ᠰᠢᠶᠠᠨ ᠤ ᠵᠠᠰᠠᠭ ᠤᠨ ᠣᠷᠳᠣᠨ 2023 ᠣᠨ ᠤ 7 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/4/23
   4 ᠰᠠᠷ᠎ᠠ ᠶᠢᠨ 21 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠵᠧᠩ ᠳ᠋ᠦᠩ ᠫᠢᠩ ᠰᠢᠶᠠᠨ ᠤ ᠵᠠᠰᠠᠭ ᠤᠨ ᠣᠷᠳᠣᠨ ᠤ 2023 ᠣᠨ ᠤ 7 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠵᠢᠴᠢ ᠨᠢᠭᠡᠳᠦᠭᠡᠷ ᠤᠯᠠᠷᠢᠯ ᠤᠨ ᠠᠵᠤ ᠠᠬᠤᠶ ᠶᠢᠨ ᠪᠠᠶᠢᠳᠠᠯ ᠤᠨ ᠵᠠᠳᠠᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠰᠢᠶᠠᠨ ᠤ ᠤᠳᠤᠷᠢᠳᠤᠯᠭ᠎ᠠ ᡂᠢ ᠵᠢᠶᠠᠨ ᠹᠧᠩ᠂ ᠸᠠᠩ ᠵᠢᠶᠦ᠋ᠨ ᠶᠦᠩ᠂ ᠵᠧᠩ ᠶᠠᠨ ᠹᠠᠩ᠂ ᠹᠧᠩ ᠵᠢᠶᠦ᠋ᠨ᠂ ᠪᠠᠢ ᠯᠢ ᠵᠢᠶᠦ᠋ᠨ ᠨᠡᠷ ᠬᠤᠷᠠᠯ ᠳᠤ ᠣᠷᠣᠯᠴᠠᠪᠠ᠃
      ᠬᠤᠷᠠᠯ ᠠᠴᠠ ᠬᠤᠳᠠ ᠶᠢᠨ ᠵᠠᠰᠠᠭ ᠤᠨ ᠣᠷᠳᠣᠨ ᠤ 2023 ᠣᠨ ᠤ 10 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠵᠢᠴᠢ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠪᠠᠶᠢᠳᠠᠯ ᠤᠨ ᠵᠠᠳᠠᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠪᠦᠬᠦ ᠰᠢᠶᠠᠨ ᠤ 2023 ᠣᠨ ᠤ ᠨᠢᠭᠡᠳᠦᠭᠡᠷ ᠤᠯᠠᠷᠢᠯ ᠤᠨ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠳᠤ ᠲᠤᠬᠢᠷᠠᠭᠤᠯᠤᠯᠳᠠ ᠬᠢᠵᠦ ᠂ ᠪᠦᠬᠦ ᠰᠢᠶᠠᠨ ᠤ 2023 ᠣᠨ ᠤ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠪᠣᠯᠤᠨ ᠪᠦᠬᠦ ᠰᠢᠶᠠᠨ ᠤ ᠬᠤᠳᠠᠯᠳᠣᠭᠠᠴᠢᠨ ᠤᠷᠢᠵᠤ ᠪᠡᠯᠡ ᠣᠷᠣᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃    ᠬᠤᠷᠠᠯ ᠠᠴᠠ᠂ ᠲᠦᠷᠦᠯ ᠵᠦᠢᠯ ᠢ ᠲᠥᠯᠥᠪᠵᠢᠭᠦᠯᠵᠦ ᠨᠥᠭᠡᠴᠡᠯᠡᠬᠦ ᠶᠢ ᠦᠷᠭᠦᠯᠵᠢᠯᠡᠨ ᠠᠬᠢᠭᠤᠯᠵᠤ᠂ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠰᠤᠳᠤᠯᠭᠠᠨ ᠨᠤᠲᠠᠯᠠᠯᠲᠠ ᠪᠠ ᠭᠠᠷ ᠭᠦᠢᠴᠡᠳᠬᠡᠯ ᠢ ᠭᠦᠢᠴᠡᠳᠬᠡᠬᠦ ᠶᠢ ᠭᠦᠨᠵᠡᠭᠡᠶᠢᠷᠡᠭᠦᠯᠵᠦ᠂ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠤᠨ ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠬᠤᠷᠳᠤᠴᠠ ᠶᠢ ᠳᠡᠭᠡᠭᠰᠢᠯᠡᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠳᠡᠭᠡᠳᠦ ᠱᠠᠲᠤᠨ ᠤ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ᠂ ᠵᠣᠯᠭᠠᠯᠴᠠᠭ᠎ᠠ ᠪᠠᠨ ᠴᠢᠩᠭᠠᠳᠬᠠᠵᠤ᠂ ᠲᠦᠷᠦ ᠶᠢᠨ ᠪᠤᠳᠤᠯᠭ᠎ᠠ᠂ ᠲᠦᠷᠦᠯ ᠵᠦᠢᠯ᠂ ᠪᠡᠯᠡ ᠮᠥᠩᠭᠦᠨ ᠤ ᠮᠡᠳᠡᠭᠡ ᠵᠠᠩᠭᠢ ᠶᠢ ᠴᠠᠭ ᠲᠤᠬᠠᠢ ᠳᠤᠨᠢ ᠤᠢᠢᠯᠠᠭᠠᠨ ᠡᠵᠡᠮᠰᠢᠵᠦ᠂ ᠵᠢᠯᠤᠭᠤᠳᠤᠯᠭ᠎ᠠ ᠪᠠ ᠳᠡᠮᠵᠢᠯᠭᠡ ᠶᠢ ᠢᠯᠡᠭᠦᠬᠡᠨ ᠤᠯᠬᠤ ᠬᠡᠷᠡᠭᠲᠡᠢ᠃ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠪᠠᠶᠢᠴᠠᠭᠠᠨ ᠰᠤᠳᠤᠯᠤᠯᠲᠠ ᠶᠢ ᠰᠠᠶᠢᠲᠤᠷ ᠬᠢᠵᠦ᠂ ᠭᠤᠤᠯᠳᠠᠯᠭ᠎ᠠ ᠲᠠᠢ ᠠᠵᠤ ᠠᠬᠤᠶᠢᠯᠠᠯ ᠤᠨ ᠠᠵᠤ  ᠤᠶᠢᠯᠡᠰ ᠤᠨ ᠬᠡᠯᠬᠢᠶ᠎ᠡ ᠪᠠᠨ ᠤᠷᠲᠤᠳᠬᠠᠬᠤ ᠶᠢ ᠵᠣᠷᠢᠭᠵᠢᠭᠤᠯᠤᠨ᠂ ᠳᠣᠤᠷᠠᠳᠤ ᠤᠷᠤᠰᠬᠠᠯ ᠤᠨ ᠢᠵᠢ ᠪᠥᠷᠢᠳᠦᠭᠦᠯᠬᠦ ᠠᠵᠤ ᠠᠬᠤᠶᠢᠯᠠᠯ ᠵᠢᠲᠡᠭᠡᠯ ᠵᠣᠷᠢᠭ ᠢᠶᠠᠨ ᠪᠠᠲᠤᠳᠬᠠᠵᠤ᠂ ᠮᠠᠨ ᠤ ᠰᠢᠶᠠᠨ ᠤ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃    ᠰᠢᠶᠠᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠨᠢᠭᠡᠴᠡ᠂ ᠡᠯ᠎ᠡ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃                                               ᠨᠠᠶᠢᠷᠠᠭᠤᠯᠤᠭᠴᠢ᠄  ᠯᠢ ᠬᠤᠩ ᠢᠦᠢ                                                 ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2