ᠯᠢᠦ ᠵᠢᠶᠦ᠋ᠨ ᠬᠤᠸᠠ᠄ 《ᠤᠯᠠᠮᠵᠢᠯᠠᠯᠲᠤ ᠪᠥᠰ ᠤᠷᠠᠯᠠᠯ ᠤᠨ ᠲᠤᠬᠠᠢ》ᠠᠷᠠᠳ ᠤᠨ ᠤᠯᠠᠮᠵᠢᠯᠠᠯᠲᠤ ᠤᠷ᠎ᠠ ᠮᠡᠷᠭᠡᠵᠢᠯ ᠢ ᠬᠠᠶᠢᠬᠤ ᠨᠢ
ᠨᠡᠶᠢᠲᠡᠯᠡᠭᠰᠡᠨ ᠴᠠᠭ᠄
2023/4/9
   ᠵᠡᠭᠦᠦ ᠪᠠᠷ ᠪᠢᠷ ᠪᠣᠯᠭᠠᠵᠤ᠂ ᠤᠲᠠᠰᠤ ᠪᠠᠷ ᠥᠩᠭᠡ ᠣᠷᠣᠭᠤᠯᠤᠨ᠎ᠠ᠃ ᠡᠯ᠎ᠡ ᠵᠦᠢᠯ ᠤᠨ ᠠᠳᠠᠯᠢ ᠪᠤᠰᠤ ᠴᠢᠨᠠᠷ ᠲᠠᠢ ᠲᠣᠷᠭ᠎ᠠ ᠳᠤᠷᠳᠤᠩ᠂ ᠪᠦᠳᠦᠭᠦᠯᠢᠭ ᠪᠥᠰ᠂ ᠬᠥᠪᠥᠩ ᠪᠥᠰ ᠨᠢ ᠪᠥᠰ ᠤᠷᠠᠯᠠᠯ ᠤᠨ ᠭᠠᠷ ᠤᠷᠠᠴᠤᠳ ᠯᠢᠦ ᠵᠢᠶᠦ᠋ᠨ ᠬᠤᠸᠠ ᠶᠢᠨ ᠬᠤᠷᠴᠠ ᠱᠠᠯᠠᠮᠠᠭᠠᠶ ᠬᠤᠶᠠᠷ ᠭᠠᠷ ᠤᠨ ᠳᠣᠣᠷ᠎ᠠ ᠠᠳᠠᠯᠢ ᠪᠤᠰᠤ ᠶᠣᠭᠲᠠ ᠤᠳᠬ᠎ᠠ ᠪᠠ ᠠᠮᠢᠵᠢᠷᠠᠯ ᠤᠨ ᠬᠦᠴᠦᠨ ᠲᠠᠢ ᠪᠣᠯᠵᠤ᠂ ᠭᠤᠶᠢᠳᠠ ᠰᠠᠶᠢᠬᠠᠨ ᠤᠷᠠᠯᠢᠭ ᠤᠨ ᠪᠦᠲᠦᠭᠡᠯ ᠪᠣᠯᠤᠭᠰᠠᠨ ᠪᠠᠶᠢᠨ᠎ᠠ᠃ ᠡᠨᠡ ᠵᠢᠯ 48 ᠨᠠᠰᠤᠲᠠᠢ ᠯᠢᠦ ᠵᠢᠶᠦ᠋ᠨ ᠬᠤᠸᠠ ᠪᠣᠯ ᠯᠢᠶᠠᠩᠴᠧᠩ ᠰᠢᠶᠠᠨ ᠤ  ᠬᠤᠩ ᠮᠤᠤ ᠪᠠᠯᠭᠠᠰᠤᠨ ᠤ ᠨᠢᠭᠡᠨ ᠪᠦᠰ ᠤᠷᠠᠯᠠᠯ ᠤᠨ ᠭᠠᠷ ᠤᠷᠠᠴᠤᠳ᠂ ᠡᠵᠢ ᠶᠢᠨ ᠢᠶᠠᠨ ᠨᠥᠯᠥᠭᠡ ᠶᠢ ᠬᠦᠷᠳᠡᠵᠦ᠂ ᠪᠠᠭ᠎ᠠ ᠠᠴᠠ ᠪᠠᠨ ᠡᠯ᠎ᠡ ᠵᠦᠢᠯ ᠤᠨ ᠭᠠᠷ ᠤᠷᠠᠯᠠᠯ ᠤᠨ ᠪᠦᠰ ᠤᠷᠠᠯᠠᠯ ᠤᠨ ᠠᠵᠢᠯ ᠬᠢᠬᠦ ᠳᠤᠷᠠᠲᠠᠢ᠂ ᠦᠷᠭᠦᠯᠵᠢ ᠡᠵᠢ ᠲᠠᠢ ᠪᠠᠨ ᠬᠠᠮᠲᠤ ᠱᠠᠬᠠᠢ ᠶᠢᠨ ᠤᠯᠠᠪᠴᠢ ᠠᠪᠴᠤ᠂ ᠱᠠᠬᠠᠢ ᠬᠢᠵᠦ᠂ ᠪᠠᠰᠠ ᠡᠯ᠎ᠡ ᠵᠦᠢᠯ ᠤᠨ ᠤᠯᠠᠮᠵᠢᠯᠠᠯᠲᠤ ᠪᠦᠰ ᠤᠷᠠᠯᠠᠯ ᠤᠨ ᠬᠡᠦᠬᠡᠯᠳᠡᠢ ᠶᠢ ᠬᠢᠳᠡᠭ᠃
     ᠯᠢᠦ ᠵᠢᠶᠦ᠋ᠨ ᠬᠤᠸᠠ ᠶᠢᠨ ᠭᠡᠷ ᠲᠤ ᠣᠷᠣᠬᠤ ᠳᠤ ᠶᠠᠩᠵᠤ ᠪᠦᠷᠢ ᠶᠢᠨ ᠳᠦᠷᠢ ᠲᠥᠷᠬᠦ ᠨᠢ ᠦᠨᠡᠨ ᠪᠣᠳᠠᠲᠠᠶ᠂ ᠶᠠᠩᠵᠤ ᠪᠦᠷᠢ ᠶᠢᠨ ᠪᠥᠰ ᠤᠷᠠᠯᠢᠭ ᠤᠨ ᠪᠦᠲᠦᠭᠡᠯ ᠨᠢᠳᠦᠨ ᠳᠤ ᠲᠣᠳᠣᠷᠠᠵᠤ᠂ ᠤᠷᠠᠨ ᠨᠠᠷᠢᠯᠢᠭ ᠥᠯᠵᠡᠶᠢᠲᠦ ᠰᠢᠪᠠᠭᠤ᠂ ᠥᠯᠵᠡᠶᠢᠲᠦ ᠳ᠋ᠧᠩᠯᠦ᠂ ᠤᠷᠠᠨ ᠨᠠᠷᠢᠯᠢᠭ ᠦᠨᠦᠷᠲᠦ ᠬᠠᠪᠲᠠᠭ᠎ᠠ ᠵᠡᠷᠭᠡ ᠨᠢ ᠬᠥᠮᠦᠰ ᠤᠨ ᠪᠠᠭ᠋ᠠᠷᠬᠠᠯ ᠢ ᠲᠠᠲᠠᠳᠠᠭ᠃ ᠰᠢᠷᠡᠭᠡᠨ ᠳᠡᠭᠡᠷ᠎ᠡ ᠪᠠᠨ ᠪᠥᠰ ᠤᠷᠠᠯᠢᠭ ᠤᠨ ᠪᠠᠷᠰ ᠤᠨ ᠬᠠᠭᠠᠰ ᠪᠦᠲᠦᠭᠡᠭᠳᠡᠬᠦᠨ ᠪᠠ ᠪᠥᠰ ᠤᠷᠠᠯᠢᠭ ᠤᠨ ᠮᠠᠲ᠋ᠧᠷᠢᠶᠠᠯ᠂ ᠪᠠᠭᠠᠵᠢ ᠬᠡᠷᠡᠭᠰᠡᠯ ᠵᠡᠷᠭᠡᠯᠡᠵᠦ᠂ ᠯᠢᠦ ᠵᠢᠶᠦ᠋ᠨ ᠬᠤᠸᠠ ᠰᠢᠷᠡᠭᠡᠨ ᠤ ᠪᠠᠨ ᠡᠮᠦᠨ᠎ᠡ ᠰᠠᠭᠤᠭᠠᠳ ᠪᠥᠰ ᠤᠷᠠᠯᠢᠭ ᠤᠨ ᠪᠠᠷᠰ ᠢ ᠣᠶᠣᠵᠤ ᠶᠠᠭᠠᠷᠠᠯᠳᠤᠵᠤ ᠪᠠᠶᠢᠯ᠎ᠠ᠃ ᠵᠢᠷᠤᠭ ᠲᠥᠯᠥᠪᠯᠡᠭᠡ᠂ ᠵᠢᠷᠤᠭ ᠵᠢᠷᠤᠬᠤ᠂ ᠡᠰᠬᠡᠬᠦ᠂ ᠣᠶᠣᠬᠤ᠂ ᠳᠦᠭᠦᠷᠭᠡᠬᠦ ᠵᠡᠷᠭᠡ ᠠᠴᠠ ᠠᠵᠢᠯ ᠤᠨ ᠳᠠᠷᠠᠭᠠᠯᠠᠯ ᠨᠢᠭᠡᠪᠦᠷᠢ ᠶᠢ ᠲᠡᠷᠡ ᠴᠥᠮ ᠨᠠᠷᠢᠯᠢᠭ  ᠂ ᠨᠢᠭᠲᠠ ᠠᠴᠠ ᠨᠢᠭᠲᠠ ᠬᠢᠵᠦ᠂ ᠵᠣᠬᠢᠶᠠᠨ ᠪᠦᠲᠦᠭᠡᠭᠰᠡᠨ ᠪᠦᠲᠦᠭᠡᠯ ᠨᠢ ᠠᠮᠢᠳᠤᠯᠢᠭ ᠠᠮᠢᠳᠤᠯᠢᠭ ᠪᠥᠭᠡᠳ ᠬᠥᠮᠦᠰ ᠤᠨ ᠳᠤᠷ᠎ᠠ ᠪᠠᠬ᠎ᠠ ᠶᠢ ᠶᠡᠬᠡᠳᠡ ᠲᠠᠲᠠᠳᠠᠭ ᠶᠤᠮ᠃  ᠴᠢᠯᠥᠭᠡ ᠵᠠᠪ ᠢᠶᠠᠷ ᠢᠶᠠᠨ ᠲᠡᠷᠡ ᠰᠦᠯᠵᠢᠶᠡᠨ ᠤ ᠰᠢᠭᠤᠳ ᠨᠡᠪᠲᠡᠷᠡᠭᠦᠯᠭᠡ ᠶᠢᠨ ᠲᠠᠪᠴᠠᠩ ᠳᠤ ᠪᠥᠰ ᠤᠷᠠᠯᠢᠭ ᠤᠨ ᠪᠦᠲᠦᠭᠡᠯ ᠢᠶᠠᠨ ᠬᠤᠳᠠᠯᠳᠤᠵᠤ ᠪᠠᠶᠢᠪᠠ᠂ ᠡᠨᠡ ᠵᠢᠯ ᠤᠨ ᠴᠠᠭᠠᠨ ᠰᠠᠷ᠎ᠠ ᠠᠴᠠ ᠡᠮᠦᠨᠡᠬᠡᠨ᠂ ᠲᠠᠶᠢᠶᠤᠸᠠᠨ ᠤ ᠨᠢᠭᠡᠨ ᠪᠥᠰ ᠤᠷᠠᠯᠢᠭ ᠲᠤ ᠪᠠᠭ᠋ᠠᠲᠠᠶ ᠬᠥᠮᠦᠨ ᠨᠢᠭᠡ ᠯᠡ ᠤᠳᠠᠭ᠎ᠠ ᠳᠤ 400 ᠥᠯᠵᠡᠶᠢᠲᠦ ᠲᠠᠤᠯᠠᠢ ᠬᠤᠳᠠᠯᠳᠤᠨ ᠠᠪᠴᠠᠶ᠃
     ᠪᠥᠰ ᠤᠨ ᠤᠷᠠᠯᠠᠯ ᠬᠢᠬᠦ ᠶᠠᠪᠤᠴᠠ ᠶᠢᠨ ᠲᠤᠬᠠᠶ ᠶᠠᠷᠢᠬᠤ ᠳᠠᠭᠠᠨ ᠲᠡᠷᠡ ᠬᠠᠷᠠᠬᠠᠨ ᠪᠠᠭ᠎ᠠ ᠠᠴᠠ ᠪᠠᠨ ᠡᠵᠢ ᠶᠢᠨ ᠢᠶᠠᠨ ᠰᠤᠷᠭᠠᠯ ᠢᠶᠠᠷ ᠡᠩ ᠤᠨ ᠵᠢᠵᠢᠭ ᠭᠠᠷ ᠤᠷᠠᠯᠠᠯ ᠤᠨ ᠪᠦᠲᠦᠭᠡᠭᠳᠡᠬᠦᠨ ᠢ ᠬᠢᠬᠦ ᠳᠤᠷᠠᠲᠠᠶ ᠪᠠᠶᠢᠳᠠᠭ᠃ ᠬᠤᠵᠢᠮ ᠨᠢ ᠬᠥᠬᠡᠬᠤᠲᠠ ᠶᠢᠨ ᠳᠡᠯᠭᠡᠭᠦᠷ ᠵᠢᠴᠢ ᠰᠦᠯᠵᠢᠶᠡᠨ ᠳᠡᠭᠡᠷ᠎ᠡ ᠪᠥᠰ ᠤᠷᠠᠯᠢᠭ ᠤᠨ ᠪᠦᠲᠦᠭᠡᠯ ᠢ ᠬᠤᠳᠠᠯᠳᠤᠬᠤ ᠬᠥᠮᠦᠨ ᠦᠷᠭᠦᠯᠵᠢ ᠬᠠᠷᠠᠭᠳᠠᠳᠠᠭ ᠪᠣᠯᠵᠠᠶ᠂ ᠲᠡᠭᠡᠭᠡᠳ ᠤᠯᠠᠮᠵᠢᠯᠠᠯᠲᠤ ᠭᠠᠷ ᠤᠷᠠᠯᠠᠯ ᠤᠨ ᠳᠤᠷ᠎ᠠ ᠪᠠᠬ᠎ᠠ ᠪᠠᠨ ᠳᠠᠬᠢᠨ ᠰᠢᠨ᠎ᠡ ᠪᠠᠷ ᠠᠪᠴᠤ᠂ ᠳᠠᠷᠤᠤ ᠬᠢᠴᠢᠶᠡᠩᠭᠦᠶ ᠪᠠᠷ ᠵᠢᠭᠠᠯᠭᠠᠵᠤ᠂ ᠰᠢᠮᠳᠠᠨ ᠰᠤᠳᠤᠯᠵᠤ᠂ ᠬᠠᠮᠤᠭ ᠠᠩᠬᠠᠨ ᠤ ᠦᠰᠦᠨ ᠬᠠᠪᠴᠢᠭᠤᠷ᠂ ᠬᠠᠳᠬᠤᠮᠠᠯ ᠪᠥᠮᠪᠦᠭᠡ ᠠᠴᠠ ᠪᠥᠰ ᠤᠷᠠᠯᠢᠭ ᠤᠨ ᠪᠦᠲᠦᠭᠡᠯ ᠤᠨ ᠬᠦᠷᠢᠶ᠎ᠡ ᠬᠡᠪᠴᠢᠶ᠎ᠡ ᠪᠠᠨ ᠥᠷᠭᠡᠳᠬᠡᠵᠦ᠂ ᠪᠠᠭ᠎ᠠ ᠠᠴᠠ ᠵᠠᠰᠠᠯ ᠴᠢᠮᠡᠭᠯᠡᠯ ᠤᠨ ᠡᠯᠭᠦᠭᠦᠷ᠂ ᠶᠡᠭᠡ ᠠᠴᠠ ᠭᠡᠷ ᠤᠨ ᠴᠢᠮᠡᠭᠯᠡᠯ ᠬᠦᠷᠲᠡᠯ᠎ᠡ᠂ ᠥᠪᠡᠷ ᠤᠨ ᠭᠠᠷ ᠢᠶᠠᠷ ᠢᠶᠠᠨ ᠬᠢᠬᠦ ᠪᠦᠲᠦᠭᠡᠯ ᠤᠨ ᠲᠥᠷᠥᠯ ᠵᠦᠶ᠋ᠯ ᠤᠯᠠᠮ ᠢᠶᠠᠷ ᠣᠯᠠᠰᠢᠷᠠᠪᠠ᠃
        ᠬᠥᠮᠦᠨ ᠤ ᠰᠡᠳᠬᠢᠯ ᠢ ᠬᠥᠳᠡᠯᠭᠡᠮ᠎ᠡ ᠪᠦᠰ ᠤᠨ ᠤᠷᠠᠯᠢᠭ ᠤᠨ ᠪᠦᠲᠦᠭᠡᠯ ᠪᠦᠬᠦᠨ ᠤ ᠠᠷᠤ ᠳᠤ ᠴᠥᠮ ᠯᠢᠦ ᠵᠢᠶᠦ᠋ᠨ ᠬᠤᠸᠠ ᠶᠢᠨ ᠰᠢᠷᠭᠠᠭᠤ ᠬᠠᠲᠠᠭᠤᠵᠢᠯᠲᠠᠶ ᠴᠢᠷᠮᠠᠶᠢᠯᠭ᠎ᠠ ᠪᠠ ᠬᠦᠴᠦ ᠬᠥᠳᠡᠯᠮᠦᠷᠢ ᠪᠠᠶᠢᠳᠠᠭ᠃ ᠭᠠᠷ ᠤᠷᠠᠯᠠᠯ ᠤᠨ ᠪᠦᠰ ᠤᠷᠠᠯᠠᠯ ᠤᠨ ᠪᠦᠲᠦᠭᠡᠭᠳᠡᠬᠦᠨ ᠤ ᠠᠵᠢᠯ ᠤᠨ ᠳᠠᠷᠠᠭᠠᠯᠠᠯ ᠨᠢ ᠶᠠᠷᠰᠢᠭ ᠲᠦᠪᠡᠭᠲᠡᠶ᠂ ᠣᠶᠣᠵᠤ ᠣᠶᠣᠬᠤ ᠶᠠᠪᠤᠴᠠ ᠳᠠᠭᠠᠨ ᠵᠢᠭᠠᠬᠠᠨ ᠴᠤ ᠬᠢᠴᠢᠶᠡᠬᠦ ᠦᠭᠡᠢ ᠪᠠᠷ ᠲᠠᠬᠢᠵᠤ ᠬᠢᠳᠡᠭ᠃ ᠲᠡᠷᠡ ᠰᠤᠷᠪᠤᠯᠵᠢᠯᠠᠭᠴᠢ ᠳᠤ ᠬᠡᠯᠡᠬᠦ ᠳᠡᠭᠡᠨ᠄ ︽ᠡᠨᠡ ᠬᠦ ᠥᠯᠵᠡᠶᠢᠲᠦ ᠠᠷᠰᠯᠠᠨ ᠢ ᠬᠢᠬᠦ ᠳᠤ ᠤᠷᠢᠳ ᠢᠶᠠᠷ ᠵᠢᠷᠤᠭ ᠢ ᠵᠢᠷᠤᠵᠤ᠂ ᠳᠠᠷᠠᠭ᠎ᠠ ᠨᠢ ᠦᠯᠢᠭᠡᠷ ᠬᠡᠪ ᠢ ᠨᠢ ᠡᠰᠬᠡᠵᠦ᠂ ᠳᠠᠷᠠᠭ᠎ᠠ ᠨᠢ ᠣᠶᠣᠵᠤ ᠣᠶᠣᠳᠠᠭ᠂ ᠨᠢᠭᠡ ᠵᠡᠭᠦᠦ ᠨᠢᠭᠡ ᠤᠲᠠᠰᠤ ᠶᠢ ᠴᠤ ᠪᠦᠷ ᠭᠠᠷ ᠢᠶᠠᠷ ᠣᠶᠣᠳᠠᠭ᠂ ᠠᠷᠰᠯᠠᠨ ᠢ ᠣᠶᠣᠬᠤ ᠳᠤ ᠬᠠᠭᠠᠰ ᠰᠠᠷ᠎ᠠ ᠶᠢᠨ ᠴᠠᠭ ᠬᠡᠷᠡᠭᠰᠡᠨ᠎ᠡ᠂ 40 ᠭᠠᠷᠤᠶ ᠠᠵᠢᠯ ᠤᠨ ᠳᠠᠷᠠᠭᠠᠯᠠᠯ ᠢ ᠥᠩᠭᠡᠷᠡᠭᠡᠪᠡᠯ ᠰᠠᠶ᠋ᠢ ᠣᠶᠣᠵᠤ ᠳᠠᠭᠤᠰᠬᠠᠳᠠᠭ︾ ᠭᠡᠵᠡᠶ᠃      ᠨᠢᠭᠡ ᠵᠡᠭᠦᠦ᠂ ᠨᠢᠭᠡ ᠬᠡᠰᠡᠭ ᠪᠥᠰ᠂ ᠨᠢᠭᠡ ᠬᠠᠶᠢᠴᠢ᠂ ᠨᠢᠭᠡ ᠬᠤᠪᠢ ᠭᠠᠷ ᠤᠷᠠᠯᠠᠯ ᠤᠨ ᠦᠢᠯᠡᠳᠬᠡᠯ ᠤᠨ ᠪᠠᠷᠢᠮᠲᠠᠯᠠᠯ ᠨᠢ ᠯᠢᠦ ᠵᠢᠶᠦ᠋ᠨ ᠬᠤᠸᠠ ᠳᠤ ᠠᠳᠠᠯᠢ ᠪᠤᠰᠤ ᠪᠥᠰ ᠤᠷᠠᠯᠠᠯ ᠤᠨ ᠬᠥᠮᠦᠨ ᠤ ᠠᠮᠢᠳᠤᠷᠠᠯ ᠢ ᠪᠢᠴᠢᠭᠯᠡᠭᠦᠯᠦᠭᠰᠡᠨ ᠪᠠᠶᠢᠨ᠎ᠠ᠃ ᠣᠳᠣᠬᠠᠨ ᠳᠤ ᠯᠢᠦ ᠵᠢᠶᠦ᠋ᠨ ᠬᠤᠸᠠ ᠰᠢᠶᠠᠨ ᠤ ᠪᠣᠳᠠᠰ ᠤᠨ ᠪᠤᠰᠤ ᠰᠣᠶᠣᠯ ᠤᠨ ᠥᠪ ᠤᠨ ᠵᠦᠢᠯᠡᠰ ᠢ ᠭᠤᠶᠤᠴᠢᠯᠠᠵᠤ ᠪᠠᠶᠢᠨ᠎ᠠ᠃ ᠬᠤᠶᠢᠰᠢᠳᠠ ᠲᠡᠷᠡ ᠪᠠᠰᠠ ᠦᠷᠭᠦᠯᠵᠢᠯᠡᠨ ᠪᠠᠷᠢᠮᠲᠠᠯᠠᠵᠤ᠂ ᠦᠷᠭᠦᠯᠵᠢᠯᠡᠨ ᠪᠠᠳᠠᠷᠠᠭᠤᠯᠤᠨ ᠵᠠᠯᠭᠠᠮᠵᠢᠯᠠᠵᠤ᠂ ᠤᠯᠠᠮᠵᠢᠯᠠᠯᠲᠤ ᠤᠷ᠎ᠠ ᠮᠡᠷᠭᠡᠵᠢᠯ ᠢᠶᠠᠨ ᠴᠠᠭ ᠦᠶ᠎ᠡ ᠶᠢᠨ ᠬᠡᠷᠡᠯ ᠭᠢᠯᠪᠠᠭ᠎ᠠ ᠪᠠᠨ ᠰᠠᠴᠤᠷᠠᠭᠤᠯᠤᠨ᠎ᠠ᠃ ︽ᠪᠢ ᠬᠡᠳᠦ᠋ᠢᠪᠡᠷ ᠪᠦᠰ ᠤᠨ ᠤᠷᠠᠯᠢᠭ ᠢ ᠨᠠᠢᠮᠠ᠂ ᠶᠢᠰᠦᠨ ᠵᠢᠯ ᠬᠢᠭᠰᠡᠨ ᠪᠣᠯᠪᠠᠴᠤ᠂ ᠭᠠᠭᠴᠠ ᠬᠥᠮᠦᠨ ᠤ ᠬᠦᠴᠦᠨ ᠳᠤ ᠲᠦᠰᠢᠭᠯᠡᠭᠡᠳ ᠪᠣᠯᠬᠤ ᠦᠭᠡᠢ᠂ ᠪᠢ ᠪᠦᠰ ᠤᠨ ᠤᠷᠠᠯᠢᠭ ᠤᠨ ᠦᠢᠯᠡᠳᠬᠦ ᠤᠷ᠎ᠠ ᠮᠡᠷᠭᠡᠵᠢᠯ᠂ ᠰᠣᠶᠣᠯ ᠤᠨ ᠠᠭᠤᠯᠬᠤᠨ ᠢ ᠨᠡᠩ ᠤᠯᠠᠨ ᠤᠯᠠᠮᠵᠢᠯᠠᠯᠲᠤ ᠰᠣᠶᠣᠯ ᠳᠤ ᠳᠤᠷᠠᠲᠠᠢ ᠬᠥᠮᠦᠰ ᠲᠤ ᠳᠡᠯᠭᠡᠨ ᠦᠵᠡᠭᠦᠯᠵᠦ᠂ ᠨᠡᠩ ᠤᠯᠠᠨ ᠬᠥᠮᠦᠰ ᠲᠤ ᠡᠶᠢᠮᠦᠷᠬᠦ ᠤᠯᠠᠮᠵᠢᠯᠠᠯᠲᠤ ᠰᠣᠶᠣᠯ ᠤᠨ ᠤᠷ᠎ᠠ ᠮᠡᠷᠭᠡᠵᠢᠯ ᠢ ᠰᠤᠷᠤᠯᠴᠠᠵᠤ ᠤᠯᠠᠮᠵᠢᠯᠠᠨ ᠵᠠᠯᠭᠠᠮᠵᠢᠯᠠᠬᠤ ᠶᠢ ᠣᠶᠢᠯᠠᠭᠠᠭᠤᠯᠬᠤ ᠶᠢ ᠬᠦᠰᠡᠵᠦ ᠪᠠᠶᠢᠨ᠎ᠠ︾ ᠭᠡᠵᠦ ᠯᠢᠦ ᠵᠢᠶᠦ᠋ᠨ ᠬᠤᠸᠠ ᠬᠡᠯᠡᠪᠡ᠃                                                ᠨᠠᠶᠢᠷᠠᠭᠤᠯᠤᠭᠴᠢ᠄  ᠯᠢ ᠬᠤᠩ ᠢᠦᠢ                                                  ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2