ᠬᠠᠤᠯᠢ ᠶᠢᠨ ᠲᠤᠰᠢᠶᠠᠯᠲᠠᠨ ᠤ ᠲᠤᠰᠠᠯᠠᠭᠴᠢ ᠵᠧᠩ ᠵᠢᠶᠠ
ᠨᠡᠶᠢᠲᠡᠯᠡᠭᠰᠡᠨ ᠴᠠᠭ᠄
2023/5/22
   ᠲᠡᠷᠡ ᠪᠣᠯ ᠬᠠᠤᠯᠢ ᠶᠢᠨ ᠲᠤᠰᠢᠶᠠᠯᠲᠠᠨ ᠤ ᠵᠡᠭᠦᠨ ᠪᠠᠷᠠᠭᠤᠨ ᠭᠠᠷ ᠮᠥᠨ᠂ ᠬᠡᠬᠦᠳᠡᠭ ᠳᠦᠭᠦᠷᠡᠩ ᠬᠠᠯᠠᠭᠤᠨ ᠰᠡᠳᠬᠢᠯᠭᠡ ᠪᠠᠨ ᠡᠭᠡᠯ ᠵᠢᠷ ᠤᠨ ᠠᠵᠢᠯ ᠤᠨ ᠳᠤᠮᠳᠠ ᠪᠠᠨ ᠲᠠᠯᠪᠢᠵᠤ᠂ ᠬᠡᠳᠦ᠋ᠢᠪᠡᠷ ᠰᠢᠭᠦᠨ ᠲᠠᠰᠤᠯᠬᠤ ᠰᠢᠷᠡᠭᠡᠨ ᠳᠡᠭᠡᠷᠡᠬᠢ ︽ᠬᠠᠪᠰᠤᠷᠤᠨ ᠲᠣᠭᠯᠠᠭᠴᠢ︾ ᠪᠣᠯᠪᠠᠴᠤ ᠮᠥᠨ ᠠᠳᠠᠯᠢᠬᠠᠨ ᠭᠤᠣᠯ ᠲᠣᠭᠯᠠᠭᠴᠢ ᠶᠢᠨ ᠭᠡᠷᠡᠯ ᠭᠢᠯᠪᠠᠭ᠎ᠠ ᠲᠠᠢ ᠪᠠᠶᠢᠳᠠᠭ᠃ ᠲᠡᠷᠡ ᠪᠣᠯ ᠳᠠᠷᠤᠶ ᠲᠥᠪ ᠤᠨ ᠲᠧᠯᠸᠢᠰ ᠬᠤᠷᠢᠶᠠᠨ ᠤ ︽ᠬᠠᠤᠯᠢ ᠴᠠᠭᠠᠵᠠ ᠶᠢᠨ ᠬᠢᠴᠢᠶᠡᠯ ᠤᠨ ᠲᠠᠩᠬᠢᠮ︾ ᠪᠤᠯᠤᠩ ᠳᠤ ᠣᠷᠣᠯᠴᠠᠵᠤ ᠥᠩᠭᠡᠷᠡᠭᠰᠡᠨ ᠭᠤᠣᠯ ᠥᠭᠦᠯᠡᠭᠴᠢ ᠶᠢᠨ ᠨᠢᠭᠡ᠂ ᠯᠢᠶᠠᠩᠴᠧᠩ ᠰᠢᠶᠠᠨ ᠤ ᠠᠷᠠᠳ ᠤᠨ ᠰᠢᠭᠦᠬᠦ ᠬᠤᠷᠢᠶᠠᠨ ᠤ ᠢᠷᠭᠡᠨ ᠤ ᠬᠡᠷᠡᠭ ᠤᠨ ᠲᠢᠩᠬᠢᠮ ᠤᠨ ᠰᠢᠭᠦᠭᠴᠢ ᠶᠢᠨ ᠲᠤᠰᠠᠯᠠᠭᠴᠢ — ᠵᠧᠩ ᠵᠢᠶᠠ ᠪᠣᠯᠤᠨ᠎ᠠ᠃
         2016 ᠣᠨ ᠳᠤ ᠠᠵᠢᠯ ᠳᠤ ᠤᠷᠤᠭᠰᠠᠨ ᠠᠴᠠ ᠨᠠᠰᠢ᠂ ᠵᠧᠩ ᠵᠢᠶᠠ ᠢᠮᠠᠭᠲᠠ ᠠᠵᠢᠯ ᠳᠠᠭᠠᠨ ᠰᠢᠭᠦᠭᠴᠢ ᠶᠢ ᠲᠣᠭᠤᠷᠢᠨ᠂ ᠬᠡᠷᠡᠭ ᠶᠠᠪᠤᠳᠠᠯ ᠳᠤ ᠬᠡᠷᠡᠭ ᠢ ᠲᠣᠭᠤᠷᠢᠨ ᠰᠢᠯᠵᠢᠬᠦ ᠶᠢ ᠪᠠᠷᠢᠮᠲᠠᠯᠠᠵᠤ᠂ ᠮᠡᠳᠡᠭᠳᠡᠬᠦ᠂ ᠬᠦᠷᠭᠡᠬᠦ᠂ ᠰᠢᠭᠦᠯᠲᠡ ᠠᠴᠠ ᠡᠮᠦᠨ᠎ᠡ ᠡᠶᠡᠳᠡᠭᠦᠯᠬᠦ᠂ ᠪᠠᠶᠢᠴᠠᠭᠠᠯᠲᠠ ᠬᠢᠵᠦ ᠭᠡᠷᠡᠴᠢ ᠠᠪᠬᠤ᠂ ᠬᠠᠤᠯᠢ ᠶᠢᠨ ᠲᠤᠰᠢᠶᠠᠯᠲᠠᠨ ᠢ ᠬᠠᠪᠰᠤᠷᠤᠨ ᠬᠠᠤᠯᠢ ᠴᠠᠭᠠᠵᠠ ᠶᠢᠨ ᠪᠢᠴᠢᠭ ᠬᠠᠷ᠎ᠠ ᠲᠤᠭᠤᠷᠪᠢᠨ ᠪᠢᠴᠢᠬᠦ ᠵᠡᠷᠭᠡ ᠰᠢᠭᠦᠨ ᠲᠠᠰᠤᠯᠬᠤ ᠡᠯ᠎ᠡ ᠵᠦᠢᠯ ᠤᠨ ᠲᠤᠰᠠᠯᠠᠬᠤ ᠠᠵᠢᠯ ᠢ ᠰᠠᠶᠢᠲᠤᠷ ᠬᠢᠵᠦ᠂ ᠲᠤᠬᠠᠶ ᠶᠢᠨ ᠬᠥᠮᠦᠨ ᠢ ᠢᠳᠡᠪᠬᠢᠲᠡᠶ ᠪᠠᠷ ᠬᠠᠪᠰᠤᠷᠤᠨ ᠡᠶᠡᠳᠡᠭᠦᠯᠵᠦ᠂ ᠲᠤᠬᠠᠶ ᠶᠢᠨ ᠬᠥᠮᠦᠨ ᠨᠢᠭᠡᠪᠦᠷᠢ ᠳᠤ ᠴᠥᠮ ᠳᠠᠷᠤᠤ ᠬᠢᠴᠢᠶᠡᠩᠭᠦᠶ ᠣᠪᠣᠷ ᠲᠠᠢ᠂ ᠠᠰᠠᠭᠤᠯᠲᠠ ᠪᠠᠶᠢᠪᠠᠯ ᠵᠠᠪᠠᠯ ᠬᠠᠷᠢᠭᠤᠯᠵᠤ᠂ ᠲᠤᠬᠠᠶ ᠶᠢᠨ ᠬᠥᠮᠦᠨ ᠤ ᠣᠶᠢᠯᠠᠭᠠᠬᠤ ᠦᠭᠡᠢ ᠪᠠᠶᠢᠭ᠎ᠠ ᠬᠠᠤᠯᠢ ᠴᠠᠭᠠᠵᠠ ᠶᠢᠨ ᠠᠰᠠᠭᠤᠳᠠᠯ ᠢ ᠬᠦᠯᠢᠴᠡᠩᠭᠦᠶ ᠪᠠᠷ ᠨᠢᠭᠡᠳ ᠨᠢᠭᠡ ᠪᠠᠷ ᠲᠠᠶᠢᠯᠪᠤᠷᠢᠯᠠᠵᠤ ᠥᠭᠬᠦ ᠬᠡᠷᠡᠭᠲᠡᠶ᠃ ᠲᠤᠬᠠᠶᠢᠯᠠᠭᠰᠠᠨ ᠠᠵᠢᠯ ᠤᠨ ᠮᠡᠳᠡᠯᠭᠡ ᠶᠢ ᠲᠠᠰᠤᠷᠠᠯᠳᠠ ᠦᠭᠡᠢ ᠰᠢᠮᠳᠠᠨ ᠰᠤᠳᠤᠯᠬᠤ ᠪᠠᠷ ᠲᠠᠮᠵᠢᠨ᠂ ᠬᠡᠷᠡᠭ ᠰᠢᠢᠳᠪᠤᠷᠢᠯᠡᠬᠦ ᠶᠡᠭᠡ ᠬᠡᠮᠵᠢᠶᠡᠨ ᠤ ᠲᠤᠷᠰᠢᠯᠭ᠎ᠠ ᠶᠢ ᠬᠤᠷᠠᠮᠳᠤᠭᠤᠯᠵᠤ᠂ ᠤᠷᠢᠳ ᠬᠤᠵᠢᠳ ︽ᠰᠢᠯᠢᠳᠡᠭ ᠠᠵᠢᠯᠳᠠᠨ︾᠂ ︽ᠲᠡᠷᠢᠭᠦᠨ ᠤ ᠬᠤᠪᠢ ᠬᠥᠮᠦᠨ︾᠂ ︽ᠲᠡᠷᠢᠭᠦᠨ ᠤ ᠬᠤᠪᠢ ᠬᠥᠮᠦᠨ ᠢ ᠤᠬᠠᠭᠤᠯᠬᠤ︾ ᠶᠢ ᠬᠦ᠋ᠷᠳᠡᠭᠰᠡᠨ ᠪᠠᠶᠢᠨ᠎ᠠ᠃ 2018 ᠣᠨ ᠳᠤ᠂ ᠵᠧᠩ ᠵᠢᠶᠠ ᠲᠥᠪ ᠤᠨ ᠲᠧᠯᠸᠢᠰ ᠬᠤᠷᠢᠶ᠎ᠠ ᠪᠣᠯᠤᠨ ᠤᠯᠠᠭᠠᠨᠴᠠᠪ ᠬᠤᠲᠠ ᠶᠢᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠶᠢᠨ ᠬᠠᠮᠲᠤᠷᠠᠨ ᠡᠷᠭᠢᠯᠡᠭᠰᠡᠨ ᠰᠢᠭᠦᠬᠦ ᠲᠤᠰᠢᠶᠠᠯᠲᠠᠨ ᠤ ᠬᠡᠷᠡᠭ ᠲᠠᠶᠢᠯᠬᠤ ᠭᠤᠤᠯ ᠲᠠᠶᠢᠯᠪᠤᠷᠢᠯᠠᠭᠴᠢ ᠶᠢᠨ ᠰᠢᠯᠭᠠᠷᠠᠭᠤᠯᠬᠤ ᠤᠷᠤᠯᠳᠤᠭᠠᠨ ᠳᠤ ᠣᠷᠣᠯᠴᠠᠭᠰᠠᠨ ᠪᠥᠭᠡᠳ ᠣᠨᠴᠠ ᠲᠠᠰ ᠤᠨ ᠱᠠᠩᠨᠠᠯ ᠭᠥᠷᠳᠡᠭᠰᠡᠨ ᠪᠥᠭᠡᠳ 2020 ᠣᠨ ᠳᠤ ᠲᠥᠪ ᠤᠨ ᠲᠧᠯᠸᠢᠰ ᠬᠤᠷᠢᠶ᠎ᠠ ᠳᠤ ︽ᠳᠥᠷᠪᠡ ᠤᠳᠠᠭ᠎ᠠ ᠣᠷᠤᠭ ᠰᠠᠯᠬᠤ ᠨᠢᠭᠡ ᠲᠠᠯᠠᠪᠤᠷ︾ ᠶᠢ ᠠᠮᠵᠢᠯᠲᠠᠲᠠᠶ ᠰᠢᠩᠭᠡᠭᠡᠨ  ᠤᠶᠢᠯᠡᠳᠴᠦ᠂ 2020 ᠣᠨ ᠤ 9 ᠰᠠᠷ᠎ᠠ ᠶᠢᠨ 27 ᠤ ᠡᠳᠦᠷ ᠲᠥᠪ ᠤᠨ ᠲᠧᠯᠸᠢᠰ ᠬᠤᠷᠢᠶ᠎ᠠ ᠶᠢᠨ ᠬᠠᠤᠯᠢ ᠪᠠᠷ ᠵᠠᠰᠠᠬᠤ ᠰᠤᠪᠠᠭ ᠲᠤ ᠨᠡᠪᠲᠡᠷᠡᠭᠦᠯᠪᠡ᠃ 2021 ᠣᠨ ᠤ 3 ᠰᠠᠷ᠎ᠠ ᠶᠢᠨ 25 ᠤ ᠡᠳᠦᠷ᠂ ᠵᠧᠩ ᠵᠢᠶᠠ ᠤᠯᠠᠭᠠᠨᠴᠠᠪ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ ᠤ ᠵᠥᠪᠰᠢᠶᠡᠷᠡᠯ ᠢᠶᠠᠷ 2020 ᠣᠨ ᠳᠤ ᠬᠤᠪᠢ ᠬᠥᠮᠦᠨ ᠤ ︽ᠭᠤᠷᠪᠠᠳᠤᠭᠠᠷ ᠳᠡᠰ ᠤᠨ ᠭᠠᠪᠢᠶ᠎ᠠ︾ ᠪᠠᠶᠢᠭᠤᠯᠵᠤ᠂ 2021 ᠣᠨ ᠳᠤ ᠤᠯᠠᠭᠠᠨᠴᠠᠪ ᠤᠨ ᠬᠤᠲᠠ ᠶᠢᠨ ᠵᠠᠰᠠᠭ ᠵᠠᠬᠢᠷᠭᠠᠨ ᠤ ᠬᠠᠤᠯᠢ ᠴᠠᠭᠠᠵᠠ ᠶᠢᠨ ᠰᠢᠰᠲ᠋ᠧᠮ ᠤᠨ ︽ᠲᠡᠷᠢᠭᠦᠨ ᠤ ᠬᠤᠪᠢ ᠬᠥᠮᠦᠨ︾ ᠭᠡᠬᠦ ᠢᠷᠠᠭᠤ ᠠᠯᠳᠠᠷ ᠤᠨ ᠴᠣᠯᠠ ᠶᠢ ᠭᠥᠷᠳᠡᠪᠡ  ᠃
      ᠵᠧᠩ ᠵᠢᠶᠠ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠬᠦ ᠠᠴᠠ ᠭᠠᠳᠠᠨ᠎ᠠ ᠪᠠᠰᠠ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯ ᠳᠤ ᠢᠳᠡᠪᠬᠢᠲᠡᠢ ᠣᠷᠣᠯᠴᠠᠵᠤ᠂ ᠦᠯᠢᠭᠡᠷ ᠶᠠᠷᠢᠬᠤ ᠬᠡᠯᠪᠡᠷᠢ ᠪᠠᠷ ᠠᠷᠠᠳ ᠤᠯᠠᠨ ᠳᠤ ᠬᠡᠷᠡᠭ ᠤᠨ  ᠵᠢᠱᠢᠶ᠎ᠡ ᠶᠢ ᠭᠦᠨᠵᠡᠭᠡᠢ ᠪᠥᠭᠡᠳ ᠣᠶᠢᠯᠠᠭᠠᠮᠵᠢᠲᠠᠢ ᠶᠠᠷᠢᠵᠤ᠂ ᠬᠠᠤᠯᠢ ᠴᠠᠭᠠᠵᠠ ᠶᠢ ᠵᠠᠳᠠᠯᠤᠨ ᠰᠢᠨᠵᠢᠯᠡᠵᠦ᠂ ᠠᠷᠠᠳ ᠤᠯᠠᠨ ᠳᠤ ᠦᠯᠢᠭᠡᠷ ᠠᠴᠠ ᠬᠠᠤᠯᠢ ᠴᠠᠭᠠᠵᠠ ᠶᠢ ᠣᠶᠢᠯᠠᠭᠠᠭᠤᠯᠵᠤ᠂ ᠬᠠᠤᠯᠢ ᠴᠠᠭᠠᠵᠠ ᠶᠢᠨ ᠵᠡᠪᠰᠡᠭ ᠢᠶᠠᠷ ᠥᠪᠡᠷ ᠢ ᠪᠠᠨ ᠬᠠᠮᠠᠭᠠᠯᠠᠬᠤ ᠶᠢ ᠰᠤᠷᠭᠠᠵᠠᠢ᠃
       ᠰᠢᠭᠦᠬᠦ ᠬᠤᠷᠢᠶᠠᠨ ᠤ ᠲᠦᠷᠭᠡᠨ ᠲᠠᠰᠤᠯᠤᠯᠲᠠ ᠲᠦᠷᠭᠡᠨ ᠰᠢᠭᠦᠯᠲᠡ ᠶᠢᠨ ᠪᠦᠯᠬᠦᠮ ᠤᠨ ᠰᠢᠭᠦᠭᠴᠢ ᠶᠢᠨ ᠲᠤᠰᠠᠯᠠᠭᠴᠢ ᠯᠢᠦ ᠼᠠᠢ ᠰᠢᠶᠠ᠄ ᠵᠧᠩ ᠵᠢᠶᠠ ᠯᠠᠪᠳᠠᠭᠤᠨ ᠪᠠᠲᠤᠲᠠᠢ ᠬᠠᠤᠯᠢ ᠴᠠᠭᠠᠵᠠ ᠶᠢᠨ ᠮᠡᠳᠡᠯᠭᠡ ᠪᠠ ᠬᠠᠤᠯᠢ ᠴᠠᠭᠠᠵᠠ ᠶᠢᠨ ᠬᠡᠪ ᠪᠣᠯᠪᠠᠰᠤᠷᠠᠯ ᠲᠠᠢ᠂ ᠠᠵᠢᠯ ᠳᠠᠭᠠᠨ ᠨᠠᠷᠢᠨ ᠬᠢᠨᠠᠮᠠᠭᠠᠢ᠂ ᠳᠠᠷᠤᠤ ᠬᠢᠴᠢᠶᠡᠩᠭᠦᠢ ᠪᠠᠷ ᠠᠵᠢᠯᠯᠠᠳᠠᠭ ᠪᠣᠯᠬᠤᠷ ᠪᠢᠳᠡᠨ ᠤ ᠰᠤᠷᠤᠯᠴᠠᠬᠤ ᠳᠠᠭᠤᠷᠢᠶᠠᠯ ᠪᠣᠯᠤᠭᠰᠠᠭᠠᠷ ᠢᠷᠡᠵᠠᠢ᠃
          ᠬᠠᠤᠯᠢ ᠶᠢᠨ ᠲᠤᠰᠢᠶᠠᠯᠲᠠᠨ ᠤ ᠲᠤᠰᠠᠯᠠᠭᠴᠢ ᠬᠡᠳᠦ᠋ᠢᠪᠡᠷ ᠬᠠᠤᠯᠢ ᠶᠢᠨ ᠳᠣᠬᠢᠭᠤᠷ ᠪᠠᠷᠢᠬᠤ ᠦᠭᠡᠶ ᠪᠣᠯᠪᠠᠴᠤ ᠲᠡᠳᠡᠨ ᠤ ᠬᠠᠤᠯᠢ ᠴᠠᠭᠠᠵᠠ ᠶᠢᠨ ᠯᠣᠭᠢᠭ ᠨᠢ ᠬᠠᠤᠯᠢ ᠴᠠᠭᠠᠵᠠ ᠶᠢᠨ ᠪᠢᠴᠢᠭ ᠬᠠᠷ᠎ᠠ ᠨᠢᠭᠡᠪᠦᠷᠢ ᠳᠤ ᠲᠥᠪᠯᠡᠷᠡᠵᠦ ᠪᠠᠶᠢᠳᠠᠭ ᡽ ᠬᠡᠳᠦ᠋ᠢᠪᠡᠷ ᠬᠠᠤᠯᠢ ᠶᠢᠨ ᠲᠡᠷᠯᠢᠭ ᠡᠮᠦᠰᠬᠦ ᠦᠭᠡᠢ ᠪᠣᠯᠪᠠᠴᠤ ᠲᠡᠳᠡᠨ ᠤ ᠪᠠᠷ᠎ᠠ ᠰᠡᠭᠦᠳᠡᠷ ᠨᠢ ᠦᠷᠭᠦᠯᠵᠢ ᠰᠢᠭᠦᠨ ᠲᠠᠰᠤᠯᠬᠤ ᠲᠢᠩᠬᠢᠮ ᠪᠠ ᠬᠡᠷᠡᠭ ᠰᠢᠢᠳᠪᠦᠷᠢᠯᠡᠬᠦ ᠲᠤᠬᠠᠢ ᠶᠢᠨ ᠲᠠᠯᠠᠪᠠᠢ ᠪᠠᠷ ᠰᠦᠯᠵᠢᠯᠳᠦᠵᠦ᠂ ᠠᠷᠠᠳ ᠤᠯᠠᠨ ᠳᠤ ᠬᠠᠤᠯᠢ ᠴᠠᠭᠠᠵᠠ ᠶᠢᠨ ᠬᠡᠷᠡᠭ ᠨᠢᠭᠡᠪᠦᠷᠢ ᠶᠢᠨ ᠳᠤᠮᠳᠠ ᠠᠴᠠ ᠲᠥᠪ ᠭᠤᠣᠯᠴᠢ ᠰᠢᠳᠤᠷᠭᠤ ᠶᠣᠰᠣ ᠶᠢ ᠮᠡᠳᠡᠷᠡᠭᠦᠯᠵᠦ᠂ ᠳᠤᠷᠠᠲᠠᠶ᠎ᠠ ᠬᠤᠪᠢ ᠨᠡᠮᠡᠷᠢ ᠦᠵᠡᠭᠦᠯᠬᠦ᠂ ᠡᠭᠦᠷᠢᠳᠡ ᠬᠤᠶᠢᠷᠭᠤᠰᠢᠬᠤ ᠦᠭᠡᠢ ᠵᠣᠷᠢᠭ ᠰᠠᠨᠠᠭ᠎ᠠ ᠪᠠᠷ ᠬᠠᠤᠯᠢ ᠴᠠᠭᠠᠵᠠ ᠶᠢᠨ ᠦᠢᠯᠡᠰ ᠲᠤ ᠵᠠᠯᠠᠭᠤ ᠨᠠᠰᠤᠨ ᠤ ᠤᠶᠤᠨ ᠤᠬᠠᠭᠠᠨ ᠢᠶᠠᠨ ᠡᠷᠭᠦᠵᠦ᠂ ᠵᠠᠯᠠᠭᠤ ᠨᠠᠰᠤᠨ ᠤ ᠬᠦᠴᠦᠨ ᠴᠢᠳᠠᠯ ᠢᠶᠠᠨ ᠵᠣᠷᠢᠭᠤᠯᠵᠠᠢ᠃
         ᠰᠢᠶᠠᠨ ᠤ ᠠᠷᠠᠳ ᠤᠨ ᠰᠢᠭᠦᠬᠦ ᠬᠤᠷᠢᠶᠠᠨ ᠤ ᠢᠷᠭᠡᠨ ᠤ ᠬᠡᠷᠡᠭ ᠤᠨ ᠲᠢᠩᠬᠢᠮ ᠤᠨ ᠰᠢᠭᠦᠭᠴᠢ ᠶᠢᠨ ᠲᠤᠰᠠᠯᠠᠭᠴᠢ ᠵᠧᠩ ᠵᠢᠶᠠ᠄ ᠬᠤᠶᠢᠰᠢᠳᠠ ᠪᠢ ᠪᠠᠰᠠ ᠦᠷᠭᠦᠯᠵᠢᠯᠡᠨ ᠤᠬ ᠰᠠᠨᠠᠭ᠎ᠠ ᠪᠠᠨ ᠪᠠᠷᠢᠮᠲᠠᠯᠠᠵᠤ᠂ ᠠᠷᠠᠳ ᠤᠨ ᠲᠥᠯᠥᠭᠡ ᠬᠠᠤᠯᠢ ᠪᠠᠷᠢᠬᠤ ᠶᠢ ᠪᠠᠷᠢᠮᠲᠠᠯᠠᠵᠤ᠂ ᠠᠷᠠᠳ ᠤᠯᠠᠨ ᠳᠤ ᠬᠠᠤᠯᠢ ᠴᠠᠭᠠᠵᠠ ᠶᠢᠨ ᠬᠡᠷᠡᠭ ᠪᠣᠯᠭᠠᠨ ᠠᠴᠠ ᠲᠥᠪ ᠭᠤᠣᠯᠴᠢ ᠪᠠ ᠰᠢᠳᠤᠷᠭᠤ ᠶᠣᠰᠣ ᠶᠢ ᠮᠡᠳᠡᠷᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠬᠦ ᠶᠢ ᠪᠠᠷᠢᠮᠲᠠᠯᠠᠨ᠎ᠠ᠃ ᠡᠭᠦᠨ ᠤ ᠵᠡᠷᠭᠡᠴᠡᠭᠡᠪᠡᠷ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢ ᠰᠠᠶᠢᠲᠤᠷ ᠬᠢᠬᠦ ᠶᠢ ᠪᠠᠷᠢᠮᠲᠠᠯᠠᠵᠤ᠂ ᠠᠷᠠᠳ ᠤᠯᠠᠨ ᠢ ᠠᠳᠠᠯᠢ ᠪᠤᠰᠤ ᠬᠡᠷᠡᠭ ᠤᠨ ᠵᠢᠱᠢᠶ᠎ᠡ᠂ ᠬᠡᠷᠡᠭ ᠤᠨ ᠳᠤᠮᠳᠠ ᠬᠠᠤᠯᠢ ᠴᠠᠭᠠᠵᠠ ᠶᠢ ᠰᠤᠷᠴᠤ ᠡᠵᠡᠮᠰᠢᠭᠦᠯᠵᠦ᠂ ᠬᠠᠤᠯᠢ ᠴᠠᠭᠠᠵᠠ ᠶᠢᠨ ᠵᠡᠪᠰᠡᠭ ᠢᠶᠠᠷ ᠥᠪᠡᠷ ᠤᠨ ᠡᠷᠬᠡ ᠠᠰᠢᠭ ᠢᠶᠠᠨ ᠬᠠᠮᠠᠭᠠᠯᠠᠬᠤ ᠶᠢ ᠰᠤᠷᠭᠠᠵᠤ᠂ ᠡᠭᠦᠨ ᠤ ᠵᠡᠷᠭᠡᠴᠡᠭᠡᠪᠡᠷ ᠪᠠᠰᠠ ᠥᠪᠡᠷ ᠤᠨ ᠰᠠᠶᠢᠨ ᠬᠠᠤᠯᠢ ᠶᠢᠨ ᠲᠤᠰᠢᠶᠠᠯᠲᠠᠨ ᠪᠣᠯᠬᠤ ᠳᠤ ᠬᠦᠴᠦᠨ ᠴᠢᠳᠠᠯ ᠢᠶᠠᠨ ᠬᠤᠷᠠᠮᠳᠤᠭᠤᠯᠵᠤ ᠥᠭᠬᠦ ᠬᠡᠷᠡᠭᠲᠡᠶ᠃                                          ᠨᠠᠶᠢᠷᠠᠭᠤᠯᠤᠭᠴᠢ᠄  ᠯᠢ ᠬᠤᠩ ᠢᠦᠢ                                            ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2