ᠳ᠋ᠦ᠋ ᠵᠢᠶᠠᠩ ᠬᠠᠶ᠄ ᠨᠤᠲᠤᠭ ᠲᠠᠭᠠᠨ ᠪᠤᠴᠠᠵᠤ ᠤᠶᠢᠯᠡᠰ ᠴᠣᠭᠴᠠᠯᠠᠵᠤ ᠠᠯᠠᠰᠢᠨ ᠦᠬᠡᠷ ᠲᠡᠵᠢᠭᠡᠬᠦ ᠳᠤ ᠬᠦᠰᠡᠯ ᠵᠡᠭᠦᠳᠦ ᠪᠠᠨ ᠡᠪᠦᠷᠯᠡᠵᠦ ᠪᠠᠶᠠᠵᠢᠯ ᠤᠨ ᠵᠠᠮ ᠢᠶᠠᠨ ᠨᠡᠭᠡᠭᠡᠨ᠎ᠡ
ᠨᠡᠶᠢᠲᠡᠯᠡᠭᠰᠡᠨ ᠴᠠᠭ᠄
2023/5/14
   ᠤᠢᠢᠷ᠎ᠠ ᠶᠢᠨ ᠵᠢᠯ ᠠᠴᠠ᠂ ᠮᠠᠶᠢᠬᠤᠳᠤ ᠪᠠᠯᠭᠠᠰᠤ ᠶᠢᠨ ᠬᠢᠨ ᠲᠤᠰ ᠨᠤᠲᠤᠭ ᠤᠨ ᠰᠢᠯᠢᠳᠡᠭ ᠴᠢᠳᠠᠪᠤᠷᠢᠲᠠᠨ ᠢ ᠢᠳᠡᠪᠬᠢᠲᠡᠢ ᠬᠥᠮᠦᠵᠢᠭᠦᠯᠬᠦ ᠶᠢᠨ ᠬᠠᠮᠲᠤ᠂ ᠭᠠᠳᠠᠭᠰᠢ ᠭᠠᠷᠤᠭᠰᠠᠨ ᠴᠢᠳᠠᠪᠤᠷᠢᠲᠠᠨ ᠤ ᠨᠤᠲᠤᠭ ᠲᠠᠭᠠᠨ ᠪᠤᠴᠠᠵᠤ ᠦᠢᠯᠡᠰ ᠪᠤᠰᠬᠠᠬᠤ ᠶᠢ ᠬᠦᠳᠦᠯᠦᠨ ᠳᠠᠭᠠᠭᠤᠯᠵᠤ᠂ ᠦᠢᠯᠡᠰ ᠪᠤᠰᠬᠠᠬᠤ ᠬᠦᠰᠡᠯ ᠵᠡᠭᠦᠳᠦ ᠲᠠᠢ ᠳ᠋ᠦ᠋ ᠵᠢᠶᠠᠩ ᠬᠠᠢ ᠶᠢᠨ ᠤᠷᠢᠶᠠᠯᠠᠭ᠎ᠠ ᠶᠢ ᠴᠤᠤᠷᠢᠶᠠᠲᠤᠨ ᠳᠠᠭᠠᠵᠤ᠂ ᠨᠤᠲᠤᠭ ᠲᠠᠭᠠᠨ ᠪᠤᠴᠠᠵᠤ ᠠᠯᠠᠰᠢᠨ ᠦᠬᠡᠷ ᠲᠡᠵᠢᠭᠡᠨ ᠦᠷᠡᠵᠢᠭᠦᠯᠬᠦ ᠲᠤᠰᠬᠠᠢ ᠬᠤᠷᠰᠢᠶ᠎ᠠ ᠶᠢ ᠡᠭᠦᠰᠭᠡᠨ ᠪᠠᠶᠢᠭᠤᠯᠵᠤ᠂ ᠡᠷᠬᠢᠨ ᠲᠣᠭᠤᠷᠢᠨ ᠤ ᠤᠯᠠᠨ ᠲᠦᠮᠡᠨ ᠢ ᠦᠬᠡᠷ ᠤᠨ ᠠᠵᠤ ᠦᠢᠯᠡᠰ ᠲᠤ ᠲᠦᠰᠢᠭᠯᠡᠨ ᠦᠬᠡᠷ ᠤᠨ ᠠᠮᠢᠳᠤᠷᠠᠯ ᠢ ᠡᠳ᠋ᠯᠡᠭᠦᠯᠬᠦ ᠪᠠᠷ ᠲᠠᠶᠢᠴᠢᠯᠠᠵᠠᠢ᠃
     ᠯᠢᠶᠠᠩᠴᠧᠩ ᠰᠢᠶᠠᠨ ᠤ ᠮᠠᠶᠢᠬᠤᠳᠤ ᠪᠠᠯᠭᠠᠰᠤᠨ ᠤ ᠱᠧᠩ ᠯᠢ ᠳᠣᠯᠣᠳᠤᠭᠠᠷ ᠠᠩᠬᠢ ᠶᠢᠨ ᠮᠧᠩ ᠹᠧᠩ ᠤᠨ ᠡᠭᠦᠯᠳᠡᠷ ᠤᠨ ᠲᠤᠰᠬᠠᠢ ᠬᠤᠷᠰᠢᠶ᠎ᠠ ᠳᠤ ᠣᠷᠣᠬᠤ ᠳᠤ᠂ ᠠᠭᠤᠵᠢᠮ ᠰᠠᠷᠠᠭᠤᠯ ᠦᠬᠡᠷ ᠤᠨ ᠬᠠᠰᠢᠶᠠᠨ ᠳᠤ᠂ ᠨᠢᠭᠡ ᠦᠬᠡᠷ ᠲᠠᠷᠭᠤ ᠬᠦᠴᠦ ᠰᠠᠶᠢᠲᠠᠢ᠂ ᠦᠡᠭᠭᠡ ᠵᠢᠰᠦ ᠲᠠᠢ᠂ ᠡᠪᠡᠰᠦ ᠪᠣᠷᠳᠤᠭ᠎ᠠ ᠢᠳᠡᠵᠦ ᠰᠤᠯᠠ ᠰᠡᠯᠡᠭᠦᠦ ᠪᠠᠶᠢᠬᠤ ᠳᠤ ᠂ ᠦᠬᠡᠷ ᠤᠨ ᠲᠠᠯᠠᠪᠠᠢ ᠶᠢᠨ ᠡᠵᠡᠨ ᠳ᠋ᠦ᠋ ᠵᠢᠶᠠᠩ ᠬᠠᠢ ᠦᠬᠡᠷ ᠤᠨ ᠬᠠᠰᠢᠶ᠎ᠠ ᠶᠢ ᠴᠡᠪᠡᠷᠯᠡᠵᠦ ᠶᠠᠭᠠᠷᠠᠯᠳᠤᠵᠤ ᠪᠠᠶᠢᠯ᠎ᠠ᠃    2013 ᠣᠨ ᠳᠤ᠂ ᠳ᠋ᠦ᠋ ᠵᠢᠶᠠᠩ ᠬᠠᠢ ᠵᠢᠨᠢᠩ ᠳᠠᠬᠢ ᠠᠵᠢᠯ ᠢᠶᠠᠨ ᠬᠠᠶᠠᠵᠤ᠂ ᠨᠤᠲᠤᠭ ᠲᠠᠭᠠᠨ ᠪᠤᠴᠠᠵᠤ ᠦᠢᠯᠡᠰ ᠪᠤᠰᠬᠠᠬᠤ ᠪᠤᠳᠤᠯ ᠣᠷᠣᠪᠠ᠃ ᠵᠠᠬ᠎ᠠ ᠳᠡᠯᠭᠡᠭᠦᠷ ᠤᠨ ᠪᠠᠶᠢᠴᠠᠭᠠᠨ ᠰᠤᠳᠤᠯᠤᠯᠲᠠ ᠪᠠᠷ ᠳᠠᠮᠵᠢᠭᠠᠳ ᠲᠡᠷᠡ ᠠᠯᠠᠰᠢᠨ ᠦᠬᠡᠷ ᠲᠡᠵᠢᠭᠡᠨ ᠦᠷᠡᠵᠢᠭᠦᠯᠬᠦ ᠵᠠᠬ᠎ᠠ ᠳᠡᠯᠭᠡᠭᠦᠷ ᠤᠨ ᠢᠷᠡᠭᠡᠳᠦᠶ ᠶᠢᠨ ᠲᠥᠯᠥᠪ ᠮᠠᠰᠢ ᠰᠠᠶᠢᠨ ᠪᠠᠶᠢᠬᠤ ᠶᠢ ᠣᠯᠵᠤ ᠮᠡᠳᠡᠪᠡ᠂ ᠲᠡᠭᠡᠭᠡᠳ ᠲᠡᠷᠡ 500 ᠭᠠᠷᠤᠶ ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠵᠤ᠂  ᠮᠧᠩ ᠹᠧᠩ ᠨᠡᠷᠡᠮᠵᠢᠲᠦ ᠡᠭᠦᠯᠳᠡᠷ ᠤᠨ ᠲᠡᠵᠢᠭᠡᠨ ᠦᠷᠡᠵᠢᠭᠦᠯᠬᠦ ᠬᠤᠷᠰᠢᠶ᠎ᠠ ᠶᠢ ᠡᠭᠦᠳᠦᠨ ᠪᠠᠶᠢᠭᠤᠯᠵᠤ᠂ ᠲᠤᠰᠬᠠᠶᠢᠵᠢᠭᠰᠠᠨ ᠦᠬᠡᠷ ᠲᠡᠵᠢᠭᠡᠬᠦ ᠵᠠᠮ ᠢ ᠨᠡᠭᠡᠭᠡᠭᠰᠡᠨ ᠪᠠᠶᠢᠨ᠎ᠠ᠃ ᠲᠡᠵᠢᠭᠡᠨ ᠦᠷᠡᠵᠢᠭᠦᠯᠬᠦ ᠥᠪᠡᠷ ᠤᠨ ᠦᠷᠳᠡᠭ ᠢ ᠰᠢᠯᠢᠳᠡᠭᠵᠢᠭᠦᠯᠬᠦ ᠶᠢᠨ ᠲᠥᠯᠥᠭᠡ᠂ ᠲᠡᠷᠡ 5000 ᠮᠦ ᠭᠠᠵᠠᠷ ᠰᠢᠷᠣᠢ ᠶᠢ ᠡᠷᠭᠢᠯᠲᠡ ᠳᠤ ᠣᠷᠣᠭᠤᠯᠵᠤ᠂ ᠨᠣᠭᠤᠭᠠᠨ ᠳᠠᠷᠤᠰᠢ ᠶᠢᠨ ᠡᠷᠳᠡᠨᠢ ᠰᠢᠰᠢ ᠲᠠᠷᠢᠬᠤ ᠳᠤ ᠬᠡᠷᠡᠭᠯᠡᠵᠡᠢ᠃ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠬᠦ ᠮᠡᠷᠭᠡᠵᠢᠯ ᠢ ᠠᠯᠢ ᠲᠦᠷᠭᠡᠨ ᠢᠶᠠᠷ ᠡᠵᠡᠮᠰᠢᠬᠦ ᠶᠢᠨ ᠲᠥᠯᠥᠭᠡ᠂ ᠳ᠋ᠦ᠋ ᠵᠢᠶᠠᠩ ᠬᠠᠶ ᠭᠠᠵᠠᠷ ᠪᠣᠯᠭᠠᠨ ᠢᠶᠠᠷ ᠶᠠᠪᠤᠵᠤ᠂ ᠮᠠᠯ ᠠᠵᠤ ᠠᠬᠤᠶ ᠶᠢᠨ ᠮᠡᠷᠭᠡᠵᠢᠯᠲᠡᠨ ᠢᠶᠠᠷ ᠵᠢᠭᠠᠯᠭᠠᠵᠤ᠂ ᠮᠠᠲ᠋ᠧᠷᠢᠶᠠᠯ ᠢ ᠤᠷᠪᠠᠭᠤᠯᠤᠨ ᠤᠩᠰᠢᠵᠤ᠂ ᠲᠠᠷᠢᠯᠭ᠎ᠠ ᠶᠢᠨ ᠵᠡᠭᠦᠦ ᠲᠠᠷᠢᠬᠤ ᠶᠢ ᠰᠤᠷᠴᠤ᠂ ᠥᠪᠡᠷ ᠤᠨ ᠪᠡᠶ᠎ᠡ ᠪᠠᠷ ᠢᠶᠠᠨ ᠦᠬᠡᠷ ᠤᠨ ᠡᠪᠡᠳᠴᠢᠨ ᠢ ᠵᠠᠰᠠᠵᠤ ᠥᠭᠪᠡ᠃ ᠰᠤᠷᠤᠯᠴᠠᠬᠤ ᠪᠠ ᠬᠠᠶᠢᠨ ᠰᠦᠪᠡᠭᠴᠢᠯᠡᠬᠦ ᠪᠠᠷ ᠳᠡᠮᠵᠢᠨ ᠲᠤᠭᠤᠯ ᠤᠨ ᠤᠷᠭᠤᠴᠠ ᠨᠢ ᠮᠠᠰᠢ ᠰᠠᠶᠢᠨ ᠪᠠᠶᠢᠵᠤ᠂ ᠨᠢᠭᠡ ᠵᠢᠯ ᠤᠨ ᠳᠠᠷᠠᠭ᠎ᠠ ᠨᠢᠭᠡᠳᠦᠭᠡᠷ ᠪᠦᠯᠦᠭ ᠠᠯᠠᠰᠢᠨ ᠦᠬᠡᠷ ᠢᠶᠠᠨ ᠪᠣᠷᠣᠯᠠᠭᠤᠯᠤᠭᠰᠠᠨ ᠤ ᠳᠠᠷᠠᠭ᠎ᠠ ᠮᠠᠰᠢ ᠰᠠᠶᠢᠨ ᠠᠵᠤ ᠠᠬᠤᠶ ᠶᠢᠨ ᠦᠷ᠎ᠡ ᠠᠰᠢᠭ ᠣᠯᠤᠭᠰᠠᠨ ᠪᠠᠶᠢᠨ᠎ᠠ᠃ ᠠᠷᠪᠠᠨ ᠵᠢᠯ ᠤᠨ ᠰᠢᠨᠲᠠᠷᠠᠰᠢ ᠥᠬᠡᠶ ᠴᠢᠷᠮᠠᠶᠢᠯᠭ᠎ᠠ ᠪᠠᠷ ᠳᠡᠮᠵᠢᠨ᠂ ᠳ᠋ᠦ᠋ ᠵᠢᠶᠠᠩ ᠬᠠᠶ ᠶᠢᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠠᠵᠢᠯ ᠰᠠᠶᠢᠨ ᠡᠷᠭᠢᠯᠲᠡ ᠶᠢᠨ ᠵᠠᠮ ᠢᠶᠠᠷ ᠵᠠᠮᠨᠠᠪᠠ᠃ ᠣᠳᠣᠬᠠᠨ ᠳᠤ᠂ ᠮᠤᠩ ᠹᠤᠩ ᠤᠨ ᠳᠠᠷᠢᠵᠤ ᠲᠡᠵᠢᠭᠡᠨ ᠦᠷᠡᠵᠢᠭᠦᠯᠬᠦ ᠲᠤᠰᠬᠠᠶ ᠬᠤᠷᠰᠢᠶᠠᠵᠢᠯ ᠤᠨ ᠵᠢᠯ ᠳᠤ 180 ᠰᠢᠬᠠᠮ ᠠᠯᠠᠰᠢᠨ ᠦᠬᠡᠷ ᠲᠡᠵᠢᠭᠡᠵᠦ ᠪᠠᠶᠢᠬᠤ ᠪᠥᠭᠡᠳ ᠵᠢᠯ ᠪᠦᠷᠢ ᠬᠠᠶ ᠭᠤᠣ ᠶᠢᠨ ᠮᠠᠯ ᠠᠵᠤ ᠠᠬᠤᠶ ᠳᠤ 10 ᠲᠦᠮᠡ ᠭᠠᠷᠤᠶ ᠲᠣᠨ ᠨᠣᠭᠤᠭᠠᠨ ᠳᠠᠷᠤᠰᠢ ᠶᠢᠨ ᠡᠪᠡᠰᠦ ᠪᠣᠷᠳᠤᠭ᠎ᠠ ᠬᠠᠩᠭᠠᠵᠤ᠂ ᠵᠢᠯ ᠤᠨ ᠠᠰᠢᠭ ᠣᠷᠣᠯᠭ᠎ᠠ ᠨᠢ 100 ᠲᠦᠮᠡ ᠣᠷᠴᠢᠮ ᠬᠦᠷᠴᠦ ᠪᠠᠶᠢᠨ᠎ᠠ᠃    ᠨᠢᠭᠡ ᠬᠥᠮᠦᠨ ᠪᠠᠶᠠᠵᠢᠪᠠᠯ ᠪᠠᠶᠠᠨ ᠳᠤ ᠲᠣᠭᠠᠴᠠᠭᠳᠠᠬᠤ ᠦᠭᠡᠢ᠃ ᠥᠪᠡᠷ ᠤᠨ ᠠᠮᠢᠳᠤᠷᠠᠯ ᠤᠨ ᠦᠷᠳᠡᠭ ᠢᠶᠠᠨ ᠪᠡᠶᠡᠯᠡᠭᠦᠯᠬᠦ ᠶᠢᠨ ᠬᠠᠮᠲᠤ᠂ ᠮᠧᠩ ᠹᠧᠩ ᠲᠠᠷᠢᠵᠦ ᠲᠡᠵᠢᠭᠡᠨ ᠦᠷᠡᠵᠢᠭᠦᠯᠬᠦ ᠲᠤᠰᠬᠠᠢ ᠬᠤᠷᠰᠢᠶ᠎ᠠ ᠨᠢ ᠪᠠᠰᠠ ᠲᠤᠬᠠᠢ ᠶᠢᠨ ᠭᠠᠵᠠᠷ ᠤᠨ ᠤᠯᠠᠨ ᠲᠦᠮᠡᠨ ᠳᠤ ᠭᠠᠷᠬᠤ ᠵᠠᠮ ᠣᠯᠭᠤᠵᠤ᠂ ᠴᠥᠭᠡᠨ ᠪᠤᠰᠤ ᠲᠣᠰᠬᠤᠨ ᠤ ᠠᠷᠠᠳ ᠪᠦᠷ ᠲᠡᠭᠦᠨ ᠤ ᠲᠡᠵᠢᠭᠡᠨ ᠦᠷᠡᠵᠢᠭᠦᠯᠬᠦ ᠲᠤᠰᠬᠠᠢ ᠬᠤᠷᠰᠢᠶ᠎ᠠ ᠳᠤ ᠣᠴᠢᠵᠤ ᠬᠥᠯᠥᠰᠥᠨ ᠠᠵᠢᠯ ᠬᠢᠬᠦ ᠳᠤᠷᠠᠲᠠᠢ ᠪᠠᠶᠢᠪᠠ᠃    ᠠᠵᠢᠯᠴᠢᠨ ᠯᠢ ᠷᠦᠨ ᠱᠤᠸᠠᠨ᠄ ︽ᠪᠢ ᠤᠳᠤ ᠠᠳᠡ ᠭᠤᠷᠪᠠ ᠲᠦᠷᠪᠡᠨ ᠵᠢᠯ ᠦᠬᠡᠷ ᠢᠶᠠᠨ ᠲᠡᠵᠢᠭᠡᠵᠦ ᠪᠠᠶᠢᠨ᠎ᠠ᠂ ᠭᠡᠷ ᠢᠶᠠᠨ ᠰᠠᠬᠢᠵᠤ ᠪᠠᠶᠢᠭ᠎ᠠ ᠨᠢ ᠠᠳᠡ ᠪᠠᠭ᠎ᠠ ᠰᠠᠭ᠎ᠠ ᠠᠵᠢᠯ ᠬᠢᠵᠦ ᠪᠠᠶᠢᠨ᠎ᠠ᠂ ᠠᠵᠢᠯ ᠨᠢ ᠴᠦ ᠬᠦᠨᠳᠦ ᠪᠢᠰᠢ᠂ ᠭᠠᠳᠠᠨ᠎ᠠ ᠬᠦᠴᠦ ᠶᠠᠪᠤᠬᠤ ᠠᠴᠠ ᠳᠡᠭᠡᠷ᠎ᠡ᠂ ᠵᠢᠯ ᠳᠤ ᠭᠤᠷᠪᠠᠨ ᠲᠦᠮᠡ ᠢᠯᠡᠭᠦᠦ ᠵᠣᠭᠤᠰ ᠣᠯᠤᠨ᠎ᠠ︾ ᠭᠡᠵᠦ ᠬᠡᠯᠡᠵᠡᠶ᠃ ︽ᠯᠢ ᠷᠦᠨ ᠱᠤᠸᠠᠨ᠄ ︽ᠪᠢ ᠤᠳᠤ ᠠᠳᠡ ᠦᠬᠡᠷ ᠢᠶᠠᠨ ᠭᠤᠷᠪᠠ ᠲᠦᠷᠪᠡᠨ ᠵᠢᠯ ᠲᠡᠵᠢᠭᠡᠵᠦ ᠪᠠᠶᠢᠨ᠎ᠠ᠂ ᠭᠡᠷ ᠢᠶᠠᠨ ᠰᠠᠬᠢᠵᠤ ᠪᠠᠶᠢᠭ᠎ᠠ ᠨᠢ ᠠᠳᠡ ᠪᠠᠭ᠎ᠠ ᠰᠠᠭ᠎ᠠ ᠠᠵᠢᠯ ᠬᠢᠵᠦ ᠪᠠᠶᠢᠨ᠎ᠠ᠂ ᠠᠵᠢᠯ ᠨᠢ ᠴᠦ ᠬᠦᠨᠳᠦ ᠪᠢᠰᠢ᠂ ᠭᠠᠳᠠᠨ᠎ᠠ ᠬᠦᠴᠦ ᠶᠠᠪᠤᠬᠤ ᠠᠴᠠ ᠳᠡᠭᠡᠷ᠎ᠡ᠂ ᠨᠢᠭᠡ ᠵᠢᠯ ᠳᠤ ᠭᠤᠷᠪᠠᠨ ᠲᠦᠮᠡ ᠢᠯᠡᠭᠦᠦ ᠵᠣᠭᠤᠰ ᠣᠯᠤᠨ᠎ᠠ︾ ᠭᠡᠵᠦ ᠬᠡᠯᠡᠪᠡ᠃    ᠡᠨᠡ ᠵᠢᠯ ᠠᠴᠠ ᠨᠠᠰᠢ᠂ ᠳ᠋ᠦ᠋ ᠵᠢᠶᠠᠩ ᠬᠠᠢ ᠪᠠᠰᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠣᠯᠤᠨ ︽ᠠᠯᠠᠰᠢᠨ ᠦᠬᠡᠷ ᠤᠨ ᠰᠦᠷᠦᠭ ᠢᠶᠠᠨ ᠥᠷᠭᠡᠳᠬᠡᠨ ᠳᠠᠬᠢᠨ ᠢᠶᠠᠷ ᠨᠡᠮᠡᠭᠳᠡᠭᠦᠯᠬᠦ︾ ᠵᠢᠱᠢᠶ᠎ᠡ ᠦᠵᠡᠭᠦᠯᠬᠦ ᠰᠢᠶᠠᠨ ᠢ ᠪᠠᠶᠢᠭᠤᠯᠬᠤ ᠬᠥᠭᠵᠢᠯᠲᠡ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ᠥᠪᠡᠷ ᠤᠨ ᠠᠯᠠᠰᠢᠨ ᠦᠬᠡᠷ ᠤᠨ ᠠᠵᠤ ᠦᠢᠯᠡᠰ ᠢᠶᠠᠨ ᠴᠢᠨᠠᠭᠰᠢᠳᠠ ᠬᠥᠭᠵᠢᠭᠦᠯᠦᠨ ᠪᠤᠵᠠᠭᠠᠶᠢᠷᠠᠭᠤᠯᠵᠤ᠂ ᠠᠵᠢᠯᠴᠢ ᠬᠥᠳᠡᠯᠮᠦᠷᠢᠴᠢ ᠬᠤᠶᠠᠷ ᠭᠠᠷ ᠢᠶᠠᠷ ᠢᠶᠠᠨ ᠨᠡᠩ ᠤᠯᠠᠨ ︽ᠦᠬᠡᠷ︾ ᠤᠨ ᠠᠰᠢᠭ ᠣᠯᠵᠠᠪᠤᠷᠢ ᠶᠢ ᠣᠯᠤᠭᠰᠠᠨ ᠪᠠᠶᠢᠨ᠎ᠠ᠃    ᠮᠧᠩ ᠹᠧᠩ ᠨᠡᠷᠡᠮᠵᠢᠲᠦ ᠲᠡᠵᠢᠭᠡᠨ ᠦᠷᠡᠵᠢᠭᠦᠯᠬᠦ ᠬᠤᠷᠰᠢᠶᠠᠨ ᠤ ᠬᠠᠷᠢᠭᠤᠴᠠᠯᠭᠠᠲᠠᠨ ᠳ᠋ᠦ᠋ ᠵᠢᠶᠠᠩ ᠬᠠᠶ ᠬᠡᠯᠡᠬᠦ ᠳᠡᠭᠡᠨ᠄ ︽ᠪᠢ ᠡᠨᠡ ᠵᠢᠯ ᠬᠡᠪᠴᠢᠶ᠎ᠡ ᠪᠠᠨ ᠦᠷᠭᠦᠯᠵᠢᠯᠡᠨ ᠥᠷᠭᠡᠳᠬᠡᠵᠦ᠂ ᠰᠢᠨ᠎ᠡ ᠪᠠᠷ 100 ᠭᠠᠷᠤᠶ ᠰᠢᠮᠧᠨ᠋ᠳᠡᠷ ᠦᠬᠡᠷ ᠢ ᠣᠷᠣᠭᠤᠯᠵᠤ᠂ ᠦᠢᠯᠡᠳᠪᠦᠷᠢ ᠶᠢᠨ ᠪᠠᠶᠢᠰᠢᠩ ᠤᠨ ᠬᠠᠰᠢᠶ᠎ᠠ ᠰᠠᠷᠠᠪᠴᠢ ᠶᠢ ᠳᠠᠬᠢᠨ ᠨᠡᠮᠡᠵᠦ᠂ ᠦᠷᠭᠦᠯᠵᠢᠯᠡᠨ ᠥᠪᠡᠷ ᠢᠶᠠᠨ ᠡᠪᠡᠰᠦ ᠪᠣᠷᠳᠤᠭ᠎ᠠ ᠳᠠᠷᠢᠬᠤ ᠠᠴᠠ ᠪᠢᠰᠢ᠂ ᠭᠠᠳᠠᠭᠰᠢ ᠬᠤᠳᠠᠯᠳᠤᠨ ᠠᠪᠬᠤ ᠴᠢᠬᠤᠯᠠ ᠦᠭᠡᠶ᠂ ᠡᠭᠦᠨ ᠤ ᠵᠡᠷᠭᠡ ᠳᠤ ᠡᠷᠭᠢᠨ ᠲᠣᠭᠤᠷᠢᠨ ᠤ ᠣᠯᠠᠨ ᠲᠦᠮᠡᠨ ᠢ ᠳᠠᠶᠢᠴᠢᠯᠠᠨ ᠲᠡᠵᠢᠭᠡᠨ ᠦᠷᠡᠵᠢᠭᠦᠯᠬᠦ ᠠᠵᠢᠯ ᠬᠢᠵᠦ ᠬᠠᠮᠲᠤ ᠪᠠᠷ ᠪᠠᠶᠠᠵᠢᠵᠤ ᠪᠣᠯᠤᠨ᠎ᠠ︾ ᠭᠡᠵᠡᠶ᠃                                               ᠨᠠᠶᠢᠷᠠᠭᠤᠯᠤᠭᠴᠢ᠄   ᠶᠠᠩ  ᠿᠦᠢ ᠵᠧᠨ                                               ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2