ᠵᠠᠰᠠᠭ ᠤᠨ ᠣᠷᠳᠣᠨ ᠤ ᠠᠵᠢᠯ ᠤᠨ ᠢᠯᠡᠳᠬᠡᠯ | 2023 ᠣᠨ ᠤ 1 ᠰᠠᠷ᠎ᠠ ᠶᠢᠨ 10 ᠤ ᠡᠳᠦᠷ ᠯᠢᠶᠠᠩᠴᠧᠩ ᠰᠢᠶᠠᠨ ᠤ ᠠᠷᠪᠠᠨ ᠵᠢᠷᠭᠤᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠳᠡᠭᠡᠷ᠎ᠡ | ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠵᠧᠩ ᠳ᠋ᠦᠩ ᠫᠢᠩ | | ᠲᠥᠯᠥᠭᠡᠯᠡᠭᠴᠢᠳ ᠡ᠄ | ᠤᠳᠤ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ | ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠᠤ᠂ ᠲᠡᠭᠦᠨᠴᠢᠯᠡᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ | ᠪᠤᠰᠤᠳ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ 2022 ᠣᠨ ᠤ ᠠᠵᠢᠯ ᠤᠨ ᠡᠷᠭᠢᠴᠡᠭᠦᠯᠦᠯ | 2022 ᠣᠨ ᠪᠣᠯ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠡᠬᠢᠯᠡᠯᠲᠡ ᠶᠢᠨ ᠵᠢᠯ ᠮᠥᠨ᠂ | ᠪᠠᠰᠠ ᠴᠤ ᠯᠢᠶᠠᠩᠴᠧᠩ ᠰᠢᠶᠠᠨ ᠤ ᠬᠥᠭᠵᠢᠯᠲᠡ ᠶᠢᠨ ᠶᠠᠪᠤᠴᠠ ᠳᠠᠬᠢ ᠲᠦᠢᠯ ᠤᠨ ᠶᠡᠷᠦ ᠪᠤᠰᠤ ᠶᠢᠨ ᠨᠢᠭᠡ ᠵᠢᠯ | ᠮᠥᠨ᠃ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠬᠥᠭᠵᠢᠯᠲᠡ ᠶᠢᠨ ᠪᠠᠶᠢᠳᠠᠯ ᠪᠣᠯᠤᠨ ᠰᠢᠨ᠎ᠡ ᠲᠢᠲᠢᠮᠯᠢᠭ | ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠤᠨ ᠬᠦᠨᠳᠦ ᠨᠣᠴᠢᠲᠠᠶ ᠳᠠᠭᠠᠷᠢᠯᠲᠠ ᠶᠢᠨ ᠡᠮᠦᠨ᠎ᠡ᠂ ᠬᠤᠲᠠ ᠶᠢᠨ | ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠣᠯᠤᠨ ᠰᠢᠶᠠᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠪᠦᠬᠦ ᠰᠢᠶᠠᠨ ᠢᠶᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ | ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠨ ᠲᠤᠤᠱᠯᠠᠭᠤᠯᠵᠤ᠂ | ᠶᠡᠷᠦᠩᠬᠡᠶ ᠱᠦᠵᠢ ᠰᠢ ᠶᠢᠨ ᠫᠢᠩ ᠤᠨᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ︽ᠬᠢᠵᠢᠭ ᠢ ᠰᠡᠷᠭᠡᠶᠢᠯᠡᠬᠦ᠂ ᠠᠵᠤ ᠠᠬᠤᠶ ᠶᠢ ᠲᠣᠭᠲᠠᠭᠤᠨ | ᠪᠠᠶᠢᠯᠭᠠᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ ᠴᠢᠬᠤᠯᠠ ᠱᠠᠭᠠᠷᠳᠠᠯᠭ᠎ᠠ ᠶᠣᠰᠣᠭᠠᠷ᠂ ᠪᠡᠷᠬᠡ ᠶᠢ | ᠲᠤᠭᠤᠯᠤᠨ ᠪᠡᠷᠬᠡ ᠶᠢ ᠳᠠᠪᠠᠵᠤ᠂ ᠡᠷᠡᠮᠡᠬᠡᠶᠢᠯᠡᠨ ᠤᠷᠤᠭᠰᠢᠯᠠᠵᠤ᠂ ᠪᠥᠬᠦ ᠵᠢᠯ ᠤᠨ ᠬᠠᠷᠠᠯᠲᠠ ᠶᠢᠨ ᠡᠭᠦᠷᠭᠡ ᠪᠠᠨ | ᠭᠠᠷᠮᠠᠭᠠᠶ ᠪᠠᠷ ᠪᠡᠶᠡᠯᠡᠭᠦᠯᠪᠡ᠃ | 2022 ᠣᠨ ᠳᠤ᠂ ᠪᠦᠬᠦ ᠰᠢᠶᠠᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ | ᠵᠢᠱᠢᠯᠲᠡ ᠪᠠᠷ 52.4 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 6.5% | ᠨᠡᠮᠡᠭᠳᠡᠵᠦ᠂ ᠪᠦᠬᠦ ᠬᠤᠳᠠ ᠶᠢᠨ ᠳᠣᠯᠣᠳᠤᠭᠠᠷ ᠲᠤ ᠣᠷᠣᠪᠠ︔ ᠡᠩ ᠤᠨ ᠣᠯᠠᠨ ᠨᠡᠶᠢᠲᠡ ᠶᠢᠨ ᠲᠥᠰᠦᠪ ᠤᠨ | ᠣᠷᠣᠯᠭ᠎ᠠ ᠶᠢ 2.65 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 32% ᠢᠶᠠᠷ | ᠨᠡᠮᠡᠭᠳᠡᠨ᠂ ᠪᠥᠬᠦ ᠬᠤᠲᠠ ᠳᠤ ᠨᠢᠭᠡᠳᠦᠭᠡᠷ ᠲᠤ ᠣᠷᠣᠪᠠ︔ ᠬᠡᠪᠴᠢᠶᠡᠵᠢᠯ ᠠᠴᠠ ᠳᠡᠭᠡᠭᠰᠢᠬᠢ ᠠᠵᠤ | ᠤᠶᠢᠯᠡᠳᠪᠤᠷᠢ ᠶᠢᠨ ᠨᠡᠮᠡᠭᠳᠡᠯ ᠥᠷᠲᠡᠭ ᠵᠢᠱᠢᠯᠲᠡ ᠪᠠᠷ 12 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 9.8% ᠪᠠᠷ ᠨᠡᠮᠡᠭᠳᠡᠨ᠂ ᠪᠥᠬᠦ ᠬᠤᠲᠠ ᠳᠤ ᠵᠢᠷᠭᠤᠳᠤᠭᠠᠷ ᠲᠤ ᠵᠢᠭᠰᠠᠭᠠᠭᠳᠠᠪᠠ︔ | ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠵᠢᠱᠢᠯᠲᠡ ᠪᠠᠷ 17.25 ᠳ᠋ᠦᠩᠰᠢᠭᠤᠷ ᠲᠥᠭᠦᠷᠢᠭ ᠲᠤ ᠬᠦᠷᠴᠦ | ᠂ ᠠᠳᠠᠯᠢ ᠬᠤᠭᠤᠴᠠᠭᠠᠨ ᠤ ᠬᠢ ᠠᠴᠠ 0.2% ᠨᠡᠮᠡᠭᠳᠡᠨ᠂ ᠪᠥᠬᠦ ᠬᠤᠲᠠ ᠳᠤ 10 ᠳ᠋ᠤᠭᠠᠷ ᠲᠤ ᠵᠢᠭᠰᠠᠭᠠᠭᠳᠠᠪᠠ︔ | ᠨᠡᠶᠢᠭᠡᠮ ᠤᠨ ᠬᠡᠷᠡᠭᠯᠡᠭᠡᠨ ᠤ ᠵᠤᠶᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠵᠢᠱᠢᠯᠲᠡ ᠪᠠᠷ 11.27 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ -0.8% ᠪᠠᠷ ᠨᠡᠮᠡᠭᠳᠡᠨ᠂ ᠪᠥᠬᠦ | ᠬᠤᠲᠠ ᠳᠤ ᠭᠤᠷᠪᠠᠳᠤᠭᠠᠷ ᠲᠤ ᠵᠢᠭᠰᠠᠭᠠᠭᠳᠠᠪᠠ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠵᠢᠱᠢᠯᠲᠡ ᠪᠠᠷ ᠲᠣᠰ ᠲᠣᠰ 36172 ᠲᠥᠭᠦᠷᠢᠭ ᠪᠠ 17535 | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7% ᠪᠠ 9% ᠪᠠᠷ ᠨᠡᠮᠡᠭᠳᠡᠬᠦ ᠪᠣᠯᠤᠨ᠎ᠠ᠃ | ᠳᠡᠭᠡᠳᠦ ᠱᠠᠲᠤᠨ ᠠᠴᠠ ᠮᠠᠨ ᠤ ᠰᠢᠶᠠᠨ ᠳᠤ ᠪᠠᠭᠤᠯᠭᠠᠭᠰᠠᠨ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ ᠶᠢᠨ ᠬᠤᠭᠤᠴᠠᠭᠠᠨ ᠳᠠᠬᠢ ︽ᠡᠨᠧᠷᠭᠢ ᠶᠢᠨ ᠬᠤᠷᠣᠭᠳᠠᠭᠤᠯᠤᠯ ᠤᠨ ᠬᠤᠶᠠᠷ ᠢ ᠬᠢᠵᠠᠭᠠᠷᠯᠠᠬᠤ︾ | ᠭᠦᠢᠴᠡᠳᠬᠡᠯ ᠲᠤᠭ᠎ᠠ ᠶᠢᠨ ᠡᠭᠦᠷᠭᠡ ᠶᠢ ᠤᠷᠢᠳᠴᠢᠯᠠᠨ ᠪᠡᠶᠡᠯᠡᠭᠦᠯᠵᠦ᠂ ᠪᠦᠬᠦ ᠵᠢᠯ ᠤᠨ ᠡᠨᠧᠷᠭᠢ ᠶᠢᠨ | ᠬᠤᠷᠣᠭᠳᠠᠭᠤᠯᠤᠯ ᠤᠨ ᠶᠡᠷᠦᠩᠬᠡᠶ ᠬᠡᠮᠵᠢᠶ᠎ᠡ ᠶᠢ ᠨᠡᠮᠡᠭᠳᠡᠭᠦᠯᠬᠦ ᠦᠭᠡᠢ᠃ | ᠨᠢᠭᠡ ᠵᠢᠯ ᠤᠨ ᠲᠤᠷᠰᠢ᠂ ᠪᠢᠳᠡ ᠳᠠᠪᠠᠭᠤᠯᠢᠭ ᠲᠤ ᠠᠩᠬᠠᠷᠤᠯ ᠢᠶᠠᠨ ᠲᠥᠪᠯᠡᠷᠡᠭᠦᠯᠵᠦ᠂ ᠲᠤᠭ᠎ᠠ ᠬᠡᠮᠵᠢᠶ᠎ᠡ ᠶᠢ | ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠵᠦ᠂ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠢ ᠢᠯᠡᠳᠲᠡ | ᠳᠡᠭᠡᠭᠰᠢᠯᠡᠭᠦᠯᠪᠡ | ᠬᠥᠭᠵᠢᠯᠲᠡ ᠶᠢᠨ ᠣᠷᠣᠭᠤᠯᠤᠯᠲᠠ ᠶᠢ ᠮᠡᠳᠡᠭᠳᠡᠬᠦ᠋ᠢᠴᠡ ᠨᠡᠮᠡᠭᠳᠡᠭᠦᠯᠪᠡ᠃ ᠡᠳ᠋ ᠤᠨ ᠬᠦᠴᠦᠨ ᠤ ᠴᠢᠨᠠᠷᠲᠠᠶ | ᠰᠢᠯᠵᠢᠭᠦᠯᠦᠨ ᠥᠭᠬᠦ ᠵᠠᠷᠤᠯᠭ᠎ᠠ ᠶᠢ 1.66 ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠭᠦᠯᠵᠦ᠂ ᠠᠳᠠᠯᠢ | ᠬᠤᠭᠤᠴᠠᠭᠠᠨ ᠤ ᠬᠢ ᠠᠴᠠ 15.3% ᠪᠠᠷ ᠨᠡᠮᠡᠭᠳᠡᠪᠡ︔ ᠡᠯ᠎ᠡ ᠲᠥᠷᠥᠯ ᠤᠨ ᠵᠢᠭᠡᠯᠡᠯᠭᠡ ᠶᠢᠨ ᠲᠡᠮᠳᠡᠭᠲᠦ ᠶᠢᠨ ᠪᠠᠯᠠ | ᠮᠥᠩᠭᠦ ᠶᠢ 3.4 ᠳ᠋ᠦᠩᠰᠢᠭᠤᠷ ᠲᠥᠭᠦᠷᠢᠭ ᠴᠢᠷᠮᠠᠶᠢᠨ ᠣᠯᠵᠤ᠂ ᠠᠳᠠᠯᠢ ᠬᠤᠭᠤᠴᠠᠭᠠᠨ ᠤ ᠬᠢ ᠠᠴᠠ 75. | 5% ᠪᠠᠷ ᠨᠡᠮᠡᠭᠳᠡᠪᠡ︔ 1.15 ᠳ᠋ᠦᠩᠰᠢᠭᠤᠷ ᠲᠥᠭᠦᠷᠢᠭ ᠤᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠵᠣᠯᠭᠠᠭᠤᠯᠬᠤ ᠪᠠᠯᠠ ᠮᠥᠩᠭᠦ ᠶᠢ ᠴᠢᠷᠮᠠᠶᠢᠨ ᠣᠯᠤᠨ᠎ᠠ ᠃ ᠰᠠᠭᠠᠯᠢ ᠶᠢᠨ ᠦᠨᠢᠶ᠎ᠡ᠂ ᠠᠯᠠᠰᠢᠨ | ᠦᠬᠡᠷ ᠤᠨ ᠠᠵᠤ ᠤᠶᠢᠯᠡᠰ ᠤᠨ ᠰᠦᠷᠦᠭᠵᠢᠯ ᠤᠨ ᠬᠠᠨᠳᠤᠰᠢ ᠪᠣᠶ᠂ ᠰᠦ ᠶᠢᠨ ᠦᠢᠯᠡᠰ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠵᠧᠦ ᠵᠢᠶᠠ ᠯᠢᠩ ᠤᠨ ᠬᠠᠶ ᠭᠤᠤ | ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠢ᠂ ᠱᠧᠩ ᠲᠢᠶᠠᠨ ᠮᠠᠯ ᠠᠵᠤ ᠠᠬᠤᠶ᠂ ᠶᠢᠨ ᠱᠢ ᠮᠠᠯ ᠠᠵᠤ | ᠠᠬᠤᠶ ᠶᠢᠨ ᠨᠢᠭᠡᠳᠦᠭᠡᠷ ᠬᠤᠭᠤᠴᠠᠭᠠᠨ ᠤ ᠡᠵᠡᠩᠨᠡᠯᠲᠡ ᠳᠤ ᠣᠷᠣᠵᠤ᠂ ᠪᠦᠬᠦ ᠰᠢᠶᠠᠨ ᠳᠤ 1 ᠲᠦᠮᠡᠨ ᠰᠠᠭᠠᠯᠢ ᠶᠢᠨ | ᠦᠨᠢᠶ᠎ᠡ ᠰᠢᠨ᠎ᠡ ᠪᠠᠷ ᠨᠡᠮᠡᠭᠳᠡᠵᠦ᠂ 4 ᠲᠦᠮᠡᠨ ᠰᠠᠭᠠᠯᠢ ᠶᠢᠨ ᠦᠨᠢᠶ᠎ᠡ ᠶᠢ ᠰᠢᠨ᠎ᠡ ᠪᠠᠷ ᠨᠡᠮᠡᠭᠳᠡᠭᠦᠯᠪᠡ᠃ ︽ᠠᠯᠠᠰᠢᠨ | ᠦᠬᠡᠷ ᠢ ᠲᠠᠬᠢᠨ ᠢᠶᠠᠷ ᠨᠡᠮᠡᠭᠳᠡᠭᠦᠯᠬᠦ︾ ᠲᠥᠯᠥᠪᠯᠡᠭᠡ ᠶᠢ ᠠᠯᠬᠤᠮ ᠠᠯᠬᠤᠮ ᠢᠶᠠᠷ ᠲᠦᠯᠬᠢᠨ ᠠᠬᠢᠭᠤᠯᠵᠤ᠂ 1 | ᠲᠦᠮᠡᠨ ᠠᠯᠠᠰᠢᠨ ᠦᠬᠡᠷ ᠢ ᠰᠢᠨ᠎ᠡ ᠪᠠᠷ ᠨᠡᠮᠡᠭᠳᠡᠭᠦᠯᠵᠦ᠂ ᠪᠦᠬᠦ ᠰᠢᠶᠠᠨ ᠤ ᠲᠤᠭ᠎ᠠ ᠲᠣᠯᠣᠭᠠᠶ 7 ᠲᠦᠮᠡ ᠳᠤ | ᠬᠦᠷᠪᠡ᠃ ᠠᠵᠤ ᠦᠢᠯᠡᠳᠪᠦᠷᠢ ᠶᠢᠨ ᠠᠵᠤ ᠠᠬᠤᠶ ᠰᠢᠪᠲᠤᠯᠤᠨ ᠪᠤᠵᠠᠭᠠᠶᠢᠷᠠᠪᠠ᠃ ᠲᠠᠭ᠎ᠠ ᠶᠢᠨ ᠨᠠᠭᠤᠷ ᠤᠨ | ᠴᠠᠬᠢᠯᠭᠠᠨ ᠤ ᠦᠢᠯᠡᠳᠪᠦᠷᠢ ᠶᠢᠨ ᠬᠡᠳᠦ ᠲᠤᠮᠤ ᠠᠯᠭᠠᠰᠠᠯᠳᠤ ᠪᠦᠷᠬᠦᠪᠴᠢ ᠶᠢᠨ ᠪᠦᠲᠦᠴᠡ ᠶᠢᠨ ᠪᠦᠷᠢᠨ | ᠪᠢᠲᠡᠭᠦᠮᠵᠢᠯᠡᠭᠰᠡᠨ ᠨᠡᠭᠦᠷᠡᠰᠦᠨ ᠲᠠᠯᠠᠪᠠᠢ ᠶᠢᠨ ᠵᠢᠱᠢᠶ᠎ᠡ ᠦᠵᠡᠭᠦᠯᠬᠦ ᠪᠠ ᠬᠡᠷᠡᠭᠯᠡᠭᠡᠨ ᠤ ᠵᠦᠢᠯᠡᠰ ᠤᠨ ᠪᠦᠳᠦᠭᠡᠨ | ᠪᠠᠶᠢᠭᠤᠯᠤᠯᠲᠠ ᠶᠢᠨ ᠠᠵᠢᠯ ᠢ ᠳᠠᠭᠤᠰᠬᠠᠪᠠ᠃ ᠸᠠᠩ ᠰᠢᠩ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠲᠥᠪ ᠲᠣᠭᠤᠭᠠᠨ ᠬᠡᠷ ᠤᠨ ᠤᠷᠢᠳᠴᠢᠯᠠᠨ ᠤᠶᠢᠯᠡᠳᠤᠭ᠍ᠰᠡᠨ ᠢᠳᠡᠭᠡᠨ ᠤ ᠤᠶᠢᠯᠡᠳᠪᠤᠷᠢ ᠶᠢᠨ ᠲᠠᠰᠤᠭ᠂ ᠦᠬᠡᠷ | ᠬᠤᠨᠢ ᠨᠢᠲᠤᠯᠵᠤ ᠪᠣᠯᠪᠠᠰᠤᠷᠠᠭᠤᠯᠬᠤ ᠤᠶᠢᠯᠡᠳᠪᠤᠷᠢ ᠵᠡᠷᠭᠡ ᠲᠥᠷᠥᠯ ᠵᠤᠶᠢᠯ ᠢ ᠲᠣᠭᠲᠠᠭᠤᠨ ᠢᠶᠠᠷ ᠠᠬᠢᠭᠤᠯᠵᠤ᠂ | ᠺᠠᠩ ᠵᠢᠶᠠ ᠨᠡᠷᠡᠬᠦ ᠤᠶᠢᠯᠡᠳᠪᠤᠷᠢ ᠡᠵᠡᠩᠨᠡᠯᠲᠡ ᠳᠤ ᠣᠷᠣᠪᠠ᠃ ᠴᠡᠪᠡᠷ ᠡᠨᠧᠷᠭᠢ ᠶᠢᠨ ᠰᠤᠷᠪᠤᠯᠵᠢ ᠶᠢ ᠭᠠᠳᠠᠭᠰᠢ | ᠭᠠᠷᠭᠠᠬᠤ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠵᠤ᠂ 150 ᠲᠦᠮᠡᠨ | ᠺᠢᠯᠣᠸᠠᠲ ᠤᠨ ︽ᠰᠠᠯᠬᠢᠨ ᠭᠡᠷᠡᠯ ᠤᠨ ᠭᠠᠯ ᠢᠶᠠᠷ ᠤᠰᠤᠲᠥ᠋ᠷᠥᠭᠴᠢ ᠶᠢ ᠬᠠᠳᠠᠭᠠᠯᠠᠬᠤ︾ ᠲᠤᠮᠤ ᠬᠡᠯᠪᠡᠷᠢ ᠶᠢᠨ | ᠰᠠᠯᠬᠢᠨ ᠴᠠᠬᠢᠯᠭᠠᠨ ᠤ ᠭᠡᠷᠡᠯ ᠸᠣᠯᠲ ᠤᠨ ᠰᠠᠭᠤᠷᠢᠨ ᠭᠠᠵᠠᠷ ᠤᠨ ᠵᠦᠢᠯᠡᠰ ᠢ ᠬᠢᠨᠠᠨ ᠵᠥᠪᠰᠢᠶᠡᠷᠡᠵᠦ᠂ 55 ᠰᠠᠶ᠎ᠠ | ᠸᠠᠲ ᠤᠨ ᠲᠠᠷᠬᠠᠯᠲᠠ ᠶᠢᠨ ᠮᠠᠶ᠋ᠢᠭ ᠤᠨ ᠭᠡᠷᠡᠯ ᠸᠣᠯᠲ ᠤᠨ ᠴᠠᠬᠢᠯᠭᠠᠨ ᠭᠠᠷᠭᠠᠬᠤ ᠵᠦᠢᠯᠡᠰ ᠤᠨ ᠲᠥᠬᠦᠭᠡᠷᠦᠮᠵᠢ | ᠬᠤᠳᠠᠯᠳᠤᠨ ᠠᠪᠬᠤ ᠶᠢ ᠪᠡᠶᠡᠯᠡᠭᠦᠯᠪᠡ᠃ ᠬᠤᠩ ᠮᠤᠤ ᠡᠮ ᠤᠨ ᠤᠶᠢᠯᠡᠰ᠂ ᠸᠠᠩ ᠰᠢᠩ ᠲᠠᠷᠢᠶᠠᠯᠠᠩ᠂ ᠰᠧᠨᠨᠢᠦ | ᠫᠠᠨ ᠬᠠᠶ ᠵᠡᠷᠭᠡ ᠲᠣᠯᠣᠭᠠᠶᠢᠯᠠᠭᠴᠢ ᠠᠵᠤ ᠠᠬᠤᠶᠢᠯᠠᠯ ᠬᠢᠵᠢᠭ ᠤᠨ ᠪᠠᠶᠢᠳᠠᠯ ᠤᠨ ᠨᠥᠯᠥᠭᠡ ᠶᠢ ᠢᠯᠠᠨ ᠳᠠᠪᠠᠵᠤ᠂ | ᠦᠷ᠎ᠡ ᠠᠰᠢᠭ ᠤᠨ ᠲᠣᠭᠲᠠᠭᠤᠨ ᠢᠶᠠᠷ ᠨᠡᠮᠡᠭᠳᠡᠬᠦ ᠶᠢ ᠪᠡᠶᠡᠯᠡᠭᠦᠯᠪᠡ᠃ ᠬᠤᠳᠠᠯᠳᠤᠭ᠎ᠠ ᠵᠢᠭᠤᠯᠴᠢᠯᠠᠯ ᠤᠨ ᠠᠵᠤ | ᠦᠢᠯᠡᠰ ᠬᠦᠴᠦᠨ ᠢᠶᠠᠨ ᠬᠤᠷᠠᠮᠳᠤᠭᠤᠯᠤᠨ ᠮᠣᠷᠳᠠᠬᠤ ᠪᠠᠷ ᠪᠠᠶᠢᠨ᠎ᠠ᠃ ︽ ᠯᠢᠶᠠᠩᠴᠧᠩ ᠰᠢᠶᠠᠨ ᠤ ᠲᠠᠭ᠎ᠠ ᠶᠢᠨ | ᠨᠠᠭᠤᠷ ᠤᠨ ᠬᠠᠯᠠᠭᠤᠨ ᠷᠠᠰᠢᠶᠠᠨ ᠤ ᠮᠥᠰᠥ ᠴᠠᠰᠤᠨ ᠤ ᠵᠢᠵᠢᠭ ᠪᠠᠯᠭᠠᠰᠤ︾ ᠶᠢ 2022 ᠣᠨ ᠤ ᠥᠪᠡᠷᠲᠡᠭᠡᠨ | ᠵᠠᠰᠠᠬᠤ ᠣᠷᠣᠨ ᠤ ᠤᠨᠴᠠᠯᠢᠭᠳᠤ ᠵᠢᠵᠢᠭ ᠪᠠᠯᠭᠠᠰᠤᠨ ᠤ ᠨᠡᠷᠡᠰ ᠲᠤ ᠠᠮᠵᠢᠯᠲᠠ ᠲᠠᠢ ᠪᠠᠷ ᠣᠷᠣᠭᠤᠯᠪᠠ᠃ ᠮᠠ | ᠰᠢᠦᠸᠠᠨ ᠬᠠᠯᠠᠭᠤᠨ ᠷᠠᠰᠢᠶᠠᠨ ᠤ ᠵᠢᠶᠠ ᠨᠢᠶᠠᠨ ᠬᠤᠸᠠ ᠲᠤᠷᠰᠢᠨ ᠡᠵᠡᠩᠨᠡᠬᠦ ᠱᠠᠲᠤᠨ ᠳᠤ ᠣᠷᠣᠵᠤ᠂ ᠱᠠᠩᠬᠠᠶ ᠶᠢᠨ | ᠹᠦ᠋ ᠵᠢᠶᠠ ᠬᠡᠲᠦ ᠳᠡᠯᠭᠡᠭᠦᠷ ᠠᠰᠢᠭᠯᠠᠯᠲᠠ ᠳᠤ ᠣᠷᠣᠪᠠ᠃ ᠲᠠᠷᠢᠶᠠᠯᠠᠩ ᠤᠨ ᠣᠨᠴᠠ ᠭᠠᠷᠤᠯᠲᠠ ᠶᠢᠨ | ᠪᠦᠲᠦᠭᠡᠭᠳᠡᠬᠦᠨ ᠤ ᠰᠦᠯᠵᠢᠶᠡᠨ ᠳᠡᠭᠡᠷᠡᠬᠢ ᠪᠣᠷᠣᠯᠠᠭᠤᠯᠭ᠎ᠠ ᠶᠢᠨ ᠲᠦᠷᠦᠯ ᠵᠦᠢᠯ ᠪᠠ ᠲᠤᠭ᠎ᠠ ᠬᠡᠮᠵᠢᠶ᠎ᠡ ᠬᠤᠣᠰ | ᠳᠡᠭᠡᠭᠰᠢᠯᠡᠯᠲᠡ ᠶᠢ ᠪᠡᠶᠡᠯᠡᠭᠦᠯᠪᠡ᠃ ᠠᠷᠠᠳ ᠲᠤ ᠠᠰᠢᠭ ᠬᠦᠷᠲᠡᠭᠡᠵᠦ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ | ᠥᠷᠨᠢᠭᠦᠯᠦᠭᠡᠳ ᠵᠠᠬ᠎ᠠ ᠳᠡᠯᠭᠡᠭᠦᠷ ᠤᠨ ᠬᠡᠷᠡᠭᠯᠡᠭᠡ ᠶᠢ ᠲᠠᠶᠢᠴᠢᠯᠠᠪᠠ᠃ | ᠨᠢᠭᠡ ᠵᠢᠯ ᠤᠨ ᠲᠤᠷᠰᠢ᠂ ᠪᠢᠳᠡ ᠪᠥᠬᠦ ᠰᠡᠳᠬᠢᠯ ᠢᠶᠠᠷ ᠢᠶᠠᠨ ᠴᠢᠷᠮᠠᠶᠢᠵᠤ᠂ ᠰᠠᠭᠤᠷᠢ ᠪᠠᠨ ᠪᠠᠲᠤᠳᠬᠠᠨ | ᠦᠨᠳᠦᠰᠦ ᠪᠠᠨ ᠪᠠᠬᠢᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ | ᠠᠬᠢᠭᠤᠯᠪᠠ | ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠪᠡ᠃ ︽ᠳᠥᠷᠪᠡ ᠶᠢ | ᠰᠠᠯᠭᠠᠬᠤ ᠥᠬᠡᠶ︾ ᠪᠠᠶᠢᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠠᠷᠪᠠᠨ ᠲᠥᠷᠥᠯ ᠤᠨ | ᠭᠤᠤᠯᠳᠠᠯᠭ᠎ᠠ ᠲᠠᠢ ᠬᠥᠮᠦᠰ︾ ᠤᠨ ᠬᠥᠳᠡᠯᠦᠩᠭᠦᠶ ᠬᠢᠨᠠᠨ ᠬᠡᠮᠵᠢᠯᠲᠡ ᠶᠢ ᠨᠠᠷᠢᠯᠢᠭ ᠣᠨᠣᠴᠠᠲᠠᠶ ᠪᠠᠷ ᠴᠢᠩᠭᠠᠳᠬᠠᠨ᠂ | ᠴᠠᠭ ᠲᠤᠬᠠᠶ ᠳᠤᠨᠢ ᠢᠯᠭᠠᠨ ᠲᠠᠨᠢᠵᠤ ᠬᠠᠪᠰᠤᠷᠤᠨ ᠲᠡᠳᠬᠦᠵᠦ᠂ ᠳᠤᠲᠠᠭᠤᠳᠠᠯ ᠢ ᠨᠥᠬᠦᠪᠥᠷᠢᠯᠡᠬᠦ ᠠᠵᠢᠯ ᠢ ᠰᠠᠶᠢᠲᠤᠷ | ᠬᠢᠵᠦ᠂ ︽ᠭᠤᠷᠪᠠ ᠶᠢ ᠪᠠᠲᠤᠯᠠᠬᠤ︾ ᠪᠠ ᠤᠤᠭᠤᠬᠤ ᠤᠰᠤᠨ ᠤ ᠠᠮᠤᠷ ᠲᠦᠪᠰᠢᠨ ᠢ ᠦᠷᠭᠦᠯᠵᠢᠯᠡᠨ ᠪᠠᠬᠢᠵᠢᠭᠦᠯᠵᠦ | ᠂ ᠬᠡᠪᠴᠢᠶᠡᠵᠢᠭᠰᠡᠨ ᠴᠢᠨᠠᠷᠲᠠᠶ ᠳᠠᠬᠢᠨ ᠶᠠᠳᠠᠭᠤᠷᠠᠬᠤ ᠬᠢᠵᠠᠭᠠᠷ ᠱᠤᠭᠤᠮ ᠢ ᠪᠠᠲᠤ ᠰᠠᠬᠢᠪᠠ᠃ 1.15 ᠳ᠋ᠦᠩᠰᠢᠭᠤᠷ | ᠲᠥᠭᠦᠷᠢᠭ ᠤᠨ ᠪᠠᠯᠠ ᠮᠥᠩᠭᠦ ᠶᠢ ᠵᠣᠯᠭᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ | ᠤᠶᠢᠯᠡᠰ ᠵᠢᠴᠢ ᠰᠠᠭᠤᠷᠢ ᠲᠥᠷᠥᠯ ᠵᠤᠶᠢᠯ ᠢ ᠤᠯᠠᠮ ᠨᠢᠭᠡ ᠠᠯᠬᠤᠮ ᠪᠠᠬᠢᠵᠢᠭᠦᠯᠦᠨ᠎ᠡ᠃ ᠣᠨᠳᠣᠣ ᠭᠠᠵᠠᠷ ᠲᠤ | ᠨᠡᠭᠦᠯᠭᠡᠨ ᠶᠠᠳᠠᠭᠤ ᠶᠢ ᠲᠡᠳᠬᠦᠬᠦ ᠲᠥᠪᠯᠡᠷᠡᠭᠦᠯᠦᠨ ᠲᠥᠪᠬᠢᠨᠡᠭᠦᠯᠬᠦ ᠴᠡᠭ ᠢ ᠰᠡᠯᠪᠢᠨ ᠵᠠᠰᠠᠵᠤ ᠥᠭᠡᠷᠡᠴᠢᠯᠡᠬᠦ | ᠵᠦᠢᠯᠡᠰ ᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠸᠠᠩ ᠬᠠᠶ ᠨᠡᠶᠢᠭᠡᠮ ᠲᠣᠭᠤᠷᠢᠭ ᠤᠨ ᠠᠷᠠᠳ ᠤᠨ | ᠠᠮᠢᠳᠤᠷᠠᠯ ᠤᠨ ᠦᠢᠯᠡᠴᠢᠯᠡᠭᠡᠨ ᠤ ᠲᠥᠪ ᠢ ᠠᠵᠢᠯ ᠡᠬᠢᠯᠡᠭᠦᠯᠦᠨ ᠪᠦᠳᠦᠭᠡᠨ ᠪᠠᠶᠢᠭᠤᠯᠪᠠ᠃ ᠣᠲᠣ ᠦᠶ᠎ᠡ ᠶᠢᠨ | ᠲᠠᠷᠢᠶᠠᠯᠠᠩ ᠤᠨ ᠲᠤᠭ᠎ᠠ ᠬᠡᠮᠵᠢᠶ᠎ᠡ ᠪᠠ ᠶᠠᠰᠤ ᠴᠢᠨᠠᠷ ᠵᠡᠷᠭᠡ ᠪᠠᠷ ᠳᠡᠭᠡᠭᠰᠢᠯᠡᠪᠡ᠃ ᠤᠯᠤᠰ ᠤᠨ ᠠᠮᠤ ᠪᠤᠳᠠᠭᠠᠨ ᠤ | ᠨᠥᠭᠡᠴᠡ ᠶᠢᠨ ᠬᠥᠮᠥᠷᠭᠡ ᠶᠢ ᠲᠠᠰ ᠳᠡᠪᠰᠢᠭᠦᠯᠦᠨ ᠥᠭᠡᠷᠡᠴᠢᠯᠡᠬᠦ ᠲᠥᠷᠥᠯ ᠵᠤᠶᠢᠯ ᠢ ᠪᠡᠶᠡᠯᠡᠭᠦᠯᠵᠦ᠂ ᠬᠠᠭᠤᠷᠠᠶ ᠪᠠᠷ | ᠳᠠᠷᠢᠬᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 5.5 ᠲᠦᠮᠡᠨ ᠮᠥ ᠪᠥᠲᠥᠭᠡᠨ ᠪᠠᠶᠢᠭᠤᠯᠵᠤ᠂ ᠡᠯᠳᠡᠪ ᠠᠮᠤ | ᠡᠯᠳᠡᠪ ᠪᠤᠷᠴᠠᠭ ᠤᠨ ᠳᠠᠷᠢᠬᠤ ᠲᠠᠯᠠᠪᠠᠶ ᠨᠢ ᠶᠡᠷᠦᠩᠬᠡᠶ ᠳᠠᠷᠢᠬᠤ ᠲᠠᠯᠠᠪᠠᠶ ᠶᠢᠨ 50% ᠶᠢ ᠡᠵᠡᠯᠡᠵᠦ᠂ ᠠᠮᠤ | ᠪᠤᠳᠠᠭᠠᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠪᠠ᠃ ︽ ᠯᠢᠶᠠᠩᠴᠧᠩ ᠤᠨ ᠬᠠᠭᠤᠷᠠᠶ ᠠᠮᠤ︾ | ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠨᠢ ᠤᠯᠤᠰ ᠤᠨ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠶᠢᠨ ᠲᠠᠸᠠᠷ ᠤᠨ ᠲᠡᠮᠳᠡᠭ ᠤᠨ ᠳᠡᠩᠰᠡᠯᠡᠯᠲᠡ ᠶᠢᠨ | ᠭᠡᠷᠡᠴᠢᠯᠡᠯ ᠢ ᠭᠥᠷᠳᠡᠵᠦ᠂ 7 ᠠᠵᠤ ᠠᠬᠤᠶᠢᠯᠠᠯ ᠨᠢ ︽ᠤᠯᠠᠭᠠᠨᠴᠠᠪ︾ ᠤᠨ ᠨᠠᠷᠠᠲᠤ ᠲᠥᠷᠥᠯ ᠲᠡᠮᠳᠡᠭᠲᠦ ᠶᠢᠨ ᠡᠷᠬᠡ | ᠣᠯᠭᠤᠯᠲᠠ ᠶᠢ ᠭᠥᠷᠳᠡᠵᠦ᠂ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠢ 2 ᠰᠢᠨ᠎ᠡ ᠪᠠᠷ | ᠨᠡᠮᠡᠭᠳᠡᠭᠦᠯᠪᠡ᠃ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢ ᠪᠦᠬᠦᠰᠢᠶᠠᠨ ᠤ ᠱᠠᠲᠤᠨ ᠤ ᠤᠯᠤᠰ ᠤᠨ | ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠪᠠ ᠣᠯᠠᠨ ᠲᠥᠯᠥᠪᠵᠢᠭᠦᠯᠭᠡ ᠶᠢ ᠨᠢᠭᠡᠳᠬᠡᠭᠰᠡᠨ | ᠬᠡᠷᠡᠭᠯᠡᠭᠡᠨ ᠤ ᠴᠢᠨᠠᠷᠲᠠᠶ ᠠᠶᠢᠯ ᠲᠣᠰᠬᠤᠨᠬᠦᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ | ᠲᠣᠭᠤᠷᠢᠨ ᠢ ᠴᠡᠭᠴᠡᠯᠡᠨ ᠰᠠᠶᠢᠵᠢᠷᠠᠭᠤᠯᠬᠤ ᠲᠠᠪᠤᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ | ᠲᠠᠭ᠎ᠠ ᠶᠢᠨ ᠨᠠᠭᠤᠷ ᠤᠨ ᠰᠠᠪᠠ ᠭᠠᠵᠠᠷ ᠤᠨ 447 ᠠᠶᠢᠯ ᠲᠣᠰᠬᠤᠨ ᠳᠤ 50 ᠪᠣᠰᠤᠭ᠎ᠠ ᠳᠥᠷᠪᠡᠯᠵᠢᠨ ᠮᠧᠲᠷ ᠠᠴᠠ | ᠳᠣᠷᠣᠭᠰᠢ ᠪᠠᠭᠠᠰᠤᠨ ᠪᠣᠬᠢᠷᠲᠤᠯ ᠲᠠᠢ ᠲᠡᠵᠢᠭᠡᠨ ᠦᠷᠡᠵᠢᠭᠦᠯᠬᠦ ᠡᠷᠦᠬᠡ ᠳᠤ ᠴᠥᠮ ᠣᠪᠣᠭᠠᠯᠠᠨ ᠪᠣᠷᠲᠣᠭᠤᠷ ᠢᠰᠬᠡᠬᠦ | ᠬᠠᠶᠢᠷᠴᠠᠭ ᠳᠣᠭᠢᠷᠠᠭᠤᠯᠪᠠ︔ 1912 ᠲᠣᠨ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠬᠤᠷᠢᠶᠠᠨ | ᠠᠪᠤᠨ᠎ᠠ︔ 276 ᠡᠷᠦᠬᠡ ᠶᠢᠨ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠵᠠᠰᠠᠪᠠ︔ 335 | ᠨᠡᠶᠢᠲᠡ ᠶᠢᠨ ᠵᠣᠷᠯᠣᠩ ᠢ ᠥᠭᠡᠷᠡᠴᠢᠯᠡᠨ ᠵᠠᠰᠠᠵᠤ᠂ 743 ᠡᠷᠦᠬᠡ ᠶᠢᠨ ᠵᠣᠷᠯᠣᠩ ᠢ ᠰᠢᠨ᠎ᠡ ᠪᠠᠷ ᠪᠠᠶᠢᠭᠤᠯᠵᠤ᠂ 34 | ᠺᠢᠯᠣᠮᠧᠲᠷ ᠪᠣᠬᠢᠷ ᠤᠰᠤᠨ ᠤ ᠬᠤᠭᠤᠯᠠᠶ ᠶᠢᠨ ᠲᠣᠣᠷ ᠢ ᠳᠡᠪᠢᠰᠦᠭᠡᠳ᠂ ᠬᠥᠳᠡᠭᠡ ᠲᠣᠰᠬᠤᠨ ᠤ ᠡᠷᠦᠬᠡ ᠶᠢᠨ | ᠵᠣᠷᠯᠣᠩ ᠢ ᠰᠢᠨ᠎ᠡ ᠪᠠᠷ ᠪᠠᠶᠢᠭᠤᠯᠪᠠ᠃ | ᠨᠢᠭᠡ ᠵᠢᠯ ᠤᠨ ᠲᠤᠷᠰᠢ᠂ ᠪᠢᠳᠡ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠬᠠᠯᠬᠠᠪᠴᠢ ᠪᠠᠨ | ᠪᠠᠬᠢᠵᠢᠭᠦᠯᠵᠦ᠂ ᠠᠮᠢ ᠠᠬᠤᠶ ᠶᠢᠨ ᠰᠠᠭᠤᠷᠢ ᠥᠩᠭᠡ ᠶᠢ ᠦᠷᠭᠦᠯᠵᠢᠯᠡᠨ ᠭᠡᠷᠡᠯᠲᠦᠭᠦᠯᠪᠡ | ᠲᠠᠭ᠎ᠠ ᠶᠢᠨ ᠨᠠᠭᠤᠷ ᠤᠨ ᠶᠡᠷᠦᠩᠬᠡᠶᠢᠯᠡᠭᠰᠡᠨ ᠵᠠᠰᠠᠯᠲᠠ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠪᠠ᠃ | 14.97 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ 16 ᠵᠤᠶᠢᠯ ᠤᠨ ᠣᠨ ᠤ ᠵᠠᠰᠠᠯᠲᠠ ᠶᠢᠨ | ᠡᠭᠦᠷᠭᠡ ᠶᠢ ᠪᠡᠶᠡᠯᠡᠭᠦᠯᠪᠡ᠃ ᠪᠠᠴᠢᠮ ᠪᠠᠶᠢᠳᠠᠯ ᠢ ᠠᠷᠭᠠᠴᠠᠭᠠᠬᠤ ᠤᠰᠤ ᠨᠥᠬᠦᠪᠥᠷᠢᠯᠡᠬᠦ ᠤᠰᠤᠨ ᠳᠤ ᠵᠢᠪᠦᠭᠰᠡᠨ | ᠣᠷᠣᠨ ᠤ 23.5 ᠲᠦᠮᠡᠨ ᠪᠣᠰᠤᠭ᠎ᠠ ᠳᠥᠷᠪᠡᠯᠵᠢᠨ ᠮᠧᠲᠷ ᠤᠨ ᠢᠷᠣᠭᠠᠷ ᠤᠨ ᠰᠢᠪᠠᠷ ᠢ ᠴᠡᠪᠡᠷᠯᠡᠨ ᠠᠷᠢᠯᠭᠠᠵᠤ᠂ | ᠶᠤᠸᠠᠨ ᠱᠠᠨ ᠭᠸᠤ᠂ ᠴᠠᠷᠭᠠᠰᠤ ᠶᠢᠨ ᠭᠤᠤᠯ᠂ ᠨᠠᠷᠠᠰᠤᠨ ᠭᠤᠤ ᠶᠢᠨ ᠣᠯᠠᠨ ᠡᠬᠢᠲᠦ ᠪᠣᠬᠢᠷᠲᠤᠯ ᠢ ᠰᠡᠷᠭᠡᠶᠢᠯᠡᠨ | ᠡᠵᠡᠮᠳᠡᠵᠦ ᠵᠠᠰᠠᠬᠤ ᠢᠨᠵᠧᠨᠧᠷᠢᠩ ᠢ ᠪᠡᠶᠡᠯᠡᠭᠦᠯᠵᠦ᠂ ᠨᠠᠭᠤᠷ ᠲᠤ ᠴᠢᠳᠬᠤᠬᠤ ᠪᠣᠬᠢᠷᠲᠤᠯ ᠤᠨ ᠳᠠᠭᠠᠭᠠᠴᠠ ᠶᠢ | ᠪᠦᠲᠦᠮᠵᠢᠲᠡᠶ ᠪᠠᠭᠠᠰᠬᠠᠨ᠎ᠠ᠃ ᠨᠠᠭᠤᠷ ᠤᠨ ᠬᠥᠪᠡᠭᠡᠨ ᠤ ᠪᠦᠰᠡ ᠶᠢᠨ ᠭᠠᠵᠠᠷ ᠤᠨ ᠭᠠᠳᠠᠷᠭᠤ ᠶᠢ 1.5 ᠲᠦᠮᠡᠨ ᠮᠥ | ᠴᠡᠪᠡᠷᠯᠡᠵᠦ᠂ ᠤᠤᠯ ᠤᠨ ᠠᠮᠢ ᠠᠬᠤᠶ ᠶᠢᠨ ᠰᠡᠷᠭᠦᠭᠡᠯᠲᠡ ᠶᠢᠨ ᠤᠰᠤᠨ ᠤ ᠤᠷᠭᠤᠮᠠᠯ 2100 ᠮᠥ ᠪᠠᠶᠢᠵᠤ᠂ | ᠨᠠᠭᠤᠷ ᠤᠨ ᠬᠥᠪᠡᠭᠡᠨ ᠤ ᠨᠤᠭᠤ ᠭᠠᠵᠠᠷ ᠢ 1.2 ᠲᠦᠮᠡᠨ ᠮᠥ ᠰᠡᠷᠭᠦᠭᠡᠵᠦ᠂ ᠨᠠᠭᠤᠷ ᠤᠨ ᠣᠷᠣᠨ ᠤ ᠤᠰᠤᠨ ᠤ | ᠴᠢᠨᠠᠷ ᠢ ᠴᠡᠪᠡᠷᠰᠢᠭᠦᠯᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠤᠰᠤᠨ ᠤ ᠠᠮᠢ ᠠᠬᠤᠶ ᠶᠢᠨ | ᠠᠮᠤᠷ ᠲᠦᠪᠰᠢᠨ ᠤ ᠪᠠᠶᠢᠴᠠᠭᠠᠯᠲᠠ ᠦᠨᠡᠯᠡᠯᠲᠡ ᠵᠢᠢᠳᠡᠪᠬᠢᠲᠡᠢ ᠪᠠᠷ ᠴᠢᠷᠮᠠᠶᠢᠨ ᠲᠡᠮᠡᠴᠡᠵᠦ᠂ ᠰᠢᠨᠵᠢᠯᠡᠬᠦ ᠤᠬᠠᠭᠠᠨᠴᠢ | ᠪᠥᠭᠡᠳ ᠶᠠᠪᠤᠭᠳᠠᠭᠤᠰᠢᠲᠠᠢ ᠲᠠᠭ᠎ᠠ ᠶᠢᠨ ᠨᠠᠭᠤᠷ ᠤᠰᠤᠨ ᠤ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ | ᠴᠢᠨᠠᠷ ᠢ ᠬᠢᠨᠠᠨ ᠰᠢᠯᠭᠠᠬᠤ ᠭᠦᠢᠴᠡᠳᠬᠡᠯ ᠲᠤᠭ᠎ᠠ ᠶᠢᠨ ᠰᠢᠰᠲ᠋ᠧᠮ ᠢ ᠰᠢᠨ᠎ᠡ ᠪᠠᠷ ᠪᠠᠶᠢᠭᠤᠯᠪᠠ᠃ ᠠᠮᠢ ᠠᠬᠤᠶ ᠶᠢᠨ | ᠣᠷᠴᠢᠨ ᠨᠥᠬᠦᠴᠡᠯ ᠤᠨ ᠶᠠᠰᠤ ᠴᠢᠨᠠᠷ ᠪᠠ ᠪᠠᠷᠢᠮᠵᠢᠶ᠎ᠠ ᠶᠢ ᠳᠡᠭᠡᠭᠰᠢᠯᠡᠭᠦᠯᠦᠨ᠎ᠡ᠃ ᠲᠥᠪ ᠤᠨ ᠣᠷᠴᠢᠨ ᠠᠬᠤᠶ ᠶᠢᠨ | ᠬᠠᠮᠠᠭᠠᠯᠠᠯᠲᠠ ᠶᠢ ᠰᠢᠪᠠᠳᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠤᠨ ᠣᠨ ᠤ ᠴᠡᠭᠴᠡᠯᠡᠨ | ᠥᠭᠡᠷᠡᠴᠢᠯᠡᠬᠦ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠠᠮᠢ ᠠᠬᠤᠶ ᠶᠢᠨ ᠵᠠᠬᠢᠳᠠᠯ ᠰᠤᠷᠪᠤᠯᠵᠢᠯᠠᠭ᠎ᠠ ᠶᠢᠨ | 27 ᠬᠡᠷᠡᠭ ᠢ ᠪᠦᠬᠦᠨ ᠢ ᠰᠢᠢᠳᠪᠤᠷᠢᠯᠡᠵᠦ ᠳᠠᠭᠤᠰᠬᠠᠪᠠ᠃ ᠥᠪᠡᠷᠲᠡᠭᠡᠨ ᠵᠠᠰᠠᠬᠤ ᠣᠷᠣᠨ ᠤ ᠬᠠᠤᠯᠢ | ᠲᠣᠭᠲᠠᠭᠠᠯ ᠠᠴᠠ ᠵᠥᠷᠢᠴᠡᠨ ᠣᠶ ᠰᠢᠭᠤᠶ ᠨᠤᠲᠤᠭ ᠪᠡᠯᠴᠢᠭᠡᠷ ᠢ ᠡᠵᠡᠯᠡᠨ ᠬᠡᠷᠡᠭᠯᠡᠬᠦ ᠶᠢ ᠲᠤᠰᠬᠠᠶ ᠴᠡᠭᠴᠡᠯᠡᠨ ᠵᠠᠰᠠᠬᠤ | ᠠᠵᠢᠯᠯᠠᠭ᠎ᠠ ᠶᠢᠨ 149 ᠠᠰᠠᠭᠤᠳᠠᠯ ᠢ ᠪᠦᠬᠦᠨ ᠢ ᠴᠡᠭᠴᠡᠯᠡᠨ ᠵᠠᠰᠠᠪᠠ᠃ ᠬᠠᠤᠯᠢ ᠶᠢ ᠵᠥᠷᠢᠴᠡᠨ ᠭᠠᠵᠠᠷ ᠬᠡᠷᠡᠭᠯᠡᠬᠦ ᠶᠢ | ᠲᠤᠰᠬᠠᠶ ᠴᠡᠭᠴᠡᠯᠡᠨ ᠵᠠᠰᠠᠬᠤ ᠶᠢᠨ ︽ᠡᠷᠬᠢᠨ ᠬᠠᠷᠠᠬᠤ︾ ᠴᠡᠭᠴᠡᠯᠡᠨ ᠵᠠᠰᠠᠬᠤ ᠡᠭᠦᠷᠭᠡ ᠶᠢ 279 ᠪᠡᠶᠡᠯᠡᠭᠦᠯᠪᠡ᠃ | 7 ᠠᠭᠤᠷᠬᠠᠶ ᠶᠢᠨ ᠠᠮᠢ ᠠᠬᠤᠶ ᠶᠢ ᠰᠡᠷᠭᠦᠭᠡᠨ ᠵᠠᠰᠠᠬᠤ ᠶᠢ ᠪᠡᠶᠡᠯᠡᠭᠦᠯᠪᠡ᠃ ︽ᠭᠤᠷᠪᠠᠨ ᠣᠷᠣᠨ ᠭᠤᠷᠪᠠᠨ ᠹᠷᠣᠨᠲ︾ | ᠢ ᠵᠠᠭᠠᠭᠯᠠᠨ ᠲᠣᠭᠲᠠᠭᠠᠬᠤ ᠠᠵᠢᠯ ᠢ ᠤᠷᠤᠭᠰᠢᠲᠠᠶ ᠪᠡᠶᠡᠯᠡᠭᠦᠯᠪᠡ᠃ ᠣᠶ ᠰᠢᠭᠤᠶ ᠡᠪᠡᠰᠦ ᠪᠡᠯᠴᠢᠭᠡᠷ ᠤᠨ | ᠤᠷᠭᠤᠯᠲᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠭᠤᠷᠪᠠᠨ ᠱᠠᠲᠤᠨ ᠤ ᠰᠢᠰᠲ᠋ᠧᠮᠵᠢ ᠶᠢᠨ ᠪᠥᠲᠥᠭᠡᠨ | ᠪᠠᠶᠢᠭᠤᠯᠤᠯᠲᠠ ᠶᠢ ᠪᠦᠷᠢᠨᠰᠢᠬᠦᠯᠦᠨ᠂ 2.7 ᠲᠦᠮᠡᠨ ᠮᠥ ᠣᠶ ᠰᠢᠭᠤᠶ ᠶᠢᠨ ᠤᠶᠢᠯᠡᠳᠪᠤᠷᠢᠯᠡᠯ ᠤᠨ ᠪᠥᠲᠥᠭᠡᠨ | ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠵᠦ᠂ ᠣᠶ ᠰᠢᠭᠤᠶ ᠡᠪᠡᠰᠦ ᠪᠡᠯᠴᠢᠭᠡᠷ ᠤᠨ ᠡᠬᠢ ᠪᠠᠶᠠᠯᠢᠭ ᠢ ᠲᠦᠢᠯ ᠤᠨ | ᠶᠡᠭᠡ ᠪᠠᠷ ᠬᠠᠮᠠᠭᠠᠯᠠᠪᠠ᠃ ᠬᠥᠷᠥᠰᠥ ᠰᠢᠷᠣᠶ ᠶᠢᠨ ᠢᠳᠡᠭᠳᠡᠯ ᠢ ᠵᠠᠰᠠᠭᠰᠠᠨ ᠲᠠᠯᠠᠪᠠᠢ 10 ᠲᠡᠭᠰᠢ ᠳᠥᠷᠪᠡᠯᠵᠢᠨ | ᠺᠢᠯᠣᠮᠧᠲᠷ ᠪᠠᠶᠢᠵᠤ᠂ ᠰᠢᠶᠠᠨ ᠤ ᠤᠰᠤᠨ ᠠᠰᠢᠭᠯᠠᠯᠲᠠ ᠶᠢᠨ ᠲᠣᠪᠴᠢᠶ᠎ᠠ ︽ᠪᠦᠬᠦ ᠤᠯᠤᠰ ᠤᠨ ᠬᠥᠷᠥᠰᠥ ᠰᠢᠷᠣᠶ ᠶᠢ | ᠬᠠᠮᠠᠭᠠᠯᠠᠬᠤ ᠠᠵᠢᠯ ᠤᠨ ᠲᠡᠷᠢᠭᠦᠨ ᠤ ᠬᠠᠮᠲᠤ︾ ᠶᠢ ᠢᠷᠠᠭᠤ ᠠᠯᠳᠠᠷᠲᠠᠶ ᠪᠠᠷ ᠬᠦᠷᠳᠡᠪᠡ᠃ ᠤᠰᠤᠨ ᠤ ᠡᠬᠢ | ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠲᠦᠷᠢᠮ ᠢ ᠨᠠᠶᠢᠳᠠᠪᠤᠷᠢᠵᠢᠭᠤᠯᠵᠤ᠂ ᠪᠥᠬᠦ ᠬᠤᠲᠠ ᠳᠤ ᠡᠩ | ᠲᠡᠷᠢᠭᠦᠨ ᠳᠤ ︽ᠤᠰᠤᠨ ᠤ ᠡᠬᠢ ᠪᠠᠶᠠᠯᠢᠭ ᠤᠨ ᠬᠡᠷᠡᠭᠯᠡᠯᠲᠡ ᠶᠢᠨ ᠬᠠᠮᠢᠶᠠᠷᠤᠯᠲᠠ ᠶᠢᠨ ᠲᠥᠰᠦᠯ︾ ᠢ ᠲᠣᠭᠲᠠᠭᠠᠨ | ᠳᠠᠷᠤᠮᠠᠯᠯᠠᠨ ᠲᠠᠷᠬᠠᠭᠠᠵᠤ᠂ ᠮᠠᠨ ᠤ ᠰᠢᠶᠠᠨ ᠪᠥᠬᠦ ᠤᠯᠤᠰ ᠤᠨ ᠲᠠᠪᠤᠳᠤᠭᠠᠷ ᠪᠦᠯᠦᠭ ᠤᠨ ᠤᠰᠤ ᠠᠷᠪᠢᠯᠠᠬᠤ | ᠬᠡᠯᠪᠡᠷᠢ ᠶᠢᠨ ᠨᠡᠶᠢᠭᠡᠮ ᠤᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠰᠡᠨ ᠰᠢᠶᠠᠨ ᠢᠶᠠᠷ ᠦᠨᠡᠯᠡᠭᠳᠡᠪᠡ᠃ | ᠨᠡᠭᠦᠷᠡᠰᠦ ᠶᠢ ᠰᠤᠯᠠ ᠰᠢᠲᠠᠭᠠᠬᠤ ᠶᠢ ᠪᠦᠲᠦᠮᠵᠢᠲᠡᠶ ᠴᠡᠭᠴᠡᠯᠡᠨ ᠵᠠᠰᠠᠵᠤ᠂ ᠵᠠᠮ ᠬᠠᠷᠢᠯᠴᠠᠭ᠎ᠠ᠂ ᠪᠠᠷᠢᠯᠭ᠎ᠠ ᠶᠢᠨ | ᠭᠠᠵᠠᠷ ᠤᠨ ᠲᠣᠭᠤᠰᠣ ᠰᠢᠷᠣᠶ ᠵᠡᠷᠭᠡ ᠠᠭᠠᠷ ᠮᠠᠨᠳᠠᠯ ᠤᠨ ᠵᠠᠰᠠᠯᠲᠠ ᠳᠤ ᠲᠣᠪᠤᠶᠢᠮ᠎ᠠ ᠦᠷ᠎ᠡ ᠪᠦᠲᠦᠮᠵᠢ ᠣᠯᠵᠤ᠂ | ᠡᠪᠦᠯ ᠤᠨ ᠣᠯᠧᠮᠫᠢᠺ ᠴᠤᠭᠯᠠᠭᠠᠨ᠂ ᠡᠪᠦᠯ ᠤᠨ ᠵᠡᠮᠳᠡᠭᠴᠦᠳ ᠤᠨ ᠣᠯᠠᠮᠫᠢᠺ ᠶᠢᠨ ᠴᠤᠭᠯᠠᠭᠠᠨ ᠭᠤᠤᠯᠳᠠᠯᠭ᠎ᠠ ᠲᠠᠢ | ᠴᠠᠭ ᠬᠤᠭᠤᠴᠠᠭᠠᠨ ᠤ ᠠᠭᠠᠷ ᠤᠨ ᠶᠠᠰᠤ ᠴᠢᠨᠠᠷ ᠢ ᠪᠠᠲᠤᠯᠠᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ᠃ | ᠨᠢᠭᠡ ᠵᠢᠯ ᠤᠨ ᠲᠤᠷᠰᠢ᠂ ᠪᠢᠳᠡ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ | ᠳᠤᠲᠠᠭᠤᠳᠠᠯ ᠢᠶᠠᠨ ᠬᠦᠴᠦᠲᠡᠢ ᠨᠥᠬᠦᠪᠥᠷᠢᠯᠡᠵᠦ᠂ ᠰᠠᠭᠤᠷᠢ ᠲᠥᠬᠦᠭᠡᠷᠦᠮᠵᠢ ᠡᠳᠦᠷ ᠢᠷᠡᠬᠦᠶ᠎ᠡ ᠲᠡᠭᠦᠯᠳᠡᠷᠵᠢᠵᠡᠢ᠃ | ᠬᠤᠲᠠ ᠪᠠᠯᠭᠠᠰᠤᠨ ᠤ ᠶᠠᠰᠤ ᠴᠢᠨᠠᠷ ᠪᠥᠬᠦ ᠲᠠᠯ᠎ᠠ ᠪᠠᠷ ᠳᠡᠭᠡᠭᠰᠢᠯᠡᠪᠡ᠃ ᠰᠢᠩ ᠳ᠋ᠡ ᡁᠢ ᠬᠤᠲᠠ ᠶᠢᠨ ᠳᠥᠭᠦᠮ | ᠪᠦᠳᠦᠭᠦᠯᠢᠭ ᠣᠷᠣᠨ ᠰᠠᠭᠤᠴᠠᠳᠤ ᠲᠣᠭᠤᠷᠢᠭ ᠢ ᠥᠭᠡᠷᠡᠴᠢᠯᠡᠨ ᠵᠠᠰᠠᠬᠤ ᠲᠥᠷᠥᠯ ᠵᠤᠶᠢᠯ ᠢ ᠪᠥᠬᠦ ᠲᠠᠯ᠎ᠠ ᠪᠠᠷ | ᠳᠠᠭᠤᠰᠬᠠᠵᠤ᠂ ᠠᠨ ᠺᠠᠩ ᠬᠡᠷ ᠣᠷᠣᠨ ᠤ ᠢᠵᠢ ᠪᠦᠷᠢᠨ ᠪᠤᠰᠤ ᠣᠷᠣᠨ ᠰᠠᠭᠤᠴᠠ ᠶᠢ ᠥᠭᠡᠷᠡᠴᠢᠯᠡᠨ ᠵᠠᠰᠠᠬᠤ | ᠠᠵᠢᠯ ᠢ ᠤᠷᠤᠭᠰᠢᠲᠠᠶ ᠠᠬᠢᠭᠤᠯᠪᠠ᠃ 16 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ | ᠵᠠᠰᠠᠵᠤ᠂ ᠬᠡᠷ ᠪᠠᠶᠢᠰᠢᠩ ᠤᠨ ᠤᠰᠤᠨ ᠤ ᠰᠡᠷᠭᠡᠶᠢᠯᠡᠯᠲᠡ ᠶᠢ ᠰᠠᠶᠢᠵᠢᠷᠠᠭᠤᠯᠵᠤ᠂ ᠡᠮᠬᠢ ᠵᠠᠮᠪᠠᠷᠠᠭ᠎ᠠ ᠥᠬᠡᠶ ᠵᠠᠮ | ᠱᠤᠭᠤᠮ ᠢ ᠴᠡᠭᠴᠡᠯᠡᠨ ᠵᠠᠰᠠᠵᠤ᠂ ᠡᠪᠳᠡᠷᠡᠵᠦ ᠰᠤᠶᠢᠳᠤᠭ᠍ᠰᠡᠨ ᠵᠠᠮ ᠢ ᠵᠠᠰᠠᠨ ᠰᠡᠯᠪᠢᠵᠦ᠂ ᠨᠣᠭᠤᠭᠠᠷᠠᠭᠤᠯᠵᠤ | ᠭᠡᠷᠡᠯᠲᠦᠭᠦᠯᠬᠦ ᠶᠢ ᠴᠢᠩᠭᠠᠳᠬᠠᠨ᠂ 866 ᠡᠷᠦᠬᠡ ᠶᠢᠨ 2100 ᠭᠠᠷᠤᠶ ᠬᠥᠮᠦᠨ ᠳᠤ ᠠᠰᠢᠭ ᠬᠦᠷᠲᠡᠭᠡᠪᠡ᠃ | ᠬᠤᠩ ᠮᠤᠤ ᠪᠠᠯᠭᠠᠰᠤᠨ ᠤ ᠪᠣᠷᠣᠭᠠᠨ ᠤ ᠪᠣᠬᠢᠷ ᠤᠰᠤᠨ ᠤ ᠬᠤᠭᠤᠯᠠᠶ ᠶᠢᠨ ᠲᠣᠤᠷ ᠵᠢᠴᠢ ᠵᠠᠮ ᠤᠨ | ᠥᠭᠡᠷᠡᠴᠢᠯᠡᠯᠲᠡ ᠶᠢᠨ ᠢᠨᠵᠧᠨᠧᠷᠢᠩ ᠢ ᠬᠡᠷᠡᠭᠵᠢᠭᠦᠯᠵᠦ᠂ ᠪᠣᠷᠣᠭᠠᠨ ᠤ ᠤᠰᠤᠨ ᠤ ᠬᠤᠭᠤᠯᠠᠶ ᠶᠢ 26 ᠺᠢᠯᠣᠮᠧᠲᠷ᠂ | ᠪᠣᠬᠢᠷ ᠤᠰᠤᠨ ᠤ ᠬᠤᠭᠤᠯᠠᠶ ᠶᠢ 3.7 ᠺᠢᠯᠣᠮᠧᠲᠷ ᠳᠡᠪᠢᠰᠴᠦ᠂ ᠭᠤᠤᠯ ᠵᠡᠭᠡᠯᠢ ᠭᠤᠳᠤᠮᠵᠢ ᠶᠢ ᠪᠦᠬᠦᠨ ᠢ | ᠪᠦᠷᠬᠦᠭᠦᠯᠪᠡ᠃ ᠲᠥᠪ ᠬᠤᠲᠠ ᠶᠢᠨ ᠲᠣᠭᠤᠷᠢᠭ ᠤᠨ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠲᠠᠰᠤᠷᠠᠯᠲᠠ | ᠥᠬᠡᠶ ᠰᠠᠶᠢᠵᠢᠷᠠᠭᠤᠯᠵᠤ᠂ 15 ᠭᠤᠤᠯ ᠵᠡᠭᠡᠯᠢ ᠭᠤᠳᠤᠮᠵᠢ ᠶᠢᠨ ᠪᠠᠷᠤᠭ 20 ᠺᠢᠯᠣᠮᠧᠲᠷ ᠲᠤ ᠴᠥᠮ ᠲᠣᠰᠣᠨ ᠤ | ᠭᠠᠳᠠᠷᠭᠤ ᠶᠢ ᠰᠢᠨ᠎ᠡ ᠪᠠᠷ ᠳᠡᠪᠢᠰᠪᠡ᠃ ᠲᠥᠪᠯᠡᠷᠡᠭᠦᠯᠦᠨ ᠢᠯᠴᠢ ᠬᠠᠩᠭᠠᠬᠤ ᠬᠤᠭᠤᠯᠠᠶ ᠶᠢᠨ ᠲᠣᠣᠷ ᠢ ᠪᠠᠶᠢᠭᠤᠯᠬᠤ | ᠢᠨᠵᠧᠨᠧᠷᠢᠩ ᠢ ᠬᠡᠷᠡᠭᠵᠢᠭᠦᠯᠵᠦ᠂ ᠲᠥᠪᠯᠡᠷᠡᠭᠦᠯᠦᠨ ᠢᠯᠴᠢ ᠬᠠᠩᠭᠠᠬᠤ ᠲᠠᠯᠠᠪᠠᠢ ᠶᠢ 5200 ᠡᠷᠦᠬᠡ ᠳᠤ 60 | ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠪᠡ᠃ ᠪᠤᠴᠠᠵᠤ ᠨᠡᠭᠦᠬᠦ ᠳᠤ ᠬᠦᠴᠢᠷ᠂ ᠣᠷᠣᠵᠤ | ᠰᠠᠭᠤᠬᠤ ᠳᠤ ᠬᠦᠴᠢᠷ ᠠᠰᠠᠭᠤᠳᠠᠯ ᠢ 3 ᠭᠠᠵᠠᠷ 204 ᠡᠷᠦᠬᠡ ᠰᠢᠢᠳᠪᠤᠷᠢᠯᠡᠵᠦ᠂ ᠦᠨᠡᠮᠯᠡᠯ ᠠᠪᠬᠤ ᠳᠤ ᠬᠦᠴᠢᠷ | ᠠᠰᠠᠭᠤᠳᠠᠯ ᠢ 27 ᠵᠢᠵᠢᠭ ᠲᠣᠭᠤᠷᠢᠭ ᠤᠨ 2633 ᠡᠷᠦᠬᠡ ᠰᠢᠢᠳᠪᠤᠷᠢᠯᠡᠵᠠᠢ᠃ ᠬᠠᠮᠲᠤ ᠪᠠᠷ ᠡᠳ᠋ᠯᠡᠬᠦ 150 | ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠵᠣᠬᠢᠰᠲᠠᠶ ᠪᠠᠶᠢᠷᠢᠯᠠᠭᠤᠯᠵᠤ᠂ ᠣᠯᠠᠨ ᠲᠦᠮᠡᠨ ᠤ ᠶᠠᠪᠤᠵᠤ | ᠰᠠᠭᠤᠬᠤ ᠳᠤ ᠨᠠᠩ ᠲᠥᠬᠦᠮ ᠪᠣᠯᠭᠠᠪᠠ᠃ ᠬᠥᠳᠡᠭᠡ ᠲᠣᠰᠬᠤᠨ ᠤ ᠰᠠᠭᠤᠷᠢ ᠨᠥᠬᠦᠴᠡᠯ ᠠᠯᠬᠤᠮ ᠠᠯᠬᠤᠮ ᠢᠶᠠᠷ | ᠰᠠᠶᠢᠵᠢᠷᠠᠪᠠ᠃ 15 ᠨᠡᠯᠢᠶᠡᠳ ᠶᠡᠭᠡ ᠬᠥᠮᠦᠨ ᠠᠮᠠ ᠶᠢᠨ ᠬᠡᠪᠴᠢᠶ᠎ᠡ ᠲᠠᠢ ᠪᠠᠶᠢᠭᠠᠯᠢ ᠶᠢᠨ ᠲᠣᠰᠬᠤᠨ ᠳᠤ 22.3 | ᠺᠢᠯᠣᠮᠧᠲᠷ ᠬᠠᠲᠠᠭᠤᠷᠠᠭᠤᠯᠤᠭᠰᠠᠨ ᠵᠠᠮ ᠨᠡᠪᠲᠡᠷᠡᠭᠦᠯᠦᠨ᠂ ᠴᠢᠤᠸᠠᠨ ᠪᠥᠸᠧ ᠽᠢ — ᠶᠤᠸᠠᠨ ᠱᠠᠨ ᠽᠢ | ᠪᠠᠶᠢᠭᠤᠯᠤᠮᠵᠢ ᠶᠢᠨ ᠳᠦᠷᠢᠮᠲᠦ ᠲᠣᠰᠬᠤᠨ ᠳᠤ 15.5 ᠺᠢᠯᠣᠮᠧᠲᠷ ᠬᠤᠤᠰ ᠲᠡᠷᠭᠡᠨ ᠵᠠᠮ ᠨᠡᠪᠲᠡᠷᠡᠭᠦᠯᠦᠨ᠂ ᠸᠧᠶ | ᠵᠠᠨ ᠶᠢᠩ — ᠵᠢᠷᠭᠤᠳᠤᠭᠠᠷ ᠰᠤᠮᠤ — ᠵᠣᠣ ᠵᠢᠶᠠ ᠪᠥᠸᠧ ᠶᠢᠨ ᠬᠡᠰᠡᠭ ᠤᠨ ᠬᠥᠳᠡᠭᠡ ᠲᠣᠰᠬᠤᠨ ᠤ ᠵᠠᠰᠠᠮᠠᠯ | ᠵᠠᠮ ᠢ 16.5 ᠺᠢᠯᠣᠮᠧᠲᠷ ᠶᠠᠰᠤ ᠴᠢᠨᠠᠷ ᠢ ᠳᠡᠭᠡᠭᠰᠢᠯᠡᠭᠦᠯᠦᠨ ᠥᠭᠡᠷᠡᠴᠢᠯᠡᠵᠦ᠂ ᠬᠥᠳᠡᠭᠡ ᠲᠣᠰᠬᠤᠨ ᠤ ᠵᠠᠰᠠᠮᠠᠯ | ᠵᠠᠮ ᠤᠨ 2 ᠨᠤᠷᠠᠬᠤ ᠠᠶᠤᠯᠲᠠᠶ ᠬᠥᠭᠦᠷᠭᠡ ᠶᠢ ᠥᠭᠡᠷᠡᠴᠢᠯᠡᠨ ᠵᠠᠰᠠᠵᠤ᠂ ᠲᠣᠰᠬᠤᠨ ᠤ ᠵᠠᠮ ᠤᠨ ᠠᠮᠤᠷ ᠲᠦᠪᠰᠢᠨ | ᠠᠮᠢ ᠨᠠᠰᠤᠨ ᠤ ᠬᠠᠮᠠᠭᠠᠯᠠᠯᠲᠠ ᠶᠢᠨ ᠢᠨᠵᠧᠨᠧᠷᠢᠩ ᠢ 7 ᠺᠢᠯᠣᠮᠧᠲᠷ ᠬᠡᠷᠡᠭᠵᠢᠭᠦᠯᠪᠡ᠃ 5G ᠶᠢᠨ ᠰᠠᠭᠤᠷᠢ | ᠥᠷᠲᠡᠭᠡ ᠶᠢ 145 ᠪᠠᠶᠢᠭᠤᠯᠵᠤ᠂ 5G ᠶᠢᠨ ᠳᠣᠬᠢᠶ᠎ᠠ ᠶᠢᠨ ᠬᠠᠮᠤᠷᠬᠤ ᠬᠡᠪᠴᠢᠶ᠎ᠡ ᠶᠢ ᠠᠯᠬᠤᠮ ᠠᠯᠬᠤᠮ ᠢᠶᠠᠷ | ᠥᠷᠭᠡᠳᠬᠡᠪᠡ᠃ ︽ᠭᠤᠷᠪᠠᠨ ᠬᠦᠪᠡᠭᠡ ᠲᠤᠯᠤᠭᠠᠨ ᠣᠷᠣᠨ︾ ᠤ ᠰᠤᠯᠠ ᠪᠤᠯᠠᠵᠤ ᠳᠤᠷ᠎ᠠ ᠪᠠᠷ ᠢᠶᠠᠨ | ᠣᠷᠣᠰᠢᠭᠤᠯᠬᠤ ᠶᠢ ᠲᠤᠰᠬᠠᠶᠢᠯᠠᠨ ᠵᠠᠰᠠᠬᠤ ᠠᠵᠢᠯ ᠢ ᠭᠦᠨᠵᠡᠭᠡᠶ ᠲᠦᠯᠬᠢᠨ ᠠᠬᠢᠭᠤᠯᠵᠤ᠂ ᠬᠠᠲᠠᠭᠤ ᠬᠠᠯᠢᠰᠤᠲᠤ | ᠪᠤᠯᠠᠰᠢ ᠶᠢ 1985 ᠰᠠᠭᠤᠷᠢ ᠨᠡᠭᠦᠯᠭᠡᠨ ᠰᠢᠯᠵᠢᠭᠦᠯᠬᠦ ᠪᠠ ᠵᠠᠰᠠᠪᠠ᠃ ᠠᠭᠠᠷ ᠤᠨ ᠠᠶᠠᠯᠠᠯ ᠤᠨ ᠣᠢ ᠰᠢᠭᠤᠶ | ᠬᠠᠮᠠᠭᠠᠯᠠᠬᠤ ᠥᠷᠲᠡᠭᠡ ᠤᠳᠠᠯ ᠦᠭᠡᠢ ᠪᠠᠷᠢᠯᠭ᠎ᠠ ᠳᠠᠭᠤᠰᠬᠤ ᠭᠡᠵᠦ ᠪᠠᠶᠢᠨ᠎ᠠ᠃ | ᠨᠢᠭᠡ ᠵᠢᠯ ᠤᠨ ᠲᠤᠷᠰᠢ᠂ ᠪᠢᠳᠡ ᠲᠦᠷᠭᠡᠨ ᠪᠥᠭᠡᠳ ᠲᠣᠭᠲᠠᠭᠤᠨ ᠢᠶᠠᠷ ᠤᠷᠤᠭᠰᠢᠯᠠᠵᠤ᠂ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠪᠦᠲᠦᠮᠵᠢᠲᠡᠶ ᠪᠠᠷ | ᠬᠥᠭᠵᠢᠭᠡᠪᠡ | ᠭᠤᠣᠯᠳᠠᠯᠭ᠎ᠠ ᠲᠠᠢ ᠥᠭᠡᠷᠡᠴᠢᠯᠡᠯᠲᠡ ᠶᠢ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠪᠠ᠃ ︽ᠪᠠᠭᠤᠯᠭᠠᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠵᠤ᠂ ᠡᠯᠧᠺᠲᠷᠣᠨ ᠵᠠᠰᠠᠭ ᠤᠨ | ᠶᠠᠪᠤᠳᠠᠯ ᠤᠨ ᠭᠠᠳᠠᠷ ᠰᠦᠯᠵᠢᠶ᠎ᠡ ᠶᠢ ᠰᠢᠶᠠᠩ ᠪᠠᠯᠭᠠᠰᠤ ᠪᠠ ᠰᠢᠶᠠᠨ ᠤ ᠱᠠᠲᠤᠨ ᠤ ᠬᠢᠨᠠᠨ ᠵᠥᠪᠰᠢᠶᠡᠷᠡᠬᠦ ᠰᠠᠯᠠᠭ᠎ᠠ | ᠮᠥᠴᠢᠷ ᠲᠤ ᠨᠡᠶᠢᠳᠡᠮ ᠬᠠᠮᠤᠷᠤᠭᠤᠯᠬᠤ ᠶᠢ ᠪᠡᠶᠡᠯᠡᠭᠦᠯᠵᠦ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ | ᠵᠦᠢᠯᠡᠰ ᠢ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠨᠤᠷᠮ᠎ᠠ ᠪᠠ ᠴᠠᠭ ᠲᠤᠬᠠᠶ ᠳᠤᠨᠢ ᠭᠦᠢᠴᠡᠳᠬᠡᠵᠦ | ᠳᠠᠭᠤᠰᠬᠠᠬᠤ ᠨᠤᠷᠮ᠎ᠠ ᠶᠢ ᠴᠥᠮ 100% ᠳᠤ ᠬᠦᠷᠭᠡᠵᠦ᠂ 36 ᠵᠦᠢᠯ ᠤᠨ ᠢᠨᠵᠧᠨᠧᠷᠢᠩ ᠤᠨ ᠪᠦᠳᠦᠭᠡᠨ | ᠪᠠᠶᠢᠭᠤᠯᠤᠯᠲᠠ ᠶᠢᠨ ᠵᠦᠢᠯᠡᠰ ᠢ ᠬᠢᠨᠠᠨ ᠵᠥᠪᠰᠢᠶᠡᠷᠡᠬᠦ ᠵᠦᠢᠯᠡᠰ ᠢ ︽ᠨᠢᠭᠡ ᠰᠦᠯᠵᠢᠶ᠎ᠡ ᠪᠠᠷ ᠨᠡᠶᠢᠳᠡᠮ | ᠰᠢᠢᠳᠪᠤᠷᠢᠯᠡᠬᠦ︾ ᠶᠢ ᠪᠡᠶᠡᠯᠡᠭᠦᠯᠪᠡ᠃ ︽ᠥᠪᠥᠷ ᠮᠣᠩᠭᠤᠯ ᠤᠨ ᠲᠦᠷᠭᠡᠨ ᠬᠤᠷᠳᠤᠴᠠ ᠶᠢᠨ ᠠᠯᠪᠠᠨ ᠬᠡᠷ · | ᠳᠥᠷᠪᠡ ᠶᠢ ᠠᠯᠪᠠᠨ ᠬᠡᠷ︾ ᠢ ᠭᠦᠨᠵᠡᠭᠡᠶᠢᠷᠡᠭᠦᠯᠦᠨ ᠠᠬᠢᠭᠤᠯᠵᠤ᠂ ᠨᠢᠷᠠᠶ ᠬᠡᠤᠬᠡᠳ ᠤᠨ ᠨᠢᠭᠡ ᠶᠠᠪᠤᠳᠠᠯ᠂ ᠡᠷᠡᠭᠦᠯ | ᠮᠡᠨᠳᠦ ᠶᠢᠨ ᠦᠨᠡᠮᠯᠡᠯ᠂ ᠵᠡᠮᠳᠡᠭᠴᠦᠳ ᠤᠨ ᠦᠨᠡᠮᠯᠡᠯ ᠢ ᠨᠢᠭᠡ ᠯᠡ ᠤᠳᠠᠭ᠎ᠠ ᠳᠤ ᠭᠦᠢᠴᠡᠳᠭᠡᠬᠦ ᠶᠢ ᠪᠡᠶᠡᠯᠡᠭᠦᠯᠵᠦ᠂ | ᠣᠯᠠᠨ ᠲᠦᠮᠡᠨ ᠤ ᠰᠠᠶᠢᠨ ᠦᠨᠡᠯᠡᠯᠲᠡ ᠶᠢ ᠤᠯᠪᠠ᠃ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦᠷᠦᠩᠭᠡ ᠪᠠ ᠤᠢ | ᠮᠣᠳᠣᠨ ᠤ ᠡᠷᠬᠡ ᠶᠢᠨ ᠦᠨᠡᠮᠯᠡᠯ ᠢ ᠬᠠᠷᠭᠤᠭᠤᠯᠤᠨ ᠪᠠᠶᠢᠴᠠᠭᠠᠵᠤ ᠲᠠᠩᠰᠠᠯᠠᠨ ᠡᠷᠬᠡ ᠶᠢ ᠨᠤᠲᠠᠯᠠᠨ ᠲᠣᠭᠲᠠᠭᠠᠬᠤ | ᠠᠵᠢᠯ ᠢ ᠡᠮᠬᠢ ᠵᠢᠷᠤᠮ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶ | ᠲᠦᠯᠬᠢᠨ ᠠᠬᠢᠭᠤᠯᠵᠤ᠂ 1196 ᠢᠵᠢ ᠬᠡᠮᠵᠢᠯᠲᠡ ᠶᠢᠨ ᠲᠥᠬᠦᠭᠡᠷᠦᠮᠵᠢ ᠶᠢ ᠤᠭᠰᠠᠷᠠᠪᠠ᠃ ᠬᠤᠳᠠᠯᠳᠤᠭ᠎ᠠ | ᠡᠵᠡᠩᠨᠡᠬᠦ ᠣᠷᠴᠢᠨ ᠨᠥᠬᠦᠴᠡᠯ ᠦᠷᠭᠦᠯᠵᠢᠯᠡᠨ ᠰᠢᠯᠢᠳᠡᠭᠵᠢᠪᠡ᠃ ᠤᠯᠤᠰ ᠤᠨ ᠭᠠᠶᠢᠯᠢ ᠶᠢ ᠬᠥᠩᠭᠡᠯᠡᠵᠦ ᠰᠦᠢᠳᠬᠡᠯ ᠢ | ᠪᠠᠭᠤᠷᠠᠭᠤᠯᠬᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠠᠶᠢᠯᠢ ᠶᠢ ᠬᠥᠩᠭᠡᠯᠡᠵᠦ | ᠰᠦᠢᠳᠬᠡᠯ ᠢ ᠪᠠᠭᠤᠷᠠᠭᠤᠯᠬᠤ ᠲᠠᠯ᠎ᠠ ᠪᠠᠷ 8032 ᠲᠦᠮᠡᠨ ᠲᠥᠭᠦᠷᠢᠭ ᠢ ᠰᠢᠨ᠎ᠡ ᠪᠠᠷ ᠨᠡᠮᠡᠭᠳᠡᠭᠦᠯᠵᠦ᠂ 5081 | ᠲᠦᠮᠡᠨ ᠲᠥᠭᠦᠷᠢᠭ ᠤᠨ ᠭᠠᠶᠢᠯᠢ ᠶᠢ ᠪᠤᠴᠠᠭᠠᠭᠰᠠᠨ ᠴᠡᠪᠡᠷ ᠠᠰᠢᠭ ᠨᠢ ᠵᠠᠬ᠎ᠠ ᠳᠡᠯᠭᠡᠭᠦᠷ ᠤᠨ ᠪᠡᠶᠡᠴᠢ ᠴᠣᠭᠴᠠ ᠳᠤ | ᠰᠢᠭᠤᠳ ᠬᠦᠷᠴᠦ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠬᠦᠴᠢᠷᠳᠡᠯ ᠢ ᠰᠢᠢᠳᠪᠤᠷᠢᠯᠡᠨ ᠬᠦᠴᠢᠷᠳᠡᠯ ᠢ | ᠰᠢᠢᠳᠪᠤᠷᠢᠯᠡᠬᠦ ᠳᠤ ᠬᠦᠴᠦᠨ ᠨᠡᠮᠡᠷᠢᠯᠡᠵᠦ᠂ ᠬᠥᠭᠵᠢᠯᠲᠡ ᠶᠢᠨ ᠢᠲᠡᠭᠡᠯ ᠵᠣᠷᠢᠭ ᠢ ᠨᠢ ᠬᠥᠪᠴᠢᠯᠡᠪᠡ᠃ ᠠᠵᠤ | ᠠᠬᠤᠶᠢᠯᠠᠯ ᠤᠨ ᠪᠠᠯᠠ ᠣᠷᠣᠭᠤᠯᠤᠯᠲᠠ ᠶᠢᠨ ᠲᠥᠷᠥᠯ ᠵᠤᠶᠢᠯ ᠢ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ | ᠨᠣᠷᠮ᠎ᠠ ᠶᠢ 100% ᠳᠤ ᠬᠦᠷᠭᠡᠵᠦ᠂ ᠠᠵᠤ ᠠᠬᠤᠶᠢᠯᠠᠯ ᠤᠨ ᠣᠯᠠᠨ ᠲᠦᠮᠡᠨ ᠤ ᠠᠵᠢᠯ ᠶᠠᠪᠤᠳᠠᠯ | ᠭᠦᠢᠴᠡᠳᠭᠡᠬᠦ ᠳᠤ ᠲᠥᠬᠦᠮ ᠦᠵᠡᠭᠦᠯᠬᠦ 42 ᠠᠵᠤ ᠠᠬᠤᠶᠢᠯᠠᠯ ᠢ ᠬᠠᠪᠰᠤᠷᠤᠨ ᠡᠷᠭᠢᠯᠡᠵᠦ ᠣᠷᠣᠯᠠᠨ ᠡᠷᠭᠢᠯᠡᠵᠦ᠂ | ᠲᠥᠷᠥᠯ ᠵᠤᠶᠢᠯ ᠢ ᠮᠡᠳᠡᠭᠦᠯᠦᠨ ᠪᠠᠶᠢᠭᠤᠯᠬᠤ ᠶᠢ ᠬᠢᠨᠠᠨ ᠵᠥᠪᠰᠢᠶᠡᠷᠡᠭᠦᠯᠬᠦ ᠶᠠᠪᠤᠴᠠ ᠳᠠᠬᠢ ᠲᠦᠪᠡᠭᠲᠡᠶ ᠠᠰᠠᠭᠤᠳᠠᠯ | ᠪᠠ ᠲᠦᠪᠡᠭᠲᠡᠶ ᠠᠰᠠᠭᠤᠳᠠᠯ ᠢ ᠦᠨᠡᠨ ᠬᠦ ᠰᠢᠢᠳᠪᠤᠷᠢᠯᠡᠪᠡ᠃ ᠠᠵᠤ ᠠᠬᠤᠶᠢᠯᠠᠯ ᠳᠤ ᠬᠤᠯᠪᠣᠭᠳᠠᠭᠰᠠᠨ ᠠᠷᠠᠳ ᠲᠤ | ᠲᠥᠬᠦᠮ ᠦᠵᠡᠭᠦᠯᠬᠦ ᠵᠤᠶᠢᠯᠡᠰ ᠢ ᠪᠥᠬᠦ ᠶᠠᠪᠤᠴᠠ ᠳᠤ ᠰᠦᠯᠵᠢᠶ᠎ᠡ ᠪᠠᠷ ᠡᠷᠭᠢᠯᠡᠬᠦ ᠪᠠ ︽ᠶᠡᠷᠦᠩᠬᠡᠶᠢᠯᠡᠭᠰᠡᠨ ᠲᠣᠮᠣ | ᠴᠣᠩᠬᠤ︾ ᠪᠠᠷ ᠭᠦᠢᠴᠡᠳᠭᠡᠬᠦ ᠶᠢ ᠪᠡᠶᠡᠯᠡᠭᠦᠯᠵᠦ᠂ ᠠᠵᠤ ᠠᠬᠤᠶᠢᠯᠠᠯ ᠨᠡᠭᠡᠭᠡᠨ ᠡᠷᠭᠢᠯᠡᠬᠦ᠂ ᠥᠯᠥ ᠬᠥᠳᠡᠯᠬᠦ | ᠬᠥᠷᠥᠩᠭᠡ ᠶᠢᠨ ᠳᠡᠩᠰᠡᠯᠡᠯᠲᠡ ᠵᠡᠷᠭᠡ ᠳᠤ ᠴᠥᠮ ︽ᠡᠮᠦᠨ᠎ᠡ ᠲᠠᠪᠴᠠᠩ ᠳᠤ ᠶᠡᠷᠦᠩᠬᠡᠶᠢᠯᠡᠨ ᠭᠥᠯᠢᠶᠡᠨ ᠠᠪᠴᠤ | ᠰᠢᠢᠳᠪᠤᠷᠢᠯᠡᠬᠦ᠂ ᠠᠷᠤ ᠲᠠᠪᠴᠠᠩ ᠳᠤ ᠲᠥᠷᠥᠯ ᠬᠤᠪᠢᠶᠠᠨ ᠬᠢᠨᠠᠨ ᠵᠥᠪᠰᠢᠶᠡᠷᠡᠬᠦ᠂ ᠨᠢᠭᠡᠳᠦᠯᠲᠡᠶ ᠴᠣᠩᠬᠤ ᠪᠠᠷ | ᠮᠠᠲ᠋ᠧᠷᠢᠶᠠᠯ ᠭᠠᠷᠭᠠᠬᠤ︾ ᠶᠢ ᠪᠡᠶᠡᠯᠡᠭᠦᠯᠦᠨ᠎ᠡ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠳᠠᠭᠠᠨ ᠥᠨᠳᠥᠷ | ᠶᠠᠰᠤ ᠴᠢᠨᠠᠷ ᠲᠠᠢ ᠥᠨᠳᠥᠷ ᠦᠷ᠎ᠡ ᠠᠰᠢᠭ ᠲᠠᠢ᠃ 40 ᠲᠥᠷᠥᠯ ᠵᠤᠶᠢᠯ ᠢ ᠭᠡᠷ᠎ᠡ ᠲᠣᠭᠲᠠᠨ ᠨᠠᠶᠢᠳᠠᠪᠤᠷᠢᠵᠢᠭᠤᠯᠵᠤ | ᠂ 39 ᠭᠠᠷᠳᠠᠮ ᠢ ᠭᠦᠢᠴᠡᠳᠭᠡᠵᠦ ᠳᠠᠭᠤᠰᠬᠠᠨ᠂ 31 ᠲᠥᠷᠥᠯ ᠵᠤᠶᠢᠯ ᠢ ᠠᠵᠢᠯ ᠡᠬᠢᠯᠡᠭᠦᠯᠵᠦ᠂ ᠡᠭᠦᠨ ᠳᠤ 9 | ᠲᠥᠷᠥᠯ ᠵᠤᠶᠢᠯ ᠢ ᠠᠵᠢᠯ ᠳᠠᠭᠤᠰᠬᠠᠵᠤ᠂ 7.93 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠶᠢ | ᠪᠣᠳᠠᠲᠠᠶᠢᠵᠢᠭᠤᠯᠵᠤ᠂ 5.28 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠭᠡᠷ᠎ᠡ | ᠲᠣᠭᠲᠠᠭᠰᠠᠨ ᠲᠥᠷᠥᠯ ᠵᠤᠶᠢᠯ ᠤᠨ ᠭᠠᠷᠳᠠᠮ ᠢ ᠭᠦᠢᠴᠡᠳᠭᠡᠭᠰᠡᠨ ᠨᠣᠷᠮ᠎ᠠ᠂ ᠠᠵᠢᠯ ᠡᠬᠢᠯᠡᠭᠦᠯᠦᠭᠰᠡᠨ ᠨᠣᠷᠮ᠎ᠠ ᠪᠠ | ᠪᠠᠯᠠ ᠮᠥᠩᠭᠦ ᠶᠢ ᠪᠣᠳᠠᠲᠠᠶᠢᠵᠢᠭᠤᠯᠤᠭᠰᠠᠨ ᠨᠣᠷᠮ᠎ᠠ ᠪᠥᠬᠦ ᠬᠤᠲᠠ ᠶᠢᠨ ᠡᠮᠦᠨ᠎ᠡ ᠭᠤᠷᠪᠠ ᠳᠤ ᠣᠷᠣᠪᠠ᠃ ︽ᠲᠠᠪᠤᠨ | ᠦᠨᠳᠦᠰᠦᠨ ᠵᠦᠢᠯ ᠢ ᠶᠡᠭᠡ ᠪᠠᠷ ᠡᠬᠢᠯᠡᠭᠦᠯᠬᠦ︾ ᠠᠵᠢᠯᠯᠠᠭ᠎ᠠ ᠪᠣᠳᠠᠲᠤ ᠦᠷ᠎ᠡ ᠪᠦᠲᠦᠮᠵᠢ ᠤᠯᠪᠠ᠃ ᠵᠥᠪᠰᠢᠶᠡᠷᠡᠭᠰᠡᠨ | ᠪᠣᠯᠪᠠᠴᠤ ᠬᠠᠩᠭᠠᠭᠰᠠᠨ ᠥᠬᠡᠶ 1220 ᠮᠥ ᠭᠠᠵᠠᠷ ᠰᠢᠷᠣᠶ ᠶᠢ ᠰᠢᠩᠭᠡᠭᠡᠵᠦ᠂ 1811 ᠲᠦᠮᠡᠨ ᠲᠥᠭᠦᠷᠢᠭ ᠤᠨ | ᠳᠠᠷᠤᠭᠳᠠᠵᠤ ᠪᠠᠶᠢᠭ᠎ᠠ ᠪᠠᠯᠠ ᠮᠥᠩᠭᠦ ᠶᠢ ᠠᠮᠢᠳᠤᠯᠢᠭ ᠪᠣᠯᠭᠠᠵᠤ᠂ ᠵᠥᠪᠰᠢᠶᠡᠷᠡᠭᠦᠯᠬᠦ ᠪᠠᠷ ᠪᠠᠶᠢᠭ᠎ᠠ 101 ᠲᠥᠷᠥᠯ | ᠵᠤᠶᠢᠯ ᠢ ᠪᠦᠬᠦᠨ ᠢ ᠰᠢᠶ᠋ᠳᠪᠦᠷᠢᠯᠡᠵᠦ ᠳᠠᠭᠤᠰᠬᠠᠪᠠ᠃ | ᠨᠢᠭᠡ ᠵᠢᠯ ᠤᠨ ᠲᠤᠷᠰᠢ᠂ ᠪᠢᠳᠡ ᠦᠨᠡᠨ ᠰᠡᠳᠬᠢᠯ ᠠᠴᠠ ᠪᠠᠨ ᠠᠷᠠᠳ ᠤᠨ ᠠᠮᠢᠳᠤᠷᠠᠯ ᠢ ᠰᠠᠶᠢᠵᠢᠷᠠᠭᠤᠯᠵᠤ᠂ | ᠨᠡᠶᠢᠭᠡᠮ ᠤᠨ ᠤᠶᠢᠯᠡᠰ ᠢ ᠲᠣᠭᠲᠠᠭᠤᠨ ᠢᠶᠠᠷ ᠬᠥᠭᠵᠢᠭᠦᠯᠪᠡ᠃ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠥᠨᠳᠥᠷ ᠪᠦᠲᠦᠮᠵᠢᠲᠡᠶ ᠪᠠᠷ ᠰᠢᠢᠳᠪᠤᠷᠢᠯᠡᠵᠦ | ᠬᠦ᠋ᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠪᠠᠷᠢᠮᠲᠠᠯᠠᠵᠤ᠂ ᠠᠷᠠᠳ ᠤᠨ | ᠠᠮᠢᠳᠤᠷᠠᠯ ᠤᠨ ᠬᠦᠷᠢᠶᠡᠨ ᠳᠠᠬᠢ ᠵᠠᠷᠤᠯᠭ᠎ᠠ ᠨᠢ ᠡᠳ᠋ ᠤᠨ ᠵᠠᠰᠠᠭ ᠤᠨ ᠵᠠᠷᠤᠯᠭ᠎ᠠ ᠶᠢᠨ 68% ᠶᠢ ᠡᠵᠡᠯᠡᠪᠡ᠃ | ᠠᠷᠠᠳ ᠤᠨ ᠠᠮᠢᠳᠤᠷᠠᠯ ᠤᠨ 7 ᠵᠦᠢᠯ ᠤᠨ ᠪᠣᠳᠠᠲᠤ ᠶᠠᠪᠤᠳᠠᠯ ᠤᠨ ᠵᠦᠢᠯᠡᠰ ᠢ ᠪᠦᠬᠦᠨ ᠢ ᠪᠡᠶᠡᠯᠡᠭᠦᠯᠪᠡ᠃ | ᠨᠡᠶᠢᠭᠡᠮ ᠤᠨ ᠪᠠᠲᠤᠯᠠᠭ᠎ᠠ ᠲᠠᠰᠤᠷᠠᠯᠳᠡ ᠦᠬᠡᠢ ᠴᠢᠩᠭᠠᠷᠠᠪᠠ᠃ ᠠᠵᠤ ᠠᠬᠤᠶᠢᠯᠠᠯ ᠤᠨ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠬᠤ ᠶᠢ ᠳᠡᠮᠵᠢᠬᠦ ᠡᠷᠴᠢᠮ ᠢ ᠴᠢᠩᠭᠠᠷᠠᠭᠤᠯᠵᠤ᠂ ᠪᠦᠬᠦ ᠰᠢᠶᠠᠨ ᠤ ᠬᠤᠳᠠ ᠪᠠᠯᠭᠠᠰᠤᠨ ᠳᠤ 490 | ᠬᠥᠮᠦᠨ ᠳᠤ ᠰᠢᠨ᠎ᠡ ᠪᠠᠷ ᠠᠵᠢᠯ ᠣᠯᠭᠤᠵᠤ᠂ 632 ᠠᠵᠢᠯ ᠠᠯᠳᠠᠭᠰᠠᠳ ᠲᠤ ᠲᠠᠬᠢᠨ ᠠᠵᠢᠯ ᠣᠯᠭᠤᠵᠤ᠂ ᠠᠵᠢᠯ | ᠤᠯᠬᠤ ᠳᠤ ᠬᠦᠴᠢᠷᠲᠡᠶ 84 ᠬᠥᠮᠦᠨ ᠳᠤ ᠬᠠᠪᠰᠤᠷᠤᠨ ᠠᠵᠢᠯ ᠣᠯᠭᠤᠪᠠ᠃ ᠠᠵᠢᠯᠳᠠᠨ ᠠᠵᠢᠯᠴᠢᠨ ᠤ ᠦᠨᠳᠦᠰᠦᠨ | ᠡᠮ ᠡᠮᠨᠡᠯᠭᠡ ᠶᠢᠨ ᠡᠭᠦᠳᠡᠨ ᠡᠮᠨᠡᠯᠭᠡ ᠶᠢ ᠬᠠᠮᠲᠤ ᠪᠠᠷ ᠬᠠᠷᠠᠭᠠᠯᠵᠠᠬᠤ ᠪᠠᠲᠤᠯᠠᠭ᠎ᠠ ᠶᠢᠨ ᠥᠭᠡᠷᠡᠴᠢᠯᠡᠯᠲᠡ ᠶᠢ ᠪᠦᠬᠦ | ᠲᠠᠯ᠎ᠠ ᠪᠠᠷ ᠪᠡᠶᠡᠯᠡᠭᠦᠯᠵᠦ᠂ ᠠᠵᠤ ᠠᠬᠤᠶᠢᠯᠠᠯ ᠤᠨ ᠠᠵᠢᠯᠳᠠᠨ ᠠᠵᠢᠯᠴᠢᠨ ᠤ ᠦᠨᠳᠦᠰᠦᠨ ᠨᠠᠰᠤᠵᠢᠯ ᠬᠥᠮᠦᠵᠢᠯ | ᠪᠡᠶ᠎ᠡ ᠲᠠᠮᠢᠷ ᠤᠨ ᠦᠢᠯᠡᠰ ᠪᠦᠬᠦ ᠲᠠᠯ᠎ᠠ ᠪᠠᠷ ᠬᠥᠭᠵᠢᠪᠡ᠃ ᠳᠥᠷᠪᠡᠳᠡᠬᠢ ᠡᠭᠡᠯᠵᠢ ᠶᠢᠨ ᠰᠤᠷᠭᠠᠭᠤᠯᠢ ᠶᠢᠨ | ᠬᠦᠷᠢᠶᠡᠨ ᠤ ᠳᠠᠷᠤᠭ᠎ᠠ ᠶᠢ ᠤᠷᠢᠨ ᠲᠣᠮᠢᠯᠠᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠵᠦ᠂ 51 ᠪᠠᠭᠰᠢ ᠤᠷᠢᠨ | ᠬᠡᠷᠡᠭᠯᠡᠵᠦ᠂ ᠰᠦᠢᠳᠭᠡᠯ ᠥᠯᠥ ᠬᠤᠷᠢᠶᠠᠬᠤ ᠪᠠᠭᠰᠢ ᠶᠢᠨ ᠰᠤᠷᠭᠠᠭᠤᠯᠢ ᠶᠢᠨ ᠰᠣᠷᠣᠭᠴᠢ 25 ᠭᠠᠷ ᠤᠨ ᠥᠰᠥᠭ | ᠵᠢᠷᠤᠵᠤ᠂ ᠪᠠᠭᠰᠢ ᠶᠢᠨ ᠬᠦᠴᠦᠨ ᠢ ᠤᠯᠠᠮ ᠨᠢᠭᠡ ᠠᠯᠬᠤᠮ ᠴᠢᠩᠭᠠᠳᠬᠠᠪᠠ᠃ ᠮᠡᠷᠭᠡᠵᠢᠯ ᠤᠨ ᠴᠣᠯᠠ ᠲᠣᠭᠲᠠᠭᠠᠬᠤ | ᠪᠠ ᠤᠷᠢᠬᠤ ᠶᠢ ᠨᠢᠭᠡᠳᠦᠭᠡᠷ ᠹᠷᠣᠨᠲ ᠤᠨ ᠪᠠᠭᠰᠢ᠂ ᠠᠩᠭᠢ ᠶᠢᠨ ᠡᠷᠬᠢᠯᠡᠭᠴᠢ ᠳᠠᠰᠢ ᠶᠡᠭᠡ ᠪᠠᠷ ᠬᠡᠯᠪᠠᠶᠢᠯᠭᠡᠵᠦ᠂ | ᠪᠠᠭᠰᠢ ᠶᠢᠨ ᠠᠵᠢᠯ ᠤᠨ ᠢᠳᠡᠪᠬᠢᠵᠢᠯ ᠲᠠᠰᠤᠷᠠᠯᠲᠠ ᠥᠬᠡᠶ ᠳᠡᠭᠡᠭᠰᠢᠯᠡᠪᠡ᠃ ︽ᠬᠤᠶᠠᠷ ᠢ ᠪᠠᠭᠠᠰᠬᠠᠬᠤ︾ | ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠷᠠᠳ ᠠᠴᠠ ᠡᠷᠭᠢᠯᠡᠭᠰᠡᠨ ᠰᠤᠷᠭᠠᠭᠤᠯᠢ ᠶᠢᠨ | ᠰᠤᠷᠭᠠᠭᠤᠯᠢ ᠡᠷᠭᠢᠯᠡᠬᠦ ᠤᠶᠢᠯᠡ ᠠᠵᠢᠯᠯᠠᠭ᠎ᠠ ᠶᠢ ᠵᠢᠷᠤᠮᠵᠢᠭᠤᠯᠤᠨ᠂ ᠠᠷᠠᠳ ᠠᠴᠠ ᠡᠷᠭᠢᠯᠡᠭᠰᠡᠨ 5 ᠬᠡᠤᠬᠡᠳ ᠤᠨ | ᠴᠡᠴᠡᠷᠯᠢᠭ ᠢ ᠬᠠᠭᠠᠨ᠎ᠠ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠨᠢ ᠪᠥᠬᠦ ᠬᠤᠲᠠ ᠶᠢᠨ | ᠠᠩᠬᠠᠳᠠᠭᠴᠢ ᠥᠪᠡᠷᠲᠡᠭᠡᠨ ᠵᠠᠰᠠᠬᠤ ᠣᠷᠣᠨ ᠤ ︽ᠬᠤᠶᠠᠷ ᠢ ᠲᠦᠭᠡᠮᠡᠯᠵᠢᠭᠦᠯᠬᠦ︾ ᠰᠢᠯᠭᠠᠯᠲᠠ ᠶᠢ ᠥᠩᠭᠡᠷᠡᠭᠡᠭᠰᠡᠨ | ᠬᠤᠰᠢᠭᠤ ᠰᠢᠶᠠᠨ ᠪᠣᠯᠪᠠ᠃ ᠤᠯᠠᠭᠠᠨᠮᠥ᠋ᠴᠢᠷ ᠤᠨ ︽ᠰᠤᠷᠤᠯᠴᠠᠵᠤ ᠲᠣᠭᠯᠠᠯᠲᠠ ᠡᠭᠦᠳᠬᠦ︾ ᠠᠵᠢᠯᠯᠠᠭ᠎ᠠ ᠶᠢ | ᠯᠠᠪᠳᠠᠭᠤᠨ ᠢᠶᠠᠷ ᠠᠬᠢᠭᠤᠯᠵᠤ᠂ ᠡᠯ᠎ᠡ ᠲᠥᠷᠥᠯ ᠤᠨ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢ 50 ᠭᠠᠷᠤᠶ | ᠲᠠᠯᠠᠪᠤᠷ ᠥᠷᠨᠢᠭᠦᠯᠪᠡ᠃ ᠲᠤᠰᠬᠠᠶ ᠰᠡᠳᠦᠪᠲᠦ ᠪᠠᠷᠢᠮᠲᠠᠲᠤ ᠹᠢᠯᠢᠮ ︽ᠬᠠᠲᠤᠨ ᠭᠤᠤᠯ ᠤᠨ ︿ᠲᠡᠯᠡᠶ﹀ ᠳᠤ | ᠤᠷᠤᠰᠤᠨ ᠤᠷᠤᠭᠰᠠᠨ ᠤᠷᠤᠰᠬᠠᠯ︾ ᠢ ᠬᠤᠲᠠ ᠶᠢᠨ ᠲᠠᠰ ᠠᠴᠠ ᠳᠡᠭᠡᠭᠰᠢᠬᠢ ᠭᠤᠤᠯ ᠵᠠᠭᠤᠴᠢᠯᠠᠭᠤᠷ ᠲᠤ | ᠥᠷᠭᠡᠨ ᠢᠶᠠᠷ ᠲᠠᠨᠢᠯᠴᠠᠭᠤᠯᠵᠤ᠂ ︽ ᠲᠠᠭ᠎ᠠ ᠶᠢᠨ ᠨᠠᠭᠤᠷ ᠤᠨ ᠪᠠᠶᠢᠳᠠᠯ︾ ︽ ᠲᠠᠭ᠎ᠠ ᠶᠢᠨ ᠨᠠᠭᠤᠷ ᠤᠨ ᠪᠠᠶᠠᠷ ᠤᠨ | ᠳᠠᠭᠤᠤ︾ ᠵᠡᠷᠭᠡ ᠤᠳᠬ᠎ᠠ ᠤᠷᠠᠯᠢᠭ ᠤᠨ ᠪᠦᠲᠦᠭᠡᠯ ᠢ ᠨᠠᠶᠢᠷᠠᠭᠤᠯᠤᠨ ᠵᠣᠬᠢᠶᠠᠵᠤ᠂ ᠤᠯᠠᠭᠠᠨᠮᠥ᠋ᠴᠢᠷ ᠤᠨ | ᠪᠣᠯᠪᠠᠰᠤᠷᠠᠯ ᠤᠨ ᠲᠢᠩᠬᠢᠮ ᠢ ᠲᠦᠷᠭᠡᠳᠬᠡᠨ ᠪᠠᠶᠢᠭᠤᠯᠪᠠ᠃ ᠥᠪᠡᠷᠲᠡᠭᠡᠨ ᠵᠠᠰᠠᠬᠤ ᠣᠷᠣᠨ ᠤ ︽ᠪᠡᠶ᠎ᠡ ᠶᠢᠨ | ᠲᠠᠮᠢᠷ ᠤᠨ ᠱᠠᠩᠨᠠᠯᠲᠤ ᠬᠤᠨᠳᠠᠭᠠᠲᠤ︾ ᠵᠠᠯᠠᠭᠤᠴᠤᠳ ᠪᠠᠭᠠᠴᠤᠳ ᠤᠨ ᠳᠤᠮᠳᠠᠳᠤ ᠰᠤᠷᠭᠠᠭᠤᠯᠢ ᠶᠢᠨ | ᠰᠤᠷᠤᠭᠴᠢᠳ ᠤᠨ ᠲᠡᠮᠦᠷ ᠬᠥᠮᠦᠨ ᠤ ᠭᠤᠷᠪᠠᠨ ᠲᠦᠷᠦᠯ ᠤᠨ ᠮᠠᠩᠯᠠᠶ ᠰᠢᠯᠭᠠᠷᠠᠭᠤᠯᠬᠤ ᠤᠷᠤᠯᠳᠤᠭᠠᠨ ᠡᠷᠡᠭᠦᠯ | ᠬᠠᠮᠠᠭᠠᠯᠠᠯ ᠤᠨ ᠤᠶᠢᠯᠡᠴᠢᠯᠡᠭᠡ ᠴᠢᠨᠠᠷ ᠰᠠᠶᠢᠲᠠᠶ ᠪᠥᠭᠡᠳ ᠥᠨᠳᠥᠷ ᠪᠦᠲᠦᠮᠵᠢᠲᠡᠶ᠃ ᠰᠢᠶᠠᠨ ᠤ ᠡᠮᠨᠡᠯᠭᠡ ᠶᠢᠨ | ᠬᠤᠷᠢᠶ᠎ᠠ ᠬᠦᠨᠳᠦ ᠲᠦᠭᠰᠢᠭᠦᠷᠢᠲᠡᠶ ᠵᠢᠷᠮᠦᠰᠦᠨ ᠡᠮᠡᠭᠲᠡᠶ ᠬᠥᠩᠭᠡᠵᠢᠭᠰᠡᠨ ᠡᠮᠡᠭᠲᠡᠶ ᠶᠢ ᠠᠪᠤᠷᠠᠨ ᠵᠠᠰᠠᠬᠤ ᠲᠥᠪ ᠢ | ᠪᠠᠶᠢᠭᠤᠯᠵᠤ᠂ ᠡᠮᠨᠡᠯᠭᠡ ᠶᠢᠨ ᠬᠤᠷᠢᠶᠠᠨ ᠤ ᠡᠯᠧᠺᠲᠷᠣᠨ ᠡᠪᠡᠳᠴᠢᠨ ᠤ ᠲᠡᠦᠬᠡ᠂ ᠡᠯᠧᠺᠲᠷᠣᠨ ᠪᠠᠷᠢᠮᠲᠠ᠂ | ᠡᠯᠧᠺᠲᠷᠣᠨ ᠪᠡᠶ᠎ᠡ ᠪᠠᠨ ᠳᠠᠭᠠᠭᠠᠵᠤ ᠳ᠋ᠤᠭᠠᠷᠯᠠᠬᠤ ᠵᠡᠷᠭᠡ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠪᠡᠶᠡᠯᠡᠭᠦᠯᠪᠡ᠃ | ᠤᠯᠠᠨ ᠡᠭᠡᠯᠵᠢ ᠶᠢᠨ ᠬᠢᠵᠢᠭ ᠤᠨ ᠪᠠᠶᠢᠳᠠᠯ ᠢ ᠪᠦᠲᠦᠮᠵᠢᠲᠡᠶ ᠰᠢᠢᠳᠪᠤᠷᠢᠯᠡᠵᠦ᠂ ᠠᠷᠠᠳ ᠤᠯᠠᠨ ᠤ ᠠᠮᠢ ᠨᠠᠰᠤᠨ ᠤ | ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠪᠠ᠃ | ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠲᠤᠰᠬᠠᠶ ᠮᠡᠷᠭᠡᠵᠢᠯ ᠤᠨ ᠠᠵᠢᠯᠲᠠᠨ 18 ᠬᠥᠮᠦᠨ᠂ | ᠤᠯᠤᠰ ᠤᠨ ᠠᠨᠠᠭᠠᠬᠤ ᠤᠬᠠᠭᠠᠨ ᠤ ᠬᠠᠨᠳᠤᠯᠭᠠᠲᠤ ᠰᠣᠷᠣᠭᠴᠢ 6 ᠬᠥᠮᠦᠨ ᠤᠷᠢᠵᠤ᠂ ᠦᠨᠳᠦᠰᠦᠨ ᠱᠠᠲᠤᠨ ᠤ | ᠡᠷᠡᠭᠦᠯ ᠬᠠᠮᠠᠭᠠᠯᠠᠯ ᠤᠨ ᠤᠶᠢᠯᠡᠴᠢᠯᠡᠭᠡᠨ ᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ ᠨᠡᠶᠢᠭᠡᠮ ᠤᠨ | ᠣᠷᠴᠢᠨ ᠨᠥᠬᠦᠴᠡᠯ ᠠᠮᠤᠷ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠨ᠎ᠠ᠃ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠲᠠ ᠦᠭᠡᠢ ᠪᠠᠲᠤᠳᠬᠠᠵᠤ᠂ ᠮᠠᠨ ᠤ ᠰᠢᠶᠠᠨ ᠪᠦᠬᠦ ᠣᠷᠣᠨ ᠤ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠲᠣᠭᠤᠷᠢᠭ ᠤᠨ ᠵᠢᠱᠢᠶ᠎ᠡ ᠦᠵᠡᠭᠦᠯᠬᠦ | ᠨᠢᠭᠡᠴᠢ ᠪᠠᠷ ᠦᠨᠡᠯᠡᠭᠳᠡᠪᠡ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠠᠮᠤᠷ ᠠᠮᠤᠭᠤᠯᠠᠩ | ᠰᠢᠶᠠᠨ ᠤ ︽ᠭᠡᠭᠡᠨ ᠰᠠᠷᠠᠭᠤᠯ ᠢᠨᠵᠧᠨᠧᠷᠢᠩ︾ ᠢ ᠬᠡᠷᠡᠭᠵᠢᠭᠦᠯᠵᠦ᠂ 30 ᠵᠢᠯ ᠤᠨ ᠡᠮᠦᠨᠡᠬᠢ 2 ᠠᠮᠢᠨ ᠬᠡᠷᠡᠭ | ᠳᠠᠷᠤᠭᠳᠠᠮᠠᠯ ᠬᠡᠷᠡᠭ ᠢ ᠠᠮᠵᠢᠯᠲᠠ ᠲᠠᠢ ᠢᠯᠡᠷᠡᠭᠦᠯᠵᠦ᠂ ᠬᠤᠤᠷ ᠴᠠᠭᠠᠵᠠᠯᠠᠬᠤ ᠠᠵᠢᠯ ᠤᠨ ᠶᠡᠷᠦᠩᠬᠡᠶ ᠠᠮᠵᠢᠯᠲᠠ | ᠪᠦᠲᠦᠮᠵᠢ ᠨᠢ ᠪᠥᠬᠦ ᠬᠤᠲᠠ ᠳᠤ ᠨᠢᠭᠡᠳᠦᠭᠡᠷ ᠲᠤ ᠣᠷᠣᠪᠠ᠃ ᠵᠠᠬᠢᠳᠠᠯ ᠰᠤᠷᠪᠤᠯᠵᠢᠯᠠᠭ᠎ᠠ ᠶᠢᠨ ᠬᠠᠷᠠᠯᠲᠠᠲᠤ | ᠬᠠᠮᠢᠶᠠᠷᠤᠯᠲᠠ ᠶᠢᠨ ︽ᠭᠤᠷᠪᠠᠨ ᠨᠣᠷᠮ᠎ᠠ︾ ᠨᠢ ᠪᠥᠬᠦ ᠬᠤᠲᠠ ᠶᠢᠨ ᠨᠢᠭᠡᠳᠦᠭᠡᠷ ᠲᠤ ᠣᠷᠣᠵᠤ᠂ ᠪᠡᠭᠡᠵᠢᠩ ᠳᠤ | ᠬᠦᠷᠴᠦ ᠰᠤᠷᠪᠤᠯᠵᠢᠯᠠᠬᠤ᠂ ᠣᠷᠣᠨ ᠳᠤ ᠬᠦᠷᠴᠦ ᠰᠤᠷᠪᠤᠯᠵᠢᠯᠠᠬᠤ ᠪᠦᠯᠦᠭ ᠤᠳᠠᠭ᠎ᠠ ᠶᠢᠨ ᠬᠥᠮᠦᠨ ᠤᠳᠠᠭ᠎ᠠ ᠶᠢ | ᠲᠣᠰ ᠲᠣᠰ 50% ᠪᠠ 70% ᠠᠴᠠ ᠳᠡᠭᠡᠭᠰᠢ ᠪᠠᠭᠤᠷᠠᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠡᠮᠬᠢ ᠵᠢᠷᠤᠮ | ᠢᠯᠡᠳᠲᠡ ᠰᠠᠶᠢᠵᠢᠷᠠᠪᠠ᠃ ᠵᠠᠰᠠᠭ ᠤᠨ ᠣᠷᠳᠣᠨ ᠤ ᠥᠷᠢ ᠥᠭᠴᠡᠭᠡ ᠶᠢᠨ ᠡᠬᠡ ᠬᠦᠦ ᠮᠥᠩᠭᠦ ᠶᠢ 4·2 | ᠳ᠋ᠦᠩᠰᠢᠭᠤᠷ ᠲᠥᠭᠦᠷᠢᠭ ᠲᠦᠯᠦᠵᠤ᠂ ᠣᠷᠣᠨ ᠪᠦᠰᠡ ᠶᠢᠨ ᠴᠢᠨᠠᠷᠲᠠᠶ ᠰᠢᠰᠲ᠋ᠧᠮ ᠤᠨ ᠴᠢᠨᠠᠷᠲᠠᠶ ᠠᠶᠤᠯ | ᠲᠦᠭᠰᠢᠭᠦᠷᠢ ᠦᠯᠦ ᠭᠠᠷᠭᠠᠬᠤ ᠨᠠᠭᠠᠳᠤ ᠵᠠᠬ᠎ᠠ ᠶᠢᠨ ᠪᠠᠷᠢᠮᠵᠢᠶ᠎ᠠ ᠶᠢ ᠪᠠᠲᠤ ᠰᠠᠬᠢᠪᠠ᠃ ᠠᠶᠤᠯᠭᠦᠢ | ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠢᠯᠡᠳᠲᠡ ᠦᠷ᠎ᠡ ᠪᠦᠲᠦᠮᠵᠢ | ᠣᠯᠵᠤ᠂ ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠶᠡᠷᠦᠩᠬᠡᠢ ᠳᠡᠭᠡᠨ ᠰᠠᠶᠢᠵᠢᠷᠠᠪᠠ᠃ | ᠨᠢᠭᠡ ᠵᠢᠯ ᠤᠨ ᠲᠤᠷᠰᠢ᠂ ᠪᠢᠳᠡ ᠪᠡᠶ᠎ᠡ ᠳᠡᠭᠡᠨ ᠢᠲᠡᠭᠡᠯ ᠲᠠᠢ ᠪᠥᠭᠡᠳ ᠥᠪᠡᠷ ᠢ ᠪᠠᠨ ᠬᠦᠴᠦᠷᠬᠡᠭᠵᠢᠭᠦᠯᠵᠦ᠂ | ᠰᠢᠷᠭᠠᠭᠤ ᠬᠠᠲᠠᠭᠤᠵᠢᠯᠲᠠᠶ ᠠᠵᠢᠯᠯᠠᠭᠰᠠᠨ ᠢᠶᠠᠷ ᠵᠠᠰᠠᠭ ᠤᠨ ᠣᠷᠳᠣᠨ ᠤ ᠦᠷ᠎ᠡ ᠪᠦᠲᠦᠮᠵᠢ ᠲᠠᠰᠤᠷᠠᠯᠲᠠ ᠥᠬᠡᠶ | ᠳᠡᠭᠡᠭᠰᠢᠯᠡᠪᠡ | ᠢᠮᠠᠭᠲᠠ ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠵᠤ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ | ᠭᠦᠨᠵᠡᠭᠡᠢ ᠰᠤᠷᠤᠯᠴᠠᠨ ᠦᠨᠡᠨᠴᠢ ᠰᠢᠳᠤᠷᠭᠤ ᠪᠠᠷ ᠬᠡᠷᠡᠭᠵᠢᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠤᠬᠠᠭᠤᠯᠵᠤ ᠲᠤᠤᠱᠯᠠᠭᠤᠯᠵᠤ᠂ ︽ᠬᠤᠶᠠᠷ ᠢ ᠲᠣᠭᠲᠠᠭᠠᠬᠤ︾ | ᠶᠢ ᠦᠨᠡᠨᠴᠢ ᠰᠢᠳᠤᠷᠭᠤ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠦᠵᠡᠯ | ᠰᠠᠨᠠᠭ᠎ᠠ᠂ ᠤᠯᠤᠰ ᠲᠦᠷᠦ᠂ ᠦᠢᠯᠡ ᠠᠵᠢᠯᠯᠠᠭ᠎ᠠ ᠶᠢᠨ ᠲᠠᠯ᠎ᠠ ᠪᠠᠷ ᠢᠮᠠᠭᠲᠠ ᠰᠢ ᠶᠢᠨ ᠫᠢᠩ ᠨᠥᠬᠦᠷ ᠢᠶᠠᠷ ᠭᠤᠣᠯ | ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ᠃ ᠨᠠᠮ ᠤᠨ | ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ | ᠲᠡᠮᠡᠴᠡᠯ ᠢ ᠭᠦᠨᠵᠡᠭᠡᠶ ᠲᠦᠯᠬᠢᠨ ᠠᠬᠢᠭᠤᠯᠵᠤ᠂ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠤᠨ ᠵᠣᠷᠢᠭ | ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠬᠡᠯᠪᠡᠷᠢ ᠶᠢᠨ ᠦᠵᠡᠯ᠂ ᠨᠣᠶᠠᠨᠴᠢ ᠰᠤᠷᠲᠠᠯ ᠤᠨ ︽ᠠᠷᠪᠠᠨ | ᠵᠦᠢᠯ ᠤᠨ ᠢᠯᠡᠷᠡᠯ︾ ᠢ ᠲᠥᠪᠯᠡᠷᠡᠭᠦᠯᠦᠨ ᠴᠡᠭᠴᠡᠯᠡᠨ ᠵᠠᠰᠠᠵᠤ᠂ ︽ᠦᠬᠡᠨᠴᠡ ᠲᠤᠷᠤᠢ ᠠᠯᠵᠠᠭᠤ ᠬᠤᠶᠢᠷᠭᠤ ᠰᠤᠯᠠ | ᠵᠠᠳᠠᠭᠠᠶ᠂ ᠤᠳᠠᠭᠠᠰᠢᠷᠠᠭᠤᠯᠤᠨ ᠬᠤᠶᠢᠰᠢᠯᠠᠭᠤᠯᠬᠤ᠂ ᠬᠤᠶᠢᠷᠭᠤᠰᠢᠨ ᠬᠤᠶᠢᠷᠭᠤᠰᠢᠬᠤ︾ ᠠᠰᠠᠭᠤᠳᠠᠯ ᠢ ᠬᠦᠴᠦᠯᠡᠨ | ᠰᠢᠢᠳᠪᠤᠷᠢᠯᠡᠵᠦ᠂ ᠰᠤᠷᠲᠠᠯ ᠴᠢᠬᠡᠴᠢ ᠣᠪᠣᠷ ᠲᠥᠪ᠂ ᠪᠣᠳᠠᠲᠠᠶ ᠶᠢ ᠡᠷᠬᠢᠮᠯᠡᠭᠰᠡᠨ ᠥᠨᠳᠥᠷ ᠪᠦᠲᠦᠮᠵᠢᠲᠡᠶ ᠵᠠᠰᠠᠭ ᠤᠨ | ᠶᠠᠪᠤᠳᠠᠯ ᠤᠨ ᠣᠷᠴᠢᠨ ᠨᠥᠬᠦᠴᠡᠯ ᠢ ᠪᠤᠢ ᠪᠣᠯᠭᠠᠨ᠎ᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠷᠭᠡᠳᠬᠡᠵᠦ᠂ ᠬᠠᠤᠯᠢ ᠪᠠᠷ ᠵᠠᠰᠠᠬᠤ ᠰᠡᠳᠬᠢᠬᠦᠶ ᠪᠠ ᠬᠠᠤᠯᠢ ᠪᠠᠷ ᠵᠠᠰᠠᠬᠤ | ᠠᠷᠭ᠎ᠠ ᠮᠠᠶ᠋ᠢᠭ ᠢ ᠤᠬᠠᠮᠰᠠᠷ ᠠᠴᠠ ᠪᠠᠨ ᠬᠡᠷᠡᠭᠯᠡᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠬᠥᠭᠵᠢᠯᠲᠡ ᠶᠢ | ᠲᠦᠯᠬᠢᠨ ᠠᠬᠢᠭᠤᠯᠵᠤ᠂ ᠵᠥᠷᠢᠴᠡᠯ ᠢ ᠠᠷᠢᠯᠭᠠᠨ᠎ᠠ᠃ ᠠᠷᠠᠳᠴᠢᠯᠠᠯ ᠲᠥᠪᠯᠡᠷᠡᠯ ᠤᠨ ᠶᠣᠰᠣ ᠶᠢ ᠬᠢᠨᠠᠮᠠᠭᠠᠶ | ᠨᠠᠶᠢᠳᠠᠪᠤᠷᠢᠵᠢᠭᠤᠯᠤᠨ᠂ ︽ᠭᠤᠷᠪᠠᠨ ᠴᠢᠬᠤᠯᠠ ᠨᠢᠭᠡ ᠶᠡᠭᠡ︾ ᠶᠢᠨ ᠰᠢᠢᠳᠪᠤᠷᠢᠳᠦ ᠪᠤᠳᠤᠯᠭ᠎ᠠ ᠲᠣᠭᠲᠠᠭᠠᠬᠤ | ᠵᠢᠷᠤᠮ ᠢ ᠴᠢᠩᠭ᠎ᠠ ᠬᠡᠷᠡᠭᠵᠢᠭᠦᠯᠵᠦ᠂ ᠠᠵᠢᠯ ᠤᠨ ᠵᠢᠷᠤᠮ ᠪᠠ ᠰᠢᠢᠳᠪᠤᠷᠢᠳᠦ ᠪᠤᠳᠤᠯᠭ᠎ᠠ ᠲᠣᠭᠲᠠᠭᠠᠬᠤ ᠵᠢᠷᠤᠮ ᠤᠨ | ᠬᠠᠤᠯᠢ ᠲᠣᠭᠲᠠᠭᠠᠯ ᠶᠣᠰᠣᠭᠠᠷ ᠶᠠᠪᠤᠭᠳᠠᠬᠤ ᠶᠢ ᠦᠨᠡᠨ ᠬᠦ ᠪᠠᠲᠤᠯᠠᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ᠂ ᠤᠯᠤᠰ ᠲᠦᠷᠦ ᠶᠢᠨ ᠵᠥᠪᠯᠡᠯᠭᠡᠨ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠢᠨᠠᠯᠲᠠ ᠶᠢ | ᠰᠠᠨᠠᠭᠠᠴᠢᠯᠠᠭ᠎ᠠ ᠠᠴᠠ ᠪᠠᠨ ᠬᠦᠯᠢᠶᠡᠵᠦ᠂ 56 ᠬᠤᠪᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢᠨ ᠰᠠᠨᠠᠭᠤᠯᠭ᠎ᠠ᠂ 78 ᠬᠤᠪᠢ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠰᠠᠨᠠᠯ | ᠵᠥᠪᠯᠡᠯᠭᠡ ᠵᠢᠪᠥᠬᠦ ᠵᠢᠯ ᠳᠤ 1000 ᠭᠠᠷᠤᠶ ᠵᠤᠷᠪᠤᠰ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠮᠡᠳᠡᠭᠦᠯᠦᠨ | ᠬᠦᠷᠭᠡᠵᠦ᠂ 11 ᠳ᠋ᠦᠭᠡᠷ ᠰᠠᠷ᠎ᠠ ᠶᠢᠨ ᠰᠡᠭᠦᠯᠴᠢ ᠪᠣᠯᠲᠠᠯ᠎ᠠ ᠪᠥᠬᠦ ᠬᠤᠲᠠ ᠶᠢᠨ ᠶᠡᠷᠦᠩᠬᠡᠶ ᠨᠡᠷᠡᠰ ᠤᠨ | ᠵᠢᠭᠰᠠᠭᠠᠯᠲᠠ ᠳᠤ ᠨᠢᠭᠡᠳᠦᠭᠡᠷ ᠲᠤ ᠣᠷᠣᠪᠠ᠃ ︽12345︾ ᠬᠠᠯᠠᠭᠤᠨ ᠤᠲᠠᠰᠤᠨ ᠤ ᠠᠵᠢᠯ ᠤᠨ | ᠬᠠᠭᠤᠳᠠᠰᠤ ᠶᠢ 8237 ᠬᠤᠪᠢ ᠭᠦᠢᠴᠡᠳᠬᠡᠵᠦ᠂ ᠠᠵᠤ ᠠᠬᠤᠶᠢᠯᠠᠯ ᠤᠨ ᠤᠯᠠᠨ ᠲᠦᠮᠡᠨ ᠤ ᠬᠦᠰᠡᠯ | ᠱᠠᠭᠠᠷᠳᠠᠯᠭ᠎ᠠ ᠶᠢ ᠪᠦᠲᠦᠮᠵᠢᠲᠡᠶ ᠪᠠᠷ ᠰᠢᠢᠳᠪᠤᠷᠢᠯᠡᠪᠡ᠃ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠪᠠ ᠪᠡᠯᠡᠳᠬᠡᠯ ᠬᠦᠴᠦᠨ ᠤ ᠪᠠᠶᠢᠭᠤᠯᠤᠯᠲᠠ ᠶᠢ | ᠴᠢᠩᠭᠠᠳᠬᠠᠵᠤ᠂ ᠠᠵᠢᠯᠴᠢᠨ ᠤ ᠡᠪᠯᠡᠯ᠂ ᠵᠠᠯᠠᠭᠤᠴᠤᠳ ᠪᠠᠭᠠᠴᠤᠳ᠂ ᠡᠮᠡᠭᠲᠡᠶᠢᠴᠦᠳ ᠬᠡᠦᠬᠡᠳ᠂ ᠨᠠᠰᠤᠲᠠᠶᠢᠴᠤᠳ᠂ | ᠵᠡᠮᠳᠡᠭᠴᠦᠳ᠂ ᠤᠯᠠᠭᠠᠨ ᠵᠠᠭᠠᠯᠮᠠᠶᠢᠳᠠᠨ ᠵᠡᠷᠭᠡ ᠠᠵᠢᠯ ᠦᠢᠯᠡᠰ ᠲᠦᠷᠭᠡᠨ ᠲᠠᠪᠰᠢᠯᠳᠠ ᠲᠠᠢ ᠪᠤᠯᠵᠤ᠂ ᠬᠢᠨᠠᠨ | ᠪᠤᠳᠤᠬᠤ᠂ ᠪᠦᠷᠢᠳᠬᠡᠬᠦ᠂ ᠴᠡᠷᠢᠭ ᠤᠨ ᠠᠯᠪᠠᠨ ᠠᠴᠠ ᠪᠠᠭᠤᠭᠰᠠᠳ ᠤᠨ ᠦᠢᠯᠡᠴᠢᠯᠡᠭᠡᠨ ᠤ ᠪᠠᠲᠤᠯᠠᠭ᠎ᠠ᠂ ᠲᠠᠩᠰᠠ | ᠡᠪᠬᠡᠮᠡᠯ ᠤᠨ ᠨᠢᠭᠤᠴᠠ ᠶᠢ ᠬᠠᠮᠠᠭᠠᠯᠠᠬᠤ᠂ ᠴᠠᠭ ᠠᠭᠤᠷ ᠭᠠᠵᠠᠷ ᠬᠥᠳᠡᠯᠦᠯᠲᠡ ᠵᠡᠷᠭᠡ ᠠᠵᠢᠯ ᠰᠢᠨ᠎ᠡ ᠠᠬᠢᠴᠠ ᠲᠠᠢ | ᠪᠣᠯᠪᠠ᠃ | | ᠲᠥᠯᠥᠭᠡᠯᠡᠭᠴᠢᠳ ᠡ︕ ᠨᠢᠭᠡ ᠵᠢᠯ ᠤᠨ ᠲᠤᠷᠰᠢ᠂ ᠪᠢᠳᠡ ᠡᠷᠡᠯᠬᠡᠭᠯᠡᠨ ᠲᠡᠮᠡᠴᠡᠬᠦ ᠶᠠᠪᠤᠴᠠ ᠳᠠᠭᠠᠨ ᠡᠷᠴᠢ | ᠵᠣᠷᠢᠭ ᠢᠶᠠᠨ ᠬᠥᠪᠴᠢᠯᠡᠨ ᠡᠷᠡᠯᠬᠡᠭᠯᠡᠨ ᠤᠷᠤᠭᠰᠢᠯᠠᠵᠤ᠂ ᠤᠷᠤᠭᠰᠢᠯᠠᠨ ᠳᠠᠪᠰᠢᠬᠤ ᠶᠠᠪᠤᠴᠠ ᠳᠠᠭᠠᠨ ᠯᠠᠪᠳᠠᠭᠤᠨ | ᠪᠠᠲᠤᠲᠠᠶ ᠪᠠᠷ ᠤᠷᠤᠭᠰᠢᠯᠠᠨ ᠳᠡᠪᠰᠢᠪᠡ᠃ ᠬᠥᠮᠦᠰ ᠢ ᠬᠠᠮᠤᠭ ᠠᠴᠠ ᠵᠣᠷᠢᠭᠵᠢᠭᠤᠯᠤᠮ᠎ᠠ ᠶᠠᠪᠤᠳᠠᠯ ᠭᠡᠪᠡᠯ᠂ ︽ | ᠯᠢᠶᠠᠩᠴᠧᠩ ᠰᠢᠶᠠᠨ ᠤ ᠬᠠᠭᠤᠷᠠᠶ ᠠᠮᠤ︾ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ | ᠲᠡᠮᠳᠡᠭᠲᠦ ᠶᠢ ᠠᠮᠵᠢᠯᠲᠠ ᠲᠠᠢ ᠪᠠᠷ ᠡᠭᠦᠳᠦᠨ ᠪᠠᠶᠢᠭᠤᠯᠵᠤ᠂ ᠯᠢᠶᠠᠩᠴᠧᠩ ᠰᠢᠶᠠᠨ ᠤ ᠲᠠᠷᠢᠶᠠᠯᠠᠩ ᠤᠨ ᠠᠵᠤ | ᠤᠶᠢᠯᠡᠰ ᠲᠤ ︽ᠰᠢᠨ᠎ᠡ ᠨᠡᠷ᠎ᠡ ᠶᠢᠨ ᠬᠠᠭᠤᠳᠠᠰᠤ︾ ᠭᠠᠷᠭᠠᠪᠠ︔ 2022 ᠣᠨ ᠳᠤ ᠰᠢᠨ᠎ᠡ ᠪᠠᠷ ᠨᠡᠮᠡᠭᠳᠡᠭᠰᠡᠨ | 3000 ᠭᠠᠷᠤᠢ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠢ ᠶᠢᠨ ᠲᠤᠭ᠎ᠠ ᠬᠡᠮᠵᠢᠶ᠎ᠡ ᠨᠢ ᠪᠦᠬᠦ | ᠬᠤᠳᠠ ᠶᠢᠨ ᠰᠢᠨ᠎ᠡ ᠪᠠᠷ ᠨᠡᠮᠡᠭᠳᠡᠭᠰᠡᠨ ᠲᠣᠭᠠᠨ ᠤ 50% ᠢ ᠡᠵᠡᠯᠡᠵᠦ᠂ 5 ᠲᠦᠮᠡᠨ ᠲᠦᠷᠦᠭᠦᠦ ᠲᠢᠶᠠᠨ ᠴᠧᠩ | ᠤᠳᠤ ᠦᠶ᠎ᠡ ᠶᠢᠨ ᠰᠠᠭᠠᠯᠢ ᠶᠢᠨ ᠦᠢᠯᠡᠰ ᠤᠨ ᠰᠠᠭᠤᠷᠢᠨ ᠢ ᠡᠬᠢᠯᠡᠨ ᠪᠦᠳᠦᠭᠡᠨ ᠪᠠᠶᠢᠭᠤᠯᠵᠤ᠂ ᠰᠠᠭᠠᠯᠢ ᠶᠢᠨ | ᠦᠢᠯᠡᠰ ᠤᠨ ᠬᠥᠭᠵᠢᠯ ᠮᠠᠨᠳᠤᠯ ᠤᠨ ︽ᠬᠤᠷᠳᠤᠴᠠ︾ ᠶᠢ ᠲᠦᠷᠭᠡᠳᠬᠡᠪᠡ︔ 150 ᠲᠦᠮᠡᠨ ᠺᠢᠯᠣᠸᠠᠲ ᠤᠨ ︽ | ᠦᠩᠭᠡ ᠦᠵᠡᠮᠵᠢ ᠭᠠᠯ ᠤᠰᠤᠲᠥ᠋ᠷᠥᠭᠴᠢ ᠶᠢ ᠨᠥᠭᠡᠴᠡᠯᠡᠬᠦ ᠶᠢ ᠨᠢᠭᠡ ᠴᠤᠭᠴᠠᠵᠢᠭᠤᠯᠬᠤ︾ ᠲᠤᠮᠤ ᠬᠡᠯᠪᠡᠷᠢ ᠶᠢᠨ | ᠰᠠᠯᠬᠢᠨ ᠴᠠᠬᠢᠯᠭᠠᠨ ᠤ ᠭᠡᠷᠡᠯ ᠴᠡᠨᠡᠭ ᠤᠨ ᠰᠠᠭᠤᠷᠢᠨ ᠤ ᠲᠦᠷᠦᠯ ᠵᠦᠢᠯ ᠢ ᠡᠬᠢᠯᠡᠭᠦᠯᠬᠦ ᠪᠠᠷ ᠪᠤᠢ᠂ ᠲᠠᠭ᠎ᠠ ᠶᠢᠨ | ᠨᠠᠭᠤᠷ ᠤᠨ ᠴᠠᠬᠢᠯᠭᠠᠨ ᠦᠢᠯᠡᠳᠪᠦᠷᠢ ᠶᠢᠨ 55 ᠰᠠᠶ᠎ᠠ ᠸᠠᠲ ᠤᠨ ᠲᠠᠷᠬᠠᠯᠲᠠ ᠶᠢᠨ ᠬᠡᠯᠪᠡᠷᠢ ᠶᠢᠨ ᠭᠡᠷᠡᠯ ᠴᠡᠨᠡᠭ ᠢᠶᠠᠷ | ᠴᠠᠬᠢᠯᠭᠠᠨ ᠭᠠᠷᠭᠠᠬᠤ ᠲᠦᠷᠦᠯ ᠵᠦᠢᠯ ᠢ ᠤᠷᠤᠭᠰᠢᠲᠠᠢ ᠠᠬᠢᠭᠤᠯᠵᠤ᠂ ᠴᠡᠪᠡᠷ ᠡᠨᠧᠷᠭᠢ ᠶᠢᠨ ᠭᠠᠷᠭᠠᠯᠲᠠ ᠶᠢᠨ | ᠰᠠᠭᠤᠷᠢᠨ ᠤ ᠪᠦᠳᠦᠬᠡᠨ ᠪᠠᠶᠢᠭᠤᠯᠤᠯᠲᠠ ︽ᠰᠢᠨ᠎ᠡ ᠡᠬᠢᠯᠡᠯᠲᠡ︾ ᠶᠢ ᠡᠬᠢᠯᠡᠭᠦᠯᠵᠡᠢ︕ ᠬᠥᠮᠦᠰ ᠤᠨ ᠰᠡᠳᠬᠢᠯ ᠢ | ᠬᠠᠮᠤᠭ ᠠᠴᠠ ᠳᠣᠭᠳᠣᠯᠤᠭᠤᠯᠤᠮ᠎ᠠ ᠶᠠᠪᠤᠳᠠᠯ ᠭᠡᠪᠡᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠦᠨᠳᠦ | ᠬᠡᠴᠡᠭᠦᠦ ᠨᠠᠷᠢᠨ ᠪᠤᠳᠤᠯᠢᠶᠠᠨᠲᠠᠢ ᠪᠠᠶᠢᠳᠠᠯ ᠤᠨ ᠡᠮᠦᠨ᠎ᠡ᠂ ᠪᠦᠬᠦ ᠰᠢᠶᠠᠨ ᠢᠶᠠᠷ ᠢᠶᠠᠨ ᠰᠡᠳᠬᠢᠯ ᠨᠢᠭᠡᠳᠦᠨ ᠬᠦᠴᠦ ᠪᠠᠨ | ᠬᠠᠮᠲᠤᠳᠬᠠᠵᠤ᠂ 6400 ᠭᠠᠷᠤᠢ ᠺᠠᠳ᠋ᠷ ᠠᠵᠢᠯᠳᠠᠨ ᠠᠵᠢᠯᠴᠢᠨ ᠵᠠᠷᠯᠢᠭ ᠢ ᠰᠣᠨᠣᠰᠤᠮᠠᠭᠴᠠ ᠬᠥᠳᠡᠯᠦᠯᠴᠡᠵᠦ᠂ | ᠪᠡᠶ᠎ᠡ ᠪᠠᠷ ᠢᠶᠠᠨ ᠬᠡᠪ ᠲᠦᠷᠢᠮ ᠪᠤᠯᠵᠤ᠂ 135 ᠡᠮᠨᠡᠯᠭᠡ ᠶᠢᠨ ᠠᠵᠢᠯᠳᠠᠨ ᠳᠤᠷᠠᠲᠠᠶ᠎ᠠ ᠬᠤᠪᠢ ᠨᠡᠮᠡᠷᠢ ᠦᠵᠡᠭᠦᠯᠵᠦ᠂ | ᠰᠥᠷᠭᠡᠦ ᠲᠠᠶᠢᠨ ᠳᠤ ᠮᠣᠷᠳᠠᠵᠤ᠂ ᠬᠥᠮᠦᠨ ᠢ ᠰᠣᠴᠢᠭᠠᠮ᠎ᠠ ᠬᠢᠵᠢᠭ ᠢ ᠡᠰᠡᠷᠭᠦᠴᠡᠬᠦ ᠲᠠᠶᠢᠨ ᠤ ᠳᠤᠮᠳᠠ ᠥᠨᠳᠥᠷ | ᠬᠤᠪᠢ ᠶᠢᠨ ᠰᠢᠯᠭᠠᠯᠲᠠ ᠶᠢᠨ ᠬᠠᠭᠤᠳᠠᠰᠤ ᠲᠤᠰᠢᠶᠠᠵᠠᠢ︕ ᠬᠥᠮᠦᠰ ᠢ ᠬᠠᠮᠤᠭ ᠠᠴᠠ ᠤᠷᠮᠠᠰᠢᠭᠤᠯᠤᠨ | ᠵᠣᠷᠢᠭᠵᠢᠭᠤᠯᠤᠭᠰᠠᠨ ᠶᠠᠪᠤᠳᠠᠯ ᠭᠡᠪᠡᠯ᠂ ᠪᠢᠳᠡ ᠴᠠᠭ ᠮᠥᠴᠡ ᠶᠢ ᠠᠯᠳᠠᠯ ᠦᠭᠡᠢ ᠪᠠᠷ ᠡᠳᠦᠷ ᠰᠥᠨᠢ ᠦᠭᠡᠢ | ᠲᠡᠮᠡᠴᠡᠵᠦ᠂ ᠭᠦᠩ ᠪᠠ ᠾᠧ ᠭᠤᠣᠯ ᠤᠨ ᠠᠳᠠᠭ ᠤᠨ ᠬᠠᠰᠢᠵᠤ ᠴᠡᠪᠡᠷᠰᠢᠭᠦᠯᠬᠦ ᠢᠨᠵᠧᠨᠧᠷᠢᠩ ᠢ ᠲᠣᠭᠲᠠᠭᠰᠠᠨ | ᠬᠤᠭᠤᠴᠠᠭᠠᠨ ᠳᠤ ᠳᠠᠭᠤᠰᠬᠠᠵᠤ᠂ ᠲᠠᠭ᠎ᠠ ᠶᠢᠨ ᠨᠠᠭᠤᠷ ᠤᠨ ᠪᠠᠴᠢᠮ ᠪᠠᠶᠢᠳᠠᠯ ᠢ ᠠᠷᠭᠠᠴᠠᠭᠠᠵᠤ ᠤᠰᠤ | ᠨᠥᠬᠦᠪᠥᠷᠢᠯᠡᠬᠦ ᠢᠨᠵᠧᠨᠧᠷᠢᠩ 19 ᠰᠠᠷ᠎ᠠ ᠶᠢᠨ ᠬᠤᠭᠤᠴᠠᠭᠠᠨ ᠳᠤ ᠪᠦᠬᠦ ᠱᠤᠭᠤᠮ ᠢᠶᠠᠷ ᠤᠰᠤ ᠨᠡᠪᠲᠡᠷᠡᠵᠦ᠂ ᠲᠤᠮᠤ | ᠬᠡᠯᠪᠡᠷᠢ ᠶᠢᠨ ᠣᠷᠣᠨ ᠪᠦᠰᠡ ᠠᠯᠤᠰᠯᠠᠨ ᠤᠰᠤ ᠲᠠᠲᠠᠬᠤ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ | ᠬᠤᠷᠳᠤᠴᠠ ᠶᠢᠨ ᠲᠡᠮᠳᠡᠭᠯᠡᠯ ᠢ ᠰᠢᠨᠡᠳᠬᠡᠵᠦ᠂ ᠯᠢᠶᠠᠩᠴᠧᠩ ᠤᠨ ᠠᠷᠠᠳ ᠲᠦᠮᠡᠨ ᠤ ᠬᠦᠰᠡᠭᠡᠳ ᠤᠳᠠᠭᠰᠠᠨ ᠬᠠᠳᠤᠨ | ᠭᠤᠣᠯ ᠤᠨ ᠤᠰᠤ ᠤᠷᠤᠭᠰᠢᠲᠠᠢ ᠪᠠᠷ ᠲᠠᠭ᠎ᠠ ᠶᠢᠨ ᠨᠠᠭᠤᠷ ᠲᠤ ᠤᠷᠤᠰᠤᠨ ᠣᠷᠣᠵᠠᠢ᠃ | ᠲᠥᠯᠥᠭᠡᠯᠡᠭᠴᠢᠳ ᠡ᠂ ᠨᠢᠭᠡ ᠵᠢᠯ ᠤᠨ ᠠᠮᠵᠢᠯᠲᠠ ᠪᠠᠨ ᠡᠷᠭᠢᠴᠡᠭᠦᠯᠪᠡᠯ᠂ ᠪᠢᠳᠡ ᠣᠯᠤᠯᠲᠠ ᠲᠠᠢ᠂ | ᠳᠠᠪᠰᠢᠯᠲᠠ ᠲᠠᠢ᠂ ᠬᠥᠭᠵᠢᠯᠲᠡ ᠲᠠᠢ ᠪᠠᠶᠢᠵᠤ᠂ ᠣᠳᠣᠬᠠᠨ ᠳᠤ ᠲᠤᠯᠭᠠᠷᠠᠵᠤ ᠪᠠᠶᠢᠭ᠎ᠠ ᠠᠰᠠᠭᠤᠳᠠᠯ ᠢ ᠪᠤᠰᠤᠳᠴᠢ ᠪᠠᠷ | ᠬᠢᠨᠠᠨ ᠦᠵᠡᠵᠦ᠂ ᠪᠢᠳᠡᠨ ᠳᠤ ᠵᠥᠷᠢᠶ᠎ᠡ ᠲᠠᠢ᠂ ᠳᠤᠲᠠᠭᠤᠳᠠᠯ ᠲᠠᠢ᠂ ᠪᠠᠭᠤᠷᠠᠶ ᠲᠠᠯ᠎ᠠ ᠲᠠᠢ ᠪᠠᠶᠢᠨ᠎ᠠ᠂ ᠡᠨᠡ ᠨᠢ | ᠭᠤᠣᠯᠳᠠᠭᠤ᠄ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠮᠥᠨ ᠯᠡ ᠲᠤᠪᠤᠶᠢᠮ᠎ᠠ ᠪᠠᠶᠢᠵᠤ᠂ | ᠵᠠᠶᠢᠯᠠᠰᠢ ᠦᠭᠡᠢ ᠵᠠᠷᠤᠯᠭ᠎ᠠ ᠵᠢᠯ ᠳᠠᠷᠠᠭᠠᠯᠠᠨ ᠨᠡᠮᠡᠭᠳᠡᠵᠦ ᠪᠠᠶᠢᠨ᠎ᠠ︔ ᠲᠥᠷᠥᠯ ᠵᠤᠶᠢᠯ ᠤᠨ ᠨᠥᠭᠡᠴᠡ ᠪᠠ | ᠲᠤᠯᠭᠠᠭᠤᠷᠢᠯᠠᠯ ᠬᠦᠷᠦᠯᠴᠡᠬᠦ ᠥᠬᠡᠶ᠂ ᠬᠥᠲᠥᠴᠢ ᠠᠵᠤ ᠠᠬᠤᠶᠢᠯᠠᠯ ᠤᠨ ᠲᠤᠭ᠎ᠠ ᠬᠡᠮᠵᠢᠶ᠎ᠡ ᠣᠯᠠᠨ ᠪᠢᠰᠢ᠂ ᠠᠵᠤ | ᠤᠶᠢᠯᠡᠰ ᠤᠨ ᠬᠡᠯᠬᠢᠶ᠎ᠡ ᠶᠢᠨ ᠦᠷᠭᠦᠯᠵᠢᠯᠡᠯ ᠣᠷᠳᠣ ᠪᠢᠰᠢ᠂ ᠬᠥᠭᠵᠢᠯᠲᠡ ᠶᠢᠨ ᠰᠡᠯᠭᠦᠬᠦ ᠬᠦᠴᠦᠨ ᠢ ᠮᠥᠨ ᠬᠦ | ᠴᠢᠩᠭᠠᠷᠠᠭᠤᠯᠬᠤ ᠴᠢᠬᠤᠯᠠᠲᠠᠶ︔ ᠭᠤᠣᠯᠳᠠᠯᠭ᠎ᠠ ᠲᠠᠢ ᠬᠦᠷᠢᠶ᠎ᠡ᠂ ᠵᠠᠩᠭᠢᠯᠠᠭ᠎ᠠ ᠶᠢᠨ ᠭᠤᠭᠴᠤᠭ᠎ᠠ ᠶᠢᠨ | ᠥᠭᠡᠷᠡᠴᠢᠯᠡᠯᠲᠡ ᠶᠢᠨ ᠡᠭᠦᠷᠭᠡ ᠮᠥᠨᠬᠦ ᠬᠠᠲᠠᠭᠤ ᠪᠡᠷᠬᠡ ᠪᠠᠶᠢᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ | ᠪᠠᠰᠠ ᠰᠢᠯᠢᠳᠡᠭᠵᠢᠭᠦᠯᠬᠦ ᠴᠢᠬᠤᠯᠠᠲᠠᠢ ᠪᠠᠶᠢᠨ᠎ᠠ︔ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠤᠨ | ᠪᠠᠶᠢᠭᠤᠯᠤᠯᠲᠠ ᠶᠢ ᠴᠢᠩᠭᠠᠳᠬᠠᠬᠤ ᠴᠢᠬᠤᠯᠠᠲᠠᠶ ᠪᠠᠶᠢᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠡᠭᠦᠷᠭᠡ | ᠮᠥᠨ ᠯᠡ ᠪᠡᠷᠬᠡ ᠬᠠᠲᠠᠭᠤᠵᠢᠯᠲᠠᠶ ᠪᠠᠶᠢᠬᠤ ᠵᠡᠷᠭᠡ ᠪᠣᠯᠤᠨ᠎ᠠ᠃ ᠡᠭᠦᠨ ᠢ ᠪᠢᠳᠡ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ ᠦᠵᠡᠵᠦ᠂ ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠦᠨᠡᠨ ᠬᠦ ᠰᠢᠢᠳᠪᠤᠷᠢᠯᠡᠬᠦ ᠪᠣᠯᠤᠨ᠎ᠠ᠃ | ᠬᠤᠶᠠᠷ᠂ 2023 ᠣᠨ ᠤ ᠵᠠᠰᠠᠭ ᠤᠨ ᠣᠷᠳᠣᠨ ᠤ ᠠᠵᠢᠯ ᠤᠨ ᠲᠤᠬᠢᠷᠠᠭᠤᠯᠤᠯᠳᠠ | ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠰᠡᠳᠬᠢᠴᠡ ᠪᠣᠯ᠄ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠪᠣᠯᠤᠨ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠬᠤᠲᠠ ᠶᠢᠨ ᠨᠠᠮ ᠤᠨ ᠬᠤᠷᠢᠶ᠎ᠠ ᠵᠠᠰᠠᠭ ᠤᠨ | ᠣᠷᠳᠣᠨ ᠪᠣᠯᠤᠨ ᠰᠢᠶᠠᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠲᠣᠭᠲᠠᠭᠤᠨ | ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠲᠦᠷᠭᠡᠨ | ᠤᠷᠤᠭᠰᠢᠯᠠᠭᠤᠯᠬᠤ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ | ᠣᠨᠣᠪᠴᠢᠲᠠᠶ᠂ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠶ ᠪᠠᠷ | ᠦᠢᠯᠡᠴᠢᠯᠡᠬᠦ ᠪᠠ ᠠᠭᠤᠰᠤᠯᠴᠠᠵᠤ᠂ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠶ ᠲᠥᠯᠥᠪᠯᠡᠨ | ᠂ ︽ᠲᠠᠪᠤᠨ ᠶᠡᠭᠡ ᠡᠭᠦᠷᠭᠡ︾ ᠶᠢᠨ ᠪᠥᠲᠥᠭᠡᠨ ᠪᠠᠶᠢᠭᠤᠯᠤᠯᠲᠠ ᠳᠤ ᠢᠳᠡᠪᠬᠢᠲᠡᠶ ᠣᠷᠣᠯᠴᠠᠵᠤ᠂ ︽ᠲᠠᠪᠤᠨ ᠶᠡᠭᠡ | ᠠᠵᠤ ᠠᠬᠤᠶ︾ ᠶᠢᠨ ᠬᠥᠭᠵᠢᠯᠲᠡ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ︽ᠲᠠᠪᠤᠨ ᠵᠢᠱᠢᠶ᠎ᠡ ᠦᠵᠡᠭᠦᠯᠬᠦ | ᠰᠢᠶᠠᠨ︾ ᠢ ᠪᠠᠶᠢᠭᠤᠯᠬᠤ ᠪᠠᠷ ᠬᠠᠷᠠᠯᠲᠠ ᠪᠣᠯᠭᠠᠨ᠂ ᠠᠵᠤ ᠤᠶᠢᠯᠡᠰ ᠤᠨ ᠬᠥᠭᠵᠢᠯᠲᠡ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠠᠷᠠᠳ ᠤᠨ | ᠠᠮᠢᠳᠤᠷᠠᠯ ᠤᠨ ᠪᠠᠲᠤᠯᠠᠭ᠎ᠠ᠂ ᠰᠠᠭᠤᠷᠢ ᠶᠢ ᠳᠡᠭᠡᠭᠰᠢᠯᠡᠭᠦᠯᠬᠦ᠂ ᠨᠡᠶᠢᠭᠡᠮ ᠤᠨ ᠵᠠᠰᠠᠯᠲᠠ ᠵᠡᠷᠭᠡ ᠡᠯ᠎ᠡ ᠵᠤᠶᠢᠯ ᠤᠨ | ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠯᠢᠶᠠᠩᠴᠧᠩ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ | ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃ | ᠪᠦᠬᠦ ᠰᠢᠶᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ | ᠤᠶᠢᠯᠡᠳᠪᠤᠷᠢᠯᠡᠯ ᠤᠨ ᠪᠥᠬᠦ ᠥᠷᠲᠡᠭ ᠠᠳᠠᠯᠢ ᠬᠤᠭᠤᠴᠠᠭᠠᠨ ᠤ ᠬᠢ ᠠᠴᠠ 6% ᠣᠷᠴᠢᠮ ᠨᠡᠮᠡᠭᠳᠡᠵᠦ᠂ | ᠬᠡᠪᠴᠢᠶᠡᠵᠢᠯ ᠠᠴᠠ ᠳᠡᠭᠡᠭᠰᠢᠬᠢ ᠠᠵᠤ ᠤᠶᠢᠯᠡᠳᠪᠤᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ | 7% ᠣᠷᠴᠢᠮ ᠨᠡᠮᠡᠭᠳᠡᠵᠦ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ | 66.6% ᠣᠷᠴᠢᠮ ᠨᠡᠮᠡᠭᠳᠡᠵᠦ᠂ ᠨᠡᠶᠢᠭᠡᠮ ᠤᠨ ᠬᠡᠷᠡᠭᠯᠡᠭᠡᠨ ᠤ ᠵᠤᠶᠢᠯ ᠤᠨ ᠵᠢᠵᠢᠭᠯᠡᠨ ᠬᠤᠳᠠᠯᠳᠤᠭᠰᠠᠨ ᠪᠥᠬᠦ | ᠲᠤᠭ᠎ᠠ ᠠᠳᠠᠯᠢ ᠬᠤᠭᠤᠴᠠᠭᠠᠨ ᠤ ᠬᠢ ᠠᠴᠠ 6% ᠣᠷᠴᠢᠮ ᠨᠡᠮᠡᠭᠳᠡᠵᠦ᠂ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ 6% ᠪᠠ 8% ᠣᠷᠴᠢᠮ | ᠨᠡᠮᠡᠭᠳᠡᠨ᠂ ᠳᠡᠭᠡᠳᠦ ᠱᠠᠲᠤᠨ ᠤ ᠪᠠᠭᠤᠯᠭᠠᠭᠰᠠᠨ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ | ᠬᠡᠮᠵᠢᠶ᠎ᠡ ᠶᠢ ᠪᠠᠭᠠᠰᠬᠠᠬᠤ ᠬᠠᠷᠠᠯᠲᠠ ᠶᠢᠨ ᠡᠭᠦᠷᠭᠡ ᠶᠢ ᠪᠡᠶᠡᠯᠡᠭᠦᠯᠪᠡ᠃ | ᠲᠥᠯᠥᠭᠡᠯᠡᠭᠴᠢᠳ ᠡ ᠂ ᠳᠡᠭᠡᠷᠡᠬᠢ ᠬᠠᠷᠠᠯᠲᠠ ᠶᠢ ᠪᠡᠶᠡᠯᠡᠭᠦᠯᠬᠦ ᠳᠤ᠂ ︽ᠲᠥᠷᠥ ᠭᠦᠷᠦᠨ ᠪᠣᠯ ᠳᠠᠷᠤᠶ ᠠᠷᠠᠳ | ᠲᠦᠮᠡᠨ᠂ ᠠᠷᠠᠳ ᠲᠦᠮᠡᠨ ᠪᠣᠯ ᠳᠠᠷᠤᠶ ᠲᠥᠷᠥ ᠭᠦᠷᠦᠨ︾ ᠭᠡᠳᠡᠭ ᠢ ᠴᠠᠭ ᠢᠮᠠᠭᠲᠠ ᠪᠠᠲᠤ ᠴᠡᠭᠡᠵᠢᠯᠡᠬᠦ ᠬᠡᠷᠡᠭᠲᠡᠶ᠂ | ᠠᠷᠠᠳ ᠲᠦᠮᠡᠨ ᠤ ᠲᠥᠯᠥᠭᠡ ᠬᠥᠭᠵᠢᠭᠦᠯᠬᠦ ᠶᠢ ᠪᠠᠷᠢᠮᠲᠠᠯᠠᠵᠤ᠂ ᠬᠥᠭᠵᠢᠭᠦᠯᠬᠦ ᠳᠤ ᠠᠷᠠᠳ ᠲᠦᠮᠡᠨ ᠢ ᠲᠦᠰᠢᠭᠯᠡᠨ᠎ᠡ᠂ | ᠬᠥᠭᠵᠢᠯᠲᠡ ᠶᠢᠨ ᠦᠷ᠎ᠡ ᠪᠦᠲᠦᠭᠡᠯ ᠢ ᠠᠷᠠᠳ ᠲᠦᠮᠡᠨ ᠬᠠᠮᠲᠤᠪᠠᠷ ᠡᠳ᠋ᠯᠡᠵᠦ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠵᠢᠴᠢ ᠪᠦᠬᠦ | ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠠᠴᠠ ᠳᠤᠷᠠᠳᠤᠭᠰᠠᠨ ︽ᠳᠣᠯᠣᠭᠠᠨ ᠵᠦᠢᠯ ᠢ ᠲᠠᠶᠠᠭᠳᠠᠬᠤ︾ ᠶᠢ | ᠡᠷᠡᠰ ᠪᠡᠶᠡᠯᠡᠭᠦᠯᠵᠦ᠂ ︽ᠣᠶᠢᠯᠠᠭᠠᠮᠵᠢᠲᠠᠶ ᠰᠡᠳᠬᠢᠬᠦᠶ︾ ᠶᠢ ᠪᠠᠲᠤ ᠪᠠᠬᠢ ᠪᠤᠢ ᠪᠣᠯᠭᠠᠵᠤ᠂ ᠬᠦᠴᠢᠷ ᠪᠡᠷᠬᠡᠰᠢᠶᠡᠯ ᠳᠤ | ᠰᠢᠯᠲᠠᠭ ᠡᠷᠢᠬᠦ ᠦᠭᠡᠢ᠂ ᠵᠥᠪᠬᠡᠨ ᠠᠮᠵᠢᠯᠲᠠ ᠳᠤ ᠬᠦᠷᠬᠦ ᠶᠢᠨ ᠲᠥᠯᠥᠭᠡ ᠠᠷᠭ᠎ᠠ ᠪᠤᠳᠤᠵᠤ᠂ ︽ᠤᠷᠢᠳ ᠢᠶᠠᠷ | ᠨᠢᠭᠡ ᠠᠯᠬᠤᠮ ᠬᠢᠵᠦ᠂ ᠨᠢᠭᠡ ᠱᠠᠲᠤᠨ ᠳᠤ ᠭᠦᠨᠵᠡᠭᠡᠶᠢᠷᠡᠭᠦᠯᠦᠨ᠂ ᠲᠦᠷᠭᠡᠨ ᠤᠷᠤᠭᠰᠢᠯᠠᠪᠠᠯ ᠨᠢᠭᠡ ᠴᠣᠬᠢᠯᠭ᠎ᠠ︾ | ᠶᠢᠨ ᠠᠵᠢᠯ ᠤᠨ ᠠᠷᠭ᠎ᠠ ᠪᠠᠷ ︽ᠭᠤᠷᠪᠠᠨ ᠠᠷᠪᠢᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ | ᠠᠷᠢᠯᠭᠠᠵᠤ᠂ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠢᠳᠡᠪᠬᠢᠲᠡᠶ ᠪᠠᠷ ᠠᠵᠢᠯᠯᠠᠵᠤ᠂ ᠰᠢᠢᠳᠪᠤᠷᠢᠳᠤ | ᠪᠤᠳᠤᠯᠭ᠎ᠠ ᠶᠢ ᠦᠢᠯᠡᠳᠦᠯᠭᠡ ᠪᠣᠯᠭᠠᠵᠤ᠂ ᠡᠭᠦᠷᠭᠡ ᠶᠢ ᠦᠢᠯᠡ ᠠᠵᠢᠯᠯᠠᠭ᠎ᠠ ᠪᠣᠯᠭᠠᠵᠤ᠂ ᠬᠠᠷᠠᠯᠲᠠ ᠶᠢ ᠪᠣᠳᠠᠲᠤ ᠠᠬᠤᠶ | ᠪᠣᠯᠭᠠᠵᠤ᠂ ᠡᠳ᠋ ᠤᠨ ᠵᠠᠰᠠᠭ ᠤᠨ ᠣᠷᠣᠯᠭ᠎ᠠ ᠪᠠ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠠᠰᠤᠷᠠᠯᠳᠠ ᠦᠭᠡᠢ ᠨᠡᠮᠡᠭᠳᠡᠭᠦᠯᠦᠨ᠎ᠡ᠃ ᠳᠡᠭᠡᠷᠡᠬᠢ ᠬᠠᠷᠠᠯᠲᠠ ᠶᠢ | ᠪᠡᠶᠡᠯᠡᠭᠦᠯᠬᠦ ᠳᠤ᠂ ᠪᠢᠳᠡᠨ ᠢ ᠡᠷᠬᠡᠪᠰᠢ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠶᠠᠪᠤᠳᠠᠯ ᠢ ᠠᠯᠢᠪᠠ ᠠᠵᠢᠯ ᠢᠶᠠᠨ | ᠥᠷᠨᠢᠭᠦᠯᠬᠦ ᠶᠢᠨ ᠤᠷᠢᠳᠴᠢᠯᠠᠭᠰᠠᠨ ᠨᠥᠬᠦᠴᠡᠯ ᠪᠣᠯᠭᠠᠬᠤ ᠬᠡᠷᠡᠭᠲᠡᠶ᠂ ᠦᠨᠡᠨᠬᠦ ᠠᠵᠤ ᠠᠬᠤᠶᠢᠯᠠᠯ ᠪᠣᠯᠤᠨ ᠤᠯᠠᠨ | ᠲᠦᠮᠡᠨ ᠤ ᠵᠣᠭᠰᠣᠴᠠ ᠠᠴᠠ ᠠᠰᠠᠭᠤᠳᠠᠯ ᠢ ᠪᠣᠳᠣᠯᠬᠢᠯᠠᠨ᠂ ᠠᠰᠠᠭᠤᠳᠠᠯ ᠢ ᠰᠢᠢᠳᠪᠦᠷᠢᠯᠡᠵᠦ᠂ ᠰᠠᠶᠢᠨ ︽ | ᠳᠡᠯᠭᠡᠭᠦᠷ ᠤᠨ ᠪᠠᠭᠰᠢ︾ ᠪᠤᠯᠵᠤ᠂ ᠨᠡᠩ ᠤᠯᠠᠨ ᠠᠵᠤ ᠠᠬᠤᠶᠢᠯᠠᠯ ᠢ ︽ᠢᠷᠡᠬᠦ ᠳᠤᠷᠠᠲᠠᠢ᠂ ᠦᠯᠡᠳᠡᠵᠦ ᠳᠡᠶᠢᠯᠬᠦ᠂ | ᠰᠠᠶᠢᠨ ᠠᠵᠢᠯᠯᠠᠬᠤ︾ ᠪᠣᠯᠭᠠᠵᠤ᠂ ᠠᠵᠢᠯ ᠣᠯᠭᠤᠯᠲᠠ ᠪᠣᠯᠤᠨ ᠣᠷᠣᠯᠭ᠎ᠠ ᠶᠢᠨ ᠨᠡᠮᠡᠭᠳᠡᠯ ᠢ ᠲᠠᠰᠤᠷᠠᠯᠳᠡ ᠦᠭᠡᠢ | ᠠᠬᠢᠭᠤᠯᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠪᠣᠯᠤᠨ ᠠᠮᠤᠷ | ᠲᠦᠪᠰᠢᠨ ᠤ ᠲᠦᠷᠦᠭᠳᠡᠯ ᠢ ᠨᠡᠩ ᠲᠡᠭᠦᠯᠳᠡᠷ᠂ ᠨᠡᠩ ᠪᠠᠲᠤᠯᠠᠭ᠎ᠠ ᠲᠠᠢ᠂ ᠨᠡᠩ ᠦᠷᠭᠦᠯᠵᠢᠯᠡᠩᠭᠦᠢ ᠪᠣᠯᠭᠠᠬᠤ ᠬᠡᠷᠡᠭᠲᠡᠢ | ᠃ | ︵ᠨᠢᠭᠡ︶ ᠬᠦᠴᠦᠨ ᠢᠶᠠᠨ ᠲᠥᠪᠯᠡᠷᠡᠭᠦᠯᠦᠨ ᠪᠡᠯᠡ ᠣᠷᠣᠭᠤᠯᠵᠤ ᠨᠡᠮᠡᠭᠳᠡᠯ ᠢ ᠲᠣᠭᠲᠠᠪᠤᠷᠢᠵᠢᠭᠤᠯᠵᠤ᠂ ᠠᠵᠤ | ᠠᠬᠤᠢ ᠶᠢᠨ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠬᠦᠴᠦᠯᠡᠨ ᠪᠤᠶᠢᠵᠢᠭᠤᠯᠤᠨ᠎ᠠ | ᠲᠦᠷᠤᠯ ᠵᠦᠢᠯ ᠢ ᠠᠳᠬᠤᠬᠤ᠂ ᠪᠡᠯᠡ ᠣᠷᠣᠭᠤᠯᠤᠯᠲᠠ ᠶᠢ ᠠᠬᠢᠭᠤᠯᠬᠤ᠂ ᠨᠡᠮᠡᠭᠳᠡᠯ ᠢ | ᠲᠣᠭᠲᠠᠪᠤᠷᠢᠵᠢᠭᠤᠯᠬᠤ ᠶᠢ ᠡᠯ᠎ᠡ ᠵᠦᠢᠯ ᠤᠨ ᠠᠵᠢᠯ ᠤᠨ ᠲᠤᠪᠤᠶᠢᠮ᠎ᠠ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ | ᠴᠡᠪᠡᠷ ᠡᠨᠧᠷᠭᠢ ᠶᠢᠨ ᠰᠤᠷᠪᠤᠯᠵᠢ ᠶᠢ ᠭᠠᠳᠠᠭᠰᠢ ᠭᠠᠷᠭᠠᠬᠤ ᠵᠢᠱᠢᠶ᠎ᠡ ᠦᠵᠡᠭᠦᠯᠬᠦ ᠰᠢᠶᠠᠨ ᠢ ᠪᠠᠶᠢᠭᠤᠯᠬᠤ ᠪᠠᠷ | ᠭᠠᠷᠳᠠᠴᠠ ᠪᠣᠯᠭᠠᠵᠤ᠂ ᠠᠵᠤ ᠠᠬᠤᠶ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠲᠦᠯᠬᠢᠨ ᠠᠬᠢᠭᠤᠯᠤᠨ᠎ᠠ᠃ | ᠲᠦᠷᠦᠯ ᠵᠦᠢᠯ ᠤᠨ ᠪᠡᠯᠡ ᠣᠷᠣᠭᠤᠯᠤᠯᠲᠠ ᠶᠢ ᠥᠷᠭᠡᠳᠬᠡᠬᠦ ᠶᠢ ᠶᠡᠬᠡᠪᠡᠷ ᠠᠳᠬᠤᠨ᠎ᠠ᠃ ︽ᠲᠥᠷᠥᠯ | ᠵᠤᠶᠢᠯ ᠢᠶᠠᠷ ᠮᠠᠩᠯᠠᠶᠢᠯᠠᠭᠤᠯᠬᠤ︾ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠴᠢᠨᠠᠷ ᠰᠠᠶᠢᠲᠠᠶ ᠲᠥᠷᠥᠯ ᠵᠤᠶᠢᠯ | ᠤᠨ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠬᠤ ᠣᠨ ᠤ ᠠᠵᠢᠯᠯᠠᠭ᠎ᠠ ᠶᠢ ᠥᠷᠨᠢᠭᠦᠯᠦᠨ᠂ ᠵᠠᠰᠠᠭ ᠤᠨ | ᠣᠷᠳᠣᠨ ᠤ ᠪᠠᠯᠠ ᠣᠷᠣᠭᠤᠯᠤᠯᠲᠠ 5000 ᠲᠦᠮᠡᠨ ᠲᠥᠭᠦᠷᠢᠭ ᠠᠴᠠ ᠳᠡᠭᠡᠭᠰᠢ᠂ ᠠᠵᠤ ᠠᠬᠤᠶᠢᠯᠠᠯ ᠤᠨ ᠪᠠᠯᠠ | ᠣᠷᠣᠭᠤᠯᠤᠯᠲᠠ ᠳ᠋ᠦᠩᠰᠢᠭᠤᠷ ᠲᠥᠭᠦᠷᠢᠭ ᠠᠴᠠ ᠳᠡᠭᠡᠭᠰᠢᠬᠢ 16 ᠴᠢᠬᠤᠯᠠ ᠶᠡᠭᠡ ᠲᠥᠷᠥᠯ ᠵᠤᠶᠢᠯ ᠢ | ᠬᠡᠷᠡᠭᠵᠢᠭᠦᠯᠵᠦ᠂ ᠶᠡᠷᠦᠩᠬᠡᠶ ᠪᠠᠯᠠ ᠣᠷᠣᠭᠤᠯᠤᠯᠲᠠ 122.1 ᠳ᠋ᠦᠩᠰᠢᠭᠤᠷ ᠲᠥᠭᠦᠷᠢᠭ ᠲᠤ ᠬᠦᠷᠴᠦ᠂ ᠣᠨ ᠤ | ᠪᠠᠯᠠ ᠣᠷᠣᠭᠤᠯᠤᠯᠲᠠ ᠶᠢ 45.6 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠴᠢᠨᠠᠷ ᠰᠠᠶᠢᠲᠠᠶ ᠲᠥᠷᠥᠯ ᠵᠤᠶᠢᠯ ᠤᠨ | ᠪᠦᠲᠦᠮᠵᠢᠲᠡᠶ ᠲᠤᠯᠭᠠᠭᠤᠷᠢᠯᠠᠯ ᠢ ᠪᠣᠶ ᠪᠣᠯᠭᠠᠨ᠎ᠠ᠃ ᠲᠥᠷᠥᠯ ᠵᠤᠶᠢᠯ ᠤᠨ ᠡᠮᠦᠨᠡᠬᠢ ᠬᠤᠭᠤᠴᠠᠭᠠᠨ ᠤ ᠠᠵᠢᠯ ᠢ | ᠪᠣᠳᠠᠲᠠᠶᠢᠵᠢᠭᠤᠯᠵᠤ᠂ ᠬᠠᠪᠤᠷ ᠤᠨ ᠡᠬᠢ ᠪᠠᠷ ᠠᠵᠢᠯ ᠡᠬᠢᠯᠡᠭᠦᠯᠬᠦ ᠪᠠᠷ ᠴᠢᠷᠮᠠᠶᠢᠨ᠎ᠠ᠃ 150 ᠲᠦᠮᠡᠨ ᠺᠢᠯᠣᠸᠠᠲ ᠤᠨ | ︽ᠥᠩᠭᠡ ᠦᠵᠡᠮᠵᠢ ᠭᠠᠯ ᠤᠰᠤᠲᠥ᠋ᠷᠥᠭᠴᠢ ᠶᠢ ᠨᠢᠭᠡ ᠴᠤᠭᠴᠠᠵᠢᠭᠤᠯᠬᠤ︾ ᠲᠣᠮᠣ ᠬᠡᠯᠪᠡᠷᠢ ᠶᠢᠨ ᠰᠠᠯᠬᠢᠨ | ᠴᠠᠬᠢᠯᠭᠠᠨ ᠤ ᠬᠡᠷᠡᠯ ᠸᠣᠯᠲ ᠤᠨ ᠰᠠᠭᠤᠷᠢᠨ ᠭᠠᠵᠠᠷ᠂ ᠲᠠᠭ᠎ᠠ ᠶᠢᠨ ᠨᠠᠭᠤᠷ ᠤᠨ ᠴᠠᠬᠢᠯᠭᠠᠨ ᠤ ᠤᠶᠢᠯᠡᠳᠪᠤᠷᠢ ᠶᠢᠨ | 55 ᠰᠠᠶ᠎ᠠ ᠸᠠᠲ ᠤᠨ ᠲᠠᠷᠬᠠᠯᠲᠠ ᠶᠢᠨ ᠮᠠᠶ᠋ᠢᠭ ᠤᠨ ᠬᠡᠷᠡᠯ ᠸᠣᠯᠲ ᠤᠨ ᠴᠠᠬᠢᠯᠭᠠᠨ ᠭᠠᠷᠭᠠᠬᠤ ᠲᠥᠷᠥᠯ ᠵᠦᠶ᠋ᠯ ᠤᠨ | ᠪᠥᠲᠥᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠠᠬᠢᠭᠤᠯᠵᠤ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ | ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠤᠨ᠎ᠠ᠃ ᠪᠦᠬᠦ ᠰᠢᠶᠠᠨ ᠢᠶᠠᠷ ᠢᠶᠠᠨ | ᠲᠦᠷᠦᠯ ᠵᠦᠢᠯ ᠤᠨ ᠨᠥᠭᠡᠴᠡ ᠶᠢ ᠬᠥᠮᠥᠷᠭᠡ ᠳᠤ ᠣᠷᠣᠭᠤᠯᠬᠤ ᠶᠢ ᠶᠡᠬᠡᠪᠡᠷ ᠠᠳᠬᠤᠵᠤ᠂ ᠲᠥᠪ ᠤᠨ ᠪᠠ | ᠥᠪᠡᠷᠲᠡᠭᠡᠨ ᠵᠠᠰᠠᠬᠤ ᠣᠷᠣᠨ ᠤ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ᠂ ᠪᠣᠳᠠᠲᠤ ᠴᠣᠭᠴᠠ ᠶᠢᠨ | ᠠᠵᠤ ᠠᠬᠤᠢ ᠶᠢᠨ ᠪᠡᠯᠡ ᠬᠤᠷᠠᠮᠳᠤᠭᠤᠯᠭ᠎ᠠ ᠶᠢ ᠶᠡᠬᠡᠪᠡᠷ ᠳᠡᠮᠵᠢᠬᠦ ᠵᠡᠷᠭᠡ ᠢᠳᠡᠪᠬᠢᠲᠡᠢ ᠳᠤᠬᠢᠶ᠎ᠠ ᠶᠢ ᠬᠠᠷᠠᠭᠠᠯᠠᠨ᠂ | ᠳᠡᠭᠡᠳᠦ ᠱᠠᠲᠤᠨ ᠤ ᠲᠦᠷᠦ ᠶᠢᠨ ᠪᠤᠳᠤᠯᠭ᠎ᠠ ᠶᠢᠨ ᠪᠡᠯᠡ ᠮᠥᠩᠭᠦ ᠶᠢ ᠪᠦᠬᠦ ᠬᠦᠴᠦᠨ ᠢᠶᠠᠷ ᠢᠶᠠᠨ ᠣᠯᠵᠤ᠂ ᠨᠡᠩ | ᠤᠯᠠᠨ ᠲᠦᠷᠦᠯ ᠵᠦᠢᠯ ᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠶᠡᠭᠡ ᠬᠡᠪᠴᠢᠶᠡᠨ ᠳᠤ ᠣᠷᠣᠭᠤᠯᠬᠤ ᠪᠠᠷ | ᠴᠢᠷᠮᠠᠶᠢᠵᠤ᠂ ᠲᠦᠷᠦᠯ ᠵᠦᠢᠯ ᠵᠡᠷᠭᠡ ᠵᠣᠭᠤᠰ ᠢ ᠨᠠᠶᠢᠷ ᠲᠠᠯᠪᠢᠬᠤ᠂ ᠵᠣᠭᠤᠰ ᠦᠯᠦ ᠥᠭᠬᠦ ᠵᠡᠷᠭᠡ ᠲᠦᠷᠦᠯ ᠵᠦᠢᠯ ᠢ | ᠪᠦᠬᠦ ᠵᠢᠯ ᠳᠤ 90 ᠠᠴᠠ ᠳᠡᠭᠡᠭᠰᠢ ᠲᠦᠷᠦᠯ ᠵᠦᠢᠯ ᠢ ᠨᠥᠭᠡᠴᠡᠯᠡᠨ᠎ᠡ᠃ | ᠤᠨᠢᠨ ᠳᠡᠭᠡᠷ᠎ᠡ ᠨᠢ ᠬᠤᠳᠠᠯᠳᠤᠭᠠᠴᠢᠨ ᠤᠷᠢᠬᠤ ᠳᠤ ᠰᠡᠯᠭᠦᠬᠦ ᠬᠦᠴᠦᠨ ᠢ ᠨᠡᠮᠡᠭᠳᠡᠭᠦᠯᠦᠨ᠎ᠡ᠃ ︽ᠨᠢᠭᠡᠳᠦᠭᠡᠷ | ᠭᠠᠷ︾ ᠲᠦᠷᠦᠭᠦᠯᠡᠨ ᠬᠤᠳᠠᠯᠳᠤᠭᠠᠴᠢᠨ ᠤᠷᠢᠬᠤ ᠶᠢ ᠪᠠᠷᠢᠮᠲᠠᠯᠠᠵᠤ᠂ ᠪᠥᠬᠦ ᠨᠡᠶᠢᠭᠡᠮ ᠢᠶᠠᠷ ᠢᠶᠠᠨ ᠬᠤᠳᠠᠯᠳᠤᠭᠠᠴᠢᠨ | ᠤᠷᠢᠬᠤ ᠳᠤ ᠣᠷᠣᠯᠴᠠᠬᠤ ᠶᠢ ᠳᠠᠶᠢᠴᠢᠯᠠᠵᠤ᠂ ᠠᠵᠢᠯ ᠲᠥᠷᠥᠯ ᠤᠨ ᠳᠠᠭᠠᠭᠤᠯᠤᠭᠴᠢ ᠠᠵᠤ ᠠᠬᠤᠶᠢᠯᠠᠯ ᠪᠠ ᠨᠠᠷᠠᠲᠤ | ᠠᠵᠤ ᠠᠬᠤᠶᠢᠯᠠᠯ ᠢ ᠬᠠᠷᠠᠭᠠᠯᠠᠨ᠂ ᠠᠵᠤ ᠤᠶᠢᠯᠡᠰ ᠤᠨ ᠬᠡᠯᠬᠢᠶ᠎ᠡ ᠪᠠᠷ ᠬᠤᠳᠠᠯᠳᠤᠭᠠᠴᠢᠨ ᠤᠷᠢᠬᠤ᠂ ᠲᠤᠰᠬᠠᠶ | ᠮᠡᠷᠭᠡᠵᠢᠯ ᠢᠶᠠᠷ ᠬᠤᠳᠠᠯᠳᠤᠭᠠᠴᠢᠨ ᠤᠷᠢᠬᠤ ᠪᠠ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ ᠶᠢ ᠨᠠᠷᠢᠯᠢᠭ | ᠣᠨᠣᠴᠠᠲᠠᠶ ᠪᠠᠷ ᠥᠷᠨᠢᠭᠦᠯᠵᠦ᠂ ᠰᠣᠶᠣᠯ ᠵᠢᠭᠤᠯᠴᠢᠯᠠᠯ ᠡᠷᠡᠭᠦᠯᠵᠢᠯ ᠰᠤᠪᠢᠯᠠᠯᠲᠠ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ᠂ | ᠣᠷᠭᠠᠨᠢᠭ ᠬᠠᠭᠤᠷᠠᠶ ᠠᠮᠤ ᠪᠤᠳᠠᠭ᠎ᠠ ᠶᠢ ᠪᠣᠷᠣᠯᠠᠭᠤᠯᠬᠤ ᠵᠡᠷᠭᠡ ᠠᠵᠤ ᠤᠶᠢᠯᠡᠰ ᠲᠤ ᠠᠩᠬᠠᠷᠤᠯ ᠢᠶᠠᠨ ᠲᠥᠪᠯᠡᠷᠡᠭᠦᠯᠦᠨ | ᠂ ᠨᠢᠭᠡ ᠪᠦᠯᠦᠭ ᠨᠠᠷᠠᠲᠤ ᠲᠥᠷᠥᠯ ᠲᠡᠮᠳᠡᠭᠲᠦ ᠪᠠᠷ ᠰᠢᠯᠢᠳᠡᠭ᠂ ᠶᠠᠰᠤ ᠴᠢᠨᠠᠷ ᠢᠶᠠᠷ ᠥᠨᠳᠥᠷ᠂ ᠦᠷ᠎ᠡ ᠠᠰᠢᠭ ᠢᠶᠠᠷ | ᠰᠠᠶᠢᠨ ᠲᠣᠮᠣ ᠲᠥᠷᠥᠯ ᠵᠤᠶᠢᠯ ᠢ ᠣᠷᠣᠭᠤᠯᠤᠨ ᠠᠪᠴᠢᠷᠠᠵᠤ᠂ ᠪᠥᠬᠦ ᠵᠢᠯ ᠳᠤ 40 ᠭᠠᠷᠤᠶ ᠲᠥᠷᠥᠯ ᠵᠤᠶᠢᠯ ᠳᠤ | ᠭᠡᠷ᠎ᠡ ᠲᠣᠭᠲᠠᠵᠤ ᠨᠠᠶᠢᠳᠠᠪᠤᠷᠢᠵᠢᠭᠤᠯᠤᠨ᠎ᠠ᠃ | ᠭᠤᠣᠯ ᠴᠣᠭᠴᠠ ᠶᠢ ᠪᠠᠲᠤᠯᠠᠬᠤ ᠳᠤ ᠬᠦᠴᠢᠷ ᠲᠠᠢ ᠪᠠᠶᠢᠳᠠᠯ ᠢ ᠰᠢᠢᠳᠪᠦᠷᠢᠯᠡᠨ᠎ᠡ᠃ ᠭᠠᠶᠢᠯᠢ ᠶᠢ ᠬᠥᠩᠭᠡᠯᠡᠵᠦ | ᠰᠦᠢᠳᠬᠡᠯ ᠢ ᠪᠠᠭᠤᠷᠠᠭᠤᠯᠬᠤ᠂ ᠦᠷᠳᠡᠭ ᠨᠡᠮᠡᠭᠳᠡᠯ ᠤᠨ ᠭᠠᠶᠢᠯᠢ ᠶᠢᠨ ᠦᠯᠡᠳᠡᠭᠡᠬᠦ ᠪᠠ ᠭᠠᠶᠢᠯᠢ ᠶᠢ ᠪᠤᠴᠠᠭᠠᠬᠤ ᠵᠡᠷᠭᠡ | ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠢᠯ ᠢ ᠰᠡᠷᠭᠦᠭᠡᠵᠦ ᠦᠢᠯᠡᠳᠪᠦᠷᠢᠯᠡᠯ ᠢ | ᠰᠡᠷᠭᠦᠭᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠳᠠᠷᠤᠭᠠᠰᠤ ᠶᠢ | ᠬᠥᠩᠭᠡᠯᠡᠵᠦ ᠬᠦᠴᠢᠷᠳᠡᠯ ᠢ ᠲᠠᠶᠢᠯᠬᠤ ᠡᠷᠴᠢᠮ ᠢ ᠴᠢᠩᠭᠠᠷᠠᠭᠤᠯᠵᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ | ᠦᠨᠡᠨ ᠬᠦ ᠪᠠᠲᠤᠯᠠᠨ᠎ᠠ᠃ ᠠᠷᠠᠳ ᠠᠴᠠ ᠡᠵᠡᠩᠨᠡᠭᠰᠡᠨ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠤᠨ ᠴᠢᠬᠤᠯᠠ ᠶᠡᠭᠡ ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠳᠤ | ᠣᠷᠣᠯᠴᠠᠬᠤ ᠶᠢ ᠵᠣᠷᠢᠭᠵᠢᠭᠤᠯᠤᠨ᠂ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ | ᠳᠡᠮᠵᠢᠨ᠎ᠡ᠃ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠪᠥᠬᠦ ᠬᠦᠴᠦᠨ ᠢᠶᠠᠷ ᠢᠶᠠᠨ ᠲᠡᠮᠡᠴᠡᠨ ᠣᠯᠵᠤ᠂ ᠮᠥᠩᠭᠦᠨ | ᠭᠦᠶ᠋ᠯᠭᠡᠭᠡᠨ ᠤ ᠪᠠᠶᠢᠭᠤᠯᠤᠮᠵᠢ ᠶᠢ ᠬᠥᠲᠥᠯᠦᠨ ᠵᠢᠯᠣᠭᠤᠳᠴᠤ ᠪᠠᠶᠢᠭᠠᠳ ᠵᠢᠵᠢᠭ ᠪᠢᠴᠢᠯ ᠠᠵᠤ ᠠᠬᠤᠶᠢᠯᠠᠯ ᠢ ᠳᠡᠮᠵᠢᠬᠦ | ᠡᠷᠴᠢᠮ ᠢ ᠴᠢᠩᠭᠠᠷᠠᠭᠤᠯᠤᠨ᠂ ᠵᠢᠵᠢᠭ ᠪᠢᠴᠢᠯ ᠠᠵᠤ ᠠᠬᠤᠶᠢᠯᠠᠯ ᠤᠨ ᠪᠠᠯᠠ ᠲᠣᠬᠢᠷᠠᠭᠤᠯᠭ᠎ᠠ ᠶᠢᠨ ᠨᠡᠮᠡᠭᠳᠡᠯ ᠤᠨ | ᠬᠡᠮᠵᠢᠶ᠎ᠡ᠂ ᠬᠡᠪᠴᠢᠶ᠎ᠡ ᠶᠢ ᠥᠷᠭᠡᠳᠬᠡᠬᠦ᠂ ᠥᠪᠡᠷ ᠤᠨ ᠥᠷᠲᠡᠭ ᠢ ᠪᠠᠭᠤᠷᠠᠭᠤᠯᠬᠤ ᠶᠢ ᠢᠳᠡᠪᠬᠢᠲᠡᠶ ᠠᠬᠢᠭᠤᠯᠵᠤ᠂ | ᠠᠵᠤ ᠠᠬᠤᠶᠢᠯᠠᠯ ᠤᠨ ᠪᠠᠯᠠ ᠲᠣᠬᠢᠷᠠᠭᠤᠯᠭ᠎ᠠ ᠶᠢᠨ ᠬᠦᠴᠢᠷ ᠠᠰᠠᠭᠤᠳᠠᠯ ᠢ ᠰᠢᠢᠳᠪᠤᠷᠢᠯᠡᠨ᠂ ᠵᠠᠬ᠎ᠠ ᠳᠡᠯᠭᠡᠭᠦᠷ ᠤᠨ | ᠭᠤᠤᠯ ᠴᠣᠭᠴᠠ ᠶᠢ ᠬᠠᠪᠰᠤᠷᠤᠨ ᠬᠥᠭᠵᠢᠭᠦᠯᠦᠨ ᠪᠤᠵᠠᠭᠠᠶᠢᠷᠠᠭᠤᠯᠵᠤ᠂ ᠪᠥᠬᠦ ᠵᠢᠯ ᠳᠤ ᠵᠠᠬ᠎ᠠ ᠳᠡᠯᠭᠡᠭᠦᠷ ᠤᠨ ᠭᠤᠤᠯ | ᠴᠣᠭᠴᠠ ᠶᠢ 20% ᠠᠴᠠ ᠳᠡᠭᠡᠭᠰᠢ ᠨᠡᠮᠡᠭᠳᠡᠭᠦᠯᠦᠨ᠎ᠡ᠃ | ᠳᠣᠲᠣᠭᠠᠳᠤ ᠬᠡᠷᠡᠭᠴᠡᠭᠡ ᠶᠢ ᠥᠷᠭᠡᠳᠬᠡᠵᠦ ᠬᠡᠷᠡᠭᠯᠡᠭᠡ ᠶᠢ ᠠᠬᠢᠭᠤᠯᠤᠨ᠎ᠠ᠃ ᠬᠡᠷᠡᠭᠯᠡᠭᠡ ᠶᠢ ᠠᠬᠢᠭᠤᠯᠬᠤ | ᠠᠵᠢᠯᠯᠠᠭ᠎ᠠ ᠶᠢ ᠤᠯᠠᠨ ᠶᠠᠩᠵᠤ ᠪᠠᠷ ᠡᠷᠬᠢᠯᠡᠵᠦ᠂ ᠬᠤᠨᠤᠭ ᠪᠠᠭᠤᠳᠠᠯ᠂ ᠬᠤᠭᠤᠯᠠ ᠤᠮᠳᠠ᠂ ᠬᠤᠳᠠᠯᠳᠤᠭ᠎ᠠ | ᠠᠷᠠᠯᠵᠢᠶ᠎ᠠ ᠶᠢᠨ ᠵᠢᠵᠢᠭᠯᠡᠨ ᠬᠤᠳᠠᠯᠳᠤᠬᠤ᠂ ᠰᠣᠶᠣᠯ ᠪᠡᠶ᠎ᠡ ᠶᠢᠨ ᠲᠠᠮᠢᠷ ᠵᠤᠭ᠎ᠠ ᠴᠡᠩᠭᠡᠯ ᠵᠡᠷᠭᠡ ᠦᠢᠯᠡᠴᠢᠯᠡᠭᠡᠨ ᠤ | ᠦᠢᠯᠡᠰ ᠢ ᠲᠦᠷᠭᠡᠪᠴᠢᠯᠡᠨ ᠰᠡᠷᠭᠦᠭᠡᠨ᠎ᠡ᠃ ᠤᠶᠢᠯᠡᠳᠪᠤᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠶᠢ ᠴᠢᠩᠭᠠᠳᠬᠠᠵᠤ | ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠠᠬᠢᠶᠠᠯᠠᠭ᠎ᠠ ᠶᠢᠨ ᠬᠠᠭᠤᠳᠠᠰᠤ ᠪᠠᠭᠤᠯᠭᠠᠬᠤ᠂ ᠭᠠᠵᠠᠷ ᠰᠢᠷᠣᠶ | ᠵᠠᠬᠢᠶᠠᠯᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠣᠷᠣᠯᠠᠭᠤᠯᠭ᠎ᠠ ᠶᠢᠨ ᠠᠷᠭ᠎ᠠ ᠵᠠᠮ ᠢ ᠥᠷᠭᠡᠳᠬᠡᠵᠦ᠂ ᠲᠤᠬᠠᠶ ᠶᠢᠨ | ᠭᠠᠵᠠᠷ ᠤᠨ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠤ ᠬᠥᠳᠡᠭᠡ ᠲᠣᠰᠬᠤᠨ ᠠᠴᠠ ᠭᠠᠷᠴᠤ᠂ | ᠵᠠᠬ᠎ᠠ ᠳᠡᠯᠭᠡᠭᠦᠷ ᠲᠤ ᠭᠠᠷᠬᠤ ᠶᠢ ᠠᠬᠢᠭᠤᠯᠤᠨ᠎ᠠ᠃ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢᠨ | ᠭᠦᠨᠵᠡᠭᠡᠶ ᠠᠭᠤᠰᠤᠯᠴᠠᠯ ᠢ ᠠᠬᠢᠭᠤᠯᠵᠤ᠂ ᠰᠢᠭᠤᠳ ᠨᠡᠪᠲᠡᠷᠡᠭᠦᠯᠬᠦ ᠪᠠᠷᠠᠭ᠎ᠠ᠂ ᠰᠦᠯᠵᠢᠶᠡᠨ ᠳᠡᠭᠡᠷᠡᠬᠢ | ᠤᠶᠢᠯᠡᠴᠢᠯᠡᠭᠡ᠂ ᠥᠪᠡᠷᠮᠢᠴᠡ ᠴᠢᠨᠠᠷᠲᠠᠶ ᠪᠠᠷ ᠵᠠᠬᠢᠶᠠᠯᠠᠨ ᠤᠶᠢᠯᠡᠳᠬᠦ ᠵᠡᠷᠭᠡ ᠰᠢᠨ᠎ᠡ ᠬᠡᠯᠪᠡᠷᠢ ᠶᠢᠨ ᠬᠡᠷᠡᠭᠯᠡᠭᠡ ᠶᠢ | ᠶᠡᠬᠡᠪᠡᠷ ᠪᠤᠶᠢᠵᠢᠭᠤᠯᠵᠤ᠂ ᠪᠥᠬᠦ ᠵᠢᠯ ᠳᠤ ᠰᠦᠯᠵᠢᠶᠡᠨ ᠳᠡᠭᠡᠷᠡᠬᠢ ᠠᠷᠠᠯᠵᠢᠶᠠᠨ ᠤ ᠲᠤᠭ᠎ᠠ ᠶᠢ 25% ᠠᠴᠠ ᠳᠡᠭᠡᠭᠰᠢ | ᠨᠡᠮᠡᠭᠳᠡᠭᠦᠯᠦᠨ᠎ᠡ᠃ ᠰᠢᠶᠠᠨ ᠰᠢᠶᠠᠩ ᠪᠦᠬᠦᠨ ᠢ ᠬᠠᠮᠤᠷᠤᠭᠰᠠᠨ ᠲᠦᠷᠭᠡᠨ ᠬᠦᠷᠭᠡᠬᠦ ᠪᠠᠷᠠᠭᠠᠨ ᠤ ᠭᠦᠶ᠋ᠯᠭᠡᠭᠡᠨ ᠤ ᠲᠣᠤᠷ | ᠰᠦᠯᠵᠢᠶ᠎ᠡ ᠶᠢ ᠪᠥᠬᠦ ᠬᠦᠴᠦᠨ ᠢᠶᠠᠷ ᠢᠶᠠᠨ ᠪᠠᠶᠢᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠢ ᠬᠤᠲᠠ ᠳᠤ | ᠣᠷᠣᠭᠤᠯᠬᠤ᠂ ᠠᠵᠤ ᠤᠶᠢᠯᠡᠳᠪᠤᠷᠢ ᠶᠢᠨ ᠪᠦᠲᠦᠭᠡᠭᠳᠡᠬᠦᠨ ᠢ ᠬᠥᠳᠡᠭᠡ ᠲᠣᠰᠬᠤᠨ ᠳᠤ ᠪᠠᠭᠤᠯᠭᠠᠵᠤ ᠬᠤᠤᠰ | ᠴᠢᠭᠯᠡᠯ ᠢᠶᠠᠷ ᠪᠡᠶᠡᠯᠡᠭᠦᠯᠦᠨ᠎ᠡ᠃ | ︵ᠬᠤᠶᠠᠷ︶ ᠬᠦᠴᠦ ᠪᠠᠨ ᠲᠥᠪᠯᠡᠷᠡᠭᠦᠯᠦᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ | ᠤᠳᠤ ᠦᠶ᠎ᠡ ᠶᠢᠨ ᠠᠵᠤ ᠦᠢᠯᠡᠰ ᠤᠨ ᠰᠢᠨ᠎ᠡ ᠰᠢᠰᠲ᠋ᠧᠮ ᠢ ᠬᠦᠴᠦᠯᠡᠨ ᠪᠠᠶᠢᠭᠤᠯᠤᠨ᠎ᠠ᠃ | ᠠᠵᠤ ᠦᠢᠯᠡᠰ ᠢᠶᠠᠷ ᠴᠢᠨᠠᠷ ᠰᠠᠶᠢᠲᠠᠢ ᠬᠥᠭᠵᠢᠯᠲᠡ ᠶᠢᠨ ᠲᠤᠯᠭᠠᠭᠤᠷᠢᠯᠠᠯ ᠪᠣᠯᠭᠠᠬᠤ ᠶᠢ ᠪᠠᠷᠢᠮᠲᠠᠯᠠᠵᠤ᠂ ᠪᠦᠬᠦ | ᠣᠷᠣᠨ ᠪᠦᠰᠡ ᠶᠢᠨ ᠪᠦᠬᠦ ᠤᠯᠠᠷᠢᠯ ᠤᠨ ᠵᠤᠭᠠᠴᠠᠯ ᠤᠨ ᠵᠢᠱᠢᠶ᠎ᠡ ᠦᠵᠡᠭᠦᠯᠬᠦ ᠰᠢᠶᠠᠨ ᠢ ᠪᠠᠶᠢᠭᠤᠯᠬᠤ ᠪᠠᠷ ᠬᠥᠳᠡᠯᠭᠡᠬᠦ | ᠬᠦᠴᠦᠨ ᠪᠣᠯᠭᠠᠵᠤ᠂ ᠡᠬᠢ ᠪᠠᠶᠠᠯᠢᠭ ᠤᠨ ᠲᠥᠷᠥᠯᠬᠢ ᠠᠪᠢᠶᠠᠰ ᠪᠣᠯᠤᠨ ᠬᠥᠭᠵᠢᠯᠲᠡ ᠶᠢᠨ ᠱᠠᠳᠤ ᠦᠶ᠎ᠡ ᠶᠢᠨ | ᠬᠠᠷᠢᠯᠴᠠᠨ ᠵᠣᠬᠢᠴᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠨ ᠪᠠᠶᠢᠭᠤᠯᠵᠤ᠂ ᠬᠥᠭᠵᠢᠯᠲᠡ ᠶᠢᠨ ᠠᠰᠢᠭᠲᠠᠢ | ᠪᠠᠶᠢᠷᠢ ᠶᠢ ᠬᠦᠴᠦᠯᠡᠨ ᠡᠵᠡᠯᠡᠨ᠎ᠡ᠃ | ᠪᠣᠯᠪᠠᠰᠤᠷᠠᠭᠤᠯᠬᠤ ᠦᠢᠯᠡᠰ ᠤᠨ ᠥᠷᠢᠰᠥᠯᠳᠦᠬᠦ ᠬᠦᠴᠦᠨ ᠢ ᠴᠢᠩᠭᠠᠷᠠᠭᠤᠯᠤᠨ᠎ᠠ᠃ ︽ᠬᠥᠲᠥᠴᠢ ᠶᠢ | ᠴᠢᠩᠭᠠᠳᠬᠠᠵᠤ᠂ ᠬᠡᠯᠬᠢᠶᠡᠰᠦ ᠶᠢ ᠨᠥᠬᠦᠪᠥᠷᠢᠯᠡᠬᠦ︾ ᠶᠢ ᠪᠣᠳᠣᠯᠬᠢᠯᠠᠨ᠂ ᠤᠯᠠᠮᠵᠢᠯᠠᠯᠲᠤ ᠠᠵᠤ ᠤᠶᠢᠯᠡᠰ ᠢ | ᠰᠢᠯᠢᠳᠡᠭᠵᠢᠭᠦᠯᠦᠨ ᠲᠠᠰ ᠳᠡᠪᠰᠢᠭᠦᠯᠵᠦ᠂ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠤᠶᠢᠯᠡᠳᠪᠤᠷᠢᠯᠡᠯ ᠤᠨ ᠰᠠᠭᠤᠷᠢᠨ ᠭᠠᠵᠠᠷ ᠢ ᠢᠳᠡᠪᠬᠢᠲᠡᠶ ᠪᠠᠷ ᠪᠠᠶᠢᠭᠤᠯᠤᠨ᠎ᠠ᠃ ᠣᠲᠣ ᠶᠢᠨ | ᠪᠠᠶᠢᠭ᠎ᠠ ᠬᠥᠲᠥᠴᠢ ᠠᠵᠤ ᠠᠬᠤᠶᠢᠯᠠᠯ ᠪᠤᠶᠤ ᠪᠣᠳᠠᠲᠤ ᠬᠦᠴᠦᠨ ᠲᠠᠢ ᠠᠵᠤ ᠠᠬᠤᠶᠢᠯᠠᠯ ᠢ ᠣᠷᠣᠭᠤᠯᠤᠨ ᠠᠪᠴᠢᠷᠠᠵᠤ | ᠠᠮᠤ ᠪᠤᠳᠠᠭ᠎ᠠ ᠶᠢ ᠨᠠᠷᠢᠯᠢᠭ ᠭᠦᠨᠵᠡᠭᠡᠶ ᠡᠳ᠋ᠰᠢᠭᠦᠯᠬᠦ ᠶᠢ ᠬᠥᠭᠵᠢᠭᠦᠯᠬᠦ ᠶᠢ ᠵᠣᠷᠢᠭᠵᠢᠭᠤᠯᠵᠤ᠂ ︽ᠳᠠᠷᠢᠵᠤ ᠲᠡᠵᠢᠭᠡᠬᠦ | ᠨᠡᠮᠡᠬᠦ︾ ᠪᠥᠬᠦ ᠠᠵᠤ ᠤᠶᠢᠯᠡᠰ ᠤᠨ ᠬᠡᠯᠬᠢᠶ᠎ᠡ ᠶᠢ ᠠᠯᠬᠤᠮ ᠠᠯᠬᠤᠮ ᠢᠶᠠᠷ ᠪᠣᠶ ᠪᠣᠯᠭᠠᠨ᠎ᠠ᠃ ᠢᠳᠡᠰᠢᠨ ᠼᠤᠤ᠂ | ᠢᠯᠵᠢᠮᠡᠭ ᠬᠤᠯᠤᠰᠤ᠂ ᠬᠤᠯᠢᠮᠠᠭ ᠠᠮᠤ ᠶᠢᠨ ᠲᠥᠬᠦᠮ ᠢᠳᠡᠭᠡᠨ ᠵᠡᠷᠭᠡ ᠤᠨᠴᠠᠯᠢᠭᠳᠤ ᠠᠵᠤ ᠤᠶᠢᠯᠡᠰ ᠢ | ᠦᠷᠭᠦᠯᠵᠢᠯᠡᠨ ᠬᠥᠭᠵᠢᠭᠦᠯᠵᠦ᠂ ᠬᠤᠩ ᠮᠤᠤ ᠡᠮ ᠤᠨ ᠤᠶᠢᠯᠡᠰ ᠤᠨ ᠠᠵᠤ ᠤᠶᠢᠯᠡᠰᠤᠨ ᠰᠡᠷᠭᠦᠯᠲᠡ ᠶᠢ | ᠢᠳᠡᠪᠬᠢᠲᠡᠶ ᠪᠠᠷ ᠲᠡᠳᠬᠦᠨ᠎ᠡ᠃ ᠦᠬᠡᠷ ᠬᠤᠨᠢᠨ ᠮᠢᠬ᠎ᠠ ᠶᠢᠨ ᠲᠦᠷᠦᠯ ᠢ ᠨᠢᠲᠤᠯᠬᠤ᠂ ᠴᠠᠭᠠᠨ ᠢᠳᠡᠭᠡᠨ ᠢ | ᠡᠳ᠋ᠰᠢᠭᠦᠯᠬᠦ ᠶᠢ ᠶᠡᠬᠡᠪᠡᠷ ᠬᠥᠭᠵᠢᠭᠦᠯᠵᠦ᠂ ᠦᠬᠡᠷ ᠬᠤᠨᠢᠨ ᠮᠢᠬ᠎ᠠ ᠶᠢᠨ ᠪᠤᠯᠭᠤᠭᠰᠠᠨ ᠢᠳᠡᠭᠡᠨ ᠢ ᠡᠳ᠋ᠰᠢᠭᠦᠯᠬᠦ ᠶᠢ | ᠠᠯᠬᠤᠮ ᠠᠯᠬᠤᠮ ᠢᠶᠠᠷ ᠬᠥᠭᠵᠢᠭᠦᠯᠦᠨ᠎ᠡ᠃ ᠲᠢᠶᠠᠨ ᠴᠧᠩ᠂ ᠪᠠᠷᠠᠭᠤᠨ ᠲᠣᠭᠤᠷᠢᠭ ᠤᠨ ᠠᠵᠤ ᠤᠶᠢᠯᠡᠰ ᠤᠨ | ᠰᠠᠭᠤᠷᠢᠨ ᠭᠠᠵᠠᠷ ᠤᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠣᠪᠤᠶᠢᠮ᠎ᠠ ᠰᠠᠶᠢᠲᠤᠷ ᠠᠳᠬᠤᠵᠤ | ᠂ ᠲᠢᠶᠠᠨ ᠴᠧᠩ ᠠᠵᠤ ᠤᠶᠢᠯᠡᠰ ᠤᠨ ᠰᠠᠭᠤᠷᠢᠨ ᠭᠠᠵᠠᠷ ᠤᠨ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠣᠲᠣ | ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠠᠵᠤ ᠤᠶᠢᠯᠡᠰ ᠤᠨ ᠬᠦᠷᠢᠶᠡᠯᠡᠩ ᠲᠣᠭᠤᠷᠢᠭ ᠪᠣᠯᠭᠠᠨ | ᠬᠤᠪᠢᠷᠠᠭᠤᠯᠵᠤ᠂ ᠲᠠᠷᠢᠶᠠᠯᠠᠩ ᠤᠨ ᠨᠠᠷᠢᠯᠢᠭ ᠡᠳ᠋ᠰᠢᠭᠦᠯᠬᠦ ᠲᠥᠷᠥᠯ ᠵᠤᠶᠢᠯ ᠢ ᠨᠠᠶᠢᠳᠠᠪᠤᠷᠢᠵᠢᠭᠤᠯᠬᠤ ᠵᠢᠴᠢ ᠪᠥᠬᠦ | ᠠᠵᠤ ᠦᠶ᠋ᠯᠡᠰ ᠤᠨ ᠬᠡᠯᠬᠢᠶᠡᠵᠢᠯ ᠤᠨ ᠲᠥᠷᠥᠯ ᠵᠤᠶᠢᠯ ᠢ ᠤᠷᠢᠳᠴᠢᠯᠠᠨ ᠪᠠᠶᠢᠷᠢᠯᠠᠭᠤᠯᠤᠨ᠎ᠠ᠃ | ᠦᠢᠯᠡᠴᠢᠯᠡᠭᠡᠨ ᠤ ᠦᠢᠯᠡᠰ ᠤᠨ ᠬᠥᠳᠡᠯᠭᠡᠬᠦ ᠬᠦᠴᠦᠨ ᠂ ᠬᠤᠪᠢᠰᠬᠠᠯ ᠤᠨ ᠳᠤᠷᠠᠰᠬᠠᠯᠲᠤ ᠵᠦᠢᠯ᠂ ᠠᠭᠤᠯᠠ | ᠤᠰᠤ᠂ ᠬᠠᠯᠠᠭᠤᠨ ᠷᠠᠰᠢᠶᠠᠨ ᠵᠡᠷᠭᠡ ᠡᠬᠢ ᠪᠠᠶᠠᠯᠢᠭ ᠤᠨ ᠳᠠᠪᠠᠭᠤᠯᠢᠭ ᠢ ᠭᠦᠨᠵᠡᠭᠡᠢ ᠠᠭᠤᠳᠠᠯᠵᠤ᠂ ᠬᠠᠷᠠᠯᠲᠠ ᠶᠢᠨ | ᠬᠠᠮᠲᠤᠯᠢᠭ ᠤᠨ ᠪᠠᠶᠢᠷᠢ ᠲᠣᠭᠲᠠᠭᠠᠯᠲᠠ ᠶᠢ ᠰᠠᠶᠢᠲᠤᠷ ᠬᠢᠵᠦ᠂ ᠵᠤᠭᠠᠴᠠᠯ ᠤᠨ ᠪᠦᠲᠦᠭᠡᠭᠳᠡᠬᠦᠨ ᠢ ᠰᠦᠪᠡᠭᠴᠢᠯᠡᠨ | ᠨᠡᠭᠡᠭᠡᠨ ᠬᠥᠭᠵᠢᠭᠦᠯᠵᠦ᠂ ᠰᠣᠶᠣᠯ ᠤᠨ ᠵᠤᠭᠠᠴᠠᠯ ᠡᠷᠡᠭᠦᠯ ᠡᠩᠬᠡ ᠨᠠᠰᠤᠵᠢᠯ ᠤᠨ ᠠᠭᠤᠰᠤᠯᠴᠠᠯ ᠤᠨ ᠬᠥᠭᠵᠢᠯᠲᠡ ᠶᠢ | ᠠᠬᠢᠭᠤᠯᠵᠤ᠂ ᠬᠤᠪᠢᠰᠬᠠᠯ ᠤᠨ ᠳᠤᠷᠠᠰᠬᠠᠯᠲᠤ ᠵᠤᠭᠠᠴᠠᠯ᠂ ᠬᠥᠳᠡᠭᠡ ᠲᠣᠰᠬᠤᠨ ᠤ ᠵᠤᠭᠠᠴᠠᠯ᠂ ᠥᠪᠡᠷ ᠤᠨ ᠮᠠᠰᠢᠨ | ᠲᠡᠷᠭᠡᠨ ᠤ ᠵᠤᠭᠠᠴᠠᠯ ᠤᠨ ᠰᠣᠳᠣᠨ ᠵᠠᠮ ᠱᠤᠭᠤᠮ ᠢ ᠬᠦᠴᠦᠯᠡᠨ ᠲᠥᠯᠥᠪᠵᠢᠭᠦᠯᠦᠨ᠎ᠡ︔ ᠭᠦᠩ ᠪᠠ ᠾᠧ | ᠭᠤᠣᠯ ᠤᠨ ᠠᠮᠢ ᠠᠬᠤᠢ ᠶᠢᠨ ᠦᠵᠡᠮᠵᠢ ᠶᠢᠨ ᠴᠡᠴᠡᠷᠯᠢᠭ ᠢ ᠪᠦᠳᠦᠭᠡᠨ ᠪᠠᠶᠢᠭᠤᠯᠵᠤ᠂ ᠲᠠᠭ᠎ᠠ ᠶᠢᠨ ᠨᠠᠭᠤᠷ ᠤᠨ | ᠦᠵᠡᠮᠵᠢ ᠶᠢᠨ ᠣᠷᠣᠨ ᠢ ᠳᠡᠭᠡᠭᠰᠢᠯᠡᠭᠦᠯᠬᠦ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠴᠠᠰᠤᠨ ᠳᠤ ᠭᠤᠯᠭᠤᠬᠤ | ᠲᠠᠯᠠᠪᠠᠢ ᠶᠢᠨ ᠬᠡᠪ ᠤᠨ ᠡᠵᠡᠩᠨᠡᠯᠲᠡ ᠶᠢ ᠪᠠᠲᠤᠯᠠᠵᠤ᠂ ᠡᠯ ᠯᠦᠩ ᠱᠢ ᠲᠠᠢ ᠤᠢ ᠰᠢᠭᠤᠢ ᠶᠢᠨ ᠴᠡᠴᠡᠷᠯᠢᠭ ᠢ ᠨᠡᠭᠡᠭᠡᠨ | ᠠᠰᠢᠭᠯᠠᠬᠤ ᠶᠢ ᠠᠬᠢᠭᠤᠯᠵᠤ᠂ ᠫᠠᠨ ᠲᠠᠩ ᠰᠣᠶᠣᠯ ᠤᠨ ᠶᠡᠷᠦᠩᠬᠡᠶᠢᠯᠡᠭᠰᠡᠨ ᠴᠣᠭᠴᠠ ᠶᠢ ᠡᠨᠡ ᠵᠢᠯ ᠤᠨ ᠳᠣᠲᠣᠷ᠎ᠠ | ᠵᠢᠩᠬᠢᠨᠢ ᠪᠠᠷ ᠠᠰᠢᠭᠯᠠᠯᠲᠠ ᠳᠤ ᠣᠷᠣᠭᠤᠯᠬᠤ ᠶᠢ ᠬᠦᠴᠦᠯᠡᠨ ᠠᠬᠢᠭᠤᠯᠤᠨ᠎ᠠ᠃ ᠪᠠᠷᠠᠭᠠᠨ ᠤ ᠬᠦᠢᠯᠭᠡᠭᠡᠨ ᠤ ᠠᠵᠤ | ᠤᠶᠢᠯᠡᠰ ᠢ ᠶᠡᠬᠡᠪᠡᠷ ᠬᠥᠭᠵᠢᠭᠦᠯᠵᠦ᠂ ᠣᠯᠠᠨ ᠬᠡᠯᠪᠡᠷᠢ ᠶᠢᠨ ᠬᠤᠯᠪᠣᠭᠠᠯᠠᠨ ᠲᠡᠭᠡᠭᠡᠪᠦᠷᠢᠯᠡᠵᠦ ᠳᠠᠮᠵᠢᠭᠤᠯᠤᠨ | ᠲᠡᠭᠡᠭᠡᠪᠦᠷᠢᠯᠡᠬᠦ ᠶᠢ ᠭᠦᠨᠵᠡᠭᠡᠶ ᠥᠷᠨᠢᠭᠦᠯᠵᠦ᠂ ︽ᠲᠦᠷᠭᠡᠨ ᠬᠦᠷᠭᠡᠯᠲᠡ ᠶᠢ ᠲᠣᠰᠬᠤᠨ ᠳᠤ ᠣᠷᠣᠭᠤᠯᠬᠤ︾ | ᠢᠨᠵᠧᠨᠧᠷᠢᠩ ᠢ ᠲᠥᠷᠥᠯ ᠬᠤᠪᠢᠶᠠᠨ ᠠᠬᠢᠭᠤᠯᠤᠨ᠎ᠠ᠃ ᠣᠲᠣ ᠶᠢᠨ ᠪᠠᠶᠢᠭ᠎ᠠ 14 ᠭᠠᠳᠠᠭᠠᠳᠤ ᠠᠷᠠᠯᠵᠢᠶᠠᠨ ᠤ | ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠤᠨ ᠲᠣᠭᠲᠠᠭᠤᠨ ᠢᠶᠠᠷ ᠡᠵᠡᠩᠨᠡᠬᠦ ᠶᠢ ᠲᠡᠳᠬᠦᠭᠰᠡᠨ ᠰᠠᠭᠤᠷᠢᠨ ᠳᠡᠭᠡᠷ᠎ᠡ᠂ | ᠤᠨᠴᠠᠯᠢᠬᠳᠤ ᠳᠠᠪᠠᠭᠤᠯᠢᠭ ᠠᠵᠤ ᠤᠶᠢᠯᠡᠰ ᠢ ᠤᠯᠠᠭᠠᠨᠴᠠᠪ — ᠡᠷᠢᠶᠡᠨ ᠬᠤᠲᠠ ᠶᠢᠨ ᠤᠯᠤᠰ ᠤᠨ ᠪᠠᠷᠠᠭᠠᠨ ᠤ | ᠭᠦᠶ᠋ᠯᠭᠡᠭᠡᠨ ᠤ ᠬᠦᠢᠰᠦ ᠳᠤ ᠠᠭᠤᠰᠤᠯᠴᠠᠭᠤᠯᠬᠤ ᠶᠢ ᠠᠬᠢᠭᠤᠯᠵᠤ᠂ ᠤᠮᠠᠷᠠᠰᠢ ᠨᠡᠭᠡᠭᠡᠯᠲᠡ ᠬᠢᠬᠦ ᠴᠢᠬᠤᠯᠠ | ᠬᠥᠭᠦᠷᠭᠡᠨ ᠪᠠᠬᠢᠯᠡᠯᠲᠡ ᠶᠢ ᠪᠥᠲᠥᠭᠡᠨ ᠪᠠᠶᠢᠭᠤᠯᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠦᠨ᠎ᠡ᠃ | ︵ᠭᠤᠷᠪᠠ︶ ᠬᠦᠴᠦᠨ ᠢᠶᠠᠨ ᠲᠥᠪᠯᠡᠷᠡᠭᠦᠯᠦᠨ ᠣᠷᠣᠯᠭ᠎ᠠ ᠪᠠᠨ ᠨᠡᠮᠡᠭᠳᠡᠭᠦᠯᠦᠨ ᠬᠥᠭᠵᠢᠯᠲᠡ ᠶᠢ ᠡᠷᠢᠯᠬᠢᠯᠡᠵᠦ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠳᠦᠷᠰᠦ ᠪᠠᠶᠢᠳᠠᠯ ᠢ ᠬᠦᠴᠦᠯᠡᠨ ᠢᠯᠡᠷᠡᠭᠦᠯᠬᠦ ᠬᠡᠷᠡᠭᠲᠡᠢ ᠃ | | ᠲᠠᠷᠢᠶᠠᠯᠠᠩ ᠬᠥᠳᠡᠭᠡ ᠲᠣᠰᠬᠤᠨ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠵᠤ᠂ ᠰᠦ ᠶᠢᠨ ᠦᠢᠯᠡᠰ ᠢ | ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠰᠢᠶᠠᠨ᠂ ᠠᠯᠠᠰᠢᠨ ᠦᠬᠡᠷ ᠤᠨ ᠰᠦᠷᠦᠭᠵᠢᠯ ᠢ ᠥᠷᠭᠡᠳᠬᠡᠨ | ᠳᠠᠬᠢᠨ ᠢᠶᠠᠷ ᠨᠡᠮᠡᠭᠳᠡᠭᠦᠯᠬᠦ ᠵᠢᠱᠢᠶ᠎ᠡ ᠦᠵᠡᠭᠦᠯᠬᠦ ᠰᠢᠶᠠᠨ ᠢ ᠪᠣᠢ ᠪᠣᠯᠭᠠᠬᠤ ᠪᠠᠷ ᠭᠤᠣᠯᠳᠠᠯᠭ᠎ᠠ ᠪᠣᠯᠭᠠᠨ᠂ | ᠲᠠᠷᠢᠶᠠᠯᠠᠩ ᠤᠨ ᠴᠢᠨᠠᠷ ᠰᠠᠶᠢᠲᠠᠶ ᠪᠥᠭᠡᠳ ᠥᠨᠳᠥᠷ ᠪᠦᠲᠦᠮᠵᠢᠲᠡᠶ᠂ ᠬᠥᠳᠡᠭᠡ ᠲᠣᠰᠬᠤᠨ ᠤ ᠣᠷᠣᠰᠢᠨ | ᠰᠠᠭᠤᠬᠤ ᠳᠤ ᠲᠣᠬᠢᠷᠠᠮᠵᠢᠲᠠᠶ᠂ ᠲᠠᠷᠢᠶᠠᠴᠢᠳ ᠤᠨ ᠪᠠᠶᠠᠨ ᠴᠢᠨᠡᠭᠡᠯᠢᠭ ᠪᠠᠶᠢᠬᠤ ᠶᠢ ᠪᠦᠬᠦ ᠲᠠᠯ᠎ᠠ ᠪᠠᠷ ᠲᠦᠯᠬᠢᠨ | ᠠᠬᠢᠭᠤᠯᠤᠨ᠎ᠠ᠃ | ᠬᠥᠳᠡᠭᠡ ᠲᠣᠰᠬᠤᠨ ᠤ ᠠᠵᠤ ᠦᠢᠯᠡᠰ ᠤᠨ ᠰᠠᠭᠤᠷᠢ ᠶᠢ ᠪᠠᠬᠢᠵᠢᠭᠦᠯᠦᠨ᠎ᠡ᠃ ᠲᠠᠷᠢᠶᠠᠨ ᠭᠠᠵᠠᠷ ᠤᠨ ᠤᠯᠠᠭᠠᠨ | ᠱᠤᠭᠤᠮ ᠪᠠ ᠠᠮᠤ ᠪᠤᠳᠠᠭᠠᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠲᠠᠷᠢᠶᠠᠨ ᠭᠠᠵᠠᠷ ᠢ | ︽ᠲᠠᠷᠢᠶᠠᠯᠠᠩ ᠤᠨ ᠪᠤᠰᠤ ᠪᠣᠯᠭᠠᠬᠤ︾ ᠶᠢ ᠡᠷᠡᠰ ᠬᠤᠷᠢᠭᠯᠠᠵᠤ᠂ ︽ᠠᠮᠤ ᠪᠤᠳᠠᠭᠠᠨ ᠤ ᠪᠤᠰᠤ ᠪᠣᠯᠭᠠᠬᠤ︾ ᠶᠢ | ᠰᠡᠷᠭᠡᠶᠢᠯᠡᠵᠦ᠂ ᠶᠡᠷᠦᠩᠬᠡᠶ ᠲᠠᠷᠢᠬᠤ ᠲᠠᠯᠠᠪᠠᠢ ᠶᠢ 94·5 ᠲᠦᠮᠡᠨ ᠮᠦ ᠣᠷᠴᠢᠮ᠂ ᠠᠮᠤ ᠪᠤᠳᠠᠭᠠᠨ ᠤ | ᠤᠨᠠᠯᠲᠠ ᠶᠢ 4 ᠳ᠋ᠦᠩᠰᠢᠭᠤᠷ ᠵᠢᠩ ᠠᠴᠠ ᠳᠡᠭᠡᠭᠰᠢ ᠲᠣᠭᠲᠠᠪᠤᠷᠢᠵᠢᠭᠤᠯᠤᠨ᠎ᠠ᠃ 6 ᠲᠦᠮᠡᠨ ᠮᠥ ᠣᠷᠭᠠᠨᠢᠭ | ᠬᠠᠭᠤᠷᠠᠶ ᠲᠠᠷᠢᠶᠠᠯᠠᠩ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠦᠷᠭᠦᠯᠵᠢᠯᠡᠨ ᠪᠠᠶᠢᠭᠤᠯᠵᠤ᠂ ︽ ᠯᠢᠶᠠᠩᠴᠧᠩ | ᠰᠢᠶᠠᠨ ᠤ ᠬᠠᠭᠤᠷᠠᠶ ᠠᠮᠤ︾ ᠶᠢᠨ ᠪᠥᠬᠦ ᠤᠯᠤᠰ ᠲᠤ ᠬᠥᠭᠵᠢᠬᠦ ᠶᠢ ᠠᠬᠢᠭᠤᠯᠤᠨ᠎ᠠ᠃ ᠰᠦ ᠶᠢᠨ ᠤᠶᠢᠯᠡᠰ ᠢ | ᠬᠥᠭᠵᠢᠭᠦᠯᠦᠨ ᠮᠠᠨᠳᠤᠭᠤᠯᠬᠤ ᠶᠢ ᠶᠡᠬᠡᠪᠡᠷ ᠠᠬᠢᠭᠤᠯᠵᠤ᠂ ᠣᠲᠣ ᠦᠶ᠎ᠡ ᠶᠢᠨ ᠰᠦ ᠶᠢᠨ ᠤᠶᠢᠯᠡᠰ ᠤᠨ ᠰᠠᠭᠤᠷᠢᠨ | ᠭᠠᠵᠠᠷ᠂ ᠵᠧᠤ ᠵᠢᠶᠠ ᠯᠢᠩ ᠤᠨ ᠬᠠᠶ ᠭᠤᠤ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ᠂ ᠱᠧᠩ | ᠲᠢᠶᠠᠨ ᠮᠠᠯ ᠠᠵᠤ ᠠᠬᠤᠶ᠂ ᠶᠢᠨ ᠱᠢ ᠮᠠᠯ ᠠᠵᠤ ᠠᠬᠤᠶ᠂ ᠰᠢᠩ ᠬᠤᠩ ᠮᠠᠯ ᠠᠵᠤ ᠠᠬᠤᠶ ᠶᠢᠨ ᠪᠥᠲᠥᠭᠡᠨ | ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠵᠤ᠂ ᠵᠢᠯ ᠤᠨ ᠳᠣᠲᠣᠷ᠎ᠠ 2 ᠲᠦᠮᠡᠨ ᠰᠠᠭᠠᠯᠢ ᠶᠢᠨ | ᠦᠨᠢᠶ᠎ᠡ ᠶᠢ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠨ᠎ᠠ︔ ︽ᠠᠯᠠᠰᠢᠨ ᠦᠬᠡᠷ ᠢ ᠳᠠᠬᠢᠨ ᠢᠶᠠᠷ ᠨᠡᠮᠡᠭᠳᠡᠭᠦᠯᠬᠦ︾ | ᠲᠥᠯᠥᠪᠯᠡᠭᠡ ᠶᠢ ᠦᠷᠭᠦᠯᠵᠢᠯᠡᠨ ᠬᠡᠷᠡᠭᠵᠢᠭᠦᠯᠵᠦ᠂ ᠵᠢᠯ ᠤᠨ ᠳᠣᠲᠣᠷ᠎ᠠ 1 ᠲᠦᠮᠡᠨ ᠠᠯᠠᠰᠢᠨ ᠦᠬᠡᠷ ᠢ ᠰᠢᠨ᠎ᠡ ᠪᠠᠷ | ᠨᠡᠮᠡᠭᠳᠡᠭᠦᠯᠬᠦ ᠪᠠᠷ ᠴᠢᠷᠮᠠᠶᠢᠨ᠎ᠠ︔ 2025 ᠣᠨ ᠪᠣᠯᠬᠤ ᠳᠤ ᠰᠠᠭᠠᠯᠢ ᠶᠢᠨ ᠦᠨᠢᠶ᠎ᠡ ᠠᠯᠠᠰᠢᠨ ᠦᠬᠡᠷ ᠤᠨ ᠲᠤᠭ᠎ᠠ | ᠲᠣᠯᠣᠭᠠᠶ ︽ᠬᠤᠤᠰ 10 ᠲᠦᠮᠡ︾ ᠶᠢ ᠪᠡᠶᠡᠯᠡᠭᠦᠯᠦᠨ᠎ᠡ᠃ ︽ᠲᠡᠵᠢᠭᠡᠬᠦ ᠶᠢᠨ ᠲᠥᠯᠥᠭᠡ ᠳᠠᠷᠢᠵᠤ᠂ ᠳᠠᠷᠢᠵᠤ | ᠲᠡᠵᠢᠭᠡᠬᠦ ᠶᠢ ᠤᠶᠠᠯᠳᠤᠭᠤᠯᠬᠤ︾ ᠶᠢᠨ ᠲᠣᠭᠤᠷᠢᠨ ᠳᠤ᠂ ᠬᠥᠬᠡ ᠳᠠᠷᠤᠰᠢ ᠶᠢᠨ ᠡᠷᠳᠡᠨᠢ ᠰᠢᠰᠢ ᠵᠡᠷᠭᠡ ᠡᠪᠡᠰᠦ | ᠪᠣᠷᠳᠤᠭ᠎ᠠ ᠶᠢᠨ ᠳᠠᠷᠢᠯᠲᠠ ᠶᠢ ᠠᠵᠤ ᠦᠶᠢᠯᠡᠰᠵᠢᠭᠦᠯᠦᠨ ᠬᠥᠭᠵᠢᠭᠦᠯᠬᠦ ᠶᠢ ᠪᠥᠬᠦ ᠲᠠᠯ᠎ᠠ ᠪᠠᠷ ᠠᠬᠢᠭᠤᠯᠤᠨ᠎ᠠ᠃ | ᠠᠯᠠᠰᠢᠨ ᠬᠤᠨᠢᠨ ᠤ ᠲᠡᠵᠢᠭᠡᠨ ᠦᠷᠡᠵᠢᠭᠦᠯᠬᠦ ᠡᠭᠦᠯᠳᠡᠷ ᠢ ᠰᠢᠯᠢᠳᠡᠭᠵᠢᠭᠦᠯᠵᠦ᠂ ᠣᠷᠣᠭᠤᠯᠤᠨ ᠠᠪᠴᠢᠷᠠᠵᠤ | ᠲᠤᠷᠰᠢᠯᠲᠠ ᠬᠢᠵᠦ ᠬᠠᠰᠢᠶᠠᠯᠠᠨ ᠲᠡᠵᠢᠭᠡᠵᠦ᠂ ᠢᠮᠠᠭ᠎ᠠ ᠶᠢ ᠰᠤᠯᠠ ᠲᠡᠵᠢᠭᠡᠬᠦ ᠶᠢ ᠠᠯᠬᠤᠮ ᠠᠯᠬᠤᠮ ᠢᠶᠠᠷ | ᠰᠢᠭᠰᠢᠭᠳᠡᠭᠦᠯᠵᠦ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠲᠠᠷᠢᠶᠠᠴᠢᠨ ᠡᠷᠦᠬᠡ ᠶᠢᠨ | ᠠᠯᠠᠰᠢᠨ ᠦᠬᠡᠷ ᠲᠡᠵᠢᠭᠡᠨ ᠦᠷᠡᠵᠢᠭᠦᠯᠵᠦ ᠠᠯᠠᠰᠢᠨ ᠬᠤᠨᠢ ᠶᠢ ᠣᠷᠣᠯᠠᠭᠤᠯᠬᠤ ᠶᠢ ᠵᠣᠷᠢᠭᠵᠢᠭᠤᠯᠤᠨ᠎ᠠ᠃ | ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠤᠷᠢᠯᠡᠬᠦ ᠦᠷ᠎ᠡ ᠪᠦᠲᠦᠮᠵᠢ ᠶᠢ ᠪᠠᠬᠢᠵᠢᠭᠦᠯᠦᠨ᠎ᠡ᠃ | ︽ᠲᠦᠷᠪᠡ ᠶᠢ ᠦᠯᠦ ᠲᠠᠶᠠᠭᠳᠠᠬᠤ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠲᠠᠬᠢᠨ ᠶᠠᠳᠠᠭᠤᠷᠠᠵᠤ | ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠪᠠᠶᠢᠳᠠᠯ ᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ | ᠪᠦᠷᠢᠨᠰᠢᠬᠦᠯᠵᠤ᠂ ᠬᠥᠳᠡᠭᠡ ᠲᠣᠰᠬᠤᠨ ᠤ ᠣᠷᠣᠯᠭ᠎ᠠ ᠪᠠᠭᠠᠲᠠᠶ ᠬᠥᠮᠦᠨ ᠠᠮᠠ ᠶᠢ ᠪᠠᠶᠢᠩᠭᠤᠵᠢᠭᠤᠯᠤᠨ ᠬᠠᠪᠰᠤᠷᠤᠨ | ᠲᠡᠳᠬᠦᠬᠦ ᠶᠢ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠤᠨ ᠠᠵᠢᠯ ᠣᠯᠭᠤᠬᠤ ᠶᠠᠪᠤᠳᠠᠯ ᠢ ᠲᠤᠪᠤᠶᠢᠮ᠎ᠠ ᠰᠠᠶᠢᠲᠤᠷ ᠠᠳᠬᠤᠵᠤ᠂ ᠬᠡᠪᠴᠢᠶᠡᠲᠦ ᠴᠢᠨᠠᠷᠲᠠᠶ | ᠲᠠᠬᠢᠨ ᠶᠠᠳᠠᠭᠤᠷᠠᠬᠤ ᠶᠠᠪᠤᠳᠠᠯ ᠦᠯᠦ ᠭᠠᠷᠬᠤ ᠬᠢᠵᠠᠭᠠᠷ ᠱᠤᠭᠤᠮ ᠢ ᠰᠠᠬᠢᠨ᠎ᠠ᠃ ᠣᠷᠣᠯᠭ᠎ᠠ ᠶᠢᠨ ᠬᠤᠪᠢᠷᠠᠯᠲᠠ ᠪᠠ | ︽ᠭᠤᠷᠪᠠ ᠶᠢ ᠪᠠᠲᠤᠯᠠᠬᠤ︾ ᠶᠢ ᠪᠠᠬᠢᠵᠢᠭᠦᠯᠦᠭᠰᠡᠨ ᠪᠠᠶᠢᠳᠠᠯ ᠢ ᠦᠷᠭᠦᠯᠵᠢᠯᠡᠨ ᠮᠥᠷᠳᠡᠵᠦ᠂ ᠴᠠᠭ ᠲᠤᠬᠠᠶ ᠳᠤᠨᠢ | ᠢᠯᠡᠷᠡᠭᠦᠯᠵᠦ᠂ ᠨᠠᠷᠢᠯᠢᠭ ᠣᠨᠣᠴᠠᠲᠠᠶ ᠪᠠᠷ ᠬᠠᠪᠰᠤᠷᠤᠨ ᠲᠡᠳᠬᠦᠵᠦ᠂ ᠬᠥᠳᠡᠯᠦᠩᠭᠦᠶ ᠪᠠᠷ ᠦᠭᠡᠶᠢᠰᠬᠡᠬᠦ ᠬᠡᠷᠡᠭᠲᠡᠶ᠃ | ᠭᠠᠴᠠᠭᠠᠨ ᠤ ᠱᠠᠲᠤᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠵᠤ᠂ ᠲᠠᠷᠢᠶᠠᠯᠠᠩ ᠤᠨ ᠦᠷ᠎ᠡ | ᠠᠰᠢᠭ ᠢ ᠨᠡᠮᠡᠭᠳᠡᠭᠦᠯᠬᠦ ᠲᠠᠷᠢᠶᠠᠴᠢᠳ ᠤᠨ ᠣᠷᠣᠯᠭ᠎ᠠ ᠤᠨᠳᠤᠤ ᠭᠠᠵᠠᠷ ᠲᠤ ᠨᠡᠭᠦᠯᠭᠡᠵᠦ ᠶᠠᠳᠠᠭᠤ ᠶᠢ ᠲᠡᠳᠬᠦᠬᠦ ᠶᠢᠨ | ᠳᠠᠷᠠᠭᠠᠬᠢ ᠲᠡᠳᠬᠦᠮᠵᠢ ᠶᠢ ᠰᠠᠶᠢᠲᠤᠷ ᠠᠳᠬᠤᠵᠤ᠂ ᠨᠡᠭᠦᠯᠭᠡᠭᠰᠡᠨ ᠤᠯᠠᠨ ᠲᠦᠮᠡᠨ ᠤ ᠰᠢᠨ᠎ᠡ ᠣᠷᠴᠢᠨ | ᠲᠣᠭᠤᠷᠢᠨ ᠳᠤ ᠲᠦᠷᠭᠡᠨ ᠵᠣᠬᠢᠴᠠᠬᠤ᠂ ᠰᠢᠨ᠎ᠡ ᠠᠮᠢᠳᠤᠷᠠᠯ ᠢ ᠡᠳ᠋ᠯᠡᠬᠦ ᠶᠢ ᠪᠠᠲᠤᠯᠠᠨ᠎ᠠ᠃ ᠶᠠᠳᠠᠭᠤ ᠶᠢ ᠲᠡᠳᠬᠦᠬᠦ | ᠵᠦᠢᠯᠡᠰ ᠤᠨ ᠡᠳ᠋ ᠬᠦᠷᠦᠩᠭᠡ ᠶᠢ ᠰᠠᠶᠢᠲᠤᠷ ᠬᠠᠮᠢᠶᠠᠷᠤᠨ ᠰᠠᠶᠢᠲᠤᠷ ᠬᠡᠷᠡᠭᠯᠡᠵᠦ᠂ ᠦᠷ᠎ᠡ ᠠᠰᠢᠭ ᠢ ᠦᠷᠭᠦᠯᠵᠢᠯᠡᠨ | ᠪᠠᠳᠠᠷᠠᠭᠤᠯᠬᠤ ᠶᠢ ᠦᠨᠡᠨ ᠬᠦ ᠪᠠᠲᠤᠯᠠᠨ᠎ᠠ᠃ ᠲᠣᠰᠬᠤᠨ ᠳᠤ ᠰᠠᠭᠤᠬᠤ ᠠᠵᠢᠯᠯᠠᠬᠤ ᠠᠩᠬᠢ ᠶᠢᠨ ᠦᠢᠯᠡᠳᠦᠯ ᠢ | ᠰᠠᠶᠢᠲᠤᠷ ᠪᠠᠳᠠᠷᠠᠭᠤᠯᠵᠤ᠂ ᠨᠡᠶᠢᠭᠡᠮ ᠤᠨ ᠬᠦᠴᠦᠨ ᠢ ᠥᠷᠭᠡᠨ ᠢᠶᠠᠷ ᠳᠠᠶᠢᠴᠢᠯᠠᠵᠤ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠣᠷᠣᠯᠴᠠᠭᠤᠯᠤᠨ᠎ᠠ᠃ | ᠣᠷᠣᠰᠢᠨ ᠰᠠᠭᠤᠬᠤ ᠳᠤ ᠲᠣᠬᠢᠷᠠᠮᠵᠢᠲᠠᠶ ᠪᠥᠭᠡᠳ ᠠᠵᠢᠯ ᠦᠢᠯᠡᠰ ᠡᠷᠬᠢᠯᠡᠬᠦ ᠳᠤ ᠲᠣᠬᠢᠷᠠᠮᠵᠢᠲᠠᠶ ᠬᠥᠳᠡᠭᠡ | ᠲᠣᠰᠬᠤᠨ ᠢ ᠪᠦᠳᠦᠭᠡᠨ ᠪᠠᠶᠢᠭᠤᠯᠤᠨ᠎ᠠ᠃ ᠬᠦ᠋ᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ | ᠠᠬᠤᠶ ᠶᠢ ᠴᠡᠭᠴᠡᠯᠡᠨ ᠵᠠᠰᠠᠬᠤ ᠠᠵᠢᠯ ᠢ ᠭᠦᠨᠵᠡᠭᠡᠶ ᠥᠷᠨᠢᠭᠦᠯᠵᠦ᠂ ᠵᠢᠯ ᠤᠨ ᠳᠣᠲᠣᠷ᠎ᠠ ᠠᠮᠢᠳᠤᠷᠠᠯ ᠤᠨ ᠬᠤᠭ | ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠤᠷᠢᠯᠡᠬᠦ ᠰᠢᠰᠲ᠋ᠧᠮ ᠤᠨ ᠪᠦᠷᠬᠦᠴᠡ ᠶᠢᠨ ᠨᠤᠷᠮ᠎ᠠ ᠶᠢ ᠳᠡᠭᠡᠳᠦ | ᠱᠠᠲᠤᠨ ᠤ ᠱᠠᠭᠠᠷᠳᠠᠯᠭ᠎ᠠ ᠳᠤ ᠬᠦᠷᠭᠡᠵᠦ᠂ ᠠᠮᠢᠳᠤᠷᠠᠯ ᠤᠨ ᠪᠣᠬᠢᠷ ᠤᠰᠤ ᠶᠢ ᠪᠦᠲᠦᠮᠵᠢᠲᠡᠶ ᠪᠠᠷ ᠬᠤᠷᠢᠶᠠᠨ | ᠴᠤᠭᠯᠠᠭᠤᠯᠵᠤ᠂ ᠲᠤᠤᠷ᠎ᠠ ᠠᠰᠢᠭ ᠢᠶᠠᠷ ᠳᠣᠤᠷ᠎ᠠ ᠰᠤᠯᠠ ᠪᠠᠶᠢᠬᠤ ᠣᠷᠣᠨ ᠰᠠᠭᠤᠴᠠ ᠶᠢᠨ ᠭᠠᠵᠠᠷ ᠢ ᠠᠮᠢᠳᠤᠯᠢᠭ | ᠪᠣᠯᠭᠠᠵᠤ᠂ ︽ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ︾ 1000 ᠮᠥ ᠬᠠᠭᠤᠴᠢᠨ ᠭᠠᠵᠠᠷ ᠢ ᠨᠤᠷᠠᠭᠠᠵᠤ | ᠳᠠᠬᠢᠨ ᠬᠠᠭᠠᠯᠪᠤᠷᠢᠯᠠᠬᠤ ᠶᠢ ᠪᠡᠶᠡᠯᠡᠭᠦᠯᠵᠦ᠂ 460 ᠮᠥ ᠲᠠᠷᠢᠶᠠᠨ ᠭᠠᠵᠠᠷ ᠤᠨ ᠬᠥᠮᠥᠷᠭᠡ ᠶᠢ ᠪᠥᠲᠥᠭᠡᠨ ᠪᠠᠶᠢᠭᠤᠯᠵᠤ | ᠨᠥᠬᠦᠪᠥᠷᠢᠯᠡᠪᠡ᠃ ᠬᠥᠳᠡᠭᠡ ᠲᠣᠰᠬᠤᠨ ᠤ ᠵᠠᠰᠠᠮᠠᠯ ᠵᠠᠮ ᠢ 31·8 ᠺᠢᠯᠣᠮᠧᠲᠷ ᠶᠠᠰᠤ ᠴᠢᠨᠠᠷ ᠢ ᠳᠡᠭᠡᠭᠰᠢᠯᠡᠭᠦᠯᠦᠨ | ᠥᠭᠡᠷᠡᠴᠢᠯᠡᠵᠦ᠂ ᠪᠠᠶᠢᠭᠤᠯᠤᠯᠳᠤ ᠲᠣᠰᠬᠤᠨ ᠳᠤ ᠬᠤᠣᠰ ᠲᠡᠷᠭᠡᠨ ᠵᠠᠮ᠂ ᠵᠢᠭᠤᠯᠴᠢᠯᠠᠯ ᠤᠨ ᠵᠠᠮ ᠨᠡᠪᠲᠡᠷᠡᠭᠦᠯᠬᠦ ᠵᠡᠷᠭᠡ | ᠵᠦᠢᠯᠡᠰ ᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠪᠠ᠃ ᠬᠥᠳᠡᠭᠡ ᠲᠣᠰᠬᠤᠨ ᠤ ᠴᠠᠬᠢᠯᠭᠠᠨ ᠤ ᠲᠣᠣᠷ ᠢ | ᠪᠠᠬᠢᠵᠢᠭᠦᠯᠦᠨ ᠳᠡᠭᠡᠭᠰᠢᠯᠡᠭᠦᠯᠬᠦ ᠵᠦᠢᠯᠡᠰ ᠢ ᠬᠡᠷᠡᠭᠵᠢᠭᠦᠯᠵᠦ᠂ 10 ᠺᠢᠯᠣᠸᠠᠲ ᠤᠨ ᠠᠭᠠᠷ ᠲᠠᠬᠢ ᠤᠲᠠᠰᠤ ᠶᠢ | 45·5 ᠺᠢᠯᠣᠮᠧᠲᠷ᠂ 0·4 ᠺᠢᠯᠣᠸᠠᠲ ᠤᠨ ᠠᠭᠠᠷ ᠲᠠᠬᠢ ᠤᠲᠠᠰᠤ ᠶᠢ 4·4 ᠺᠢᠯᠣᠮᠧᠲᠷ ᠰᠢᠨ᠎ᠡ ᠪᠠᠷ | ᠪᠠᠶᠢᠭᠤᠯᠤᠭᠰᠠᠨ ᠪᠠ ᠥᠭᠡᠷᠡᠴᠢᠯᠡᠨ ᠪᠠᠶᠢᠭᠤᠯᠵᠤ᠂ ᠪᠠᠭᠠᠨ᠎ᠠ ᠳᠡᠭᠡᠷᠡᠬᠢ ᠬᠦᠴᠦᠳᠡᠯ ᠥᠭᠡᠷᠡᠴᠢᠯᠡᠭᠴᠢ ᠶᠢ 14 | ᠰᠠᠭᠤᠷᠢ ᠰᠣᠯᠢᠪᠠ᠃ ᠬᠥᠳᠡᠭᠡ ᠲᠣᠰᠬᠤᠨ ᠤ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠴᠢᠩᠭᠠᠳᠬᠠᠵᠤ᠂ | ᠵᠠᠩ ᠳᠠᠳᠬᠠᠯ ᠢ ᠥᠭᠡᠷᠡᠴᠢᠯᠡᠬᠦ ᠶᠢ ᠰᠠᠨᠠᠭᠠᠴᠢᠯᠠᠵᠤ᠂ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠯᠠᠪᠳᠠᠭᠤᠨ ᠢᠶᠠᠷ | ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠪᠣᠯᠪᠠᠰᠤᠨ ᠰᠤᠷᠲᠠᠯ᠂ ᠰᠠᠶᠢᠨ ᠰᠠᠶᠢᠬᠠᠨ ᠭᠡᠷ ᠤᠨ ᠰᠤᠷᠲᠠᠯ᠂ ᠡᠭᠡᠯ | ᠪᠣᠷᠣᠭᠵᠢᠭᠤᠨ ᠠᠷᠠᠳ ᠤᠨ ᠰᠤᠷᠲᠠᠯ ᠢ ᠪᠤᠢ ᠪᠣᠯᠭᠠᠨ᠎ᠠ᠃ | ︵ᠲᠦᠷᠪᠡ︶ ᠠᠮᠢ ᠠᠬᠤᠢ ᠶᠢᠨ ᠬᠦᠴᠦᠨ ᠢ ᠲᠥᠪᠯᠡᠷᠡᠭᠦᠯᠦᠨ ᠵᠠᠰᠠᠯᠲᠠ ᠶᠢ ᠠᠳᠬᠤᠵᠤ᠂ ᠪᠣᠬᠢᠷᠲᠤᠯ ᠦᠭᠡᠢ | ᠬᠥᠭᠵᠢᠯᠲᠡ ᠶᠢᠨ ᠰᠢᠨ᠎ᠡ ᠣᠷᠴᠢᠨ ᠲᠣᠭᠤᠷᠢᠨ ᠢ ᠬᠦᠴᠦᠯᠡᠨ ᠪᠤᠢ ᠪᠣᠯᠭᠠᠨ᠎ᠠ | ︽ᠬᠤᠶᠠᠷ ᠠᠭᠤᠯᠠ︾ ᠶᠢᠨ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠠᠮᠢ ᠠᠬᠤᠶ ᠶᠢᠨ | ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠰᠢᠶᠠᠨ ᠢ ᠪᠠᠶᠢᠭᠤᠯᠬᠤ ᠪᠠᠷ ᠬᠠᠷᠠᠯᠲᠠ ᠪᠣᠯᠭᠠᠨ᠂ | ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢ ᠨᠣᠭᠤᠭᠠᠷᠠᠭᠤᠯᠬᠤ ᠠᠵᠢᠯᠯᠠᠭ᠎ᠠ ᠶᠢ ᠴᠥᠬᠦᠷᠡᠰᠢ ᠥᠬᠡᠶ | ᠥᠷᠨᠢᠭᠦᠯᠵᠦ᠂ ᠠᠭᠠᠷ ᠮᠠᠨᠳᠠᠯ᠂ ᠤᠰᠤ᠂ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠶᠢ ᠨᠢᠭᠡᠳᠦᠯᠲᠡᠶ | ᠲᠥᠯᠥᠪᠯᠡᠨ ᠠᠬᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ | ᠬᠠᠯᠬᠠᠪᠴᠢ ᠶᠢ ᠪᠠᠬᠢᠵᠢᠭᠦᠯᠦᠨ᠎ᠡ᠃ | ᠠᠮᠢ ᠠᠬᠤᠶ ᠶᠢ ᠬᠠᠮᠠᠭᠠᠯᠠᠨ ᠰᠡᠷᠭᠦᠭᠡᠬᠦ ᠠᠵᠢᠯ ᠢ ᠬᠦᠴᠦᠲᠡᠶ ᠠᠳᠬᠤᠨ᠎ᠠ᠃ ᠦᠨᠡᠨ ᠢ ᠪᠠᠷᠢᠮᠲᠠᠯᠠᠨ ᠬᠠᠲᠠᠭᠤ ᠶᠢ | ᠬᠦᠨᠳᠡᠵᠤ᠂ ᠦᠡᠭᠭᠡᠨ ᠲᠠᠯ᠎ᠠ ᠪᠠ ᠦᠨᠳᠦᠰᠦ ᠰᠤᠷᠪᠤᠯᠵᠢ ᠶᠢ ᠨᠢ ᠵᠡᠷᠭᠡᠪᠡᠷ ᠵᠠᠰᠠᠵᠤ᠂ ᠲᠥᠪ ᠤᠨ ᠣᠷᠴᠢᠨ | ᠠᠬᠤᠶ ᠶᠢᠨ ᠬᠠᠮᠠᠭᠠᠯᠠᠯᠲᠠ ᠶᠢ ᠰᠢᠪᠠᠳᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠢᠨᠠᠷ ᠰᠠᠶᠢᠲᠠᠶ | ᠴᠡᠭᠴᠡᠯᠡᠨ ᠰᠠᠶᠢᠵᠢᠷᠠᠭᠤᠯᠪᠠ᠃ ︽ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ︾ ᠶᠡᠷᠦᠩᠬᠡᠶ | ᠱᠠᠭᠠᠷᠳᠠᠯᠭ᠎ᠠ ᠶᠢ ᠪᠠᠲᠤ ᠡᠵᠡᠮᠳᠡᠨ᠂ ︽ᠭᠤᠷᠪᠠᠨ ᠱᠤᠭᠤᠮ ᠨᠢᠭᠡ ᠬᠠᠭᠤᠳᠠᠰᠤ︾ ᠶᠢᠨ ᠬᠠᠮᠢᠶᠠᠷᠤᠨ ᠡᠵᠡᠮᠳᠡᠬᠦ ᠠᠷᠭ᠎ᠠ | ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ ᠤᠨ ︽ᠨᠢᠭᠡ | ᠦᠨᠡᠮᠯᠡᠯ ᠤᠨ ᠬᠡᠯᠪᠡᠷᠢ︾ ᠶᠢᠨ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ᠂ ︽ᠬᠤᠶᠠᠷ ᠥᠨᠳᠥᠷ︾ | ᠤ ᠲᠥᠷᠥᠯ ᠵᠤᠶᠢᠯ ᠢ ᠰᠢᠨ᠎ᠡ ᠪᠠᠷ ᠪᠠᠶᠢᠭᠤᠯᠬᠤ ᠶᠢ ᠴᠢᠩᠭ᠎ᠠ ᠬᠢᠵᠠᠭᠠᠷᠯᠠᠨ᠎ᠠ᠃ ᠨᠡᠭᠦᠷᠡᠰᠦᠨ ᠤ ᠰᠤᠯᠠ ᠰᠢᠲᠠᠭᠠᠭᠰᠠᠨ | ᠪᠣᠬᠢᠷᠲᠤᠯ ᠢ ᠵᠠᠰᠠᠬᠤ ᠶᠢ ᠦᠷᠭᠦᠯᠵᠢᠯᠡᠨ ᠠᠬᠢᠭᠤᠯᠵᠤ᠂ ᠬᠤᠳᠠ ᠶᠢᠨ ᠲᠣᠭᠤᠰᠣ ᠰᠢᠷᠣᠢ ᠶᠢᠨ ᠪᠣᠬᠢᠷᠲᠤᠯ ᠢ | ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠠᠭᠠᠷ ᠤᠨ ᠶᠠᠰᠤ ᠴᠢᠨᠠᠷ ᠤᠨ ᠰᠠᠶᠢᠨ ᠳᠤᠮᠳᠠ ᠠᠴᠠ ᠰᠢᠯᠢᠳᠡᠭᠵᠢᠬᠦ ᠶᠢ | ᠠᠬᠢᠭᠤᠯᠤᠨ᠎ᠠ᠃ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠲᠦᠷᠢᠮ ᠢ | ᠬᠡᠷᠡᠭᠵᠢᠭᠦᠯᠵᠦ᠂ ︽ᠲᠦᠷᠪᠡ ᠶᠢ ᠤᠰᠤ ᠪᠠᠷ ᠲᠦᠷᠪᠡ ᠶᠢ ᠲᠣᠭᠲᠠᠭᠠᠬᠤ︾ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠤᠨ᠎ᠠ᠃ ᠭᠤᠣᠯ ᠮᠥᠷᠡᠨ ᠨᠠᠭᠤᠷ ᠴᠥᠭᠦᠷᠥᠮ ᠤᠨ ︽ᠲᠦᠷᠪᠡᠨ ᠳᠤᠷ᠎ᠠ ᠪᠠᠷ ᠢᠶᠠᠨ ᠰᠠᠮᠠᠭᠤᠷᠠᠬᠤ︾ | ᠶᠢ ᠪᠠᠶᠢᠩᠭᠤᠵᠢᠭᠤᠯᠤᠨ ᠲᠦᠯᠬᠢᠨ ᠠᠬᠢᠭᠤᠯᠵᠤ᠂ 16 ᠺᠢᠯᠣᠮᠧᠲᠷ ᠭᠤᠣᠯ ᠤᠨ ᠵᠠᠮ ᠢ ᠵᠠᠰᠠᠪᠠ᠃ 20 ᠲᠡᠭᠰᠢ | ᠳᠥᠷᠪᠡᠯᠵᠢᠨ ᠺᠢᠯᠣᠮᠧᠲᠷ ᠬᠥᠷᠥᠰᠥ ᠰᠢᠷᠣᠶ ᠶᠢ ᠬᠠᠮᠠᠭᠠᠯᠠᠨ ᠵᠠᠰᠠᠨ᠎ᠠ᠃ | 3·6 ᠲᠦᠮᠡᠨ ᠮᠦ ᠤᠢ ᠰᠢᠭᠤᠶ ᠶᠢᠨ ᠦᠢᠯᠡᠳᠪᠦᠷᠢᠯᠡᠯ ᠤᠨ ᠪᠦᠳᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠤᠢ | ᠰᠢᠭᠤᠶ ᠶᠢᠨ ᠪᠦᠷᠬᠦᠴᠡ ᠶᠢᠨ ᠨᠤᠷᠮ᠎ᠠ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ︽ᠣᠶ ᠰᠢᠭᠤᠶ ᠡᠪᠡᠰᠦ | ᠪᠡᠯᠴᠢᠭᠡᠷ ᠤᠨ ᠣᠷᠳᠣ ᠬᠤᠭᠤᠴᠠᠭ᠎ᠠ ᠶᠢᠨ ᠲᠦᠷᠢᠮ︾ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠪᠡᠯᠴᠢᠭᠡᠷᠯᠡᠭᠦᠯᠬᠦ ᠶᠢ ᠴᠠᠭᠠᠵᠠᠯᠠᠬᠤ ᠲᠦᠷᠢᠮ ᠢ ᠴᠢᠩᠭ᠎ᠠ ᠬᠡᠷᠡᠭᠵᠢᠭᠦᠯᠦᠨ᠎ᠡ᠃ ᠬᠠᠲᠤᠨ ᠭᠤᠤᠯ ᠤᠨ ᠰᠠᠪᠠ ᠭᠠᠵᠠᠷ ᠤᠨ | ᠬᠥᠷᠥᠰᠥ ᠰᠢᠷᠣᠶ ᠶᠢᠨ ᠢᠳᠡᠭᠳᠡᠯ᠂ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ᠂ ᠭᠤᠤᠯ ᠤᠨ ᠵᠠᠮ ᠢ | ᠶᠡᠷᠦᠩᠬᠡᠶᠢᠯᠡᠨ ᠵᠠᠰᠠᠬᠤ ᠶᠢ ᠲᠦᠷᠭᠡᠳᠬᠡᠨ ᠠᠬᠢᠭᠤᠯᠵᠤ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ | ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ | ᠲᠠᠭ᠎ᠠ ᠶᠢᠨ ᠨᠠᠭᠤᠷ ᠢ ᠶᠡᠷᠦᠩᠬᠡᠶᠢᠯᠡᠨ ᠵᠠᠰᠠᠬᠤ ᠶᠢ ᠦᠷᠭᠦᠯᠵᠢᠯᠡᠨ ᠲᠦᠯᠬᠢᠨ ᠠᠬᠢᠭᠤᠯᠤᠨ᠎ᠠ᠃ ᠰᠢ ᠶᠢᠨ ᠫᠢᠩ | ᠶᠡᠷᠦᠩᠬᠡᠶ ᠱᠦᠵᠢ ᠶᠢᠨ ︽ᠨᠢᠭᠡ ᠨᠠᠭᠤᠷ ᠬᠤᠶᠠᠷ ᠲᠡᠯᠡᠶ︾ ᠶᠢᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ | ᠵᠣᠷᠢᠭ ᠰᠠᠨᠠᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠩᠭᠡᠷᠡᠭᠰᠡᠨ ᠵᠢᠯ ᠤᠳ ᠤᠨ ᠲᠠᠭ᠎ᠠ ᠶᠢᠨ | ᠨᠠᠭᠤᠷ ᠢ ᠶᠡᠷᠦᠩᠬᠡᠶᠢᠯᠡᠨ ᠵᠠᠰᠠᠬᠤ ᠲᠥᠷᠥᠯ ᠵᠤᠶᠢᠯ ᠢ ᠬᠡᠷᠡᠭᠵᠢᠭᠦᠯᠦᠭᠰᠡᠨ ᠦᠷ᠎ᠡ ᠪᠦᠲᠦᠭᠡᠯ ᠢ ᠰᠠᠶᠢᠲᠤᠷ | ᠪᠠᠬᠢᠵᠢᠭᠦᠯᠵᠦ᠂ ᠡᠨᠡ ᠵᠢᠯ ᠤᠨ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠡᠷᠡᠭᠵᠢᠭᠦᠯᠬᠦ | ᠲᠥᠰᠦᠯ︾ ᠤᠨ ᠪᠣᠶ ᠪᠥᠬᠦᠶ ᠲᠥᠷᠥᠯ ᠵᠤᠶᠢᠯ ᠢ ᠪᠦᠬᠦᠨ ᠢ ᠳᠠᠭᠤᠰᠬᠠᠬᠤ ᠪᠠᠷ ᠴᠢᠷᠮᠠᠶᠢᠵᠤ᠂ ᠪᠥᠲᠥᠭᠡᠨ | ᠪᠠᠶᠢᠭᠤᠯᠬᠤ ᠡᠭᠦᠷᠭᠡ ᠪᠠᠨ ᠬᠤᠶᠠᠷ ᠵᠢᠯ ᠤᠷᠢᠳᠴᠢᠯᠠᠨ ᠪᠡᠶᠡᠯᠡᠭᠦᠯᠦᠨ᠎ᠡ᠃ ᠠᠮᠢ ᠠᠬᠤᠶ ᠶᠢᠨ ᠪᠠᠴᠢᠮ ᠪᠠᠶᠢᠳᠠᠯ ᠢ | ᠠᠷᠭᠠᠴᠠᠭᠠᠵᠤ ᠤᠰᠤ ᠨᠥᠬᠦᠪᠥᠷᠢᠯᠡᠬᠦ ᠢᠨᠵᠧᠨᠧᠷᠢᠩ ᠤᠨ ᠲᠠᠷᠠᠭᠠᠴᠢ ᠶᠢᠨ ᠠᠵᠢᠯᠯᠠᠭᠠᠨ ᠤ ᠬᠠᠮᠠᠭᠠᠯᠠᠯᠲᠠ ᠶᠢᠨ | ᠶᠠᠪᠤᠳᠠᠯ ᠢ ᠢᠳᠡᠪᠬᠢᠲᠡᠶ ᠬᠠᠮᠵᠢᠯᠴᠠᠨ ᠥᠷᠨᠢᠭᠦᠯᠵᠦ᠂ ᠬᠠᠲᠤᠨ ᠭᠤᠤᠯ ᠤᠨ ᠢᠷᠡᠬᠦ ᠤᠰᠤ ᠶᠢ ᠲᠠᠭ᠎ᠠ ᠶᠢᠨ | ᠨᠠᠭᠤᠷ ᠲᠤ ᠤᠷᠤᠭᠰᠢᠲᠠᠶ ᠬᠦᠷᠭᠡᠬᠦ ᠶᠢ ᠪᠠᠲᠤᠯᠠᠨ᠎ᠠ᠃ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠨ | ᠬᠠᠮᠠᠭᠠᠯᠠᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠥᠩᠭᠡᠷᠡᠭᠰᠡᠨ ᠵᠢᠯ ᠤᠳ ᠲᠤ ᠪᠥᠲᠥᠭᠡᠨ ᠪᠠᠶᠢᠭᠤᠯᠵᠤ | ᠪᠡᠶᠡᠯᠡᠭᠦᠯᠦᠭᠰᠡᠨ ︽ᠳᠥᠷᠪᠡ ᠶᠢ ᠡᠵᠡᠮᠳᠡᠵᠦ ᠭᠤᠷᠪᠠ ᠶᠢ ᠰᠢᠢᠳᠪᠤᠷᠢᠯᠡᠬᠦ︾ ᠡᠯ᠎ᠡ ᠲᠥᠷᠥᠯ ᠤᠨ ᠪᠡᠯᠡᠳᠬᠡᠮᠵᠢ | ᠲᠥᠬᠦᠭᠡᠷᠦᠮᠵᠢ ᠶᠢᠨ ᠣᠷᠳᠣ ᠬᠤᠭᠤᠴᠠᠭᠠᠨ ᠤ ᠪᠦᠲᠦᠮᠵᠢᠲᠡᠶ ᠪᠥᠭᠡᠳ ᠲᠣᠭᠲᠠᠭᠤᠨ ᠢᠶᠠᠷ ᠠᠵᠢᠯᠯᠠᠬᠤ ᠶᠢ ᠦᠨᠡᠨᠬᠦ | ᠪᠠᠲᠤᠯᠠᠵᠤ᠂ ᠠᠮᠢ ᠠᠬᠤᠶ ᠶᠢᠨ ᠣᠷᠴᠢᠨ ᠲᠣᠭᠤᠷᠢᠨ ᠤ ᠦᠷ᠎ᠡ ᠠᠰᠢᠭ ᠢ ᠤᠳᠠᠭᠠᠨ ᠳᠠᠭᠠᠭᠠᠮᠠᠭᠠᠶ ᠪᠠᠳᠠᠷᠠᠭᠤᠯᠤᠨ᠎ᠠ᠃ | ︵ᠲᠠᠪᠤ︶ ᠠᠷᠠᠳ ᠤᠨ ᠠᠮᠢᠳᠤᠷᠠᠯ ᠳᠤ ᠬᠦᠴᠦ ᠪᠠᠨ ᠲᠥᠪᠯᠡᠷᠡᠭᠦᠯᠦᠨ ᠪᠤᠶᠠᠨ ᠵᠢᠷᠭᠠᠯ ᠢ ᠨᠡᠮᠡᠭᠳᠡᠭᠦᠯᠵᠦ᠂ ᠵᠣᠯ | ᠵᠢᠷᠭᠠᠯᠲᠤ ᠯᠢᠶᠠᠩᠴᠧᠩ ᠰᠢᠶᠠᠨ ᠤ ᠰᠢᠨ᠎ᠡ ᠵᠢᠷᠤᠭ ᠢ ᠬᠦᠴᠦᠯᠡᠨ ᠵᠢᠷᠤᠭᠯᠠᠨ᠎ᠠ᠃ | ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ | ᠲᠦᠷᠦ ᠶᠢᠨ ᠪᠤᠳᠤᠯᠭ᠎ᠠ ᠶᠢ ᠠᠷᠠᠳ ᠤᠨ ᠠᠮᠢᠳᠤᠷᠠᠯ ᠲᠡᠰᠢ ᠲᠥᠪᠯᠡᠷᠡᠭᠦᠯᠬᠦ᠂ ᠡᠳ᠋ ᠤᠨ ᠬᠦᠴᠦᠨ ᠢ ᠠᠷᠠᠳ ᠤᠨ | ᠠᠮᠢᠳᠤᠷᠠᠯ ᠲᠡᠰᠢ ᠬᠡᠯᠪᠠᠶᠢᠯᠭᠡᠬᠦ᠂ ᠦᠢᠯᠡᠴᠢᠯᠡᠭᠡ ᠶᠢ ᠠᠷᠠᠳ ᠤᠨ ᠠᠮᠢᠳᠤᠷᠠᠯ ᠲᠡᠰᠢ ᠪᠦᠷᠬᠦᠭᠦᠯᠬᠦ ᠶᠢ ᠠᠬᠢᠭᠤᠯᠤᠨ᠎ᠠ᠃ | ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ ᠬᠤᠶᠢᠰᠢᠳᠠ ᠶᠢᠨ | ᠬᠢᠵᠢᠭ ᠤᠨ ᠪᠠᠶᠢᠳᠠᠯ ᠤᠨ ᠴᠠᠭ ᠦᠶ᠎ᠡ ᠶᠢᠨ ᠠᠵᠤ ᠠᠬᠤᠶ ᠶᠢᠨ ᠰᠡᠷᠭᠦᠯᠲᠡ ᠶᠢᠨ ᠠᠵᠠ ᠲᠣᠬᠢᠶᠠᠯ ᠢ ᠴᠢᠩᠭ᠎ᠠ | ᠠᠳᠬᠤᠵᠤ᠂ ᠤᠯᠤᠰ ᠤᠨ ᠠᠵᠤ ᠠᠬᠤᠶ ᠶᠢᠨ ᠰᠡᠷᠭᠦᠭᠡᠯᠲᠡ ᠶᠢᠨ ᠭᠤᠤᠯ ᠬᠥᠭ ᠠᠶᠠᠰ ᠢ ᠢᠳᠡᠪᠬᠢᠲᠡᠶ ᠪᠠᠷ ᠳᠠᠭᠠᠵᠤ᠂ | ᠤᠯᠤᠰ ᠤᠨ ᠡᠯ᠎ᠡ ᠲᠥᠷᠥᠯ ᠤᠨ ᠲᠥᠷᠥᠯ ᠵᠤᠶᠢᠯ ᠤᠨ ᠪᠠᠯᠠ ᠮᠥᠩᠭᠦ ᠶᠢ ᠪᠥᠬᠦ ᠬᠦᠴᠦᠨ ᠢᠶᠠᠷ ᠢᠶᠠᠨ ᠲᠡᠮᠡᠴᠡᠨ | ᠣᠯᠵᠤ᠂ ᠠᠷᠠᠳ ᠤᠨ ᠬᠥᠷᠥᠩᠭᠡ ᠶᠢ ᠲᠡᠳᠡᠨ ᠢᠳᠡᠪᠬᠢᠲᠡᠶ ᠣᠷᠣᠯᠴᠠᠭᠤᠯᠵᠤ᠂ ᠰᠠᠭᠤᠷᠢ ᠪᠡᠯᠡᠳᠬᠡᠮᠵᠢ ᠶᠢᠨ ᠪᠥᠲᠥᠭᠡᠨ | ᠪᠠᠶᠢᠭᠤᠯᠤᠯᠲᠠ ᠶᠢᠨ ᠡᠷᠴᠢᠮ ᠤᠶᠤᠨᠳᠤ ᠤᠰᠤᠨ ᠤ ᠶᠠᠪᠤᠳᠠᠯ ᠤᠨ ᠢᠨᠵᠧᠨᠧᠷᠢᠩ ᠢ ᠪᠥᠲᠥᠭᠡᠨ ᠪᠠᠶᠢᠭᠤᠯᠵᠤ᠂ ᠤᠰᠤ | ᠬᠠᠩᠭᠠᠬᠤ ᠬᠤᠭᠤᠯᠠᠶ ᠶᠢᠨ ᠲᠣᠤᠷ ᠢ 30.4 ᠺᠢᠯᠣᠮᠧᠲᠷ ᠳᠡᠪᠢᠰᠦᠨ᠎ᠡ︔ ᠡᠪᠦᠯ ᠤᠨ ᠤᠯᠠᠷᠢᠯ ᠤᠨ ᠴᠡᠪᠡᠷ | ᠡᠨᠧᠷᠭᠢ ᠪᠠᠷ ᠳᠤᠯᠠᠭᠠᠯᠠᠬᠤ ᠲᠥᠷᠥᠯ ᠵᠤᠶᠢᠯ ᠢ ᠬᠡᠷᠡᠭᠵᠢᠭᠦᠯᠵᠦ᠂ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ | 6100 ᠡᠷᠦᠬᠡ ᠶᠢᠨ ᠨᠡᠭᠦᠷᠡᠰᠦ ᠶᠢ ᠴᠠᠬᠢᠯᠭᠠᠨ ᠬᠦᠴᠦᠨ ᠪᠣᠯᠭᠠᠨ ᠥᠭᠡᠷᠡᠴᠢᠯᠡᠬᠦ ᠶᠢ ᠪᠡᠶᠡᠯᠡᠭᠦᠯᠬᠦ ᠪᠠᠷ ᠴᠢᠷᠮᠠᠶᠢᠨ᠎ᠠ︔ | 10243 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠵᠤ᠂ 1263 ᠡᠷᠦᠬᠡ ᠶᠢᠨ | ᠢᠵᠢ ᠪᠦᠷᠢᠨ ᠪᠤᠰᠤ ᠣᠷᠣᠨ ᠰᠠᠭᠤᠴᠠ ᠶᠢ ᠥᠭᠡᠷᠡᠴᠢᠯᠡᠨ ᠪᠠᠶᠢᠭᠤᠯᠵᠤ᠂ ᠤᠯᠠᠨ ᠲᠦᠮᠡᠨ ᠤ ᠣᠷᠣᠨ ᠰᠠᠭᠤᠴᠠ ᠶᠢᠨ | ᠨᠥᠬᠦᠴᠡᠯ ᠢ ᠳᠠᠰᠤᠷᠠᠯᠳᠠ ᠦᠭᠡᠢ ᠰᠠᠶᠢᠵᠢᠷᠠᠭᠤᠯᠬᠤ ᠪᠠᠷ ᠠᠮᠤᠷ ᠠᠮᠤᠭᠤᠯᠠᠩ ᠭᠡᠷ ᠣᠷᠣᠨ ᠤ ᠢᠵᠢ ᠪᠦᠷᠢᠳᠦᠭᠰᠡᠨ | ᠪᠤᠰᠤ ᠣᠷᠣᠨ ᠰᠠᠭᠤᠴᠠ ᠶᠢ ᠥᠭᠡᠷᠡᠴᠢᠯᠡᠨ ᠪᠠᠶᠢᠭᠤᠯᠬᠤ ᠶᠢ ᠬᠡᠷᠡᠭᠵᠢᠭᠦᠯᠪᠡ᠃ ᠲᠥᠪᠯᠡᠷᠡᠭᠦᠯᠦᠨ ᠢᠯᠴᠢ ᠬᠠᠩᠭᠠᠬᠤ | ᠬᠤᠭᠤᠯᠠᠶ ᠶᠢᠨ ᠲᠣᠤᠷ ᠢ ᠬᠤᠶᠠᠳᠤᠭᠠᠷ ᠬᠤᠭᠤᠴᠠᠭ᠎ᠠ ᠪᠠᠶᠢᠭᠤᠯᠵᠤ᠂ ᠴᠡᠪᠡᠷ ᠡᠨᠧᠷᠭᠢ ᠪᠠᠶᠢᠭᠠᠯᠢ ᠶᠢᠨ ᠰᠢᠲᠠᠮᠠᠬᠠᠶ | ᠬᠡᠶ ᠶᠢᠨ ᠭᠤᠤᠯᠴᠢᠯᠠᠨ ᠬᠠᠮᠢᠶᠠᠷᠬᠤ ᠲᠣᠤᠷ᠂ ᠬᠤᠩ ᠮᠤᠤ ᠪᠠᠯᠭᠠᠰᠤ ᠶᠢᠨ ᠳᠠᠬᠢᠯᠲᠠ ᠤᠰᠤᠨ ᠤ ᠬᠤᠭᠤᠯᠠᠶ ᠶᠢᠨ | ᠲᠣᠤᠷ ᠤᠨ ᠲᠥᠷᠥᠯ ᠵᠤᠶᠢᠯ ᠢ ᠵᠢᠯ ᠤᠨ ᠳᠣᠲᠣᠷ᠎ᠠ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠪᠠᠷ ᠢᠳᠡᠪᠬᠢᠲᠡᠶ | ᠴᠢᠷᠮᠠᠶᠢᠨ᠎ᠠ᠃ ᠮᠤᠵᠢ ᠶᠢᠨ ᠵᠠᠮ ᠤᠨ 102 ᠱᠤᠭᠤᠮ ᠢ ᠨᠡᠪᠲᠡᠷᠡᠭᠦᠯᠬᠦ᠂ ᠮᠧᠢ ᠳ᠋ᠠᠢ ᠱᠤᠭᠤᠮ ᠢ ᠲᠡᠰ ᠳᠡᠪᠰᠢᠭᠦᠯᠵᠦ | ᠮᠤᠵᠢ ᠶᠢᠨ ᠵᠠᠮ ᠤᠨ 610 ᠱᠤᠭᠤᠮ ᠤᠨ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ | ᠯᠠᠪᠳᠠᠭᠤᠨ ᠢᠶᠠᠷ ᠠᠬᠢᠭᠤᠯᠵᠤ᠂ ᠡᠨᠡ ᠵᠢᠯ ᠤᠨ ᠳᠣᠲᠣᠷ᠎ᠠ ᠨᠠᠶᠢᠳᠠᠪᠤᠷᠢᠵᠢᠭᠤᠯᠬᠤ ᠪᠠᠷ ᠴᠢᠷᠮᠠᠶᠢᠨ᠎ᠠ︔ ᠵᠢᠵᠢᠭ ᠵᠡᠭᠡᠯᠢ | ᠵᠢᠵᠢᠭ ᠭᠤᠳᠤᠮᠵᠢ ᠶᠢ ᠥᠭᠡᠷᠡᠴᠢᠯᠡᠨ ᠵᠠᠰᠠᠬᠤ ᠡᠷᠴᠢᠮ ᠢ ᠴᠢᠩᠭᠠᠷᠠᠭᠤᠯᠵᠤ᠂ ᠤᠯᠠᠨ ᠲᠦᠮᠡᠨ ᠤ ᠶᠠᠪᠤᠵᠤ ᠰᠠᠭᠤᠬᠤ | ᠨᠥᠬᠦᠴᠡᠯ ᠢ ᠲᠠᠰᠤᠷᠠᠯᠳᠠ ᠦᠭᠡᠢ ᠰᠠᠶᠢᠵᠢᠷᠠᠭᠤᠯᠤᠨ᠎ᠠ᠃ ᠮᠡᠳᠡᠭᠡ ᠬᠤᠯᠪᠣᠭᠠᠨ ᠤ ᠲᠣᠣᠷ ᠰᠦᠯᠵᠢᠶᠡᠨ ᠤ ᠰᠠᠭᠤᠷᠢ | ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠮᠤᠵᠢ ᠶᠢᠨ ᠵᠠᠮ ᠤᠨ 102᠂ ᠮᠤᠵᠢ ᠶᠢᠨ | ᠵᠠᠮ ᠤᠨ 209 ᠱᠤᠭᠤᠮ ᠳᠠᠭᠠᠤ ᠶᠢᠨ ᠰᠢᠯᠵᠢᠮᠡᠯ ᠮᠡᠳᠡᠭᠡ ᠬᠤᠯᠪᠣᠭᠠᠨ ᠤ ᠰᠠᠭᠤᠷᠢ ᠦᠷᠳᠡᠭᠡ ᠶᠢ ᠨᠡᠮᠡᠵᠦ | ᠪᠠᠶᠢᠭᠤᠯᠤᠨ᠎ᠠ᠃ | ᠠᠷᠠᠳ ᠤᠨ ᠠᠮᠢᠳᠤᠷᠠᠯ ᠢ ᠪᠦᠬᠦ ᠬᠦᠴᠦᠨ ᠢᠶᠠᠷ ᠢᠶᠠᠨ ᠪᠠᠲᠤᠯᠠᠨ ᠰᠠᠶᠢᠵᠢᠷᠠᠭᠤᠯᠤᠨ᠎ᠠ᠃ ᠨᠡᠶᠢᠭᠡᠮ ᠤᠨ | ᠪᠠᠲᠤᠯᠠᠭ᠎ᠠ ᠶᠢᠨ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠬᠤᠳᠠ ᠪᠠᠯᠭᠠᠰᠤᠨ ᠤ ᠠᠵᠤ ᠠᠬᠤᠶᠢᠯᠠᠯ ᠤᠨ | ᠠᠵᠢᠯᠳᠠᠨ ᠠᠵᠢᠯᠴᠢᠨ ᠤ ᠨᠡᠶᠢᠭᠡᠮ ᠤᠨ ᠳᠠᠭᠠᠳᠬᠠᠯ ᠢ ᠨᠡᠶᠢᠳᠡᠮ ᠬᠡᠷᠡᠭᠵᠢᠭᠦᠯᠬᠦ ᠶᠢ ᠪᠡᠶᠡᠯᠡᠭᠦᠯᠵᠦ᠂ ᠠᠵᠢᠯ ᠠᠴᠠ ᠪᠠᠨ | ᠪᠠᠭᠤᠵᠤ ᠠᠮᠠᠷᠠᠭᠰᠠᠳ ᠤᠨ ᠦᠨᠳᠦᠰᠦᠨᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠶᠢ ᠨᠡᠩ ᠲᠤᠪᠤᠶᠢᠮ᠎ᠠ | ᠪᠠᠶᠢᠷᠢᠨ ᠳᠤ ᠲᠠᠯᠪᠢᠵᠤ᠂ ᠲᠡᠭᠦᠰᠦᠭᠰᠡᠨ ᠣᠶᠤᠲᠠᠨ᠂ ᠴᠡᠷᠢᠭ ᠠᠴᠠ ᠬᠠᠯᠠᠭᠳᠠᠭᠰᠠᠳ᠂ ᠠᠵᠢᠯ ᠤᠯᠬᠤ ᠳᠤ | ᠬᠦᠴᠢᠷᠲᠡᠶ ᠬᠥᠮᠦᠰ ᠵᠡᠷᠭᠡ ᠬᠠᠮᠲᠤᠯᠢᠭ ᠢ ᠭᠤᠣᠯᠳᠠᠯᠭ᠎ᠠ ᠲᠠᠢ ᠠᠩᠬᠠᠷᠴᠤ᠂ ︽ᠠᠵᠢᠯ ᠣᠯᠤᠭᠰᠠᠳ ᠦᠭᠡᠢ︾ ᠭᠡᠷ | ᠪᠦᠯᠢ ᠶᠢ ᠬᠥᠳᠡᠯᠦᠩᠭᠦᠶ ᠪᠠᠷ ᠦᠭᠡᠢ ᠪᠣᠯᠭᠠᠬᠤ ᠶᠢ ᠦᠨᠡᠨ ᠬᠦ ᠪᠠᠲᠤᠯᠠᠵᠤ᠂ ᠵᠢᠯ ᠤᠨ ᠳᠣᠲᠣᠷ᠎ᠠ ᠬᠤᠳᠠ | ᠪᠠᠯᠭᠠᠰᠤᠨ ᠤ 800 ᠣᠷᠴᠢᠮ ᠬᠥᠮᠦᠨ ᠳᠤ ᠰᠢᠨ᠎ᠡ ᠪᠠᠷ ᠠᠵᠢᠯ ᠣᠯᠭᠤᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ | ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠴᠢᠨᠠᠷ ᠰᠠᠶᠢᠲᠠᠶ ᠡᠮ ᠡᠮᠨᠡᠯᠭᠡ ᠶᠢᠨ ᠡᠬᠢ ᠪᠠᠶᠠᠯᠢᠭ ᠤᠨ | ᠪᠠᠭᠲᠠᠭᠠᠮᠵᠢ ᠶᠢ ᠥᠷᠭᠡᠳᠬᠡᠬᠦ ᠪᠠ ᠣᠷᠣᠨ ᠪᠦᠰᠡ ᠶᠢᠨ ᠲᠡᠩᠴᠡᠭᠦᠷᠢᠲᠡᠶ ᠪᠠᠶᠢᠷᠢᠰᠢᠭᠤᠯᠤᠯᠲᠠ ᠶᠢ ᠲᠦᠯᠬᠢᠨ | ᠠᠬᠢᠭᠤᠯᠵᠤ᠂ ᠰᠢᠶᠠᠨ ᠤ ᠡᠮᠨᠡᠯᠭᠡ ᠶᠢᠨ ᠬᠤᠷᠢᠶ᠎ᠠ ᠶᠢᠨ ᠡᠭᠦᠳᠡᠨ ᠡᠮᠨᠡᠯᠭᠡ ᠶᠢᠨ ᠲᠦᠷᠭᠡᠨ ᠡᠮᠨᠡᠬᠦ ᠶᠡᠷᠦᠩᠬᠡᠶᠢᠯᠡᠭᠰᠡᠨ | ᠠᠰᠠᠷ᠂ ᠡᠮᠨᠡᠯᠭᠡ ᠳᠤ ᠰᠠᠭᠤᠬᠤ ᠠᠰᠠᠷ ᠤᠨ ᠵᠦᠢᠯᠡᠰ ᠤᠨ ᠪᠦᠳᠦᠭᠡᠨ ᠪᠠᠶᠢᠭᠤᠯᠤᠯᠲᠠ ᠵᠢᠪᠥᠬᠦ ᠠᠷᠠᠳ ᠢᠶᠠᠷ ᠢᠶᠠᠨ | ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠦᠨᠳᠦᠰᠦᠨ ᠡᠮᠴᠢᠯᠡᠭᠡᠨ ᠤ | ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠪᠠ ᠡᠮᠴᠢᠯᠡᠭᠡᠨ ᠤ ᠠᠪᠤᠷᠠᠨ ᠲᠤᠰᠠᠯᠠᠬᠤ ᠲᠥᠷᠥ ᠶᠢᠨ | ᠪᠣᠳᠣᠯᠭ᠎ᠠ ᠶᠢᠨ ᠰᠢᠰᠲ᠋ᠧᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ︽ ᠢᠨᠲ᠋ᠧᠷ ᠰᠦᠯᠵᠢᠶ᠎ᠡ +︾ | ᠡᠮᠴᠢᠯᠡᠭᠡᠨ ᠤ ᠤᠶᠢᠯᠡᠴᠢᠯᠡᠭᠡᠨ ᠤ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠶᠢ ᠨᠡᠶᠢᠳᠡᠮ ᠬᠡᠷᠡᠭᠵᠢᠭᠦᠯᠬᠦ ᠶᠢ | ᠠᠬᠢᠭᠤᠯᠤᠨ᠎ᠠ᠃ ᠰᠤᠷᠭᠠᠨ ᠬᠥᠮᠦᠵᠢᠯ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ | ︽ᠬᠤᠶᠠᠷ ᠢ ᠪᠠᠭᠠᠰᠬᠠᠬᠤ︾ ᠠᠵᠢᠯ ᠢ ᠦᠷᠭᠦᠯᠵᠢᠯᠡᠨ ᠲᠦᠯᠬᠢᠨ ᠠᠬᠢᠭᠤᠯᠵᠤ᠂ ᠠᠷᠠᠳ ᠠᠴᠠ ᠡᠷᠬᠢᠯᠡᠭᠰᠡᠨ ᠰᠤᠷᠭᠠᠨ | ᠬᠥᠮᠦᠵᠢᠯ ᠤᠨ ᠰᠤᠷᠭᠠᠭᠤᠯᠢ ᠡᠷᠬᠢᠯᠡᠬᠦ ᠠᠵᠢᠯᠯᠠᠭ᠎ᠠ ᠶᠢ ᠦᠷᠭᠦᠯᠵᠢᠯᠡᠨ ᠵᠢᠷᠤᠮᠵᠢᠭᠤᠯᠵᠤ᠂ ᠳᠤᠮᠳᠠᠳᠤ ᠪᠠᠭ᠎ᠠ | ᠰᠤᠷᠭᠠᠭᠤᠯᠢ ᠶᠢᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠪᠠᠭ᠎ᠠ ᠰᠤᠷᠭᠠᠭᠤᠯᠢ᠂ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠶᠠᠰᠤ ᠴᠢᠨᠠᠷ ᠢ ᠪᠠᠲᠤᠯᠠᠬᠤ ᠶᠢᠨ ᠵᠡᠷᠭᠡᠴᠡᠭᠡᠪᠡᠷ | ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠢᠳᠡᠭ ᠰᠤᠷᠤᠭᠴᠢ ᠶᠢᠨ ᠢᠷᠡᠯᠳᠡ ᠶᠢᠨ ᠭᠠᠳᠠᠭᠰᠢ ᠭᠠᠷᠬᠤ ᠶᠢ | ᠪᠦᠲᠦᠮᠵᠢᠲᠡᠶ ᠪᠠᠷ ᠬᠤᠷᠢᠭᠯᠠᠨ᠎ᠠ᠃ ᠡᠯ᠎ᠡ ᠲᠦᠷᠦᠯ ᠤᠨ ᠤᠯᠠᠨ ᠲᠦᠮᠡᠨᠴᠢ ᠴᠢᠨᠠᠷᠲᠠᠶ ᠪᠡᠶ᠎ᠡ ᠶᠢᠨ ᠲᠠᠮᠢᠷ ᠤᠨ | ᠬᠥᠳᠡᠯᠭᠡᠭᠡᠨ ᠢ ᠰᠠᠶᠢᠲᠤᠷ ᠡᠷᠬᠢᠯᠡᠵᠦ᠂ ᠡᠯ᠎ᠡ ᠲᠦᠷᠦᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠢ | ᠰᠠᠶᠢᠲᠤᠷᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠤᠶᠢᠯ ᠢ ᠯᠠᠪᠳᠠᠭᠤᠨ ᠪᠠᠲᠤᠲᠠᠶ ᠰᠠᠶᠢᠲᠤᠷ | ᠡᠷᠭᠢᠯᠡᠨ᠎ᠡ᠃ | ᠬᠤᠷᠢᠭ᠎ᠠ ᠱᠤᠭᠤᠮ ᠢ ᠪᠠᠲᠤ ᠰᠠᠬᠢᠵᠤ ᠠᠶᠤᠯ ᠲᠦᠭᠰᠢᠭᠦᠷᠢ ᠵᠢᠬᠢᠵᠢᠭ ᠤᠨ ᠪᠠᠶᠢᠳᠠᠯ ᠢ ᠰᠡᠷᠭᠡᠶᠢᠯᠡᠨ | ᠬᠢᠵᠠᠭᠠᠷᠯᠠᠬᠤ ᠠᠷᠭ᠎ᠠ ᠬᠡᠮᠵᠢᠶ᠎ᠡ ᠶᠢ ᠴᠠᠭ ᠲᠤᠬᠠᠶ ᠳᠤᠨᠢ ᠮᠥᠷᠳᠡᠨ ᠰᠢᠯᠢᠳᠡᠭᠵᠢᠭᠦᠯᠵᠦ᠂ ᠨᠠᠰᠤᠲᠠᠶᠢᠴᠤᠳ ᠤᠨ ᠰᠢᠨ᠎ᠡ | ᠸᠢᠷᠦ᠋ᠰ ᠤᠨ ᠸᠠᠺᠼᠢᠨ ᠤ ᠲᠠᠷᠢᠯᠭ᠎ᠠ ᠶᠢ ᠲᠦᠷᠭᠡᠪᠴᠢᠯᠡᠨ ᠠᠬᠢᠭᠤᠯᠵᠤ᠂ ᠡᠮᠴᠢᠯᠡᠭᠡᠨ ᠤ ᠡᠬᠢ ᠪᠠᠶᠠᠯᠢᠭ ᠤᠨ | ᠪᠠᠶᠢᠭᠤᠯᠤᠯᠲᠠ ᠪᠠ ᠨᠢᠭᠡᠳᠦᠯᠲᠡᠶ ᠲᠥᠯᠥᠪᠵᠢᠭᠦᠯᠭᠡ ᠶᠢ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ | ᠬᠢᠵᠠᠭᠠᠷᠯᠠᠬᠤ ᠠᠵᠢᠯ ᠢ ᠲᠣᠬᠢᠷᠠᠭᠤᠯᠤᠨ ᠬᠡᠰᠡᠭ ᠬᠤᠭᠤᠴᠠᠭ᠎ᠠ ᠪᠣᠯᠭᠠᠨ ᠬᠤᠪᠢᠷᠠᠭᠤᠯᠬᠤ ᠠᠵᠢᠯ ᠢ ᠰᠠᠶᠢᠲᠤᠷ ᠬᠢᠨ᠎ᠡ᠃ | ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠳᠠᠭᠠᠯᠠᠯᠲᠠ ᠶᠢᠨ ᠬᠡᠮᠵᠢᠶ᠎ᠡ ᠶᠢ ᠯᠠᠪᠳᠠᠭᠤᠨ ᠪᠥᠭᠡᠳ ᠡᠮᠬᠢ | ᠵᠢᠷᠤᠮ ᠲᠠᠢ ᠪᠠᠷ ᠠᠷᠢᠯᠭᠠᠵᠤ᠂ ᠰᠢᠨ᠎ᠡ ᠪᠠᠷ ᠨᠡᠮᠡᠭᠳᠡᠬᠦ ᠳᠠᠯᠳᠠ ᠥᠷᠢ ᠥᠭᠴᠡᠭᠡ ᠶᠢ ᠡᠷᠡᠰ ᠬᠤᠷᠢᠭᠯᠠᠵᠤ᠂ | ᠰᠢᠰᠲ᠋ᠧᠮ ᠤᠨ ᠴᠢᠨᠠᠷᠲᠠᠶ ᠠᠶᠤᠯ ᠲᠦᠭᠰᠢᠭᠦᠷᠢ ᠦᠯᠦ ᠭᠠᠷᠭᠠᠬᠤ ᠬᠢᠵᠠᠭᠠᠷ ᠱᠤᠭᠤᠮ ᠢ ᠪᠠᠲᠤ ᠰᠠᠬᠢᠨ᠎ᠠ᠃ | ᠢᠳᠡᠭᠡᠨ ᠤ ᠵᠦᠢᠯ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠰᠢᠰᠲ᠋ᠧᠮ ᠢ | ᠲᠡᠭᠦᠯᠳᠡᠷᠵᠢᠭᠦᠯᠵᠦ᠂ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠤ ᠬᠤᠷᠢᠭ᠎ᠠ ᠱᠤᠭᠤᠮ᠂ ᠬᠠᠷ᠎ᠠ | ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠪᠠᠶᠢᠩᠭᠤᠵᠢᠭᠤᠯᠤᠨ ᠠᠬᠢᠭᠤᠯᠵᠤ᠂ ︽ᠭᠡᠭᠡᠨ | ᠰᠠᠷᠠᠭᠤᠯ ᠢᠨᠵᠧᠨᠧᠷᠢᠩ︾ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠡᠯ᠎ᠡ ᠲᠦᠷᠦᠯ ᠤᠨ ᠬᠠᠤᠯᠢ ᠠᠴᠠ | ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠴᠦ ᠵᠠᠯᠬᠠᠭᠠᠨ ᠰᠢᠳᠬᠡᠨ᠎ᠡ᠃ ᠰᠢᠨ᠎ᠡ | ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ︽ᠭᠤᠷᠪᠠ ᠶᠢ | ᠪᠣᠳᠠᠲᠠᠶᠢᠵᠢᠭᠤᠯᠵᠤ ᠨᠢᠭᠡ ᠶᠢ ᠰᠢᠢᠳᠪᠦᠷᠢᠯᠡᠬᠦ︾ ᠱᠠᠭᠠᠷᠳᠠᠯᠭ᠎ᠠ ᠶᠢ ᠥᠴᠦᠬᠡᠨ ᠴᠦ ᠭᠤᠶᠢᠪᠢᠰᠢ ᠦᠭᠡᠢ | ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠬᠤ ᠬᠡᠷᠡᠭᠲᠡᠢ︔ | ᠤᠳᠤᠷᠢᠳᠤᠯᠭ᠎ᠠ ᠬᠡᠷᠡᠭ ᠢ ᠳᠠᠭᠠᠭᠠᠴᠢᠯᠠᠬᠤ᠂ ᠰᠤᠷᠪᠤᠯᠵᠢᠯᠠᠭ᠎ᠠ ᠶᠢ ᠬᠦᠯᠢᠶᠡᠨ ᠠᠪᠬᠤ᠂ ᠪᠣᠯᠵᠣᠨ ᠰᠤᠷᠪᠤᠯᠵᠢᠯᠠᠬᠤ᠂ | ᠳᠣᠷᠣᠭᠰᠢ ᠪᠠᠭᠤᠵᠤ ᠰᠤᠷᠪᠤᠯᠵᠢᠯᠠᠬᠤ ᠲᠦᠷᠢᠮ ᠢ ᠪᠠᠷᠢᠮᠲᠠᠯᠠᠵᠤ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ | ᠬᠡᠷᠡᠭ ᠢ ᠠᠷᠢᠯᠭᠠᠬᠤ ᠠᠵᠢᠯ ᠢ ᠭᠦᠨᠵᠡᠭᠡᠶᠢᠷᠡᠭᠦᠯᠦᠨ᠂ ᠳᠠᠪᠬᠤᠷᠳᠠᠭᠰᠠᠨ ᠵᠠᠬᠢᠳᠠᠯ ᠰᠤᠷᠪᠤᠯᠵᠢᠯᠠᠭ᠎ᠠ ᠶᠢ ᠦᠷᠭᠦᠯᠵᠢᠯᠡᠨ | ᠵᠠᠰᠠᠵᠤ᠂ ᠵᠥᠷᠢᠴᠡᠯ ᠵᠢᠭᠤᠷᠠᠯᠳᠤᠭᠠᠨ ᠢ ᠳᠠᠷᠠᠭᠠᠯᠠᠨ ᠪᠠᠶᠢᠴᠠᠭᠠᠵᠤ ᠠᠷᠢᠯᠭᠠᠬᠤ ᠠᠵᠢᠯ ᠢ ᠪᠠᠶᠢᠩᠭᠤᠵᠢᠭᠤᠯᠤᠨ | ᠥᠷᠨᠢᠭᠦᠯᠵᠦ᠂ ᠵᠢᠭᠤᠷᠠᠯᠳᠤᠨ ᠰᠤᠷᠪᠤᠯᠵᠢᠯᠠᠵᠤ ᠦᠢᠮᠡᠭᠦᠯᠦᠨ ᠰᠤᠷᠪᠤᠯᠵᠢᠯᠠᠬᠤ᠂ ᠰᠤᠷᠪᠤᠯᠵᠢᠯᠠᠭ᠎ᠠ ᠪᠠᠷ ᠠᠰᠢᠭ | ᠤᠯᠬᠤ ᠵᠡᠷᠭᠡ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠳᠤ ᠡᠷᠡᠰ ᠴᠣᠬᠢᠯᠲᠠ ᠥᠭᠴᠦ᠂ ᠨᠡᠶᠢᠭᠡᠮ ᠤᠨ ᠬᠡᠪ | ᠰᠤᠷᠲᠠᠯ ᠢ ᠲᠦᠢᠯᠪᠤᠷᠢᠲᠠᠶ ᠴᠡᠪᠡᠷᠵᠢᠭᠦᠯᠦᠨᠡ᠃ ᠠᠶᠤᠯᠭᠦᠶ ᠦᠢᠯᠡᠳᠪᠦᠷᠢᠯᠡᠯ ᠢ ᠥᠴᠦᠬᠡᠨ ᠴᠦ ᠰᠤᠯᠠᠷᠠᠭᠤᠯᠤᠯ | ᠦᠭᠡᠢ ᠪᠠᠷ ᠰᠠᠶᠢᠲᠤᠷ ᠠᠳᠬᠤᠵᠤ᠂ ᠬᠦᠨᠳᠦ ᠶᠡᠭᠡ ᠣᠨᠴᠠ ᠶᠡᠭᠡ ᠠᠶᠤᠯᠭᠦᠶ ᠶᠢᠨ ᠡ᠊ᠨᠳᠡᠯ ᠭᠠᠷᠬᠤ ᠶᠢ ᠡᠷᠡᠰ | ᠬᠤᠷᠢᠭᠯᠠᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ | ᠪᠣᠯᠭᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠤ ᠠᠵᠢᠯ ᠢ ᠲᠠᠰᠤᠷᠠᠯᠲᠠ ᠦᠭᠡᠢ ᠴᠢᠩᠭᠠᠳᠬᠠᠨ | ᠰᠠᠶᠢᠵᠢᠷᠠᠭᠤᠯᠤᠨ᠎ᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ ᠪᠡᠯᠡᠳᠬᠡᠯ ᠬᠦᠴᠦᠨ ᠤ | ᠪᠠᠶᠢᠭᠤᠯᠤᠯᠲᠠ ᠶᠢ ᠴᠢᠩᠭᠠᠳᠬᠠᠵᠤ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ | ᠬᠠᠯᠬᠠᠪᠴᠢ ᠶᠢ ᠪᠠᠬᠢᠵᠢᠭᠦᠯᠦᠨ᠎ᠡ᠃ | ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠳᠡ ᠪᠠᠨ ᠴᠢᠩᠭᠠᠳᠬᠠᠨ᠎ᠠ᠃ | ᠲᠤᠭ ᠲᠡᠮᠳᠡᠭ ᠲᠣᠳᠣᠷᠬᠠᠶ ᠪᠠᠷ ᠤᠯᠤᠰ ᠲᠦᠷᠦ ᠶᠢ ᠡᠷᠬᠢᠮᠯᠡᠨ᠎ᠡ᠃ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ | ᠪᠣᠯᠭᠠᠬᠤ ᠶᠢ ᠪᠠᠷᠢᠮᠲᠠᠯᠠᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ | ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ | ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ | ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠬᠦᠴᠦᠨ ᠢᠶᠠᠨ ᠲᠠᠰᠤᠷᠠᠯᠳᠡ | ᠦᠭᠡᠢ ᠳᠡᠭᠡᠭᠰᠢᠯᠡᠭᠦᠯᠬᠦ ᠬᠡᠷᠡᠭᠲᠡᠢ᠃ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠥᠭᠭᠦᠭᠰᠡᠨ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠰᠢᠢᠳᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠵᠠᠰᠠᠭ ᠤᠨ ᠣᠷᠳᠣᠨ᠂ ᠬᠤᠲᠠ ᠶᠢᠨ ᠨᠠᠮ ᠤᠨ ᠬᠤᠷᠢᠶ᠎ᠠ ᠬᠤᠲᠠ ᠶᠢᠨ ᠵᠠᠰᠠᠭ ᠤᠨ ᠣᠷᠳᠣᠨ ᠪᠣᠯᠤᠨ | ᠰᠢᠶᠠᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠲᠡᠷᠡ ᠬᠡᠪ ᠢᠶᠠᠷ ᠨᠢ ᠪᠣᠳᠠᠲᠠᠶ ᠳᠤ | ᠨᠠᠶᠢᠳᠠᠪᠤᠷᠢᠵᠢᠭᠤᠯᠤᠨ᠎ᠠ᠃ | ᠪᠣᠳᠠᠲᠠᠢ ᠶᠢ ᠡᠷᠬᠢᠮᠯᠡᠨ ᠬᠠᠷᠢᠭᠤᠴᠠᠯᠭ᠎ᠠ ᠡᠭᠦᠷᠭᠡᠯᠡᠵᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠥᠨᠳᠥᠷ | ᠪᠦᠲᠦᠮᠵᠢᠲᠡᠶ ᠪᠣᠳᠠᠲᠠᠶ ᠶᠢ ᠡᠷᠬᠢᠮᠯᠡᠬᠦ ᠶᠢ ᠵᠠᠰᠠᠭ ᠤᠨ ᠣᠷᠳᠣᠨ ᠤ ᠠᠵᠢᠯ ᠤᠨ ᠠᠮᠢᠨ ᠰᠤᠳᠠᠰᠤ ᠪᠣᠯᠭᠠᠬᠤ ᠶᠢ | ᠪᠠᠷᠢᠮᠲᠠᠯᠠᠵᠤ᠂ ︽ᠪᠠᠭᠤᠯᠭᠠᠬᠤ ᠬᠠᠮᠢᠶᠠᠷᠬᠤ ᠤᠶᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ︽ᠨᠢᠭᠡ | ᠲᠠᠮᠠᠭ᠎ᠠ ᠪᠠᠷ ᠬᠢᠨᠠᠨ ᠵᠥᠪᠰᠢᠶᠡᠷᠡᠬᠦ ᠶᠢ ᠬᠠᠮᠢᠶᠠᠷᠬᠤ︾ ᠶᠢ ᠬᠡᠷᠡᠭᠵᠢᠭᠦᠯᠵᠦ᠂ ᠠᠵᠤ ᠠᠬᠤᠶᠢᠯᠠᠯ ᠤᠨ ᠨᠡᠭᠡᠭᠡᠨ ᠡᠷᠭᠢᠯᠡᠬᠦ | ᠴᠠᠭ ᠢ 0.5 ᠠᠵᠢᠯᠯᠠᠬᠤ ᠡᠳᠦᠷ ᠤᠨ ᠳᠣᠲᠣᠷ᠎ᠠ ᠪᠣᠯᠭᠠᠨ ᠪᠠᠭᠠᠰᠬᠠᠵᠤ᠂ ᠢᠨᠵᠧᠨᠧᠷᠢᠩ ᠤᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠤᠶᠢᠯ ᠤᠨ ᠬᠢᠨᠠᠨ ᠵᠥᠪᠰᠢᠶᠡᠷᠡᠯ ᠢ 40 ᠠᠵᠢᠯᠯᠠᠬᠤ ᠡᠳᠦᠷ ᠤᠨ ᠳᠣᠲᠣᠷ᠎ᠠ ᠪᠣᠯᠭᠠᠨ | ᠪᠠᠭᠠᠰᠬᠠᠬᠤ ᠶᠢ ᠠᠬᠢᠭᠤᠯᠤᠨ᠎ᠠ︔ ︽ᠮᠣᠩᠭᠤᠯ ᠤᠨ ᠲᠦᠷᠭᠡᠨ ᠬᠤᠷᠳᠤᠴᠠ ᠶᠢᠨ ᠠᠯᠪᠠᠨ ᠬᠡᠷ︾ ᠤᠨ ᠵᠠᠰᠠᠭ ᠤᠨ | ᠶᠠᠪᠤᠳᠠᠯ ᠤᠨ ᠤᠶᠢᠯᠡᠴᠢᠯᠡᠭᠡ ᠶᠢ ᠦᠷᠭᠦᠯᠵᠢᠯᠡᠨ ᠲᠠᠰ 12345 ᠬᠠᠯᠠᠭᠤᠨ ᠤᠲᠠᠰᠤ ᠶᠢ ᠰᠢᠢᠳᠪᠤᠷᠢᠯᠡᠬᠦ ᠠᠵᠢᠯ ᠢ | ᠰᠠᠶᠢᠲᠤᠷ ᠬᠢᠵᠦ᠂ ᠠᠵᠤ ᠠᠬᠤᠶᠢᠯᠠᠯ ᠤᠨ ᠣᠯᠠᠨ ᠲᠦᠮᠡᠨ ᠤ ᠲᠤᠰᠬᠠᠭᠰᠠᠨ ᠥᠨᠳᠥᠷ ᠳᠠᠪᠲᠠᠮᠵᠢ ᠶᠢᠨ ᠠᠰᠠᠭᠤᠳᠠᠯ ᠢ | ᠲᠥᠪᠯᠡᠷᠡᠭᠦᠯᠦᠨ ᠰᠢᠢᠳᠪᠤᠷᠢᠯᠡᠨ᠎ᠡ︔ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠡᠪᠳᠡᠬᠦ᠂ ᠠᠵᠤ | ᠠᠬᠤᠶᠢᠯᠠᠯ ᠤᠨ ᠠᠰᠢᠭ ᠲᠤᠰᠠ ᠶᠢ ᠬᠤᠬᠢᠷᠠᠭᠤᠯᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠰᠤᠷᠭᠠᠨ | ᠬᠥᠮᠦᠵᠢᠯ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠨᠢᠯᠬᠠᠰ ᠤᠨ ᠴᠡᠴᠡᠷᠯᠢᠭ᠂ ᠨᠡᠶᠢᠭᠡᠮ ᠤᠨ ᠪᠠᠲᠤᠯᠠᠭ᠎ᠠ ᠵᠡᠷᠭᠡ | ᠬᠦᠷᠢᠶᠡᠨ ᠳᠠᠬᠢ ᠥᠭᠡᠷᠡᠴᠢᠯᠡᠯᠲᠡ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠤᠨ᠎ᠠ᠃ | ᠬᠠᠤᠯᠢ ᠶᠣᠰᠣᠭᠠᠷ ᠵᠠᠰᠠᠭ ᠶᠠᠪᠤᠭᠤᠯᠵᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠨ᠎ᠡ᠃ ᠰᠢ ᠶᠢᠨ ᠫᠢᠩ | ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠬᠠᠤᠯᠢ ᠪᠠᠷ ᠵᠠᠰᠠᠬᠤ ᠰᠡᠳᠬᠢᠬᠦᠶ ᠪᠠᠷ | ᠵᠠᠰᠠᠭ ᠤᠨ ᠣᠷᠳᠣᠨ ᠤ ᠠᠵᠢᠯ ᠢ ᠲᠦᠯᠬᠢᠨ ᠠᠬᠢᠭᠤᠯᠬᠤ ᠶᠢ ᠪᠠᠷᠢᠮᠲᠠᠯᠠᠵᠤ᠂ ᠴᠢᠬᠤᠯᠠ ᠶᠡᠭᠡ ᠵᠠᠰᠠᠭ ᠵᠠᠬᠢᠷᠭᠠᠨ ᠤ | ᠰᠢᠢᠳᠪᠤᠷᠢᠳᠤ ᠪᠤᠳᠤᠯᠭ᠎ᠠ ᠶᠢᠨ ᠬᠠᠤᠯᠢ ᠪᠠᠷ ᠲᠣᠭᠲᠠᠭᠠᠭᠰᠠᠨ ᠵᠢᠷᠤᠮ ᠢ ᠴᠢᠩᠭ᠎ᠠ ᠭᠦᠢᠴᠡᠳᠬᠡᠨ᠎ᠡ᠃ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠢᠨᠠᠯᠲᠠ᠂ ᠬᠠᠤᠯᠢ ᠴᠠᠭᠠᠵᠠ ᠶᠢᠨ ᠬᠢᠨᠠᠯᠲᠠ ᠶᠢ | ᠤᠬᠠᠮᠰᠠᠷ ᠠᠴᠠ ᠪᠠᠨ ᠬᠦᠯᠢᠶᠡᠵᠦ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠪᠠ | ᠨᠡᠶᠢᠭᠡᠮ ᠤᠨ ᠬᠢᠨᠠᠯᠲᠠ᠂ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠬᠢᠨᠠᠨ | ᠪᠤᠳᠤᠬᠤ ᠬᠢᠨᠠᠯᠲᠠ᠂ ᠬᠠᠤᠯᠢ ᠪᠠᠷᠢᠬᠤ ᠬᠢᠨᠠᠯᠲᠠ᠂ ᠲᠤᠭ᠎ᠠ ᠪᠦᠷᠢᠳᠬᠡᠯ ᠤᠨ ᠬᠢᠨᠠᠯᠲᠠ ᠶᠢ ᠴᠢᠩᠭᠠᠳᠬᠠᠵᠤ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠪᠠ ᠤᠯᠤᠰ ᠲᠦᠷᠦ ᠶᠢᠨ | ᠵᠥᠪᠯᠡᠯᠭᠡᠨ ᠤ ᠳᠤᠷᠠᠳᠤᠯᠭ᠎ᠠ ᠵᠢᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠮᠡᠳᠡᠭᠡ ᠵᠠᠩᠭᠢ ᠶᠢ ᠢᠯᠡ ᠪᠣᠯᠭᠠᠬᠤ | ᠡᠷᠴᠢᠮ ᠢ ᠴᠢᠩᠭᠠᠷᠠᠭᠤᠯᠵᠤ᠂ ᠣᠯᠠᠨ ᠲᠦᠮᠡᠨ ᠤ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ ᠪᠠ ᠬᠢᠨᠠᠯᠲᠠ | ᠲᠠᠯᠪᠢᠬᠤ ᠡᠷᠬᠡ ᠶᠢ ᠪᠠᠲᠤᠯᠠᠵᠤ᠂ ᠢᠯᠡ ᠲᠣᠳᠣ ᠵᠠᠰᠠᠭ ᠤᠨ ᠣᠷᠳᠣᠨ ᠢ ᠪᠠᠶᠢᠭᠤᠯᠤᠨ᠎ᠠ᠃ | ᠠᠷᠢᠭᠤᠨ ᠴᠢᠬᠡᠴᠢ ᠪᠠᠷ ᠨᠠᠭᠠᠳᠤ ᠵᠠᠬ᠎ᠠ ᠶᠢᠨ ᠬᠤᠷᠢᠭ᠎ᠠ ᠱᠤᠭᠤᠮ ᠢ ᠪᠦ᠋ᠬᠦ ᠲᠠᠯ᠎ᠠ ᠪᠠᠷ ᠨᠠᠮ ᠢ ᠴᠢᠩᠭ᠎ᠠ ᠵᠠᠰᠠᠬᠤ | ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠨᠠᠮ ᠤᠨ ᠰᠤᠷᠲᠠᠯ ᠤᠨ ᠪᠠ | ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ ᠨᠢᠭᠡ ᠮᠥᠴᠡ | ᠴᠦ ᠵᠣᠭᠰᠣᠯ ᠦᠭᠡᠢ ᠲᠦᠯᠬᠢᠨ ᠠᠬᠢᠭᠤᠯᠤᠨ᠎ᠠ᠃ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠤᠨ ᠵᠣᠷᠢᠭ | ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠦᠷᠦᠭᠦᠯᠡᠨ ︽ᠭᠠᠮᠨᠠᠨ ᠠᠮᠢᠳᠤᠷᠠᠬᠤ︾ ᠶᠢ ᠪᠠᠷᠢᠮᠲᠠᠯᠠᠵᠤ᠂ | ᠬᠡᠭᠡᠨᠴᠢᠷᠯᠡᠨ ᠪᠦᠷᠢᠯᠭᠡᠬᠦ᠂ ᠭᠠᠷ ᠶᠡᠬᠡᠲᠡᠶ ᠪᠠᠶᠢᠬᠤ ᠶᠢ ᠡᠷᠡᠰ ᠡᠰᠡᠷᠭᠦᠴᠡᠵᠦ᠂ ᠬᠢᠵᠠᠭᠠᠷ ᠲᠠᠢ ᠡᠳ᠋ ᠤᠨ ᠬᠦᠴᠦᠨ ᠢᠶᠠᠨ | ᠬᠥᠭᠵᠢᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠨᠡᠩ ᠢᠯᠡᠭᠦᠦ ᠬᠡᠷᠡᠭᠯᠡᠵᠦ᠂ | ᠵᠠᠰᠠᠭ ᠤᠨ ᠣᠷᠳᠣᠨ ᠤ ︽ᠭᠠᠮᠨᠠᠨ ᠠᠮᠢᠳᠤᠷᠠᠬᠤ︾ ᠪᠠᠷ ᠠᠷᠠᠳ ᠤᠯᠠᠨ ᠤ ︽ᠰᠠᠶᠢᠨ ᠠᠮᠢᠳᠤᠷᠠᠯ︾ ᠢ ᠰᠣᠯᠢᠵᠤ | ᠠᠪᠴᠢᠷᠠᠬᠤ ᠪᠠᠷ ᠴᠢᠷᠮᠠᠶᠢᠵᠤ᠂ ᠥᠷᠭᠡᠨ ᠤᠯᠠᠨ ᠺᠠᠳ᠋ᠷᠴᠤᠳ ᠤᠨ ᠵᠣᠪᠠᠭᠤᠷᠢ ᠵᠦᠳᠡᠭᠦᠷᠢ ᠶᠢᠨ ᠵᠢᠭᠠᠯᠲᠠ ᠲᠤᠭ᠎ᠠ ᠪᠠᠷ | ᠠᠷᠠᠳ ᠤᠯᠠᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠰᠣᠯᠢᠵᠤ ᠠᠪᠤᠶ᠎ᠠ︕ | ᠲᠥᠯᠥᠭᠡᠯᠡᠭᠴᠢᠳ ᠡ︕ ᠤᠭ ᠰᠠᠨᠠᠭ᠎ᠠ ᠪᠠᠲᠤ ᠪᠠᠬᠢ ᠪᠣᠯᠪᠠᠰᠤ᠂ ᠡᠭᠦᠷᠭᠡ ᠬᠠᠷᠢᠭᠤᠴᠠᠯᠭ᠎ᠠ ᠮᠥᠷᠥᠨ | ᠳᠡᠭᠡᠷ᠎ᠡ ᠪᠠᠨ ᠪᠠᠶᠢᠨ᠎ᠠ︔ ᠡᠭᠦᠷᠭᠡ ᠬᠦᠨᠳᠦ ᠵᠠᠮ ᠬᠤᠯᠠ᠂ ᠪᠣᠳᠠᠲᠠᠢ ᠠᠵᠢᠯᠯᠠᠬᠤ ᠶᠢ ᠲᠡᠷᠢᠭᠦᠨ ᠳᠤ ᠲᠠᠯᠪᠢᠬᠤ | ᠬᠡᠷᠡᠭᠲᠡᠢ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ | ᠨᠡᠩ ᠨᠢᠭᠲᠠᠷᠠᠨ ᠪᠦᠯᠬᠦᠮᠳᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ | ᠪᠣᠯᠤᠨ ᠰᠢᠶᠠᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠴᠠᠭ ᠦᠶ᠎ᠡ ᠠᠴᠠ | ᠳᠠᠭᠠᠭᠠᠯᠭᠠᠭᠰᠠᠨ ᠬᠦᠨᠳᠦ ᠡᠭᠦᠷᠭᠡ ᠶᠢ ᠵᠣᠷᠢᠭᠲᠠᠢ ᠪᠠᠷ ᠡᠭᠦᠷᠭᠡᠯᠡᠵᠦ᠂ ᠠᠷᠠᠳ ᠲᠦᠮᠡᠨ ᠤ ᠲᠠᠯᠪᠢᠭᠰᠠᠨ ᠬᠦᠨᠳᠦ | ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠪᠠᠷ ᠥᠷᠯᠥᠭᠡ ᠦᠳᠡᠰᠢ ᠶᠢ ᠲᠡᠮᠡᠴᠡᠬᠦ ᠡᠷᠴᠢ ᠵᠣᠷᠢᠭ᠂ ᠲᠤᠰᠤᠯ ᠤᠰᠤ | ᠴᠢᠯᠠᠭᠤ ᠶᠢ ᠴᠤᠭᠤᠯᠬᠤ ᠬᠠᠳᠠᠨ ᠵᠣᠷᠢᠭ᠂ ᠴᠤᠴᠠᠯᠲᠠ ᠦᠭᠡᠢ ᠤᠷᠤᠭᠰᠢᠯᠠᠬᠤ ᠡᠷᠴᠢ ᠵᠣᠷᠢᠭ ᠢᠶᠠᠷ᠂ ᠡᠷᠡᠯᠬᠡᠭᠯᠡᠨ | ᠲᠡᠮᠡᠴᠡᠵᠦ᠂ ᠡᠷᠡᠯᠬᠡᠭᠯᠡᠨ ᠤᠷᠤᠭᠰᠢᠯᠠᠵᠤ᠂ ᠯᠢᠶᠠᠩᠴᠧᠩ ᠰᠢᠶᠠᠨ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ | ᠬᠠᠭᠤᠳᠠᠰᠤ ᠶᠢ ᠴᠢᠷᠮᠠᠶᠢᠨ ᠪᠢᠴᠢᠭᠯᠡᠶ᠎ᠡ︕ | | ᠢᠷᠡᠯᠳᠡ᠄ ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ |