ᠠᠷᠪᠠᠨ ᠲᠠᠪᠤᠳᠤᠭᠠᠷ ᠬᠤᠭᠤᠴᠠᠭᠠᠨ ᠤ ᠯᠢᠶᠠᠩᠴᠧᠩ ᠰᠢᠶᠠᠨ ᠤ ᠨᠠᠮ ᠤᠨ ᠬᠤᠷᠢᠶᠠᠨ ᠤ ᠳᠥᠷᠪᠡᠳᠦᠭᠡᠷ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠤᠨ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/4/20
    4 ᠰᠠᠷ᠎ᠠ ᠶᠢᠨ 19 ᠤ ᠡᠳᠦᠷ᠂ ᠮᠠᠨ ᠤ ᠰᠢᠶᠠᠨ ᠠᠷᠪᠠᠨ ᠲᠠᠪᠤᠳᠤᠭᠠᠷ ᠬᠤᠭᠤᠴᠠᠭᠠᠨ ᠤ ᠯᠢᠶᠠᠩᠴᠧᠩ ᠰᠢᠶᠠᠨ ᠤ ᠨᠠᠮ ᠤᠨ ᠬᠤᠷᠢᠶᠠᠨ ᠤ ᠳᠥᠷᠪᠡᠳᠦᠭᠡᠷ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠪᠠ᠃ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠲᠣᠭᠤᠷᠢᠨ ᠪᠠᠶᠢᠴᠠᠭᠠᠬᠤ ᠠᠵᠢᠯ ᠢ ᠲᠠᠶᠢᠴᠢᠯᠠᠨ ᠪᠠᠶᠢᠷᠢᠯᠠᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ︔ ︽ᠠᠷᠪᠠᠨ ᠲᠠᠪᠤᠳᠤᠭᠠᠷ ᠬᠤᠭᠤᠴᠠᠭᠠᠨ ᠤ ᠯᠢᠶᠠᠩᠴᠧᠩ ᠰᠢᠶᠠᠨ ᠤ ᠨᠠᠮ ᠤᠨ ᠬᠤᠷᠢᠶᠠᠨ ᠤ ᠳᠥᠷᠪᠡᠳᠦᠭᠡᠷ ᠡᠭᠡᠯᠵᠢ ᠶᠢᠨ ᠴᠠᠭᠳᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠶᠢᠨ ᠡᠷᠬᠡ ᠣᠯᠭᠤᠯᠲᠠ ᠵᠢᠴᠢ ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ ᠲᠤᠬᠠᠶ ᠲᠣᠭᠲᠠᠭᠠᠯ︾ ᠢ ᠨᠡᠶᠢᠲᠡᠯᠡᠪᠡ᠃ ᠰᠢᠶᠠᠨ ᠤ ᠨᠠᠮ ᠤᠨ ᠬᠤᠷᠢᠶᠠᠨ ᠤ ᠱᠦᠵᠢ ᠯᠢᠦ ᠶᠢᠨ ᠲᠤᠤ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠰᠢᠩ ᠮᠢᠩ ᠬᠤᠷᠠᠯ ᠡᠷᠭᠢᠯᠡᠵᠦ᠂ ᠰᠢᠶᠠᠨ ᠤ ᠤᠳᠤᠷᠢᠳᠤᠯᠭ᠎ᠠ ᠳ᠋ᠦᠩ ᠰᠢᠶᠤᠤ ᠨᠢᠩ ᠣᠷᠣᠯᠴᠠᠵᠠᠶ᠃     ᠯᠢᠦ ᠶᠢᠨ ᠲᠤᠤ ᠴᠢᠬᠤᠯᠠᠴᠢᠯᠠᠭᠰᠠᠨ ᠨᠢ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠯᠤᠰ ᠲᠦᠷᠦ ᠶᠢᠨ ᠴᠠᠭᠳᠠᠨ ᠪᠠᠶᠢᠴᠠᠭᠠᠬᠤ ᠠᠭᠤᠯᠤᠭᠳᠠᠬᠤᠨ ᠤ ᠱᠠᠭᠠᠷᠳᠠᠯᠭ᠎ᠠ ᠶᠢᠨ ᠲᠤᠬᠠᠢ ᠣᠶᠢᠯᠠᠭᠠᠯᠲᠠ ᠪᠠ ᠡᠵᠡᠮᠳᠡᠯ ᠢᠶᠠᠨ ᠭᠦᠨᠵᠡᠭᠡᠶᠢᠷᠡᠭᠦᠯᠵᠦ᠂ ᠦᠨᠡᠨᠴᠢ ᠰᠢᠳᠤᠷᠭᠤ ᠪᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠪᠣᠳᠠᠲᠤ ᠠᠵᠢᠯᠯᠠᠭ᠎ᠠ ᠪᠠᠷ ᠢᠶᠠᠨ ᠲᠤᠰ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠤᠯᠤᠰ ᠲᠦᠷᠦ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠲᠣᠭᠤᠷᠢᠨ ᠪᠠᠶᠢᠴᠠᠭᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠱᠠᠭᠠᠷᠳᠠᠯᠭ᠎ᠠ ᠶᠢ ᠪᠠᠲᠤ ᠡᠵᠡᠮᠳᠡᠬᠦ ᠬᠡᠷᠡᠭᠲᠡᠢ᠃ ᠲᠤᠰᠬᠠᠢ ᠳᠦᠷᠦᠯ ᠤᠨ ᠲᠣᠭᠤᠷᠢᠨ ᠪᠠᠶᠢᠴᠠᠭᠠᠯᠲᠠ ᠨᠢ ᠲᠤᠰᠬᠠᠢ ᠳᠦᠷᠦᠯ ᠤᠨ ᠳᠠᠪᠠᠭᠤᠯᠢᠭ ᠢ ᠳᠤᠪᠤᠶᠢᠯᠭᠠᠵᠤ᠂ ᠡᠩ ᠤᠨ ᠲᠣᠭᠤᠷᠢᠨ ᠪᠠᠶᠢᠴᠠᠭᠠᠯᠲᠠ ᠨᠢ ᠤᠯᠤᠰ ᠳᠦᠷᠦ ᠶᠢᠨ ᠲᠣᠭᠤᠷᠢᠨ ᠪᠠᠶᠢᠴᠠᠭᠠᠯᠲᠠ ᠶᠢᠨ ᠪᠠᠶᠢᠷᠢ ᠲᠣᠭᠲᠠᠭᠠᠯᠲᠠ ᠶᠢ ᠪᠠᠲᠤ ᠰᠠᠬᠢᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠰᠬᠠᠢ ᠳᠦᠷᠦᠯ ᠤᠨ ᠲᠣᠭᠤᠷᠢᠨ ᠪᠠᠶᠢᠴᠠᠭᠠᠯᠲᠠ ᠨᠢ ᠰᠢ ᠶᠢᠨ ᠫᠢᠩ ᠶᠡᠷᠦᠩᠬᠡᠢ ᠱᠦᠵᠢ ᠶᠢᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠬᠥᠳᠡᠭᠡ ᠲᠣᠰᠬᠤᠨ ᠤ ᠠᠵᠤ ᠦᠢᠯᠡᠰ᠂ ᠴᠢᠳᠠᠪᠤᠷᠢᠲᠠᠨ᠂ ᠰᠣᠶᠣᠯ᠂ ᠠᠮᠢ ᠠᠬᠤᠢ᠂ ᠵᠣᠬᠢᠶᠠᠨ ᠪᠠᠶᠢᠭᠤᠯᠤᠯᠲᠠ ᠶᠢᠨ ︽ᠲᠠᠪᠤ ᠶᠢ ᠬᠥᠭᠵᠢᠭᠦᠯᠦᠨ ᠮᠠᠨᠳᠤᠭᠤᠯᠬᠤ ︾ ᠶᠢ ᠪᠦᠬᠦ ᠲᠠᠯ᠎ᠠ ᠪᠠᠷ ᠠᠬᠢᠭᠤᠯᠤᠭᠰᠠᠨ ᠪᠠᠶᠢᠳᠠᠯ ᠢ ᠱᠠᠯᠠᠪᠳᠠᠭᠤᠯᠤᠨ ᠪᠠᠶᠢᠴᠠᠭᠠᠬᠤ ᠬᠡᠷᠡᠭᠲᠡᠢ︔ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠦᠷᠢᠶ᠎ᠡ ᠴᠠᠷᠠᠭ᠎ᠠ ᠶᠢᠨ ᠳᠡᠭᠡᠳᠦ ᠳᠣᠤᠷᠠᠳᠤ ᠱᠠᠲᠤ ᠬᠤᠯᠪᠣᠭᠠᠯᠠᠨ ᠬᠥᠳᠡᠯᠦᠯᠴᠡᠵᠦ ᠲᠣᠭᠤᠷᠢᠨ ᠪᠠᠶᠢᠴᠠᠭᠠᠬᠤ ᠳᠤ ᠰᠢ ᠶᠢᠨ ᠫᠢᠩ ᠶᠡᠷᠦᠩᠬᠡᠶ ᠱᠦᠵᠢ ᠶᠢᠨ ᠨᠡᠶᠢᠭᠡᠮ ᠤᠨ ᠠᠪᠤᠷᠠᠨ ᠲᠤᠰᠠᠯᠠᠬᠤ ᠲᠤᠬᠠᠶ ᠴᠢᠬᠤᠯᠠ ᠥᠭᠦᠯᠡᠯᠲᠡ ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠦᠨᠳᠦᠰᠦᠨ ᠠᠷᠠᠳ ᠤᠨ ᠠᠮᠢᠳᠤᠷᠠᠯ ᠢ ᠪᠠᠲᠤᠯᠠᠭᠰᠠᠨ᠂ ᠨᠡᠶᠢᠭᠡᠮ ᠤᠨ ᠲᠥᠪ ᠭᠤᠤᠯᠴᠢ ᠶᠢ ᠠᠬᠢᠭᠤᠯᠤᠭᠰᠠᠨ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠭᠰᠠᠨ ᠪᠠᠶᠢᠳᠠᠯ ᠢ ᠭᠤᠤᠯᠳᠠᠯᠭ᠎ᠠ ᠲᠠᠢ ᠰᠢᠮᠳᠠᠭᠤᠯᠤᠨ ᠪᠠᠶᠢᠴᠠᠭᠠᠬᠤ ᠬᠡᠷᠡᠭᠲᠡᠶ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠮᠵᠢᠯᠴᠠᠨ ᠬᠠᠮᠵᠢᠯᠴᠠᠬᠤ ᠪᠠᠨ ᠴᠢᠩᠭᠠᠳᠬᠠᠵᠤ᠂ ᠵᠣᠷᠢᠭᠲᠠᠢ ᠪᠠᠷ ᠦᠨᠡᠨ ᠢ ᠪᠠᠷᠢᠮᠲᠠᠯᠠᠨ ᠬᠠᠲᠠᠭᠤ ᠶᠢ ᠬᠦᠨᠳᠡᠵᠤ᠂ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠵᠤ᠂ ᠤᠬᠠᠮᠰᠠᠷ ᠠᠴᠠ ᠪᠠᠨ ᠦᠨᠡᠨᠴᠢ ᠰᠢᠳᠤᠷᠭᠤ ᠴᠡᠪᠡᠷ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠶᠢ ᠪᠡᠶᠡᠯᠡᠭᠦᠯᠵᠦ᠂ ᠮᠠᠨ ᠤ ᠰᠢᠶᠠᠨ ᠤ ᠤᠯᠤᠰ ᠲᠦᠷᠦ ᠶᠢᠨ ᠠᠮᠢ ᠠᠬᠤᠢ ᠶᠢ ᠦᠷᠭᠦᠯᠵᠢᠯᠡᠨ ᠴᠡᠪᠡᠷᠰᠢᠭᠦᠯᠬᠦ ᠶᠢ ᠠᠬᠢᠭᠤᠯᠵᠤ᠂ ᠴᠠᠭᠳᠠᠨ ᠪᠠᠶᠢᠴᠠᠭᠠᠬᠤ ᠠᠵᠢᠯ ᠤᠨ ᠪᠣᠳᠠᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠰᠢᠶᠠᠨ ᠤ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠯᠪᠠᠨ ᠬᠡᠷ ᠤᠨ ᠪᠥᠬᠦ ᠺᠠᠳ᠋ᠷ᠂ ᠴᠠᠭᠳᠠᠨ ᠪᠠᠶᠢᠴᠠᠭᠠᠬᠤ ᠳᠤᠭᠤᠶᠢᠯᠠᠩ ᠤᠨ ᠪᠥᠬᠦ ᠪᠦᠷᠢᠯᠳᠦᠬᠦᠨ᠂ ᠴᠠᠭᠳᠠᠨ ᠪᠠᠶᠢᠴᠠᠭᠠᠭᠳᠠᠬᠤ ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠤᠯ ᠬᠠᠷᠢᠭᠤᠴᠠᠯᠭᠠᠲᠠᠨ ᠵᠢᠴᠢ ᠴᠠᠭᠳᠠᠨ ᠪᠠᠶᠢᠴᠠᠭᠠᠵᠤ ᠬᠠᠮᠵᠢᠯᠴᠠᠬᠤ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃                                          ᠨᠠᠶᠢᠷᠠᠭᠤᠯᠤᠭᠴᠢ᠄  ᠯᠢ ᠬᠤᠩ ᠢᠦᠢ                                            ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2