ᠮᠠᠨ ᠤ ᠰᠢᠶᠠᠨ 4.23 ᠳᠡᠯᠡᠬᠡᠶ ᠶᠢᠨ ᠨᠣᠮ ᠤᠩᠰᠢᠬᠤ ᠡᠳᠦᠷ ᠤᠨ ᠭᠤᠤᠯ ᠰᠡᠳᠦᠪᠲᠦ ᠰᠢᠷᠢᠰ ᠠᠵᠢᠯᠯᠠᠭ᠎ᠠ ᠶᠢᠨ ᠱᠠᠩᠨᠠᠯ ᠣᠯᠭᠤᠬᠤ ᠶᠤᠰᠤᠯᠠᠯ‌ᠡᠷᠭᠢᠯᠡᠪᠡ
ᠨᠡᠶᠢᠲᠡᠯᠡᠭᠰᠡᠨ ᠴᠠᠭ᠄
2023/4/23
  ᠪᠦᠬᠦ ᠠᠷᠠᠳ ᠤᠨ ᠤᠩᠰᠢᠯᠭ᠎ᠠ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠦᠷᠭᠦᠯᠵᠢᠯᠡᠨ ᠭᠦᠨᠵᠡᠭᠡᠢ ᠠᠬᠢᠭᠤᠯᠬᠤ ᠶᠢᠨ ᠲᠥᠯᠥᠭᠡ᠂ ᠪᠦᠬᠦ ᠰᠢᠶᠠᠨ ᠳᠤ ︽ᠨᠣᠮ ᠤᠩᠰᠢᠬᠤ ᠳᠤᠷᠠᠲᠠᠢ᠂ ᠨᠣᠮ ᠤᠩᠰᠢᠬᠤ ᠳᠠᠭᠠᠨ ᠴᠢᠳᠠᠮᠠᠭᠠᠢ᠂ ᠰᠠᠶᠢᠨ ᠨᠣᠮ ᠤᠩᠰᠢᠬᠤ︾ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ  ᠶᠢᠨ ᠲᠦᠯᠦᠭᠡ᠂ 4 ᠰᠠᠷ᠎ᠠ ᠶᠢᠨ 22 ᠤᠨ ᠡᠳᠦᠷ᠂ ᠮᠠᠨ ᠤ ᠰᠢᠶᠠᠨ ᠰᠢᠶᠠᠨ ᠤ ᠬᠤᠷᠠᠯ ᠦᠵᠡᠰᠬᠦᠯᠡᠩ ᠤᠨ ᠲᠥᠪ ᠲᠤ  ᠪᠦᠬᠦ ᠠᠷᠠᠳ ᠤᠨ ᠤᠩᠰᠢᠯᠭ᠎ᠠ ᠶᠢᠨ ᠠᠵᠢᠯᠯᠠᠭ᠎ᠠ ᠵᠢᠴᠢ ︽ᠰᠢᠨ᠎ᠡ ᠴᠠᠭ ᠦᠶ᠎ᠡ ᠶᠢ ᠰᠣᠨᠢᠷᠬᠠᠬᠤ︾ 4 · 23 ᠤ ᠳᠡᠯᠡᠬᠡᠢ ᠶᠢᠨ ᠨᠣᠮ ᠤᠩᠰᠢᠬᠤ ᠡᠳᠦᠷ ᠤᠨ ᠭᠤᠣᠯ ᠰᠡᠳᠦᠪᠲᠦ ᠰᠢᠷᠢᠰ ᠠᠵᠢᠯᠯᠠᠭ᠎ᠠ ᠶᠢᠨ ᠱᠠᠩᠨᠠᠯ ᠣᠯᠭᠤᠬᠤ ᠶᠣᠰᠣᠯᠠᠯ ᠶᠠᠪᠤᠭᠤᠯᠵᠠᠢ᠃
        ᠱᠠᠩᠨᠠᠯ ᠣᠯᠭᠤᠬᠤ ᠶᠣᠰᠣᠯᠠᠯ ᠳᠡᠭᠡᠷ᠎ᠡ᠂ ᠲᠦᠷᠦᠯ ᠰᠠᠳᠤᠨ ᠦᠷ᠎ᠡ ᠬᠡᠦᠬᠡᠳ ᠤᠨ ᠤᠩᠰᠢᠯᠭ᠎ᠠ ᠶᠢᠨ ᠤᠷᠤᠯᠳᠤᠭᠠᠨ ᠤ ᠱᠠᠩᠨᠠᠯ ᠣᠯᠤᠭᠰᠠᠨ ᠭᠡᠷ ᠪᠦᠯᠢ ᠶᠢᠨ ᠲᠤᠬᠠᠢ ᠶᠢᠨ ᠲᠠᠯᠠᠪᠠᠢ ᠳᠤ ︽ᠮᠢᠨᠦ ᠡᠮᠦᠨᠡᠲᠦ ᠣᠷᠣᠨ ᠪᠠ ᠤᠮᠠᠷᠠᠲᠤ ᠣᠷᠣᠨ︾᠂ ︽ᠳᠤᠮᠳᠠᠳᠤ ᠤᠯᠤᠰ ᠢ ᠤᠩᠰᠢᠭᠰᠠᠨ︾ ᠵᠡᠷᠭᠡ ᠱᠠᠩᠨᠠᠯ ᠬᠦᠷᠳᠡᠭᠰᠡᠡ ᠪᠦᠲᠦᠭᠡᠯ ᠢ ᠳᠡᠯᠭᠡᠨ ᠦᠵᠡᠭᠦᠯᠵᠦ᠂ ᠭᠤᠶᠢᠳᠠ ᠰᠠᠶᠢᠬᠠᠨ ᠲᠣᠭᠯᠠᠯᠲᠠ ᠨᠢ ᠦᠵᠡᠭᠴᠢᠳ ᠤᠨ ᠬᠠᠯᠠᠭᠤᠨ ᠠᠯᠠᠭ᠎ᠠ ᠲᠠᠰᠢᠯᠳᠠ ᠶᠢ ᠣᠯᠵᠤ᠂ ᠡᠷᠬᠢᠮ ᠵᠣᠴᠢᠳ 46 ᠱᠠᠩᠨᠠᠯ ᠬᠦᠷᠳᠡᠭᠰᠡᠡ ᠭᠡᠷ ᠪᠦᠯᠢ ᠳᠤ ᠢᠷᠠᠭᠤ ᠠᠯᠳᠠᠷ ᠤᠨ ᠦᠨᠡᠮᠯᠡᠯ ᠪᠠ ᠱᠠᠩᠨᠠᠯ ᠣᠯᠭᠤᠵᠠᠢ᠃
       ᠲᠤᠰ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠢᠶᠠᠷ ᠰᠣᠶᠣᠯ ᠢ ᠡᠷᠬᠢᠮᠯᠡᠨ ᠰᠤᠷᠭᠠᠨ ᠬᠥᠮᠦᠵᠢᠯ ᠢ ᠴᠢᠬᠤᠯᠠᠴᠢᠯᠠᠬᠤ᠂ ᠰᠢᠯᠦᠭ ᠪᠢᠴᠢᠭ ᠢ ᠤᠯᠠᠮᠵᠢᠯᠠᠵᠤ ᠤᠯᠠᠮᠵᠢᠯᠠᠭᠰᠠᠨ ᠰᠢᠯᠢᠳᠡᠭ ᠤᠯᠠᠮᠵᠢᠯᠠᠯ ᠢ ᠵᠠᠯᠭᠠᠮᠵᠢᠯᠠᠨ ᠪᠠᠳᠠᠷᠠᠭᠤᠯᠵᠤ᠂ ᠪᠦᠬᠦ ᠰᠢᠶᠠᠨ ᠳᠤ ᠨᠢᠭᠡ ᠤᠳᠠᠭᠠᠨ ᠤ ᠨᠣᠮ ᠪᠢᠴᠢᠭ ᠤᠩᠰᠢᠬᠤ ᠬᠠᠯᠠᠭᠤᠨ ᠥᠷᠨᠢᠯᠲᠡ ᠭᠠᠷᠭᠠᠵᠤ᠂ ᠪᠦᠬᠦ ᠠᠷᠠᠳ ᠢᠶᠠᠷ ᠢᠶᠠᠨ ᠨᠣᠮ ᠪᠢᠴᠢᠭ ᠤᠩᠰᠢᠬᠤ ᠰᠠᠶᠢᠨ ᠰᠠᠶᠢᠬᠠᠨ ᠬᠡᠪ ᠰᠤᠷᠲᠠᠯ ᠢ ᠪᠤᠢ ᠪᠣᠯᠭᠠᠭᠰᠠᠨ ᠪᠠᠶᠢᠨ᠎ᠠ᠃
       ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ  ᠿᠧᠨ ᠳ᠋ᠦᠩ ᠮᠢᠩ ᠶᠣᠰᠣᠯᠠᠯ ᠳᠤ ᠣᠷᠣᠯᠴᠠᠪᠠ᠃                                        ᠨᠠᠶᠢᠷᠠᠭᠤᠯᠤᠭᠴᠢ᠄  ᠯᠢ ᠬᠤᠩ ᠢᠦᠢ                                          ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2