠪᠠᠷ ᠵᠣᠷᠢᠯᠲᠠ ᠪᠠ ᠲᠤᠰᠤᠯᠲᠠ ᠪᠤᠯᠭᠠᠵᠤ᠂ ᠬᠥᠭᠵᠢᠯᠲᠡ ᠶᠢᠨ ᠦᠷ᠎ᠡ ᠪᠦᠲᠦᠭᠡᠯ ᠢ ᠲᠠᠰᠤᠷᠠᠯᠳᠠ ᠦᠭᠡᠢ | ᠠᠮᠢᠳᠤᠷᠠᠯ ᠤᠨ ᠴᠢᠨᠠᠷ ᠴᠢᠨᠰᠠᠭ᠎ᠠ ᠪᠣᠯᠭᠠᠨ ᠬᠤᠪᠢᠷᠠᠭᠤᠯᠵᠤ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ᠂ | ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ ᠭᠡᠵᠦ | ᠴᠢᠬᠤᠯᠠᠴᠢᠯᠠᠪᠠ᠃ | | | | | ᠰᠢ ᠶᠢᠨ ᠫᠢᠩ ᠵᠢᠶᠠᠩᠰᠤ ᠶᠢᠨ ᠲᠥᠯᠥᠭᠡᠯᠡᠭᠴᠢᠳ ᠤᠨ ᠪᠦᠯᠭᠦᠮ ᠳᠤ ᠬᠦᠷᠴᠦ ᠢᠷᠡᠬᠦ ᠳᠤ ᠲᠤᠬᠠᠢ ᠶᠢᠨ | ᠲᠠᠯᠠᠪᠠᠢ ᠳᠤ ᠨᠢᠵᠢᠭᠢᠨᠡᠲᠡᠯ᠎ᠡ ᠠᠯᠠᠭ᠎ᠠ ᠲᠠᠰᠢᠵᠠᠭᠠᠪᠠ᠃ | ᠵᠢᠶᠠᠩᠰᠤ ᠶᠢᠨ ᠲᠥᠯᠥᠭᠡᠯᠡᠭᠴᠢᠳ ᠤᠨ ᠪᠦᠯᠭᠦᠮ ᠨᠠᠷᠢᠨ ᠬᠢᠨᠠᠮᠠᠭᠠᠢ ᠬᠢᠨᠠᠨ ᠵᠥᠪᠯᠡᠵᠦ᠂ ᠭᠦᠷ | ᠬᠥᠭᠵᠢᠶᠡᠨ ᠢᠶᠠᠷ ᠪᠢᠯᠬᠠᠵᠤ ᠪᠠᠶᠢᠯ᠎ᠠ᠃ ᠰᠢᠦᠢ ᠺᠦᠨ ᠯᠢᠨ᠂ ᠯᠢᠦ ᠴᠢᠩ᠂ ᠱᠠᠨ ᠽᠧᠩ ᠬᠠᠢ᠂ ᠸᠧᠢ ᠴᠢᠶᠣᠤ᠂ ᠵᠠᠩ | ᠳ᠋ᠠ ᠳ᠋ᠦᠩ᠂ ᠦ᠋ ᠴᠢᠩ ᠸᠧᠨ ᠵᠡᠷᠭᠡ 6 ᠲᠥᠯᠥᠭᠡᠯᠡᠭᠴᠢ ᠲᠤᠰ ᠲᠤᠰ ᠪᠦᠭᠦ ᠤᠯᠤᠰ ᠤᠨ ᠰᠢᠨ᠎ᠡ ᠬᠥᠭᠵᠢᠯᠲᠡ ᠶᠢᠨ | ᠪᠠᠶᠢᠷᠢᠰᠢᠯ ᠢ ᠪᠠᠶᠢᠭᠤᠯᠬᠤ ᠳᠤ ᠦᠢᠯᠡᠴᠢᠯᠡᠬᠦ᠂ ᠣᠷᠣᠨ ᠪᠦᠰᠡ ᠶᠢᠨ ᠬᠠᠮᠵᠢᠯᠴᠠᠨ ᠰᠢᠨ᠎ᠡ ᠶᠢ ᠡᠭᠦᠳᠭᠦ ᠶᠢ ᠶᠡᠭᠡ ᠪᠠᠷ | ᠠᠬᠢᠭᠤᠯᠬᠤ᠂ ᠡᠷᠡᠰ ᠭᠤᠶᠢᠪᠢᠰᠢ ᠦᠭᠡᠢ ᠪᠠᠷ ᠦᠢᠯᠡᠳᠭᠦ ᠦᠢᠯᠡᠰ ᠤᠨ ᠨᠣᠶᠠᠨ ᠤᠷᠭᠢᠯ ᠳᠤ ᠠᠪᠠᠷᠢᠬᠤ᠂ ᠰᠢᠨ᠎ᠡ | ᠴᠠᠭ ᠦᠶ᠎ᠡ ᠶᠢᠨ ︽ᠰᠢᠨ᠎ᠡ ᠲᠠᠷᠢᠶᠠᠴᠢᠨ︾ ᠪᠤᠯᠬᠤ᠂ ᠨᠠᠮ ᠤᠨ ᠲᠥᠯᠥᠭᠡ ᠴᠢᠳᠠᠪᠤᠷᠢᠲᠠᠨ ᠬᠥᠮᠥᠵᠢᠭᠦᠯᠬᠦ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠳᠠᠭᠠᠭᠤᠯᠤᠭᠴᠢ ᠪᠤᠯᠬᠤ | ᠵᠡᠷᠭᠡ ᠠᠰᠠᠭᠤᠳᠠᠯ ᠤᠨ ᠲᠣᠭᠤᠷᠢᠨ ᠳᠤ ᠦᠭᠡ ᠬᠡᠯᠡᠪᠡ᠃ ᠰᠢ ᠶᠢᠨ ᠫᠢᠩ ᠪᠠᠶᠢᠨ ᠲᠠᠭᠢᠨ ᠳᠤᠮᠳᠠ ᠨᠢ ᠦᠭᠡ | ᠬᠡᠯᠡᠵᠦ᠂ ᠤᠯᠠᠨ ᠲᠠᠢ ᠪᠤᠳᠤᠯ ᠰᠠᠨᠠᠯ ᠢᠶᠠᠨ ᠰᠣᠯᠢᠯᠴᠠᠪᠠ᠃ | ᠣᠯᠠᠨ ᠤ ᠭᠡᠯᠡᠭᠦ ᠶᠢ ᠨᠠᠷᠢᠨ ᠬᠢᠨᠠᠮᠠᠭᠠᠢ ᠰᠣᠨᠣᠰᠤᠭᠰᠠᠨ ᠤ ᠳᠠᠷᠠᠭ᠎ᠠ ᠰᠢ ᠶᠢᠨ ᠫᠢᠩ ᠦᠭᠡ ᠬᠡᠯᠡᠪᠡ᠃ ᠲᠡᠷᠡ | ᠡᠩ ᠲᠡᠷᠢᠭᠦᠨ ᠳᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠵᠥᠪᠰᠢᠶᠡᠷᠡᠵᠦ ᠪᠠᠶᠢᠬᠤ ᠪᠠᠨ ᠢᠯᠡᠳᠬᠡᠵᠦ᠂ | ᠵᠢᠶᠠᠩᠰᠤ ᠶᠢᠨ ᠲᠠᠪᠤᠨ ᠵᠢᠯ ᠤᠨ ᠲᠤᠷᠰᠢᠬᠢ ᠠᠵᠤ ᠠᠬᠤᠢ ᠨᠡᠶᠢᠭᠡᠮ ᠤᠨ ᠬᠥᠭᠵᠢᠯᠲᠡ ᠪᠣᠯᠣᠨ ᠨᠠᠮ ᠤᠨ | ᠪᠠᠶᠢᠭᠤᠯᠤᠯᠲᠠ ᠵᠡᠷᠭᠡ ᠡᠯ᠎ᠡ ᠲᠠᠯ᠎ᠠ ᠶᠢᠨ ᠣᠯᠣᠭᠰᠠᠨ ᠠᠮᠵᠢᠯᠲᠠ ᠪᠦᠲᠦᠮᠵᠢ ᠶᠢ ᠭᠦᠢᠴᠡᠳ ᠨᠤᠲᠠᠯᠠᠵᠤ᠂ | ᠵᠢᠶᠠᠩᠰᠤ ᠶᠢᠨ ᠬᠢᠨ ᠦᠷᠭᠦᠯᠵᠢᠯᠡᠨ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠡᠷᠡᠮᠡᠬᠡᠶᠢᠯᠡᠨ ᠤᠷᠤᠭᠰᠢᠯᠠᠵᠤ᠂ | ᠴᠢᠨᠠᠷ ᠰᠠᠶᠢᠲᠠᠢ ᠬᠥᠭᠵᠢᠯᠲᠡ ᠶᠢᠨ ᠲᠠᠯ᠎ᠠ ᠪᠠᠷ ᠦᠷᠭᠦᠯᠵᠢᠯᠡᠨ ᠡᠮᠦᠨ᠎ᠡ ᠡᠩᠨᠡᠭᠡᠨ ᠳᠤ ᠬᠤᠰᠢᠭᠤᠷᠠᠵᠤ᠂ ︽ᠠᠵᠤ | ᠠᠬᠤᠢ ᠬᠦᠴᠦᠷᠬᠡᠭ ᠠᠷᠠᠳ ᠲᠦᠮᠡᠨ ᠪᠠᠶᠠᠨ ᠴᠢᠨᠡᠭᠡᠯᠢᠭ ᠣᠷᠴᠢᠨ ᠲᠣᠭᠤᠷᠢᠨ ᠦᠵᠡᠰᠬᠦᠯᠡᠩᠲᠦ ᠰᠠᠶᠢᠬᠠᠨ ᠨᠡᠶᠢᠭᠡᠮ | ᠤᠨ ᠪᠣᠯᠪᠠᠰᠤᠨ ᠤ ᠬᠡᠮᠵᠢᠶ᠎ᠡ ᠥᠨᠳᠥᠷ︾ ᠰᠢᠨ᠎ᠡ ᠵᠢᠶᠠᠩᠰᠤ ᠶᠢᠨ ᠣᠳᠣᠬᠢᠴᠢᠯᠠᠯᠲᠠ ᠶᠢᠨ ᠪᠦᠲᠦᠭᠡᠨ | ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠰᠠᠶᠢᠨ ᠰᠠᠶᠢᠬᠠᠨ ᠡᠭᠢᠯᠡᠯᠲᠡ ᠶᠢ ᠪᠡᠶᠡᠯᠡᠭᠦᠯᠵᠦ᠂ ᠪᠦᠭᠦ | ᠤᠯᠤᠰ ᠤᠨ ᠶᠡᠭᠡ ᠲᠠᠯ᠎ᠠ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠭᠦ ᠶᠢ ᠬᠦᠰᠡᠪᠡ᠃ | | | | | ᠰᠢ ᠶᠢᠨ ᠫᠢᠩ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ | ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠲᠦᠷᠭᠡᠳᠬᠡᠨ ᠪᠡᠶᠡᠯᠡᠭᠦᠯᠬᠦ ᠪᠣᠯ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠶᠢᠨ ᠵᠠᠶᠢᠯᠠᠰᠢ ᠦᠭᠡᠢ ᠵᠠᠮ ᠮᠥᠨ᠃ ᠤᠯᠠᠨ ᠤᠯᠤᠰ ᠤᠨ ᠬᠤᠷᠴᠠ ᠰᠢᠷᠦᠭᠦᠨ ᠥᠷᠢᠰᠦᠯᠳᠦᠭᠡᠨ ᠤ | ᠳᠤᠮᠳᠠ᠂ ᠪᠢᠳᠡ ᠬᠥᠭᠵᠢᠯᠲᠡ ᠶᠢᠨ ᠰᠢᠨ᠎ᠡ ᠬᠦᠷᠢᠶ᠎ᠡ ᠴᠠᠷᠠᠭ᠎ᠠ ᠰᠢᠨ᠎ᠡ ᠤᠷᠤᠯᠳᠤᠭᠠᠨ ᠤ ᠵᠠᠮ ᠢ ᠨᠡᠭᠡᠭᠡᠵᠦ᠂ | ᠬᠥᠭᠵᠢᠯᠲᠡ ᠶᠢᠨ ᠰᠢᠨ᠎ᠡ ᠬᠥᠳᠡᠯᠭᠡᠭᠦ ᠡᠨᠧᠷᠭᠢ ᠰᠢᠨ᠎ᠡ ᠳᠠᠪᠠᠭᠤᠯᠢᠭ ᠢ ᠪᠤᠢ ᠪᠤᠯᠭᠠᠬᠤ ᠳᠤ ᠦᠨᠳᠦᠰᠦᠨ ᠠᠴᠠ ᠨᠢ | ᠠᠪᠴᠤ ᠬᠡᠯᠡᠪᠡᠯ ᠮᠥᠨ ᠯᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠭᠦ ᠳᠤ ᠲᠦᠰᠢᠭᠯᠡᠬᠦ | ᠬᠡᠷᠡᠭᠲᠡᠢ᠃ ᠪᠢᠳᠡ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠬᠤᠭᠤᠴᠠᠭ᠎ᠠ ᠶᠣᠰᠣᠭᠠᠷ ᠪᠦᠭᠦ | ᠲᠠᠯ᠎ᠠ ᠪᠠᠷ ᠪᠦᠲᠦᠭᠡᠨ ᠪᠠᠶᠢᠭᠤᠯᠵᠤ ᠴᠢᠳᠠᠬᠤ ᠡᠰᠡᠬᠦ ᠶᠢᠨ ᠵᠠᠩᠭᠢᠯᠠᠭ᠎ᠠ ᠨᠢ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠳᠤ ᠪᠠᠶᠢᠨ᠎ᠠ᠃ ︽ᠳᠥᠷᠪᠡ ᠳᠤ ᠬᠠᠨᠳᠤᠭᠤᠯᠬᠤ︾ | ᠶᠢ ᠪᠠᠷᠢᠮᠲᠠᠯᠠᠵᠤ᠂ ᠰᠢᠨ᠎ᠡ ᠶᠢ ᠡᠭᠦᠳᠭᠦ ᠪᠠᠷ ᠬᠥᠳᠡᠯᠭᠡᠭᠦᠷ ᠪᠤᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ | ᠲᠦᠷᠭᠡᠳᠬᠡᠨ ᠬᠡᠷᠡᠭᠵᠢᠭᠦᠯᠵᠦ᠂ ᠦᠢᠯᠡᠳᠪᠦᠷᠢᠯᠡᠯ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠤ ᠰᠤᠳᠤᠯᠭᠠᠨ ᠤ | ᠭᠦᠨᠵᠡᠭᠡᠢ ᠬᠠᠮᠲᠤᠷᠠᠯᠴᠠᠭ᠎ᠠ ᠶᠢ ᠠᠬᠢᠭᠤᠯᠵᠤ᠂ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠭᠦ ᠲᠠᠪᠴᠠᠩ ᠤᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠣᠷᠣᠶᠢᠯᠠᠭᠰᠠᠨ ᠰᠢᠨᠵᠢᠯᠡᠬᠦ | ᠤᠬᠠᠭᠠᠨᠲᠠᠨ ᠲᠦᠷᠦᠭᠦᠯᠡᠨ ᠠᠩᠬᠠᠨ ᠤ ᠡᠭᠦᠳᠦᠯᠲᠡ ᠶᠢᠨ ᠴᠢᠨᠠᠷᠲᠠᠢ᠂ ᠬᠥᠲᠥᠯᠥᠨ ᠳᠠᠭᠠᠭᠤᠯᠬᠤ ᠴᠢᠨᠠᠷᠲᠠᠢ | ᠰᠢᠨᠵᠢᠯᠡᠬᠦ ᠤᠬᠠᠭᠠᠨ ᠮᠡᠷᠭᠡᠵᠢᠯ ᠤᠨ ᠪᠣᠭᠤᠮᠲᠠ ᠰᠢᠪᠲᠤᠯᠬᠤ ᠶᠢ ᠳᠡᠮᠵᠢᠵᠦ᠂ ᠵᠠᠩᠭᠢᠯᠠᠭ᠎ᠠ ᠶᠢᠨ ᠭᠤᠣᠯᠯᠠᠬᠤ | ᠮᠡᠷᠭᠡᠵᠢᠯ ᠤᠨ ᠪᠡᠷᠬᠡ ᠰᠡᠳᠦᠪ ᠢ ᠴᠢᠷᠮᠠᠶᠢᠨ ᠰᠢᠢᠳᠪᠦᠷᠢᠯᠡᠵᠦ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ | ᠵᠠᠩᠭᠢᠯᠠᠭ᠎ᠠ ᠶᠢᠨ ᠭᠤᠭᠴᠤᠭ᠎ᠠ ᠳᠤ ᠪᠡᠶ᠎ᠡ ᠪᠠᠨ ᠳᠠᠭᠠᠭᠠᠵᠤ ᠡᠵᠡᠮᠳᠡᠵᠦ ᠲᠡᠶᠢᠯᠭᠦ ᠶᠢ ᠪᠡᠶᠡᠯᠡᠭᠦᠯᠬᠦ ᠬᠡᠷᠡᠭᠲᠡᠢ᠃ ᠠᠵᠤ | ᠠᠬᠤᠶᠢᠯᠠᠯ ᠤᠨ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ᠂ ᠰᠢᠨ᠎ᠡ ᠶᠢ ᠡᠭᠦᠳᠭᠦ ᠬᠡᠯᠬᠢᠶ᠎ᠡ ᠠᠵᠤ | ᠦᠢᠯᠡᠰ ᠤᠨ ᠬᠡᠯᠬᠢᠶ᠎ᠡ ᠪᠡᠯᠡ ᠮᠥᠩᠭᠦᠨ ᠤ ᠬᠡᠯᠬᠢᠶ᠎ᠡ ᠴᠢᠳᠠᠪᠤᠷᠢᠲᠠᠨ ᠤ ᠬᠡᠯᠬᠢᠶ᠎ᠡ ᠶᠢᠨ ᠭᠦᠨᠵᠡᠭᠡᠢ ᠠᠭᠤᠰᠤᠯᠴᠠᠯ ᠢ | ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠭᠡᠯᠪᠡᠷᠢ ᠶᠢᠨ ᠭᠤᠣᠯᠯᠠᠭᠴᠢ ᠠᠵᠤ ᠠᠬᠤᠶᠢᠯᠠᠯ ᠤᠨ | ᠬᠥᠲᠥᠯᠥᠨ ᠳᠠᠭᠠᠭᠤᠯᠵᠤ ᠲᠤᠯᠭᠠᠭᠤᠷᠢᠯᠠᠬᠤ ᠦᠢᠯᠡᠳᠦᠯ ᠢ ᠪᠠᠳᠠᠷᠠᠭᠤᠯᠵᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠭᠡᠯᠪᠡᠷᠢ ᠶᠢᠨ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠡᠷᠡᠭᠦᠯ ᠢᠶᠠᠷ ᠪᠣᠶᠢᠵᠢᠬᠤ ᠶᠢ | ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ ᠪᠠ ᠠᠵᠤ | ᠦᠢᠯᠡᠰᠵᠢᠭᠦᠯᠬᠦ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠦᠭᠦ ᠪᠥᠮᠪᠥᠷᠴᠡᠭ ᠲᠤ ᠨᠥᠯᠥᠭᠡᠯᠡᠬᠦ | ᠬᠦᠴᠦᠨ ᠲᠠᠢ ᠠᠵᠤ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠭᠦ ᠲᠥᠪ ᠢ | ᠬᠦᠴᠦᠯᠡᠨ ᠪᠠᠶᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨ᠎ᠡ ᠶᠢ ᠡᠭᠦᠳᠭᠦ ᠰᠣᠶᠣᠯ ᠢ ᠶᠡᠭᠡ ᠪᠠᠷ ᠪᠣᠶᠢᠵᠢᠭᠤᠯᠤᠨ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠦᠨᠡᠯᠡᠯᠲᠡ ᠶᠢᠨ ᠰᠢᠰᠲ᠋ᠧᠮ ᠪᠠ ᠤᠷᠮᠠᠰᠢᠭᠤᠯᠬᠤ ᠲᠣᠭᠲᠠᠴᠠ ᠶᠢ ᠪᠦᠷᠢᠨᠰᠢᠭᠦᠯᠵᠦ᠂ | ᠰᠢᠨ᠎ᠡ ᠶᠢ ᠡᠭᠦᠳᠭᠦ ᠴᠢᠳᠠᠪᠤᠷᠢᠲᠠᠨ ᠤ ᠴᠣᠯᠭᠤᠷᠠᠨ ᠭᠠᠷᠬᠤ᠂ ᠠᠪᠢᠶᠠᠰ ᠴᠢᠳᠠᠪᠤᠷᠢ ᠪᠠᠨ ᠭᠦᠢᠴᠡᠳ | ᠪᠠᠳᠠᠷᠠᠭᠤᠯᠬᠤ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠡᠭᠦᠳᠴᠦ ᠥᠭᠬᠦ ᠬᠡᠷᠡᠭᠲᠡᠢ ᠭᠡᠵᠦ ᠵᠢᠭᠠᠵᠤ ᠭᠠᠷᠭᠠᠵᠠᠢ᠃ | | ᠰᠢ ᠶᠢᠨ ᠫᠢᠩ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠬᠤ ᠪᠣᠯ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠪᠠᠶᠢᠯᠳᠤᠬᠤ ᠪᠣᠳᠣᠯᠭ᠎ᠠ ᠶᠢᠨ ᠦᠨᠳᠦᠰᠦᠨ ᠴᠡᠭ ᠮᠥᠨ᠃ ᠳᠣᠲᠣᠭᠠᠳᠤ ᠬᠡᠷᠡᠭᠴᠡᠭᠡ ᠶᠢ | ᠥᠷᠭᠡᠳᠬᠡᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠠᠢ ᠣᠷᠭᠠᠨᠢᠭ ᠢᠶᠠᠷ ᠤᠶᠠᠯᠳᠤᠭᠤᠯᠵᠤ᠂ ᠣᠳᠣᠬᠢᠴᠢᠯᠠᠭᠰᠠᠨ ᠠᠵᠤ | ᠦᠢᠯᠡᠰ ᠤᠨ ᠰᠢᠰᠲ᠋ᠧᠮ ᠢ ᠲᠦᠷᠭᠡᠪᠴᠢᠯᠡᠨ ᠪᠠᠶᠢᠭᠤᠯᠬᠤ ᠬᠡᠷᠡᠭᠲᠡᠢ᠃ ᠠᠵᠤ ᠠᠬᠤᠢ ᠶᠢ ᠬᠥᠭᠵᠢᠭᠦᠯᠬᠦ ᠬᠦᠴᠦᠯᠡᠬᠦ | ᠴᠡᠭ ᠢ ᠪᠣᠳᠠᠲᠤ ᠴᠣᠭᠴᠠ ᠶᠢᠨ ᠠᠵᠤ ᠠᠬᠤᠢ ᠳᠡᠭᠡᠷ᠎ᠡ ᠲᠠᠯᠪᠢᠬᠤ ᠶᠢ ᠪᠠᠷᠢᠮᠲᠠᠯᠠᠵᠤ᠂ ᠰᠢᠨ᠎ᠡ ᠭᠡᠯᠪᠡᠷᠢ ᠶᠢᠨ ᠠᠵᠤ | ᠦᠢᠯᠡᠳᠪᠦᠷᠢᠵᠢᠯᠲᠡ ᠶᠢ ᠭᠦᠨᠵᠡᠭᠡᠢ ᠠᠬᠢᠭᠤᠯᠵᠤ᠂ ᠠᠵᠤ ᠦᠢᠯᠡᠰ ᠤᠨ ᠰᠠᠭᠤᠷᠢ ᠶᠢ ᠲᠠᠭᠢᠨ ᠴᠣᠭᠴᠠᠯᠠᠬᠤ ᠪᠠ | ᠴᠢᠬᠤᠯᠠ ᠶᠡᠭᠡ ᠮᠡᠷᠭᠡᠵᠢᠯ ᠲᠣᠨᠣᠭᠯᠠᠯ ᠤᠨ ᠪᠣᠭᠤᠮᠲᠠ ᠰᠢᠪᠲᠤᠯᠬᠤ ᠶᠢ ᠴᠢᠩᠭᠠᠳᠬᠠᠵᠤ᠂ ᠦᠢᠯᠡᠳᠭᠦ ᠦᠢᠯᠡᠰ ᠤᠨ | ᠳᠡᠭᠡᠳᠦ ᠲᠡᠰᠵᠢᠯᠳᠡ᠂ ᠣᠶᠤᠨᠴᠢᠯᠠᠯᠲᠠ᠂ ᠪᠣᠬᠢᠷᠳᠤᠯ ᠦᠭᠡᠢ ᠬᠥᠭᠵᠢᠯᠲᠡ ᠶᠢ ᠠᠬᠢᠭᠤᠯᠵᠤ᠂ ᠦᠢᠯᠡᠳᠭᠦ | ᠦᠢᠯᠡᠰ ᠤᠨ ᠬᠦᠴᠦᠷᠬᠡᠭ ᠮᠤᠵᠢ ᠶᠢ ᠲᠦᠷᠭᠡᠳᠬᠡᠨ ᠪᠠᠶᠢᠭᠤᠯᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ | ᠰᠢᠨ᠎ᠡ ᠪᠠᠷ ᠮᠠᠨᠳᠤᠭᠰᠠᠨ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ᠲᠣᠭᠠᠴᠢᠯᠠᠭᠰᠠᠨ ᠠᠵᠤ ᠠᠬᠤᠢ ᠶᠢ | ᠲᠦᠷᠭᠡᠳᠬᠡᠨ ᠬᠥᠭᠵᠢᠭᠦᠯᠬᠦ ᠬᠡᠷᠡᠭᠲᠡᠢ᠃ ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ | ᠠᠵᠤ ᠠᠬᠤᠢ ᠶᠢᠨ ᠪᠠᠶᠢᠭᠤᠯᠤᠮᠵᠢ ᠶᠢ ᠪᠠᠶᠢᠭᠤᠯᠬᠤ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ | ᠠᠬᠢᠭᠤᠯᠬᠤ ᠱᠠᠭᠠᠷᠳᠠᠯᠭ᠎ᠠ ᠶᠣᠰᠣᠭᠠᠷ᠂ ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠢ | ᠠᠬᠢᠭᠤᠯᠵᠤ᠂ ᠣᠳᠣᠬᠢᠴᠢᠯᠠᠭᠰᠠᠨ ᠰᠠᠭᠤᠷᠢ ᠲᠥᠬᠦᠭᠡᠷᠦᠮᠵᠢ ᠶᠢᠨ ᠰᠢᠰᠲ᠋ᠧᠮ ᠪᠣᠯᠣᠨ ᠥᠨᠳᠥᠷ ᠪᠠᠷᠢᠮᠵᠢᠶᠠᠲᠤ ᠵᠠᠬ᠎ᠠ | ᠳᠡᠯᠭᠡᠭᠦᠷ ᠤᠨ ᠰᠢᠰᠲ᠋ᠧᠮ ᠤᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠳᠦᠷᠢᠮ ᠤᠨ | ᠮᠠᠶ᠋ᠢᠭ ᠤᠨ ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | | | | | | | ᠰᠢ ᠶᠢᠨ ᠫᠢᠩ᠂ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠪᠣᠯ ᠨᠡᠶᠢᠭᠡᠮ ᠵᠢᠷᠤᠮᠲᠤ | ᠣᠳᠣᠬᠢᠴᠢᠯᠠᠭᠰᠠᠨ ᠬᠦᠴᠦᠷᠬᠡᠭ ᠤᠯᠤᠰ ᠤᠨ ᠦᠨᠳᠦᠰᠦ ᠰᠠᠭᠤᠷᠢ ᠮᠥᠨ᠂ ᠬᠥᠳᠡᠭᠡ ᠠᠵᠤ ᠠᠬᠤᠢ ᠶᠢᠨ | ᠣᠳᠣᠬᠢᠴᠢᠯᠠᠯᠲᠠ ᠶᠢ ᠠᠬᠢᠭᠤᠯᠬᠤ ᠪᠣᠯ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢᠨ ᠵᠠᠶᠢᠯᠠᠰᠢ ᠦᠭᠡᠢ | ᠱᠠᠭᠠᠷᠳᠠᠯᠭ᠎ᠠ ᠮᠥᠨ᠃ ᠲᠠᠷᠢᠶᠠᠨ ᠭᠠᠵᠠᠷ ᠤᠨ ᠤᠯᠠᠭᠠᠨ ᠱᠤᠭᠤᠮ ᠢ ᠴᠢᠩᠭ᠎ᠠ ᠰᠠᠬᠢᠵᠤ᠂ ᠠᠮᠤ ᠪᠤᠳᠠᠭ᠎ᠠ ᠲᠠᠷᠢᠬᠤ | ᠲᠠᠯᠠᠪᠠᠢ ᠶᠢ ᠲᠣᠭᠲᠠᠪᠤᠷᠢᠵᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠵᠤ᠂ ᠠᠮᠤ ᠪᠤᠳᠠᠭ᠎ᠠ ᠪᠣᠯᠣᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠲᠣᠭᠲᠠᠭᠤᠨ ᠠᠮᠤᠷ | ᠲᠦᠪᠰᠢᠨ ᠬᠠᠩᠭᠠᠯᠭ᠎ᠠ ᠶᠢ ᠦᠨᠡᠨ ᠬᠦ ᠪᠠᠲᠤᠯᠠᠬᠤ ᠬᠡᠷᠡᠭᠲᠡᠢ᠃ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠤᠯᠭᠠᠵᠤ᠂ | ᠬᠥᠳᠡᠭᠡ ᠠᠵᠤ ᠠᠬᠤᠢ ᠶᠢᠨ ᠠᠵᠤ ᠦᠢᠯᠡᠰ ᠤᠨ ᠬᠡᠯᠬᠢᠶ᠎ᠡ ᠶᠢ ᠢᠳᠡᠪᠬᠢᠲᠡᠢ ᠪᠠᠷ ᠤᠷᠲᠤᠳᠬᠠᠨ ᠥᠷᠭᠡᠳᠬᠡᠵᠦ᠂ | ᠬᠥᠳᠡᠭᠡ ᠲᠣᠰᠬᠤᠨ ᠤ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠭᠡᠯᠪᠡᠷᠢ ᠶᠢ ᠪᠣᠶᠢᠵᠢᠭᠤᠯᠤᠨ ᠬᠥᠭᠵᠢᠭᠦᠯᠵᠦ᠂ | ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠠᠷᠭ᠎ᠠ ᠵᠠᠮ ᠢ ᠲᠠᠰᠤᠷᠠᠯᠳᠠ ᠦᠭᠡᠢ ᠥᠷᠭᠡᠳᠬᠡᠬᠦ | ᠬᠡᠷᠡᠭᠲᠡᠢ᠃ ᠪᠠᠯᠭᠠᠰᠤ ᠲᠣᠰᠬᠤᠨ ᠤ ᠪᠠᠶᠢᠷᠢᠰᠢᠭᠤᠯᠤᠯᠲᠠ ᠶᠢᠨ ᠲᠥᠯᠦᠪᠵᠢᠭᠦᠯᠭᠡ ᠶᠢ ᠰᠢᠯᠢᠳᠡᠭᠵᠢᠭᠦᠯᠵᠦ᠂ ᠬᠥᠳᠡᠭᠡ | ᠲᠣᠰᠬᠤᠨ ᠤ ᠰᠠᠭᠤᠷᠢ ᠲᠥᠬᠦᠭᠡᠷᠦᠮᠵᠢ ᠪᠣᠯᠣᠨ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠤᠨ | ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ | ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠭᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ | ᠣᠷᠣᠰᠢᠨ ᠰᠠᠭᠤᠬᠤ ᠳᠤ ᠲᠣᠬᠢᠷᠠᠮᠵᠢᠲᠠᠢ ᠦᠢᠯᠡᠰ ᠪᠣᠰᠬᠠᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠡᠶ᠎ᠡ | ᠵᠣᠬᠢᠴᠠᠩᠭᠤᠢ ᠬᠥᠳᠡᠭᠡ ᠲᠣᠰᠬᠤᠨ ᠢ ᠲᠦᠷᠭᠡᠳᠬᠡᠨ ᠪᠠᠶᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠪᠠ ᠥᠭᠡᠷᠡᠴᠢᠯᠡᠯᠲᠡ ᠶᠢᠨ ᠬᠤᠣᠰ ᠬᠥᠳᠡᠯᠭᠡᠭᠦᠷ ᠢ ᠴᠢᠩᠭᠠᠳᠬᠠᠵᠤ᠂ ᠬᠥᠳᠡᠭᠡ ᠲᠣᠰᠬᠤᠨ ᠤ ᠭᠠᠵᠠᠷ | ᠰᠢᠷᠣᠢ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠤ ᠦᠨᠳᠦᠰᠦᠨ | ᠡᠵᠡᠩᠨᠡᠯᠲᠡ ᠶᠢᠨ ᠳᠦᠷᠢᠮ ᠢ ᠪᠠᠬᠢᠵᠢᠭᠦᠯᠦᠨ ᠲᠡᠭᠦᠯᠳᠡᠷᠵᠢᠭᠦᠯᠵᠦ᠂ ᠰᠢᠨ᠎ᠡ ᠮᠠᠶ᠋ᠢᠭ ᠤᠨ ᠬᠥᠳᠡᠭᠡ ᠲᠣᠰᠬᠤᠨ ᠤ | ᠬᠠᠮᠲᠤ ᠶᠢᠨ ᠠᠵᠤ ᠠᠬᠤᠢ ᠶᠢ ᠬᠥᠭᠵᠢᠭᠦᠯᠦᠨ᠂ ᠰᠢᠨ᠎ᠡ ᠮᠠᠶ᠋ᠢᠭ ᠤᠨ ᠲᠠᠷᠢᠶᠠᠯᠠᠩ ᠤᠨ ᠡᠵᠡᠩᠨᠡᠯᠲᠡ ᠶᠢᠨ ᠭᠤᠣᠯ | ᠴᠣᠭᠴᠠ ᠪᠠ ᠨᠡᠶᠢᠭᠡᠮᠴᠢᠯᠡᠭᠰᠡᠨ ᠦᠢᠯᠡᠴᠢᠯᠡᠭᠡ ᠶᠢ ᠬᠥᠭᠵᠢᠭᠦᠯᠵᠦ᠂ ᠬᠥᠳᠡᠭᠡ ᠲᠣᠰᠬᠤᠨ ᠤ ᠵᠣᠬᠢᠰᠲᠠᠢ ᠬᠡᠪᠴᠢᠶᠡᠲᠦ | ᠡᠵᠡᠩᠨᠡᠯᠲᠡ ᠶᠢ ᠬᠥᠭᠵᠢᠭᠦᠯᠵᠦ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠬᠥᠭᠵᠢᠯᠲᠡ ᠳᠤ ᠬᠥᠳᠡᠯᠭᠡᠭᠦ | ᠬᠦᠴᠦᠨ ᠪᠠ ᠠᠮᠢᠵᠢᠷᠠᠯ ᠤᠨ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠠᠷᠠᠳ ᠲᠦᠮᠡᠨ ᠵᠣᠯ ᠵᠢᠷᠭᠠᠯ ᠲᠠᠢ ᠠᠮᠤᠷ ᠠᠮᠤᠭᠤᠯᠠᠩ ᠠᠮᠢᠳᠤᠷᠠᠬᠤ ᠪᠣᠯ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠶᠢᠨ ᠡᠴᠦᠰ ᠤᠨ ᠬᠠᠷᠠᠯᠲᠠ ᠮᠥᠨ᠃ ᠦᠨᠳᠦᠰᠦᠨ ᠱᠠᠲᠤᠨ ᠤ ᠵᠠᠰᠠᠯᠲᠠ ᠪᠣᠯᠣᠨ | ᠠᠷᠠᠳ ᠤᠨ ᠠᠮᠢᠳᠤᠷᠠᠯ ᠤᠨ ᠪᠠᠲᠤᠯᠠᠭ᠎ᠠ ᠨᠢ ᠠᠷᠠᠳ ᠤᠯᠠᠨ ᠤ ᠦᠨᠳᠦᠰᠦᠨ ᠠᠰᠢᠭ ᠲᠤᠰᠠ ᠲᠠᠢ ᠬᠤᠯᠪᠣᠭᠳᠠᠵᠤ᠂ | ᠬᠠᠮᠲᠤ ᠪᠠᠷ ᠪᠠᠶᠠᠵᠢᠬᠤ ᠶᠢ ᠠᠬᠢᠭᠤᠯᠬᠤ᠂ ᠴᠢᠨᠠᠷ ᠰᠠᠶᠢᠲᠠᠢ ᠠᠮᠢᠳᠤᠷᠠᠯ ᠢ ᠴᠣᠭᠴᠠᠯᠠᠬᠤ ᠰᠠᠭᠤᠷᠢᠯᠠᠬᠤ ᠴᠢᠨᠠᠷᠲᠠᠢ | ᠢᠨᠵᠧᠨᠧᠷᠢᠩ ᠪᠣᠯᠣᠨ᠎ᠠ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠡᠷᠬᠡᠪᠰᠢ | ᠰᠡᠳᠬᠢᠯ ᠳᠡᠭᠡᠨ ᠪᠠᠲᠤ ᠴᠡᠭᠡᠵᠢᠯᠡᠵᠦ᠂ ᠴᠠᠭ ᠢᠮᠠᠭᠲᠠ ᠠᠳᠬᠤᠵᠤ᠂ ᠯᠠᠪᠳᠠᠭᠤᠨ ᠪᠠᠲᠤᠲᠠᠢ ᠦᠷ᠎ᠡ ᠪᠦᠲᠦᠮᠵᠢ | ᠣᠯᠬᠤ ᠶᠢ ᠪᠠᠲᠤᠯᠠᠬᠤ ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠤᠳᠤᠷᠢᠳᠤᠭᠰᠠᠨ ᠦᠨᠳᠦᠰᠦᠨ ᠱᠠᠲᠤᠨ ᠤ ᠤᠯᠠᠨ ᠲᠦᠮᠡᠨ ᠤ ᠥᠪᠡᠷᠲᠡᠭᠡᠨ ᠵᠠᠰᠠᠬᠤ ᠲᠣᠭᠲᠠᠴᠠ ᠶᠢ ᠪᠦᠷᠢᠨᠰᠢᠭᠦᠯᠵᠦ | ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠤ᠂ ᠲᠣᠣᠷᠵᠢᠭᠤᠯᠤᠬᠰᠠᠨ | ᠬᠠᠮᠢᠶᠠᠷᠤᠯᠲᠠ᠂ ᠨᠠᠷᠢᠯᠢᠭᠵᠢᠭᠤᠯᠤᠭᠰᠠᠨ ᠦᠢᠯᠡᠴᠢᠯᠡᠭᠡ᠂ ᠮᠡᠳᠡᠭᠡ ᠵᠠᠩᠭᠢᠵᠢᠯᠲᠠ ᠪᠠᠷ ᠲᠤᠯᠭᠠᠭᠤᠷᠢᠯᠠᠭᠰᠠᠨ | ᠦᠨᠳᠦᠰᠦᠨ ᠱᠠᠲᠤᠨ ᠤ ᠵᠠᠰᠠᠯᠲᠠ ᠶᠢᠨ ᠲᠠᠪᠴᠠᠩ ᠢ ᠲᠡᠭᠦᠯᠳᠡᠷᠵᠢᠭᠦᠯᠵᠦ᠂ ᠬᠤᠳᠠ ᠬᠥᠳᠡᠭᠡ ᠨᠡᠶᠢᠭᠡᠮ | ᠲᠣᠭᠤᠷᠢᠭ ᠤᠨ ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠵᠦ᠂ ᠠᠷᠠᠳ ᠤᠯᠠᠨ ᠳᠤ ᠭᠡᠷ ᠤᠨ ᠡᠭᠦᠳᠡᠨ ᠳᠡᠭᠡᠷᠡᠬᠢ | ᠰᠢᠯᠢᠳᠡᠭ ᠦᠢᠯᠡᠴᠢᠯᠡᠭᠡ ᠪᠠ ᠨᠠᠷᠢᠯᠢᠭ ᠬᠠᠮᠢᠶᠠᠷᠤᠯᠲᠠ ᠶᠢ ᠬᠠᠩᠭᠠᠬᠤ ᠬᠡᠷᠡᠭᠲᠡᠢ᠃ ᠰᠢᠨ᠎ᠡ ᠴᠠᠭ ᠦᠶ᠎ᠡ ᠶᠢᠨ ︽ᠹᠧᠩ | ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠰᠢᠨ᠎ᠡ ᠪᠠᠶᠢᠳᠠᠯ ᠳᠣᠣᠷᠠᠬᠢ ᠠᠷᠠᠳ ᠤᠨ | ᠳᠣᠲᠣᠭᠠᠳᠤ ᠶᠢᠨ ᠵᠥᠷᠢᠴᠡᠯ ᠢ ᠵᠥᠪ ᠢᠶᠠᠷ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠵᠥᠷᠢᠴᠡᠯ | ᠵᠠᠭᠤᠷᠠᠯᠳᠤᠭᠠᠨ ᠢ ᠴᠠᠭ ᠲᠤᠬᠠᠢ ᠳᠤᠨᠢ ᠦᠨᠳᠦᠰᠦᠨ ᠱᠠᠲᠤᠨ ᠳᠤᠨᠢ ᠰᠢᠢᠳᠪᠦᠷᠢᠯᠡᠵᠦ᠂ ᠴᠤᠬᠤᠶᠢᠵᠤ ᠪᠠᠶᠢᠭ᠎ᠠ ᠦᠶ᠎ᠡ | ᠳᠤᠨᠢ ᠰᠢᠢᠳᠪᠦᠷᠢᠯᠡᠬᠦ ᠬᠡᠷᠡᠭᠲᠡᠢ᠃ ᠠᠷᠠᠳ ᠤᠯᠠᠨ ᠤ ᠪᠠᠴᠢᠮᠳᠠᠵᠤ᠂ ᠬᠦᠴᠢᠷᠳᠡᠵᠦ᠂ ᠵᠣᠪᠠᠨᠢᠵᠤ᠂ ᠬᠦᠰᠡᠵᠦ ᠪᠠᠶᠢᠭ᠎ᠠ | ᠠᠰᠠᠭᠤᠳᠠᠯ ᠢ ᠴᠢᠩᠭ᠎ᠠ ᠠᠳᠬᠤᠵᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠢ | ᠳᠤᠯᠠᠭᠠᠴᠠᠭᠤᠯᠬᠤ ᠨᠡᠩ ᠤᠯᠠᠨ ᠠᠷᠭ᠎ᠠ ᠬᠡᠮᠵᠢᠶ᠎ᠡ ᠶᠢ ᠠᠪᠴᠤ᠂ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡᠨ ᠤ | ᠰᠢᠰᠲ᠋ᠧᠮ ᠢ ᠪᠦᠷᠢᠨᠰᠢᠭᠦᠯᠦᠨ᠂ ᠭᠤᠣᠯᠳᠠᠯᠭ᠎ᠠ ᠲᠠᠢ ᠬᠥᠮᠥᠰ ᠲᠤ ᠠᠵᠢᠯ ᠣᠯᠭᠤᠵᠤ ᠬᠠᠪᠰᠤᠷᠤᠨ ᠲᠡᠳᠭᠦᠭᠦ᠂ | ᠣᠷᠣᠯᠭ᠎ᠠ ᠶᠢᠨ ᠬᠤᠪᠢᠶᠠᠷᠢᠯᠠᠯᠲᠠ ᠶᠢ ᠲᠣᠬᠢᠷᠠᠭᠤᠯᠬᠤ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠬᠦ᠂ | ︽ᠨᠠᠰᠤᠲᠠᠶᠢᠴᠤᠳ ᠪᠠᠭᠠᠴᠤᠳ︾ ᠤᠨ ᠦᠢᠯᠡᠴᠢᠯᠡᠭᠡ ᠶᠢ ᠴᠢᠩᠭᠠᠳᠬᠠᠬᠤ ᠵᠡᠷᠭᠡ ᠠᠵᠢᠯ ᠢ ᠬᠦᠴᠦᠯᠡᠨ ᠰᠠᠶᠢᠲᠤᠷ | ᠬᠢᠬᠦ ᠬᠡᠷᠡᠭᠲᠡᠢ᠃ ᠰᠢᠨ᠎ᠡ ᠱᠠᠲᠤ ᠦᠶ᠎ᠡ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠣᠳᠠᠲᠠᠢ | ᠠᠳᠬᠤᠨ ᠨᠠᠷᠢᠯᠢᠭ ᠠᠳᠬᠤᠵᠤ᠂ ︽ᠬᠥᠬᠡᠭᠴᠢᠨ ᠲᠥᠷᠥᠯ ᠤᠨ ᠬᠥᠬᠡᠭᠴᠢᠨ ᠬᠠᠮᠢᠶᠠᠷᠤᠯᠲᠠ︾ ᠶᠢᠨ ᠡᠯ᠎ᠡ | ᠵᠦᠢᠯ ᠤᠨ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ | ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ᠂ ᠡᠮᠴᠢᠯᠡᠭᠡᠨ ᠤ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ | ᠦᠷᠭᠦᠯᠵᠢᠯᠡᠨ ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ ᠬᠠᠮᠤᠭ ᠤᠨ ᠰᠡᠭᠦᠯ ᠳᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠡᠷᠬᠡᠪᠰᠢ | ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠡᠷᠡᠰ ᠭᠤᠶᠢᠪᠢᠰᠢ ᠦᠭᠡᠢ ᠪᠠᠷ ᠪᠦᠭᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠪᠦᠭᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠵᠢᠯ ᠢ ᠦᠨᠡᠨ ᠬᠦ ᠴᠢᠩᠭᠠᠳᠬᠠᠵᠤ᠂ | ᠬᠤᠭᠤᠴᠠᠭ᠎ᠠ ᠰᠣᠯᠢᠭᠰᠠᠨ ᠤ ᠳᠠᠷᠠᠭᠠᠬᠢ ᠡᠯ᠎ᠡ ᠱᠠᠲᠤᠨ ᠤ ᠤᠳᠤᠷᠢᠳᠬᠤ ᠪᠠᠭ ᠪᠣᠯᠣᠨ ᠺᠠᠳ᠋ᠷ ᠤᠨ ᠡᠩᠨᠡᠭᠡ ᠶᠢᠨ | ᠪᠠᠶᠢᠭᠤᠯᠤᠯᠲᠠ ᠶᠢ ᠴᠢᠩᠭᠠᠳᠬᠠᠵᠤ᠂ ᠡᠯ᠎ᠡ ᠬᠦᠷᠢᠶᠡᠨ ᠳᠠᠬᠢ ᠨᠠᠮ ᠤᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠵᠤ᠂ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ | ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠵᠦ᠂ ᠰᠢᠨ᠎ᠡ ᠠᠶᠠᠨ ᠳᠤ | ᠡᠷᠡᠯᠬᠡᠭᠯᠡᠨ ᠤᠷᠤᠭᠰᠢᠯᠠᠬᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠳᠤ ᠪᠠᠲᠤ ᠴᠢᠩᠭ᠎ᠠ ᠤᠯᠤᠰ | ᠲᠦᠷᠦ ᠶᠢᠨ ᠵᠢᠯᠣᠭᠤᠳᠤᠯᠭ᠎ᠠ ᠪᠣᠯᠣᠨ ᠤᠯᠤᠰ ᠲᠦᠷᠦ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | | ᠼᠠᠢ ᠴᠢ᠂ ᠳ᠋ᠢᠩ ᠰᠢᠤᠸᠠᠢ ᠰᠢᠶᠠᠩ᠂ ᠾᠧ ᠯᠢ ᠹᠧᠩ ᠨᠠᠷ ᠣᠷᠣᠯᠴᠠᠪᠠ᠃ |