ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠣᠷᠳᠣᠨ ᠤ 9 ᠤᠰᠤᠨ ᠴᠥᠭᠦᠷᠥᠮ᠂ ᠭᠦᠩ ᠪᠠ  ᠾᠧ ᠭᠤᠣᠯ ᠤᠨ ᠤᠰᠤᠨ ᠤ ᠬᠠᠭᠠᠯᠲᠠ ᠵᠢᠴᠢ ᠦᠶᠡᠷ ᠢ ᠰᠡᠷᠭᠡᠶᠢᠯᠡᠨ ᠵᠠᠰᠠᠬᠤ 6 ᠵᠦᠢᠯ ᠤᠨ ᠬᠠᠰᠢᠯᠭ᠎ᠠ ᠳᠠᠯᠠᠩ ᠤᠨ ᠪᠠᠷᠢᠯᠭ᠎ᠠ ᠶᠢᠨ ᠬᠠᠮᠢᠶᠠᠷᠤᠯᠲᠠ ᠶᠢᠨ ᠬᠦᠷᠢᠶ᠎ᠡ ᠬᠡᠪᠴᠢᠶ᠎ᠡ ᠪᠠ ᠬᠠᠮᠠᠭᠠᠯᠠᠯᠲᠠ ᠶᠢᠨ ᠬᠦᠷᠢᠶ᠎ᠡ ᠬᠡᠪᠴᠢᠶ᠎ᠡ ᠶᠢᠨ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2023/4/6
   ᠤᠰᠤᠨ ᠴᠥᠭᠦᠷᠥᠮ᠂ ᠤᠰᠤᠨ ᠬᠠᠭᠠᠯᠲᠠ ᠵᠢᠴᠢ ᠭᠤᠣᠯ ᠤᠨ ᠵᠠᠮ ᠤᠨ ᠬᠠᠮᠢᠶᠠᠷᠤᠯᠲᠠ ᠶᠢ ᠴᠢᠩᠭᠠᠳᠬᠠᠬᠤ ᠶᠢᠨ ᠲᠥᠯᠥᠭᠡ᠂ ᠠᠷᠠᠳ ᠢᠷᠭᠡᠳ ᠤᠨ ᠬᠠᠮᠠᠭᠠᠯᠠᠯᠲᠠ ᠶᠢᠨ ᠤᠬᠠᠮᠰᠠᠷ ᠢ ᠳᠡᠭᠡᠭᠰᠢᠯᠡᠭᠦᠯᠵᠦ᠂ ᠤᠯᠠᠨ ᠨᠡᠶᠢᠲᠡ ᠶᠢᠨ ᠠᠰᠢᠭ ᠲᠤᠰᠠ ᠶᠢᠨ ᠠᠮᠤᠷ ᠲᠦᠪᠰᠢᠨ ᠢ ᠬᠠᠮᠠᠭᠠᠯᠠᠬᠤ   ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠶᠡᠷ ᠢ ᠰᠡᠷᠭᠡᠶᠢᠯᠡᠬᠦ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠴᠥᠭᠦᠷᠥᠮ ᠤᠨ ᠬᠠᠮᠢᠶᠠᠷᠤᠯᠲᠠ ᠶᠢᠨ ᠲᠦᠷᠢᠮ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠵᠠᠮ ᠤᠨ ᠬᠠᠮᠢᠶᠠᠷᠤᠯᠲᠠ ᠶᠢᠨ ᠲᠦᠷᠢᠮ︾᠎ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠤᠳᠤ ᠮᠠᠨ ᠤ ᠰᠢᠶᠠᠨ ᠤ ᠬᠢᠯᠢ ᠳᠣᠲᠣᠷᠠᠬᠢ 9 ᠰᠠᠭᠤᠷᠢ ᠤᠰᠤᠨ ᠴᠥᠭᠦᠷᠥᠮ᠂ ᠭᠦᠩ ᠪᠠ ᠾᠧ ᠭᠤᠣᠯ ᠤᠨ ᠤᠰᠤᠨ ᠤ ᠬᠠᠰᠢᠯᠭ᠎ᠠ᠂ 6 ᠵᠦᠢᠯ ᠤᠨ ᠤᠰᠤᠨ ᠵᠠᠮ ᠤᠨ ᠦᠶᠡᠷ ᠢ ᠰᠡᠷᠭᠡᠶᠢᠯᠡᠨ ᠵᠠᠰᠠᠬᠤ ᠬᠠᠰᠢᠯᠭ᠎ᠠ ᠳᠠᠯᠠᠩ ᠤᠨ ᠪᠠᠷᠢᠯᠭ᠎ᠠ ᠶᠢᠨ ᠬᠠᠮᠢᠶᠠᠷᠤᠯᠲᠠ ᠶᠢᠨ ᠬᠡᠪᠴᠢᠶ᠎ᠡ ᠪᠠ ᠬᠠᠮᠠᠭᠠᠯᠠᠯᠲᠠ ᠶᠢᠨ ᠬᠡᠪᠴᠢᠶ᠎ᠡ ᠶᠢ ᠵᠠᠭᠠᠭᠯᠠᠨ ᠲᠣᠭᠲᠠᠭᠠᠨ᠎ᠠ᠃ ᠡᠳᠦᠭᠡ ᠬᠤᠯᠪᠣᠭᠳᠠᠯ ᠪᠥᠬᠦᠶ  ᠵᠤᠶᠢᠯᠡᠰ ᠢ ᠳᠣᠤᠷᠠᠬᠢ ᠮᠡᠲᠦ ᠵᠠᠷᠯᠠᠶ᠎ᠠ᠄    ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ᠂ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠳ ᠤᠰᠤᠨ ᠠᠰᠢᠭᠯᠠᠯᠲᠠ ᠶᠢᠨ ᠠᠵᠢᠯ ᠤᠨ ᠬᠠᠮᠢᠶᠠᠷᠤᠯᠲᠠ ᠶᠢᠨ ᠱᠠᠭᠠᠷᠳᠠᠯᠭ᠎ᠠ ᠶᠣᠰᠣᠭᠠᠷ᠂ ᠤᠰᠤᠨ ᠴᠥᠭᠦᠷᠥᠮ᠂ ᠤᠰᠤᠨ ᠬᠠᠭᠠᠯᠲᠠ᠂ ᠭᠤᠣᠯ ᠤᠨ ᠵᠠᠮ ᠤᠨ ᠬᠠᠮᠢᠶᠠᠷᠤᠯᠲᠠ ᠪᠠ ᠬᠠᠮᠠᠭᠠᠯᠠᠯᠲᠠ ᠶᠢᠨ ᠬᠡᠪᠴᠢᠶᠡᠨ ᠳᠤ ᠬᠠᠤᠯᠢ ᠶᠣᠰᠣᠭᠠᠷ ᠬᠢᠨᠠᠯᠲᠠ ᠬᠠᠮᠢᠶᠠᠷᠤᠯᠲᠠ ᠶᠠᠪᠤᠭᠤᠯᠤᠨ᠎ᠠ᠃    ᠨᠢᠭᠡ᠂ ᠤᠰᠤᠨ ᠴᠥᠭᠦᠷᠥᠮ᠂ ᠤᠰᠤᠨ ᠬᠠᠭᠠᠯᠲᠠ᠂ ᠭᠤᠤᠯ ᠤᠨ ᠵᠠᠮ ᠤᠨ ᠬᠠᠮᠢᠶᠠᠷᠤᠯᠲᠠ᠂ ᠬᠠᠮᠠᠭᠠᠯᠠᠯᠲᠠ ᠶᠢᠨ ᠬᠡᠪᠴᠢᠶᠡᠨ ᠳᠣᠲᠣᠷ᠎ᠠ᠂ ᠳᠣᠤᠷᠠᠬᠢ ᠮᠡᠲᠦ ᠬᠠᠤᠯᠢ ᠶᠣᠰᠣᠭᠠᠷ ᠬᠠᠮᠢᠶᠠᠷᠤᠨ ᠡᠵᠡᠮᠳᠡᠨ᠎ᠡ᠄    1 ᠤᠰᠤᠨ ᠴᠥᠭᠦᠷᠥᠮ᠂ ᠤᠰᠤᠨ ᠬᠠᠭᠠᠯᠲᠠ᠂ ᠭᠤᠣᠯ ᠤᠨ ᠵᠠᠮ ᠤᠨ ᠬᠠᠮᠢᠶᠠᠷᠤᠯᠲᠠ ᠪᠠ ᠬᠠᠮᠠᠭᠠᠯᠠᠯᠲᠠ ᠶᠢᠨ ᠬᠡᠪᠴᠢᠶᠡᠨ ᠳᠣᠲᠣᠷ᠎ᠠ᠂ ᠬᠠᠰᠢᠯᠭ᠎ᠠ ᠬᠠᠰᠢᠯᠭ᠎ᠠ᠂ ᠤᠰᠤ ᠬᠤᠷᠢᠭᠯᠠᠬᠤ ᠰᠤᠪᠠᠭ᠂ ᠤᠰᠤ ᠬᠤᠷᠢᠭᠯᠠᠬᠤ ᠵᠠᠮ ᠵᠠᠰᠠᠬᠤ ᠶᠢ ᠴᠠᠭᠠᠵᠠᠯᠠᠨ᠎ᠠ︔ ᠭᠤᠣᠯ ᠬᠠᠰᠢᠵᠤ ᠵᠢᠭᠠᠰᠤ ᠠᠩᠨᠠᠬᠤ ᠪᠠᠭᠠᠵᠢ ᠬᠡᠷᠡᠭᠰᠡᠯ ᠪᠠᠶᠢᠷᠢᠯᠠᠭᠤᠯᠬᠤ᠂ ᠬᠦᠳᠡᠷ ᠤᠨ ᠰᠢᠭᠠᠷᠤ᠂ ᠴᠢᠯᠠᠭᠤᠨ ᠰᠢᠭᠠᠷᠤ᠂ ᠨᠡᠭᠦᠷᠡᠰᠦᠨ ᠤ ᠦᠨᠡᠰᠦ᠂ ᠰᠢᠪᠠᠷ ᠰᠢᠷᠣᠶ᠂ ᠬᠤᠭ ᠨᠣᠪᠰᠢ ᠵᠡᠷᠭᠡ ᠶᠢ ᠬᠠᠶᠠᠬᠤ ᠶᠢ ᠴᠠᠭᠠᠵᠠᠯᠠᠨ᠎ᠠ︔ ᠭᠤᠣᠯᠳᠠᠯᠭ᠎ᠠ ᠲᠠᠢ ᠣᠷᠣᠨ ᠤ ᠳᠣᠲᠣᠷ᠎ᠠ ᠥᠨᠳᠥᠷ ᠡᠰᠢᠲᠦ ᠲᠠᠷᠢᠮᠠᠯ᠂ ᠬᠤᠯᠤᠰᠤ᠂ ᠴᠠᠭᠠᠨ ᠪᠤᠷᠭᠠᠰᠤ᠂ ᠴᠠᠭᠠᠨ ᠲᠦᠯᠡᠭᠡ ᠪᠠ ᠮᠣᠳᠣ ︵ᠬᠠᠯᠬᠠᠪᠴᠢ ᠤᠢ ᠪᠠᠭᠲᠠᠬᠤ ᠥᠭᠡᠢ︶ ᠲᠠᠷᠢᠬᠤ ᠶᠢ ᠴᠠᠭᠠᠵᠠᠯᠠᠨ᠎ᠠ᠃    2 ᠤᠰᠤᠨ ᠴᠥᠭᠦᠷᠥᠮ᠂ ᠤᠰᠤᠨ ᠬᠠᠭᠠᠯᠲᠠ᠂ ᠭᠤᠣᠯ ᠤᠨ ᠵᠠᠮ ᠤᠨ ᠬᠠᠮᠢᠶᠠᠷᠤᠯᠲᠠ ᠪᠠ ᠬᠠᠮᠠᠭᠠᠯᠠᠯᠲᠠ ᠶᠢᠨ ᠬᠡᠪᠴᠢᠶᠡᠨ ᠳᠣᠲᠣᠷ᠎ᠠ᠂ ᠤᠰᠤᠨ ᠴᠣᠭᠴᠠ ᠶᠢ ᠪᠣᠬᠢᠷᠲᠤᠭᠤᠯᠤᠭᠰᠠᠨ ᠪᠣᠳᠠᠰ ᠢ ᠣᠪᠣᠭᠠᠯᠠᠬᠤ᠂ ᠴᠢᠳᠬᠤᠬᠤ᠂ ᠪᠤᠯᠠᠬᠤ᠂ ᠭᠠᠳᠠᠭᠰᠢᠯᠠᠭᠤᠯᠬᠤ ᠶᠢ ᠴᠠᠭᠠᠵᠠᠯᠠᠨ᠎ᠠ᠃ ᠤᠰᠦᠠ ᠴᠥᠭᠦᠷᠥᠮ᠂ ᠳᠣᠲᠣᠷ᠎ᠠ ᠨᠢ ᠲᠤᠰᠦᠠ ᠤ ᠵᠦᠢᠯ ᠪᠤᠶᠤ ᠬᠤᠣᠷ ᠲᠠᠢ ᠪᠣᠬᠢᠷᠲᠤᠯ ᠪᠣᠳᠠᠰ ᠢ ᠰᠠᠪᠠᠯᠠᠵᠤ ᠬᠠᠳᠠᠭᠠᠯᠠᠵᠤ ᠥᠩᠭᠡᠷᠡᠭᠰᠡᠨ ᠲᠡᠷᠭᠡ ᠤᠨᠤᠭ᠎ᠠ᠂ ᠰᠡᠪᠡ ᠬᠡᠷᠡᠭᠰᠡᠯ ᠢ ᠤᠬᠢᠶᠠᠵᠤ ᠴᠡᠪᠡᠷᠯᠡᠬᠦ ᠶᠢ ᠴᠠᠭᠠᠵᠠᠯᠠᠨ᠎ᠠ᠃    3 ᠤᠰᠤᠨ ᠴᠥᠭᠦᠷᠥᠮ᠂ ᠤᠰᠤᠨ ᠬᠠᠭᠠᠯᠲᠠ᠂ ᠭᠤᠣᠯ ᠤᠨ ᠵᠠᠮ ᠤᠨ ᠬᠠᠮᠢᠶᠠᠷᠤᠯᠲᠠ ᠪᠠ ᠬᠠᠮᠠᠭᠠᠯᠠᠯᠲᠠ ᠶᠢᠨ ᠬᠡᠪᠴᠢᠶᠡᠨ ᠳᠣᠲᠣᠷ᠎ᠠ᠂ ᠭᠡᠷ ᠪᠠᠷᠢᠬᠤ᠂ ᠮᠠᠯ ᠬᠠᠷᠢᠭᠤᠯᠬᠤ᠂ ᠰᠤᠪᠠᠭ ᠨᠡᠭᠡᠭᠡᠬᠦ᠂ ᠬᠤᠳᠳᠤᠭ ᠮᠠᠯᠲᠠᠬᠤ᠂ ᠵᠣᠭᠤᠷᠢ ᠮᠠᠯᠲᠠᠬᠤ᠂ ᠪᠤᠯᠠᠰᠢ ᠪᠤᠯᠠᠰᠢᠯᠠᠬᠤ᠂ ᠠᠮᠤ ᠪᠤᠳᠠᠭ᠎ᠠ ᠡᠭᠡᠭᠡᠬᠦ᠂ ᠪᠣᠳᠠᠰ ᠤᠨ ᠮᠠᠲ᠋ᠧᠷᠢᠶᠠᠯ ᠢ ᠬᠠᠳᠠᠭᠠᠯᠠᠬᠤ᠂ ᠭᠠᠵᠠᠷ ᠳᠣᠣᠷᠠᠬᠢ ᠡᠬᠢ ᠪᠠᠶᠠᠯᠢᠭ ᠢ ᠨᠡᠭᠡᠭᠡᠨ ᠮᠠᠯᠲᠠᠬᠤ᠂ ᠬᠠᠭᠤᠴᠢ ᠰᠤᠳᠤᠯᠤᠯ ᠤᠨ ᠨᠡᠭᠡᠭᠡᠨ ᠮᠠᠯᠲᠠᠬᠤ ᠵᠢᠴᠢ ᠴᠤᠭᠯᠠᠭ᠎ᠠ ᠮᠠᠶᠢᠮᠠᠶ ᠶᠢᠨ ᠠᠵᠢᠯᠯᠠᠭ᠎ᠠ ᠥᠷᠨᠢᠭᠦᠯᠬᠦ ᠶᠢ ᠴᠠᠭᠠᠵᠠᠯᠠᠨ᠎ᠠ︔ ᠤᠰᠤᠨ ᠴᠥᠭᠦᠷᠥᠮ ᠤᠨ ᠠᠵᠢᠯᠯᠠᠭᠠᠨ ᠪᠠ ᠤᠰᠤᠨ ᠴᠥᠭᠦᠷᠥᠮ ᠤᠨ ᠠᠶᠤᠯᠭᠦᠶ ᠶᠢ ᠨᠥᠯᠥᠭᠡᠯᠡᠬᠦ ᠬᠤᠳᠳᠤᠭ ᠮᠠᠯᠲᠠᠬᠤ᠂ ᠥᠷᠥᠮᠳᠡᠨ ᠬᠠᠶᠢᠬᠤ᠂ ᠳᠡᠯᠪᠡᠴᠢᠬᠦ᠂ ᠴᠢᠯᠠᠭᠤ ᠭᠠᠷᠭᠠᠬᠤ᠂ ᠰᠢᠷᠣᠶ ᠠᠪᠬᠤ ᠵᠡᠷᠭᠡ ᠠᠵᠢᠯᠯᠠᠭ᠎ᠠ ᠬᠢᠬᠦ ᠶᠢ ᠴᠠᠭᠠᠵᠠᠯᠠᠨ᠎ᠠ᠃    4 ᠤᠰᠤᠨ ᠴᠥᠭᠦᠷᠥᠮ᠂ ᠤᠰᠤᠨ ᠬᠠᠭᠠᠯᠲᠠ᠂ ᠭᠤᠣᠯ  ᠤᠨ ᠵᠠᠮ  ᠤᠨ ᠬᠠᠮᠢᠶᠠᠷᠤᠯᠲᠠ ᠪᠣᠯᠤᠨ ᠬᠠᠮᠠᠭᠠᠯᠠᠯᠲᠠ ᠶᠢᠨ ᠬᠡᠪᠴᠢᠶᠡᠨ ᠳᠣᠲᠣᠷ᠎ᠠ ᠵᠥᠪᠰᠢᠶᠡᠷᠡᠯ ᠣᠯᠤᠭᠰᠠᠨ ᠥᠭᠡᠢ ᠪᠠᠷ ᠡᠯᠡᠰᠦ ᠮᠠᠯᠲᠠᠬᠤ᠂ ᠰᠢᠷᠣᠶ ᠠᠪᠬᠤ ᠂ ᠠᠯᠲᠠ ᠲᠤᠩᠭᠠᠭᠠᠬᠤ᠂ ᠬᠠᠶᠢᠷ ᠴᠢᠯᠠᠭᠤ ᠪᠤᠶᠤ ᠯᠠᠭ ᠰᠢᠪᠡᠷ ᠬᠠᠶᠠᠬᠤ ᠶᠢ ᠴᠢᠩᠭ᠎ᠠ ᠴᠠᠭᠠᠵᠠᠯᠠᠨ᠎ᠠ  ᠂ ᠵᠥᠪᠰᠢᠶᠡᠷᠡᠯ ᠦᠭᠡᠢ ᠪᠠᠷ ᠤᠰᠤᠨ ᠴᠥᠭᠦᠷᠥᠮ᠂ ᠲᠠᠩ ᠭᠠᠵᠠᠷ ᠲᠤ ᠭᠠᠵᠠᠷ ᠳᠣᠣᠷᠠᠬᠢ ᠡᠬᠢ ᠪᠠᠶᠠᠯᠢᠭ ᠢ ᠨᠡᠭᠡᠭᠡᠨ ᠮᠠᠯᠲᠠᠬᠤ ᠵᠢᠴᠢ ᠬᠠᠭᠤᠴᠢ ᠰᠤᠳᠤᠯᠤᠯ ᠤᠨ ᠨᠡᠭᠡᠭᠡᠨ ᠮᠠᠯᠲᠠᠬᠤ ᠶᠢ ᠴᠢᠩᠭ᠎ᠠ ᠴᠠᠭᠠᠵᠠᠯᠠᠨ᠎ᠠ︔ ᠵᠥᠪᠰᠢᠶᠡᠷᠡᠯ ᠦᠭᠡᠢ ᠪᠠᠷ ᠪᠠᠷᠢᠯᠭ᠎ᠠ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠬᠢᠬᠦ ᠶᠢ ᠴᠢᠩᠭ᠎ᠠ ᠴᠠᠭᠠᠵᠠᠯᠠᠨ᠎ᠠ᠃    ᠬᠤᠶᠠᠷ᠂ ᠳᠡᠭᠡᠷ᠎ᠡ ᠳᠤᠷᠠᠳᠤᠭᠰᠠᠨ ᠲᠣᠭᠲᠠᠭᠠᠯ ᠢ ᠵᠥᠷᠢᠴᠡᠪᠡᠯ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠶᠡᠷ ᠢ ᠰᠡᠷᠭᠡᠶᠢᠯᠡᠬᠦ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠴᠥᠭᠦᠷᠥᠮ ᠤᠨ ᠬᠠᠮᠢᠶᠠᠷᠤᠯᠲᠠ ᠶᠢᠨ ᠲᠦᠷᠢᠮ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠤᠣᠯ ᠤᠨ ᠵᠠᠮ ᠤᠨ ᠬᠠᠮᠢᠶᠠᠷᠤᠯᠲᠠ ᠶᠢᠨ ᠲᠦᠷᠢᠮ︾ ᠵᠢᠴᠢ ᠬᠤᠯᠪᠣᠭᠳᠠᠯ ᠪᠦᠬᠦᠢ ᠬᠠᠤᠯᠢ ᠲᠣᠭᠲᠠᠭᠠᠯ ᠤᠨ ᠲᠣᠭᠲᠠᠭᠠᠯ ᠢ ᠦᠨᠳᠦᠰᠦᠯᠡᠨ᠂ ᠲᠤᠬᠠᠶ ᠶᠢᠨ ᠬᠥᠮᠦᠨ ᠤ ᠬᠠᠤᠯᠢ ᠶᠢᠨ ᠬᠠᠷᠢᠭᠤᠴᠠᠯᠭ᠎ᠠ ᠶᠢ ᠨᠡᠬᠡᠮᠵᠢᠯᠡᠨ᠎ᠡ᠃    ᠭᠤᠷᠪᠠ᠂ ᠬᠠᠮᠢᠶᠠᠷᠤᠯᠲᠠ ᠬᠢᠭᠡᠳ ᠬᠠᠮᠠᠭᠠᠯᠠᠯᠲᠠ ᠶᠢᠨ ᠬᠦᠷᠢᠶ᠎ᠡ ᠬᠡᠪᠴᠢᠶ᠎ᠡ ᠶᠢ ᠵᠠᠭᠠᠭᠯᠠᠨ ᠲᠣᠭᠲᠠᠭᠠᠬᠤ ᠵᠠᠷᠴᠢᠮ    1 ᠤᠰᠤᠨ ᠴᠥᠭᠦᠷᠥᠮ ᠤᠨ ᠬᠠᠮᠢᠶᠠᠷᠤᠯᠲᠠ ᠬᠢᠭᠡᠳ ᠬᠠᠮᠠᠭᠠᠯᠠᠯᠲᠠ ᠶᠢᠨ ᠬᠦᠷᠢᠶ᠎ᠡ ᠬᠡᠪᠴᠢᠶ᠎ᠡ ᠶᠢ ᠵᠠᠭᠠᠭᠯᠠᠨ ᠲᠣᠭᠲᠠᠭᠠᠬᠤ ᠵᠠᠷᠴᠢᠮ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠤ ᠢᠨᠵᠧᠨᠧᠷᠢᠩ ᠤᠨ ᠬᠠᠮᠢᠶᠠᠷᠤᠯᠲᠠ ᠪᠠ ᠬᠠᠮᠠᠭᠠᠯᠠᠯᠲᠠ ᠶᠢᠨ ᠬᠦᠷᠢᠶ᠎ᠡ ᠬᠡᠪᠴᠢᠶ᠎ᠡ ᠶᠢ ᠬᠤᠪᠢᠶᠠᠷᠢᠯᠠᠨ ᠲᠣᠭᠲᠠᠭᠠᠬᠤ ᠪᠠᠷᠢᠮᠵᠢᠶ᠎ᠠ︾ ᠶᠣᠰᠣᠭᠠᠷ᠂ ᠤᠰᠤᠨ ᠴᠥᠭᠦᠷᠥᠮ ᠤᠨ ᠡᠷᠬᠢᠨ ᠲᠣᠭᠤᠷᠢᠨ ᠤ ᠪᠣᠳᠠᠲᠠᠶ ᠪᠠᠶᠢᠳᠠᠯ ᠢ ᠦᠨᠳᠦᠰᠦᠯᠡᠨ᠂ ᠬᠤᠪᠢᠶᠠᠷᠢᠯᠠᠨ ᠲᠣᠭᠲᠠᠭᠠᠬᠤ ᠦᠨᠳᠦᠰᠦᠯᠡᠯ ᠳᠠᠬᠢ ᠬᠠᠮᠢᠶᠠᠷᠤᠯᠲᠠ ᠶᠢᠨ ᠬᠦᠷᠢᠶ᠎ᠡ ᠬᠡᠪᠴᠢᠶ᠎ᠡ ᠶᠢ ᠬᠤᠪᠢᠶᠠᠷᠢᠯᠠᠨ ᠲᠣᠭᠲᠠᠭᠠᠬᠤ ᠨᠡᠯᠢᠶᠡᠳ ᠪᠠᠭ᠎ᠠ ᠬᠡᠮᠵᠢᠭᠳᠡᠯ ᠢᠶᠠᠷ ᠬᠤᠪᠢᠶᠠᠷᠢᠯᠠᠨ ᠲᠣᠭᠲᠠᠭᠠᠬᠤ ᠪᠠᠷᠢᠮᠵᠢᠶ᠎ᠠ ᠪᠣᠯᠭᠠᠨ᠎ᠠ᠃ ᠤᠰᠤᠨ ᠴᠥᠭᠦᠷᠥᠮ ᠤᠨ ᠬᠠᠮᠢᠶᠠᠷᠤᠯᠲᠠ ᠶᠢᠨ ᠬᠡᠪᠴᠢᠶ᠎ᠡ ᠶᠢ ᠬᠠᠷᠭᠤᠭᠤᠯᠬᠤ ᠦᠶᠡᠷ ᠤᠨ ᠤᠰᠤᠨ ᠤ ᠲᠦᠪᠰᠢᠨ ᠢᠶᠠᠷ ᠲᠣᠭᠲᠠᠭᠠᠵᠤ᠂ ᠶᠡᠭᠡ ᠬᠠᠰᠢᠯᠭ᠎ᠠ ᠶᠢᠨ ᠬᠠᠮᠢᠶᠠᠷᠤᠯᠲᠠ ᠶᠢᠨ ᠬᠡᠪᠴᠢᠶ᠎ᠡ ᠶᠢ ᠬᠠᠰᠢᠯᠭ᠎ᠠ ᠶᠢᠨ ᠮᠥᠷᠥ ᠠᠴᠠ ᠭᠠᠳᠠᠨᠠᠬᠢ 100 ᠮᠧᠲᠷ᠂ ᠡᠮᠦᠨ᠎ᠡ ᠬᠠᠰᠢᠯᠭ᠎ᠠ ᠶᠢᠨ ᠬᠤᠷᠮᠣᠶ ᠶᠢᠨ ᠳᠡᠭᠡᠳᠦ ᠤᠷᠤᠰᠬᠠᠯ ᠤᠨ 100 ᠮᠧᠲᠷ᠂ ᠠᠷᠤ ᠬᠠᠰᠢᠯᠭ᠎ᠠ ᠶᠢᠨ ᠬᠤᠷᠮᠣᠶ ᠶᠢᠨ ᠳᠣᠤᠷᠠᠳᠤ ᠤᠷᠤᠰᠬᠠᠯ ᠤᠨ 500 ᠮᠧᠲᠷ᠂ ᠳᠠᠭᠠᠯᠲᠠ ᠪᠠᠷᠢᠯᠭ᠎ᠠ ᠶᠢᠨ ᠭᠠᠳᠠᠷ ᠬᠥᠪᠡᠭᠡ ᠠᠴᠠ ᠭᠠᠳᠠᠨᠠᠬᠢ 50 ᠮᠧᠲᠷ ᠤᠨ ᠬᠡᠪᠴᠢᠶ᠎ᠡ ᠪᠠᠷ ᠵᠠᠭᠠᠭᠯᠠᠨ ᠲᠣᠭᠲᠠᠭᠠᠨ᠎ᠠ᠃ ᠬᠠᠰᠢᠯᠭ᠎ᠠ ᠶᠢᠨ ᠣᠷᠣᠨ ᠤ ᠬᠠᠮᠠᠭᠠᠯᠠᠯᠲᠠ ᠶᠢᠨ ᠬᠦᠷᠢᠶ᠎ᠡ ᠬᠡᠪᠴᠢᠶ᠎ᠡ ᠶᠢ ᠬᠠᠰᠢᠯᠭ᠎ᠠ ᠶᠢᠨ ᠭᠠᠵᠠᠷ ᠤᠨ ᠣᠷᠣᠨ ᠪᠦᠰᠡ ᠶᠢᠨ ᠬᠠᠮᠢᠶᠠᠷᠤᠯᠲᠠ ᠶᠢᠨ ᠬᠦᠷᠢᠶ᠎ᠡ ᠬᠡᠪᠴᠢᠶ᠎ᠡ ᠠᠴᠠ ᠭᠠᠳᠠᠨᠠᠬᠢ 100 ᠮᠧᠲᠷ ᠢᠶᠠᠷ ᠬᠤᠪᠢᠶᠠᠷᠢᠯᠠᠨ ᠲᠣᠭᠲᠠᠭᠠᠵᠤ᠂ ᠴᠥᠭᠦᠷᠥᠮ ᠤᠨ ᠣᠷᠣᠨ ᠤ ᠬᠠᠮᠠᠭᠠᠯᠠᠯᠲᠠ ᠶᠢᠨ ᠬᠦᠷᠢᠶ᠎ᠡ ᠬᠡᠪᠴᠢᠶ᠎ᠡ ᠶᠢ ᠬᠠᠮᠢᠶᠠᠷᠤᠯᠲᠠ ᠶᠢᠨ ᠬᠦᠷᠢᠶ᠎ᠡ ᠬᠡᠪᠴᠢᠶ᠎ᠡ ᠠᠴᠠ ᠭᠠᠳᠠᠨᠠᠬᠢ 50 ᠮᠧᠲᠷ ᠤᠨ ᠬᠦᠷᠢᠶ᠎ᠡ ᠬᠡᠪᠴᠢᠶ᠎ᠡ ᠪᠠᠷ ᠬᠤᠪᠢᠶᠠᠷᠢᠯᠠᠨ ᠲᠣᠭᠲᠠᠭᠠᠵᠤ᠂ ᠳᠣᠤᠷᠠᠳᠤ ᠤᠷᠤᠰᠬᠠᠯ ᠤᠨ ᠬᠠᠮᠠᠭᠠᠯᠠᠯᠲᠠ ᠶᠢᠨ ᠬᠦᠷᠢᠶ᠎ᠡ ᠬᠡᠪᠴᠢᠶ᠎ᠡ ᠶᠢ ᠬᠠᠮᠢᠶᠠᠷᠤᠯᠲᠠ ᠶᠢᠨ ᠬᠦᠷᠢᠶ᠎ᠡ ᠬᠡᠪᠴᠢᠶ᠎ᠡ ᠠᠴᠠ ᠭᠠᠳᠠᠨᠠᠬᠢ 200 ᠮᠧᠲᠷ ᠤᠨ ᠬᠦᠷᠢᠶ᠎ᠡ ᠬᠡᠪᠴᠢᠶ᠎ᠡ ᠪᠠᠷ ᠬᠤᠪᠢᠶᠠᠷᠢᠯᠠᠨ ᠲᠣᠭᠲᠠᠭᠠᠵᠤ᠂ ᠤᠰᠤᠨ ᠴᠥᠭᠦᠷᠥᠮ ᠤᠨ ᠳᠠᠭᠠᠯᠲᠠ ᠪᠠᠷᠢᠯᠭ᠎ᠠ ᠶᠢᠨ ᠬᠠᠮᠠᠭᠠᠯᠠᠯᠲᠠ ᠶᠢᠨ ᠬᠦᠷᠢᠶ᠎ᠡ ᠬᠡᠪᠴᠢᠶ᠎ᠡ ᠶᠢ 3 00 ᠮᠧᠲᠷ ᠤᠨ ᠬᠦᠷᠢᠶ᠎ᠡ ᠬᠡᠪᠴᠢᠶ᠎ᠡ ᠪᠠᠷ ᠬᠤᠪᠢᠶᠠᠷᠢᠯᠠᠨ ᠲᠤᠭᠳᠠᠭᠠᠨ᠎ᠠ᠃    2. ᠤᠰᠤᠨ ᠬᠠᠭᠠᠯᠲᠠ ᠶᠢᠨ ᠬᠠᠮᠢᠶᠠᠷᠤᠯᠲᠠ ᠬᠢᠭᠡᠳ ᠬᠠᠮᠠᠭᠠᠯᠠᠯᠲᠠ ᠶᠢᠨ ᠬᠦᠷᠢᠶ᠎ᠡ ᠬᠡᠪᠴᠢᠶ᠎ᠡ ᠶᠢ ᠬᠤᠪᠢᠶᠠᠷᠢᠯᠠᠨ ᠲᠣᠭᠲᠠᠭᠠᠬᠤ ᠵᠠᠷᠴᠢᠮ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠤ ᠢᠨᠵᠧᠨᠧᠷᠢᠩ ᠤᠨ ᠬᠠᠮᠢᠶᠠᠷᠤᠯᠲᠠ ᠪᠠ ᠬᠠᠮᠠᠭᠠᠯᠠᠯᠲᠠ ᠶᠢᠨ ᠬᠦᠷᠢᠶ᠎ᠡ ᠬᠡᠪᠴᠢᠶ᠎ᠡ ᠶᠢ ᠬᠤᠪᠢᠶᠠᠷᠢᠯᠠᠨ ᠲᠣᠭᠲᠠᠭᠠᠬᠤ ᠪᠠᠷᠢᠮᠵᠢᠶ᠎ᠠ︾ ᠶᠣᠰᠣᠭᠠᠷ᠂ ᠤᠰᠤᠨ ᠴᠥᠭᠦᠷᠥᠮ ᠤᠨ ᠡᠷᠬᠢᠨ ᠲᠣᠭᠤᠷᠢᠨ ᠤ ᠪᠣᠳᠠᠲᠠᠶ ᠪᠠᠶᠢᠳᠠᠯ ᠢ ᠦᠨᠳᠦᠰᠦᠯᠡᠨ᠂ ᠬᠤᠪᠢᠶᠠᠷᠢᠯᠠᠨ ᠲᠣᠭᠲᠠᠭᠠᠬᠤ ᠦᠨᠳᠦᠰᠦᠯᠡᠯ ᠳᠠᠬᠢ ᠬᠠᠮᠢᠶᠠᠷᠤᠯᠲᠠ ᠶᠢᠨ ᠬᠦᠷᠢᠶ᠎ᠡ ᠬᠡᠪᠴᠢᠶ᠎ᠡ ᠶᠢ ᠬᠤᠪᠢᠶᠠᠷᠢᠯᠠᠨ ᠲᠣᠭᠲᠠᠭᠠᠬᠤ ᠨᠡᠯᠢᠶᠡᠳ ᠪᠠᠭ᠎ᠠ ᠬᠡᠮᠵᠢᠭᠳᠡᠯ ᠢᠶᠠᠷ ᠬᠤᠪᠢᠶᠠᠷᠢᠯᠠᠨ ᠲᠣᠭᠲᠠᠭᠠᠬᠤ ᠪᠠᠷᠢᠮᠵᠢᠶ᠎ᠠ ᠪᠣᠯᠭᠠᠨ᠎ᠠ᠃ ᠤᠰᠤᠨ ᠬᠠᠭᠠᠯᠲᠠ ᠶᠢᠨ ᠬᠠᠮᠢᠶᠠᠷᠤᠯᠲᠠ ᠶᠢᠨ ᠬᠡᠪᠴᠢᠶ᠎ᠡ ᠨᠢ ᠳᠡᠭᠡᠳᠦ ᠳᠣᠤᠷᠠᠳᠤ ᠤᠷᠤᠰᠬᠠᠯ ᠤᠨ ᠲᠣᠰ ᠪᠦᠷᠢ 150 ᠮᠧᠲᠷ᠂ ᠬᠤᠶᠠᠷ ᠲᠠᠯ᠎ᠠ ᠶᠢᠨ ᠲᠣᠰ ᠪᠦᠷᠢ 40 ᠮᠧᠲᠷ ᠪᠣᠯᠤᠨ᠎ᠠ᠃ ᠤᠰᠤᠨ ᠬᠠᠭᠠᠯᠲᠠ ᠶᠢᠨ ᠬᠠᠮᠠᠭᠠᠯᠠᠯᠲᠠ ᠶᠢᠨ ᠬᠡᠪᠴᠢᠶ᠎ᠡ ᠨᠢ ᠬᠠᠮᠢᠶᠠᠷᠤᠯᠲᠠ ᠶᠢᠨ ᠬᠡᠪᠴᠢᠶᠡᠨ ᠠᠴᠠ ᠭᠠᠳᠠᠨᠠᠬᠢ ᠳᠡᠭᠡᠳᠦ ᠳᠣᠤᠷᠠᠳᠤ ᠤᠷᠤᠰᠬᠠᠯ ᠤᠨ ᠲᠣᠰ ᠪᠦᠷᠢ 200 ᠮᠧᠲᠷ᠂ ᠬᠤᠶᠠᠷ ᠬᠠᠵᠠᠭᠤ ᠶᠢᠨ ᠲᠣᠰ ᠪᠦᠷᠢ 100 ᠮᠧᠲᠷ ᠪᠣᠯᠤᠨ᠎ᠠ᠃    3 ᠬᠠᠰᠢᠯᠭ᠎ᠠ ᠳᠠᠯᠠᠩ  ᠤᠨ ᠬᠠᠮᠢᠶᠠᠷᠤᠯᠲᠠ ᠬᠢᠭᠡᠳ ᠬᠠᠮᠠᠭᠠᠯᠠᠯᠲᠠ ᠶᠢᠨ ᠬᠡᠪᠴᠢᠶ᠎ᠡ ᠶᠢ ᠵᠠᠭᠠᠭᠯᠠᠨ ᠲᠣᠭᠲᠠᠭᠠᠬᠤ ᠵᠠᠷᠴᠢᠮ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠤ ᠢᠨᠵᠧᠨᠧᠷᠢᠩ ᠤᠨ ᠬᠠᠮᠢᠶᠠᠷᠤᠯᠲᠠ ᠪᠠ ᠬᠠᠮᠠᠭᠠᠯᠠᠯᠲᠠ ᠶᠢᠨ ᠬᠦᠷᠢᠶ᠎ᠡ ᠬᠡᠪᠴᠢᠶ᠎ᠡ ᠶᠢ ᠬᠤᠪᠢᠶᠠᠷᠢᠯᠠᠨ ᠲᠣᠭᠲᠠᠭᠠᠬᠤ ᠪᠠᠷᠢᠮᠵᠢᠶ᠎ᠠ︾ ᠶᠣᠰᠣᠭᠠᠷ᠂ ᠤᠰᠤᠨ ᠴᠥᠭᠦᠷᠥᠮ ᠤᠨ ᠡᠷᠬᠢᠨ ᠲᠣᠭᠤᠷᠢᠨ ᠤ ᠪᠣᠳᠠᠲᠠᠶ ᠪᠠᠶᠢᠳᠠᠯ ᠢ ᠦᠨᠳᠦᠰᠦᠯᠡᠨ᠂ ᠬᠤᠪᠢᠶᠠᠷᠢᠯᠠᠨ ᠲᠣᠭᠲᠠᠭᠠᠬᠤ ᠦᠨᠳᠦᠰᠦᠯᠡᠯ ᠳᠠᠬᠢ ᠬᠠᠮᠢᠶᠠᠷᠤᠯᠲᠠ ᠶᠢᠨ ᠬᠦᠷᠢᠶ᠎ᠡ ᠬᠡᠪᠴᠢᠶ᠎ᠡ ᠶᠢ ᠬᠤᠪᠢᠶᠠᠷᠢᠯᠠᠨ ᠲᠣᠭᠲᠠᠭᠠᠬᠤ ᠨᠡᠯᠢᠶᠡᠳ ᠪᠠᠭ᠎ᠠ ᠬᠡᠮᠵᠢᠭᠳᠡᠯ ᠢᠶᠠᠷ ᠬᠤᠪᠢᠶᠠᠷᠢᠯᠠᠨ ᠲᠣᠭᠲᠠᠭᠠᠬᠤ ᠪᠠᠷᠢᠮᠵᠢᠶ᠎ᠠ ᠪᠣᠯᠭᠠᠨ᠎ᠠ᠃ ᠬᠠᠰᠢᠯᠭ᠎ᠠ ᠶᠢᠨ ᠬᠠᠮᠢᠶᠠᠷᠤᠯᠲᠠ ᠶᠢᠨ ᠬᠦᠷᠢᠶ᠎ᠡ ᠬᠡᠪᠴᠢᠶ᠎ᠡ ᠨᠢ ᠬᠠᠰᠢᠯᠭ᠎ᠠ ᠶᠢᠨ ᠬᠤᠷᠮᠣᠶ ᠠᠴᠠ ᠭᠠᠳᠠᠨᠠᠬᠢ ᠬᠤᠶᠠᠷ ᠲᠠᠯ᠎ᠠ ᠪᠠᠷ ᠲᠤᠰ ᠪᠦᠷᠢ 30 ᠮᠧᠲᠷ ᠪᠠᠶᠢᠳᠠᠭ᠃ ᠬᠠᠰᠢᠯᠭ᠎ᠠ ᠳᠠᠯᠠᠩ ᠤᠨ ᠬᠠᠮᠠᠭᠠᠯᠠᠯᠲᠠ ᠶᠢᠨ ᠬᠡᠪᠴᠢᠶ᠎ᠡ ᠨᠢ ᠬᠠᠮᠢᠶᠠᠷᠤᠯᠲᠠ ᠶᠢᠨ ᠬᠡᠪᠴᠢᠶ᠎ᠡ ᠠᠴᠠ ᠭᠠᠳᠠᠨ᠎ᠠ 30 ᠮᠧᠲᠷ ᠪᠠᠶᠢᠳᠠᠭ᠃
 
ᠢᠷᠡᠯᠲᠡ᠄ ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2