ᠮᠠᠨ ᠤ ᠰᠢᠶᠠᠨ 2023 ᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭ᠎ᠠ ᠶᠢᠨ ᠭᠠᠷᠠᠭ ᠵᠢᠴᠢ ᠪᠦᠬᠦ ᠰᠢᠶᠠᠨ ᠤ ᠬᠤᠷᠢᠨ ᠨᠠᠢᠮᠠᠳᠤᠭᠠᠷ ᠬᠤᠭᠤᠴᠠᠭᠠᠨ ᠤ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/5/27
  5 ᠳ᠋ᠤᠭᠠᠷ ᠰᠠᠷ᠎ᠠ ᠶᠢᠨ 26 ᠤ ᠡᠳᠦᠷ᠂ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠪᠠᠷ ᠲᠦᠷᠦᠭᠦᠯᠡᠭᠦᠯᠦᠨ᠂ ᠤᠯᠠᠭᠠᠨᠴᠠᠪ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠰᠢᠶᠠᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠰᠢᠶᠠᠨ ᠤ ᠭᠠᠯ ᠤᠨᠲᠠᠷᠠᠭᠠᠬᠤ ᠠᠩᠭᠢ ᠵᠡᠷᠭᠡ ᠨᠢᠭᠡᠴᠡ ᠬᠠᠮᠲᠤᠷᠠᠨ ᠮᠠᠶᠢᠬᠤᠳᠤ ᠪᠠᠯᠭᠠᠰᠤ᠂ ᠵᠢᠷᠭᠤᠳᠤᠭᠠᠷ ᠰᠤᠮᠤ ᠪᠠᠯᠭᠠᠰᠤᠨ ᠳᠤ 2023 ᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭ᠎ᠠ ᠶᠢᠨ ᠭᠠᠷᠠᠭ ᠵᠢᠴᠢ ᠪᠥᠬᠦ ᠰᠢᠶᠠᠨ ᠤ ᠬᠤᠷᠢᠨ ᠨᠠᠢᠮᠠᠳᠤᠭᠠᠷ ᠬᠤᠭᠤᠴᠠᠭᠠᠨ ᠤ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠥᠷᠨᠢᠭᠦᠯᠪᠡ᠃
   ᠮᠠᠶᠢᠬᠤᠲᠤ ᠪᠠᠯᠭᠠᠰᠤ ᠶᠢᠨ ᠱᠧᠩ ᠯᠢ ᠲᠣᠰᠬᠤᠨ ᠪᠣᠯᠤᠨ ᠵᠢᠷᠭᠤᠳᠤᠭᠠᠷ ᠰᠤᠮᠤ ᠪᠠᠯᠭᠠᠰᠤ ᠶᠢᠨ ᠮᠠ ᠯᠢᠶᠠᠨ ᠲᠠᠨ ᠲᠣᠰᠬᠤᠨ ᠳᠤ᠂ ᠠᠵᠢᠯᠲᠠᠳ ᠬᠥᠨᠳᠡᠯᠡᠨ ᠪᠢᠴᠢᠭᠡᠰᠦ ᠡᠯᠭᠦᠬᠦ᠂ ᠡᠯ᠎ᠡ ᠲᠦᠷᠦᠯ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠠᠲ᠋ᠧᠷᠢᠶᠠᠯ ᠲᠠᠷᠬᠠᠭᠠᠬᠤ᠂ ᠲᠤᠬᠠᠢ ᠶᠢᠨ ᠲᠠᠯᠠᠪᠠᠢ ᠳᠤ ᠲᠠᠶᠢᠯᠤᠮᠵᠢ ᠬᠢᠬᠦ ᠵᠡᠷᠭᠡ ᠠᠷᠭ᠎ᠠ ᠬᠡᠯᠪᠡᠷᠢ ᠪᠠᠷ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠶᠡᠷᠦ ᠶᠢᠨ ᠮᠡᠳᠡᠯᠭᠡ᠂ ᠲᠠᠷᠢᠶᠠᠯᠠᠩ ᠤᠨ ᠲᠠᠷᠢᠮᠠᠯ᠂ ᠮᠠᠯ ᠠᠵᠤ ᠠᠬᠤᠢ ᠶᠢᠨ ᠲᠡᠵᠢᠭᠡᠨ ᠦᠷᠡᠵᠢᠭᠦᠯᠦᠯᠲᠡ᠂ ᠠᠷᠠᠰᠤᠨ ᠤ ᠡᠪᠡᠳᠴᠢᠨ ᠢ ᠰᠡᠷᠭᠡᠶᠢᠯᠡᠨ ᠡᠵᠡᠮᠳᠡᠬᠦ ᠵᠡᠷᠭᠡ ᠠᠭᠤᠯᠭ᠎ᠠ ᠶᠢ ᠤᠬᠠᠭᠤᠯᠤᠨ ᠲᠠᠶᠢᠯᠪᠤᠷᠢᠯᠠᠵᠠᠢ᠃ ᠠᠵᠢᠯᠯᠠᠭ᠎ᠠ ᠳᠤ ᠨᠡᠶᠢᠲᠡ 1500 ᠭᠠᠷᠤᠶ ᠬᠤᠪᠢ ᠤᠬᠠᠭᠤᠯᠭ᠎ᠠ ᠶᠢᠨ ᠬᠠᠭᠤᠳᠠᠰᠤ᠂ ᠤᠬᠠᠭᠤᠯᠭ᠎ᠠ ᠶᠢᠨ ᠳᠡᠪᠲᠡᠷ ᠲᠠᠷᠬᠠᠭᠠᠵᠠᠶ᠃
   ᠲᠣᠰ ᠤᠳᠠᠭᠠᠨ ᠤ ᠠᠵᠢᠯᠯᠠᠭ᠎ᠠ ᠨᠢ ᠣᠯᠠᠨ ᠲᠦᠮᠡᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠣᠯᠠᠨ ᠲᠦᠮᠡᠨ ᠤ ᠠᠮᠢᠳᠤᠷᠠᠯ ᠵᠢᠴᠢ ᠲᠡᠵᠢᠭᠡᠨ ᠦᠷᠡᠵᠢᠭᠦᠯᠬᠦ ᠳᠤ ᠰᠢᠨᠵᠢᠯᠡᠬᠦ ᠤᠬᠠᠭᠠᠨᠴᠢ ᠵᠦᠭᠯᠡᠭᠦᠷ ᠬᠠᠩᠭᠠᠵᠤ᠂ ᠣᠯᠠᠨ ᠲᠦᠮᠡᠨ ᠤ ᠰᠢᠨᠵᠢᠯᠡᠬᠦ ᠤᠬᠠᠭᠠᠨ ᠮᠡᠷᠭᠡᠵᠢᠯ ᠢ ᠬᠠᠶᠢᠷᠠᠯᠠᠬᠤ᠂ ᠰᠢᠨᠵᠢᠯᠡᠬᠦ ᠤᠬᠠᠭᠠᠨ ᠮᠡᠷᠭᠡᠵᠢᠯ ᠢ ᠰᠤᠷᠤᠯᠴᠠᠬᠤ᠂ ᠰᠢᠨᠵᠢᠯᠡᠬᠦ ᠤᠬᠠᠭᠠᠨ ᠮᠡᠷᠭᠡᠵᠢᠯ ᠢ ᠬᠡᠷᠡᠭᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠠᠶ᠃ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠰ ᠤᠨ ᠬᠥᠭᠵᠢᠯᠲᠡ ᠶᠢᠨ ᠲᠥᠪ ᠤᠨ ᠡᠷᠬᠢᠯᠡᠭᠴᠢ  ᠬᠤᠤ ᠢ ᠮᠢᠨ᠄ ᠳᠠᠷᠠᠭᠠᠴᠢ ᠶᠢᠨ ᠠᠯᠬᠤᠮ ᠳᠤ᠂ ᠪᠢᠳᠡ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠯᠭᠡ ᠶᠢᠨ ᠤᠬᠠᠭᠤᠯᠭ᠎ᠠ ᠶᠢᠨ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂ ᠲᠤᠰᠬᠠᠢ ᠮᠡᠷᠭᠡᠵᠢᠯᠲᠡᠨ ᠪᠣᠯᠤᠨ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠨᠢᠭᠡᠳᠦᠭᠡᠷ ᠹᠷᠣᠨᠲ ᠲᠤ ᠭᠦᠨᠵᠡᠭᠡᠶᠢᠷᠡᠭᠦᠯᠵᠦ᠂ ᠦᠨᠳᠦᠰᠦᠨ ᠱᠠᠲᠤᠨ ᠳᠤ ᠭᠦᠨᠵᠡᠭᠡᠶᠢᠷᠡᠭᠦᠯᠵᠦ᠂ ᠲᠠᠷᠢᠶᠠᠨ ᠭᠠᠵᠠᠷ ᠲᠤ ᠭᠦᠨᠵᠡᠭᠡᠶᠢᠷᠡᠭᠦᠯᠵᠦ᠂ ᠠᠶᠢᠯ ᠲᠣᠰᠬᠤᠨ ᠳᠤ ᠬᠦᠷᠴᠦ ᠪᠣᠯᠪᠠᠰᠤᠷᠠᠯ ᠥᠷᠨᠢᠭᠦᠯᠵᠦ᠂ ᠮᠠᠯᠴᠢᠨ ᠲᠠᠷᠢᠶᠠᠴᠢᠨ ᠤ ᠬᠡᠪ ᠴᠢᠨᠠᠷ ᠢ ᠳᠡᠭᠡᠭᠰᠢᠯᠡᠭᠦᠯᠵᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠴᠢᠳᠠᠪᠤᠷᠢ ᠶᠢ ᠨᠡᠮᠡᠭᠳᠡᠭᠦᠯᠦᠨ᠎ᠡ  ᠭᠡᠪᠡ᠃                                       ᠨᠠᠶᠢᠷᠠᠭᠤᠯᠤᠭᠴᠢ᠄   ᠶᠠᠩ  ᠿᠦᠢ ᠵᠧᠨ                                       ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2