ᠳ᠋ᠦ᠋ ᠯᠢ  ᠸᠧᠨ᠄ ︽ᠵᠠᠯᠠᠭᠤᠴᠤᠳ ᠤᠨ ᠴᠤᠭ ᠵᠢᠪᠬᠤᠭ᠎ᠠ︾
ᠨᠡᠶᠢᠲᠡᠯᠡᠭᠰᠡᠨ ᠴᠠᠭ᠄
2023/5/21
    ᠳ᠋ᠦ᠋ ᠯᠢ  ᠸᠧᠨ᠂ ᠡᠷᠡᠭᠲᠡᠶ᠂ 1991 ᠣᠨ ᠤ 3 ᠰᠠᠷ᠎ᠠ ᠳᠤ ᠲᠦᠷᠦᠵᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠤᠳᠤ ᠡᠪᠯᠡᠯ ᠤᠨ ᠰᠢᠶᠠᠨ ᠤ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠲᠠᠢ᠃ ᠤᠯᠠᠭᠠᠨᠴᠠᠪ ᠬᠤᠲᠠ ᠶᠢᠨ ᠰᠢᠯᠢᠳᠡᠭ ᠡᠪᠯᠡᠯ ᠤᠨ ᠺᠠᠳ᠋ᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢᠳᠡᠭ ᠡᠪᠯᠡᠯ ᠤᠨ ᠺᠠᠳ᠋ᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢᠳᠡᠭ ᠰᠠᠶᠢᠨ ᠳᠤᠷ᠎ᠠ ᠶᠢᠨ ᠠᠵᠢᠯᠲᠠᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠵᠠᠭᠤᠴᠢᠯᠠᠭᠤᠷ ᠤᠨ ᠰᠢᠯᠢᠳᠡᠭ ᠰᠣᠷᠣᠭᠴᠢ ᠵᠡᠷᠭᠡ ᠢᠷᠠᠭᠤ ᠠᠯᠳᠠᠷ ᠤᠨ ᠴᠣᠯᠠ ᠶᠢ ᠭᠥᠷᠳᠡᠵᠦ ᠥᠩᠭᠡᠷᠡᠵᠡᠶ᠃
      ᠲᠡᠷᠡ ᠥᠷᠭᠡᠨ ᠤᠯᠠᠨ ᠡᠪᠯᠡᠯ ᠤᠨ ᠭᠡᠰᠢᠭᠦᠨ ᠵᠠᠯᠠᠭᠤᠴᠤᠳ ᠲᠤ ᠦᠵᠡᠯ ᠰᠠᠨᠠᠭ᠎ᠠ ᠤᠨᠤᠯ ᠤᠨ ᠤᠬᠠᠭᠤᠯᠭ᠎ᠠ ᠶᠢᠨ ᠵᠡᠪᠰᠡᠭᠲᠦ ᠬᠦᠴᠦᠨ ᠤ ᠠᠵᠢᠯ ᠬᠢᠬᠦ ᠶᠢ ᠴᠢᠬᠤᠯᠠᠴᠢᠯᠠᠵᠤ᠂ ︽ᠯᠢᠶᠠᠩᠴᠧᠩ ᠰᠢᠶᠠᠨ ᠤ ᠡᠪᠯᠡᠯ ᠤᠨ  ᠬᠤᠷᠢᠶ᠎ᠠ︾ ᠭᠡᠬᠦ  ᠵᠢᠷᠭᠢᠶ᠎ᠡ ᠶᠢᠨ ᠤᠯᠠᠨ ᠨᠡᠶᠢᠲᠡ ᠶᠢᠨ ᠳ᠋ᠤᠭᠠᠷ ᠲᠤ ︽ᠪᠠᠭᠠᠴᠤᠳ ᠤᠨ ᠬᠤᠰᠢᠭᠤᠴᠢ ᠠᠩᠬᠢ ᠶᠢᠨ ᠭᠡᠰᠢᠭᠦᠨ  ᠨᠠᠮ ᠤᠨ ᠬᠤᠷᠢᠳᠤᠭᠠᠷ ᠶᠡᠭᠡ ᠬᠤᠷᠠᠯ ᠤᠨ ᠲᠤᠬᠠᠢ ᠶᠠᠷᠢᠬᠤ︾᠂ ︽ᠵᠠᠯᠠᠭᠤᠴᠤᠳ  ᠨᠠᠮ ᠤᠨ ᠬᠤᠷᠢᠳᠤᠭᠠᠷ ᠶᠡᠭᠡ ᠬᠤᠷᠠᠯ ᠤᠨ ᠲᠤᠬᠠᠢ ᠶᠠᠷᠢᠬᠤ︾ ᠲᠤᠰᠬᠠᠢ ᠪᠤᠯᠤᠩ ᠭᠠᠷᠭᠠᠭᠰᠠᠨ ᠪᠥᠭᠡᠳ ᠵᠢᠵᠢᠭ ᠸᠢᠳᠢᠣ᠋ ᠦᠢᠯᠡᠳᠬᠦ ᠬᠡᠯᠪᠡᠷᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠮᠡᠳᠡᠯᠭᠡ ᠶᠢᠨ ᠤᠬᠠᠭᠤᠯᠭ᠎ᠠ ᠶᠢ ᠥᠷᠭᠡᠨ ᠢᠶᠠᠷ ᠬᠢᠭᠰᠡᠨ ᠪᠠᠶᠢᠨ᠎ᠠ᠃    ᠲᠡᠷᠡ ᠵᠠᠯᠠᠭᠤᠴᠤᠳ ᠤᠨ ᠪᠠᠴᠢᠮ ᠪᠠᠶᠢᠳᠠᠯ ᠢ ᠰᠢᠢᠳᠪᠦᠷᠢᠯᠡᠵᠦ᠂ ᠲᠤᠬᠠᠢ ᠶᠢᠨ ᠭᠠᠵᠠᠷ ᠤᠨ ᠵᠠᠯᠠᠭᠤᠴᠤᠳ ᠲᠤ ᠯᠠᠪᠳᠠᠭᠤᠨ ᠪᠠᠲᠤᠲᠠᠢ ᠪᠣᠳᠠᠲᠠᠢ ᠠᠵᠢᠯ ᠬᠢᠵᠦ ᠥᠭᠴᠡᠢ᠃ ᠲᠡᠷᠡ ︽ᠵᠠᠯᠠᠭᠤᠴᠤᠳ ᠤᠨ ᠠᠢ ᠯᠢ︾ ᠶᠢᠨ ᠵᠢᠭᠰᠠᠭᠠᠯ ᠤᠨ ᠭᠠᠵᠠᠷ ᠢᠶᠠᠷ ᠳᠠᠮᠵᠢᠭᠤᠯᠤᠨ ᠠᠵᠢᠯ ᠣᠯᠭᠤᠯᠲᠠ ᠶᠢᠨ  ᠲᠤᠪᠴᠢᠶ᠎ᠠ ᠶᠢᠨ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠲᠠᠢ ᠢᠳᠡᠪᠬᠢᠲᠡᠢ ᠬᠠᠷᠢᠯᠴᠠᠵᠤ᠂ ᠨᠤᠲᠤᠭ ᠲᠠᠭᠠᠨ ᠪᠤᠴᠠᠭᠰᠠᠨ ᠵᠠᠯᠠᠭᠤᠴᠤᠳ ᠲᠤ 50 ᠭᠠᠷᠤᠢ ᠠᠵᠢᠯ ᠤᠨ ᠪᠠᠶᠢᠷᠢ ᠬᠠᠩᠭᠠᠵᠠᠢ᠃ ᠲᠡᠭᠦᠨ ᠤ ᠲᠦᠷᠦᠭᠦᠯᠡᠨ ᠪᠠᠶᠢᠭᠤᠯᠤᠭᠰᠠᠨ ︽ᠵᠠᠯᠠᠭᠤᠴᠤᠳ ᠤᠨ ᠠᠶᠢᠯᠢ︾ ᠶᠢᠨ ᠠᠵᠢᠯ ᠣᠯᠭᠤᠯᠲᠠ ᠶᠢᠨ ᠵᠢᠭᠰᠠᠭᠠᠯ ᠤᠨ ᠭᠠᠵᠠᠷ ᠢ ᠥᠪᠡᠷᠲᠡᠭᠡᠨ ᠵᠠᠰᠠᠬᠤ ᠣᠷᠣᠨ ᠤ ᠡᠪᠯᠡᠯ ᠤᠨ  ᠬᠤᠷᠢᠶ᠎ᠠ ᠠᠴᠠ ᠪᠦᠬᠦ ᠣᠷᠣᠨ ᠤ  ᠵᠢᠱᠢᠶ᠎ᠡ ᠦᠵᠡᠭᠦᠯᠬᠦ ᠴᠢᠨᠠᠷᠲᠠᠢ ᠵᠠᠯᠠᠭᠤᠴᠤᠳ ᠤᠨ ᠠᠵᠢᠯᠯᠠᠭ᠎ᠠ ᠶᠢᠨ ᠵᠢᠭᠰᠠᠭᠠᠯ ᠤᠨ ᠭᠠᠵᠠᠷ ᠢᠶᠠᠷ ᠲᠣᠭᠲᠠᠭᠠᠪᠠ᠃    ᠲᠡᠷᠡ ᠬᠦᠴᠢᠷᠳᠡᠯ ᠢ ᠬᠠᠪᠰᠤᠷᠤᠨ ᠲᠡᠳᠬᠦᠵᠦ᠂ ᠵᠣᠭᠤᠰ ᠮᠥᠩᠭᠦ ᠪᠠᠷ ᠰᠤᠷᠤᠯᠭ᠎ᠠ ᠶᠢ ᠲᠡᠳᠬᠦᠬᠦ ᠠᠵᠢᠯ ᠢ ᠯᠠᠪᠳᠠᠭᠤᠨ ᠢᠶᠠᠷ ᠠᠬᠢᠭᠤᠯᠪᠠ᠃ ᠲᠡᠷᠡ᠄ ︽ᠪᠢ ᠪᠣᠯ ᠬᠥᠳᠡᠭᠡ ᠲᠣᠰᠬᠤᠨ ᠤ ᠬᠡᠦᠬᠡᠳ᠂ ᠭᠡᠷ ᠢᠶᠠᠨ ᠰᠠᠬᠢᠵᠤ ᠬᠤᠴᠣᠷᠤᠭᠰᠠᠨ ᠶᠠᠳᠠᠭᠤ ᠬᠦᠴᠢᠷᠳᠡᠯᠲᠡᠢ ᠬᠡᠦᠬᠡᠳ ᠬᠠᠮᠤᠭ ᠠᠴᠠ ᠬᠥᠭᠡᠷᠦᠬᠦ᠋ᠢᠯᠡᠯᠲᠡᠢ ᠭᠡᠳᠡᠭ ᠢ ᠰᠠᠶᠢᠨ ᠮᠡᠳᠡᠨ᠎ᠡ᠂ ᠪᠢᠳᠡ ᠬᠠᠮᠢᠶᠠᠷᠬᠤ ᠦᠭᠡᠢ ᠪᠠᠶᠢᠵᠤ ᠪᠣᠯᠬᠤ ᠦᠭᠡᠢ︾ ᠭᠡᠵᠦ ᠦᠷᠭᠦᠯᠵᠢ ᠬᠡᠯᠡᠳᠡᠭ᠃ ᠤᠢᠢᠷ᠎ᠠ ᠶᠢᠨ ᠵᠢᠯ ᠠᠴᠠ᠂ ᠲᠡᠷᠡ ᠡᠯ᠎ᠡ ᠲᠠᠯ᠎ᠠ ᠶᠢᠨ ᠬᠠᠶᠢᠷ᠎ᠠ ᠬᠠᠯᠠᠮᠵᠢ ᠲᠠᠢ ᠬᠥᠮᠦᠰ ᠲᠠᠢ ᠢᠳᠡᠪᠬᠢᠲᠡᠢ ᠬᠠᠷᠢᠯᠴᠠᠵᠤ᠂ ᠭᠡᠷ ᠢᠶᠠᠨ ᠰᠠᠬᠢᠵᠤ ᠬᠤᠴᠣᠷᠤᠭᠰᠠᠨ 500 ᠭᠠᠷᠤᠢ ᠶᠠᠳᠠᠭᠤ ᠬᠦᠴᠢᠷᠳᠡᠯᠲᠡᠢ ᠬᠡᠦᠬᠡᠳ ᠲᠤ 20 ᠭᠠᠷᠤᠢ ᠲᠦᠮᠡᠨ ᠲᠥᠭᠦᠷᠢᠭ ᠤᠨ ᠰᠤᠷᠤᠯᠭ᠎ᠠ ᠶᠢᠨ ᠲᠡᠳᠬᠦᠮᠵᠢ ᠶᠢᠨ ᠪᠡᠯᠡ ᠮᠥᠩᠭᠦ᠂ 3000 ᠭᠠᠷᠤᠢ ᠡᠳᠦᠷ ᠲᠤᠳᠤᠮ ᠤᠨ ᠠᠮᠢᠳᠤᠷᠠᠯ ᠤᠨ ᠬᠡᠷᠡᠭᠰᠡᠯ ᠢ ᠬᠦᠷᠭᠡᠵᠡᠢ᠃    ᠨᠢᠭᠡ ᠤᠳᠠᠭ᠎ᠠ ᠼᠤᠤ ᠨᠢᠶᠠᠨ ᠤ ᠵᠢᠭᠠᠨ ᠰᠤᠷᠭᠠᠬᠤ ᠭᠠᠵᠠᠷ ᠲᠤ ᠣᠴᠢᠵᠤ ᠲᠤᠰᠠᠯᠠᠮᠵᠢ ᠦᠵᠡᠭᠦᠯᠬᠦ ᠵᠠᠮ ᠳᠠᠭᠠᠨ ᠴᠠᠰᠤ ᠤᠷᠤᠭᠰᠠᠨ ᠤ ᠳᠠᠷᠠᠭ᠎ᠠ ᠠᠭᠤᠯᠠᠨ ᠵᠠᠮ ᠨᠢ ᠡᠩᠬᠦᠯ ᠳᠤᠩᠬᠤᠯ᠂ ᠮᠠᠰᠢᠨ ᠲᠡᠷᠭᠡᠨ ᠤ ᠬᠥᠳᠡᠯᠭᠡᠬᠦ ᠬᠦᠴᠦ ᠨᠢ ᠬᠦᠷᠦᠯᠴᠡᠬᠦ ᠦᠭᠡᠶ ᠠᠴᠠ ᠪᠣᠯᠵᠤ ᠤᠭ ᠣᠷᠣᠨ ᠳᠠᠭᠠᠨ ᠬᠠᠯᠲᠤᠷᠢᠵᠠᠶ᠃ ᠡᠨᠡ ᠬᠦ ᠪᠠᠶᠢᠳᠠᠯ ᠢ ᠦᠵᠡᠭᠡᠳ ᠲᠡᠷᠡ ᠬᠡᠯᠡᠬᠦ ᠳᠡᠭᠡᠨ᠂ ᠡᠨᠡ ᠬᠦ ᠬᠤᠷᠳᠤᠴᠠ ᠪᠠᠷ ᠪᠣᠯ ᠲᠩᠷᠢ ᠬᠠᠷᠠᠩᠭᠤᠶ ᠪᠣᠯᠤᠭᠰᠠᠨ ᠴᠤ ᠣᠴᠢᠵᠤ ᠳᠡᠶᠢᠯᠬᠦ ᠥᠬᠡᠶ ᠶᠤᠮ ᠭᠡᠵᠡᠶ᠃ ᠬᠡᠯᠡᠮᠡᠭᠴᠡ ᠪᠠᠨ ᠲᠡᠷᠭᠡᠨ ᠠᠴᠠ ᠪᠠᠨ ᠪᠠᠭᠤᠬᠤ ᠪᠠᠷ  ᠰᠢᠢᠳᠪᠡ᠃ ᠲᠡᠷᠡ ᠪᠠᠷ ᠠᠷᠤ ᠠᠴᠠ ᠨᠢ ᠰᠠᠭᠤᠳᠠᠯ ᠤᠨ ᠮᠠᠰᠢᠨ ᠲᠦᠯᠬᠢᠵᠦ᠂ ᠬᠠᠮᠲᠤ ᠠᠵᠢᠯᠯᠠᠭᠴᠢ ᠪᠠᠷ ᠢᠶᠠᠨ ᠵᠢᠯᠣᠭᠤᠳᠤᠭᠤᠯᠵᠤ ᠠᠯᠭᠤᠷᠬᠠᠨ ᠤᠷᠤᠭᠰᠢᠯᠠᠨ᠎ᠠ᠃ ᠠᠷᠪᠠᠨ ᠮᠢᠨᠦ᠋ᠲ ᠴᠦ ᠪᠣᠯᠤᠭ᠎ᠠ ᠦᠭᠡᠶ᠂ ᠬᠥᠯ ᠤᠨ ᠬᠥᠪᠥᠩᠲᠡᠶ ᠱᠠᠬᠠᠶ ᠨᠤᠭᠤᠳ ᠪᠦᠷ ᠱᠠᠯ ᠨᠣᠷᠪᠠ᠃ ᠲᠡᠷᠭᠡᠨ ᠤ ᠬᠦᠷᠳᠦ ᠭᠡᠨᠡᠳᠲᠡ ᠬᠠᠯᠲᠤᠷᠢᠵᠤ᠄ ᠲᠡᠷᠭᠡ ᠪᠠᠨ ᠬᠤᠶᠢᠰᠢ ᠤᠨᠠᠭᠰᠠᠨ ᠳᠤ ᠲᠡᠷᠡ ᠴᠠᠭ ᠲᠤᠬᠠᠶ ᠳᠤᠨᠢ ᠵᠠᠶᠢᠯᠠᠭᠰᠠᠨ ᠦᠭᠡᠢ ᠠᠴᠠ ᠪᠤᠯᠵᠤ ᠪᠠᠷᠠᠭᠤᠨ ᠬᠥᠯ ᠤᠨ ᠱᠠᠭ᠎ᠠ ᠪᠠᠨ ᠬᠦᠨᠳᠦ ᠰᠢᠷᠬᠠᠲᠤᠭᠤᠯᠵᠠᠶ᠂ ᠤᠯᠠᠨ ᠢᠶᠠᠷ ᠢᠶᠠᠨ ᠴᠠᠭ ᠲᠤᠬᠠᠶ ᠳᠤᠨᠢ ᠡᠮᠨᠡᠯᠭᠡ ᠳᠤ ᠣᠴᠢᠵᠤ ᠪᠣᠭᠤᠬᠤ ᠶᠢ ᠰᠠᠨᠠᠭᠤᠯᠤᠭᠰᠠᠨ ᠳᠤ ᠲᠡᠷᠡ ᠬᠠᠷᠢᠨ ᠪᠢᠳᠡ ᠬᠡᠦᠬᠡᠳ ᠢ ᠳᠡᠩᠳᠡᠭᠦᠦ ᠤᠳᠠᠭᠠᠨ ᠬᠦᠯᠢᠶᠡᠯᠭᠡᠵᠦ ᠪᠣᠯᠬᠤ ᠦᠭᠡᠢ᠂ ᠰᠤᠷᠭᠠᠭᠤᠯᠢ ᠳᠤ ᠬᠦᠷᠬᠦ ᠳᠤ ᠬᠦᠯ ᠨᠢ ᠴᠦ ᠬᠠᠪᠤᠳᠴᠤ ᠠᠯᠬᠤᠵᠤ ᠴᠢᠳᠠᠬᠤ ᠦᠭᠡᠢ ᠪᠣᠯᠵᠠᠶ ᠁ ᠶᠠᠭ ᠲᠡᠭᠦᠨ ᠤ ᠡᠨᠡ ᠬᠦ ᠶᠠᠭᠤᠨ ᠠᠴᠠ ᠴᠤ ᠠᠶᠤᠬᠤ ᠦᠭᠡᠢ ᠵᠣᠷᠢᠭ ᠰᠠᠨᠠᠭ᠎ᠠ ᠨᠢ ᠡᠪ ᠬᠠᠮᠲᠤ ᠵᠠᠯᠠᠭᠤᠴᠤᠳ ᠤᠨ ᠡᠪᠯᠡᠯ ᠤᠨ ᠪᠦᠬᠦ ᠺᠠᠳ᠋ᠷᠴᠤᠳ ᠢ ᠨᠥᠯᠥᠭᠡᠯᠡᠨ ᠵᠣᠷᠢᠭᠵᠢᠭᠤᠯᠵᠤ ᠴᠤᠴᠠᠯᠲᠠ ᠦᠭᠡᠢ ᠤᠷᠤᠭᠰᠢᠯᠠᠭᠤᠯᠤᠭᠰᠠᠭᠠᠷ ᠢᠷᠡᠵᠠᠢ ᠭᠡᠵᠦ ᠬᠡᠯᠡᠵᠡᠶ᠃ ᠡᠨᠡ ᠨᠢ ᠶᠠᠭ ᠲᠡᠭᠦᠨ ᠤ ᠡᠨᠡ ᠬᠦ ᠶᠠᠭᠤᠨ ᠠᠴᠠ ᠴᠤ ᠠᠶᠤᠬᠤ ᠦᠭᠡᠢ ᠵᠣᠷᠢᠭ ᠰᠠᠨᠠᠭ᠎ᠠ ᠨᠢ ᠡᠪ ᠬᠠᠮᠲᠤ ᠵᠠᠯᠠᠭᠤᠴᠤᠳ ᠤᠨ ᠡᠪᠯᠡᠯ ᠤᠨ ᠪᠦᠬᠦ ᠺᠠᠳ᠋ᠷᠴᠤᠳ ᠤᠨ ᠪᠤᠴᠠᠯᠲᠠ ᠦᠭᠡᠢ ᠤᠷᠤᠭᠰᠢᠯᠠᠬᠤ ᠶᠢ ᠨᠥᠯᠥᠭᠡᠯᠡᠨ ᠵᠣᠷᠢᠭᠵᠢᠭᠤᠯᠤᠭᠰᠠᠭᠠᠷ ᠢᠷᠡᠭᠰᠡᠨ ᠶᠤᠮ᠃    ᠲᠡᠷᠡ ᠨᠡᠶᠢᠲᠡ ᠶᠢᠨ ᠠᠰᠠᠷᠠᠮᠵᠢ ᠶᠢᠨ ᠰᠡᠳᠬᠢᠯᠭᠡ ᠲᠠᠢ ᠪᠠᠶᠢᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠡᠢ᠃ 2022 ᠣᠨ ᠳᠤ ᠪᠥᠬᠦ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠪᠡᠷᠬᠡ ᠰᠡᠳᠦᠪ ᠢ ᠰᠢᠶ᠋ᠳᠪᠦᠷᠢᠯᠡᠬᠦ ᠱᠠᠲᠤᠨ ᠳᠤ ᠣᠷᠣᠵᠤ᠂ ᠡᠭᠦᠷᠭᠡ ᠶᠢ ᠭᠥᠯᠢᠶᠡᠨ ᠠᠪᠤᠭᠰᠠᠨ ᠤ ᠳᠠᠷᠠᠭ᠎ᠠ ᠵᠥᠪᠬᠡᠨ 8 ᠴᠠᠭ ᠤᠨ ᠳᠣᠲᠣᠷ᠎ᠠ᠂ ᠬᠡᠵᠢᠶ᠎ᠡ ᠴᠦ ᠭᠡᠰᠡᠨ ᠬᠥᠳᠡᠯᠵᠦ ᠪᠣᠯᠬᠤ 152 ᠰᠠᠶᠢᠨ ᠳᠤᠷ᠎ᠠ ᠶᠢᠨ ᠠᠵᠢᠯᠯᠠᠭᠴᠢ ᠶᠢ ᠡᠯᠰᠡᠵᠦ᠂ ᠨᠢᠭᠡ ᠡᠳᠦᠷ ᠴᠦ ᠪᠣᠯᠤᠭ᠎ᠠ ᠥᠬᠡᠶ ᠪᠠᠷ 152 ᠰᠠᠶᠢᠨ ᠳᠤᠷ᠎ᠠ ᠶᠢᠨ ᠠᠵᠢᠯᠯᠠᠭᠴᠢ ᠶᠢ ᠴᠥᠮ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠳᠤ ᠣᠷᠣᠯᠴᠠᠭᠤᠯᠵᠠᠶ᠃ ᠶᠠᠭ ᠡᠶᠢᠮᠦᠷᠬᠦᠦ ᠨᠠᠷᠢᠨ ᠬᠢᠨᠠᠮᠠᠭᠠᠶ ᠬᠠᠷᠢᠭᠤᠴᠠᠬᠤ ᠠᠵᠢᠯ ᠤᠨ ᠵᠣᠷᠢᠭ ᠰᠠᠨᠠᠭ᠎ᠠ ᠨᠢ ᠥᠷᠭᠡᠨ ᠣᠯᠠᠨ ᠰᠠᠶᠢᠨ ᠳᠤᠷ᠎ᠠ ᠶᠢᠨ ᠦᠢᠯᠡᠴᠢᠯᠡᠭᠴᠢᠳ ᠤᠨ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃    ︽ᠳᠠᠪᠬᠤᠷᠳᠠᠭᠰᠠᠨ ᠠᠵᠢᠯ ᠤᠨ ᠡᠮᠦᠨ᠎ᠡ ᠢᠮᠠᠭᠲᠠ ᠰᠢᠨ᠎ᠡ ᠶᠢ ᠡᠭᠦᠳᠬᠦ ᠰᠡᠳᠬᠢᠴᠡ ᠶᠢᠨ ᠪᠠᠶᠢᠳᠠᠯ ᠢ ᠪᠠᠷᠢᠮᠲᠠᠯᠠᠵᠤ᠂ ᠨᠢᠭᠲᠠ ᠠᠴᠠ ᠨᠢᠭᠲᠠ ᠪᠠᠶᠢᠬᠤ ᠣᠪᠣᠷ ᠢᠶᠠᠷ ᠤᠴᠢᠷ ᠶᠠᠪᠤᠳᠠᠯ ᠳᠤ ᠬᠠᠨᠳᠤᠵᠤ᠂ ᠦᠨᠡᠨᠴᠢ ᠰᠡᠳᠬᠢᠯ ᠢᠶᠠᠷ ᠬᠥᠮᠦᠨ ᠳᠤ ᠬᠠᠨᠳᠤᠵᠤ᠂ ᠶᠡᠭᠡ ᠲᠠᠯ᠎ᠠ ᠶᠢᠨ ᠡᠮᠦᠨ᠎ᠡ ᠡᠷᠡᠭᠡᠯᠵᠡᠯ ᠦᠭᠡᠢ ᠬᠠᠨᠳᠤᠵᠤ᠂ ᠬᠡᠵᠢᠶᠡᠳᠡ ᠪᠢᠰᠢᠷᠡᠨ ᠵᠢᠷᠦᠬᠡᠰᠢᠶᠡᠬᠦ ᠰᠡᠳᠬᠢᠯᠭᠡ ᠶᠢ ᠡᠪᠦᠷᠯᠡᠨ᠎ᠡ᠂ ᠡᠨᠡ ᠪᠣᠯ ᠨᠠᠮ ᠳᠤ ᠤᠷᠤᠭᠰᠠᠨ 11 ᠵᠢᠯ ᠠᠴᠠ ᠨᠠᠳᠠ ᠳᠤ ᠬᠥᠮᠦᠨ ᠪᠤᠯᠵᠤ ᠠᠵᠢᠯ ᠶᠠᠪᠤᠳᠠᠯ ᠬᠢᠬᠦ ᠶᠢ ᠵᠢᠭᠠᠵᠤ ᠥᠭᠭᠦᠭᠰᠡᠨ ᠪᠠᠷᠢᠮᠵᠢᠶ᠎ᠠ ᠪᠣᠯᠤᠨ᠎ᠠ︾᠃ ᠭᠡᠵᠦ ᠲᠡᠷᠡ ᠬᠡᠯᠡᠪᠡ᠃    ᠲᠡᠷᠡ ᠢᠩᠭᠢᠵᠦ ᠬᠡᠯᠡᠭᠰᠡᠨ ᠪᠥᠭᠡᠳ ᠢᠩᠭᠢᠵᠦ ᠬᠢᠭᠰᠡᠨ ᠶᠤᠮ᠂ ᠠᠵᠢᠯ ᠳᠤ ᠣᠷᠣᠯᠴᠠᠭᠰᠠᠨ ᠠᠴᠠ ᠨᠠᠰᠢᠬᠢ ᠲᠤᠯᠤᠭᠠᠨ ᠵᠢᠯ ᠤᠨ ᠲᠤᠷᠰᠢ᠂ ᠲᠡᠷᠡ ᠠᠵᠢᠯᠴᠢ ᠬᠢᠴᠢᠶᠡᠩᠭᠦᠢ ᠪᠠᠷ ᠠᠵᠢᠯᠯᠠᠵᠤ᠂ ᠡᠭᠦᠷᠭᠡ ᠲᠤᠰᠢᠶᠠᠯ ᠢᠶᠠᠨ ᠬᠢᠴᠢᠶᠡᠩᠭᠦ᠋ᠢᠯᠡᠨ ᠭᠦᠢᠴᠡᠳᠬᠡᠵᠦ᠂ ᠡᠭᠡᠯ ᠵᠢᠷ ᠤᠨ ᠠᠵᠢᠯ ᠤᠨ ᠪᠠᠶᠢᠷᠢ ᠳᠡᠭᠡᠷ᠎ᠡ ᠪᠠᠨ ᠰᠢᠨ᠎ᠡ ᠴᠠᠭ ᠦᠶ᠎ᠡ ᠶᠢᠨ ᠵᠠᠯᠠᠭᠤᠴᠤᠳ ᠤᠨ ᠭᠡᠷᠡᠯ ᠰᠠᠴᠤᠷᠠᠩᠭᠤᠢ ᠴᠡᠴᠡᠭ ᠢ ᠪᠠᠳᠠᠷᠠᠭᠤᠯᠤᠨ ᠳᠡᠯᠭᠡᠷᠡᠭᠦᠯᠵᠡᠢ᠃                                    ᠨᠠᠶᠢᠷᠠᠭᠤᠯᠤᠭᠴᠢ᠄  ᠯᠢ ᠬᠤᠩ ᠢᠦᠢ                                      ᠤᠷᠴᠢᠭᠤᠯᠤᠭᠴᠢ᠄  ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2