ᠰᠢᠶᠠᠨ ᠤ ᠡᠮᠨᠡᠯᠭᠡ ᠶᠢᠨ ᠬᠤᠷᠢᠶᠠᠨ ᠤ ᠨᠠᠮ ᠤᠨ ᠡᠭᠦᠷ ᠪᠣᠯᠤᠨ ᠵᠠᠰᠠᠭ ᠵᠠᠬᠢᠷᠭᠠᠨ ᠤ ᠲᠦᠷ ᠬᠤᠷᠢᠬᠤ ᠭᠠᠵᠠᠷ ᠤᠨ ᠨᠠᠮ ᠤᠨ ᠡᠭᠦᠷ ᠬᠠᠮᠲᠤᠷᠠᠨ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2023/4/9
    4 ᠰᠠᠷ᠎ᠠ ᠶᠢᠨ 6 ᠤ ᠡᠳᠦᠷ᠂ ᠰᠢᠶᠠᠨ ᠤ ᠡᠮᠨᠡᠯᠭᠡ ᠶᠢᠨ ᠬᠤᠷᠢᠶᠠᠨ ᠤ ᠨᠠᠮ ᠤᠨ ᠡᠭᠦᠷ ᠪᠣᠯᠤᠨ ᠵᠠᠰᠠᠭ ᠵᠠᠬᠢᠷᠭᠠᠨ ᠤ ᠲᠦᠷ ᠬᠤᠷᠢᠬᠤ ᠭᠠᠵᠠᠷ ᠤᠨ ᠨᠠᠮ ᠤᠨ ᠡᠭᠦᠷ ᠬᠠᠮᠲᠤᠷᠠᠨ ︽ᠬᠤᠪᠢᠰᠬᠠᠯᠲᠤ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠵᠤ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠬᠦ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠵᠡᠢ᠃
        ᠲᠤᠰ ᠤᠳᠠᠭᠠᠨ ᠤ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠨᠢ ᠪᠦᠬᠦ ᠨᠠᠮ ᠤᠨ ᠭᠡᠰᠢᠭᠦᠨ ᠳᠤ ᠨᠢᠭᠡ ᠤᠳᠠᠭᠠᠨ ᠤ ᠭᠦᠨ ᠭᠦᠨᠵᠡᠭᠡᠶ ᠦᠵᠡᠯ ᠰᠠᠨᠠᠭᠠᠨ ᠤ ᠬᠥᠮᠦᠵᠢᠯ ᠬᠦᠷᠲᠡᠭᠡᠵᠦ᠂ ᠲᠡᠳᠡᠨ ᠤ ᠠᠷᠢᠭᠤᠨ ᠴᠢᠬᠡᠴᠢ ᠶᠢᠨ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠭᠰᠡᠨ ᠪᠠᠶᠢᠨ᠎ᠠ᠃ ᠵᠠᠰᠠᠭ ᠵᠠᠬᠢᠷᠭᠠᠨ ᠤ ᠲᠦᠷ ᠬᠤᠷᠢᠬᠤ ᠭᠠᠵᠠᠷ ᠤᠨ ᠨᠠᠮ ᠤᠨ ᠡᠭᠦᠷ ᠤᠨ ᠱᠦᠵᠢ᠂ ᠭᠠᠵᠠᠷ ᠤᠨ ᠳᠠᠷᠤᠭ᠎ᠠ ᠸᠠᠩ ᡁᠢ᠄ ︽ᠬᠤᠶᠢᠰᠢᠳᠠ ᠪᠢᠳᠡ ᠦᠷᠭᠦᠯᠵᠢᠯᠡᠨ ᠲᠤᠯᠭᠤᠷ ᠵᠣᠷᠢᠯᠲᠠ ᠪᠠᠨ ᠮᠠᠷᠲᠠᠯ ᠥᠬᠡᠶ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠲᠦᠷᠢᠮ ᠲᠣᠭᠲᠠᠭᠠᠯ ᠢ ᠴᠢᠩᠭ᠎ᠠ ᠵᠢᠷᠤᠮᠯᠠᠨ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠪᠠᠨ ᠭᠦᠶ᠋ᠴᠡᠳᠬᠡᠵᠦ᠂ ᠪᠢᠰᠢᠷᠡᠨ ᠵᠢᠷᠦᠬᠡᠰᠢᠶᠡᠬᠦ ᠶᠢ ᠮᠡᠳᠡᠬᠦ᠂ ᠰᠡᠷᠡᠮᠵᠢᠯᠡᠨ ᠡᠮᠢᠶᠡᠬᠦ᠂ ᠬᠤᠷᠢᠭ᠎ᠠ ᠱᠤᠭᠤᠮ ᠢ ᠰᠠᠬᠢᠬᠤ ᠶᠢ ᠡᠷᠡᠰ ᠪᠡᠶᠡᠯᠡᠭᠦᠯᠵᠦ᠂ ᠢᠯᠵᠠᠷᠠᠯ ᠢ ᠡᠰᠡᠷᠭᠦᠴᠡᠨ ᠬᠤᠪᠢᠷᠠᠭᠤᠯᠤᠯᠲᠠ ᠶᠢ ᠰᠡᠷᠭᠡᠶᠢᠯᠡᠬᠦ ᠦᠵᠡᠯ ᠰᠠᠨᠠᠭ᠎ᠠ ᠶᠣᠰᠣ ᠮᠣᠷᠠᠯ ᠤᠨ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠲᠤ ᠴᠣᠭᠴᠠᠯᠠᠨ᠎ᠠ︾ ᠭᠡᠵᠡᠶ᠃                                                ᠨᠠᠶᠢᠷᠠᠭᠤᠯᠤᠭᠴᠢ᠄  ᠯᠢ ᠬᠤᠩ ᠢᠦᠢ                                                  ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2