ᠷᠧᠨ ᡁᠢ ᠴᠢᠶᠠᠩ᠄ ᠲᠣᠰᠬᠤᠨ ᠳᠤ ᠰᠠᠭᠤᠭ᠎ᠠ ᠱᠦᠵᠢ ︽ᠵᠣᠷᠢᠭᠲᠠᠶ ᠪᠠᠷ ᠠᠵᠢᠯᠯᠠᠵᠤ︾ ᠣᠯᠠᠨ ᠲᠦᠮᠡᠨ ᠤ ︽  ᠤᠶᠢᠯᠡᠴᠢᠯᠡᠭᠴᠢ︾ ᠪᠣᠯᠬᠤ ᠬᠡᠷᠡᠭᠲᠡᠶ
ᠨᠡᠶᠢᠲᠡᠯᠡᠭᠰᠡᠨ ᠴᠠᠭ᠄
2023/4/24
   ᠷᠧᠨ ᡁᠢ ᠴᠢᠶᠠᠩ ᠪᠣᠯ ᠯᠢᠶᠠᠩᠴᠧᠩ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠨᠢᠭᠡᠨ ᠠᠵᠢᠯᠲᠠᠨ ᠮᠥᠨ᠂ ᠮᠥᠨ ᠴᠦ ᠶᠡᠷᠡᠭᠡᠳ ᠣᠨ ᠳᠤ ᠲᠥᠷᠥᠭᠰᠡᠨ ᠴᠡᠷᠢᠭ ᠠᠴᠠ ᠬᠠᠯᠠᠭᠳᠠᠭᠰᠠᠳ ᠮᠥᠨ᠂ 2021 ᠣᠨ ᠤ 5 ᠰᠠᠷ᠎ᠠ ᠳᠤ ᠲᠡᠷᠡ ᠰᠠᠨᠠᠭᠠᠴᠢᠯᠠᠭ᠎ᠠ ᠠᠴᠠ ᠪᠠᠨ ᠮᠠᠶᠢᠬᠤᠳᠤ ᠪᠠᠯᠭᠠᠰᠤᠨ ᠤ ᠴᠠᠩ ᠱᠧᠩ ᠵᠠᠰᠠᠭ ᠵᠠᠬᠢᠷᠭᠠᠨ ᠤ ᠲᠣᠰᠬᠤᠨ ᠳᠤ ᠬᠦᠷᠴᠦ ᠲᠣᠰᠬᠤᠨ ᠳᠤ ᠰᠠᠭᠤᠬᠤ ᠨᠢᠭᠡᠳᠦᠭᠡᠷ ᠱᠦᠵᠢ ᠶᠢᠨ ᠲᠤᠰᠢᠶᠠᠯ ᠢ ᠡᠭᠦᠷᠭᠡᠯᠡᠭᠦᠯᠬᠦ ᠪᠠᠷ ᠭᠤᠶᠤᠴᠢᠯᠠᠵᠠᠶ᠃ ᠲᠣᠰᠬᠤᠨ ᠳᠤ ᠰᠠᠭᠤᠭᠰᠠᠨ ᠠᠴᠠ ᠨᠠᠰᠢ᠂ ᠷᠧᠨ ᡁᠢ ᠴᠢᠶᠠᠩ ︽ᠠᠵᠢᠯ ᠠᠴᠠ ᠪᠠᠨ ᠬᠠᠯᠠᠭᠳᠠᠬᠤ ᠳᠤ ᠦᠩᠬᠡ ᠪᠠᠨ ᠠᠯᠳᠠᠬᠤ ᠦᠭᠡᠢ︾ ᠭᠡᠬᠦ ᠡᠷᠡᠰ ᠲᠠᠩᠭᠠᠷᠢᠭ ᠢᠶᠠᠨ ᠶᠡᠷᠦ ᠠᠴᠠ ᠮᠠᠷᠲᠠᠭ᠎ᠠ ᠦᠭᠡᠢ᠂ ᠪᠣᠳᠠᠲᠤ ᠠᠵᠢᠯᠯᠠᠭ᠎ᠠ ᠪᠠᠷ ᠢᠶᠠᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠲᠠᠶᠢᠯᠪᠤᠷᠢᠯᠠᠵᠤ᠂ ᠯᠠᠪᠳᠠᠭᠤᠨ ᠪᠠᠲᠤᠲᠠᠢ ᠪᠠᠷ ᠤᠯᠠᠨ ᠲᠦᠮᠡᠨ ᠢ ᠳᠠᠭᠠᠭᠤᠯᠤᠨ ᠬᠥᠭᠵᠢᠯᠲᠡ ᠶᠢ ᠡᠷᠢᠯᠬᠢᠯᠡᠵᠦ᠂ ᠬᠥᠭᠵᠢᠯ ᠮᠠᠨᠳᠤᠯ ᠢ ᠠᠬᠢᠭᠤᠯᠵᠤ᠂ ᠴᠠᠩ ᠱᠧᠩ ᠲᠣᠰᠬᠤᠨ ᠤ ᠠᠷᠠᠳ ᠤᠯᠠᠨ ᠤ ᠵᠣᠯ ᠵᠢᠷᠭᠠᠯᠲᠤ ᠠᠮᠢᠳᠤᠷᠠᠯ ᠳᠤ ᠥᠪᠡᠷ ᠤᠨ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠵᠡᠢ᠃
        ᠬᠠᠷ᠎ᠠ ᠥᠷᠯᠥᠭᠡ᠂ ᠷᠧᠨ ᡁᠢ ᠴᠢᠶᠠᠩ ᠳᠠᠷᠤᠢ ᠴᠠᠩ ᠱᠧᠩ ᠵᠠᠰᠠᠭ ᠵᠠᠬᠢᠷᠭᠠᠨ ᠤ ᠲᠣᠰᠬᠤᠨ ᠤ ᠱᠢ ᠮᠧᠨ ᠲᠣᠰᠬᠤᠨ ᠤ ᠠᠷᠠᠳ ᠯᠢ ᠰᠠᠨ ᠪᠦᠦ ᠶᠢᠨ ᠭᠡᠷ ᠲᠤ ᠢᠷᠡᠵᠦ᠂ ᠡᠭᠦᠳᠡ ᠪᠠᠷ ᠣᠷᠣᠮᠠᠭᠴᠠ ᠯᠢ ᠰᠠᠨ ᠪᠦᠦ ᠲᠠᠢ ᠵᠣᠭᠤᠭ ᠳᠡᠯᠭᠡᠵᠦ᠂ ᠯᠢ ᠰᠠᠨ ᠪᠦᠦ ᠵᠣᠭᠤᠭᠳᠠᠬᠤ ᠶᠢᠨ ᠳᠠᠭᠠᠤ ᠬᠠᠰᠢᠶ᠎ᠠ ᠪᠠᠨ ᠴᠡᠪᠡᠷᠯᠡᠵᠦ᠂ ᠡᠪᠡᠰᠦ ᠪᠣᠷᠳᠤᠭ᠎ᠠ ᠲᠡᠵᠢᠭᠡᠵᠦ᠂ ᠲᠠᠷᠭᠤ ᠰᠠᠶᠢᠲᠠᠶ ᠮᠢᠬᠠᠨ ᠤ ᠦᠬᠡᠷ ᠡᠪᠡᠰᠦ ᠪᠣᠷᠳᠤᠭ᠎ᠠ ᠪᠠᠨ ᠰᠤᠯᠠ ᠰᠡᠯᠡᠭᠦᠦ ᠵᠠᠵᠢᠯᠵᠤ᠂ ᠪᠦᠬᠦ᠋ᠢᠯᠡ ᠬᠠᠰᠢᠶ᠎ᠠ ᠬᠠᠰᠢᠶ᠎ᠠ ᠶᠢᠨ ᠦᠬᠡᠷ ᠤᠨ ᠲᠠᠭᠤᠨ ᠠᠳᠡ ᠲᠡᠨᠳᠡ ᠦᠭᠡᠢ ᠴᠤᠤᠷᠢᠶᠠᠲᠤᠵᠤ᠂ ᠬᠦᠷ ᠬᠥᠭᠵᠢᠶᠡᠨ ᠲᠠᠢ ᠪᠠᠶᠢᠯ᠎ᠠ᠃      ᠯᠢ ᠰᠠᠨ ᠪᠦᠦ ᠬᠡᠳᠦᠨ ᠵᠢᠯ ᠤᠨ ᠡᠮᠦᠨ᠎ᠡ ᠶᠡᠷᠦ ᠨᠢ ᠭᠠᠳᠠᠨ᠎ᠠ ᠠᠵᠢᠯ ᠬᠢᠵᠦ ᠪᠠᠶᠢᠭᠰᠠᠨ ᠪᠣᠯᠬᠤᠷ ᠨᠢᠭᠡ ᠵᠢᠯ ᠤᠨ ᠲᠤᠷᠰᠢ ᠳᠥᠩᠭᠡᠵᠦ ᠠᠮᠢᠳᠤᠷᠠᠯ ᠢᠶᠠᠨ ᠠᠷᠭᠠᠴᠠᠵᠤ ᠪᠠᠶᠢᠪᠠ᠃ 2018 ᠣᠨ ᠳᠤ᠂ ᠲᠡᠷᠡ ᠲᠣᠰᠬᠤᠨ ᠳᠠᠭᠠᠨ ᠬᠠᠷᠢᠵᠤ ᠲᠡᠵᠢᠭᠡᠨ ᠦᠷᠡᠵᠢᠭᠦᠯᠬᠦ ᠦᠢᠯᠡᠰ ᠢ ᠬᠥᠭᠵᠢᠭᠦᠯᠵᠦ᠂ ᠭᠡᠪᠡᠴᠦ ᠪᠡᠯᠡ ᠮᠥᠩᠭᠦ ᠪᠠᠴᠢᠭᠤ ᠪᠣᠯᠤᠭᠰᠠᠨ ᠠᠴᠠ ᠭᠤᠷᠪᠠᠭ᠋ᠠᠨ ᠠᠯᠠᠰᠢᠨ ᠦᠬᠡᠷ ᠬᠤᠳᠠᠯᠳᠤᠨ ᠠᠪᠴᠤ᠂ ᠶᠡᠷᠦ ᠠᠴᠠ ᠬᠥᠭᠵᠢᠵᠦ ᠴᠢᠳᠠᠬᠤ ᠦᠭᠡᠶ᠂ ᠯᠢ ᠰᠠᠨ ᠪᠦᠦ ᠳᠤ ᠶᠠᠭ ᠠᠷᠭ᠎ᠠ ᠮᠤᠬᠤᠷᠳᠠᠬᠤ ᠳᠠᠭᠠᠨ᠂ ᠷᠧᠨ ᡁᠢ ᠴᠢᠶᠠᠩ ᠡᠨᠡ ᠬᠦ ᠪᠠᠶᠢᠳᠠᠯ ᠢ ᠣᠶᠢᠯᠠᠭᠠᠭᠰᠠᠨ ᠢᠶᠠᠷ᠂ ᠴᠠᠭ ᠲᠤᠬᠠᠶ ᠳᠤᠨᠢ ᠲᠡᠭᠦᠨ ᠲᠠᠢ ᠬᠠᠷᠢᠯᠴᠠᠵᠤ᠂ ᠲᠡᠭᠦᠨ ᠳᠤ 5 ᠲᠦᠮᠡᠨ ᠲᠥᠭᠦᠷᠢᠭ ᠤᠨ ᠲᠡᠵᠢᠭᠡᠪᠦᠷᠢ ᠶᠢᠨ ᠦᠢᠯᠡᠰ ᠢ ᠬᠥᠭᠵᠢᠭᠦᠯᠬᠦ ᠬᠦᠦ ᠦᠭᠡᠶ ᠵᠢᠭᠡᠯᠡᠯᠭᠡ ᠭᠤᠶᠤᠴᠢᠯᠠᠵᠤ᠂ ᠨᠢᠳᠤᠨᠤᠨ ᠪᠠᠰᠠ ᠠᠯᠠᠰᠢᠨ ᠦᠬᠡᠷ ᠢ ᠳᠠᠬᠢᠨ ᠢᠶᠠᠷ ᠨᠡᠮᠡᠭᠳᠡᠭᠦᠯᠬᠦ ᠲᠥᠷᠥ ᠶᠢᠨ ᠪᠣᠳᠣᠯᠭ᠎ᠠ ᠶᠢ ᠦᠨᠳᠦᠰᠦᠯᠡᠨ᠂ 18000 ᠲᠥᠭᠦᠷᠢᠭ ᠤᠨ ᠲᠡᠵᠢᠭᠡᠨ ᠦᠷᠡᠵᠢᠭᠦᠯᠬᠦ ᠨᠥᠬᠦᠪᠥᠷᠢ ᠥᠭᠬᠦ ᠶᠢᠨ ᠬᠠᠮᠲᠤ ᠲᠡᠭᠦᠨ ᠢ ᠳᠠᠭᠠᠭᠤᠯᠤᠨ ᠲᠡᠵᠢᠭᠡᠨ ᠦᠷᠡᠵᠢᠭᠦᠯᠬᠦ ᠲᠣᠮᠣ ᠡᠷᠦᠬᠡ ᠳᠤ ᠬᠦᠷᠴᠦ ᠲᠣᠭᠤᠷᠢᠨ ᠦᠵᠡᠭᠦᠯᠵᠦ ᠰᠤᠷᠤᠯᠴᠠᠭᠤᠯᠵᠠᠶ᠂ ᠲᠠᠰᠤᠷᠠᠯᠲᠠ ᠥᠬᠡᠶ ᠰᠤᠷᠤᠯᠴᠠᠬᠤ ᠪᠠ ᠬᠡᠪᠴᠢᠶ᠎ᠡ ᠪᠠᠨ ᠥᠷᠭᠡᠳᠬᠡᠬᠦ ᠪᠠᠷ ᠳᠡᠮᠵᠢᠨ᠂ ᠯᠢ ᠰᠠᠨ ᠪᠦᠦ ᠶᠢᠨ ᠲᠡᠵᠢᠭᠡᠨ ᠦᠷᠡᠵᠢᠭᠦᠯᠬᠦ ᠵᠠᠮ ᠶᠠᠪᠤᠬᠤ ᠲᠤᠲᠤᠮ ᠢᠯᠭᠤᠮ ᠤᠷᠤᠭᠰᠢᠲᠠᠶ ᠪᠣᠯᠵᠣ᠂ ᠣᠲᠣ ᠨᠢᠭᠡᠨᠲᠡ 13 ᠠᠯᠠᠰᠢᠨ ᠦᠬᠡᠷ ᠪᠣᠯᠤᠨ ᠬᠥᠭᠵᠢᠵᠦ᠂ ᠵᠢᠯ ᠤᠨ ᠣᠷᠣᠯᠭ᠎ᠠ ᠨᠢ 4 ᠲᠦᠮᠡ ᠭᠠᠷᠤᠶ ᠲᠥᠭᠦᠷᠢᠭ ᠲᠤ ᠬᠦᠷᠴᠦ᠂ ᠠᠮᠢᠳᠤᠷᠠᠯ ᠨᠢ ᠶᠠᠪᠤᠬᠤ ᠲᠤᠲᠤᠮ ᠥᠭᠡᠳᠡᠯᠡᠵᠦ ᠪᠠᠶᠢᠭ᠎ᠠ ᠲᠡᠷᠡ ᠦᠷᠭᠦᠯᠵᠢ ᠷᠧᠨ ᡁᠢ ᠴᠢᠶᠠᠩ ᠤᠨ ᠲᠡᠭᠦᠨ ᠳᠤ ᠬᠠᠨᠳᠤᠭᠰᠠᠨ ᠰᠠᠶᠢᠨ ᠰᠠᠶᠢᠬᠠᠨ ᠢ ᠠᠮᠠᠨ ᠳᠠᠭᠠᠨ ᠪᠤᠳᠤᠵᠤ᠂ ᠰᠡᠳᠬᠢᠯ ᠳᠡᠭᠡᠨ ᠪᠤᠳᠤᠵᠤ ᠶᠠᠪᠤᠳᠠᠭ ᠪᠣᠯᠵᠠᠶ᠃ ᠯᠢ ᠰᠠᠨ ᠪᠦᠦ ᠰᠤᠷᠪᠤᠯᠵᠢᠯᠠᠭᠴᠢ ᠳᠤ ᠬᠡᠯᠡᠬᠦ ᠳᠡᠭᠡᠨ᠄ ︽ᠨᠢᠳᠤᠨᠤᠨ ᠮᠠᠨ ᠤ ᠲᠠᠷᠢᠶᠠᠴᠢᠳ ᠤᠨ ᠲᠡᠵᠢᠭᠡᠨ ᠦᠷᠡᠵᠢᠭᠦᠯᠬᠦ ᠦᠢᠯᠡᠰ ᠢ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠭᠠᠷᠭᠠᠵᠠᠶ ᠂ ᠨᠢᠭᠡ ᠦᠬᠡᠷ ᠲᠤ ᠤᠯᠤᠰ ᠠᠴᠠ 6000 ᠲᠥᠭᠦᠷᠢᠭ ᠤᠨ ᠨᠥᠬᠦᠪᠥᠷᠢ ᠥᠭᠴᠦ᠂ ᠶᠡᠭᠡ ᠰᠠᠶᠢᠨ ᠲᠡᠵᠢᠭᠡᠵᠦ ᠪᠠᠶᠢᠨ᠎ᠠ᠂ ᠦᠷ᠎ᠡ ᠠᠰᠢᠭ ᠲᠠᠢ᠂ ᠱᠦᠵᠢ ᠪᠣᠯᠤᠭᠰᠠᠳ ᠦᠷᠭᠦᠯᠵᠢ ᠢᠷᠡᠵᠦ ᠪᠢᠳᠡᠨ ᠲᠠᠢ ᠶᠠᠷᠢᠯᠴᠠᠵᠤ᠂ ᠲᠡᠵᠢᠭᠡᠭᠰᠡᠨ ᠨᠢ ᠶᠠᠮᠠᠷ ᠵᠡᠷᠭᠡ᠂ ᠦᠷ᠎ᠡ ᠠᠰᠢᠭ ᠨᠢ ᠶᠠᠮᠠᠷ ᠵᠡᠷᠭᠡ ᠭᠡᠳᠡᠭ ᠨᠢ ᠦᠨᠡᠬᠡᠷ ᠮᠠᠨ ᠤ ᠰᠠᠶᠢᠨ ᠱᠦᠵᠢ ᠮᠥᠨ︾ ᠭᠡᠵᠡᠶ᠃    ᠷᠧᠨ ᡁᠢ ᠴᠢᠶᠠᠩ ᠲᠣᠰᠬᠤᠨ ᠳᠤ ᠰᠠᠭᠤᠬᠤ ᠠᠵᠢᠯ ᠢ ᠰᠠᠶᠢᠲᠤᠷ ᠬᠢᠬᠦ ᠳᠤ ᠢᠮᠠᠭᠲᠠ ᠠᠷᠠᠳ ᠲᠦᠮᠡᠨ ᠳᠤ ᠦᠢᠯᠡᠴᠢᠯᠡᠬᠦ ᠦᠨᠡᠨ ᠰᠡᠳᠬᠢᠯ ᠢ ᠡᠪᠦᠷᠯᠡᠵᠦ᠂ ᠭᠠᠵᠠᠷ ᠪᠣᠯᠭᠠᠨ ᠳᠤ ᠤᠯᠠᠨ ᠲᠦᠮᠡᠨ ᠤ ᠲᠥᠯᠥᠭᠡ ᠪᠣᠳᠣᠯᠬᠢᠯᠠᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠤᠯᠠᠨ ᠲᠦᠮᠡᠨ ᠤ ᠰᠠᠶᠢᠨ ︽ᠦᠢᠯᠡᠴᠢᠯᠡᠭᠴᠢ︾ ᠪᠣᠯᠬᠤ ᠬᠡᠷᠡᠭᠲᠡᠢ ᠭᠡᠳᠡᠭ ᠢ ᠭᠦᠨᠵᠡᠭᠡᠢ ᠣᠶᠢᠯᠠᠭᠠᠵᠠᠢ᠃ ᠢᠦᠶ ᠱᠧᠩ ᠵᠠᠰᠠᠭ ᠵᠠᠬᠢᠷᠭᠠᠨ ᠤ ᠲᠣᠰᠬᠤᠨ ᠤ ᠨᠠᠨ ᠸᠠᠨ ᠲᠣᠰᠬᠤᠨ ᠳᠤ ᠣᠯᠠᠨ ᠵᠢᠯ ᠤᠨ ᠲᠤᠷᠰᠢ ᠲᠦᠭᠡᠭᠡᠯ ᠤᠰᠤ ᠶᠢ ᠵᠠᠯᠭᠠᠵᠤ ᠣᠷᠣᠭᠤᠯᠤᠭᠰᠠᠨ ᠥᠬᠡᠶ᠂ ᠲᠣᠰᠬᠤᠨ ᠤ ᠠᠷᠠᠳ ᠤᠨ ᠥᠪᠡᠷ ᠤᠨ ᠮᠠᠯᠲᠠᠭᠰᠠᠨ ᠵᠢᠵᠢᠭ ᠬᠤᠳᠳᠤᠭ ᠤᠨ ᠤᠰᠤᠨ ᠳᠤ ᠲᠦᠰᠢᠭᠯᠡᠭᠰᠡᠨ ᠤ ᠳᠡᠭᠡᠷ᠎ᠡ ᠵᠢᠯ ᠲᠤᠷᠰᠢ ᠭᠠᠩ ᠬᠠᠭᠰᠠᠷᠠᠭᠠᠨ ᠠᠴᠠ ᠪᠣᠯᠵᠣ᠂ ᠬᠤᠳᠳᠤᠭ ᠤᠨ ᠤᠰᠤᠨ ᠤ ᠲᠦᠪᠰᠢᠨ ᠵᠢᠯ ᠳᠠᠷᠠᠭᠠᠯᠠᠨ ᠪᠠᠭᠤᠷᠠᠵᠤ᠂ ᠦᠷᠭᠦᠯᠵᠢ ᠤᠰᠤ ᠲᠠᠰᠤᠷᠠᠬᠤ ᠦᠵᠡᠭᠳᠡᠯ ᠭᠠᠷᠳᠠᠭ᠂ ᠡᠨᠡ ᠬᠦ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠷᠧᠨ ᡁᠢ ᠴᠢᠶᠠᠩ ᠲᠡᠷᠡ ᠳᠠᠷᠤᠶ ᠳᠤᠨᠢ ᠰᠢᠶᠠᠨ ᠤ ᠤᠰᠤᠨ ᠠᠰᠢᠭᠯᠠᠯᠲᠠ ᠶᠢᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠵᠡᠷᠭᠡ ᠣᠯᠠᠨ ᠰᠠᠯᠠᠭ᠎ᠠ ᠮᠥᠴᠢᠷ ᠲᠠᠢ ᠬᠠᠷᠢᠯᠴᠠᠵᠤ᠂ ᠪᠥᠬᠦ ᠲᠣᠰᠬᠤᠨ ᠤ 15 ᠡᠷᠦᠬᠡ ᠲᠣᠰᠬᠤᠨ ᠤ ᠠᠷᠠᠳ ᠲᠤ ᠲᠦᠭᠡᠭᠡᠯ ᠤᠰᠤ ᠶᠢ ᠵᠠᠯᠭᠠᠵᠤ ᠥᠭᠭᠦᠭᠰᠡᠨ ᠪᠠᠶᠢᠨ᠎ᠠ᠃ ᠲᠣᠰᠬᠤᠨ ᠤ ᠠᠷᠠᠳ ︽ᠤᠰᠤ ᠢᠳᠡᠬᠦ ᠳᠡᠭᠡᠨ ᠬᠤᠳᠳᠤᠭ ᠮᠠᠯᠲᠠᠭᠴᠢ ᠪᠠᠨ ᠮᠠᠷᠲᠠᠵᠤ ᠪᠣᠯᠬᠤ ᠥᠬᠡᠶ︾᠂ ᠴᠡᠪᠡᠷ ᠠᠮᠲᠠᠲᠠᠶ ᠲᠦᠭᠡᠭᠡᠯ ᠤᠰᠤ ᠤᠤᠭᠤᠬᠤ ᠪᠦᠷᠢ ᠰᠠᠶᠢᠨ ᠱᠦᠵᠢ ᠪᠠᠨ ᠪᠤᠳᠤᠵᠤ ᠣᠯᠳᠠᠭ᠃    ᠲᠣᠰᠬᠤᠨ ᠳᠤ ᠰᠠᠭᠤᠭᠰᠠᠨ ᠬᠤᠶᠠᠷ ᠵᠢᠯ ᠤᠨ ᠲᠤᠷᠰᠢ᠂ ᠷᠧᠨ ᡁᠢ ᠴᠢᠶᠠᠩ ᠲᠣᠰᠬᠤᠨ ᠢᠶᠠᠷ ᠭᠡᠷ ᠢᠶᠠᠨ ᠪᠣᠯᠭᠠᠵᠤ᠂ ᠠᠷᠠᠳ ᠤᠯᠠᠨ ᠲᠠᠢ ᠰᠡᠳᠬᠢᠯ ᠵᠢᠷᠦᠬᠡ ᠪᠠᠨ ᠬᠤᠯᠪᠣᠵᠤ᠂ ᠤᠯᠠᠨ ᠲᠦᠮᠡᠨ ᠤ ᠬᠠᠯᠠᠭᠤᠨ ᠬᠦᠢᠳᠡᠨ ᠢ ᠴᠠᠭ ᠢᠮᠠᠭᠲᠠ ᠰᠡᠳᠬᠢᠯ ᠳᠡᠭᠡᠨ ᠪᠤᠳᠤᠵᠤ᠂ ᠴᠠᠩ ᠱᠧᠩ ᠵᠠᠰᠠᠭ ᠵᠠᠬᠢᠷᠭᠠᠨ ᠤ ᠲᠣᠰᠬᠤᠨ ᠳᠤ ᠨᠡᠷᠡᠨ ᠤ ᠡᠨᠧᠷᠭᠢ ᠶᠢᠨ ᠵᠠᠮ ᠤᠨ ᠳ᠋ᠧᠩ ᠢ 16 ᠤᠭᠰᠠᠷᠠᠵᠠᠢ︔ ᠤᠲᠠᠰᠤ ᠪᠠ ᠨᠡᠯᠢᠶᠡᠳ ᠶᠡᠭᠡ ᠴᠢᠳᠠᠯ ᠤᠨ ᠬᠦᠴᠦᠳᠡᠯ ᠥᠭᠡᠷᠡᠴᠢᠯᠡᠭᠴᠢ ᠶᠢ ᠰᠣᠯᠢᠪᠠ᠃ ᠠᠮᠧᠷᠢᠺᠠ ᠶᠢᠨ ᠪᠦᠯᠬᠦᠮ ᠤᠨ ᠰᠢᠯᠢᠳᠡᠭ ᠰᠣᠩᠭᠤᠯᠲᠠ ᠶᠢᠨ ᠴᠠᠷᠱᠤᠩ ᠲᠣᠰᠬᠤᠨ ᠤ ᠲᠠᠰ ᠤᠨ  ᠤᠶᠢᠯᠡᠴᠢᠯᠡᠭᠡᠨ ᠤ ᠳᠡᠯᠭᠡᠭᠦᠷ ᠪᠠᠶᠢᠭᠤᠯᠤᠭᠰᠠᠨ ᠪᠥᠭᠡᠳ ᠠᠮᠧᠷᠢᠺᠠ ᠶᠢᠨ ᠪᠦᠯᠬᠦᠮ ᠤᠨ ᠰᠢᠯᠢᠳᠡᠭ ᠰᠣᠩᠭᠤᠯᠲᠠ ᠶᠢᠨ ᠪᠠᠷᠠᠭᠠᠨ ᠤ ᠬᠤᠪᠢᠶᠠᠷᠢ  ᠤᠶᠢᠯᠡᠴᠢᠯᠡᠭᠡᠨ ᠤ ᠴᠡᠭ ᠢ ᠶᠠᠳᠠᠭᠤ ᠠᠴᠠ ᠠᠩᠭᠢᠵᠢᠷᠠᠭᠰᠠᠨ ᠨᠢᠭᠡ ᠡᠷᠦᠬᠡ ᠶᠢᠨ ᠬᠡᠷ ᠲᠤ ᠪᠠᠶᠢᠭᠤᠯᠵᠤ᠂ ᠲᠣᠰᠬᠤᠨ ᠤ ᠠᠷᠠᠳ ᠲᠤ ᠲᠥᠬᠦᠮ ᠦᠵᠡᠭᠦᠯᠬᠦ ᠶᠢᠨ ᠬᠠᠮᠲᠤ ᠲᠡᠳᠡᠨ ᠤ ᠣᠷᠣᠯᠭ᠎ᠠ ᠶᠢ ᠴᠤ ᠨᠡᠮᠡᠭᠳᠡᠭᠦᠯᠪᠡ︔ 2023 ᠣᠨ ᠤ ᠴᠠᠭᠠᠨ ᠰᠠᠷ᠎ᠠ ᠠᠴᠠ ᠡᠮᠦᠨ᠎ᠡ᠂ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ ᠲᠠᠢ ᠬᠠᠷᠢᠯᠴᠠᠵᠤ ᠪᠦᠬᠦ ᠲᠣᠰᠬᠤᠨ ᠤ ᠪᠠᠶᠢᠩᠭᠤ ᠰᠠᠭᠤᠭ᠎ᠠ ᠡᠷᠦᠬᠡ ᠳᠤ ᠠᠮᠢᠳᠤᠷᠠᠯ ᠤᠨ ᠡᠳ᠋ ᠪᠣᠳᠠᠰ ᠬᠠᠨᠳᠢᠪᠯᠠᠵᠤ᠂ ᠶᠠᠳᠠᠭᠤ ᠬᠦᠴᠢᠷᠳᠡᠯᠲᠡᠢ ᠡᠷᠦᠬᠡ ᠶᠢ ᠲᠣᠬᠤᠨᠢᠭᠤᠯᠵᠠᠢ᠃ ᠠᠷᠠᠳ ᠤᠨ ᠲᠥᠯᠥᠭᠡ ᠪᠣᠳᠠᠲᠠᠶ ᠶᠠᠪᠤᠳᠠᠯ ᠬᠢᠵᠦ᠂ ᠰᠠᠶᠢᠨ ᠶᠠᠪᠤᠳᠠᠯ ᠬᠢᠵᠦ ᠪᠠᠶᠢᠭ᠎ᠠ ᠡᠲᠡᠭᠡᠷ ᠪᠠᠭ᠎ᠠ ᠶᠠᠪᠤᠳᠠᠯ ᠤᠳ ᠲᠣᠭᠠᠯᠠᠰᠢ ᠥᠬᠡᠶ ᠣᠯᠠᠨ ᠪᠠᠶᠢᠵᠤ᠂ ᠲᠣᠰᠬᠤᠨ ᠤ ᠠᠷᠠᠳ ᠤᠳ ᠬᠡᠮᠡᠷᠯᠢᠭ ᠲᠤᠭ ᠬᠦᠷᠭᠡᠬᠦ ᠵᠡᠷᠭᠡ ᠡᠯ᠎ᠡ  ᠵᠤᠶᠢᠯ ᠤᠨ ᠠᠷᠭ᠎ᠠ ᠬᠡᠯᠪᠡᠷᠢ ᠪᠠᠷ ᠡᠨᠡ ᠬᠦ ᠰᠠᠶᠢᠨ ᠱᠦᠵᠢ ᠳᠤ ᠲᠠᠯᠠᠷᠬᠠᠨ ᠲᠠᠯᠠᠷᠬᠠᠵᠤ ᠪᠠᠶᠢᠬᠤ ᠪᠠᠨ ᠢᠯᠡᠳᠬᠡᠵᠦ ᠪᠠᠶᠢᠯ᠎ᠠ᠃         ᠮᠠᠶᠢᠬᠠᠨᠳᠤ ᠪᠠᠯᠭᠠᠰᠤᠨ ᠤ ᠴᠠᠷᠰᠤᠨ ᠶᠡᠭᠡ ᠠᠩᠬᠢ ᠶᠢᠨ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠷᠧᠨ ᡁᠢ ᠴᠢᠶᠠᠩ ᠬᠡᠯᠡᠬᠦ ᠳᠡᠭᠡᠨ᠄ ︽ᠴᠠᠷᠭᠠᠰᠤᠨ ᠢ ᠲᠣᠰᠬᠤᠨ ᠳᠤ ᠰᠠᠭᠤᠯᠭᠠᠭᠰᠠᠨ ᠠᠴᠠ ᠨᠠᠰᠢ᠂ ᠤᠯᠠᠨ ᠲᠦᠮᠡᠨ ᠬᠦᠴᠢᠷ ᠪᠡᠷᠬᠡᠰᠢᠶᠡᠯ ᠲᠠᠢ ᠪᠣᠯᠬᠤ ᠪᠦᠷᠢ ᠨᠠᠮᠠᠶᠢ ᠡᠷᠢᠵᠦ ᠢᠷᠡᠬᠦ ᠦᠶ᠎ᠡ ᠳᠤ᠂ ᠪᠢ ᠥᠪᠡᠷ ᠤᠨ ᠬᠠᠮᠤᠭ ᠶᠡᠭᠡ ᠴᠢᠳᠠᠯ ᠢᠶᠠᠨ ᠰᠢᠪᠬᠠᠨ ᠲᠡᠳᠡᠨ ᠤ ᠲᠥᠯᠥᠭᠡ ᠰᠢᠶ᠋ᠳᠪᠦᠷᠢᠯᠡᠵᠦ ᠥᠭᠲᠡᠭ᠂ ᠲᠡᠳᠡᠨ ᠤ ᠰᠡᠳᠬᠢᠯ ᠬᠠᠨᠤᠮᠵᠢᠲᠠᠶ ᠢᠨᠢᠶᠡᠮᠰᠦᠭᠯᠡᠯ ᠢ ᠦᠵᠡᠭᠡᠳ ᠪᠢ ᠮᠠᠰᠢ ᠪᠠᠶᠠᠷᠯᠠᠳᠠᠭ᠂ ᠡᠨᠡ ᠨᠢ ᠨᠢᠭᠡ ᠵᠦᠢᠯ ᠤᠨ ᠵᠣᠷᠢᠭᠵᠢᠭᠤᠯᠤᠯ ᠪᠣᠯᠬᠤ ᠪᠠᠷ ᠪᠠᠷᠠᠬᠤ ᠦᠭᠡᠢ᠂ ᠨᠡᠩ ᠴᠤ ᠨᠢᠭᠡ ᠵᠦᠢᠯ ᠤᠨ ᠱᠠᠭᠠᠷᠳᠠᠯᠭ᠎ᠠ ᠪᠣᠯᠬᠤ ᠶᠤᠮ᠂ ᠬᠤᠶᠢᠰᠢᠳᠠ ᠶᠢᠨ ᠠᠵᠢᠯ ᠠᠮᠢᠳᠤᠷᠠᠯ ᠤᠨ ᠳᠤᠮᠳᠠ ᠪᠢ ᠥᠪᠡᠷ ᠤᠨ ᠴᠢᠷᠮᠠᠶᠢᠯᠭ᠎ᠠ ᠪᠠᠷ ᠢᠶᠠᠨ ᠴᠠᠷᠰᠤᠨ ᠲᠣᠰᠬᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ︾ ᠭᠡᠵᠦ ᠬᠡᠯᠡᠪᠡ᠃                                            ᠨᠠᠶᠢᠷᠠᠭᠤᠯᠤᠭᠴᠢ᠄  ᠯᠢ ᠬᠤᠩ ᠢᠦᠢ                                              ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2