ᠰᠢᠶᠠᠨ ᠤ ᠵᠠᠰᠠᠭ ᠤᠨ ᠣᠷᠳᠣᠨ ᠤ 2023 ᠣᠨ ᠤ 6 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/4/20
  4 ᠰᠠᠷ᠎ᠠ ᠶᠢᠨ 19 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠵᠧᠩ ᠳ᠋ᠦᠩ ᠫᠢᠩ ᠰᠢᠶᠠᠨ ᠤ ᠵᠠᠰᠠᠭ ᠤᠨ ᠣᠷᠳᠣᠨ ᠤ 2023 ᠣᠨ ᠤ 6 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠰᠢᠶᠠᠨ ᠤ ᠤᠳᠤᠷᠢᠳᠤᠯᠭ᠎ᠠ ᠵᠧᠩ ᠶᠠᠨ ᠹᠠᠩ᠂ ᠹᠧᠩ ᠵᠢᠶᠦ᠋ᠨ᠂ ᠶᠠᠩ ᠬᠤᠩ᠂ ᠵᠠᠢ ᠵᠢᠢ ᠴᠢᠩ᠂ ᠪᠠᠢ ᠯᠢ ᠵᠢᠶᠦ᠋ᠨ ᠨᠡᠷ ᠬᠤᠷᠠᠯ ᠳᠤ ᠣᠷᠣᠯᠴᠠᠵᠠᠢ᠃    ᠬᠤᠷᠠᠯ ᠠᠴᠠ ᠡᠮᠦᠨ᠎ᠡ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ︾ ᠶᠢ ᠲᠥᠪᠯᠡᠷᠡᠭᠦᠯᠦᠨ ᠰᠤᠷᠤᠯᠴᠠᠵᠠᠶ᠃ ᠬᠤᠷᠠᠯ ᠠᠴᠠ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠴᠢ ᠹᠸᠢ ᠶᠦᠨ ᠤ 4 ᠰᠠᠷ᠎ᠠ ᠶᠢᠨ 13 ᠤ ᠡᠳᠦᠷ ᠮᠠᠨ ᠤ ᠰᠢᠶᠠᠨ ᠳᠤ ᠬᠢᠭᠰᠡᠨ ᠪᠠᠶᠢᠴᠠᠭᠠᠨ ᠰᠤᠳᠤᠯᠤᠯᠲᠠ ᠶᠢᠨ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠵᠧᠩ ᠳ᠋ᠦᠩ ᠫᠢᠩ᠂ ᠨᠢᠭᠤᠴᠠ ᠶᠢ ᠬᠠᠮᠠᠭᠠᠯᠠᠬᠤ ᠠᠵᠢᠯ ᠪᠣᠯ ᠨᠠᠮ ᠪᠣᠯᠤᠨ ᠤᠯᠤᠰ ᠤᠨ ᠨᠢᠭᠡᠨ ᠣᠨᠴᠠᠭᠠᠢ ᠴᠢᠬᠤᠯᠠ ᠠᠵᠢᠯ ᠪᠠᠶᠢᠵᠤ᠂ ᠤᠯᠤᠰ ᠤᠨ ᠠᠮᠤᠷ ᠲᠦᠪᠰᠢᠨ᠂ ᠠᠵᠤ ᠠᠬᠤᠢ ᠶᠢᠨ ᠬᠥᠭᠵᠢᠯᠲᠡ᠂ ᠨᠡᠶᠢᠭᠡᠮ ᠤᠨ ᠲᠣᠭᠲᠠᠭᠤᠨ ᠲᠠᠢ ᠰᠢᠭᠤᠳ ᠬᠤᠯᠪᠣᠭᠳᠠᠵᠤ ᠪᠠᠶᠢᠳᠠᠭ᠃ ᠨᠢᠭᠤᠴᠠ ᠶᠢ ᠬᠠᠮᠠᠭᠠᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠢᠭᠤᠴᠠ ᠶᠢ ᠬᠠᠮᠠᠭᠠᠯᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠳᠣᠲᠣᠭᠠᠳᠤ ᠶᠢᠨ ᠨᠢᠭᠤᠴᠠ ᠶᠢ ᠬᠠᠮᠠᠭᠠᠯᠠᠬᠤ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠯ᠎ᠡ ᠵᠦᠢᠯ ᠤᠨ ᠨᠢᠭᠤᠴᠠ ᠶᠢ ᠬᠠᠮᠠᠭᠠᠯᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃  
      ᠬᠤᠷᠠᠯ ᠠᠴᠠ ︽ᠨᠠᠢᠮᠠᠳᠤᠭᠠᠷ ᠰᠤᠮᠤ ᠶᠢᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠬᠦ ᠰᠠᠭᠤᠷᠢᠨ ᠤ ᠠᠵᠤ ᠦᠢᠯᠡᠰ ᠤᠨ ᠲᠥᠯᠥᠪᠵᠢᠭᠦᠯᠭᠡ︾ ᠶᠢ ᠬᠢᠨᠠᠨ ᠵᠥᠪᠯᠡᠪᠡ᠃ ᠵᠧᠩ ᠳ᠋ᠦᠩ ᠫᠢᠩ᠂ ᠲᠥᠯᠥᠪᠵᠢᠭᠦᠯᠭᠡ ᠵᠢᠷᠤᠭ ᠲᠥᠯᠥᠪᠯᠡᠭᠡᠨ ᠤ ᠬᠦᠷᠢᠶᠡᠯᠡᠩ ᠤᠨ ᠬᠢᠨ ᠬᠦᠴᠦᠨ ᠢᠶᠠᠨ ᠴᠢᠩᠭᠠᠳᠬᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠵᠣᠯᠭᠠᠭᠤᠯᠬᠤ ᠪᠠᠨ ᠴᠢᠩᠭᠠᠳᠬᠠᠵᠤ᠂ ᠡᠯᠧᠮᠧᠨ᠋ᠲ ᠢᠶᠠᠨ ᠲᠡᠭᠦᠯᠳᠡᠷᠵᠢᠭᠦᠯᠵᠦ᠂ ᠪᠣᠳᠠᠲᠠᠢ ᠲᠠᠢ ᠨᠡᠶᠢᠴᠡᠵᠦ᠂ ᠠᠵᠤ ᠦᠢᠯᠡᠰ ᠤᠨ ᠲᠥᠯᠥᠪᠵᠢᠭᠦᠯᠭᠡ ᠪᠠᠨ ᠲᠦᠷᠭᠡᠨ ᠲᠡᠭᠦᠯᠳᠡᠷᠵᠢᠭᠦᠯᠬᠦ ᠬᠡᠷᠡᠭᠲᠡᠢ᠃    ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠤ ᠬᠢᠨᠠᠨ ᠵᠥᠪᠯᠡᠪᠡ᠃    ᠰᠢᠶᠠᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠨᠢᠭᠡᠴᠡ᠂ ᠡᠯ᠎ᠡ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃                                               ᠨᠠᠶᠢᠷᠠᠭᠤᠯᠤᠭᠴᠢ᠄  ᠯᠢ ᠬᠤᠩ ᠢᠦᠢ                                                 ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2