ᠮᠠᠨ ᠤ ᠰᠢᠶᠠᠨ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠳᠡᠯᠭᠡᠷᠡᠭᠦᠯᠦᠨ ᠬᠡᠷᠡᠭᠯᠡᠬᠦ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/4/26
    ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠠᠮᠢᠯᠠᠭᠤᠯᠬᠤ ᠪᠠ ᠳᠡᠯᠭᠡᠷᠡᠭᠦᠯᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ︽ᠢᠨᠲ᠋ᠧᠷ ᠰᠦᠯᠵᠢᠶ᠎ᠡ + ᠡᠮ ᠡᠮᠨᠡᠯᠭᠡ ᠶᠢᠨ ᠳᠠᠭᠠᠳᠬᠠᠯ︾ ᠤᠨ  ᠤᠶᠢᠯᠡᠴᠢᠯᠡᠭᠡᠨ ᠤ ᠵᠠᠭᠪᠤᠷ ᠢ ᠰᠢᠯᠢᠳᠡᠭᠵᠢᠭᠦᠯᠦᠨ᠂ ᠡᠮ ᠡᠮᠨᠡᠯᠭᠡ ᠶᠢᠨ ᠳᠠᠭᠠᠳᠬᠠᠯ ᠤᠨ ᠣᠯᠠᠨ ᠨᠡᠶᠢᠲᠡ ᠶᠢᠨ ᠤᠶᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠳᠠᠭᠠᠳᠬᠠᠯ ᠳᠤ ᠣᠷᠣᠯᠴᠠᠭᠰᠠᠳ ᠲᠤ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢᠨ ᠲᠥᠬᠦᠮ ᠴᠢᠨᠠᠷ ᠢ ᠨᠠᠩ ᠰᠠᠶᠢᠨ ᠡᠳ᠋ᠯᠡᠭᠦᠯᠬᠦ ᠶᠢᠨ ᠲᠥᠯᠥᠭᠡ᠂ 4 ᠰᠠᠷ᠎ᠠ ᠶᠢᠨ 25 ᠤ ᠡᠳᠦᠷ᠂ ᠮᠠᠨ ᠤ ᠰᠢᠶᠠᠨ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠳᠡᠯᠭᠡᠷᠡᠭᠦᠯᠦᠨ ᠬᠡᠷᠡᠭᠯᠡᠬᠦ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠪᠠ᠃
         ᠬᠤᠷᠠᠯ ᠠᠴᠠ ᠱᠠᠭᠠᠷᠳᠠᠭᠰᠠᠨ ᠨᠢ᠂ ᠡᠯ᠎ᠡ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠡᠯ᠎ᠡ ᠨᠢᠭᠡᠴᠡ ᠰᠠᠯᠠᠭ᠎ᠠ ᠮᠥᠴᠢᠷ᠂ ᠡᠯ᠎ᠡ ᠴᠢᠬ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠪᠣᠯᠤᠨ ᠡᠮ ᠤᠨ ᠳᠡᠯᠭᠡᠭᠦᠷ ᠤᠳ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠳᠡᠯᠭᠡᠷᠡᠭᠦᠯᠦᠨ ᠬᠡᠷᠡᠭᠯᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠦᠴᠦ ᠪᠠᠨ ᠬᠠᠮᠲᠤᠳᠬᠠᠨ ᠬᠠᠮᠵᠢᠯᠴᠠᠵᠤ᠂ ᠬᠠᠮᠲᠤᠪᠠᠷ ᠬᠦᠴᠦᠯᠡᠵᠦ᠂ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠠᠮᠢᠯᠠᠭᠤᠯᠬᠤ ᠠᠵᠢᠯ ᠢ ᠢᠳᠡᠪᠬᠢᠲᠡᠶ ᠰᠠᠶᠢᠲᠤᠷ ᠬᠢᠵᠦ᠂ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠳᠡᠯᠭᠡᠷᠡᠭᠦᠯᠦᠨ ᠬᠡᠷᠡᠭᠯᠡᠬᠦ ᠡᠷᠴᠢᠮ ᠢᠶᠠᠨ ᠴᠢᠩᠭᠠᠷᠠᠭᠤᠯᠤᠨ᠂ ᠥᠷᠭᠡᠨ ᠣᠯᠠᠨ ᠳᠠᠭᠠᠳᠬᠠᠯ ᠳᠤ ᠣᠷᠣᠯᠴᠠᠭᠰᠠᠨ ᠬᠥᠮᠦᠰ ᠲᠤ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢᠨ ᠠᠰᠢᠭ ᠲᠤᠰᠠ ᠶᠢ  ᠭᠦᠢᠴᠡᠳ ᠬᠦᠷᠲᠡᠭᠡᠬᠦ ᠬᠡᠷᠡᠭᠲᠡᠶ᠃
       ᠬᠤᠷᠠᠯ ᠳᠡᠭᠡᠷ᠎ᠡ ︽ᠲᠣᠭᠠᠴᠠᠭ᠎ᠠ ᠡᠷᠳᠡᠨᠢ︾ ᠺᠣᠮᠫᠠᠨᠢ ᠶᠢᠨ ᠬᠠᠨ ᠯᠦ ᠪᠠᠭᠰᠢ ᠶᠢ ᠤᠷᠢᠵᠤ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠠᠮᠢᠳᠤᠯᠢᠭ ᠢᠶᠠᠷ ᠬᠡᠷᠡᠭᠯᠡᠬᠦ ᠲᠠᠯ᠎ᠠ ᠪᠠᠷ ᠪᠣᠯᠪᠠᠰᠤᠷᠠᠯ ᠬᠦᠷᠲᠡᠭᠡᠪᠡ᠃    ᠰᠢᠶᠠᠨ ᠤ ᠤᠳᠤᠷᠢᠳᠤᠯᠭ᠎ᠠ ᠵᠧᠩ ᠶᠠᠨ ᠹᠠᠩ ᠪᠣᠯᠪᠠᠰᠤᠷᠠᠯ ᠤᠨ ᠬᠤᠷᠠᠯ ᠳᠤ ᠣᠷᠣᠯᠴᠠᠪᠠ᠃                                     ᠨᠠᠶᠢᠷᠠᠭᠤᠯᠤᠭᠴᠢ᠄   ᠶᠠᠩ  ᠿᠦᠢ ᠵᠧᠨ                                     ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2