ᠰᠢᠤᠸᠠᠢ ᠯᠦᠩ ᠰᠣᠶᠣᠯ ᠤᠨ ᠲᠣᠰᠬᠤᠨ᠄ ᠡᠷᠲᠡᠨ ᠤ ᠠᠶᠢᠯ ᠲᠣᠰᠬᠤᠨ ᠢ ᠥᠭᠡᠷᠡᠴᠢᠯᠡᠵᠦ ᠰᠢᠨ᠎ᠡ ᠠᠮᠢᠵᠢᠷᠠᠯ ᠤᠨ ᠬᠦᠴᠦᠨ ᠢ ᠪᠠᠳᠠᠷᠠᠭᠤᠯᠤᠨ᠎ᠠ
ᠨᠡᠶᠢᠲᠡᠯᠡᠭᠰᠡᠨ ᠴᠠᠭ᠄
2023/5/17
   ᠲᠠᠪᠤᠨ ᠰᠠᠷ᠎ᠠ ᠶᠢᠨ ᠨᠢᠭᠡᠨ ᠤ ᠠᠮᠠᠷᠠᠯᠲᠠ ᠠᠴᠠ ᠨᠠᠰᠢ᠂ ᠯᠢᠶᠠᠩᠴᠧᠩ ᠰᠢᠶᠠᠨ ᠤ ᠼᠤᠤ ᠨᠢᠶᠠᠨ‌ᠮᠠᠨᠵᠤ ᠦᠨᠳᠦᠰᠦᠲᠡᠨ ᠤ ᠰᠢᠶᠠᠩ ᠤᠨ ᠵᠡᠭᠦᠨ ᠬᠤᠶᠠᠳᠤᠭᠠᠷ ᠲᠣᠰᠬᠤᠨ ᠳᠤ ᠤᠯᠠᠮ ᠠᠴᠠ ᠤᠯᠠᠮ ᠬᠦᠷ ᠬᠥᠭᠵᠢᠶᠡᠨ ᠲᠠᠢ ᠪᠤᠯᠵᠤ᠂ ᠲᠣᠰᠬᠤᠨ ᠤ ᠨᠤᠲᠤᠭ ᠲᠠᠭᠠᠨ ᠪᠤᠴᠠᠭᠰᠠᠨ ᠵᠠᠯᠠᠭᠤ ᠯᠢ ᠬᠤᠩ ᠯᠢᠶᠠᠩ ᠤᠨ ᠪᠠᠶᠢᠭᠤᠯᠤᠭᠰᠠᠨ ︽ᠰᠢᠤᠸᠠᠢ ᠯᠦᠩ ᠰᠣᠶᠣᠯ ᠤᠨ ᠵᠤᠰᠠᠯᠠᠩ︾ ᠳᠤ ᠮᠠᠰᠢ ᠤᠯᠠᠨ ᠵᠤᠭᠠᠴᠠᠭᠰᠠᠳ ᠤᠨ ᠠᠩᠬᠠᠷᠤᠯ ᠢ ᠲᠠᠲᠠᠵᠠᠢ᠃ ᠣᠶᠢᠷ᠎ᠠ ᠳᠤ᠂ ᠡᠷᠬᠢᠨ ᠲᠣᠭᠤᠷᠢᠨ ᠤ ᠡᠯ᠎ᠡ ᠲᠣᠮᠣ ᠤᠷᠠᠨ ᠵᠢᠷᠤᠭ ᠤᠨ ᠳᠡᠭᠡᠳᠦ ᠰᠤᠷᠭᠠᠭᠤᠯᠢ ᠪᠠ ᠤᠷᠠᠯᠢᠭᠴᠢᠳ ᠴᠤ ᠡᠨᠡ ᠬᠦ ᠬᠦᠰᠡᠯᠡᠩ ᠤᠨ ᠵᠣᠬᠢᠶᠠᠨ ᠪᠦᠲᠦᠭᠡᠯᠭᠡ ᠶᠢᠨ ᠰᠠᠭᠤᠷᠢᠨ ᠭᠠᠵᠠᠷ ᠲᠤ ᠢᠷᠡᠵᠦ᠂ ᠤᠯᠠᠮᠵᠢᠯᠠᠯᠲᠤ ᠡᠷᠲᠡᠨ ᠤ ᠠᠶᠢᠯ ᠲᠣᠰᠬᠤᠨ ᠤ ᠰᠣᠶᠣᠯ ᠵᠢᠭᠤᠯᠴᠢᠯᠠᠯ ᠤᠨ ᠤᠶᠢᠯᠡᠰ ᠤᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠭᠰᠡᠨ ᠪᠠᠶᠢᠨ᠎ᠠ᠃
         5 ᠰᠠᠷ᠎ᠠ ᠶᠢᠨ 6 ᠤ ᠡᠳᠦᠷ᠂ ᠰᠢᠤᠸᠠᠢ ᠯᠦᠩ ᠰᠣᠶᠣᠯ ᠤᠨ ᠵᠤᠰᠠᠯᠠᠩ ᠳᠤ ᠨᠢᠭᠡ ᠪᠦᠯᠦᠭ ᠵᠠᠯᠠᠭᠤ ᠬᠠᠭᠤᠯᠤᠨ ᠵᠢᠷᠤᠬᠤ ᠰᠤᠷᠤᠭᠴᠢᠳ — ᠬᠥᠬᠡᠬᠤᠲᠠ ᠶᠢᠨ ᠦᠨᠳᠦᠰᠦᠲᠡᠨ ᠤ ᠳᠡᠭᠡᠳᠦ ᠰᠤᠷᠭᠠᠭᠤᠯᠢ ᠶᠢᠨ ᠤᠷᠠᠨ ᠵᠢᠷᠤᠭ ᠤᠨ ᠰᠠᠯᠪᠤᠷᠢ ᠶᠢᠨ ᠤᠰᠤᠨ ᠪᠤᠳᠤᠭ ᠤᠨ ᠠᠩᠭᠢ ᠶᠢᠨ ᠰᠤᠷᠤᠭᠴᠢᠳ ᠢ ᠤᠭᠲᠤᠨ ᠠᠪᠴᠢᠷᠠᠯ᠎ᠠ᠂ ᠠᠳᠡ ᠬᠠᠭᠤᠯᠤᠨ ᠵᠢᠷᠤᠬᠤ ᠬᠢᠴᠢᠶᠡᠯ ᠨᠡᠭᠡᠭᠡᠬᠦ ᠳᠤ᠂ ᠵᠤᠰᠠᠯᠠᠩ ᠢ ᠡᠭᠦᠰᠭᠡᠨ ᠪᠠᠶᠢᠭᠤᠯᠤᠭᠴᠢ ᠯᠢ ᠬᠤᠩ ᠯᠢᠶᠠᠩ ᠣᠯᠠᠨ ᠳᠤ ᠣᠷᠣᠵᠤ ᠰᠠᠭᠤᠬᠤ ᠶᠠᠪᠤᠴᠠ ᠪᠣᠯᠤᠨ ᠠᠮᠤᠷ ᠲᠦᠪᠰᠢᠨ ᠤ ᠠᠩᠬᠠᠷᠬᠤ ᠵᠦᠢᠯᠡᠰ ᠢ ᠲᠠᠶᠢᠯᠪᠤᠷᠢᠯᠠᠨ ᠥᠭᠭᠦᠭᠰᠡᠨ ᠤ ᠳᠠᠷᠠᠭ᠎ᠠ᠂ ᠰᠤᠷᠤᠭᠴᠢᠳ ᠪᠠᠭᠰᠢ ᠶᠢᠨ ᠢᠶᠠᠨ ᠳᠠᠭᠠᠭᠤᠯᠭ᠎ᠠ ᠶᠢ ᠬᠦᠯᠢᠶᠡᠵᠦ ᠶᠠᠳᠠᠨ ᠲᠣᠬᠢᠷᠠᠮᠵᠢᠲᠠᠶ ᠣᠷᠣᠨ ᠪᠠᠶᠢᠷᠢ ᠰᠣᠩᠭᠤᠵᠤ ᠬᠠᠭᠤᠯᠤᠨ ᠵᠢᠷᠤᠬᠤ ᠪᠠᠨ ᠡᠬᠢᠯᠡᠭᠦᠯᠵᠡᠶ᠃ ᠲᠡᠳᠡ ᠠᠭᠤᠯᠠᠰ ᠭᠤᠷᠤᠬ᠎ᠠ ᠪᠠᠷ ᠬᠦᠷᠢᠶᠡᠯᠡᠭᠳᠡᠭᠰᠡᠨ ᠪᠠᠶᠢᠭᠠᠯᠢ ᠶᠢᠨ ᠰᠠᠶᠢᠬᠠᠨ ᠦᠵᠡᠮᠵᠢ ᠳᠤ ᠪᠡᠶ᠎ᠡ ᠪᠠᠨ ᠪᠠᠷᠢᠵᠤ᠂ ᠰᠡᠳᠬᠢᠯ ᠲᠠᠶᠢᠪᠤᠭᠤᠬᠠᠨ ᠬᠠᠭᠤᠯᠤᠨ ᠵᠣᠬᠢᠶᠠᠨ ᠪᠦᠲᠦᠭᠡᠬᠦ ᠨᠢ ᠡᠳᠡᠭᠡᠷ ᠵᠠᠯᠠᠭᠤ ᠰᠤᠷᠤᠭᠴᠢᠳ ᠲᠤ ᠠᠪᠴᠤ ᠬᠡᠯᠡᠪᠡᠯ ᠣᠯᠳᠠᠬᠤᠶ᠎ᠠ ᠪᠡᠷᠬᠡ ᠣᠶᠤᠨ ᠰᠠᠨᠠᠭᠠᠨ ᠤ ᠤᠬᠢᠶᠠᠯ ᠪᠠ ᠰᠤᠷᠤᠯᠴᠠᠯᠭ᠎ᠠ ᠶᠢᠨ ᠥᠩᠭᠡᠷᠡᠯᠲᠡ ᠪᠣᠯᠬᠤ ᠶᠤᠮ᠃ ᠲᠡᠳᠡ ᠥᠪᠡᠷ ᠤᠨ ᠬᠠᠶᠢᠷ᠎ᠠ ᠰᠡᠳᠬᠢᠯᠭᠡ ᠪᠠᠨ ᠰᠢᠩᠭᠡᠭᠡᠵᠦ ᠴᠢᠳᠠᠬᠤ ᠪᠠᠷ ᠪᠠᠷᠠᠬᠤ ᠦᠭᠡᠶ᠂ ᠬᠠᠭᠤᠯᠤᠨ ᠵᠢᠷᠤᠬᠤ ᠶᠠᠪᠤᠴᠠ ᠳᠠᠭᠠᠨ ᠴᠤ ᠬᠠᠮᠤᠭ ᠠᠩᠬᠠᠨ ᠤ ᠠᠮᠢ ᠠᠬᠤᠶ ᠶᠢᠨ ᠪᠠᠶᠢᠭᠠᠯᠢ ᠶᠢᠨ ᠷᠢᠳᠢ ᠰᠢᠳᠢ ᠶᠢ ᠨᠡᠩ ᠭᠦᠨᠵᠡᠭᠡᠶ ᠣᠶᠢᠯᠠᠭᠠᠵᠤ ᠴᠢᠳᠠᠳᠠᠭ᠃ ᠬᠥᠬᠡᠬᠤᠲᠠ ᠶᠢᠨ ᠦᠨᠳᠦᠰᠦᠲᠡᠨ ᠤ ᠳᠡᠭᠡᠳᠦ ᠰᠤᠷᠭᠠᠭᠤᠯᠢ ᠶᠢᠨ ᠤᠷᠠᠨ ᠵᠢᠷᠤᠭ ᠤᠨ ᠳᠡᠭᠡᠳᠦ ᠰᠤᠷᠭᠠᠭᠤᠯᠢ ᠶᠢᠨ ᠤᠰᠤᠨ ᠪᠤᠳᠤᠭ ᠤᠨ ᠠᠩᠭᠢ ᠶᠢᠨ ᠨᠢᠭᠡᠳᠦᠭᠡᠷ ᠣᠨ ᠤ ᠣᠶᠤᠲᠠᠨ ᠵᠧᠩ ᠵᠢᠶᠠ ᠯᠢᠨ᠄ ︽ᠰᠢᠤᠸᠠᠢ ᠯᠦᠩ ᠰᠣᠶᠣᠯ ᠤᠨ ᠵᠤᠰᠠᠯᠠᠩ ᠳᠤ ᠢᠷᠡᠵᠦ ᠡᠨᠡ ᠤᠳᠠᠭᠠᠨ ᠤ ᠬᠠᠭᠤᠯᠤᠨ ᠵᠢᠷᠤᠬᠤ ᠠᠵᠢᠯᠯᠠᠭ᠎ᠠ ᠳᠤ ᠣᠷᠣᠯᠴᠠᠬᠤ ᠳᠤ ᠠᠳᠡᠬᠢ ᠶᠢᠨ ᠥᠩᠭᠡ ᠦᠵᠡᠮᠵᠢ ᠭᠤᠶᠣ ᠰᠠᠶᠢᠬᠠᠨ᠂ ᠠᠭᠤᠯᠠ ᠤᠰᠤ ᠲᠤᠩᠭᠠᠯᠠᠭ᠂ ᠵᠢᠷᠤᠭ ᠵᠢᠷᠤᠬᠤ ᠳᠤ ᠮᠠᠰᠢ ᠲᠣᠬᠢᠷᠠᠮᠵᠢᠲᠠᠶ᠂ ᠪᠢ ᠡᠨᠡ ᠤᠳᠠᠭᠠᠨ ᠤ ᠬᠠᠭᠤᠯᠤᠨ ᠵᠢᠷᠤᠬᠤ ᠪᠠᠨ ᠤᠷᠤᠭᠰᠢᠲᠠᠶ ᠪᠡᠶᠡᠯᠡᠭᠦᠯᠬᠦ ᠶᠢ ᠬᠦᠰᠡᠵᠦ ᠪᠠᠶᠢᠨ᠎ᠠ︾ ᠭᠡᠵᠡᠶ  ᠃
   ᠰᠢᠤᠸᠠᠢ ᠯᠦᠩ ᠰᠣᠶᠣᠯ ᠤᠨ ᠵᠤᠰᠠᠯᠠᠩ ᠨᠢ ᠯᠢᠶᠠᠩᠴᠧᠩ ᠰᠢᠶᠠᠨ ᠤ ᠼᠤᠤ ᠨᠢᠶᠠᠨ  ᠮᠠᠨᠵᠤ ᠦᠨᠳᠦᠰᠦᠲᠡᠨ ᠤ ᠰᠢᠶᠠᠩ ᠤᠨ ᠵᠡᠭᠦᠨ ᠬᠤᠶᠠᠳᠤᠭᠠᠷ ᠲᠣᠰᠬᠤᠨ ᠳᠤ ᠪᠤᠶ᠃ ︽ᠬᠤᠳᠠ ᠳᠤ ᠤᠳᠠᠭᠠᠨ ᠰᠠᠭᠤᠭᠰᠠᠨ ᠬᠥᠮᠦᠰ ᠲᠤ ᠠᠭᠤᠯᠠ ᠤᠰᠤ ᠶᠢ ᠬᠠᠷᠠᠭᠤᠯᠵᠤ᠂ ᠨᠤᠲᠤᠭ ᠤᠨ ᠮᠥᠷᠥᠭᠡᠳᠦᠯ ᠢ ᠴᠡᠭᠡᠵᠢᠯᠡᠭᠦᠯᠬᠦ︾ ᠵᠢᠷᠤᠭ ᠲᠥᠯᠥᠪᠯᠡᠭᠡ ᠶᠢᠨ ᠣᠶᠢᠯᠠᠭᠠᠭᠳᠠᠬᠤᠨ ᠢᠶᠠᠷ᠂ ᠤᠳᠤ ᠨᠢᠭᠡᠨᠲᠡ ᠰᠤᠯᠠ ᠲᠠᠯᠪᠢᠭᠳᠠᠵᠤ ᠪᠠᠶᠢᠭ᠎ᠠ ᠲᠣᠰᠬᠤᠨ ᠤ ᠠᠷᠠᠳ ᠤᠨ ᠣᠷᠣᠨ ᠰᠠᠭᠤᠴᠠ ᠶᠢᠨ  ᠬᠦᠷᠢᠶ᠎ᠡ ᠶᠢ 6 ᠭᠠᠵᠠᠷ ᠲᠤ ᠠᠮᠢᠯᠠᠭᠤᠯᠵᠤ᠂ ᠰᠡᠯᠪᠢᠨ ᠵᠠᠰᠠᠬᠤ᠂ ᠥᠭᠡᠷᠡᠴᠢᠯᠡᠨ ᠰᠠᠶᠢᠵᠢᠷᠠᠭᠤᠯᠬᠤ ᠪᠠ ᠲᠡᠰ ᠳᠡᠪᠰᠢᠭᠦᠯᠬᠦ ᠪᠦᠳᠦᠭᠡᠨ ᠪᠠᠶᠢᠭᠤᠯᠤᠯᠲᠠ ᠬᠢᠵᠦ᠂ ᠡᠭᠦᠨ ᠤ ᠰᠠᠭᠤᠷᠢᠨ ᠳᠡᠭᠡᠷ᠎ᠡ ᠲᠤᠬᠠᠢ ᠶᠢᠨ ᠭᠠᠵᠠᠷ ᠤᠨ ᠲᠠᠷᠢᠶᠠᠯᠠᠬᠤ ᠰᠣᠶᠣᠯ ᠪᠣᠯᠤᠨ ᠦᠢᠯᠡᠳᠪᠦᠷᠢᠯᠡᠯ ᠠᠮᠢᠳᠤᠷᠠᠯ ᠤᠨ ᠵᠠᠩ ᠳᠠᠳᠬᠠᠯ ᠢ ᠦᠨᠳᠦᠰᠦᠯᠡᠨ ᠲᠠᠷᠢᠶᠠᠯᠠᠬᠤ ᠠᠷᠠᠳ ᠤᠨ ᠵᠠᠩ ᠦᠢᠯᠡ ᠶᠢᠨ ᠣᠷᠳᠣᠨ ᠪᠣᠯᠤᠨ ᠤᠷᠠᠨ ᠳᠠᠷᠬᠠᠨ ᠤ ᠰᠣᠶᠣᠯ ᠤᠨ ᠣᠷᠳᠣᠨ ᠢ ᠪᠠᠶᠢᠭᠤᠯᠵᠠᠢ᠃ ᠡᠭᠦᠨ ᠤ ᠬᠠᠮᠲᠤ ᠵᠤᠰᠠᠯᠠᠩ ᠤᠨ ᠠᠭᠤᠯᠠ ᠨᠢ ᠲᠤᠩᠭᠠᠯᠠᠭ ᠤᠰᠤ ᠨᠢ ᠲᠤᠩᠭᠠᠯᠠᠭ᠂ ᠳᠥᠷᠪᠡᠨ ᠤᠯᠠᠷᠢᠯ ᠨᠢ ᠲᠣᠳᠣᠷᠬᠠᠶ᠂ ᠣᠳᠣᠨ ᠣᠭᠲᠠᠷᠭᠤᠶ ᠨᠢ ᠲᠤᠩᠭᠠᠯᠠᠭ ᠵᠡᠷᠭᠡ ᠥᠪᠡᠷᠮᠢᠴᠡ ᠳᠠᠪᠠᠭᠤᠯᠢᠭ ᠲᠠᠭᠠᠨ ᠲᠦᠰᠢᠭᠯᠡᠨ᠂ ᠬᠡᠭᠡᠷ᠎ᠡ ᠪᠠᠭᠤᠳᠠᠯᠯᠠᠬᠤ ᠭᠠᠵᠠᠷ ᠢ ᠪᠠᠶᠢᠭᠤᠯᠤᠭᠰᠠᠨ ᠪᠠᠶᠢᠨ᠎ᠠ᠃ ᠪᠠᠰᠠ ᠵᠤᠭᠠᠴᠠᠯ ᠤᠨ ᠠᠷᠠᠳ ᠤᠨ ᠣᠷᠣᠨ ᠰᠠᠭᠤᠴᠠ ᠶᠢᠨ ᠪᠦᠳᠦᠭᠡᠨ ᠪᠠᠶᠢᠭᠤᠯᠤᠯᠲᠠ ᠪᠠᠷ ᠲᠠᠮᠵᠢᠨ ᠦᠷᠳᠡᠭ ᠨᠡᠮᠡᠭᠳᠡᠭᠦᠯᠬᠦ ᠦᠢᠯᠡᠳᠦᠯ ᠭᠠᠷᠭᠠᠵᠤ᠂ ᠲᠤᠬᠠᠢ ᠶᠢᠨ ᠭᠠᠵᠠᠷ ᠤᠨ ᠲᠣᠰᠬᠤᠨ ᠤ ᠠᠷᠠᠳ ᠢ ᠲᠠᠶᠢᠴᠢᠯᠠᠨ ᠶᠠᠳᠠᠭᠤ ᠠᠴᠠ ᠠᠩᠭᠢᠵᠢᠷᠠᠭᠤᠯᠤᠨ ᠪᠠᠶᠠᠵᠢᠭᠤᠯᠬᠤ ᠪᠠᠷ ᠲᠥᠯᠥᠪᠯᠡᠵᠦ ᠪᠤᠢ᠃ ᠪᠦᠬᠦᠨ ᠢ ᠪᠠᠶᠢᠭᠤᠯᠵᠤ ᠳᠠᠭᠤᠰᠬᠠᠭᠰᠠᠨ ᠤ ᠳᠠᠷᠠᠭ᠎ᠠ ᠬᠠᠭᠤᠯᠤᠨ ᠵᠢᠷᠤᠬᠤ ᠰᠤᠳᠤᠯᠭᠠᠨ ᠤ ᠭᠠᠵᠠᠷ᠂ ᠰᠣᠶᠣᠯ ᠤᠷᠠᠯᠢᠭ ᠤᠨ ᠦᠵᠡᠭᠦᠯᠦᠯᠭᠡ᠂ ᠬᠡᠭᠡᠷ᠎ᠡ ᠪᠠᠭᠤᠳᠠᠯᠯᠠᠬᠤ᠂ ᠠᠷᠠᠳ ᠤᠨ ᠣᠷᠣᠨ ᠰᠠᠭᠤᠴᠠ ᠪᠠ ᠬᠥᠳᠡᠭᠡ ᠨᠤᠲᠤᠭ ᠤᠨ ᠭᠤᠸ᠎ᠠ ᠰᠠᠶᠢᠬᠠᠨ ᠤ ᠤᠬᠠᠭᠠᠨ ᠢ ᠨᠢᠭᠡ ᠴᠤᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠶ ᠬᠥᠳᠡᠭᠡ ᠲᠣᠰᠬᠤᠨ ᠤ ᠵᠢᠭᠤᠯᠴᠢᠯᠠᠯ ᠠᠮᠠᠷᠠᠯᠲᠠ ᠶᠢᠨ ᠲᠡᠷᠢᠭᠦᠨ ᠰᠣᠩᠭᠤᠯᠲᠠ ᠶᠢᠨ ᠭᠠᠵᠠᠷ ᠪᠣᠯᠵᠤ᠂ ᠲᠤᠬᠠᠶ ᠶᠢᠨ ᠭᠠᠵᠠᠷ ᠤᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠪᠦᠲᠦᠭᠡᠨ ᠪᠠᠶᠢᠭᠤᠯᠬᠤ ᠳᠤ ᠰᠠᠭᠤᠷᠢ ᠲᠠᠯᠪᠢᠵᠤ ᠥᠭᠬᠦ ᠪᠣᠯᠤᠨ᠎ᠠ᠃
   ᠰᠢᠤᠸᠠᠢ ᠯᠦᠩ ᠰᠣᠶᠣᠯ ᠤᠨ ᠵᠤᠰᠠᠯᠠᠩ ᠢ ᠡᠭᠦᠰᠭᠡᠨ ᠪᠠᠶᠢᠭᠤᠯᠤᠭᠴᠢ ᠯᠢ ᠬᠤᠩ ᠯᠢᠶᠠᠩ ᠪᠣᠯ ᠨᠤᠲᠤᠭ ᠲᠠᠭᠠᠨ ᠪᠤᠴᠠᠵᠤ ᠦᠢᠯᠡᠰ ᠪᠣᠰᠬᠠᠭᠰᠠᠨ ᠵᠠᠯᠠᠭᠤ ᠪᠣᠯᠤᠨ᠎ᠠ᠂ ᠲᠦᠷᠦᠭᠦᠦ ᠵᠢᠯ ᠤᠳ ᠲᠤ ᠭᠠᠳᠠᠨ᠎ᠠ ᠣᠷᠣᠨ ᠳᠤ ᠠᠮᠢ ᠴᠦᠯᠡᠨ ᠲᠡᠮᠡᠴᠡᠭᠰᠡᠭᠡᠷ ᠢᠷᠡᠭᠰᠡᠨ ᠪᠣᠯᠪᠠᠴᠤ ᠲᠡᠷᠡ ᠶᠡᠷᠦ ᠨᠢ ᠨᠤᠲᠤᠭ ᠤᠨ ᠢᠶᠠᠨ ᠬᠠᠯᠠᠭᠤᠨ ᠬᠥᠷᠥᠰᠥᠨ ᠳᠤ ᠬᠠᠷᠢᠵᠤ᠂ ᠥᠪᠡᠷ ᠤᠨ ᠨᠤᠲᠤᠭ ᠤᠰᠤᠨ ᠳᠠᠭᠠᠨ ᠠᠴᠢ ᠬᠠᠷᠢᠭᠤᠯᠠᠬᠤ ᠬᠦᠰᠡᠯ ᠢᠶᠠᠨ ᠪᠡᠶᠡᠯᠡᠭᠦᠯᠬᠦ ᠶᠢ ᠪᠤᠳᠤᠳᠠᠭ ᠪᠠᠶᠢᠪᠠ᠂ ᠵᠤᠰᠠᠯᠠᠩ ᠤᠨ ᠪᠠᠶᠢᠭᠤᠯᠤᠭᠳᠠᠭᠰᠠᠨ ᠨᠢ ᠲᠡᠭᠦᠨ ᠤ ᠬᠦᠰᠡᠯ ᠢ ᠠᠯᠬᠤᠮ ᠠᠯᠬᠤᠮ ᠢᠶᠠᠷ ᠪᠣᠳᠠᠲᠤ ᠠᠬᠤᠶ ᠪᠣᠯᠭᠠᠨ ᠬᠤᠪᠢᠷᠠᠭᠤᠯᠬᠤ ᠶᠢᠨ ᠬᠠᠮᠲᠤ ᠪᠠᠰᠠ ᠡᠷᠲᠡᠨ ᠤ ᠠᠶᠢᠯ ᠲᠣᠰᠬᠤᠨ ᠳᠤ ᠤᠷᠠᠯᠢᠭ ᠤᠨ ᠡᠯᠧᠮᠧᠨ᠋ᠲ ᠨᠡᠮᠡᠷᠢᠯᠡᠵᠦ᠂ ᠵᠤᠭᠠᠴᠠᠭᠰᠠᠳ ᠤᠨ ᠣᠯᠠᠰᠢᠷᠠᠬᠤ ᠶᠢ ᠳᠠᠭᠠᠯᠳᠤᠨ ᠲᠣᠰᠬᠤᠨ ᠤ ᠠᠷᠠᠳ ᠲᠤ ᠠᠵᠤ ᠠᠬᠤᠶ ᠶᠢᠨ ᠦᠷ᠎ᠡ ᠠᠰᠢᠭ ᠢ ᠠᠪᠴᠢᠷᠠᠵᠤ ᠥᠭᠭᠦᠭᠰᠡᠨ ᠪᠠᠶᠢᠨ᠎ᠠ᠃ ᠯᠢ ᠬᠤᠩ ᠯᠢᠶᠠᠩ ᠲᠠᠨᠢᠯᠴᠠᠭᠤᠯᠬᠤ ᠳᠠᠭᠠᠨ᠄ ︽ᠬᠠᠭᠤᠯᠤᠨ ᠵᠢᠷᠤᠬᠤ ᠰᠠᠭᠤᠷᠢᠨ ᠢ ᠮᠢᠨᠦ ᠨᠤᠲᠤᠭ ᠲᠤ ᠲᠣᠭᠲᠠᠭᠠᠵᠠᠢ᠂ ᠡᠨᠡ ᠪᠣᠯ ᠮᠢᠨᠦ ᠰᠠᠯᠵᠤ ᠪᠣᠯᠤᠰᠢ ᠦᠭᠡᠢ ᠬᠠᠶᠢᠷ᠎ᠠ ᠰᠡᠳᠬᠢᠯᠭᠡ ᠪᠣᠯᠤᠨ᠎ᠠ᠂ ᠡᠯ᠎ᠡ ᠶᠡᠭᠡ ᠳᠡᠭᠡᠳᠦ ᠰᠤᠷᠭᠠᠭᠤᠯᠢ ᠲᠠᠢ ᠬᠠᠮᠲᠤᠷᠠᠯᠴᠠᠪᠠᠯ᠂ ᠮᠠᠨ ᠤ ᠨᠤᠲᠤᠭ ᠤᠨ ᠭᠤᠶᠤ ᠦᠵᠡᠮᠵᠢ ᠶᠢ ᠪᠦᠲᠦᠭᠡᠯ ᠳᠡᠭᠡᠨ ᠤᠬᠠᠭᠤᠯᠵᠤ᠂ ᠨᠡᠩ ᠬᠤᠯᠠ ᠭᠠᠵᠠᠷ ᠲᠤ ᠠᠪᠠᠴᠢᠵᠤ ᠪᠣᠯᠤᠨ᠎ᠠ᠃ ᠨᠦᠭᠦᠭᠡ ᠲᠠᠯ᠎ᠠ ᠪᠠᠷ᠂ ᠮᠠᠨ ᠤ ᠬᠠᠭᠤᠯᠤᠨ ᠵᠢᠷᠤᠬᠤ ᠰᠤᠷᠤᠭᠴᠢ ᠨᠡᠯᠢᠶᠡᠳ ᠤᠯᠠᠨ᠂ ᠬᠡᠷᠡᠭᠯᠡᠭᠡᠨ ᠤ ᠴᠢᠳᠠᠪᠤᠷᠢ ᠴᠤ ᠨᠡᠯᠢᠶᠡᠳ ᠶᠡᠭᠡ᠂ ᠲᠠᠷᠢᠶᠠᠴᠢᠨ ᠡᠷᠦᠬᠡ ᠶᠢᠨ ᠵᠠᠷᠢᠮ ᠲᠠᠷᠢᠶᠠᠯᠠᠩ ᠤᠨ ᠪᠦᠲᠦᠭᠡᠭᠳᠡᠬᠦᠨ᠂ ᠬᠤᠳᠠᠯᠳᠤᠭᠠᠨ ᠤ ᠡᠷᠦᠬᠡ ᠶᠢᠨ ᠲᠠᠸᠠᠷ ᠢ ᠪᠦᠷ ᠪᠣᠷᠣᠯᠠᠭᠤᠯᠵᠤ ᠪᠣᠯᠤᠨ᠎ᠠ᠂ ᠢᠩᠭᠢᠬᠦ ᠳᠤ ᠬᠦᠷᠪᠡᠯ ᠲᠤᠬᠠᠶ ᠶᠢᠨ ᠭᠠᠵᠠᠷ ᠤᠨ ᠨᠢᠭᠡᠨ ᠠᠵᠤ ᠠᠬᠤᠶ ᠳᠤ ᠪᠠᠰᠠ ᠨᠢᠭᠡᠨ ᠠᠰᠢᠭᠲᠠᠶ ᠳᠠᠶᠢᠴᠢᠯᠠᠯᠲᠠ ᠪᠣᠯᠬᠤ ᠶᠤᠮ᠃ ᠬᠤᠶᠢᠰᠢᠳᠠ ᠨᠡᠩ ᠤᠯᠠᠨ ᠶᠡᠭᠡ ᠳᠡᠭᠡᠳᠦ ᠰᠤᠷᠭᠠᠭᠤᠯᠢ ᠲᠠᠢ ᠬᠠᠮᠲᠤᠷᠠᠯᠴᠠᠵᠤ᠂ ᠨᠡᠩ ᠤᠯᠠᠨ ᠬᠠᠮᠲᠤ ᠰᠤᠷᠤᠭᠴᠢ ᠪᠣᠯᠤᠨ ᠪᠠᠭᠰᠢ ᠨᠠᠷ ᠲᠤ ᠮᠢᠨᠦ ᠨᠤᠲᠤᠭ ᠤᠰᠤ ᠶᠢ ᠣᠶᠢᠯᠠᠭᠠᠭᠤᠯᠵᠤ᠂ ᠮᠢᠨᠦ ᠨᠤᠲᠤᠭ ᠤᠰᠤ ᠶᠢ ᠤᠬᠠᠭᠤᠯᠬᠤ ᠶᠢ ᠬᠦᠰᠡᠵᠦ ᠪᠠᠶᠢᠨ᠎ᠠ︾ ᠭᠡᠵᠦ ᠰᠢᠤᠸᠠᠢ ᠯᠦᠩ ᠰᠣᠶᠣᠯ ᠤᠨ ᠵᠤᠰᠠᠯᠠᠩ᠄ ᠡᠷᠲᠡᠨ ᠤ ᠲᠣᠰᠬᠤᠨ ᠢ ᠥᠭᠡᠷᠡᠴᠢᠯᠡᠬᠦ ᠳᠤ ᠰᠢᠨ᠎ᠡ ᠠᠮᠢᠵᠢᠷᠠᠯ ᠤᠨ ᠬᠦᠴᠦᠨ ᠢ ᠪᠠᠳᠠᠷᠠᠭᠤᠯᠤᠨ᠎ᠠ︾ ᠭᠡᠵᠦ ᠬᠡᠯᠡᠪᠡ᠃ ᠰᠢᠤᠸᠠᠢ ᠯᠦᠩ ᠰᠣᠶᠣᠯ ᠤᠨ ᠵᠤᠰᠠᠯᠠᠩ᠄ ᠡᠷᠲᠡᠨ ᠤ ᠲᠣᠰᠬᠤᠨ ᠢ ᠥᠭᠡᠷᠡᠴᠢᠯᠡᠬᠦ ᠳᠤ ᠰᠢᠨ᠎ᠡ ᠠᠮᠢᠵᠢᠷᠠᠯ ᠤᠨ ᠬᠦᠴᠦᠨ ᠢ ᠪᠠᠳᠠᠷᠠᠭᠤᠯᠤᠨ᠎ᠠ᠃
   ᠲᠠᠪᠤᠨ ᠰᠠᠷ᠎ᠠ ᠶᠢᠨ ᠨᠢᠭᠡᠨ ᠤ ᠠᠮᠠᠷᠠᠯᠲᠠ ᠠᠴᠠ ᠨᠠᠰᠢ᠂ ᠯᠢᠶᠠᠩᠴᠧᠩ ᠰᠢᠶᠠᠨ ᠤ ᠼᠤᠤ ᠨᠢᠶᠠᠨ ᠮᠠᠨᠵᠤ ᠦᠨᠳᠦᠰᠦᠲᠡᠨ ᠤ ᠰᠢᠶᠠᠩ ᠤᠨ ᠵᠡᠭᠦᠨ ᠬᠤᠶᠠᠳᠤᠭᠠᠷ ᠲᠣᠰᠬᠤᠨ ᠳᠤ ᠤᠯᠠᠮ ᠠᠴᠠ ᠤᠯᠠᠮ ᠬᠦᠷ ᠬᠥᠭᠵᠢᠶᠡᠨ ᠲᠠᠢ ᠪᠤᠯᠵᠤ᠂ ᠲᠣᠰᠬᠤᠨ ᠤ ᠨᠤᠲᠤᠭ ᠲᠠᠭᠠᠨ ᠪᠤᠴᠠᠭᠰᠠᠨ ᠵᠠᠯᠠᠭᠤ ᠯᠢ ᠬᠤᠩ ᠯᠢᠶᠠᠩ ᠤᠨ ᠪᠠᠶᠢᠭᠤᠯᠤᠭᠰᠠᠨ ︽ᠰᠢᠤᠸᠠᠢ ᠯᠦᠩ ᠰᠣᠶᠣᠯ ᠤᠨ ᠵᠤᠰᠠᠯᠠᠩ︾ ᠳᠤ ᠮᠠᠰᠢ ᠤᠯᠠᠨ ᠵᠤᠭᠠᠴᠠᠭᠰᠠᠳ ᠤᠨ ᠠᠩᠬᠠᠷᠤᠯ ᠢ ᠲᠠᠲᠠᠵᠠᠢ᠃ ᠣᠶᠢᠷ᠎ᠠ ᠳᠤ᠂ ᠡᠷᠬᠢᠨ ᠲᠣᠭᠤᠷᠢᠨ ᠤ ᠡᠯ᠎ᠡ ᠲᠣᠮᠣ ᠤᠷᠠᠨ ᠵᠢᠷᠤᠭ ᠤᠨ ᠳᠡᠭᠡᠳᠦ ᠰᠤᠷᠭᠠᠭᠤᠯᠢ ᠪᠠ ᠤᠷᠠᠯᠢᠭᠴᠢᠳ ᠴᠤ ᠡᠨᠡ ᠬᠦ ᠬᠦᠰᠡᠯᠡᠩ ᠤᠨ ᠵᠣᠬᠢᠶᠠᠨ ᠪᠦᠲᠦᠭᠡᠯᠭᠡ ᠶᠢᠨ ᠰᠠᠭᠤᠷᠢᠨ ᠭᠠᠵᠠᠷ ᠲᠤ ᠢᠷᠡᠵᠦ᠂ ᠤᠯᠠᠮᠵᠢᠯᠠᠯᠲᠤ ᠡᠷᠲᠡᠨ ᠤ ᠠᠶᠢᠯ ᠲᠣᠰᠬᠤᠨ ᠤ ᠰᠣᠶᠣᠯ ᠵᠢᠭᠤᠯᠴᠢᠯᠠᠯ ᠤᠨ  ᠤᠶᠢᠯᠡᠰ ᠤᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠭᠰᠡᠨ ᠪᠠᠶᠢᠨ᠎ᠠ᠃
       5 ᠰᠠᠷ᠎ᠠ ᠶᠢᠨ 6 ᠤ ᠡᠳᠦᠷ᠂ ᠰᠢᠤᠸᠠᠢ ᠯᠦᠩ ᠰᠣᠶᠣᠯ ᠤᠨ ᠵᠤᠰᠠᠯᠠᠩ ᠳᠤ ᠨᠢᠭᠡ ᠪᠦᠯᠦᠭ ᠵᠠᠯᠠᠭᠤ ᠬᠠᠭᠤᠯᠤᠨ ᠵᠢᠷᠤᠬᠤ ᠰᠤᠷᠤᠭᠴᠢᠳ — ᠬᠥᠬᠡᠬᠤᠲᠠ ᠶᠢᠨ ᠦᠨᠳᠦᠰᠦᠲᠡᠨ ᠤ ᠳᠡᠭᠡᠳᠦ ᠰᠤᠷᠭᠠᠭᠤᠯᠢ ᠶᠢᠨ ᠤᠷᠠᠨ ᠵᠢᠷᠤᠭ ᠤᠨ ᠰᠠᠯᠪᠤᠷᠢ ᠶᠢᠨ ᠤᠰᠤᠨ ᠪᠤᠳᠤᠭ ᠤᠨ ᠠᠩᠭᠢ ᠶᠢᠨ ᠰᠤᠷᠤᠭᠴᠢᠳ ᠢ ᠤᠭᠲᠤᠨ ᠠᠪᠴᠢᠷᠠᠯ᠎ᠠ᠂ ᠠᠳᠡ ᠬᠠᠭᠤᠯᠤᠨ ᠵᠢᠷᠤᠬᠤ ᠬᠢᠴᠢᠶᠡᠯ ᠨᠡᠭᠡᠭᠡᠬᠦ ᠳᠤ᠂ ᠵᠤᠰᠠᠯᠠᠩ ᠢ ᠡᠭᠦᠰᠭᠡᠨ ᠪᠠᠶᠢᠭᠤᠯᠤᠭᠴᠢ ᠯᠢ ᠬᠤᠩ ᠯᠢᠶᠠᠩ ᠣᠯᠠᠨ ᠳᠤ ᠣᠷᠣᠵᠤ ᠰᠠᠭᠤᠬᠤ ᠶᠠᠪᠤᠴᠠ ᠪᠣᠯᠤᠨ ᠠᠮᠤᠷ ᠲᠦᠪᠰᠢᠨ ᠤ ᠠᠩᠬᠠᠷᠬᠤ ᠵᠦᠢᠯᠡᠰ ᠢ ᠲᠠᠶᠢᠯᠪᠤᠷᠢᠯᠠᠨ ᠥᠭᠭᠦᠭᠰᠡᠨ ᠤ ᠳᠠᠷᠠᠭ᠎ᠠ᠂ ᠰᠤᠷᠤᠭᠴᠢᠳ ᠪᠠᠭᠰᠢ ᠶᠢᠨ ᠢᠶᠠᠨ ᠳᠠᠭᠠᠭᠤᠯᠭ᠎ᠠ ᠶᠢ ᠬᠦᠯᠢᠶᠡᠵᠦ ᠶᠠᠳᠠᠨ ᠲᠣᠬᠢᠷᠠᠮᠵᠢᠲᠠᠶ ᠣᠷᠣᠨ ᠪᠠᠶᠢᠷᠢ ᠰᠣᠩᠭᠤᠵᠤ ᠬᠠᠭᠤᠯᠤᠨ ᠵᠢᠷᠤᠬᠤ ᠪᠠᠨ ᠡᠬᠢᠯᠡᠭᠦᠯᠵᠡᠶ᠃ ᠲᠡᠳᠡ ᠠᠭᠤᠯᠠᠰ ᠭᠤᠷᠤᠬ᠎ᠠ ᠪᠠᠷ ᠬᠦᠷᠢᠶᠡᠯᠡᠭᠳᠡᠭᠰᠡᠨ ᠪᠠᠶᠢᠭᠠᠯᠢ ᠶᠢᠨ ᠰᠠᠶᠢᠬᠠᠨ ᠦᠵᠡᠮᠵᠢ ᠳᠤ ᠪᠡᠶ᠎ᠡ ᠪᠠᠨ ᠪᠠᠷᠢᠵᠤ᠂ ᠰᠡᠳᠬᠢᠯ ᠲᠠᠶᠢᠪᠤᠭᠤᠬᠠᠨ ᠬᠠᠭᠤᠯᠤᠨ ᠵᠣᠬᠢᠶᠠᠨ ᠪᠦᠲᠦᠭᠡᠬᠦ ᠨᠢ ᠡᠳᠡᠭᠡᠷ ᠵᠠᠯᠠᠭᠤ ᠰᠤᠷᠤᠭᠴᠢᠳ ᠲᠤ ᠠᠪᠴᠤ ᠬᠡᠯᠡᠪᠡᠯ ᠣᠯᠳᠠᠬᠤᠶ᠎ᠠ ᠪᠡᠷᠬᠡ ᠣᠶᠤᠨ ᠰᠠᠨᠠᠭᠠᠨ ᠤ ᠤᠬᠢᠶᠠᠯ ᠪᠠ ᠰᠤᠷᠤᠯᠴᠠᠯᠭ᠎ᠠ ᠶᠢᠨ ᠥᠩᠭᠡᠷᠡᠯᠲᠡ ᠪᠣᠯᠬᠤ ᠶᠤᠮ᠃ ᠲᠡᠳᠡ ᠥᠪᠡᠷ ᠤᠨ ᠬᠠᠶᠢᠷ᠎ᠠ ᠰᠡᠳᠬᠢᠯᠭᠡ ᠪᠠᠨ ᠰᠢᠩᠭᠡᠭᠡᠵᠦ ᠴᠢᠳᠠᠬᠤ ᠪᠠᠷ ᠪᠠᠷᠠᠬᠤ ᠦᠭᠡᠶ᠂ ᠬᠠᠭᠤᠯᠤᠨ ᠵᠢᠷᠤᠬᠤ ᠶᠠᠪᠤᠴᠠ ᠳᠠᠭᠠᠨ ᠴᠤ ᠬᠠᠮᠤᠭ ᠠᠩᠬᠠᠨ ᠤ ᠠᠮᠢ ᠠᠬᠤᠶ ᠶᠢᠨ ᠪᠠᠶᠢᠭᠠᠯᠢ ᠶᠢᠨ ᠷᠢᠳᠢ ᠰᠢᠳᠢ ᠶᠢ ᠨᠡᠩ ᠭᠦᠨᠵᠡᠭᠡᠶ ᠣᠶᠢᠯᠠᠭᠠᠵᠤ ᠴᠢᠳᠠᠳᠠᠭ᠃ ᠬᠥᠬᠡᠬᠤᠲᠠ ᠶᠢᠨ ᠦᠨᠳᠦᠰᠦᠲᠡᠨ ᠤ ᠳᠡᠭᠡᠳᠦ ᠰᠤᠷᠭᠠᠭᠤᠯᠢ ᠶᠢᠨ ᠤᠷᠠᠨ ᠵᠢᠷᠤᠭ ᠤᠨ ᠳᠡᠭᠡᠳᠦ ᠰᠤᠷᠭᠠᠭᠤᠯᠢ ᠶᠢᠨ ᠤᠰᠤᠨ ᠪᠤᠳᠤᠭ ᠤᠨ ᠠᠩᠭᠢ ᠶᠢᠨ ᠨᠢᠭᠡᠳᠦᠭᠡᠷ ᠣᠨ ᠤ ᠣᠶᠤᠲᠠᠨ ᠵᠧᠩ ᠵᠢᠶᠠ ᠯᠢᠨ᠄ ︽ᠰᠢᠤᠸᠠᠢ ᠯᠦᠩ ᠰᠣᠶᠣᠯ ᠤᠨ ᠵᠤᠰᠠᠯᠠᠩ ᠳᠤ ᠢᠷᠡᠵᠦ ᠡᠨᠡ ᠤᠳᠠᠭᠠᠨ ᠤ ᠬᠠᠭᠤᠯᠤᠨ ᠵᠢᠷᠤᠬᠤ ᠠᠵᠢᠯᠯᠠᠭ᠎ᠠ ᠳᠤ ᠣᠷᠣᠯᠴᠠᠬᠤ ᠳᠤ ᠠᠳᠡᠬᠢ ᠶᠢᠨ ᠥᠩᠭᠡ ᠦᠵᠡᠮᠵᠢ ᠭᠤᠶᠣ ᠰᠠᠶᠢᠬᠠᠨ᠂ ᠠᠭᠤᠯᠠ ᠤᠰᠤ ᠲᠤᠩᠭᠠᠯᠠᠭ᠂ ᠵᠢᠷᠤᠭ ᠵᠢᠷᠤᠬᠤ ᠳᠤ ᠮᠠᠰᠢ ᠲᠣᠬᠢᠷᠠᠮᠵᠢᠲᠠᠶ᠂ ᠪᠢ ᠡᠨᠡ ᠤᠳᠠᠭᠠᠨ ᠤ ᠬᠠᠭᠤᠯᠤᠨ ᠵᠢᠷᠤᠬᠤ ᠪᠠᠨ ᠤᠷᠤᠭᠰᠢᠲᠠᠶ ᠪᠡᠶᠡᠯᠡᠭᠦᠯᠬᠦ ᠶᠢ ᠬᠦᠰᠡᠵᠦ ᠪᠠᠶᠢᠨ᠎ᠠ︾ ᠭᠡᠵᠡᠶ᠃    ᠰᠢᠤᠸᠠᠢ ᠯᠦᠩ ᠰᠣᠶᠣᠯ ᠤᠨ ᠵᠤᠰᠠᠯᠠᠩ ᠨᠢ ᠯᠢᠶᠠᠩᠴᠧᠩ ᠰᠢᠶᠠᠨ ᠤ ᠼᠤᠤ ᠨᠢᠶᠠᠨ  ᠮᠠᠨᠵᠤ ᠦᠨᠳᠦᠰᠦᠲᠡᠨ ᠤ ᠰᠢᠶᠠᠩ ᠤᠨ ᠵᠡᠭᠦᠨ ᠬᠤᠶᠠᠳᠤᠭᠠᠷ ᠲᠣᠰᠬᠤᠨ ᠳᠤ ᠪᠤᠶ᠃ ︽ᠬᠤᠳᠠ ᠳᠤ ᠤᠳᠠᠭᠠᠨ ᠰᠠᠭᠤᠭᠰᠠᠨ ᠬᠥᠮᠦᠰ ᠲᠤ ᠠᠭᠤᠯᠠ ᠤᠰᠤ ᠶᠢ ᠬᠠᠷᠠᠭᠤᠯᠵᠤ᠂ ᠨᠤᠲᠤᠭ ᠤᠨ ᠮᠥᠷᠥᠭᠡᠳᠦᠯ ᠢ ᠴᠡᠭᠡᠵᠢᠯᠡᠭᠦᠯᠬᠦ︾ ᠵᠢᠷᠤᠭ ᠲᠥᠯᠥᠪᠯᠡᠭᠡ ᠶᠢᠨ ᠣᠶᠢᠯᠠᠭᠠᠭᠳᠠᠬᠤᠨ ᠢᠶᠠᠷ᠂ ᠤᠳᠤ ᠨᠢᠭᠡᠨᠲᠡ ᠰᠤᠯᠠ ᠲᠠᠯᠪᠢᠭᠳᠠᠵᠤ ᠪᠠᠶᠢᠭ᠎ᠠ ᠲᠣᠰᠬᠤᠨ ᠤ ᠠᠷᠠᠳ ᠤᠨ ᠣᠷᠣᠨ ᠰᠠᠭᠤᠴᠠ ᠶᠢᠨ  ᠬᠦᠷᠢᠶ᠎ᠡ ᠶᠢ 6 ᠭᠠᠵᠠᠷ ᠲᠤ ᠠᠮᠢᠯᠠᠭᠤᠯᠵᠤ᠂ ᠰᠡᠯᠪᠢᠨ ᠵᠠᠰᠠᠬᠤ᠂ ᠥᠭᠡᠷᠡᠴᠢᠯᠡᠨ ᠰᠠᠶᠢᠵᠢᠷᠠᠭᠤᠯᠬᠤ ᠪᠠ ᠲᠡᠰ ᠳᠡᠪᠰᠢᠭᠦᠯᠬᠦ ᠪᠦᠳᠦᠭᠡᠨ ᠪᠠᠶᠢᠭᠤᠯᠤᠯᠲᠠ ᠬᠢᠵᠦ᠂ ᠡᠭᠦᠨ ᠤ ᠰᠠᠭᠤᠷᠢᠨ ᠳᠡᠭᠡᠷ᠎ᠡ ᠲᠤᠬᠠᠢ ᠶᠢᠨ ᠭᠠᠵᠠᠷ ᠤᠨ ᠲᠠᠷᠢᠶᠠᠯᠠᠬᠤ ᠰᠣᠶᠣᠯ ᠪᠣᠯᠤᠨ ᠦᠢᠯᠡᠳᠪᠦᠷᠢᠯᠡᠯ ᠠᠮᠢᠳᠤᠷᠠᠯ ᠤᠨ ᠵᠠᠩ ᠳᠠᠳᠬᠠᠯ ᠢ ᠦᠨᠳᠦᠰᠦᠯᠡᠨ ᠲᠠᠷᠢᠶᠠᠯᠠᠬᠤ ᠠᠷᠠᠳ ᠤᠨ ᠵᠠᠩ ᠦᠢᠯᠡ ᠶᠢᠨ ᠣᠷᠳᠣᠨ ᠪᠣᠯᠤᠨ ᠤᠷᠠᠨ ᠳᠠᠷᠬᠠᠨ ᠤ ᠰᠣᠶᠣᠯ ᠤᠨ ᠣᠷᠳᠣᠨ ᠢ ᠪᠠᠶᠢᠭᠤᠯᠵᠠᠢ᠃ ᠡᠭᠦᠨ ᠤ ᠬᠠᠮᠲᠤ ᠵᠤᠰᠠᠯᠠᠩ ᠤᠨ ᠠᠭᠤᠯᠠ ᠨᠢ ᠲᠤᠩᠭᠠᠯᠠᠭ ᠤᠰᠤ ᠨᠢ ᠲᠤᠩᠭᠠᠯᠠᠭ᠂ ᠳᠥᠷᠪᠡᠨ ᠤᠯᠠᠷᠢᠯ ᠨᠢ ᠲᠣᠳᠣᠷᠬᠠᠶ᠂ ᠣᠳᠣᠨ ᠣᠭᠲᠠᠷᠭᠤᠶ ᠨᠢ ᠲᠤᠩᠭᠠᠯᠠᠭ ᠵᠡᠷᠭᠡ ᠥᠪᠡᠷᠮᠢᠴᠡ ᠳᠠᠪᠠᠭᠤᠯᠢᠭ ᠲᠠᠭᠠᠨ ᠲᠦᠰᠢᠭᠯᠡᠨ᠂ ᠬᠡᠭᠡᠷ᠎ᠡ ᠪᠠᠭᠤᠳᠠᠯᠯᠠᠬᠤ ᠭᠠᠵᠠᠷ ᠢ ᠪᠠᠶᠢᠭᠤᠯᠤᠭᠰᠠᠨ ᠪᠠᠶᠢᠨ᠎ᠠ᠃ ᠪᠠᠰᠠ ᠵᠤᠭᠠᠴᠠᠯ ᠤᠨ ᠠᠷᠠᠳ ᠤᠨ ᠣᠷᠣᠨ ᠰᠠᠭᠤᠴᠠ ᠶᠢᠨ ᠪᠦᠳᠦᠭᠡᠨ ᠪᠠᠶᠢᠭᠤᠯᠤᠯᠲᠠ ᠪᠠᠷ ᠲᠠᠮᠵᠢᠨ ᠦᠷᠳᠡᠭ ᠨᠡᠮᠡᠭᠳᠡᠭᠦᠯᠬᠦ ᠦᠢᠯᠡᠳᠦᠯ ᠭᠠᠷᠭᠠᠵᠤ᠂ ᠲᠤᠬᠠᠢ ᠶᠢᠨ ᠭᠠᠵᠠᠷ ᠤᠨ ᠲᠣᠰᠬᠤᠨ ᠤ ᠠᠷᠠᠳ ᠢ ᠲᠠᠶᠢᠴᠢᠯᠠᠨ ᠶᠠᠳᠠᠭᠤ ᠠᠴᠠ ᠠᠩᠭᠢᠵᠢᠷᠠᠭᠤᠯᠤᠨ ᠪᠠᠶᠠᠵᠢᠭᠤᠯᠬᠤ ᠪᠠᠷ ᠲᠥᠯᠥᠪᠯᠡᠵᠦ ᠪᠤᠢ᠃ ᠪᠦᠬᠦᠨ ᠢ ᠪᠠᠶᠢᠭᠤᠯᠵᠤ ᠳᠠᠭᠤᠰᠬᠠᠭᠰᠠᠨ ᠤ ᠳᠠᠷᠠᠭ᠎ᠠ ᠬᠠᠭᠤᠯᠤᠨ ᠵᠢᠷᠤᠬᠤ ᠰᠤᠳᠤᠯᠭᠠᠨ ᠤ ᠭᠠᠵᠠᠷ᠂ ᠰᠣᠶᠣᠯ ᠤᠷᠠᠯᠢᠭ ᠤᠨ ᠦᠵᠡᠭᠦᠯᠦᠯᠭᠡ᠂ ᠬᠡᠭᠡᠷ᠎ᠡ ᠪᠠᠭᠤᠳᠠᠯᠯᠠᠬᠤ᠂ ᠠᠷᠠᠳ ᠤᠨ ᠣᠷᠣᠨ ᠰᠠᠭᠤᠴᠠ ᠪᠠ ᠬᠥᠳᠡᠭᠡ ᠨᠤᠲᠤᠭ ᠤᠨ ᠭᠤᠸ᠎ᠠ ᠰᠠᠶᠢᠬᠠᠨ ᠤ ᠤᠬᠠᠭᠠᠨ ᠢ ᠨᠢᠭᠡ ᠴᠤᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠶ ᠬᠥᠳᠡᠭᠡ ᠲᠣᠰᠬᠤᠨ ᠤ ᠵᠢᠭᠤᠯᠴᠢᠯᠠᠯ ᠠᠮᠠᠷᠠᠯᠲᠠ ᠶᠢᠨ ᠲᠡᠷᠢᠭᠦᠨ ᠰᠣᠩᠭᠤᠯᠲᠠ ᠶᠢᠨ ᠭᠠᠵᠠᠷ ᠪᠣᠯᠵᠤ᠂ ᠲᠤᠬᠠᠶ ᠶᠢᠨ ᠭᠠᠵᠠᠷ ᠤᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠪᠦᠲᠦᠭᠡᠨ ᠪᠠᠶᠢᠭᠤᠯᠬᠤ ᠳᠤ ᠰᠠᠭᠤᠷᠢ ᠲᠠᠯᠪᠢᠵᠤ ᠥᠭᠬᠦ ᠪᠣᠯᠤᠨ᠎ᠠ᠃
       ᠰᠢᠤᠸᠠᠢ ᠯᠦᠩ ᠰᠣᠶᠣᠯ ᠤᠨ ᠵᠤᠰᠠᠯᠠᠩ ᠢ ᠡᠭᠦᠰᠭᠡᠨ ᠪᠠᠶᠢᠭᠤᠯᠤᠭᠴᠢ ᠯᠢ ᠬᠤᠩ ᠯᠢᠶᠠᠩ ᠪᠣᠯ ᠨᠤᠲᠤᠭ ᠲᠠᠭᠠᠨ ᠪᠤᠴᠠᠵᠤ ᠦᠢᠯᠡᠰ ᠪᠣᠰᠬᠠᠭᠰᠠᠨ ᠵᠠᠯᠠᠭᠤ ᠪᠣᠯᠤᠨ᠎ᠠ᠂ ᠲᠦᠷᠦᠭᠦᠦ ᠵᠢᠯ ᠤᠳ ᠲᠤ ᠭᠠᠳᠠᠨ᠎ᠠ ᠣᠷᠣᠨ ᠳᠤ ᠠᠮᠢ ᠴᠦᠯᠡᠨ ᠲᠡᠮᠡᠴᠡᠭᠰᠡᠭᠡᠷ ᠢᠷᠡᠭᠰᠡᠨ ᠪᠣᠯᠪᠠᠴᠤ ᠲᠡᠷᠡ ᠶᠡᠷᠦ ᠨᠢ ᠨᠤᠲᠤᠭ ᠤᠨ ᠢᠶᠠᠨ ᠬᠠᠯᠠᠭᠤᠨ ᠬᠥᠷᠥᠰᠥᠨ ᠳᠤ ᠬᠠᠷᠢᠵᠤ᠂ ᠥᠪᠡᠷ ᠤᠨ ᠨᠤᠲᠤᠭ ᠤᠰᠤᠨ ᠳᠠᠭᠠᠨ ᠠᠴᠢ ᠬᠠᠷᠢᠭᠤᠯᠠᠬᠤ ᠬᠦᠰᠡᠯ ᠢᠶᠠᠨ ᠪᠡᠶᠡᠯᠡᠭᠦᠯᠬᠦ ᠶᠢ ᠪᠤᠳᠤᠳᠠᠭ ᠪᠠᠶᠢᠪᠠ᠂ ᠵᠤᠰᠠᠯᠠᠩ ᠤᠨ ᠪᠠᠶᠢᠭᠤᠯᠤᠭᠳᠠᠭᠰᠠᠨ ᠨᠢ ᠲᠡᠭᠦᠨ ᠤ ᠬᠦᠰᠡᠯ ᠢ ᠠᠯᠬᠤᠮ ᠠᠯᠬᠤᠮ ᠢᠶᠠᠷ ᠪᠣᠳᠠᠲᠤ ᠠᠬᠤᠶ ᠪᠣᠯᠭᠠᠨ ᠬᠤᠪᠢᠷᠠᠭᠤᠯᠬᠤ ᠶᠢᠨ ᠬᠠᠮᠲᠤ ᠪᠠᠰᠠ ᠡᠷᠲᠡᠨ ᠤ ᠠᠶᠢᠯ ᠲᠣᠰᠬᠤᠨ ᠳᠤ ᠤᠷᠠᠯᠢᠭ ᠤᠨ ᠡᠯᠧᠮᠧᠨ᠋ᠲ ᠨᠡᠮᠡᠷᠢᠯᠡᠵᠦ᠂ ᠵᠤᠭᠠᠴᠠᠭᠰᠠᠳ ᠤᠨ ᠣᠯᠠᠰᠢᠷᠠᠬᠤ ᠶᠢ ᠳᠠᠭᠠᠯᠳᠤᠨ ᠲᠣᠰᠬᠤᠨ ᠤ ᠠᠷᠠᠳ ᠲᠤ ᠠᠵᠤ ᠠᠬᠤᠶ ᠶᠢᠨ ᠦᠷ᠎ᠡ ᠠᠰᠢᠭ ᠢ ᠠᠪᠴᠢᠷᠠᠵᠤ ᠥᠭᠭᠦᠭᠰᠡᠨ ᠪᠠᠶᠢᠨ᠎ᠠ᠃ ᠯᠢ ᠬᠤᠩ ᠯᠢᠶᠠᠩ ᠲᠠᠨᠢᠯᠴᠠᠭᠤᠯᠬᠤ ᠳᠠᠭᠠᠨ᠄ ︽ᠬᠠᠭᠤᠯᠤᠨ ᠵᠢᠷᠤᠬᠤ ᠰᠠᠭᠤᠷᠢᠨ ᠢ ᠮᠢᠨᠦ ᠨᠤᠲᠤᠭ ᠲᠤ ᠲᠣᠭᠲᠠᠭᠠᠵᠠᠢ᠂ ᠡᠨᠡ ᠪᠣᠯ ᠮᠢᠨᠦ ᠰᠠᠯᠵᠤ ᠪᠣᠯᠤᠰᠢ ᠦᠭᠡᠢ ᠬᠠᠶᠢᠷ᠎ᠠ ᠰᠡᠳᠬᠢᠯᠭᠡ ᠪᠣᠯᠤᠨ᠎ᠠ᠂ ᠡᠯ᠎ᠡ ᠶᠡᠭᠡ ᠳᠡᠭᠡᠳᠦ ᠰᠤᠷᠭᠠᠭᠤᠯᠢ ᠲᠠᠢ ᠬᠠᠮᠲᠤᠷᠠᠯᠴᠠᠪᠠᠯ᠂ ᠮᠠᠨ ᠤ ᠨᠤᠲᠤᠭ ᠤᠨ ᠭᠤᠶᠤ ᠦᠵᠡᠮᠵᠢ ᠶᠢ ᠪᠦᠲᠦᠭᠡᠯ ᠳᠡᠭᠡᠨ ᠤᠬᠠᠭᠤᠯᠵᠤ᠂ ᠨᠡᠩ ᠬᠤᠯᠠ ᠭᠠᠵᠠᠷ ᠲᠤ ᠠᠪᠠᠴᠢᠵᠤ ᠪᠣᠯᠤᠨ᠎ᠠ᠃ ᠨᠦᠭᠦᠭᠡ ᠲᠠᠯ᠎ᠠ ᠪᠠᠷ᠂ ᠮᠠᠨ ᠤ ᠬᠠᠭᠤᠯᠤᠨ ᠵᠢᠷᠤᠬᠤ ᠰᠤᠷᠤᠭᠴᠢ ᠨᠡᠯᠢᠶᠡᠳ ᠤᠯᠠᠨ᠂ ᠬᠡᠷᠡᠭᠯᠡᠭᠡᠨ ᠤ ᠴᠢᠳᠠᠪᠤᠷᠢ ᠴᠤ ᠨᠡᠯᠢᠶᠡᠳ ᠶᠡᠭᠡ᠂ ᠲᠠᠷᠢᠶᠠᠴᠢᠨ ᠡᠷᠦᠬᠡ ᠶᠢᠨ ᠵᠠᠷᠢᠮ ᠲᠠᠷᠢᠶᠠᠯᠠᠩ ᠤᠨ ᠪᠦᠲᠦᠭᠡᠭᠳᠡᠬᠦᠨ᠂ ᠬᠤᠳᠠᠯᠳᠤᠭᠠᠨ ᠤ ᠡᠷᠦᠬᠡ ᠶᠢᠨ ᠲᠠᠸᠠᠷ ᠢ ᠪᠦᠷ ᠪᠣᠷᠣᠯᠠᠭᠤᠯᠵᠤ ᠪᠣᠯᠤᠨ᠎ᠠ᠂ ᠢᠩᠭᠢᠬᠦ ᠳᠤ ᠬᠦᠷᠪᠡᠯ ᠲᠤᠬᠠᠶ ᠶᠢᠨ ᠭᠠᠵᠠᠷ ᠤᠨ ᠨᠢᠭᠡᠨ ᠠᠵᠤ ᠠᠬᠤᠶ ᠳᠤ ᠪᠠᠰᠠ ᠨᠢᠭᠡᠨ ᠠᠰᠢᠭᠲᠠᠶ ᠳᠠᠶᠢᠴᠢᠯᠠᠯᠲᠠ ᠪᠣᠯᠬᠤ ᠶᠤᠮ᠃ ᠬᠤᠶᠢᠰᠢᠳᠠ ᠨᠡᠩ ᠤᠯᠠᠨ ᠶᠡᠭᠡ ᠳᠡᠭᠡᠳᠦ ᠰᠤᠷᠭᠠᠭᠤᠯᠢ ᠲᠠᠢ ᠬᠠᠮᠲᠤᠷᠠᠨ ᠠᠵᠢᠯᠯᠠᠵᠤ᠂ ᠨᠡᠩ ᠤᠯᠠᠨ ᠬᠠᠮᠲᠤ ᠰᠤᠷᠤᠭᠴᠢ ᠪᠣᠯᠤᠨ ᠪᠠᠭᠰᠢ ᠨᠠᠷ ᠲᠤ ᠮᠢᠨᠦ ᠨᠤᠲᠤᠭ ᠤᠰᠤ ᠶᠢ ᠣᠶᠢᠯᠠᠭᠠᠭᠤᠯᠵᠤ᠂ ᠮᠢᠨᠦ ᠨᠤᠲᠤᠭ ᠤᠰᠤ ᠶᠢ ᠤᠬᠠᠭᠤᠯᠬᠤ ᠶᠢ ᠬᠦᠰᠡᠵᠦ ᠪᠠᠶᠢᠨ᠎ᠠ︾ ᠭᠡᠵᠦ ᠬᠡᠯᠡᠪᠡ᠃                                       ᠨᠠᠶᠢᠷᠠᠭᠤᠯᠤᠭᠴᠢ᠄  ᠯᠢ ᠬᠤᠩ ᠢᠦᠢ                                         ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2