ᠰᠢᠶᠠᠨ ᠤ ᠤᠰᠤᠨ ᠠᠰᠢᠭᠯᠠᠯᠲᠠ ᠶᠢᠨ ᠲᠣᠪᠴᠢᠶ᠎ᠠ᠄ ᠵᠢᠵᠢᠭ ᠰᠠᠪᠠ ᠭᠠᠵᠠᠷ ᠢ ᠴᠡᠭᠴᠡᠯᠡᠨ ᠵᠠᠰᠠᠵᠤ ᠶᠡᠭᠡ ᠣᠷᠴᠢᠨ ᠠᠬᠤᠶ ᠶᠢ ᠰᠠᠶᠢᠵᠢᠷᠠᠭᠤᠯᠤᠨ᠎ᠠ
ᠨᠡᠶᠢᠲᠡᠯᠡᠭᠰᠡᠨ ᠴᠠᠭ᠄
2023/5/14
 ᠬᠥᠷᠥᠰᠥ ᠰᠢᠷᠣᠶ ᠶᠢᠨ ᠢᠳᠡᠭᠳᠡᠯ ᠢ ᠪᠦᠲᠦᠮᠵᠢᠲᠡᠶ ᠪᠠᠷ ᠬᠢᠵᠠᠭᠠᠷᠯᠠᠵᠤ᠂ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠠᠬᠢᠴᠠ ᠶᠢ ᠠᠬᠢᠭᠤᠯᠤᠨ᠂ ᠰᠢᠶᠠᠨ ᠤ ᠤᠰᠤᠨ ᠠᠰᠢᠭᠯᠠᠯᠲᠠ ᠶᠢᠨ ᠲᠣᠪᠴᠢᠶ᠎ᠠ  ᠮᠠᠩᠬᠠᠨ ᠪᠠᠯᠭᠠᠰᠤᠨ ᠤ ᠵᠠᠩ ᠸᠠᠩ ᠭᠸᠤ ᠶᠢᠨ ᠵᠢᠵᠢᠭ ᠰᠠᠪᠠ ᠭᠠᠵᠠᠷ ᠤᠨ ᠲᠣᠭᠤᠷᠢᠨ ᠳᠤ ᠤᠰᠤ ᠰᠢᠷᠣᠶ ᠶᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠥᠷᠨᠢᠭᠦᠯᠵᠦ᠂ ᠠᠮᠢ ᠠᠬᠤᠶ ᠶᠢᠨ ᠣᠷᠴᠢᠨ ᠨᠥᠬᠦᠴᠡᠯ ᠢ ᠰᠠᠶᠢᠵᠢᠷᠠᠭᠤᠯᠬᠤ ᠶᠢᠨ ᠬᠠᠮᠲᠤ ᠬᠥᠳᠡᠭᠡ ᠲᠣᠰᠬᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠤᠨ᠋ ᠲᠥᠷᠥᠯ  ᠵᠤᠶᠢᠯ ᠤᠨ ᠣᠷᠣᠨ ᠤ ᠶᠡᠷᠦᠩᠬᠡᠶ ᠲᠠᠯᠠᠪᠠᠶ ᠨᠢ 23.98 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠡᠭᠦᠨ ᠳᠤ ᠬᠥᠷᠥᠰᠥ ᠰᠢᠷᠣᠶ ᠶᠢᠨ ᠢᠳᠡᠭᠳᠡᠯ ᠤᠨ ᠲᠠᠯᠠᠪᠠᠶ ᠨᠢ 22.78 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠲᠣᠰ ᠤᠳᠠᠭᠠᠨ ᠤ ᠬᠥᠷᠥᠰᠥ ᠰᠢᠷᠣᠶ ᠶᠢ ᠬᠠᠮᠠᠭᠠᠯᠠᠬᠤ ᠶᠡᠷᠦᠩᠬᠡᠶᠢᠯᠡᠨ ᠵᠠᠰᠠᠬᠤ ᠲᠠᠯᠠᠪᠠᠶ ᠨᠢ 20 ᠲᠡᠭᠰᠢ ᠳᠥᠷᠪᠡᠯᠵᠢᠨ ᠺᠢᠯᠣᠮᠧᠲᠷ ᠪᠣᠯᠤᠨ᠎ᠠ᠃ ᠵᠠᠩ ᠸᠠᠩ ᠭᠧᠤ ᠶᠢᠨ ᠵᠢᠵᠢᠭ ᠰᠠᠪᠠ ᠭᠠᠵᠠᠷ ᠨᠢ ᠯᠢᠶᠠᠩᠴᠧᠩ ᠰᠢᠶᠠᠨ ᠤ ᠮᠠᠩᠬᠠᠨ ᠪᠠᠯᠭᠠᠰᠤᠨ ᠤ ᠵᠡᠭᠦᠨ ᠬᠤᠶᠢᠲᠤ ᠬᠡᠰᠡᠭ ᠲᠤ ᠪᠠᠶᠢᠷᠢᠯᠠᠵᠤ᠂ ᠬᠠᠲᠤᠨ ᠭᠤᠣᠯ ᠤᠨ ᠰᠠᠪᠠ ᠭᠠᠵᠠᠷ ᠲᠤ ᠬᠠᠷᠢᠶᠠᠯᠠᠭᠳᠠᠵᠤ᠂ ᠭᠠᠵᠠᠷ ᠤᠨ ᠲᠥᠷᠬᠦ ᠶᠢᠨ ᠲᠥᠷᠥᠯ ᠵᠦᠢᠯ ᠨᠢ ᠪᠣᠭᠤᠨᠢ ᠠᠭᠤᠯᠠ ᠳᠣᠪᠣᠷᠬᠠᠭ ᠣᠷᠣᠨ ᠪᠠᠶᠢᠵᠤ᠂ ᠮᠠᠨ ᠬᠠᠨ ᠪᠠᠯᠭᠠᠰᠤᠨ ᠤ ᠵᠥᠩ ᠭᠸᠤ ᠶᠢᠨ ᠵᠠᠰᠠᠭ ᠵᠠᠬᠢᠷᠭᠠᠨ ᠤ ᠲᠣᠰᠬᠤᠨ᠂ ᠭᠦᠸᠧ ᠮᠥ ᠵᠢᠶᠠᠩ ᠭᠸᠤ᠂ ᠴᠢᠶᠣᠤ ᠭᠦᠸᠧ ᠶᠣᠣ᠂ ᠯᠢ ᠵᠢᠶᠠ ᠲᠢᠶᠠᠨ᠂ ᠰᠢᠶᠤᠤ ᠴᠧᠩ ᠲᠢᠶᠠᠨ ᠪᠣᠯᠤᠨ ᠲᠢᠶᠠᠨ ᠱᠢ ᠬᠥ᠋ ᠶᠣᠣ ᠽᠢ ᠵᠡᠷᠭᠡ 5 ᠠᠶᠢᠯ ᠲᠣᠰᠬᠤᠨ ᠲᠠᠢ ᠬᠤᠯᠪᠣᠭᠳᠠᠳᠠᠭ᠃ ᠲᠥᠷᠥᠯ  ᠵᠤᠶᠢᠯ ᠤᠨ ᠪᠥᠲᠥᠭᠡᠨ ᠪᠠᠶᠢᠭᠤᠯᠤᠯᠲᠠ ᠶᠢᠨ ᠡᠬᠢᠨ ᠤ ᠬᠤᠭᠤᠴᠠᠭᠠᠨ ᠳᠤ᠂ ᠮᠠᠨ ᠬᠠᠨ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠥᠷᠥᠯ ᠵᠦᠶ᠋ᠯ ᠤᠨ ᠣᠷᠣᠨ ᠤ ᠭᠠᠵᠠᠷ ᠰᠢᠷᠣᠶ ᠲᠠᠲᠠᠪᠤᠷᠢᠯᠠᠬᠤ ᠵᠡᠷᠭᠡ ᠶᠢ ᠵᠣᠬᠢᠴᠠᠭᠤᠯᠬᠤ᠂ ᠬᠠᠮᠵᠢᠯᠴᠠᠬᠤ ᠠᠵᠢᠯ ᠢ ᠢᠳᠡᠪᠬᠢᠲᠡᠶ ᠰᠠᠶᠢᠲᠤᠷ ᠬᠢᠵᠦ᠂ ᠢᠨᠵᠧᠨᠧᠷᠢᠩ ᠢ ᠲᠣᠭᠲᠠᠭᠰᠠᠨ ᠬᠤᠭᠤᠴᠠᠭᠠᠨ ᠳᠤ ᠠᠵᠢᠯ ᠡᠬᠢᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃
 
     5 ᠰᠠᠷ᠎ᠠ ᠶᠢᠨ 10 ᠤ ᠡᠳᠦᠷ᠂ ᠰᠤᠷᠪᠤᠯᠵᠢᠯᠠᠭᠴᠢ ᠲᠤᠰ ᠢᠨᠵᠧᠨᠧᠷᠢᠩ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠢ ᠳᠠᠭᠠᠵᠤ ᠵᠠᠩ ᠸᠠᠩ ᠭᠸᠤ ᠶᠢᠨ ᠵᠢᠵᠢᠭ ᠰᠠᠪᠠ ᠭᠠᠵᠠᠷ ᠤᠨ ᠵᠠᠰᠠᠯᠲᠠ ᠶᠢᠨ ᠣᠷᠣᠨ ᠳᠤ ᠬᠦᠷᠴᠦ᠂ ᠠᠵᠢᠯᠴᠢᠳ ᠶᠠᠭ ᠨᠢᠮᠪᠡᠭᠡ ᠂ ᠵᠢᠭᠠᠷᠲᠤ ᠨᠠᠷᠠᠰᠤ ᠵᠡᠷᠭᠡ ᠭᠠᠩ ᠬᠠᠭᠰᠠᠷᠠᠭᠠᠨ ᠲᠠᠢ ᠲᠡᠮᠡᠴᠡᠵᠦ ᠬᠤᠵᠢᠷ ᠲᠤ ᠲᠡᠰᠪᠦᠷᠢᠲᠡᠢ ᠤᠷᠭᠤᠮᠠᠯ ᠢ ᠵᠠᠶᠢᠯᠠᠵᠤ ᠪᠤᠢ᠂ ᠬᠡᠳᠦᠨ ᠮᠠᠯᠲᠠᠭᠤᠷ ᠮᠠᠰᠢᠨ ᠶᠠᠭ ᠪᠠᠴᠢᠮ ᠶᠠᠭᠠᠷᠠᠯᠲᠠᠢ ᠠᠵᠢᠯᠯᠠᠵᠤ ᠪᠤᠢ᠂ ᠨᠢᠭᠡᠨᠲᠡ ᠵᠠᠶᠢᠯᠠᠭᠰᠠᠨ ᠵᠢᠭᠠᠷᠲᠤ ᠨᠠᠷᠠᠰᠤ ᠤᠷᠢᠬᠠᠨ ᠰᠠᠯᠬᠢᠨ ᠤ ᠢᠯᠪᠢᠯᠲᠡ ᠪᠠᠷ ᠰᠠᠯᠬᠢᠨ ᠤ ᠠᠶ᠎ᠠ ᠪᠠᠷ ᠰᠠᠵᠢᠯᠠᠵᠤ᠂ ᠰᠢᠨ᠎ᠡ ᠪᠠᠷ ᠨᠡᠮᠡᠭᠳᠡᠭᠰᠡᠨ ᠤᠷᠭᠤᠮᠠᠯ ᠤᠨ ᠠᠷᠭ᠎ᠠ  ᠬᠡᠮᠵᠢᠶ᠎ᠡ ᠠᠴᠠ ᠭᠠᠳᠠᠨ᠎ᠠ᠂ ᠢᠵᠢ ᠪᠦᠷᠢᠳᠦᠭᠰᠡᠨ ᠤᠰᠤᠯᠠᠯᠲᠠ ᠶᠢᠨ ᠢᠨᠵᠧᠨᠧᠷᠢᠩ᠂ ᠪᠢᠲᠡᠭᠦᠮᠵᠢᠯᠡᠨ ᠪᠤᠶᠢᠵᠢᠭᠤᠯᠵᠤ ᠵᠠᠰᠠᠬᠤ ᠠᠷᠭ᠎ᠠ  ᠬᠡᠮᠵᠢᠶ᠎ᠡ ᠴᠦ ᠵᠡᠷᠭᠡᠪᠡᠷ ᠶᠠᠪᠤᠭᠳᠠᠵᠤ ᠪᠤᠢ᠃ ᠥᠪᠥᠷ ᠮᠣᠩᠭᠤᠯ ᠤᠨ ᠴᠧᠩ ᠮᠤᠤ ᠪᠠᠷᠢᠯᠭ᠎ᠠ ᠶᠢᠨ ᠤᠭᠰᠠᠷᠠᠭᠤᠯᠬᠤ ᠬᠢᠵᠠᠭᠠᠷᠲᠤ ᠺᠣᠮᠫᠠᠨᠢ ᠶᠢᠨ ᠪᠠᠷᠢᠯᠭ᠎ᠠ ᠶᠢᠨ ᠠᠩᠭᠢ ᠶᠢᠨ ᠬᠠᠷᠢᠭᠤᠴᠠᠯᠭᠠᠲᠠᠨ ᠳ᠋ᠦ᠋ ᠷᠦᠢ ᠵᠢᠶᠦ᠋ᠨ ᠲᠠᠨᠢᠯᠴᠠᠭᠤᠯᠬᠤ ᠳᠠᠭᠠᠨ᠄  ︽ᠡᠨᠡ ᠤᠳᠠᠭ᠎ᠠ ᠶᠢᠨ ᠪᠠᠷᠢᠯᠭ᠎ᠠ ᠶᠢ ᠳᠥᠷᠪᠡᠳᠦᠭᠡᠷ ᠰᠠᠷ᠎ᠠ ᠶᠢᠨ ᠳᠤᠮᠳᠠᠴᠢ ᠠᠴᠠ ᠡᠬᠢᠯᠡᠨ ᠪᠠᠷᠢᠵᠤ ᠡᠬᠢᠯᠡᠵᠡᠶ᠂ ᠪᠢᠳᠡ ᠡᠳᠦᠷ ᠪᠦᠷᠢ 80 ᠭᠠᠷᠤᠶ ᠠᠵᠢᠯᠴᠢᠨ ᠪᠠᠷᠢᠵᠤ ᠪᠠᠶᠢᠨ᠎ᠠ᠂ ᠲᠣᠮᠣ ᠬᠡᠯᠪᠡᠷᠢ ᠶᠢᠨ ᠮᠠᠰᠢᠨ ᠮᠧᠬᠠᠨᠢᠭ 12᠂ 5 ᠤᠰᠤᠨ ᠲᠡᠷᠭᠡ ᠪᠠᠷᠢᠵᠤ ᠪᠠᠶᠢᠨ᠎ᠠ᠂ ᠮᠠᠨ ᠤ ᠪᠠᠷᠢᠯᠭ᠎ᠠ ᠶᠢᠨ ᠠᠩᠭᠢ ᠪᠠᠷᠢᠯᠭ᠎ᠠ ᠶᠢᠨ ᠱᠠᠭᠠᠷᠳᠠᠯᠭ᠎ᠠ ᠶᠣᠰᠣᠭᠠᠷ ᠪᠠᠷᠢᠵᠤ ᠪᠠᠶᠢᠨ᠎ᠠ᠂ ᠪᠠᠷᠢᠯᠭ᠎ᠠ ᠳᠠᠭᠤᠰᠤᠭᠰᠠᠨ ᠤ ᠳᠠᠷᠠᠭ᠎ᠠ ᠬᠠᠲᠤᠨ ᠭᠤᠣᠯ ᠤᠨ ᠰᠠᠪᠠ ᠭᠠᠵᠠᠷ ᠤᠨ ᠬᠥᠷᠥᠰᠥ ᠰᠢᠷᠣᠶ ᠶᠢᠨ ᠡᠬᠢ ᠪᠠᠶᠠᠯᠢᠭ ᠢ ᠪᠦᠲᠦᠮᠵᠢᠲᠡᠶ ᠪᠠᠷ ᠬᠠᠮᠠᠭᠠᠯᠠᠵᠤ᠂ ᠬᠥᠷᠥᠰᠥ ᠰᠢᠷᠣᠶ ᠶᠢᠨ ᠢᠳᠡᠭᠳᠡᠯ ᠢ ᠬᠢᠵᠠᠭᠠᠷᠯᠠᠵᠤ᠂ ᠭᠤᠣᠯ ᠳᠤ ᠴᠢᠳᠬᠤᠬᠤ ᠡᠯᠡᠰᠦ ᠰᠢᠪᠠᠷ ᠢ ᠪᠠᠭᠠᠰᠬᠠᠵᠤ ᠴᠢᠳᠠᠨ᠎ᠠ︾᠃
   ᠣᠶᠢᠯᠠᠭᠠᠭᠰᠠᠨ ᠢᠶᠠᠷ᠂ 4 ᠰᠠᠷ᠎ᠠ ᠶᠢᠨ ᠳᠤᠮᠳᠠᠴᠢ ᠪᠠᠷ ᠪᠠᠷᠢᠯᠭ᠎ᠠ ᠶᠢᠨ ᠠᠵᠢᠯ ᠡᠬᠢᠯᠡᠭᠰᠡᠨ ᠠᠴᠠ ᠨᠠᠰᠢ᠂ ᠪᠠᠷᠢᠯᠭ᠎ᠠ ᠶᠢᠨ ᠠᠵᠢᠯ ᠤᠨ ᠬᠡᠮᠵᠢᠶᠡᠨ ᠤ 15% ᠣᠷᠴᠢᠮ ᠢ ᠨᠢᠭᠡᠨᠲᠡ ᠪᠡᠶᠡᠯᠡᠭᠦᠯᠦᠭᠰᠡᠨ ᠪᠠᠶᠢᠨ᠎ᠠ᠃                                             ᠨᠠᠶᠢᠷᠠᠭᠤᠯᠤᠭᠴᠢ᠄   ᠶᠠᠩ  ᠿᠦᠢ ᠵᠧᠨ                                             ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2