ᠤᠰᠤᠨ ᠴᠥᠭᠦᠷᠥᠮ᠂ ᠤᠰᠤᠨ ᠬᠠᠭᠠᠯᠲᠠ ᠵᠢᠴᠢ ᠭᠤᠣᠯ ᠤᠨ ᠵᠠᠮ ᠤᠨ ᠬᠠᠮᠢᠶᠠᠷᠤᠯᠲᠠ ᠶᠢ ᠴᠢᠩᠭᠠᠳᠬᠠᠬᠤ ᠶᠢᠨ | ᠲᠥᠯᠥᠭᠡ᠂ ᠠᠷᠠᠳ ᠢᠷᠭᠡᠳ ᠤᠨ ᠬᠠᠮᠠᠭᠠᠯᠠᠯᠲᠠ ᠶᠢᠨ ᠤᠬᠠᠮᠰᠠᠷ ᠢ ᠳᠡᠭᠡᠭᠰᠢᠯᠡᠭᠦᠯᠵᠦ᠂ ᠤᠯᠠᠨ ᠨᠡᠶᠢᠲᠡ ᠶᠢᠨ ᠠᠰᠢᠭ | ᠲᠤᠰᠠ ᠶᠢᠨ ᠠᠮᠤᠷ ᠲᠦᠪᠰᠢᠨ ᠢ ᠬᠠᠮᠠᠭᠠᠯᠠᠬᠤ ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠦᠶᠡᠷ ᠢ ᠰᠡᠷᠭᠡᠶᠢᠯᠡᠬᠦ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ | ᠴᠥᠭᠦᠷᠥᠮ ᠤᠨ ᠬᠠᠮᠢᠶᠠᠷᠤᠯᠲᠠ ᠶᠢᠨ ᠲᠦᠷᠢᠮ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠤᠰᠤᠨ ᠵᠠᠮ ᠤᠨ ᠬᠠᠮᠢᠶᠠᠷᠤᠯᠲᠠ ᠶᠢᠨ ᠲᠦᠷᠢᠮ︾ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠤᠳᠤ | ᠮᠠᠨ ᠤ ᠰᠢᠶᠠᠨ ᠤ ᠬᠢᠯᠢ ᠳᠣᠲᠣᠷᠠᠬᠢ 9 ᠰᠠᠭᠤᠷᠢ ᠤᠰᠤᠨ ᠴᠥᠭᠦᠷᠥᠮ᠂ ᠭᠦᠩ ᠪᠠ ᠾᠧ ᠭᠤᠣᠯ ᠤᠨ ᠤᠰᠤᠨ ᠤ | ᠬᠠᠰᠢᠯᠭ᠎ᠠ᠂ 6 ᠵᠦᠢᠯ ᠤᠨ ᠤᠰᠤᠨ ᠵᠠᠮ ᠤᠨ ᠦᠶᠡᠷ ᠢ ᠰᠡᠷᠭᠡᠶᠢᠯᠡᠨ ᠵᠠᠰᠠᠬᠤ ᠬᠠᠰᠢᠯᠭ᠎ᠠ ᠳᠠᠯᠠᠩ ᠤᠨ ᠪᠠᠷᠢᠯᠭ᠎ᠠ ᠶᠢᠨ | ᠬᠠᠮᠢᠶᠠᠷᠤᠯᠲᠠ ᠶᠢᠨ ᠬᠡᠪᠴᠢᠶ᠎ᠡ ᠪᠠ ᠬᠠᠮᠠᠭᠠᠯᠠᠯᠲᠠ ᠶᠢᠨ ᠬᠡᠪᠴᠢᠶ᠎ᠡ ᠶᠢ ᠵᠠᠭᠠᠭᠯᠠᠨ ᠲᠣᠭᠲᠠᠭᠠᠨ᠎ᠠ᠃ ᠡᠳᠦᠭᠡ | ᠬᠤᠯᠪᠣᠭᠳᠠᠯ ᠪᠥᠬᠦᠶ ᠵᠤᠶᠢᠯᠡᠰ ᠢ ᠳᠣᠤᠷᠠᠬᠢ ᠮᠡᠲᠦ ᠵᠠᠷᠯᠠᠶ᠎ᠠ᠄ | ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ᠂ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠡᠷᠬᠢᠯᠡᠨ | ᠬᠠᠮᠢᠶᠠᠷᠬᠤ ᠰᠠᠯᠠᠭ᠎ᠠ ᠮᠥᠴᠢᠷ ᠤᠳ ᠤᠰᠤᠨ ᠠᠰᠢᠭᠯᠠᠯᠲᠠ ᠶᠢᠨ ᠠᠵᠢᠯ ᠤᠨ ᠬᠠᠮᠢᠶᠠᠷᠤᠯᠲᠠ ᠶᠢᠨ ᠱᠠᠭᠠᠷᠳᠠᠯᠭ᠎ᠠ | ᠶᠣᠰᠣᠭᠠᠷ᠂ ᠤᠰᠤᠨ ᠴᠥᠭᠦᠷᠥᠮ᠂ ᠤᠰᠤᠨ ᠬᠠᠭᠠᠯᠲᠠ᠂ ᠭᠤᠣᠯ ᠤᠨ ᠵᠠᠮ ᠤᠨ ᠬᠠᠮᠢᠶᠠᠷᠤᠯᠲᠠ ᠪᠠ | ᠬᠠᠮᠠᠭᠠᠯᠠᠯᠲᠠ ᠶᠢᠨ ᠬᠡᠪᠴᠢᠶᠡᠨ ᠳᠤ ᠬᠠᠤᠯᠢ ᠶᠣᠰᠣᠭᠠᠷ ᠬᠢᠨᠠᠯᠲᠠ ᠬᠠᠮᠢᠶᠠᠷᠤᠯᠲᠠ ᠶᠠᠪᠤᠭᠤᠯᠤᠨ᠎ᠠ᠃ | ᠨᠢᠭᠡ᠂ ᠤᠰᠤᠨ ᠴᠥᠭᠦᠷᠥᠮ᠂ ᠤᠰᠤᠨ ᠬᠠᠭᠠᠯᠲᠠ᠂ ᠭᠤᠤᠯ ᠤᠨ ᠵᠠᠮ ᠤᠨ ᠬᠠᠮᠢᠶᠠᠷᠤᠯᠲᠠ᠂ | ᠬᠠᠮᠠᠭᠠᠯᠠᠯᠲᠠ ᠶᠢᠨ ᠬᠡᠪᠴᠢᠶᠡᠨ ᠳᠣᠲᠣᠷ᠎ᠠ᠂ ᠳᠣᠤᠷᠠᠬᠢ ᠮᠡᠲᠦ ᠬᠠᠤᠯᠢ ᠶᠣᠰᠣᠭᠠᠷ ᠬᠠᠮᠢᠶᠠᠷᠤᠨ ᠡᠵᠡᠮᠳᠡᠨ᠎ᠡ᠄ | 1 ᠤᠰᠤᠨ ᠴᠥᠭᠦᠷᠥᠮ᠂ ᠤᠰᠤᠨ ᠬᠠᠭᠠᠯᠲᠠ᠂ ᠭᠤᠣᠯ ᠤᠨ ᠵᠠᠮ ᠤᠨ ᠬᠠᠮᠢᠶᠠᠷᠤᠯᠲᠠ ᠪᠠ ᠬᠠᠮᠠᠭᠠᠯᠠᠯᠲᠠ ᠶᠢᠨ | ᠬᠡᠪᠴᠢᠶᠡᠨ ᠳᠣᠲᠣᠷ᠎ᠠ᠂ ᠬᠠᠰᠢᠯᠭ᠎ᠠ ᠬᠠᠰᠢᠯᠭ᠎ᠠ᠂ ᠤᠰᠤ ᠬᠤᠷᠢᠭᠯᠠᠬᠤ ᠰᠤᠪᠠᠭ᠂ ᠤᠰᠤ ᠬᠤᠷᠢᠭᠯᠠᠬᠤ ᠵᠠᠮ | ᠵᠠᠰᠠᠬᠤ ᠶᠢ ᠴᠠᠭᠠᠵᠠᠯᠠᠨ᠎ᠠ︔ ᠭᠤᠣᠯ ᠬᠠᠰᠢᠵᠤ ᠵᠢᠭᠠᠰᠤ ᠠᠩᠨᠠᠬᠤ ᠪᠠᠭᠠᠵᠢ ᠬᠡᠷᠡᠭᠰᠡᠯ ᠪᠠᠶᠢᠷᠢᠯᠠᠭᠤᠯᠬᠤ᠂ ᠬᠦᠳᠡᠷ ᠤᠨ | ᠰᠢᠭᠠᠷᠤ᠂ ᠴᠢᠯᠠᠭᠤᠨ ᠰᠢᠭᠠᠷᠤ᠂ ᠨᠡᠭᠦᠷᠡᠰᠦᠨ ᠤ ᠦᠨᠡᠰᠦ᠂ ᠰᠢᠪᠠᠷ ᠰᠢᠷᠣᠶ᠂ ᠬᠤᠭ ᠨᠣᠪᠰᠢ ᠵᠡᠷᠭᠡ ᠶᠢ ᠬᠠᠶᠠᠬᠤ ᠶᠢ | ᠴᠠᠭᠠᠵᠠᠯᠠᠨ᠎ᠠ︔ ᠭᠤᠣᠯᠳᠠᠯᠭ᠎ᠠ ᠲᠠᠢ ᠣᠷᠣᠨ ᠤ ᠳᠣᠲᠣᠷ᠎ᠠ ᠥᠨᠳᠥᠷ ᠡᠰᠢᠲᠦ ᠲᠠᠷᠢᠮᠠᠯ᠂ ᠬᠤᠯᠤᠰᠤ᠂ ᠴᠠᠭᠠᠨ | ᠪᠤᠷᠭᠠᠰᠤ᠂ ᠴᠠᠭᠠᠨ ᠲᠦᠯᠡᠭᠡ ᠪᠠ ᠮᠣᠳᠣ ︵ᠬᠠᠯᠬᠠᠪᠴᠢ ᠤᠢ ᠪᠠᠭᠲᠠᠬᠤ ᠥᠭᠡᠢ︶ ᠲᠠᠷᠢᠬᠤ ᠶᠢ ᠴᠠᠭᠠᠵᠠᠯᠠᠨ᠎ᠠ᠃ | 2 ᠤᠰᠤᠨ ᠴᠥᠭᠦᠷᠥᠮ᠂ ᠤᠰᠤᠨ ᠬᠠᠭᠠᠯᠲᠠ᠂ ᠭᠤᠣᠯ ᠤᠨ ᠵᠠᠮ ᠤᠨ ᠬᠠᠮᠢᠶᠠᠷᠤᠯᠲᠠ ᠪᠠ ᠬᠠᠮᠠᠭᠠᠯᠠᠯᠲᠠ ᠶᠢᠨ | ᠬᠡᠪᠴᠢᠶᠡᠨ ᠳᠣᠲᠣᠷ᠎ᠠ᠂ ᠤᠰᠤᠨ ᠴᠣᠭᠴᠠ ᠶᠢ ᠪᠣᠬᠢᠷᠲᠤᠭᠤᠯᠤᠭᠰᠠᠨ ᠪᠣᠳᠠᠰ ᠢ ᠣᠪᠣᠭᠠᠯᠠᠬᠤ᠂ ᠴᠢᠳᠬᠤᠬᠤ᠂ | ᠪᠤᠯᠠᠬᠤ᠂ ᠭᠠᠳᠠᠭᠰᠢᠯᠠᠭᠤᠯᠬᠤ ᠶᠢ ᠴᠠᠭᠠᠵᠠᠯᠠᠨ᠎ᠠ᠃ ᠤᠰᠦᠠ ᠴᠥᠭᠦᠷᠥᠮ᠂ ᠳᠣᠲᠣᠷ᠎ᠠ ᠨᠢ ᠲᠤᠰᠦᠠ ᠤ ᠵᠦᠢᠯ ᠪᠤᠶᠤ | ᠬᠤᠣᠷ ᠲᠠᠢ ᠪᠣᠬᠢᠷᠲᠤᠯ ᠪᠣᠳᠠᠰ ᠢ ᠰᠠᠪᠠᠯᠠᠵᠤ ᠬᠠᠳᠠᠭᠠᠯᠠᠵᠤ ᠥᠩᠭᠡᠷᠡᠭᠰᠡᠨ ᠲᠡᠷᠭᠡ ᠤᠨᠤᠭ᠎ᠠ᠂ ᠰᠡᠪᠡ ᠬᠡᠷᠡᠭᠰᠡᠯ ᠢ | ᠤᠬᠢᠶᠠᠵᠤ ᠴᠡᠪᠡᠷᠯᠡᠬᠦ ᠶᠢ ᠴᠠᠭᠠᠵᠠᠯᠠᠨ᠎ᠠ᠃ | 3 ᠤᠰᠤᠨ ᠴᠥᠭᠦᠷᠥᠮ᠂ ᠤᠰᠤᠨ ᠬᠠᠭᠠᠯᠲᠠ᠂ ᠭᠤᠣᠯ ᠤᠨ ᠵᠠᠮ ᠤᠨ ᠬᠠᠮᠢᠶᠠᠷᠤᠯᠲᠠ ᠪᠠ ᠬᠠᠮᠠᠭᠠᠯᠠᠯᠲᠠ ᠶᠢᠨ | ᠬᠡᠪᠴᠢᠶᠡᠨ ᠳᠣᠲᠣᠷ᠎ᠠ᠂ ᠭᠡᠷ ᠪᠠᠷᠢᠬᠤ᠂ ᠮᠠᠯ ᠬᠠᠷᠢᠭᠤᠯᠬᠤ᠂ ᠰᠤᠪᠠᠭ ᠨᠡᠭᠡᠭᠡᠬᠦ᠂ ᠬᠤᠳᠳᠤᠭ ᠮᠠᠯᠲᠠᠬᠤ᠂ ᠵᠣᠭᠤᠷᠢ | ᠮᠠᠯᠲᠠᠬᠤ᠂ ᠪᠤᠯᠠᠰᠢ ᠪᠤᠯᠠᠰᠢᠯᠠᠬᠤ᠂ ᠠᠮᠤ ᠪᠤᠳᠠᠭ᠎ᠠ ᠡᠭᠡᠭᠡᠬᠦ᠂ ᠪᠣᠳᠠᠰ ᠤᠨ ᠮᠠᠲ᠋ᠧᠷᠢᠶᠠᠯ ᠢ ᠬᠠᠳᠠᠭᠠᠯᠠᠬᠤ᠂ ᠭᠠᠵᠠᠷ | ᠳᠣᠣᠷᠠᠬᠢ ᠡᠬᠢ ᠪᠠᠶᠠᠯᠢᠭ ᠢ ᠨᠡᠭᠡᠭᠡᠨ ᠮᠠᠯᠲᠠᠬᠤ᠂ ᠬᠠᠭᠤᠴᠢ ᠰᠤᠳᠤᠯᠤᠯ ᠤᠨ ᠨᠡᠭᠡᠭᠡᠨ ᠮᠠᠯᠲᠠᠬᠤ ᠵᠢᠴᠢ ᠴᠤᠭᠯᠠᠭ᠎ᠠ | ᠮᠠᠶᠢᠮᠠᠶ ᠶᠢᠨ ᠠᠵᠢᠯᠯᠠᠭ᠎ᠠ ᠥᠷᠨᠢᠭᠦᠯᠬᠦ ᠶᠢ ᠴᠠᠭᠠᠵᠠᠯᠠᠨ᠎ᠠ︔ ᠤᠰᠤᠨ ᠴᠥᠭᠦᠷᠥᠮ ᠤᠨ ᠠᠵᠢᠯᠯᠠᠭᠠᠨ ᠪᠠ ᠤᠰᠤᠨ | ᠴᠥᠭᠦᠷᠥᠮ ᠤᠨ ᠠᠶᠤᠯᠭᠦᠶ ᠶᠢ ᠨᠥᠯᠥᠭᠡᠯᠡᠬᠦ ᠬᠤᠳᠳᠤᠭ ᠮᠠᠯᠲᠠᠬᠤ᠂ ᠥᠷᠥᠮᠳᠡᠨ ᠬᠠᠶᠢᠬᠤ᠂ ᠳᠡᠯᠪᠡᠴᠢᠬᠦ᠂ ᠴᠢᠯᠠᠭᠤ | ᠭᠠᠷᠭᠠᠬᠤ᠂ ᠰᠢᠷᠣᠶ ᠠᠪᠬᠤ ᠵᠡᠷᠭᠡ ᠠᠵᠢᠯᠯᠠᠭ᠎ᠠ ᠬᠢᠬᠦ ᠶᠢ ᠴᠠᠭᠠᠵᠠᠯᠠᠨ᠎ᠠ᠃ | 4 ᠤᠰᠤᠨ ᠴᠥᠭᠦᠷᠥᠮ᠂ ᠤᠰᠤᠨ ᠬᠠᠭᠠᠯᠲᠠ᠂ ᠭᠤᠣᠯ ᠤᠨ ᠵᠠᠮ ᠤᠨ ᠬᠠᠮᠢᠶᠠᠷᠤᠯᠲᠠ ᠪᠣᠯᠤᠨ | ᠬᠠᠮᠠᠭᠠᠯᠠᠯᠲᠠ ᠶᠢᠨ ᠬᠡᠪᠴᠢᠶᠡᠨ ᠳᠣᠲᠣᠷ᠎ᠠ ᠵᠥᠪᠰᠢᠶᠡᠷᠡᠯ ᠣᠯᠤᠭᠰᠠᠨ ᠥᠭᠡᠢ ᠪᠠᠷ ᠡᠯᠡᠰᠦ ᠮᠠᠯᠲᠠᠬᠤ᠂ ᠰᠢᠷᠣᠶ ᠠᠪᠬᠤ | ᠂ ᠠᠯᠲᠠ ᠲᠤᠩᠭᠠᠭᠠᠬᠤ᠂ ᠬᠠᠶᠢᠷ ᠴᠢᠯᠠᠭᠤ ᠪᠤᠶᠤ ᠯᠠᠭ ᠰᠢᠪᠡᠷ ᠬᠠᠶᠠᠬᠤ ᠶᠢ ᠴᠢᠩᠭ᠎ᠠ ᠴᠠᠭᠠᠵᠠᠯᠠᠨ᠎ᠠ ᠂ ᠵᠥᠪᠰᠢᠶᠡᠷᠡᠯ | ᠦᠭᠡᠢ ᠪᠠᠷ ᠤᠰᠤᠨ ᠴᠥᠭᠦᠷᠥᠮ᠂ ᠲᠠᠩ ᠭᠠᠵᠠᠷ ᠲᠤ ᠭᠠᠵᠠᠷ ᠳᠣᠣᠷᠠᠬᠢ ᠡᠬᠢ ᠪᠠᠶᠠᠯᠢᠭ ᠢ ᠨᠡᠭᠡᠭᠡᠨ ᠮᠠᠯᠲᠠᠬᠤ ᠵᠢᠴᠢ | ᠬᠠᠭᠤᠴᠢ ᠰᠤᠳᠤᠯᠤᠯ ᠤᠨ ᠨᠡᠭᠡᠭᠡᠨ ᠮᠠᠯᠲᠠᠬᠤ ᠶᠢ ᠴᠢᠩᠭ᠎ᠠ ᠴᠠᠭᠠᠵᠠᠯᠠᠨ᠎ᠠ︔ ᠵᠥᠪᠰᠢᠶᠡᠷᠡᠯ ᠦᠭᠡᠢ ᠪᠠᠷ ᠪᠠᠷᠢᠯᠭ᠎ᠠ ᠶᠢᠨ | ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠬᠢᠬᠦ ᠶᠢ ᠴᠢᠩᠭ᠎ᠠ ᠴᠠᠭᠠᠵᠠᠯᠠᠨ᠎ᠠ᠃ | ᠬᠤᠶᠠᠷ᠂ ᠳᠡᠭᠡᠷ᠎ᠡ ᠳᠤᠷᠠᠳᠤᠭᠰᠠᠨ ᠲᠣᠭᠲᠠᠭᠠᠯ ᠢ ᠵᠥᠷᠢᠴᠡᠪᠡᠯ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠤᠰᠤᠨ ᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠶᠡᠷ ᠢ | ᠰᠡᠷᠭᠡᠶᠢᠯᠡᠬᠦ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠴᠥᠭᠦᠷᠥᠮ ᠤᠨ | ᠬᠠᠮᠢᠶᠠᠷᠤᠯᠲᠠ ᠶᠢᠨ ᠲᠦᠷᠢᠮ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠤᠣᠯ ᠤᠨ ᠵᠠᠮ ᠤᠨ | ᠬᠠᠮᠢᠶᠠᠷᠤᠯᠲᠠ ᠶᠢᠨ ᠲᠦᠷᠢᠮ︾ ᠵᠢᠴᠢ ᠬᠤᠯᠪᠣᠭᠳᠠᠯ ᠪᠦᠬᠦᠢ ᠬᠠᠤᠯᠢ ᠲᠣᠭᠲᠠᠭᠠᠯ ᠤᠨ ᠲᠣᠭᠲᠠᠭᠠᠯ ᠢ ᠦᠨᠳᠦᠰᠦᠯᠡᠨ᠂ | ᠲᠤᠬᠠᠶ ᠶᠢᠨ ᠬᠥᠮᠦᠨ ᠤ ᠬᠠᠤᠯᠢ ᠶᠢᠨ ᠬᠠᠷᠢᠭᠤᠴᠠᠯᠭ᠎ᠠ ᠶᠢ ᠨᠡᠬᠡᠮᠵᠢᠯᠡᠨ᠎ᠡ᠃ | ᠭᠤᠷᠪᠠ᠂ ᠬᠠᠮᠢᠶᠠᠷᠤᠯᠲᠠ ᠬᠢᠭᠡᠳ ᠬᠠᠮᠠᠭᠠᠯᠠᠯᠲᠠ ᠶᠢᠨ ᠬᠦᠷᠢᠶ᠎ᠡ ᠬᠡᠪᠴᠢᠶ᠎ᠡ ᠶᠢ ᠵᠠᠭᠠᠭᠯᠠᠨ ᠲᠣᠭᠲᠠᠭᠠᠬᠤ ᠵᠠᠷᠴᠢᠮ | 1 ᠤᠰᠤᠨ ᠴᠥᠭᠦᠷᠥᠮ ᠤᠨ ᠬᠠᠮᠢᠶᠠᠷᠤᠯᠲᠠ ᠬᠢᠭᠡᠳ ᠬᠠᠮᠠᠭᠠᠯᠠᠯᠲᠠ ᠶᠢᠨ ᠬᠦᠷᠢᠶ᠎ᠡ ᠬᠡᠪᠴᠢᠶ᠎ᠡ ᠶᠢ ᠵᠠᠭᠠᠭᠯᠠᠨ | ᠲᠣᠭᠲᠠᠭᠠᠬᠤ ᠵᠠᠷᠴᠢᠮ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠤ ᠢᠨᠵᠧᠨᠧᠷᠢᠩ ᠤᠨ | ᠬᠠᠮᠢᠶᠠᠷᠤᠯᠲᠠ ᠪᠠ ᠬᠠᠮᠠᠭᠠᠯᠠᠯᠲᠠ ᠶᠢᠨ ᠬᠦᠷᠢᠶ᠎ᠡ ᠬᠡᠪᠴᠢᠶ᠎ᠡ ᠶᠢ ᠬᠤᠪᠢᠶᠠᠷᠢᠯᠠᠨ ᠲᠣᠭᠲᠠᠭᠠᠬᠤ ᠪᠠᠷᠢᠮᠵᠢᠶ᠎ᠠ︾ | ᠶᠣᠰᠣᠭᠠᠷ᠂ ᠤᠰᠤᠨ ᠴᠥᠭᠦᠷᠥᠮ ᠤᠨ ᠡᠷᠬᠢᠨ ᠲᠣᠭᠤᠷᠢᠨ ᠤ ᠪᠣᠳᠠᠲᠠᠶ ᠪᠠᠶᠢᠳᠠᠯ ᠢ ᠦᠨᠳᠦᠰᠦᠯᠡᠨ᠂ ᠬᠤᠪᠢᠶᠠᠷᠢᠯᠠᠨ | ᠲᠣᠭᠲᠠᠭᠠᠬᠤ ᠦᠨᠳᠦᠰᠦᠯᠡᠯ ᠳᠠᠬᠢ ᠬᠠᠮᠢᠶᠠᠷᠤᠯᠲᠠ ᠶᠢᠨ ᠬᠦᠷᠢᠶ᠎ᠡ ᠬᠡᠪᠴᠢᠶ᠎ᠡ ᠶᠢ ᠬᠤᠪᠢᠶᠠᠷᠢᠯᠠᠨ ᠲᠣᠭᠲᠠᠭᠠᠬᠤ | ᠨᠡᠯᠢᠶᠡᠳ ᠪᠠᠭ᠎ᠠ ᠬᠡᠮᠵᠢᠭᠳᠡᠯ ᠢᠶᠠᠷ ᠬᠤᠪᠢᠶᠠᠷᠢᠯᠠᠨ ᠲᠣᠭᠲᠠᠭᠠᠬᠤ ᠪᠠᠷᠢᠮᠵᠢᠶ᠎ᠠ ᠪᠣᠯᠭᠠᠨ᠎ᠠ᠃ ᠤᠰᠤᠨ ᠴᠥᠭᠦᠷᠥᠮ ᠤᠨ | ᠬᠠᠮᠢᠶᠠᠷᠤᠯᠲᠠ ᠶᠢᠨ ᠬᠡᠪᠴᠢᠶ᠎ᠡ ᠶᠢ ᠬᠠᠷᠭᠤᠭᠤᠯᠬᠤ ᠦᠶᠡᠷ ᠤᠨ ᠤᠰᠤᠨ ᠤ ᠲᠦᠪᠰᠢᠨ ᠢᠶᠠᠷ ᠲᠣᠭᠲᠠᠭᠠᠵᠤ᠂ ᠶᠡᠭᠡ | ᠬᠠᠰᠢᠯᠭ᠎ᠠ ᠶᠢᠨ ᠬᠠᠮᠢᠶᠠᠷᠤᠯᠲᠠ ᠶᠢᠨ ᠬᠡᠪᠴᠢᠶ᠎ᠡ ᠶᠢ ᠬᠠᠰᠢᠯᠭ᠎ᠠ ᠶᠢᠨ ᠮᠥᠷᠥ ᠠᠴᠠ ᠭᠠᠳᠠᠨᠠᠬᠢ 100 ᠮᠧᠲᠷ᠂ ᠡᠮᠦᠨ᠎ᠡ | ᠬᠠᠰᠢᠯᠭ᠎ᠠ ᠶᠢᠨ ᠬᠤᠷᠮᠣᠶ ᠶᠢᠨ ᠳᠡᠭᠡᠳᠦ ᠤᠷᠤᠰᠬᠠᠯ ᠤᠨ 100 ᠮᠧᠲᠷ᠂ ᠠᠷᠤ ᠬᠠᠰᠢᠯᠭ᠎ᠠ ᠶᠢᠨ ᠬᠤᠷᠮᠣᠶ ᠶᠢᠨ | ᠳᠣᠤᠷᠠᠳᠤ ᠤᠷᠤᠰᠬᠠᠯ ᠤᠨ 500 ᠮᠧᠲᠷ᠂ ᠳᠠᠭᠠᠯᠲᠠ ᠪᠠᠷᠢᠯᠭ᠎ᠠ ᠶᠢᠨ ᠭᠠᠳᠠᠷ ᠬᠥᠪᠡᠭᠡ ᠠᠴᠠ ᠭᠠᠳᠠᠨᠠᠬᠢ 50 | ᠮᠧᠲᠷ ᠤᠨ ᠬᠡᠪᠴᠢᠶ᠎ᠡ ᠪᠠᠷ ᠵᠠᠭᠠᠭᠯᠠᠨ ᠲᠣᠭᠲᠠᠭᠠᠨ᠎ᠠ᠃ ᠬᠠᠰᠢᠯᠭ᠎ᠠ ᠶᠢᠨ ᠣᠷᠣᠨ ᠤ ᠬᠠᠮᠠᠭᠠᠯᠠᠯᠲᠠ ᠶᠢᠨ ᠬᠦᠷᠢᠶ᠎ᠡ | ᠬᠡᠪᠴᠢᠶ᠎ᠡ ᠶᠢ ᠬᠠᠰᠢᠯᠭ᠎ᠠ ᠶᠢᠨ ᠭᠠᠵᠠᠷ ᠤᠨ ᠣᠷᠣᠨ ᠪᠦᠰᠡ ᠶᠢᠨ ᠬᠠᠮᠢᠶᠠᠷᠤᠯᠲᠠ ᠶᠢᠨ ᠬᠦᠷᠢᠶ᠎ᠡ ᠬᠡᠪᠴᠢᠶ᠎ᠡ ᠠᠴᠠ | ᠭᠠᠳᠠᠨᠠᠬᠢ 100 ᠮᠧᠲᠷ ᠢᠶᠠᠷ ᠬᠤᠪᠢᠶᠠᠷᠢᠯᠠᠨ ᠲᠣᠭᠲᠠᠭᠠᠵᠤ᠂ ᠴᠥᠭᠦᠷᠥᠮ ᠤᠨ ᠣᠷᠣᠨ ᠤ ᠬᠠᠮᠠᠭᠠᠯᠠᠯᠲᠠ ᠶᠢᠨ | ᠬᠦᠷᠢᠶ᠎ᠡ ᠬᠡᠪᠴᠢᠶ᠎ᠡ ᠶᠢ ᠬᠠᠮᠢᠶᠠᠷᠤᠯᠲᠠ ᠶᠢᠨ ᠬᠦᠷᠢᠶ᠎ᠡ ᠬᠡᠪᠴᠢᠶ᠎ᠡ ᠠᠴᠠ ᠭᠠᠳᠠᠨᠠᠬᠢ 50 ᠮᠧᠲᠷ ᠤᠨ ᠬᠦᠷᠢᠶ᠎ᠡ | ᠬᠡᠪᠴᠢᠶ᠎ᠡ ᠪᠠᠷ ᠬᠤᠪᠢᠶᠠᠷᠢᠯᠠᠨ ᠲᠣᠭᠲᠠᠭᠠᠵᠤ᠂ ᠳᠣᠤᠷᠠᠳᠤ ᠤᠷᠤᠰᠬᠠᠯ ᠤᠨ ᠬᠠᠮᠠᠭᠠᠯᠠᠯᠲᠠ ᠶᠢᠨ ᠬᠦᠷᠢᠶ᠎ᠡ ᠬᠡᠪᠴᠢᠶ᠎ᠡ ᠶᠢ | ᠬᠠᠮᠢᠶᠠᠷᠤᠯᠲᠠ ᠶᠢᠨ ᠬᠦᠷᠢᠶ᠎ᠡ ᠬᠡᠪᠴᠢᠶ᠎ᠡ ᠠᠴᠠ ᠭᠠᠳᠠᠨᠠᠬᠢ 200 ᠮᠧᠲᠷ ᠤᠨ ᠬᠦᠷᠢᠶ᠎ᠡ ᠬᠡᠪᠴᠢᠶ᠎ᠡ ᠪᠠᠷ ᠬᠤᠪᠢᠶᠠᠷᠢᠯᠠᠨ | ᠲᠣᠭᠲᠠᠭᠠᠵᠤ᠂ ᠤᠰᠤᠨ ᠴᠥᠭᠦᠷᠥᠮ ᠤᠨ ᠳᠠᠭᠠᠯᠲᠠ ᠪᠠᠷᠢᠯᠭ᠎ᠠ ᠶᠢᠨ ᠬᠠᠮᠠᠭᠠᠯᠠᠯᠲᠠ ᠶᠢᠨ ᠬᠦᠷᠢᠶ᠎ᠡ ᠬᠡᠪᠴᠢᠶ᠎ᠡ ᠶᠢ 3 | 00 ᠮᠧᠲᠷ ᠤᠨ ᠬᠦᠷᠢᠶ᠎ᠡ ᠬᠡᠪᠴᠢᠶ᠎ᠡ ᠪᠠᠷ ᠬᠤᠪᠢᠶᠠᠷᠢᠯᠠᠨ ᠲᠤᠭᠳᠠᠭᠠᠨ᠎ᠠ᠃ | 2. ᠤᠰᠤᠨ ᠬᠠᠭᠠᠯᠲᠠ ᠶᠢᠨ ᠬᠠᠮᠢᠶᠠᠷᠤᠯᠲᠠ ᠬᠢᠭᠡᠳ ᠬᠠᠮᠠᠭᠠᠯᠠᠯᠲᠠ ᠶᠢᠨ ᠬᠦᠷᠢᠶ᠎ᠡ ᠬᠡᠪᠴᠢᠶ᠎ᠡ ᠶᠢ ᠬᠤᠪᠢᠶᠠᠷᠢᠯᠠᠨ | ᠲᠣᠭᠲᠠᠭᠠᠬᠤ ᠵᠠᠷᠴᠢᠮ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠤ ᠢᠨᠵᠧᠨᠧᠷᠢᠩ ᠤᠨ | ᠬᠠᠮᠢᠶᠠᠷᠤᠯᠲᠠ ᠪᠠ ᠬᠠᠮᠠᠭᠠᠯᠠᠯᠲᠠ ᠶᠢᠨ ᠬᠦᠷᠢᠶ᠎ᠡ ᠬᠡᠪᠴᠢᠶ᠎ᠡ ᠶᠢ ᠬᠤᠪᠢᠶᠠᠷᠢᠯᠠᠨ ᠲᠣᠭᠲᠠᠭᠠᠬᠤ ᠪᠠᠷᠢᠮᠵᠢᠶ᠎ᠠ︾ | ᠶᠣᠰᠣᠭᠠᠷ᠂ ᠤᠰᠤᠨ ᠴᠥᠭᠦᠷᠥᠮ ᠤᠨ ᠡᠷᠬᠢᠨ ᠲᠣᠭᠤᠷᠢᠨ ᠤ ᠪᠣᠳᠠᠲᠠᠶ ᠪᠠᠶᠢᠳᠠᠯ ᠢ ᠦᠨᠳᠦᠰᠦᠯᠡᠨ᠂ ᠬᠤᠪᠢᠶᠠᠷᠢᠯᠠᠨ | ᠲᠣᠭᠲᠠᠭᠠᠬᠤ ᠦᠨᠳᠦᠰᠦᠯᠡᠯ ᠳᠠᠬᠢ ᠬᠠᠮᠢᠶᠠᠷᠤᠯᠲᠠ ᠶᠢᠨ ᠬᠦᠷᠢᠶ᠎ᠡ ᠬᠡᠪᠴᠢᠶ᠎ᠡ ᠶᠢ ᠬᠤᠪᠢᠶᠠᠷᠢᠯᠠᠨ ᠲᠣᠭᠲᠠᠭᠠᠬᠤ | ᠨᠡᠯᠢᠶᠡᠳ ᠪᠠᠭ᠎ᠠ ᠬᠡᠮᠵᠢᠭᠳᠡᠯ ᠢᠶᠠᠷ ᠬᠤᠪᠢᠶᠠᠷᠢᠯᠠᠨ ᠲᠣᠭᠲᠠᠭᠠᠬᠤ ᠪᠠᠷᠢᠮᠵᠢᠶ᠎ᠠ ᠪᠣᠯᠭᠠᠨ᠎ᠠ᠃ ᠤᠰᠤᠨ ᠬᠠᠭᠠᠯᠲᠠ ᠶᠢᠨ | ᠬᠠᠮᠢᠶᠠᠷᠤᠯᠲᠠ ᠶᠢᠨ ᠬᠡᠪᠴᠢᠶ᠎ᠡ ᠨᠢ ᠳᠡᠭᠡᠳᠦ ᠳᠣᠤᠷᠠᠳᠤ ᠤᠷᠤᠰᠬᠠᠯ ᠤᠨ ᠲᠣᠰ ᠪᠦᠷᠢ 150 ᠮᠧᠲᠷ᠂ ᠬᠤᠶᠠᠷ | ᠲᠠᠯ᠎ᠠ ᠶᠢᠨ ᠲᠣᠰ ᠪᠦᠷᠢ 40 ᠮᠧᠲᠷ ᠪᠣᠯᠤᠨ᠎ᠠ᠃ ᠤᠰᠤᠨ ᠬᠠᠭᠠᠯᠲᠠ ᠶᠢᠨ ᠬᠠᠮᠠᠭᠠᠯᠠᠯᠲᠠ ᠶᠢᠨ ᠬᠡᠪᠴᠢᠶ᠎ᠡ ᠨᠢ | ᠬᠠᠮᠢᠶᠠᠷᠤᠯᠲᠠ ᠶᠢᠨ ᠬᠡᠪᠴᠢᠶᠡᠨ ᠠᠴᠠ ᠭᠠᠳᠠᠨᠠᠬᠢ ᠳᠡᠭᠡᠳᠦ ᠳᠣᠤᠷᠠᠳᠤ ᠤᠷᠤᠰᠬᠠᠯ ᠤᠨ ᠲᠣᠰ ᠪᠦᠷᠢ 200 ᠮᠧᠲᠷ᠂ | ᠬᠤᠶᠠᠷ ᠬᠠᠵᠠᠭᠤ ᠶᠢᠨ ᠲᠣᠰ ᠪᠦᠷᠢ 100 ᠮᠧᠲᠷ ᠪᠣᠯᠤᠨ᠎ᠠ᠃ | 3 ᠬᠠᠰᠢᠯᠭ᠎ᠠ ᠳᠠᠯᠠᠩ ᠤᠨ ᠬᠠᠮᠢᠶᠠᠷᠤᠯᠲᠠ ᠬᠢᠭᠡᠳ ᠬᠠᠮᠠᠭᠠᠯᠠᠯᠲᠠ ᠶᠢᠨ ᠬᠡᠪᠴᠢᠶ᠎ᠡ ᠶᠢ ᠵᠠᠭᠠᠭᠯᠠᠨ ᠲᠣᠭᠲᠠᠭᠠᠬᠤ | ᠵᠠᠷᠴᠢᠮ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠤ ᠢᠨᠵᠧᠨᠧᠷᠢᠩ ᠤᠨ ᠬᠠᠮᠢᠶᠠᠷᠤᠯᠲᠠ | ᠪᠠ ᠬᠠᠮᠠᠭᠠᠯᠠᠯᠲᠠ ᠶᠢᠨ ᠬᠦᠷᠢᠶ᠎ᠡ ᠬᠡᠪᠴᠢᠶ᠎ᠡ ᠶᠢ ᠬᠤᠪᠢᠶᠠᠷᠢᠯᠠᠨ ᠲᠣᠭᠲᠠᠭᠠᠬᠤ ᠪᠠᠷᠢᠮᠵᠢᠶ᠎ᠠ︾ ᠶᠣᠰᠣᠭᠠᠷ᠂ ᠤᠰᠤᠨ | ᠴᠥᠭᠦᠷᠥᠮ ᠤᠨ ᠡᠷᠬᠢᠨ ᠲᠣᠭᠤᠷᠢᠨ ᠤ ᠪᠣᠳᠠᠲᠠᠶ ᠪᠠᠶᠢᠳᠠᠯ ᠢ ᠦᠨᠳᠦᠰᠦᠯᠡᠨ᠂ ᠬᠤᠪᠢᠶᠠᠷᠢᠯᠠᠨ ᠲᠣᠭᠲᠠᠭᠠᠬᠤ | ᠦᠨᠳᠦᠰᠦᠯᠡᠯ ᠳᠠᠬᠢ ᠬᠠᠮᠢᠶᠠᠷᠤᠯᠲᠠ ᠶᠢᠨ ᠬᠦᠷᠢᠶ᠎ᠡ ᠬᠡᠪᠴᠢᠶ᠎ᠡ ᠶᠢ ᠬᠤᠪᠢᠶᠠᠷᠢᠯᠠᠨ ᠲᠣᠭᠲᠠᠭᠠᠬᠤ ᠨᠡᠯᠢᠶᠡᠳ ᠪᠠᠭ᠎ᠠ | ᠬᠡᠮᠵᠢᠭᠳᠡᠯ ᠢᠶᠠᠷ ᠬᠤᠪᠢᠶᠠᠷᠢᠯᠠᠨ ᠲᠣᠭᠲᠠᠭᠠᠬᠤ ᠪᠠᠷᠢᠮᠵᠢᠶ᠎ᠠ ᠪᠣᠯᠭᠠᠨ᠎ᠠ᠃ ᠬᠠᠰᠢᠯᠭ᠎ᠠ ᠶᠢᠨ ᠬᠠᠮᠢᠶᠠᠷᠤᠯᠲᠠ ᠶᠢᠨ ᠬᠦᠷᠢᠶ᠎ᠡ | ᠬᠡᠪᠴᠢᠶ᠎ᠡ ᠨᠢ ᠬᠠᠰᠢᠯᠭ᠎ᠠ ᠶᠢᠨ ᠬᠤᠷᠮᠣᠶ ᠠᠴᠠ ᠭᠠᠳᠠᠨᠠᠬᠢ ᠬᠤᠶᠠᠷ ᠲᠠᠯ᠎ᠠ ᠪᠠᠷ ᠲᠤᠰ ᠪᠦᠷᠢ 30 ᠮᠧᠲᠷ ᠪᠠᠶᠢᠳᠠᠭ᠃ | ᠬᠠᠰᠢᠯᠭ᠎ᠠ ᠳᠠᠯᠠᠩ ᠤᠨ ᠬᠠᠮᠠᠭᠠᠯᠠᠯᠲᠠ ᠶᠢᠨ ᠬᠡᠪᠴᠢᠶ᠎ᠡ ᠨᠢ ᠬᠠᠮᠢᠶᠠᠷᠤᠯᠲᠠ ᠶᠢᠨ ᠬᠡᠪᠴᠢᠶ᠎ᠡ ᠠᠴᠠ ᠭᠠᠳᠠᠨ᠎ᠠ 30 | ᠮᠧᠲᠷ ᠪᠠᠶᠢᠳᠠᠭ᠃ |