ᠰᠢᠶᠠᠨ ᠤ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ᠄ ᠨᠣᠭᠤᠭᠠᠷᠠᠭᠤᠯᠵᠤ ᠨᠥᠬᠦᠵᠦ ᠳᠠᠷᠢᠬᠤ ᠠᠵᠢᠯ ᠥᠷᠨᠢᠭᠦᠯᠵᠦ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ᠎ᠡ
ᠨᠡᠶᠢᠲᠡᠯᠡᠭᠰᠡᠨ ᠴᠠᠭ᠄
2023/5/17
    ᠬᠠᠪᠤᠷ ᠵᠤᠨ ᠤ ᠰᠣᠯᠪᠢᠴᠠᠯ ᠪᠣᠯ ᠶᠠᠭ ᠰᠠᠶᠢᠬᠠᠨ ᠨᠣᠭᠤᠭᠠᠷᠠᠭᠤᠯᠵᠤ ᠠᠷᠠᠴᠢᠯᠠᠨ ᠬᠠᠮᠠᠭᠠᠯᠠᠬᠤ ᠵᠠᠩᠭᠢᠯᠠᠭ᠎ᠠ ᠶᠢᠨ ᠬᠤᠭᠤᠴᠠᠭ᠎ᠠ ᠮᠥᠨ᠂ ᠨᠣᠭᠤᠭᠠᠷᠠᠭᠤᠯᠵᠤ ᠠᠷᠠᠴᠢᠯᠠᠨ ᠬᠠᠮᠠᠭᠠᠯᠠᠬᠤ ᠦᠷ᠎ᠡ ᠪᠦᠲᠦᠮᠵᠢ ᠶᠢ ᠨᠡᠩ ᠰᠠᠶᠢᠨ ᠳᠡᠭᠡᠭᠰᠢᠯᠡᠭᠦᠯᠬᠦ ᠶᠢᠨ ᠲᠥᠯᠥᠭᠡ᠂ ᠰᠢᠶᠠᠨ ᠤ ᠤᠢ ᠰᠢᠭᠤᠢ ᠡᠪᠡᠰᠦ ᠪᠡᠯᠴᠢᠭᠡᠷ ᠤᠨ ᠲᠤᠪᠴᠢᠶ᠎ᠠ ᠵᠤᠨ ᠤ ᠡᠬᠢᠨ ᠤ ᠨᠣᠭᠤᠭᠠᠷᠠᠭᠤᠯᠵᠤ ᠠᠷᠠᠴᠢᠯᠠᠨ ᠬᠠᠮᠠᠭᠠᠯᠠᠬᠤ ᠳᠤ ᠠᠰᠢᠭᠲᠠᠢ ᠴᠠᠭ ᠲᠣᠬᠢᠶᠠᠯ ᠢ ᠴᠢᠩᠭ᠎ᠠ ᠠᠳᠬᠤᠵᠤ᠂ ᠮᠠᠨ ᠤ ᠰᠢᠶᠠᠨ ᠤ ᠴᠢᠬᠤᠯᠠ ᠭᠤᠣᠯ ᠱᠤᠭᠤᠮ ᠵᠢᠴᠢ ᠬᠤᠳᠠ ᠬᠥᠳᠡᠭᠡ ᠶᠢᠨ ᠵᠠᠮ ᠤᠨ ᠬᠤᠶᠠᠷ ᠬᠠᠵᠠᠭᠤ ᠪᠠᠷ ᠨᠣᠭᠤᠭᠠᠷᠠᠭᠤᠯᠵᠤ ᠨᠥᠬᠦᠵᠦ ᠲᠠᠷᠢᠬᠤ ᠠᠵᠢᠯ ᠢ ᠢᠳᠡᠪᠬᠢᠲᠡᠢ ᠥᠷᠨᠢᠭᠦᠯᠵᠦ᠂ ᠥᠷᠭᠡᠨ ᠤᠯᠠᠨ ᠲᠦᠮᠡᠨ ᠳᠤ ᠶᠠᠪᠤᠵᠤ ᠰᠠᠭᠤᠬᠤ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠵᠤ ᠥᠭᠴᠡᠢ᠃
   ᠬᠤᠷᠢᠶᠠᠨ ᠤ ᠵᠡᠭᠦᠨ ᠭᠠᠷᠤᠨ ᠵᠠᠮ ᠤᠨ ᠵᠢᠷᠭᠤᠳᠤᠭᠠᠷ ᠰᠤᠮᠤᠨ ᠤ ᠵᠠᠮ ᠤᠨ ᠬᠡᠰᠡᠭ ᠤᠨ ᠨᠥᠬᠦᠵᠦ ᠤᠷᠭᠤᠭᠤᠯᠬᠤ ᠲᠤᠬᠠᠶ ᠶᠢᠨ ᠲᠠᠯᠠᠪᠠᠶ ᠳᠤ᠂ ᠠᠵᠢᠯᠲᠠᠳ ᠶᠠᠭ ᠵᠠᠮ ᠳᠠᠭᠠᠤ ᠶᠢᠨ ᠮᠣᠳᠣ ᠳᠤᠲᠠᠭᠤ ᠴᠢᠬᠢ ᠲᠠᠰᠤᠷᠠᠭᠰᠠᠨ ᠪᠦᠰᠡᠨ ᠳᠤ ᠵᠢᠭᠠᠷᠲᠤ ᠨᠠᠷᠠᠰᠤ᠂ ᠲᠣᠰᠣᠲᠤ ᠨᠠᠷᠠᠰᠤ ᠵᠡᠷᠭᠡ ᠮᠣᠳᠣᠨ ᠤ ᠲᠥᠷᠥᠯ ᠢ ᠨᠥᠬᠦᠵᠦ ᠳᠠᠷᠢᠵᠤ ᠪᠣᠶ᠂ ᠲᠠᠳᠠ ᠬᠤᠶᠠᠷ ᠠᠴᠠ ᠭᠤᠷᠪᠠᠨ ᠬᠥᠮᠦᠨ ᠨᠢᠭᠡ ᠳᠤᠭᠤᠶᠢᠯᠠᠩ ᠪᠣᠯᠵᠣ᠂ ᠬᠦᠷᠵᠡ ᠬᠤᠷᠦ᠋ᠢᠯᠠᠵᠤ ᠨᠦᠬᠡ ᠮᠠᠯᠲᠠᠨ᠂ ᠴᠢᠬᠢ ᠲᠦᠰᠢᠨ ᠰᠢᠷᠣᠶ ᠨᠡᠮᠡᠵᠦ ᠂ ᠬᠠᠷᠢᠯᠴᠠᠨ ᠬᠠᠮᠵᠢᠯᠴᠠᠵᠤ᠂ ᠡᠷᠴᠢ ᠵᠣᠷᠢᠭ ᠲᠡᠭᠦᠯᠳᠡᠷ ᠪᠠᠶᠢᠨ᠎ᠠ᠃ ᠨᠦᠬᠡ ᠮᠠᠯᠲᠠᠨ ᠭᠠᠵᠠᠷ ᠲᠡᠭᠰᠢᠯᠡᠬᠦ᠂ ᠵᠤᠯᠵᠠᠭ᠎ᠠ ᠮᠣᠳᠣ ᠲᠠᠷᠢᠬᠤ ᠠᠴᠠ ᠠᠪᠤᠭᠠᠳ ᠲᠡᠭᠰᠢᠯᠡᠨ ᠳᠠᠭᠰᠢᠷᠠᠭᠤᠯᠬᠤ᠂ ᠤᠰᠤ ᠲᠠᠲᠠᠵᠤ ᠤᠰᠤᠯᠠᠬᠤ ᠬᠦᠷᠲᠡᠯ᠎ᠡ᠂ ᠠᠵᠢᠯ ᠤᠨ ᠳᠠᠷᠠᠭᠠᠯᠠᠯ ᠨᠢᠭᠡᠪᠦᠷᠢ ᠳᠤ ᠴᠥᠮ ᠥᠴᠦᠬᠡᠨ ᠴᠦ ᠣᠰᠣᠯᠳᠠᠬᠤ ᠦᠭᠡᠢ ᠪᠠᠶᠢᠳᠠᠭ᠃ ᠤᠯᠠᠨ ᠢᠶᠠᠷ ᠢᠶᠠᠨ ᠰᠡᠳᠬᠢᠯ ᠰᠠᠨᠠᠭ᠎ᠠ ᠪᠠᠨ ᠣᠯᠣᠯᠴᠠᠨ᠂ ᠵᠠᠮ ᠢᠶᠠᠨ ᠤᠯᠠᠮ ᠢᠯᠡᠭᠦᠦ ᠠᠮᠢᠵᠢᠷᠠᠯ ᠤᠨ ᠬᠦᠴᠦᠨ ᠢᠶᠠᠷ ᠴᠢᠮᠡᠭᠯᠡᠨ᠎ᠡ᠃
   ᠨᠣᠭᠤᠭᠠᠷᠠᠭᠤᠯᠤᠯᠲᠠ ᠶᠢᠨ ᠦᠷ᠎ᠡ ᠠᠰᠢᠭ ᠢ ᠦᠨᠡᠨᠬᠦ ᠪᠠᠲᠤᠯᠠᠬᠤ ᠶᠢᠨ ᠲᠥᠯᠥᠭᠡ᠂ ᠰᠢᠶᠠᠨ ᠤ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠶᠢᠨ ᠬᠢᠨ ᠴᠢᠬᠢ ᠰᠣᠩᠭᠤᠬᠤ᠂ ᠵᠠᠶᠢᠯᠠᠬᠤ᠂ ᠬᠠᠮᠢᠶᠠᠷᠬᠤ ᠵᠡᠷᠭᠡ ᠡᠯ᠎ᠡ ᠭᠤᠭᠴᠤᠭ᠎ᠠ ᠠᠴᠠ ᠪᠣᠳᠠᠲᠠᠶ ᠪᠥᠭᠡᠳ ᠨᠠᠷᠢᠯᠢᠭ ᠠᠳᠬᠤᠵᠤ᠂ ᠰᠢᠨᠵᠢᠯᠡᠬᠦ ᠤᠬᠠᠭᠠᠨᠴᠢ ᠪᠦᠲᠦᠮᠵᠢᠲᠡᠶ ᠠᠷᠭ᠎ᠠ ᠬᠡᠮᠵᠢᠶ᠎ᠡ ᠶᠢ ᠦᠨᠡᠨ ᠬᠦ ᠠᠪᠴᠤ ᠡᠳᠡᠭᠡᠷᠡᠯᠲᠡ ᠶᠢᠨ ᠨᠣᠷᠮ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠵᠤ᠂ ᠲᠡᠭᠦᠨ ᠤ ᠳᠣᠲᠣᠷᠠᠬᠢ ᠤᠷᠭᠤᠯᠲᠠ ᠪᠠᠷ ᠮᠠᠭᠤ ᠂ ᠬᠠᠳᠠᠵᠤ ᠥᠭᠦᠭᠰᠡᠨ ᠴᠢᠬᠢ ᠮᠣᠳᠣ ᠶᠢ ᠴᠠᠭ ᠲᠤᠬᠠᠶ ᠳᠤᠨᠢ ᠰᠣᠯᠢᠵᠤ ᠨᠥᠬᠦᠵᠦ ᠳᠠᠷᠢᠵᠤ᠂ ᠨᠢᠭᠡ ᠰᠠᠭᠤᠷᠢ ᠨᠥᠬᠦᠵᠦ ᠳᠠᠷᠢᠪᠠᠯ ᠨᠢᠭᠡ ᠰᠠᠭᠤᠷᠢ ᠡᠳᠡᠭᠡᠷᠡᠬᠦ ᠶᠢ ᠦᠨᠡᠨ ᠬᠦ ᠪᠠᠲᠤᠯᠠᠵᠤ᠂ ᠰᠢᠶᠠᠨ ᠤ ᠬᠤᠲᠠ ᠶᠢᠨ ᠵᠠᠰᠠᠮᠠᠯ ᠵᠠᠮ ᠳᠠᠭᠠᠤ ᠶᠢᠨ ᠨᠣᠭᠤᠭᠠᠷᠠᠭᠤᠯᠤᠯᠲᠠ ᠶᠢᠨ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠨᠠᠩ ᠲᠠᠭᠠᠯᠠᠮᠵᠢᠲᠠᠶ ᠲᠠᠭᠠᠯᠠᠮᠵᠢᠲᠠᠶ ᠦᠵᠡᠮᠵᠢ ᠶᠢ ᠪᠣᠶ ᠪᠣᠯᠭᠠᠵᠤ᠂ ᠮᠠᠨ ᠤ ᠰᠢᠶᠠᠨ ᠤ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ᠰᠢᠶᠠᠨ ᠤ ᠤᠢ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠶᠢᠨ ᠣᠶᠢᠵᠢᠭᠤᠯᠵᠤ ᠡᠯᠡᠰᠦ ᠶᠢ ᠵᠠᠰᠠᠬᠤ ᠲᠠᠰᠤᠭ ᠤᠨ ᠳᠠᠷᠤᠭ᠎ᠠ ᠵᠠᠩ ᠲᠢᠶᠠᠨ ᠯᠦᠩ ᠬᠡᠯᠡᠬᠦ ᠳᠡᠭᠡᠨ᠄ ︽ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠶᠢ ᠦᠨᠳᠦᠰᠦᠯᠡᠨ᠂ ᠮᠠᠨ ᠤ ᠤᠢ ᠰᠢᠭᠤᠶ ᠶᠢᠨ ᠲᠣᠪᠴᠢᠶ᠎ᠠ ᠬᠤᠷᠢᠶᠠᠨ ᠤ ᠵᠡᠭᠦᠨ ᠭᠠᠷᠤᠨ ᠵᠠᠮ᠂ ᠤᠯᠤᠰ ᠤᠨ ᠵᠠᠮ ᠤᠨ 512 ᠱᠤᠭᠤᠮ ᠤᠨ ᠵᠠᠮ ᠤᠨ ᠬᠤᠶᠠᠷ ᠬᠠᠵᠠᠭᠤ ᠪᠠᠷ ᠲᠤᠷᠤᠭ ᠮᠣᠳᠣ ᠶᠢ ᠨᠥᠬᠦᠨ ᠲᠠᠷᠢᠵᠤ᠂ ᠲᠣᠰᠣᠯᠢᠭ ᠨᠠᠷᠠᠰᠤ᠂ ᠵᠢᠭᠠᠷᠲᠤ ᠨᠠᠷᠠᠰᠤ᠂ ᠠᠭᠤᠯᠠᠨ ᠲᠤᠭᠤᠷ᠂ ᠢᠦᠢ ᠶᠧ ᠮᠧᠶ᠂ ᠭᠤᠣᠯᠲᠤ ᠪᠣᠷᠣ ᠵᠡᠷᠭᠡ ᠶᠢ ᠨᠥᠬᠦᠨ ᠲᠠᠷᠢᠨ᠎ᠠ᠂ ᠵᠢᠱᠢᠯᠲᠡ ᠪᠠᠷ ᠡᠨᠡ ᠬᠤᠶᠠᠷ ᠵᠠᠮ ᠳᠤ ᠨᠡᠶᠢᠳᠡ 14800 ᠰᠠᠭᠤᠷᠢ ᠮᠣᠳᠣ ᠨᠥᠬᠦᠨ ᠲᠠᠷᠢᠨ᠎ᠠ᠂ ᠤᠳᠤ ᠨᠢᠭᠡᠨᠲᠡ 12500 ᠰᠠᠭᠤᠷᠢ ᠮᠣᠳᠣ ᠨᠥᠬᠦᠨ ᠲᠠᠷᠢᠨ᠎ᠠ᠂ ᠵᠢᠱᠢᠯᠲᠡ ᠪᠠᠷ 5 ᠰᠠᠷ᠎ᠠ ᠶᠢᠨ ᠰᠡᠭᠦᠯᠴᠢ ᠪᠠᠷ ᠨᠥᠬᠦᠵᠦ ᠲᠠᠷᠢᠬᠤ ᠡᠭᠦᠷᠭᠡ ᠪᠠᠨ ᠪᠦᠬᠦᠨ ᠢ ᠪᠡᠶᠡᠯᠡᠭᠦᠯᠦᠨ᠎ᠡ︾ ᠭᠡᠵᠡᠶ᠃                                   ᠨᠠᠶᠢᠷᠠᠭᠤᠯᠤᠭᠴᠢ᠄  ᠯᠢ ᠬᠤᠩ ᠢᠦᠢ                                     ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2