ᠲᠠᠭ᠎ᠠ ᠶᠢᠨ ᠨᠠᠭᠤᠷ ᠪᠠᠯᠭᠠᠰᠤ᠄ ᠦᠷᠭᠦᠯᠵᠢᠯᠡᠨ ᠮᠣᠳᠣ ᠳᠠᠷᠢᠵᠤ ᠣᠶᠢᠵᠢᠭᠤᠯᠬᠤ ᠳᠤ ᠪᠣᠬᠢᠷᠲᠤᠯ ᠥᠬᠡᠶ ᠠᠮᠢ ᠠᠬᠤᠶ ᠶᠢᠨ ᠬᠠᠯᠬᠠᠪᠴᠢ ᠶᠢ ᠵᠢᠷᠤᠭᠯᠠᠨ᠎ᠠ
ᠨᠡᠶᠢᠲᠡᠯᠡᠭᠰᠡᠨ ᠴᠠᠭ᠄
2023/6/12
  ᠤᠢᠢᠷ᠎ᠠ ᠶᠢᠨ ᠵᠢᠯ ᠠᠴᠠ᠂ ᠯᠢᠶᠠᠩᠴᠧᠩ  ᠰᠢᠶᠠᠨ ᠤ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠤᠢᠢᠯᠠᠭᠠᠭᠳᠠᠬᠤᠨ ᠢ ᠢᠳᠡᠪᠬᠢᠲᠡᠢ ᠦᠢᠯᠡᠳᠦᠯᠭᠡᠵᠢᠭᠦᠯᠵᠦ᠂ ︽ᠬᠠᠮᠠᠭᠠᠯᠠᠬᠤ︾ ᠪᠠ ︽ᠬᠥᠭᠵᠢᠭᠦᠯᠬᠦ︾ ᠶᠢ ᠣᠷᠭᠠᠨᠢᠭ ᠢᠶᠠᠷ ᠤᠶᠠᠯᠳᠤᠭᠤᠯᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠵᠤ᠂ ᠣᠶᠢᠵᠢᠭᠤᠯᠵᠤ ᠨᠣᠭᠤᠭᠠᠷᠠᠭᠤᠯᠬᠤ ᠠᠵᠢᠯ ᠢ ᠦᠷᠭᠦᠯᠵᠢᠯᠡᠨ ᠥᠷᠨᠢᠭᠦᠯᠵᠦ᠂ ᠡᠬᠡ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠰᠠᠶᠢᠲᠤᠷ ᠰᠠᠬᠢᠪᠠ᠃ ᠲᠠᠭ᠎ᠠ ᠶᠢᠨ ᠨᠠᠭᠤᠷ ᠪᠠᠯᠭᠠᠰᠤᠨ ᠤ ᠰᠢ ᠶᠢᠩ ᠲᠣᠰᠬᠤᠨ ᠳᠤ᠂ ᠳᠡᠭᠡᠷ᠎ᠡ ᠵᠠᠭᠤᠨ ᠤ ᠵᠢᠷᠠᠭᠠᠳ ᠣᠨ ᠠᠴᠠ ᠡᠬᠢᠯᠡᠨ᠂ ᠲᠣᠰᠬᠤᠨ ᠤ ᠨᠠᠮ ᠤᠨ ᠡᠭᠦᠷ ᠠᠴᠠ ᠪᠦᠬᠦ ᠲᠣᠰᠬᠤᠨ ᠤ ᠡᠷᠡᠭᠲᠡᠢ ᠡᠮᠡᠭᠲᠡᠢ ᠬᠥᠭᠰᠢᠨ ᠵᠠᠯᠠᠭᠤ ᠶᠢ ᠵᠣᠬᠢᠶᠠᠨ ᠪᠠᠶᠢᠭᠤᠯᠤᠨ ᠠᠭᠤᠯᠠᠨ ᠳᠤ ᠭᠠᠷᠴᠤ ᠮᠣᠳᠣ ᠲᠠᠷᠢᠵᠤ ᠣᠶᠢᠵᠢᠭᠤᠯᠤᠨ᠂ ᠵᠢᠯ ᠳᠠᠷᠠᠭᠠᠯᠠᠨ ᠠᠵᠢᠯᠯᠠᠵᠤ᠂ ᠦᠶ᠎ᠡ ᠶᠢᠨ ᠦᠶ᠎ᠡ ᠪᠠᠷ ᠠᠵᠢᠯᠯᠠᠵᠤ᠂ ︽ᠪᠦᠬᠦ ᠤᠯᠤᠰ ᠤᠨ ᠤᠢ ᠰᠢᠭᠤᠢ︾ ᠶᠢᠨ ᠲᠡᠷᠢᠭᠦᠨ ᠤ ᠨᠡᠶᠢᠲᠡᠯᠢᠭ  ᠵᠢᠱᠢᠶ᠎ᠡ ᠪᠠᠷ ᠦᠨᠡᠯᠡᠭᠳᠡᠪᠡ᠃ ᠬᠡᠳᠦᠨ ᠦᠶ᠎ᠡ ᠶᠢᠨ ᠬᠥᠮᠦᠰ ᠤᠨ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠪᠠᠷ᠂ ᠲᠠᠭ᠎ᠠ ᠶᠢᠨ ᠨᠠᠭᠤᠷ ᠪᠠᠯᠭᠠᠰᠤᠨ ᠤ ᠰᠢ ᠶᠢᠩ ᠲᠣᠰᠬᠤᠨ ᠤ ᠠᠷᠤ ᠲᠠᠯ᠎ᠠ ᠶᠢᠨ ᠠᠭᠤᠯᠠ ᠬᠥᠬᠡᠷᠡᠨ ᠨᠣᠭᠤᠭᠠᠷᠠᠵᠤ᠂ ᠨᠠᠷᠠᠰᠤᠨ ᠤ ᠤᠢ ᠬᠥᠬᠡᠷᠡᠨ ᠨᠣᠭᠤᠭᠠᠷᠠᠵᠤ᠂ ᠪᠣᠬᠢᠷᠲᠤᠯ ᠦᠭᠡᠢ ᠠᠮᠢ ᠠᠬᠤᠢ ᠶᠢᠨ ᠦᠵᠡᠰᠬᠦᠯᠡᠩᠲᠦ ᠰᠠᠶᠢᠬᠠᠨ ᠵᠢᠷᠤᠭ ᠢ ᠵᠢᠷᠤᠭᠯᠠᠵᠠᠢ᠃
        ᠵᠤᠨ ᠤ ᠡᠬᠢ ᠪᠠᠷ᠂ ᠰᠤᠷᠪᠤᠯᠵᠢᠯᠠᠭᠴᠢ ᠤᠢ ᠬᠠᠮᠠᠭᠠᠯᠠᠭᠴᠢ ᠶᠢᠨ ᠳᠠᠭᠠᠤ ᠳᠤ ᠲᠠᠭ᠎ᠠ ᠶᠢᠨ ᠨᠠᠭᠤᠷ ᠪᠠᠯᠭᠠᠰᠤᠨ ᠤ ᠰᠢ ᠶᠢᠩ ᠲᠣᠰᠬᠤᠨ ᠤ ᠨᠠᠷᠠᠰᠤᠨ ᠤᠢ ᠰᠢᠭᠤᠢ ᠳᠤ ᠬᠦᠷᠬᠦ ᠳᠤ᠂ ᠬᠥᠬᠡᠮᠳᠦᠭ ᠨᠣᠭᠤᠭᠠᠨ ᠨᠠᠷᠠᠰᠤ ᠢᠭᠴᠤ ᠰᠠᠬᠤᠯᠢᠭ ᠤᠢ ᠰᠢᠭᠤᠢ ᠶᠢ ᠪᠦᠷᠢᠯᠳᠦᠭᠦᠯᠪᠡ᠃ ᠨᠡᠯᠦᠭᠡᠷ ᠶᠡᠭᠡ ᠤᠢ ᠰᠢᠭᠤᠢ ᠳᠤ ᠪᠠᠶᠢᠬᠤ ᠳᠤ᠂ 60 ᠭᠠᠷᠤᠢ ᠵᠢᠯ ᠤᠨ ᠡᠮᠦᠨᠡᠬᠢ ᠠᠳᠡᠬᠢ ᠨᠢ ᠠᠭᠯᠠᠭ ᠠᠭᠤᠯᠠ ᠬᠤᠵᠢᠭᠢᠷ ᠳᠠᠪᠠᠭ᠎ᠠ ᠪᠠᠶᠢᠭᠰᠠᠨ ᠢ ᠲᠥᠰᠦᠭᠡᠯᠡᠬᠦᠶ᠎ᠡ ᠪᠡᠷᠬᠡ ᠶᠤᠮ᠃ ᠰᠢ ᠶᠢᠩ ᠲᠣᠰᠬᠤᠨ ᠤ ᠨᠠᠮ ᠤᠨ ᠡᠭᠦᠷ ᠤᠨ ᠳᠡᠳ᠋ ᠱᠦᠵᠢ ᠸᠠᠩ ᠸᠧᠨ ᠰᠢ ᠡᠷᠭᠢᠴᠡᠭᠦᠯᠬᠦ ᠳᠡᠭᠡᠨ᠄ ︽ᠲᠤᠬᠠᠢ ᠶᠢᠨ ᠦᠶ᠎ᠡ ᠳᠤ᠂ ᠰᠢ ᠶᠢᠩ ᠲᠣᠰᠬᠤᠨ ᠤ ᠪᠦᠬᠦ᠋ᠢᠯᠡ ᠠᠭᠤᠯᠠᠨ ᠤᠷᠤᠢ ᠳᠤ ᠪᠦᠷ ᠠᠭᠯᠠᠭ ᠠᠭᠤᠯᠠ ᠬᠤᠵᠢᠭᠢᠷ ᠳᠠᠪᠠᠭ᠎ᠠ ᠪᠠᠶᠢᠭᠰᠠᠨ ᠪᠣᠯᠬᠤᠷ᠂ ᠨᠠᠮ ᠤᠨ ᠡᠭᠦᠷ ᠠᠴᠠ ᠡᠨᠡᠬᠦ ᠪᠠᠶᠢᠳᠠᠯ ᠢ ᠬᠤᠪᠢᠷᠠᠭᠤᠯᠬᠤ ᠪᠠᠷ ᠵᠣᠷᠢᠭ ᠰᠢᠭᠤᠳᠴᠤ᠂ ᠤᠯᠢᠶᠠᠰᠤᠨ ᠮᠣᠳᠣ ᠲᠠᠷᠢᠬᠤ ᠪᠠᠷ ᠪᠣᠯᠪᠠ᠂ ᠭᠡᠪᠡᠴᠦ ᠤᠯᠢᠶᠠᠰᠤᠨ ᠮᠣᠳᠣᠨ ᠤ ᠨᠥᠬᠦᠴᠡᠯ ᠠᠨᠠᠢ ᠤᠴᠢᠷ ᠠᠴᠠ ᠤᠷᠭᠤᠴᠠ ᠨᠢ ᠤᠳᠠᠭᠠᠨ᠂ ᠣᠶᠢᠵᠢᠭᠤᠯᠤᠯᠲᠠ ᠨᠢ ᠤᠢ ᠮᠣᠳᠣ ᠪᠤᠯᠵᠤ ᠳᠡᠶᠢᠯᠬᠦ ᠦᠭᠡᠢ ᠪᠣᠯᠵᠠᠢ᠂ 1958 ᠣᠨ ᠠᠴᠠ ᠡᠬᠢᠯᠡᠨ ᠨᠠᠷᠠᠰᠤ ᠶᠢ ᠠᠭᠤᠯᠠᠨ ᠳᠤ ᠭᠠᠷᠭᠠᠵᠤ᠂ ᠬᠠᠷᠢᠴᠠᠭᠤᠯᠬᠤ ᠪᠠᠷ ᠳᠠᠮᠵᠢᠨ᠂ ᠨᠠᠷᠠᠰᠤᠨ ᠤ ᠠᠮᠢᠵᠢᠷᠠᠯ ᠤᠨ ᠬᠦᠴᠦᠨ ᠢᠶᠠᠷ ᠴᠢᠩᠭ᠎ᠠ᠂ ᠤᠷᠭᠤᠴᠠ ᠨᠢ ᠰᠠᠶᠢᠨ ᠪᠥᠭᠡᠳ ᠲᠦᠷᠪᠡᠨ ᠤᠯᠠᠷᠢᠯ ᠳᠤ ᠮᠥᠩᠬᠡ ᠨᠣᠭᠤᠭᠠᠷᠠᠳᠠᠭ ᠪᠣᠯᠬᠤᠷ᠂ ᠶᠡᠭᠡ ᠲᠠᠯᠠᠪᠠᠢ ᠪᠠᠷ ᠠᠭᠤᠯᠠᠨ ᠳᠤ ᠭᠠᠷᠴᠤ ᠨᠠᠷᠠᠰᠤ ᠶᠢ ᠲᠠᠷᠢᠵᠦ ᠡᠬᠢᠯᠡᠵᠡᠢ︾᠃
   ᠡᠨᠡ ᠮᠡᠲᠦ ᠪᠠᠷ ᠦᠶ᠎ᠡ ᠦᠶ᠎ᠡ ᠶᠢᠨ ᠣᠶᠢᠵᠢᠭᠤᠯᠤᠭᠴᠢᠳ᠂ ᠤᠢ ᠰᠢᠭᠤᠶ ᠶᠢ ᠬᠠᠮᠠᠭᠠᠯᠠᠭᠴᠢᠳ ᠡᠨᠡ ᠬᠦ ᠨᠤᠲᠤᠭ ᠳᠡᠪᠢᠰᠬᠡᠷ ᠳᠡᠭᠡᠷ᠎ᠡ ᠵᠠᠯᠠᠭᠤ ᠨᠠᠰᠤ ᠪᠠᠨ ᠰᠠᠴᠤᠭᠰᠠᠨ ᠪᠠᠶᠢᠨ᠎ᠠ᠃ ᠡᠨᠡ ᠮᠡᠲᠦ ᠪᠠᠷ ᠦᠶ᠎ᠡ ᠦᠶ᠎ᠡ ᠶᠢᠨ ᠣᠶᠢᠵᠢᠭᠤᠯᠤᠭᠴᠢᠳ᠂ ᠤᠢ ᠰᠢᠭᠤᠶ ᠶᠢ ᠬᠠᠮᠠᠭᠠᠯᠠᠭᠴᠢᠳ ᠡᠨᠡ ᠬᠦ ᠨᠤᠲᠤᠭ ᠳᠡᠪᠢᠰᠬᠡᠷ ᠳᠡᠭᠡᠷ᠎ᠡ ᠵᠠᠯᠠᠭᠤ ᠨᠠᠰᠤ ᠪᠠᠨ ᠰᠠᠴᠤᠵᠠᠶ᠃ ᠲᠤᠬᠠᠶ ᠶᠢᠨ ᠦᠶ᠎ᠡ ᠳᠤ ᠨᠥᠬᠦᠴᠡᠯ ᠨᠢ ᠨᠡᠯᠢᠶᠡᠳ ᠬᠤᠴᠣᠷᠤᠩᠭᠤᠶ᠂ ᠵᠠᠮ ᠨᠢ ᠴᠥᠮ ᠰᠢᠷᠣᠶ ᠶᠢᠨ ᠵᠠᠮ ᠪᠠᠶᠢᠭᠰᠠᠨ ᠪᠣᠯᠬᠤᠷ ᠮᠧᠬᠠᠨᠢᠭ ᠦᠭᠡᠢ᠂ ᠮᠣᠳᠣ ᠲᠠᠷᠢᠬᠤ ᠳᠤ ᠴᠥᠮ ᠬᠥᠮᠦᠨ ᠤ ᠬᠦᠴᠦ ᠪᠠᠷ ᠮᠣᠳᠣ ᠲᠠᠷᠢᠳᠠᠭ ᠪᠠᠶᠢᠵᠠᠶ᠃ ᠺᠦᠢ ᠵᠠᠨ ᠶᠤᠸᠠᠨ ᠪᠣᠯ ᠰᠢ ᠶᠢᠩ ᠤᠢ ᠰᠢᠭᠤᠢ ᠶᠢᠨ ᠲᠠᠯᠠᠪᠠᠢ ᠶᠢᠨ ᠳᠠᠷᠤᠭ᠎ᠠ ᠪᠣᠯᠤᠨ᠎ᠠ᠂ ᠲᠡᠷᠡ ᠬᠠᠮᠤᠭ ᠤᠨ ᠲᠦᠷᠦᠭᠦᠨ ᠳᠤ ᠳᠠᠮᠨᠠᠭᠤᠷ ᠢ ᠡᠭᠦᠷᠭᠡᠯᠡᠵᠦ᠂ ᠵᠤᠯᠵᠠᠭ᠎ᠠ ᠮᠣᠳᠣ ᠶᠢ ᠠᠭᠤᠯᠠᠨ ᠳᠤ ᠳᠠᠮᠨᠠᠨ ᠭᠠᠷᠭᠠᠵᠤ ᠬᠥᠮᠦᠨ ᠤ ᠬᠦᠴᠦ ᠪᠠᠷ ᠲᠠᠷᠢᠵᠦ᠂ ᠪᠠᠰᠠ ᠲᠤᠰᠬᠠᠢ ᠮᠡᠷᠭᠡᠵᠢᠯ ᠤᠨ ᠠᠩᠬᠢ ᠶᠢ ᠵᠣᠬᠢᠶᠠᠨ ᠪᠠᠶᠢᠭᠤᠯᠵᠤ ᠣᠶᠢᠵᠢᠭᠤᠯᠪᠠ ᠂ ᠲᠡᠭᠦᠨ ᠤ ᠲᠡᠰᠪᠦᠷᠢ ᠬᠠᠲᠠᠭᠤᠵᠢᠯᠲᠠᠢ ᠲᠡᠮᠡᠴᠡᠬᠦ ᠵᠣᠷᠢᠭ ᠰᠠᠨᠠᠭ᠎ᠠ ᠨᠢ ᠤᠯᠠᠨ ᠲᠦᠮᠡᠨ ᠢ ᠨᠥᠯᠥᠭᠡᠯᠡᠵᠦ᠂ ᠤᠯᠠᠨ ᠲᠦᠮᠡᠨ ᠰᠠᠶᠢᠨ ᠳᠤᠷ᠎ᠠ ᠠᠴᠠ ᠪᠠᠨ ᠠᠭᠤᠯᠠᠨ ᠳᠤ ᠭᠠᠷᠴᠤ ᠮᠣᠳᠣ ᠲᠠᠷᠢᠵᠤ ᠡᠬᠢᠯᠡᠭᠰᠡᠨ ᠪᠠᠶᠢᠨ᠎ᠠ᠃ 1963 ᠣᠨ ᠳᠤ᠂ ᠺᠦᠢ ᠵᠠᠨ ᠶᠤᠸᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠢ ᠰᠢᠭᠤᠢ ᠶᠢᠨ ᠬᠥᠳᠡᠯᠮᠦᠷᠢ ᠶᠢᠨ ᠵᠢᠱᠢᠶᠡᠴᠢ︾ ᠪᠠ ︽ᠪᠦᠬᠦ ᠤᠯᠤᠰ ᠤᠨ ᠤᠢ ᠰᠢᠭᠤᠢ ᠶᠢᠨ ᠬᠥᠳᠡᠯᠮᠦᠷᠢ ᠶᠢᠨ ᠵᠢᠱᠢᠶᠡᠴᠢ︾ ᠪᠠᠷ ᠦᠨᠡᠯᠡᠭᠳᠡᠵᠦ᠂ ᠲᠤᠬᠠᠢ ᠶᠢᠨ ᠦᠶ᠎ᠡ ᠳᠤ ᠲᠡᠷᠡ ᠤᠯᠠᠨ ᠲᠦᠮᠡᠨ ᠢ ᠳᠠᠭᠠᠭᠤᠯᠤᠨ 1.5 ᠲᠦᠮᠡᠨ ᠮᠦ ᠳᠤ ᠤᠢ ᠮᠣᠳᠣ ᠲᠠᠷᠢᠵᠤ᠂ 22 ᠠᠭᠯᠠᠭ ᠠᠭᠤᠯᠠ᠂ ᠬᠡᠳᠦᠨ ᠠᠷᠪᠠᠨ ᠭᠤᠣ ᠳᠤ ᠨᠣᠭᠤᠭᠠᠨ ᠬᠤᠪᠴᠠᠰᠤ ᠡᠮᠦᠰᠬᠡᠵᠡᠢ᠃ ᠰᠢ ᠶᠢᠩ ᠲᠣᠰᠬᠤᠨ ᠤ ᠨᠠᠮ ᠤᠨ ᠡᠭᠦᠷ ᠤᠨ ᠳᠡᠳ᠋ ᠱᠦᠵᠢ ᠸᠠᠩ ᠸᠧᠨ ᠰᠢ᠄ ︽ᠮᠠᠨ ᠤ ᠬᠤᠶᠢᠴᠢ ᠦᠶ᠎ᠡ ᠶᠢᠨ ᠬᠥᠮᠦᠰ ᠺᠦᠢ ᠵᠠᠨ ᠶᠤᠸᠠᠨ ᠠᠴᠠ ᠲᠡᠭᠦᠨ ᠤ ᠲᠡᠷᠡ ᠬᠦ ᠰᠢᠨᠲᠠᠷᠠᠰᠢ ᠦᠭᠡᠢ᠂ ᠰᠢᠨᠲᠠᠷᠠᠰᠢ ᠦᠭᠡᠢ ᠬᠠᠳᠠᠨ ᠵᠣᠷᠢᠭ ᠢ ᠰᠤᠷᠤᠯᠴᠠᠵᠤ᠂ ᠡᠨᠡᠬᠦ ᠵᠣᠷᠢᠭ ᠰᠠᠨᠠᠭ᠎ᠠ ᠶᠢ ᠦᠶ᠎ᠡ ᠶᠢᠨ ᠦᠶ᠎ᠡ ᠳᠡᠭᠡᠨ ᠤᠯᠠᠮᠵᠢᠯᠠᠨ ᠵᠠᠯᠭᠠᠮᠵᠢᠯᠠᠪᠠᠯ ᠵᠣᠬᠢᠨ᠎ᠠ︾ ᠭᠡᠵᠦ ᠬᠡᠯᠡᠪᠡ᠃
      ᠣᠳᠣᠬᠠᠨ ᠳᠤ᠂ ᠰᠢ ᠶᠢᠩ ᠲᠣᠰᠬᠤᠨ ᠤ ᠤᠷᠭᠤᠮᠠᠯ ᠤᠨ ᠬᠤᠴᠢᠯᠭ᠎ᠠ ᠡᠯᠪᠡᠭᠵᠢᠵᠦ᠂ ᠬᠠᠮᠢᠶᠠᠷᠴᠤ ᠬᠠᠮᠠᠭᠠᠯᠠᠬᠤ ᠡᠭᠦᠷᠭᠡ ᠨᠡᠩ ᠬᠦᠨᠳᠦ ᠪᠣᠯᠵᠠᠢ᠃ ᠠᠬᠠᠮᠠᠳ ᠨᠢᠭᠡ ᠦᠶ᠎ᠡ ᠶᠢᠨ ᠣᠶᠢᠵᠢᠭᠤᠯᠵᠤ ᠤᠢ ᠰᠢᠭᠤᠢ ᠶᠢ ᠬᠠᠮᠠᠭᠠᠯᠠᠭᠴᠢ ᠠᠴᠠ ᠰᠢᠨ᠎ᠡ ᠨᠢᠭᠡ ᠦᠶ᠎ᠡ ᠶᠢᠨ ᠤᠢ ᠰᠢᠭᠤᠢ ᠶᠢ ᠬᠠᠮᠠᠭᠠᠯᠠᠭᠴᠢᠳ ᠬᠦᠷᠲᠡᠯ᠎ᠡ᠂ 60 ᠵᠢᠯ ᠤᠨ ᠬᠤᠭᠤᠴᠠᠭᠠᠨ ᠳᠤ᠂ ᠳᠡᠳᠡ ᠠᠳᠠᠯᠢᠬᠠᠨ ᠠᠭᠤᠯᠠᠨ ᠵᠠᠮ ᠢᠶᠠᠷ ᠶᠠᠪᠤᠵᠤ᠂ ᠠᠳᠠᠯᠢᠬᠠᠨ ᠨᠠᠷᠠᠰᠤᠨ ᠤᠢ ᠶᠢ ᠬᠠᠮᠠᠭᠠᠯᠠᠵᠤ ᠂ ᠬᠡᠳᠦᠨ ᠠᠷᠪᠠᠨ ᠵᠢᠯ ᠢ ᠨᠢᠭᠡ ᠯᠡ ᠡᠳᠦᠷ ᠮᠡᠲᠦ ᠪᠠᠷ ᠣᠶᠢᠵᠢᠭᠤᠯᠵᠤ ᠤᠢ ᠰᠢᠭᠤᠢ ᠶᠢ ᠬᠠᠮᠠᠭᠠᠯᠠᠬᠤ ᠡᠮᠦᠨ᠎ᠡ ᠹᠷᠣᠨᠲ ᠢ ᠪᠠᠲᠤ ᠰᠠᠬᠢᠵᠤ᠂ ᠪᠣᠬᠢᠷᠲᠤᠯ ᠦᠭᠡᠢ ᠠᠮᠢ ᠠᠬᠤᠢ ᠶᠢᠨ ᠬᠠᠯᠬᠠᠪᠴᠢ ᠶᠢ ᠴᠣᠭᠴᠠᠯᠠᠵᠠᠢ᠃
      ᠣᠳᠣᠬᠠᠨ ᠳᠤ᠂  ᠲᠠᠭ᠎ᠠ ᠶᠢᠨ ᠨᠠᠭᠤᠷ ᠪᠠᠯᠭᠠᠰᠤᠨ ᠳᠤ ᠣᠲᠣ 7.22 ᠲᠦᠮᠡᠨ ᠮᠥ ᠣᠶᠢᠲᠤ ᠭᠠᠵᠠᠷ᠂ 8.1 ᠲᠦᠮᠡᠨ ᠮᠥ ᠡᠪᠡᠰᠦᠲᠦ ᠭᠠᠵᠠᠷ ᠪᠠᠶᠢᠵᠤ᠂ ᠪᠥᠬᠦ ᠪᠠᠯᠭᠠᠰᠤᠨ ᠤ ᠣᠶ ᠰᠢᠭᠤᠶ ᠶᠢᠨ ᠪᠦᠷᠬᠦᠴᠡ ᠶᠢᠨ ᠨᠣᠷᠮ᠎ᠠ ᠨᠢ 45% ᠳᠤ ᠬᠦᠷᠴᠡᠶ᠃ᠲᠠᠭ᠎ᠠ ᠶᠢᠨ ᠨᠠᠭᠤᠷ ᠪᠠᠯᠭᠠᠰᠤ ᠶᠢᠨ ᠳᠡᠳ᠋ ᠳᠠᠷᠤᠭ᠎ᠠ ᠸᠠᠩ ᠫᠧᠩ᠄ ︽ᠳᠠᠷᠠᠭᠠᠴᠢ ᠶᠢᠨ ᠠᠯᠬᠤᠮ ᠳᠤ᠂ ᠲᠠᠭ᠎ᠠ ᠶᠢᠨ ᠨᠠᠭᠤᠷ ᠪᠠᠯᠭᠠᠰᠤ ᠶᠢᠨ ᠬᠢᠨ ᠠᠮᠢ ᠠᠬᠤᠢ ᠶᠢᠨ ᠬᠠᠮᠠᠭᠠᠯᠠᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠤᠢ ᠰᠢᠭᠤᠢ ᠡᠪᠡᠰᠦ ᠪᠡᠯᠴᠢᠭᠡᠷ ᠤᠨ ᠳᠠᠷᠤᠭ᠎ᠠ ᠶᠢᠨ ᠳᠦᠷᠢᠮ ᠤᠨ ᠳᠠᠭᠠᠭᠤᠯᠬᠤ ᠦᠢᠯᠡᠳᠦᠯ ᠪᠣᠯᠤᠨ ᠤᠢ ᠰᠢᠭᠤᠢ ᠶᠢᠨ ᠬᠠᠮᠠᠭᠠᠯᠠᠭᠴᠢ ᠶᠢᠨ ᠰᠠᠭᠤᠷᠢ ᠲᠤᠯᠭᠠᠭᠤᠷᠢᠯᠠᠯ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠮᠢ ᠠᠬᠤᠢ ᠶᠢᠨ ᠬᠠᠯᠬᠠᠪᠴᠢ ᠶᠢ ᠡᠪᠳᠡᠯᠡᠭᠡ ᠳᠤ ᠤᠴᠠᠷᠠᠭᠤᠯᠬᠤ ᠦᠭᠡᠢ ᠪᠠᠶᠢᠬᠤ ᠶᠢ ᠪᠦᠬᠦ ᠬᠦᠴᠦᠨ ᠢᠶᠠᠷ ᠢᠶᠠᠨ ᠬᠠᠮᠠᠭᠠᠯᠠᠵᠤ᠂ ᠲᠠᠭ᠎ᠠ ᠶᠢᠨ  ᠨᠠᠭᠤᠷ  ᠪᠤᠯᠬᠤ ᠡᠬᠡ ᠨᠠᠭᠤᠷ ᠢ ᠬᠠᠮᠠᠭᠠᠯᠠᠬᠤ ᠳᠤ ᠬᠤᠪᠢ ᠨᠡᠮᠡᠷᠢ ᠦᠵᠡᠭᠦᠯᠦᠨ᠎ᠡ︾ ᠭᠡᠵᠦ ᠬᠡᠯᠡᠪᠡ᠃                                 ᠨᠠᠶᠢᠷᠠᠭᠤᠯᠤᠭᠴᠢ᠄   ᠶᠠᠩ  ᠿᠦᠢ ᠵᠧᠨ                                 ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2